100 ᠲᠦᠮᠡᠨ ᠺᠢᠯᠣᠸᠠᠲ᠎ᠤᠨ ᠭᠡᠷᠡᠯᠴᠢ ᠴᠡᠨᠡᠭ᠎ᠤᠨ ᠲᠥᠷᠥᠯ ᠵᠦᠢ᠍ᠯ᠎ᠨᠢ ᠭᠡᠷᠡᠯᠴᠢ ᠴᠡᠨᠡᠭ᠎ᠤᠨ ᠲᠣᠨᠣᠭᠯᠠᠯ ᠤᠭᠰᠠᠷᠠᠬᠤ ᠵᠢ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2024-11-25
11 ᠳ᠋ᠦ᠍ᠭᠡᠷ ᠰᠠᠷ᠎ᠠ ᠵᠢᠨ 3᠎ᠤ ᠡᠳᠦᠷ᠂ ᠬᠠᠩᠭᠢᠨ ᠬᠤᠰᠢᠭᠤᠨ᠎ᠤ ᠬᠥᠪᠴᠢ ᠵᠢᠨ ᠡᠯᠡᠰᠦᠨ ᠴᠦᠯ᠎ᠤᠨ ᠰᠢᠨ᠎ᠡ ᠡᠨᠧᠷᠭᠢ ᠵᠢᠨ ᠰᠠᠭᠤᠷᠢᠨ ᠭᠠᠵᠠᠷ᠎ᠤᠨ 8GW ᠭᠡᠷᠡᠯᠴᠢ ᠴᠡᠨᠡᠭ᠎ᠤᠨ ᠲᠥᠷᠥᠯ ᠵᠦᠢ᠍ᠯ᠎ᠤᠨ ᠬᠤᠰᠢᠭᠤᠴᠢ ᠢᠨᠵᠧᠨᠧᠷᠢᠩ — 100 ᠲᠦᠮᠡᠨ ᠺᠢᠯᠣᠸᠠᠲ᠎ᠤᠨ ᠭᠡᠷᠡᠯᠴᠢ ᠴᠡᠨᠡᠭ᠎ᠤᠨ ᠲᠥᠷᠥᠯ ᠵᠦᠢ᠍ᠯ᠎ᠨᠢ ᠭᠡᠷᠡᠯᠴᠢ ᠴᠡᠨᠡᠭ᠎ᠤᠨ ᠲᠣᠨᠣᠭᠯᠠᠯ᠎ᠢ ᠤᠭᠰᠠᠷᠠᠪᠠ᠂ ᠲᠣᠰ ᠢᠨᠵᠧᠨᠧᠷᠢᠩ᠎ᠤᠨ ᠢᠵᠢ ᠪᠦᠷᠢᠳᠦᠭᠦᠯᠦᠭᠰᠡᠨ ᠨᠥᠭᠡᠴᠡ ᠡᠨᠧᠷᠭᠢ᠎ᠨᠢ 150MW/300MWh ᠪᠠᠶ᠋ᠢᠵᠤ᠂ 220kV ᠬᠦᠴᠦᠳᠡᠯ ᠥᠭᠡᠷᠡᠴᠢᠯᠡᠬᠦ ᠥᠷᠲᠡᠭᠡ ᠵᠢ 1 ᠰᠠᠭᠤᠷᠢ ᠲᠥᠯᠥᠪᠵᠢᠭᠦᠯᠦᠨ ᠪᠠᠶ᠋ᠢᠭᠤᠯᠵᠤ᠂ ᠪᠠᠶ᠋ᠢᠭᠤᠯᠵᠤ ᠳᠠᠭᠤᠰᠤᠭᠰᠠᠨ᠎ᠤ ᠳᠠᠷᠠᠭ᠎ᠠ ᠵᠢᠱ᠌ᠢᠯᠲᠡ᠎ᠪᠠᠷ ᠵᠢᠯ᠎ᠳᠤ ᠴᠡᠪᠡᠷ ᠴᠠᠬᠢᠯᠭ᠋ᠠᠨ ᠡᠨᠧᠷᠭᠢ ᠵᠢ ᠪᠠᠷᠤᠭ 20.5 ᠳ᠋ᠦᠩᠰᠢᠭᠤᠷ ᠺᠢᠯᠣᠸᠠᠲ ᠴᠠᠭ ᠬᠠᠩᠭ᠋ᠠᠬᠤ ᠪᠣᠯᠤᠨ᠎ᠠ᠃ (ᠤᠷᠳᠤᠰ ᠬᠤᠳᠠ ᠵᠢᠨ ᠵᠠᠰᠠᠭ᠎ᠤᠨ ᠣᠷᠳᠣᠨ)
ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ