ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠶ᠋ᠢᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ ᠳ᠋ᠠᠶ᠋ᠢᠲ᠋ᠠ ᠵᠢ ᠰᠢᠭᠤᠳ ᠬᠦᠷᠭᠡᠬᠦ ᠰᠢᠰᠲ᠋ᠧᠮ᠎ᠢ ᠪᠠᠶ᠋ᠢᠭᠤᠯᠵᠤ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢ ᠬᠠᠮᠲᠤ᠎ᠪᠠᠷ ᠬᠦᠷᠲᠡᠬᠦ᠎ᠪᠠᠷ ᠳᠠᠮᠵᠢᠭᠤᠯᠤᠨ 《ᠳ᠋ᠠᠶ᠋ᠢᠲ᠋ᠠ ᠵᠢᠨ ᠥᠨᠥᠴᠢᠷᠡᠬᠦ ᠠᠰᠠᠭᠤᠳᠠᠯ》᠎ᠢ ᠰᠢᠢ᠍ᠳᠪᠦᠷᠢᠯᠡᠵᠦ ᠪᠣᠢ
ᠨᠡᠶ᠋ᠢᠲᠡᠯᠡᠭᠰᠡᠨ ᠴᠠᠭ᠄ 2024-11-25
ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠶ᠋ᠢᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ᠎ᠨᠢ ᠳ᠋ᠠᠶ᠋ᠢᠲ᠋ᠠ ᠵᠢ ᠰᠢᠭᠤᠳ ᠬᠦᠷᠭᠡᠬᠦ ᠰᠢᠰᠲ᠋ᠧᠮ᠎ᠢ ᠪᠠᠶ᠋ᠢᠭᠤᠯᠵᠤ᠂ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢ ᠬᠠᠮᠲᠤ᠎ᠪᠠᠷ ᠬᠦᠷᠲᠡᠬᠦ᠎ᠪᠠᠷ ᠳᠠᠮᠵᠢᠭᠤᠯᠤᠨ 《ᠳ᠋ᠠᠶ᠋ᠢᠲ᠋ᠠ ᠵᠢᠨ ᠥᠨᠥᠴᠢᠷᠡᠬᠦ ᠠᠰᠠᠭᠤᠳᠠᠯ》᠎ᠢ ᠰᠢᠢ᠍ᠳᠪᠦᠷᠢᠯᠡᠵᠦ ᠪᠣᠢ᠃ ᠳ᠋ᠠᠶ᠋ᠢᠲ᠋ᠠ ᠵᠢ ᠰᠢᠭᠤᠳ ᠬᠦᠷᠭᠡᠬᠦ ᠰᠢᠰᠲ᠋ᠧᠮ᠎ᠨᠢ ᠪᠠᠶ᠋ᠢᠭᠤᠯᠤᠯ ᠲᠣᠭᠲᠠᠴᠠ ᠪᠠ ᠮᠡᠷᠭᠡᠵᠢᠯ᠎ᠤᠨ ᠲᠤᠯᠭ᠋ᠠᠭᠤᠷᠢᠯᠠᠯ᠎ᠤᠨ ᠲᠠᠯ᠎ᠠ᠎ᠪᠠᠷ ᠤᠯᠤᠰ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ᠂ ᠰᠢᠶᠠᠨ᠂ ᠰᠢᠶᠠᠩ᠂ ᠲᠣᠰᠬᠤᠨ ᠵᠢᠷᠭᠤᠭ᠋ᠠᠨ ᠱᠠᠲᠤ ᠵᠢ ᠬᠤᠯᠪᠣᠭᠳᠠᠭᠤᠯᠤᠭᠰᠠᠨ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢ ᠬᠠᠮᠲᠤ᠎ᠪᠠᠷ ᠬᠦᠷᠲᠡᠬᠦ ᠲᠣᠭᠲᠠᠯᠴᠠᠭ᠎ᠠ ᠵᠢ ᠪᠦᠷᠢᠯᠳᠦᠭᠦᠯᠵᠦ᠂ ᠮᠠᠨ᠎ᠤ ᠣᠷᠣᠨ᠎ᠤ ᠡᠯ᠎ᠡ ᠱᠠᠲᠤ ᠳᠡᠰ᠎ᠤᠨ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢ ᠤᠯᠤᠰ᠎ᠤᠨ ᠲᠠᠪᠴᠠᠩ᠎ᠯᠤᠭ᠎ᠠ ᠰᠢᠭᠤᠳ ᠬᠤᠯᠪᠣᠬᠤ ᠵᠢ ᠪᠡᠶᠡᠯᠡᠭᠦᠯᠵᠡᠢ᠃ ᠳ᠋ᠠᠶ᠋ᠢᠲ᠋ᠠ ᠵᠢ ᠰᠢᠭᠤᠳ ᠬᠦᠷᠭᠡᠬᠦ ᠰᠢᠰᠲ᠋ᠧᠮ᠎ᠨᠢ ᠰᠢᠶᠠᠩ ᠪᠠᠯᠭ᠋ᠠᠰᠤ᠂ ᠭᠠᠴᠠᠭ᠎ᠠ ᠲᠣᠰᠬᠤᠨ᠎ᠤ ᠨᠢᠭᠡᠴᠢ᠎ᠠᠴᠠ ᠤᠯᠤᠰ᠎ᠤᠨ ᠪᠤᠶᠤ ᠥᠪᠡᠷᠲᠡᠭᠡᠨ ᠵᠠᠰᠠᠬᠤ ᠣᠷᠣᠨ᠎ᠤ ᠳ᠋ᠠᠶ᠋ᠢᠲ᠋ᠠ ᠵᠢᠨ ᠡᠬᠢ ᠪᠠᠶᠠᠯᠢᠭ᠎ᠢ ᠰᠢᠯᠵᠢᠭᠦᠯᠦᠨ ᠬᠡᠷᠡᠭᠯᠡᠵᠦ ᠪᠠᠶ᠋ᠢᠴᠠᠭ᠋ᠠᠨ ᠦᠵᠡᠬᠦ ᠵᠢ ᠳᠡᠮᠵᠢᠵᠦ᠂ ᠭᠤᠶᠤᠴᠢᠯᠠᠨ ᠮᠡᠳᠡᠭᠦᠯᠬᠦ ᠴᠣᠪᠣᠷᠠᠯ᠎ᠨᠢ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠪᠠᠶ᠋ᠢᠵᠤ᠂ ᠤᠤᠯ᠎ᠤᠨ 《ᠠᠶ᠋ᠢᠮᠠᠭ ᠬᠤᠲᠠ — ᠥᠪᠡᠷᠲᠡᠭᠡᠨ ᠵᠠᠰᠠᠬᠤ ᠣᠷᠣᠨ — ᠤᠯᠤᠰ》 ᠭᠡᠬᠦ ᠭᠤᠶᠤᠴᠢᠯᠠᠨ ᠮᠡᠳᠡᠭᠦᠯᠬᠦ ᠴᠣᠪᠣᠷᠠᠯ᠎ᠢ 《ᠠᠶ᠋ᠢᠮᠠᠭ ᠬᠤᠲᠠ — ᠤᠯᠤᠰ》 ᠪᠣᠯᠭ᠋ᠠᠨ ᠴᠤᠮᠬᠠᠳᠬᠠᠵᠤ᠂ ᠳ᠋ᠠᠶ᠋ᠢᠲ᠋ᠠ ᠵᠢ ᠬᠠᠮᠲᠤ᠎ᠪᠠᠷ ᠬᠦᠷᠲᠡᠬᠦ ᠣᠨᠣᠪᠴᠢ ᠵᠢᠨ ᠬᠡᠮᠵᠢᠶ᠎ᠡ ᠪᠠ ᠳᠥᠭᠦᠮ ᠳᠥᠲᠡ ᠵᠢᠨ ᠬᠡᠮᠵᠢᠶ᠎ᠡ ᠵᠢ ᠳᠡᠭᠡᠭᠰᠢᠯᠡᠭᠦᠯᠦᠭᠰᠡᠨ ᠪᠠᠶ᠋ᠢᠨ᠎ᠠ᠃ ᠦᠨᠳᠦᠰᠦᠨ ᠱᠠᠲᠤᠨ᠎ᠤ ᠳ᠋ᠠᠶ᠋ᠢᠲ᠋ᠠ ᠵᠢ ᠴᠤᠭᠯᠠᠭᠤᠯᠤᠨ ᠬᠠᠮᠲᠤ᠎ᠪᠠᠷ ᠬᠦᠷᠲᠡᠬᠦ 《ᠡᠴᠦᠰ᠎ᠤᠨ ᠨᠢᠭᠡ ᠮᠧᠳ᠋ᠷ》᠎ᠢ ᠨᠡᠪᠲᠡᠷᠡᠭᠦᠯᠵᠦ᠂ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠭᠦᠢ᠍ᠴᠡᠳᠭᠡᠬᠦ》᠂ ᠦᠨᠳᠦᠰᠦᠨ ᠱᠠᠲᠤᠨ᠎ᠤ ᠵᠠᠰᠠᠯᠲᠠ ᠵᠢᠨ 《ᠨᠢᠭᠡ ᠬᠦᠰᠦᠨᠦᠭᠲᠦ᠎ᠪᠠᠷ ᠪᠦᠬᠦᠨ᠎ᠢ ᠬᠠᠮᠤᠷᠬᠤ》 ᠵᠡᠷᠭᠡ ᠬᠡᠷᠡᠭᠯᠡᠭᠡᠨ᠎ᠤ ᠲᠠᠯᠠᠪᠤᠷ ᠭᠠᠵᠠᠷ᠎ᠲᠤ ᠲᠤᠯᠭ᠋ᠠᠭᠤᠷᠢᠯᠠᠯ ᠬᠠᠩᠭ᠋ᠠᠪᠠ᠂ ᠣᠳᠣᠬᠠᠨ ᠪᠣᠯᠲᠠᠯ᠎ᠠ᠂ ᠳ᠋ᠠᠶ᠋ᠢᠲ᠋ᠠ ᠵᠢ ᠰᠢᠭᠤᠳ ᠬᠦᠷᠭᠡᠬᠦ ᠰᠢᠰᠲ᠋ᠧᠮ᠎ᠨᠢ ᠨᠢᠭᠡᠨᠲᠡ ᠦᠨᠳᠦᠰᠦᠨ ᠱᠠᠲᠤᠨ᠎ᠳᠤ ᠤᠯᠤᠰ᠎ᠤᠨ ᠲᠠᠪᠴᠠᠩ᠎ᠤᠨ ᠳ᠋ᠠᠶ᠋ᠢᠲ᠋ᠠ ᠵᠢᠨ ᠭᠠᠷᠴᠠᠭ᠎ᠢ 10373 ᠵᠣᠷᠪᠣᠰ᠂ ᠳ᠋ᠠᠶ᠋ᠢᠲ᠋ᠠ ᠵᠢᠨ ᠡᠬᠢ ᠪᠠᠶᠠᠯᠢᠭ᠎ᠢ 13325 ᠬᠤᠪᠢ ᠬᠠᠩᠭ᠋ᠠᠵᠤ᠂ ᠪᠥᠬᠦ ᠤᠯᠤᠰ᠎ᠲᠠᠬᠢ ᠬᠡᠷᠡᠭᠯᠡᠭᠡᠨ᠎ᠤ ᠰᠢᠨ᠎ᠡ ᠵᠢ ᠡᠭᠦᠳᠦᠭᠰᠡᠨ ᠬᠡᠷᠡᠭ᠎ᠤᠨ ᠵᠢᠱ᠌ᠢᠶ᠎ᠡ ᠵᠢ 330 ᠬᠤᠪᠢ ᠨᠡᠶ᠋ᠢᠲᠡᠯᠡᠵᠦ ᠦᠨᠳᠦᠰᠦᠨ ᠱᠠᠲᠤᠨ᠎ᠳᠤ ᠲᠣᠯᠢᠳᠠᠯ ᠬᠠᠩᠭ᠋ᠠᠪᠠ᠃ (ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠶ᠋ᠢᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ)
ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ