ᠰᠣᠨᠢᠨ ᠮᠡᠳᠡᠭᠡ   -   ᠲᠤᠰᠬᠠᠢ ᠮᠡᠳᠡᠭᠡᠯᠡᠯ

《ᠲᠠᠪᠤᠨ ᠶᠡᠭᠡ ᠡᠭᠦᠷᠭᠡ》 ᠵᠢᠨ ᠨᠠᠶ᠋ᠢᠳᠠᠪᠤᠷᠢᠵᠢᠬᠤ ᠵᠢ ᠲᠦᠷᠭᠡᠳᠬᠡᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠤᠶ᠎ᠠ — 1-7 ᠰᠠᠷ᠎ᠠ᠎ᠳᠤ ᠮᠠᠨ᠎ᠤ ᠬᠤᠲᠠ ᠵᠢᠨ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠳᠠᠭ᠋ᠠᠳᠤ ᠭᠠᠷᠭ᠋ᠠᠯᠲᠠ ᠪᠥᠬᠦ ᠣᠷᠣᠨ᠎ᠳᠤ ᠲᠡᠷᠢᠭᠦᠯᠡᠪᠡ

ᠨᠡᠶ᠋ᠢᠲᠡᠯᠡᠭᠰᠡᠨ ᠴᠠᠭ᠄   2024-10-21

      ᠡᠨᠡ ᠵᠢᠯ᠎ᠤᠨ ᠲᠦᠷᠦᠭᠦᠤ 7 ᠰᠠᠷ᠎ᠠ᠎ᠳᠤ᠂ ᠮᠠᠨ᠎ᠤ ᠬᠤᠲᠠ ᠵᠢᠨ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠳᠠᠭ᠋ᠠᠳᠤ ᠭᠠᠷᠭ᠋ᠠᠯᠲᠠ ᠨᠡᠶ᠋ᠢᠲᠡ 39.5 ᠳ᠋ᠦᠩᠰᠢᠭᠤᠷ ᠲᠥᠭᠦᠷᠢᠭ᠎ᠲᠤ ᠬᠦᠷᠴᠦ᠂ ᠪᠥᠬᠦ ᠣᠷᠣᠨ᠎ᠤ ᠭᠠᠳᠠᠭ᠋ᠠᠳᠤ ᠭᠠᠷᠭ᠋ᠠᠯᠲᠠ ᠵᠢᠨ 62.4% ᠵᠢ ᠡᠵᠡᠯᠡᠨ᠂ ᠪᠦᠬᠦ ᠣᠷᠣᠨ᠎ᠤ ᠨᠢᠭᠡᠳᠦᠭᠡᠷ᠎ᠲᠤ ᠤᠷᠤᠪᠠ᠃
      ᠡᠨᠡ ᠬᠡᠳᠦᠨ ᠡᠳᠦᠷ᠂ ᠥᠪᠥᠷ ᠮᠣᠩᠭᠤᠯ᠎ᠤᠨ ᠵᠦᠩ ᠵᠢᠦᠢ ᠳ᠋ᠡ ᠠᠷᠠᠯᠵᠢᠶᠠᠨ᠎ᠤ ᠬᠢᠵᠠᠭ᠋ᠠᠷᠲᠤ ᠺᠣᠮᠫᠠᠨᠢ ᠠᠵᠢᠯᠳᠠᠳ ᠵᠶ᠋ᠠᠨ ᠵᠣᠬᠢᠶᠠᠨ ᠪᠠᠶ᠋ᠢᠭᠤᠯᠤᠨ᠂ ᠦᠶᠤᠸᠠᠨ ᠰᠢᠶᠠᠨ᠎ᠤ ᠲᠢᠶᠠᠨ ᠵᠢᠢ᠎ᠲᠠᠢ ᠪᠠᠯᠭ᠋ᠠᠰᠤᠨ᠎ᠤ ᠡᠯ ᠾᠧ ᠶᠦᠩ ᠲᠤᠰᠬᠤᠨ᠎ᠤ ᠲᠠᠷᠢᠶᠠᠨ ᠭᠠᠵᠠᠷ᠎ᠲᠤ ᠭᠦᠷᠴᠤ᠂ ᠭᠤᠸᠠ ᠰᠢᠯᠢᠨ ᠰᠤᠩᠭᠤᠵᠤ ᠪᠠᠶ᠋ᠢᠯ᠎ᠠ᠃ ᠡᠨᠡ ᠪᠦᠯᠦᠭ ᠬᠠᠮᠢᠯ ᠬᠡᠮᠬᠡ ᠵᠢ ᠨᠠᠷᠢᠨ ᠰᠢᠯᠢᠵᠦ ᠰᠣᠩᠭᠤᠭᠰᠠᠨ᠎ᠤ ᠳᠠᠷᠠᠭ᠎ᠠ᠂ ᠶᠦᠨᠨᠠᠨ᠎ᠤ ᠾᠧ ᠺᠧᠦ ᠪᠣᠭᠤᠮᠲᠠ᠎ᠪᠠᠷ ᠲᠠᠮᠵᠢᠨ ᠸᠢᠶᠧᠳ᠋ᠨᠠᠮ᠎ᠳᠤ ᠭᠠᠷᠭ᠋ᠠᠬᠤ ᠪᠤᠯᠤᠨ᠎ᠠ᠃
      ᠥᠪᠥᠷ ᠮᠣᠩᠭᠤᠯ᠎ᠤᠨ ᠵᠥᠩ ᠵᠢᠦᠢ ᠳ᠋ᠡ ᠠᠷᠠᠯᠵᠢᠶᠠᠨ᠎ᠤ ᠬᠢᠵᠠᠭ᠋ᠠᠷᠲᠤ ᠺᠣᠮᠫᠠᠨᠢ ᠵᠢᠨ ᠪᠣᠷᠤᠯᠠᠭᠤᠯᠭ᠎ᠠ ᠵᠢᠨ ᠶᠡᠷᠦᠩᠬᠡᠢ ᠬᠢᠨᠠᠭᠴᠢ ᠯᠢ ᠵᠢᠶᠠᠨ ᠫᠢᠩ ᠰᠤᠷᠪᠤᠯᠵᠢᠯᠠᠭᠴᠢ᠎ᠳᠤ ᠪᠠᠷᠤᠭ 35 ᠲᠣᠨ ᠣᠷᠴᠢᠮ ᠪᠠᠶ᠋ᠢᠵᠤ᠂ ᠭᠤᠸᠠ ᠪᠦᠷᠢ᠎ᠨᠢ ᠬᠥᠮᠥᠨ᠎ᠤ ᠬᠦᠴᠦ᠎ᠪᠠᠷ ᠨᠠᠷᠢᠨ ᠰᠢᠯᠢᠵᠦ ᠰᠣᠩᠭᠤᠬᠤ᠎ᠪᠠᠷ ᠲᠠᠮᠵᠢᠨ᠂ ᠪᠠᠷᠤᠭ 3 ᠎ᠠᠴᠠ 4 ᠡᠳᠦᠷ᠎ᠤᠨ ᠳᠣᠲᠣᠷ᠎ᠠ ᠸᠢᠶᠧᠳ᠋ᠨᠠᠮ᠎ᠤᠨ ᠵᠠᠬ᠎ᠠ ᠳᠡᠯᠭᠡᠭᠦᠷ᠎ᠲᠤ ᠰᠢᠭᠤᠳ ᠬᠦᠷᠴᠦ ᠲᠡᠶ᠋ᠢᠯᠦᠨ᠎ᠡ ᠭᠡᠪᠡ᠃
      ᠥᠪᠥᠷ ᠮᠣᠩᠭᠤᠯ᠎ᠤᠨ ᠵᠥᠩ ᠵᠢᠦᠢ ᠳ᠋ᠡ ᠠᠷᠠᠯᠵᠢᠶᠠᠨ᠎ᠤ ᠬᠢᠵᠠᠭ᠋ᠠᠷᠲᠤ ᠺᠣᠮᠫᠠᠨᠢ ᠪᠣᠯ ᠥᠪᠡᠷᠲᠡᠭᠡᠨ ᠵᠠᠰᠠᠬᠤ ᠣᠷᠣᠨ᠎ᠤ ᠳᠤᠮᠳᠠ ᠪᠠᠷᠠᠭᠤᠨ ᠬᠡᠰᠡᠭ᠎ᠤᠨ ᠭᠠᠵᠠᠷ ᠣᠷᠣᠨ᠎ᠤ ᠵᠢᠮᠢᠰ᠎ᠢ ᠭᠠᠳᠠᠭ᠋ᠠᠳᠤ᠎ᠳᠤ ᠭᠠᠷᠭ᠋ᠠᠬᠤ ᠬᠢᠷᠢ ᠬᠡᠮ᠎ᠢ ᠣᠯᠣᠭᠰᠠᠨ ᠠᠩᠬᠠᠳᠠᠭᠴᠢ ᠠᠵᠤ ᠠᠬᠤᠶ᠋ᠢᠯᠠᠯ ᠪᠣᠯᠣᠨ᠎ᠠ᠃ ᠤᠳᠤᠬᠠᠨ᠎ᠳᠤ᠂ ᠭᠠᠳᠠᠭ᠋ᠠᠳᠤ᠎ᠳᠤ ᠭᠠᠷᠭ᠋ᠠᠬᠤ ᠭᠤᠣᠯ ᠤᠯᠤᠰ᠎ᠨᠢ ᠸᠢᠶᠧᠳ᠋ᠨᠠᠮ ᠪᠣᠯᠣᠨ᠎ᠠ᠃
      ᠮᠠᠨ᠎ᠤ ᠬᠤᠲᠠ ᠵᠢᠨ ᠭᠠᠳᠠᠭ᠋ᠠᠳᠤ ᠠᠵᠤ ᠠᠬᠤᠢ ᠠᠷᠠᠯᠵᠢᠶᠠᠨ᠎ᠤ ᠬᠥᠭᠵᠢᠯᠲᠡ ᠵᠢᠨ ᠰᠢᠨ᠎ᠡ ᠨᠡᠮᠡᠭᠳᠡᠯ᠎ᠤᠨ ᠴᠡᠭ ᠪᠣᠯᠤᠭᠰᠠᠨ᠎ᠤ ᠬᠤᠪᠢ᠎ᠳᠤ᠂ ᠮᠠᠨ᠎ᠤ ᠬᠤᠲᠠ 《ᠬᠥᠲᠥᠴᠢ ᠠᠵᠤ ᠠᠬᠤᠶ᠋ᠢᠯᠠᠯ + ᠬᠤᠷᠰᠢᠶᠠᠵᠢᠯ + ᠰᠠᠭᠤᠷᠢᠨ ᠭᠠᠵᠠᠷ + ᠲᠠᠷᠢᠶᠠᠴᠢᠨ ᠡᠷᠦᠭᠡ》 ᠬᠤᠯᠪᠤᠭ᠋ᠠᠯᠠᠭᠰᠠᠨ ᠬᠥᠭᠵᠢᠯᠲᠡ ᠵᠢᠨ ᠵᠠᠭᠪᠤᠷ᠎ᠢ ᠪᠠᠶ᠋ᠢᠭᠤᠯᠤᠨ ᠲᠡᠭᠦᠯᠳᠡᠷᠵᠢᠭᠦᠯᠵᠤ᠂ ᠰᠢᠶᠠᠨ᠎ᠤ ᠱᠠᠲᠤᠨ᠎ᠤ ᠠᠮᠲᠠᠲᠤ ᠬᠡᠮᠬᠡ ᠵᠢᠨ ᠭᠠᠳᠠᠭ᠋ᠠᠳᠤ ᠠᠷᠠᠯᠵᠢᠶᠠᠨ᠎ᠤ ᠬᠡᠯᠪᠡᠷᠢ ᠵᠢ ᠬᠤᠪᠢᠷᠠᠭᠤᠯᠤᠨ ᠲᠠᠰ ᠳᠡᠪᠰᠢᠭᠦᠯᠬᠦ ᠰᠠᠭᠤᠷᠢᠨ ᠭᠠᠵᠠᠷ 1᠂ ᠭᠠᠳᠠᠭᠰᠢ ᠴᠢᠭᠯᠡᠭᠦᠯᠦᠭᠰᠡᠨ ᠠᠵᠤ ᠦᠢ᠍ᠯᠡᠰ᠎ᠤᠨ ᠠᠵᠤ ᠠᠬᠤᠶ᠋ᠢᠯᠠᠯ 3᠂ ᠲᠠᠷᠢᠶᠠᠯᠠᠩ᠎ᠤᠨ ᠬᠤᠷᠰᠢᠶᠠᠵᠢᠯ 10 ᠡᠷᠦᠬᠡ ᠵᠢ ᠡᠭᠦᠳᠦᠨ ᠪᠠᠶ᠋ᠢᠭᠤᠯᠬᠤ ᠵᠢᠨ ᠲᠠᠭᠤ ᠠᠵᠤ ᠠᠬᠤᠶ᠋ᠢᠯᠠᠯ᠎ᠢ ᠵᠣᠬᠢᠶᠠᠨ ᠪᠠᠶ᠋ᠢᠭᠤᠯᠵᠤ ᠭᠠᠳᠠᠭᠰᠢ ᠭᠠᠷᠴᠤ ᠵᠥᠪᠳᠡᠯᠴᠡᠨ ᠵᠣᠯᠭ᠋ᠠᠭᠤᠯᠬᠤ᠎ᠪᠠᠷ ᠳᠠᠮᠵᠢᠨ᠂ ᠭᠠᠳᠠᠭ᠋ᠠᠳᠤ ᠵᠢᠨ ᠬᠥᠮᠥᠷᠭᠡ ᠪᠠᠶ᠋ᠢᠭᠤᠯᠵᠤ᠂ ᠣᠳᠣᠬᠠᠨ᠎ᠳᠤ᠂ ᠎ᠲᠠᠢ ᠤᠯᠤᠰ᠂ ᠪᠢᠷᠮᠠ᠂ ᠯᠠᠤᠰ᠂ ᠺᠠᠮᠪᠤᠵᠠ ᠵᠡᠷᠭᠡ ᠤᠯᠤᠰ᠎ᠢ ᠪᠠᠭᠳᠠᠭ᠋ᠠᠭᠰᠠᠨ ᠤᠯᠠᠨ ᠤᠯᠤᠰ᠎ᠤᠨ ᠡᠵᠡᠩᠨᠡᠨ ᠪᠣᠷᠣᠯᠠᠭᠤᠯᠬᠤ ᠲᠣᠣᠷ ᠰᠦᠯᠵᠢᠶ᠎ᠡ ᠵᠢ ᠠᠯᠬᠤᠮ ᠠᠯᠬᠤᠮ ᠵᠶ᠋ᠠᠷ ᠪᠦᠷᠢᠯᠳᠦᠭᠦᠯᠪᠡ᠃
      ᠥᠪᠥᠷ ᠮᠣᠩᠭᠤᠯ᠎ᠤᠨ ᠵᠦᠩ ᠵᠢᠦᠢ ᠳ᠋ᠡ ᠠᠷᠠᠯᠵᠢᠶᠠᠨ᠎ᠤ ᠬᠢᠵᠠᠭ᠋ᠠᠷᠲᠤ ᠺᠣᠮᠫᠠᠨᠢ ᠵᠢᠨ ᠪᠣᠷᠤᠯᠠᠭᠤᠯᠭ᠎ᠠ ᠵᠢᠨ ᠶᠡᠷᠦᠩᠬᠡᠢ ᠬᠢᠨᠠᠭᠴᠢ ᠯᠢ ᠵᠢᠶᠠᠨ ᠫᠢᠩ ᠰᠤᠷᠪᠤᠯᠵᠢᠯᠠᠭᠴᠢ᠎ᠳᠤ ᠨᠢᠳᠤᠨᠤᠨ ᠪᠢᠳᠡ ᠸᠢᠶᠧᠳ᠋ᠨᠠᠮ᠎ᠳᠤ ᠭᠠᠷᠭ᠋ᠠᠭᠰᠠᠨ᠂ ᠡᠨᠡ ᠵᠢᠯ ᠯᠠᠤᠰ᠂ ᠤᠷᠤᠰ ᠵᠡᠷᠭᠡ ᠤᠯᠤᠰ᠎ᠢ ᠪᠠᠭᠲᠠᠭ᠋ᠠᠭᠰᠠᠨ ᠭᠠᠳᠠᠭ᠋ᠠᠳᠤ ᠭᠠᠷᠭ᠋ᠠᠯᠲᠠ᠎ᠲᠠᠢ ᠨᠢᠭᠡᠨᠲᠡ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠤᠭᠳᠠᠭᠰᠠᠨ ᠭᠡᠪᠡ᠃
      ᠡᠨᠡ ᠵᠢᠯ᠎ᠠᠴᠠ ᠨᠠᠰᠢ᠂ ᠮᠠᠨ᠎ᠤ ᠬᠤᠲᠠ ᠲᠠᠷᠢᠶᠠᠯᠠᠩ᠎ᠤᠨ ᠬᠡᠪᠴᠢᠶᠡᠵᠢᠯᠲᠡ᠂ ᠠᠵᠤ ᠦᠶ᠋ᠢᠯᠡᠰᠵᠢᠯᠲᠡ᠂ ᠨᠠᠷᠠᠲᠤ ᠲᠡᠮᠳᠡᠭᠵᠢᠯᠲᠡ ᠵᠢᠨ ᠬᠥᠭᠵᠢᠯᠲᠡ ᠵᠢ ᠠᠬᠢᠭᠤᠯᠬᠤ ᠵᠢᠨ ᠲᠣᠭᠤᠷᠢᠨ᠎ᠳᠤ᠂ ᠰᠢᠨ᠎ᠡ ᠨᠢᠭᠡ ᠡᠭᠡᠯᠵᠢ ᠵᠢᠨ ᠭᠠᠳᠠᠭ᠋ᠠᠳᠤ ᠠᠷᠠᠯᠵᠢᠶᠠᠨ᠎ᠤ ᠭᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠰᠠᠭᠤᠷᠢᠨ ᠭᠠᠵᠠᠷ᠎ᠢ ᠪᠣᠶ᠋ᠢᠵᠢᠭᠤᠯᠬᠤ ᠪᠦᠲᠦᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠢ ᠭᠡᠷᠡᠭᠵᠢᠭᠦᠯᠦᠨ᠂ ᠬᠢᠯᠢ ᠠᠯᠤᠰᠯᠠᠭᠰᠠᠨ ᠠᠷᠠᠯᠵᠢᠶ᠎ᠠ ᠵᠢᠨ ᠳᠥᠭᠦᠮᠴᠢᠯᠡᠯᠲᠡ ᠵᠢ ᠦᠷᠭᠦᠯᠵᠢᠯᠡᠨ ᠠᠬᠢᠭᠤᠯᠵᠤ᠂ B ᠬᠡᠯᠪᠡᠷᠢ ᠵᠢᠨ ᠭᠠᠶ᠋ᠢᠯᠢ ᠪᠠᠲᠤᠯᠠᠬᠤ ᠪᠠᠷᠠᠭ᠋ᠠᠨ᠎ᠤ ᠭᠦᠢ᠍ᠯᠭᠡᠭᠡᠨ᠎ᠤ ᠲᠥᠪ᠎ᠤᠨ ᠴᠢᠳᠠᠪᠭᠢ ᠵᠢ ᠭᠦᠨᠵᠡᠭᠡᠢ ᠠᠭᠤᠳᠠᠯᠵᠤ ᠭᠦᠢ᠍ᠴᠡᠳ ᠠᠰᠢᠭᠯᠠᠨ᠂ ᠭᠤᠷᠪᠠᠳᠠᠭᠢ ᠡᠲᠡᠭᠡᠳ᠎ᠤᠨ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭ᠋ᠠᠨ᠎ᠤ ᠲᠠᠪᠴᠠᠩ᠎ᠤᠨ ᠪᠦᠲᠦᠭᠡᠨ ᠪᠠᠶ᠋ᠢᠭᠤᠯᠤᠯᠲᠠ ᠵᠢᠨ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠲᠥᠪ᠎ᠤᠨ ᠲᠥᠷᠥᠯ ᠵᠦᠢ᠍ᠯ᠎ᠢ ᠢᠳᠡᠪᠬᠢᠲᠡᠢ ᠣᠷᠣᠭᠤᠯᠤᠨ ᠠᠪᠴᠢᠷᠠᠵᠤ᠂ ᠠᠵᠤ ᠠᠬᠤᠶ᠋ᠢᠯᠠᠯ᠎ᠤᠨ ᠭᠠᠳᠠᠭ᠋ᠠᠳᠤ᠎ᠳᠤ ᠪᠡᠯᠡ ᠤᠷᠤᠭᠤᠯᠤᠨ ᠬᠮᠳᠤᠷᠠᠯᠴᠠᠬᠤ ᠭᠡᠯᠪᠡᠷᠢ ᠵᠢ ᠲᠡᠮᠵᠢᠭᠦ ᠵᠢᠨ ᠲᠠᠭᠤ ᠭᠠᠳᠠᠭ᠋ᠠᠳᠤ ᠠᠵᠤ ᠠᠬᠤᠢ ᠠᠷᠠᠯᠵᠢᠶᠠᠨ᠎ᠤ ᠬᠥᠭᠵᠢᠯᠲᠡ ᠵᠢᠨ ᠲᠤᠰᠬᠠᠢ ᠪᠡᠯᠡ ᠮᠥᠩᠭᠦ ᠵᠢ ᠭᠦᠢ᠍ᠴᠡᠳ ᠠᠰᠢᠭᠯᠠᠨ ᠠᠵᠤ ᠠᠬᠤᠶ᠋ᠢᠯᠠᠯ᠎ᠤᠨ 《ᠭᠠᠳᠠᠭᠰᠢ ᠭᠠᠷᠴᠤ》 ᠬᠢᠯᠢ ᠵᠢᠨ ᠭᠠᠳᠠᠨᠠᠬᠢ ᠨᠡᠷᠡᠲᠦ ᠦᠵᠡᠭᠦᠯᠦᠯᠭᠡ ᠵᠢᠨ ᠴᠤᠭᠯᠠᠭ᠋ᠠᠨ᠎ᠳᠤ ᠣᠷᠣᠯᠴᠠᠬᠤ ᠵᠢ ᠬᠥᠲᠥᠯᠥᠨ ᠵᠢᠯᠤᠭᠤᠳᠴᠤ᠂ ᠠᠵᠤ ᠠᠬᠤᠶ᠋ᠢᠯᠠᠯ᠎ᠢ ᠬᠢᠯᠢ ᠵᠢᠨ ᠭᠠᠳᠠᠨᠠᠬᠢ ᠪᠦᠳᠦᠭᠡᠭᠳᠡᠭᠦᠨ᠎ᠤ ᠳᠡᠯᠭᠡᠨ ᠦᠵᠡᠭᠦᠯᠵᠦ ᠪᠣᠷᠣᠯᠠᠭᠤᠯᠬᠤ ᠲᠥᠪ᠎ᠤᠨ ᠪᠦᠲᠦᠭᠡᠨ ᠪᠠᠶ᠋ᠢᠭᠤᠯᠤᠯᠲᠠ ᠭᠢᠭᠦ ᠵᠢ ᠵᠤᠷᠢᠭᠵᠢᠭᠤᠯᠤᠨ᠎ᠠ᠃ ᠡᠭᠦᠨ᠎ᠤ ᠲᠠᠭᠤ᠂ ᠮᠠᠨ᠎ᠤ ᠬᠤᠲᠠ ᠵᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠵᠤ ᠠᠬᠤᠶ᠋ᠢᠯᠠᠯ᠎ᠤᠨ ᠪᠠᠴᠢᠮ ᠭᠦᠴᠢᠷᠳᠡᠯᠳᠡᠢ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠦᠢ᠍ᠯᠡᠴᠢᠯᠡᠭᠡᠨ᠎ᠤ ᠤᠬᠠᠮᠰᠠᠷ ᠵᠶ᠋ᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠠᠵᠤ ᠠᠬᠤᠶ᠋ᠢᠯᠠᠯ᠎ᠳᠤ ᠢᠳᠡᠪᠬᠢᠲᠡᠢ᠎ᠪᠠᠷ ᠭᠦᠨᠵᠡᠭᠡᠶ᠋ᠢᠷᠡᠨ ᠠᠷᠭ᠎ᠠ ᠪᠣᠳᠣᠯᠭ᠎ᠠ ᠬᠡᠷᠡᠭᠴᠡᠭᠡ ᠱᠠᠭ᠋ᠠᠷᠳᠠᠯᠭ᠎ᠠ ᠵᠢ ᠠᠰᠠᠭᠤᠨ ᠯᠠᠪᠯᠠᠵᠤ᠂ ᠦᠢ᠍ᠯᠡᠴᠢᠯᠡᠭᠡᠨ᠎ᠤ ᠡᠷᠴᠢᠮ ᠵᠶ᠋ᠠᠨ ᠴᠢᠩᠭ᠋ᠠᠷᠠᠭᠤᠯᠤᠨ᠂ ᠠᠵᠤ ᠠᠬᠤᠶ᠋ᠢᠯᠠᠯ᠎ᠤᠨ ᠤᠯᠠᠨ ᠤᠯᠤᠰ᠎ᠤᠨ ᠵᠠᠬ᠎ᠠ ᠲᠡᠯᠭᠡᠭᠦᠷ᠎ᠤᠨ ᠨᠡᠭᠡᠭᠡᠯᠲᠡ᠎ᠳᠤ ᠬᠦᠴᠦᠨ ᠨᠡᠮᠡᠷᠢᠯᠡᠨ᠎ᠡ᠃
      ᠡᠨᠡ ᠵᠢᠯ᠎ᠤᠨ ᠲᠦᠷᠦᠭᠦᠤ 7 ᠰᠠᠷ᠎ᠠ᠎ᠳᠤ᠂ ᠮᠠᠨ᠎ᠤ ᠬᠤᠲᠠ ᠵᠢᠨ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠳᠠᠭ᠋ᠠᠳᠤ ᠭᠠᠷᠭ᠋ᠠᠯᠲᠠ ᠨᠡᠶ᠋ᠢᠲᠡ 39.5 ᠳ᠋ᠦᠩᠰᠢᠭᠤᠷ ᠲᠥᠭᠦᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 19.7%᠎ᠪᠠᠷ ᠨᠡᠮᠡᠭᠳᠡᠨ᠂ ᠪᠥᠬᠦ ᠣᠷᠣᠨ᠎ᠤ ᠭᠠᠳᠠᠭ᠋ᠠᠳᠤ ᠭᠠᠷᠭ᠋ᠠᠯᠲᠠ ᠵᠢᠨ 62. 4% ᠵᠢ ᠡᠵᠡᠯᠡᠵᠤ᠂ ᠪᠥᠬᠦ ᠣᠷᠣᠨ᠎ᠤ ᠨᠢᠭᠡᠳᠦᠭᠡᠷ᠎ᠲᠤ ᠯᠠᠪᠳᠠᠭᠤᠨ ᠵᠶ᠋ᠠᠷ ᠣᠷᠣᠪᠠ᠃
 



 

 

ᠢᠷᠡᠯᠲᠡ᠄ ᠪᠠᠶᠠᠨᠨᠠᠭᠤᠷ᠎ᠤᠨ ᠮᠣᠩᠭᠤᠯ ᠷᠠᠳᠢᠣ᠋ ᠲᠧᠯᠸᠢᠰ