ᠣᠳᠣᠬᠢᠴᠢᠯᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠥᠭᠡᠷᠡᠴᠢᠯᠡᠯᠲᠡ ᠵᠢ ᠴᠢᠨᠠᠭᠰᠢᠳᠠ ᠭᠦᠨᠵᠡᠭᠡᠶ᠋ᠢᠷᠡᠭᠦᠯᠦᠶ᠎ᠡ — ᠮᠠᠨ᠎ᠤ ᠬᠤᠲᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠰᠢᠯᠢᠳᠡᠭᠵᠢᠭᠦᠯᠦᠨ ᠠᠵᠤ ᠠᠬᠤᠶ᠋ᠢᠯᠠᠯ ᠪᠠ ᠣᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠭᠡᠬᠦ᠎ᠳᠤ ᠳᠥᠭᠦᠮ ᠦᠵᠡᠭᠦᠯᠵᠦ ᠪᠠᠶ᠋ᠢᠨ᠎ᠠ
ᠨᠡᠶ᠋ᠢᠲᠡᠯᠡᠭᠰᠡᠨ ᠴᠠᠭ᠄ 2024-10-21
ᠮᠠᠨ᠎ᠤ ᠬᠤᠲᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠰᠢᠯᠢᠳᠡᠭᠵᠢᠭᠦᠯᠬᠦ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠠᠵᠤ ᠠᠬᠤᠶ᠋ᠢᠯᠠᠯ ᠪᠠ ᠣᠯᠠᠨ ᠲᠦᠮᠡᠨ᠎ᠳᠤ ᠳᠥᠭᠦᠮ ᠳᠥᠲᠡ᠂ ᠥᠨᠳᠥᠷ ᠪᠦᠲᠦᠮᠵᠢᠲᠡᠶ ᠠᠵᠢᠯ ᠶᠠᠪᠤᠳᠠᠯ ᠭᠦᠢ᠍ᠴᠡᠳᠭᠡᠬᠦ ᠤᠷᠴᠢᠨ ᠨᠦᠭᠦᠴᠡᠯ ᠬᠠᠩᠭ᠋ᠠᠨ ᠦᠭᠴᠦ ᠪᠠᠶ᠋ᠢᠨ᠎ᠠ᠃
ᠬᠤᠲᠠ ᠵᠢᠨ ᠠᠷᠠᠳ ᠸᠠᠩ ᠰᠢᠶᠤᠤ ᠪᠥᠸᠧ ᠬᠤᠲᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠲᠤᠭ᠎ᠠ ᠪᠠᠷᠢᠮᠲᠠ ᠵᠢᠨ ᠬᠠᠮᠢᠶᠠᠷᠤᠯᠲᠠ ᠵᠢᠨ ᠲᠣᠪᠴᠢᠶ᠎ᠠ ᠵᠢᠨ 《ᠤᠴᠢᠷ ᠶᠠᠪᠤᠳᠠᠯ᠎ᠢ ᠥᠨᠳᠥᠷ ᠪᠦᠲᠦᠮᠵᠢᠲᠡᠶ᠎ᠪᠠᠷ ᠭᠦᠢ᠍ᠴᠡᠳᠭᠡᠭᠦ》 ᠴᠤᠩᠬᠤᠪᠴᠢ᠎ᠳᠤ ᠭᠦᠷᠴᠦ ᠢᠳᠡᠭᠡᠨ ᠤᠮᠳᠠᠭ᠋ᠠᠨ᠎ᠤ ᠳᠡᠯᠭᠡᠭᠦᠷ᠎ᠤᠨ ᠡᠵᠡᠩᠨᠡᠯᠲᠡ ᠵᠢᠨ ᠦᠨᠡᠮᠯᠡᠯ ᠭᠤᠶᠤᠴᠢᠯᠠᠨ ᠮᠡᠳᠡᠭᠦᠯᠦᠭᠰᠡᠨ᠎ᠳᠤ᠂ ᠠᠵᠢᠯᠲᠠᠳ᠎ᠠᠴᠠ 《ᠦᠨᠡᠮᠯᠡᠯ ᠪᠠ ᠭᠡᠷᠡᠴᠢ ᠵᠢ ᠬᠠᠮᠲᠤᠷᠠᠨ ᠭᠦᠢ᠍ᠴᠡᠳᠬᠡᠬᠦ》 ᠠᠷᠭ᠎ᠠ ᠮᠠᠶᠢᠭ ᠵᠶ᠋ᠠᠷ ᠲᠡᠭᠦᠨ᠎ᠳᠤ ᠮᠠᠰᠢ ᠲᠦᠷᠭᠡᠨ ᠵᠶ᠋ᠠᠷ ᠰᠢᠢ᠍ᠳᠪᠦᠷᠢᠯᠡᠵᠦ ᠦᠭᠭᠦᠭᠰᠡᠨ ᠪᠠᠶ᠋ᠢᠯ᠎ᠠ᠃
ᠬᠤᠲᠠ ᠵᠢᠨ ᠠᠷᠠᠳ ᠸᠠᠩ ᠰᠢᠶᠤᠤ ᠪᠥᠸᠧ ᠵᠢᠨ ᠭᠡᠯᠡᠭᠦ᠎ᠪᠠᠷ᠂ ᠥᠩᠭᠡᠷᠡᠭᠰᠡᠨ᠎ᠲᠠᠢ ᠬᠠᠷᠢᠴᠠᠭᠤᠯᠪᠠᠯ ᠣᠲᠣ ᠨᠢᠭᠡ ᠴᠤᠩᠬᠤᠪᠴᠢ᠎ᠪᠠᠷ ᠨᠢᠭᠡ ᠤᠳᠠᠭ᠎ᠠ ᠮᠠᠲ᠋ᠧᠷᠢᠶᠠᠯ ᠲᠤᠰᠢᠶᠠᠪᠠᠯ ᠲᠠᠷᠤᠢ ᠬᠡᠳᠦᠨ ᠮᠢᠨᠦ᠋ᠲ᠎ᠤᠨ ᠲᠤᠳᠤᠷ᠎ᠠ ᠪᠦᠭᠦᠨ᠎ᠢ ᠪᠡᠶᠡᠯᠡᠭᠦᠯᠴᠢᠬᠡᠨ᠎ᠡ᠂ ᠡᠨᠡ᠎ᠨᠢ ᠮᠠᠰᠢ ᠲᠥᠬᠦᠮ ᠪᠦᠭᠡᠳ ᠲᠦᠷᠭᠡᠨ ᠪᠠᠶ᠋ᠢᠨ᠎ᠠ ᠭᠡᠵᠦ ᠪᠠᠶ᠋ᠢᠯ᠎ᠠ᠃
《ᠥᠨᠳᠥᠷ ᠪᠦᠲᠦᠮᠵᠢᠲᠡᠶ᠎ᠪᠠᠷ ᠨᠢᠭᠡ ᠶᠠᠪᠤᠳᠠᠯ᠎ᠢ ᠭᠦᠢ᠍ᠴᠡᠳᠭᠡᠭᠦ》 ᠪᠣᠯ ᠣᠯᠠᠨ ᠰᠠᠯᠠᠭ᠎ᠠ ᠮᠥᠴᠢᠷ᠎ᠤᠨ ᠬᠤᠯᠪᠣᠭ᠋ᠠᠯᠠᠭᠰᠠᠨ 《ᠨᠢᠭᠡ ᠲᠦᠷᠦᠯ᠎ᠤᠨ ᠶᠠᠪᠤᠳᠠᠯ》 ᠢ ᠡᠮᠬᠢᠯᠡᠨ ᠨᠡᠶ᠋ᠢᠯᠡᠭᠦᠯᠵᠦ᠂ ᠵᠥᠪᠬᠡᠨ ᠨᠢᠭᠡ ᠯᠡ ᠤᠳᠠᠭ᠎ᠠ᠎ᠳᠤ ᠭᠤᠶᠤᠴᠢᠯᠠᠯ᠎ᠤᠨ ᠮᠠᠲ᠋ᠧᠷᠢᠶᠠᠯ ᠵᠶ᠋ᠠᠨ ᠲᠤᠰᠢᠶᠠᠪᠠᠯ᠂ ᠣᠯᠠᠨ ᠰᠠᠯᠠᠭ᠎ᠠ ᠮᠥᠴᠢᠷ᠎ᠲᠤ ᠬᠤᠯᠪᠤᠭᠳᠠᠵᠤ ᠪᠠᠶ᠋ᠢᠭ᠎ᠠ ᠵᠦᠢ᠍ᠯᠡᠰ᠎ᠢ ᠰᠠᠯᠠᠭ᠎ᠠ ᠮᠥᠴᠢᠷ᠎ᠤᠨ ᠬᠤᠭᠤᠷᠣᠨᠳᠣ ᠲᠦᠷᠭᠡᠨ ᠡᠷᠭᠢᠯᠳᠦᠭᠦᠯᠭᠦᠪᠠᠷ ᠲᠠᠮᠵᠢᠨ 《ᠨᠢᠭᠡ ᠶᠠᠪᠤᠳᠠᠯ᠎ᠢ ᠨᠢᠭᠡ ᠯᠡ ᠤᠳᠠᠭ᠎ᠠ᠎ᠳᠤ ᠭᠦᠢ᠍ᠴᠡᠳᠬᠡᠬᠦ》 ᠵᠢ ᠦᠨᠡᠨ ᠬᠦ᠌ ᠪᠡᠶᠡᠯᠡᠭᠦᠯᠬᠦ ᠶᠠᠪᠤᠳᠠᠯ ᠪᠣᠯᠤᠨ᠎ᠠ᠃ ᠣᠳᠣᠬᠠᠨ᠎ᠳᠤ᠂ ᠥᠪᠥᠷ ᠮᠣᠩᠭᠤᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ ᠪᠠ 《ᠮᠥᠩᠬᠡ ᠰᠤᠪᠠᠭ》 APP᠎ᠨᠢ ᠴᠥᠮ 《ᠥᠨᠳᠥᠷ ᠪᠦᠲᠦᠮᠵᠢᠲᠡᠶ᠎ᠪᠠᠷ ᠨᠢᠭᠡ ᠶᠠᠪᠤᠳᠠᠯ᠎ᠢ ᠭᠦᠢ᠍ᠴᠡᠳᠬᠡᠬᠦ》 ᠲᠤᠰᠬᠠᠶ ᠲᠣᠭᠤᠷᠢᠭ ᠭᠠᠷᠭ᠋ᠠᠵᠤ᠂ ᠢᠳᠡᠭᠡᠨ ᠤᠮᠳᠠᠭ᠋ᠠᠨ᠎ᠤ ᠳᠡᠯᠭᠡᠭᠦᠷ ᠡᠵᠡᠩᠨᠡᠭᠦ᠂ ᠠᠵᠤ ᠠᠬᠤᠶ᠋ᠢᠯᠠᠯ᠎ᠤᠨ ᠳᠡᠩᠰᠡᠯᠡᠯᠲᠡ ᠵᠢ ᠬᠦᠴᠦᠨ ᠥᠬᠡᠶ ᠪᠣᠯᠭ᠋ᠠᠬᠤ᠂ ᠰᠤᠷᠭ᠋ᠠᠭᠤᠯᠢ᠎ᠳᠤ ᠣᠷᠣᠬᠤ ᠵᠡᠷᠭᠡ ᠠᠵᠤ ᠠᠬᠤᠶ᠋ᠢᠯᠠᠯ ᠪᠠ ᠤᠯᠠᠨ ᠲᠦᠮᠡᠨ᠎ᠳᠤ ᠬᠤᠯᠪᠤᠭᠳᠠᠭᠰᠠᠨ 13 ᠵᠦᠢ᠍ᠯᠡᠰ᠎ᠢ ᠪᠠᠭᠳᠠᠭ᠋ᠠᠵᠤ ᠪᠠᠶ᠋ᠢᠨ᠎ᠠ᠃ ᠡᠨᠡ ᠵᠢᠯ᠎ᠠᠴᠠ ᠨᠠᠰᠢ᠂ ᠪᠥᠬᠦ ᠬᠤᠲᠠ᠎ᠪᠠᠷ ᠵᠶ᠋ᠠᠨ 《ᠥᠨᠳᠥᠷ ᠪᠦᠲᠦᠮᠵᠢᠲᠡᠶ᠎ᠪᠠᠷ ᠨᠢᠭᠡ ᠶᠠᠪᠤᠳᠠᠯ᠎ᠢ ᠭᠦᠢ᠍ᠴᠡᠳᠬᠡᠬᠦ》 ᠴᠤᠩᠬᠤᠪᠴᠢ᠎ᠪᠠᠷ ᠲᠠᠮᠵᠢᠨ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠨᠡᠶ᠋ᠢᠳᠡ 30 ᠭᠠᠷᠤᠶ ᠲᠦᠮᠡᠨ ᠤᠴᠢᠷ ᠶᠠᠪᠤᠳᠠᠯ᠎ᠢ ᠰᠢᠢ᠍ᠳᠪᠦᠷᠢᠯᠡᠵᠦ᠂ ᠭᠦᠢ᠍ᠴᠡᠳᠭᠡᠬᠦ ᠭᠤᠭᠴᠤᠭ᠎ᠠ ᠵᠢ ᠳᠤᠮᠳᠠᠴᠢ᠎ᠪᠠᠷ 63.7%᠎ᠪᠠᠷ ᠪᠠᠭ᠋ᠠᠰᠬᠠᠵᠤ᠂ ᠭᠤᠶᠤᠴᠢᠯᠠᠬᠤ ᠮᠠᠲ᠋ᠧᠷᠢᠶᠠᠯ᠎ᠢ ᠳᠤᠮᠳᠠᠴᠢ᠎ᠪᠠᠷ 56.4%᠎ᠪᠠᠷ ᠪᠠᠭ᠋ᠠᠰᠬᠠᠵᠤ᠂ ᠭᠦᠢ᠍ᠴᠡᠳᠭᠡᠬᠦ ᠴᠠᠭ᠎ᠤᠨ ᠬᠢᠵᠠᠭ᠋ᠠᠷ᠎ᠢ ᠳᠤᠮᠳᠠᠴᠢ᠎ᠪᠠᠷ 55.7%᠎ᠪᠠᠷ ᠪᠤᠭᠤᠨᠢᠰᠬᠠᠵᠤ᠂ ᠠᠵᠤ ᠠᠬᠤᠶ᠋ᠢᠯᠠᠯ ᠪᠠ ᠣᠯᠠᠨ ᠲᠦᠮᠡᠨ᠎ᠤ ᠤᠴᠢᠷ ᠶᠠᠪᠤᠳᠠᠯ ᠭᠦᠢ᠍ᠴᠡᠳᠭᠡᠬᠦ ᠶᠠᠪᠤᠴᠠ ᠵᠢ ᠨᠠᠩ ᠲᠥᠬᠦᠮ ᠲᠦᠳᠡ᠂ ᠨᠠᠩ ᠥᠨᠳᠥᠷ ᠪᠦᠲᠦᠮᠵᠢᠲᠡᠶ ᠪᠤᠯᠭ᠋ᠠᠵᠤ ᠪᠠᠶ᠋ᠢᠨ᠎ᠠ᠃
ᠢᠷᠡᠯᠲᠡ᠄ ᠪᠠᠶᠠᠨᠨᠠᠭᠤᠷ᠎ᠤᠨ ᠮᠣᠩᠭᠤᠯ ᠷᠠᠳᠢᠣ᠋ ᠲᠧᠯᠸᠢᠰ