ᠮᠠᠨ᠎ᠤ ᠣᠷᠣᠨ᠎ᠤ 《ᠮᠥᠩᠬᠡ ᠰᠤᠪᠠᠭ》 ᠰᠢᠯᠵᠢᠮᠡᠯ ᠦᠵᠦᠭᠦᠷ᠎ᠨᠢ ᠪᠠᠷᠠᠭᠤᠨ ᠬᠡᠰᠡᠭ᠎ᠤᠨ ᠮᠤᠵᠢᠨᠤᠭᠤᠳᠤᠨ ᠨᠢᠭᠡᠳᠦᠭᠡᠷ᠎ᠲᠤ ᠵᠢᠭᠰᠠᠭ᠋ᠠᠭᠳᠠᠪᠠ
ᠨᠡᠶ᠋ᠢᠲᠡᠯᠡᠭᠰᠡᠨ ᠴᠠᠭ᠄ 2024-11-26
ᠮᠠᠨ᠎ᠤ ᠣᠷᠣᠨ᠎ᠤ 《ᠮᠥᠩᠬᠡ ᠰᠤᠪᠠᠭ》 ᠰᠢᠯᠵᠢᠮᠡᠯ ᠦᠵᠦᠭᠦᠷ᠎ᠨᠢ ᠪᠠᠷᠠᠭᠤᠨ ᠬᠡᠰᠡᠭ᠎ᠤᠨ ᠮᠤᠵᠢᠨᠤᠭᠤᠳᠤᠨ ᠨᠢᠭᠡᠳᠦᠭᠡᠷ᠎ᠲᠤ ᠵᠢᠭᠰᠠᠭ᠋ᠠᠭᠳᠠᠪᠠ᠃ ᠣᠶ᠋ᠢᠷ᠎ᠠ᠎ᠳᠤ᠂ ᠹᠦᠳᠠᠨ ᠶᠡᠭᠡ ᠰᠤᠷᠭ᠋ᠠᠭᠤᠯᠢ ᠵᠧᠵᠢᠶᠠᠩ ᠶᠡᠭᠡ ᠰᠤᠷᠭ᠋ᠠᠭᠤᠯᠢ ᠵᠡᠷᠭᠡ ᠤᠯᠤᠰ᠎ᠤᠨ ᠳᠣᠲᠣᠭ᠋ᠠᠳᠤ ᠵᠢᠨ 13 ᠨᠠᠷᠠᠲᠤ ᠶᠡᠭᠡ ᠳᠡᠭᠡᠳᠦ ᠰᠤᠷᠭ᠋ᠠᠭᠤᠯᠢ ᠬᠠᠮᠲᠤᠷᠠᠨ ᠨᠠᠶ᠋ᠢᠷᠠᠭᠤᠯᠵᠤ ᠵᠣᠬᠢᠶᠠᠭᠰᠠᠨ 《ᠳᠤᠮᠳᠠᠳᠤ ᠤᠯᠤᠰ᠎ᠤᠨ ᠮᠤᠵᠢ ᠵᠢᠨ ᠲᠠᠰ᠎ᠤᠨ ᠰᠢᠯᠵᠢᠮᠡᠯ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠮᠡᠳᠡᠭᠦᠯᠦᠯᠲᠡ》 ᠵᠢ ᠨᠡᠶ᠋ᠢᠲᠡᠯᠡᠵᠦ᠂ ᠮᠠᠨ᠎ᠤ ᠣᠷᠣᠨ᠎ᠤ 《ᠮᠦᠩᠭᠡ ᠰᠤᠪᠠᠭ》 ᠰᠢᠯᠵᠢᠮᠡᠯ ᠦᠵᠦᠭᠦᠷ᠎ᠨᠢ ᠪᠠᠷᠠᠭᠤᠨ ᠬᠡᠰᠡᠭ᠎ᠤᠨ ᠮᠤᠵᠢᠨᠤᠭᠤᠳᠤᠨ ᠶᠡᠷᠦᠩᠬᠡᠶ᠋ᠢᠯᠡᠭᠰᠡᠨ ᠨᠡᠷᠡᠰ᠎ᠤᠨ ᠵᠢᠭᠰᠠᠭ᠋ᠠᠯᠲᠠ᠎ᠳᠤ ᠨᠢᠭᠡᠳᠦᠭᠡᠷ᠎ᠲᠤ ᠵᠢᠭᠰᠠᠭ᠋ᠠᠭᠳᠠᠭᠰᠠᠨ ᠪᠥᠭᠡᠳ 《ᠪᠠᠷᠠᠭᠤᠨ ᠬᠡᠰᠡᠭ᠎ᠤᠨ ᠠᠯᠠᠭ᠋ᠠᠨ ᠳᠡᠭᠡᠷᠡᠬᠢ ᠭᠡᠷᠡᠯᠲᠦ ᠰᠤᠪᠤᠳ》 ᠪᠠ 《ᠠᠯᠠᠭ᠋ᠠᠨ ᠳᠡᠭᠡᠷᠡᠬᠢ ᠴᠢᠳᠠᠮᠠᠭ᠋ᠠᠢ ᠭᠦᠢ᠍ᠴᠡᠳᠭᠡᠭᠴᠢ》 ᠱᠠᠩᠨᠠᠯ᠎ᠢ ᠭᠥᠷᠳᠡᠪᠡ᠃ 2023 ᠣᠨ᠎ᠲᠠᠢ ᠬᠠᠷᠢᠴᠠᠭᠤᠯᠪᠠᠯ᠂ 《ᠮᠥᠩᠬᠡ ᠰᠤᠪᠠᠭ》 ᠰᠢᠯᠵᠢᠮᠡᠯ ᠦᠵᠦᠭᠦᠷ᠎ᠨᠢ 《B ᠲᠥᠷᠥᠯ》 ᠠᠴᠠ ᠳᠠᠪᠰᠢᠭ᠋ᠠᠳ 《A ᠲᠥᠷᠥᠯ》 ᠪᠣᠯᠵᠤ᠂ 《ᠠᠯᠠᠭ᠋ᠠᠨ ᠳᠡᠭᠡᠷ᠎ᠡ ᠰᠠᠶ᠋ᠢᠲᠤᠷ ᠭᠦᠢ᠍ᠴᠡᠳᠬᠡᠬᠦ》 ᠶᠡᠷᠦᠩᠬᠡᠶ᠋ᠢᠯᠡᠭᠰᠡᠨ ᠵᠢᠭ᠋ᠠᠯᠲᠠ ᠲᠤᠭ᠎ᠠ᠎ᠨᠢ ᠪᠥᠬᠦ ᠤᠯᠤᠰ᠎ᠤᠨ ᠡᠯ᠎ᠡ ᠮᠤᠵᠢ ᠵᠢᠨ ᠨᠡᠷᠡᠰ᠎ᠤᠨ ᠵᠢᠭᠰᠠᠭ᠋ᠠᠯᠲᠠ᠎ᠳᠤ 15 ᠳ᠋ᠤᠭ᠋ᠠᠷ ᠪᠠᠶ᠋ᠢᠷᠢ᠎ᠠᠴᠠ ᠳᠠᠪᠰᠢᠭ᠋ᠠᠳ 9 ᠳ᠋ᠦ᠍ᠭᠡᠷ ᠪᠠᠶ᠋ᠢᠷᠢ᠎ᠳᠤ ᠤᠷᠤᠵᠦ᠂ ᠪᠠᠷᠠᠭᠤᠨ ᠬᠡᠰᠡᠭ᠎ᠤᠨ ᠮᠤᠵᠢ ᠵᠢᠨ ᠨᠡᠷᠡᠰ᠎ᠤᠨ ᠵᠢᠭᠰᠠᠭ᠋ᠠᠯᠲᠠ᠎ᠳᠤ 3 ᠳ᠋ᠤᠭ᠋ᠠᠷ ᠨᠡᠷᠡᠰ᠎ᠠᠴᠠ ᠳᠠᠪᠰᠢᠭ᠋ᠠᠳ 1 ᠳ᠋ᠦ᠍ᠭᠡᠷ ᠨᠡᠷᠡᠰ᠎ᠲᠤ ᠵᠢᠭᠰᠠᠭ᠋ᠠᠭᠳᠠᠪᠠ᠃ ᠣᠲᠣ ᠪᠣᠯᠲᠠᠯ᠎ᠠ᠂ 《ᠮᠥᠩᠬᠡ ᠰᠤᠪᠠᠭ》 ᠰᠢᠯᠵᠢᠮᠡᠯ ᠦᠵᠦᠭᠦᠷ᠎ᠲᠤ ᠳᠠᠩᠰᠠᠯᠠᠭᠤᠯᠤᠭᠰᠠᠨ ᠬᠡᠷᠡᠭᠯᠡᠭᠴᠢ ᠨᠡᠶ᠋ᠢᠲᠡ 1855 ᠲᠦᠮᠡ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 18.6%᠎ᠪᠠᠷ ᠨᠡᠮᠡᠭᠳᠡᠨ᠂ ᠪᠥᠬᠦ ᠣᠷᠣᠨ᠎ᠤ ᠪᠠᠶ᠋ᠢᠩᠭᠤ ᠰᠠᠭᠤᠭ᠎ᠠ ᠬᠥᠮᠦᠨ ᠠᠮᠠ ᠵᠢᠨ 76 % ᠵᠢ ᠬᠠᠮᠤᠷᠴᠤ᠂ ᠨᠡᠶ᠋ᠢᠲᠡ 9.6 ᠳ᠋ᠦᠩᠰᠢᠭᠤᠷ ᠤᠳᠠᠭ᠎ᠠ ᠬᠡᠷᠡᠭᠯᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 69%᠎ᠪᠠᠷ ᠨᠡᠮᠡᠭᠳᠡᠪᠡ᠃ (ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠡᠶ᠋ᠢᠲ᠋ᠠ ᠵᠢᠨ ᠬᠠᠮᠢᠶᠠᠷᠤᠯᠲᠠ ᠵᠢᠨ ᠲᠤᠪᠴᠢᠶ᠎ᠠ)
ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ