ᠰᠣᠨᠢᠨ ᠮᠡᠳᠡᠭᠡ   -   ᠲᠤᠰᠬᠠᠢ ᠮᠡᠳᠡᠭᠡᠯᠡᠯ

ᠲᠠᠯ᠎ᠠ ᠨᠤᠲᠤᠭ᠎ᠤᠨ ᠰᠣᠶᠣᠯ᠎ᠤᠨ ᠡᠬᠢ ᠪᠠᠶᠠᠯᠢᠭ ᠵᠶ᠋ᠠᠷ ᠤᠮᠠᠷᠠᠲᠤ ᠬᠢᠯᠢ ᠵᠢᠨ ᠰᠣᠶᠣᠯ᠎ᠤᠨ ᠠᠭᠤᠯᠤᠭᠳᠠᠬᠤᠨ᠎ᠢ ᠪᠠᠶᠠᠯᠢᠭᠵᠢᠭᠤᠯᠤᠶ᠎ᠠ

ᠨᠡᠶ᠋ᠢᠲᠡᠯᠡᠭᠰᠡᠨ ᠴᠠᠭ᠄   2024-08-20

                 ● ᠸᠠᠩ ᠬᠠᠢ ᠷᠦᠩ    
      ᠤᠮᠠᠷᠠᠲᠤ ᠬᠢᠯᠢ ᠵᠢᠨ ᠰᠣᠶᠣᠯ ᠪᠣᠯ ᠥᠪᠥᠷ ᠮᠣᠩᠭᠣᠯ ᠣᠷᠣᠨ᠎ᠤ ᠣᠯᠠᠨ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ ᠪᠠ ᠦᠢ᠍ᠯᠡᠳᠦᠯᠭᠡ ᠵᠢᠨ ᠳᠤᠮᠳᠠ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠡᠬᠡ ᠤᠯᠤᠰ᠎ᠤᠨ ᠬᠢᠯᠢ ᠬᠢᠵᠠᠭ᠋ᠠᠷ ᠵᠶ᠋ᠠᠨ ᠬᠠᠮᠲᠤ᠎ᠪᠠᠷ ᠰᠠᠬᠢᠨ ᠬᠠᠮᠠᠭ᠋ᠠᠯᠠᠵᠤ᠂ ᠰᠠᠢ᠌ᠨ ᠰᠠᠢ᠌ᠬᠠᠨ ᠠᠮᠢᠳᠤᠷᠠᠯ ᠵᠶ᠋ᠠᠨ ᠬᠠᠮᠲᠤ᠎ᠪᠠᠷ ᠴᠣᠭᠴᠠᠯᠠᠨ ᠪᠠᠶ᠋ᠢᠭᠤᠯᠬᠤ ᠠᠮᠢᠳᠤᠯᠢᠭ ᠦᠢ᠍ᠯᠡᠳᠦᠯᠭᠡ ᠵᠢᠨ ᠳᠤᠮᠳᠠ᠂ ᠮᠣᠩᠭᠣᠯ ᠮᠣᠷᠢᠨ᠎ᠤ ᠵᠣᠷᠢᠭ ᠰᠠᠨᠠᠭ᠎ᠠ ᠪᠣᠯᠣᠨ 《ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠬᠠᠮᠲᠤ᠎ᠪᠠᠷ ᠪᠠᠳᠠᠷᠠᠭᠤᠯᠬᠤ ᠪᠣᠳᠠᠲᠠᠢ ᠦᠢ᠍ᠯᠡᠳᠦᠯᠭᠡ ᠵᠢᠨ ᠳᠤᠮᠳᠠ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠴᠣᠭᠴᠠᠯᠠᠬᠤ᠎ᠪᠠᠷ ᠭᠣᠣᠯ ᠰᠢᠵᠢᠮ ᠪᠤᠯᠭ᠋ᠠᠬᠰᠠᠨ ᠢᠳᠡᠪᠬᠢᠲᠡᠢ ᠦᠢ᠍ᠯᠡᠳᠦᠯᠭᠡ ᠵᠢᠨ ᠳᠤᠮᠳᠠ ᠪᠦᠷᠢᠯᠳᠦᠭᠰᠡᠨ ᠰᠣᠶᠣᠯ ᠮᠥᠨ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠪᠠᠷ ᠡᠭᠦᠳᠦᠨ ᠪᠦᠲᠦᠭᠡᠭᠰᠡᠨ ᠰᠣᠶᠣᠯ ᠮᠥᠨ᠂ ᠳᠤᠮᠳᠠᠳᠤ ᠵᠢᠨ ᠰᠣᠶᠣᠯ᠎ᠤᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ ᠤᠮᠠᠷᠠᠲᠤ ᠬᠢᠯᠢ ᠵᠢᠨ ᠰᠣᠶᠣᠯ᠎ᠤᠨ ᠲᠦᠷᠦᠯ ᠲᠡᠮᠳᠡᠭ ᠪᠣᠯ ᠥᠪᠥᠷ ᠮᠣᠩᠭᠣᠯ᠎ᠤᠨ ᠭᠠᠵᠠᠷ ᠣᠷᠣᠨ᠎ᠤ ᠰᠣᠶᠣᠯ᠎ᠤᠨ ᠲᠡᠮᠳᠡᠭ ᠮᠥᠨ᠂ ᠥᠪᠥᠷ ᠮᠣᠩᠭᠣᠯ᠎ᠤᠨ ᠣᠨᠴᠠᠭ᠋ᠠᠢ ᠭᠠᠵᠠᠷ ᠣᠷᠣᠨ᠎ᠤ ᠴᠢᠨᠠᠷᠲᠠᠢ ᠰᠣᠶᠣᠯ᠎ᠤᠨ ᠲᠦᠷᠦᠯ ᠲᠡᠮᠳᠡᠭ ᠮᠥᠨ᠃ ᠤᠮᠠᠷᠠᠲᠤ ᠬᠢᠯᠢ ᠵᠢᠨ ᠰᠣᠶᠣᠯ᠎ᠤᠨ ᠲᠦᠷᠦᠯ ᠲᠡᠮᠳᠡᠭ᠎ᠢ ᠡᠭᠦᠳᠬᠦ ᠪᠣᠯ ᠳᠠᠷᠤᠢ ᠰᠣᠶᠣᠯ᠎ᠤᠨ ᠪᠠᠢ᠌ᠭᠤᠯᠤᠯᠲᠠ ᠵᠢ ᠠᠬᠢᠭᠤᠯᠵᠤ᠂ ᠰᠣᠶᠣᠯ᠎ᠤᠨ ᠲᠠᠨᠢᠯᠲᠠ ᠵᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠪᠠᠢ᠌ᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠴᠣᠭᠴᠠᠯᠠᠬᠤ ᠵᠢᠨ ᠲᠥᠯᠥᠭᠡ ᠶᠤᠮ᠂ ᠳᠠᠷᠤᠢ ᠰᠣᠶᠣᠯ᠎ᠤᠨ ᠰᠢᠨ᠎ᠡ ᠡᠭᠦᠷᠭᠡ ᠵᠢ ᠨᠡᠩ ᠰᠠᠢ᠌ᠲᠤᠷ ᠡᠭᠦᠷᠭᠡᠯᠡᠵᠦ᠂ ᠳᠤᠮᠳᠠᠳᠤ ᠵᠢᠨ ᠦᠨᠳᠦᠰᠦᠲᠡᠨ᠎ᠤ ᠤᠳᠤ ᠦᠶ᠎ᠡ ᠵᠢᠨ ᠪᠣᠯᠪᠠᠰᠤᠨ᠎ᠢ ᠪᠠᠶ᠋ᠢᠭᠤᠯᠬᠤ ᠭᠡᠷᠡᠭᠲᠡᠢ᠂ ᠳᠠᠷᠤᠢ ᠳᠡᠯᠡᠬᠡᠢ ᠳ᠋ᠠᠬᠢᠨ᠎ᠳᠤ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠳᠡᠯᠭᠡᠨ ᠦᠵᠡᠭᠦᠯᠭᠦ ᠪᠠ ᠤᠯᠠᠮᠵᠢᠯᠠᠨ ᠳᠡᠯᠭᠡᠷᠡᠭᠦᠯᠵᠦ᠂ ᠳᠡᠯᠡᠬᠡᠢ ᠵᠢᠨ ᠲᠠᠪᠴᠠᠩ ᠳᠡᠭᠡᠷ᠎ᠡ ᠳᠤᠮᠳᠠᠳᠤ ᠤᠯᠤᠰ᠎ᠤᠨ ᠰᠣᠶᠣᠯ᠎ᠢ ᠤᠯᠠᠮᠵᠢᠯᠠᠨ ᠳᠡᠯᠭᠡᠷᠡᠭᠦᠯᠵᠦ᠂ ᠳᠤᠮᠳᠠᠳᠤ ᠤᠯᠤᠰ᠎ᠤᠨ ᠲᠠᠭᠤᠨ᠎ᠢ ᠬᠠᠩᠭᠢᠨᠠᠭᠤᠯᠬᠤ ᠦᠢ᠍ᠯᠡᠳᠦᠯᠭᠡᠵᠢᠭᠦᠯᠦᠭᠴᠢ ᠪᠤᠯᠬᠤ ᠵᠢᠨ ᠲᠥᠯᠥᠭᠡ ᠶᠤᠮ᠃           
      ᠲᠠᠯ᠎ᠠ ᠨᠤᠲᠤᠭ᠎ᠤᠨ ᠰᠣᠶᠣᠯ ᠪᠣᠯ ᠤᠮᠠᠷᠠᠲᠤ ᠬᠢᠯᠢ ᠵᠢᠨ ᠰᠣᠶᠣᠯ᠎ᠤᠨ ᠴᠢᠬᠤᠯᠠ ᠪᠦᠷᠢᠯᠳᠦᠭᠦᠨ ᠬᠡᠰᠡᠭ ᠮᠥᠨ           
      ᠲᠠᠯ᠎ᠠ ᠨᠤᠲᠤᠭ᠎ᠤᠨ ᠰᠣᠶᠣᠯ ᠪᠣᠯ ᠤᠮᠠᠷᠠᠲᠤ ᠬᠢᠯᠢ ᠵᠢᠨ ᠰᠣᠶᠣᠯ᠎ᠤᠨ ᠴᠢᠬᠤᠯᠠ ᠪᠦᠷᠢᠯᠳᠦᠭᠦᠨ ᠬᠡᠰᠡᠭ ᠮᠥᠨ᠂ ᠲᠡᠭᠦᠨ᠎ᠤ ᠭᠣᠣᠯ ᠠᠭᠤᠯᠭ᠎ᠠ ᠵᠢᠨ ᠨᠢᠭᠡ ᠮᠥᠨ᠂ ᠳᠤᠮᠳᠠᠳᠤ ᠵᠢᠨ ᠰᠣᠶᠣᠯ᠎ᠤᠨ ᠴᠢᠬᠤᠯᠠ ᠪᠦᠷᠢᠯᠳᠦᠭᠦᠨ ᠬᠡᠰᠡᠭ ᠮᠥᠨ᠃ ᠲᠠᠯ᠎ᠠ ᠨᠤᠲᠤᠭ᠎ᠤᠨ ᠰᠣᠶᠣᠯ᠎ᠨᠢ ᠬᠠᠲᠤᠨ ᠭᠣᠣᠯ᠎ᠤᠨ ᠰᠣᠶᠣᠯ᠂ ᠣᠷᠳᠣ ᠴᠠᠭ᠋ᠠᠨ ᠬᠡᠷᠡᠮ᠎ᠤᠨ ᠰᠣᠶᠣᠯ᠂ ᠲᠠᠷᠢᠶᠠᠯᠠᠬᠤ ᠰᠣᠶᠣᠯ ᠵᠡᠷᠭᠡ ᠪᠤᠰᠤᠳ ᠭᠠᠵᠠᠷ ᠣᠷᠣᠨ᠎ᠤ ᠰᠣᠶᠣᠯ᠎ᠲᠠᠢ ᠠᠭᠤᠰᠤᠯᠴᠠᠵᠤ᠂ ᠤᠮᠠᠷᠠᠲᠤ ᠬᠢᠯᠢ ᠵᠢᠨ ᠰᠣᠶᠣᠯ᠎ᠢ ᠬᠠᠮᠲᠤ᠎ᠪᠠᠷ ᠪᠤᠶ ᠪᠣᠯᠭ᠋ᠠᠨ ᠪᠠᠶᠠᠯᠢᠭᠵᠢᠭᠤᠯᠵᠤ᠂ ᠤᠮᠠᠷᠠᠲᠤ ᠬᠢᠯᠢ ᠵᠢᠨ ᠰᠣᠶᠣᠯ᠎ᠤᠨ ᠠᠭᠤᠯᠭ᠎ᠠ ᠪᠠ ᠠᠭᠤᠯᠤᠭᠳᠠᠬᠤᠨ᠎ᠢ ᠨᠠᠩ ᠪᠠᠶᠠᠯᠢᠭ᠂ ᠪᠦᠷᠢᠨ ᠲᠡᠭᠦᠯᠳᠡᠷ ᠪᠣᠯᠭ᠋ᠠᠵᠠᠢ᠃ ᠲᠠᠯ᠎ᠠ ᠨᠤᠲᠤᠭ᠎ᠤᠨ ᠰᠣᠶᠣᠯ ᠪᠣᠯ ᠤᠮᠠᠷᠠᠲᠤ ᠬᠢᠯᠢ ᠵᠢᠨ ᠰᠣᠶᠣᠯ᠎ᠤᠨ ᠠᠭᠤᠯᠬᠤᠨ᠂ ᠣᠨᠴᠠᠯᠢᠭ ᠰᠢᠨᠵᠢ᠂ ᠬᠥᠭᠵᠢᠯᠲᠡ ᠵᠢᠨ ᠪᠠᠢ᠌ᠳᠠᠯ᠎ᠢ ᠬᠠᠮᠤᠭ᠎ᠠᠴᠠ ᠰᠠᠢ᠌ᠨ ᠲᠤᠰᠬᠠᠵᠤ ᠴᠢᠳᠠᠬᠤ ᠬᠡᠰᠡᠭ ᠮᠥᠨ᠂ ᠨᠡᠩ ᠴᠤ᠌ ᠤᠮᠠᠷᠠᠲᠤ ᠬᠢᠯᠢ ᠵᠢᠨ ᠰᠣᠶᠣᠯ᠎ᠤᠨ ᠡᠯᠪᠡᠭ ᠳᠡᠯᠪᠡᠭ ᠲᠡᠦᠬᠡ ᠵᠢᠨ ᠬᠤᠷᠠᠮᠳᠤᠯ᠎ᠢ ᠢᠯᠡᠷᠡᠭᠦᠯᠵᠦ ᠪᠠᠢ᠌ᠳᠠᠭ᠃     
      ᠲᠠᠯ᠎ᠠ ᠨᠤᠲᠤᠭ᠎ᠤᠨ ᠰᠣᠶᠣᠯ ᠤᠮᠠᠷᠠᠲᠤ ᠬᠢᠯᠢ ᠵᠢᠨ ᠰᠣᠶᠣᠯ᠎ᠤᠨ ᠤᠯᠠᠨ ᠦᠨᠳᠦᠰᠦᠲᠡᠨ᠎ᠤ ᠶᠡᠬᠡ ᠠᠭᠤᠰᠤᠯᠴᠠᠯ᠎ᠤᠨ ᠨᠡᠢ᠌ᠲᠡᠯᠢᠭ ᠣᠨᠴᠠᠯᠢᠭ᠎ᠢ ᠬᠤᠷᠢᠶᠠᠩᠭᠤᠢ᠌ᠯᠠᠨ ᠲᠤᠰᠬᠠᠵᠤ ᠪᠠᠢ᠌ᠳᠠᠭ᠃ ᠲᠠᠯ᠎ᠠ ᠨᠤᠲᠤᠭ᠎ᠤᠨ ᠰᠣᠶᠣᠯ ᠪᠣᠯ ᠤᠯᠠᠨ ᠦᠨᠳᠦᠰᠦᠲᠡᠨ᠂ ᠤᠯᠠᠨ ᠭᠠᠵᠠᠷ ᠣᠷᠣᠨ᠂ ᠤᠯᠠᠨ ᠰᠣᠶᠣᠯ᠎ᠤᠨ ᠭᠡᠯᠪᠡᠷᠢ ᠪᠠᠢ᠌ᠳᠠᠯ ᠵᠶ᠋ᠠᠷ ᠪᠦᠷᠢᠯᠳᠦᠭᠰᠡᠨ ᠨᠡᠢ᠌ᠯᠡᠮᠡᠯ ᠮᠠᠶᠢᠭ᠎ᠤᠨ ᠰᠣᠶᠣᠯ ᠪᠣᠯᠣᠨ᠎ᠠ᠃᠃     
      ᠲᠠᠯ᠎ᠠ ᠨᠤᠲᠤᠭ᠎ᠤᠨ ᠰᠣᠶᠣᠯ ᠪᠣᠯ ᠤᠮᠠᠷᠠᠲᠤ ᠬᠢᠯᠢ ᠵᠢᠨ ᠰᠣᠶᠣᠯ ᠤᠶᠤᠨ ᠰᠠᠨᠠᠭ᠋ᠠᠨ᠎ᠤ ᠭᠡᠷ ᠣᠷᠣᠨ᠎ᠢ ᠰᠠᠬᠢᠨ ᠪᠠᠷᠠᠯᠠᠭᠴᠢ ᠮᠥᠨ᠃ ᠲᠠᠯ᠎ᠠ ᠨᠤᠲᠤᠭ᠎ᠤᠨ ᠰᠣᠶᠣᠯ ᠪᠣᠯ ᠤᠮᠠᠷᠠᠲᠤ ᠬᠢᠯᠢ ᠵᠢᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠡᠷᠬᠡ ᠲᠡᠭᠰᠢ ᠪᠦᠯᠬᠦᠮᠳᠡᠯ᠎ᠲᠠᠢ ᠬᠠᠷᠢᠯᠴᠠᠨ ᠬᠠᠪᠰᠤᠷᠤᠯᠴᠠᠬᠤ ᠡᠶ᠎ᠡ ᠵᠣᠬᠢᠴᠠᠯ᠎ᠲᠠᠢ ᠪᠠᠢ᠌ᠬᠤ ᠦᠵᠡᠯ ᠰᠠᠨᠠᠭ᠎ᠠ ᠵᠢ ᠪᠠᠲᠤ ᠪᠡᠬᠢ ᠪᠤᠢ ᠪᠤᠯᠭ᠋ᠠᠵᠤ᠂ ᠦᠨᠳᠦᠰᠦᠲᠡᠨ᠎ᠨᠦᠭᠦᠳ᠎ᠤᠨ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠬᠠᠮᠲᠤ᠎ᠪᠠᠷ ᠴᠣᠭᠴᠠᠯᠠᠨ ᠪᠠᠶ᠋ᠢᠭᠤᠯᠬᠤ ᠠᠮᠢᠳᠤᠯᠢᠭ ᠦᠢ᠍ᠯᠡᠳᠦᠯᠭᠡ ᠵᠢᠨ ᠳᠤᠮᠳᠠ ᠪᠦᠷᠢᠯᠳᠦᠭᠰᠡᠨ ᠰᠣᠶᠣᠯ ᠮᠥᠨ᠂ ᠤᠮᠠᠷᠠᠲᠤ ᠬᠢᠯᠢ ᠵᠢᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠤᠶᠤᠨ ᠪᠢᠯᠢᠭ᠎ᠤᠨ ᠤᠭᠢ ᠪᠦᠲᠦᠭᠡᠯ ᠮᠥᠨ᠃ ᠲᠠᠯ᠎ᠠ ᠨᠤᠲᠤᠭ᠎ᠤᠨ ᠰᠣᠶᠣᠯ᠎ᠤᠨ ᠪᠠᠷᠢᠮᠲᠠᠯᠠᠵᠤ ᠪᠠᠢ᠌ᠭ᠎ᠠ 《ᠪᠠᠢ᠌ᠭ᠋ᠠᠯᠢ ᠵᠢ ᠡᠷᠬᠢᠮᠯᠡᠨ ᠳᠡᠭᠡᠳᠦᠯᠡᠵᠦ᠂ ᠨᠡᠭᠡᠭᠡᠯᠲᠡ ᠵᠢ ᠦᠢ᠍ᠯᠡᠳᠦᠯᠭᠡᠵᠢᠭᠦᠯᠵᠦ᠂ ᠢᠲᠡᠭᠡᠯ ᠵᠢᠷᠤᠮ᠎ᠢ ᠬᠢᠴᠢᠶᠡᠩᠭᠦᠢ᠌ᠯᠡᠨ ᠰᠠᠬᠢᠬᠤ》 ᠣᠢ᠌ᠯᠠᠭ᠋ᠠᠭᠳᠠᠬᠤᠨ ᠨᠡᠢ᠌ᠭᠡᠮ ᠵᠢᠷᠤᠮ᠎ᠤᠨ ᠭᠣᠣᠯᠯᠠᠭᠴᠢ ᠥᠷᠲᠡᠭ᠎ᠤᠨ ᠦᠵᠡᠯᠲᠡ ᠵᠢᠨ ᠦᠨᠳᠦᠰᠦᠲᠡᠨ᠎ᠤ ᠭᠠᠵᠠᠷ ᠣᠷᠣᠨ᠎ᠳᠠᠬᠢ ᠢᠯᠡᠳᠬᠡᠬᠦ ᠪᠠ ᠦᠢ᠍ᠯᠡᠳᠦᠯᠭᠡᠵᠢᠭᠦᠯᠬᠦ ᠠᠷᠭ᠎ᠠ ᠮᠠᠶᠢᠭ᠎ᠢ ᠰᠢᠨ᠎ᠡ᠎ᠪᠠᠷ ᠡᠭᠦᠳᠦᠨ ᠥᠷᠭᠡᠳᠬᠡᠵᠦ᠂ ᠳᠤᠮᠳᠠᠳᠤ ᠵᠢᠨ ᠦᠨᠳᠦᠰᠦᠲᠡᠨ᠎ᠤ ᠣᠨᠴᠠᠭ᠋ᠠᠢ ᠴᠢᠨᠠᠷ ᠪᠠ ᠲᠥᠷᠥᠯᠬᠢ ᠠᠪᠢᠶᠠᠰ᠎ᠢ ᠠᠮᠢᠳᠤᠯᠢᠭ ᠵᠶ᠋ᠠᠷ ᠢᠯᠡᠷᠡᠭᠦᠯᠦᠨ ᠲᠠᠢ᠌ᠯᠪᠤᠷᠢᠯᠠᠪᠠ᠂ ᠡᠨᠡ ᠪᠣᠯ ᠲᠠᠯ᠎ᠠ ᠨᠤᠲᠤᠭ᠎ᠤᠨ ᠰᠣᠶᠣᠯ᠎ᠤᠨ ᠤᠮᠠᠷᠠᠲᠤ ᠬᠢᠯᠢ ᠵᠢᠨ ᠰᠣᠶᠣᠯ᠎ᠤᠨ ᠡᠯᠪᠡᠭ ᠪᠠᠶᠠᠯᠢᠭ ᠠᠭᠤᠯᠤᠭᠳᠠᠬᠤᠨ᠎ᠳᠤ ᠦᠵᠡᠭᠦᠯᠦᠭᠰᠡᠨ ᠡᠭᠦᠳᠦᠯᠲᠡ ᠪᠠ ᠬᠤᠪᠢ ᠨᠡᠮᠡᠷᠢ ᠪᠣᠯᠣᠨ᠎ᠠ᠂ ᠤᠮᠠᠷᠠᠲᠤ ᠬᠢᠯᠢ ᠵᠢᠨ ᠰᠣᠶᠣᠯ᠎ᠤᠨ ᠥᠪᠡᠷᠮᠢᠴᠡ ᠤᠶᠤᠨ ᠰᠠᠨᠠᠭ᠋ᠠᠨ᠎ᠤ ᠬᠡᠪ ᠴᠢᠨᠠᠷ᠎ᠢ ᠪᠦᠭᠦ ᠲᠠᠯ᠎ᠠ᠎ᠪᠠᠷ ᠳᠡᠭᠡᠭᠰᠢᠯᠡᠭᠦᠯᠦᠭᠰᠡᠨ ᠪᠥᠭᠡᠳ ᠪᠠᠰᠠ ᠴᠤ᠌ ᠲᠠᠯ᠎ᠠ ᠨᠤᠲᠤᠭ᠎ᠤᠨ ᠰᠣᠶᠣᠯ᠎ᠤᠨ ᠤᠮᠠᠷᠠᠲᠤ ᠬᠢᠯᠢ ᠵᠢᠨ ᠰᠣᠶᠣᠯ᠎ᠳᠠᠬᠢ ᠥᠪᠡᠷᠮᠢᠴᠡ ᠣᠨᠴᠠᠯᠢᠭ ᠪᠣᠯᠣᠨ᠎ᠠ᠃     
      ᠲᠠᠯ᠎ᠠ ᠨᠤᠲᠤᠭ᠎ᠤᠨ ᠰᠣᠶᠣᠯ ᠤᠮᠠᠷᠠᠲᠤ ᠬᠢᠯᠢ ᠵᠢᠨ ᠰᠣᠶᠣᠯ᠎ᠤᠨ ᠦᠨᠳᠦᠰᠦᠨ ᠵᠣᠷᠢᠭ ᠰᠠᠨᠠᠭ᠎ᠠ ᠵᠢ ᠬᠢᠴᠢᠶᠡᠩᠭᠦᠢ᠌ᠯᠡᠨ ᠰᠠᠬᠢᠵᠤ ᠬᠥᠭᠵᠢᠭᠦᠯᠪᠡ᠃ ᠮᠣᠩᠭᠣᠯ ᠮᠣᠷᠢᠨ᠎ᠤ ᠵᠣᠷᠢᠭ ᠰᠠᠨᠠᠭ᠎ᠠ ᠪᠠ 《ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ》᠎ᠨᠢ ᠠᠵᠢᠯᠯᠠᠬᠣ ᠵᠣᠷᠢᠭ᠂ ᠴᠢᠷᠮᠠᠢ᠌ᠬᠤ ᠵᠣᠷᠢᠭ᠂ ᠲᠡᠰᠪᠦᠷᠢᠯᠡᠬᠦ ᠵᠣᠷᠢᠭ᠎ᠲᠠᠢ ᠪᠠᠢ᠌ᠬᠤ ᠵᠢ ᠴᠢᠬᠤᠯᠠᠴᠢᠯᠠᠳᠠᠭ᠂ ᠳᠤᠮᠳᠠᠳᠤ ᠵᠢᠨ ᠦᠨᠳᠦᠰᠦᠲᠡᠨ᠎ᠤ ᠵᠣᠷᠢᠭ ᠰᠠᠨᠠᠭ᠋ᠠᠨ᠎ᠤ ᠴᠢᠬᠤᠯᠠ ᠪᠦᠷᠢᠯᠳᠦᠭᠦᠨ ᠬᠡᠰᠡᠭ ᠮᠥᠨ᠂ ᠨᠡᠢ᠌ᠭᠡᠮ ᠵᠢᠷᠤᠮ᠎ᠤᠨ ᠭᠣᠣᠯᠯᠠᠭᠴᠢ ᠥᠷᠲᠡᠭ᠎ᠤᠨ ᠦᠵᠡᠯᠲᠡ ᠵᠢᠨ ᠥᠪᠥᠷ ᠮᠣᠩᠭᠣᠯ ᠣᠷᠣᠨ᠎ᠳᠠᠬᠢ ᠠᠮᠢᠳᠤᠯᠢᠭ ᠪᠣᠳᠠᠲᠤ ᠪᠠᠢ᠌ᠳᠠᠯ ᠮᠥᠨ᠂ ᠲᠠᠯ᠎ᠠ ᠨᠤᠲᠤᠭ᠎ᠤᠨ ᠦᠨᠳᠦᠰᠦᠲᠡᠨ᠎ᠤ ᠵᠣᠷᠢᠭ ᠰᠠᠨᠠᠭ᠋ᠠᠨ᠎ᠤ ᠲᠤᠬᠠᠢ ᠨᠢᠭᠡ ᠵᠦᠢ᠍ᠯ᠎ᠤᠨ ᠲᠣᠬᠢᠷᠠᠮᠵᠢᠲᠠᠢ ᠵᠦᠢ᠍ᠷᠯᠡᠯ ᠮᠥᠨ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠳᠤ ᠲᠠᠯᠪᠢᠭᠰᠠᠨ ᠭᠦᠨ ᠵᠤᠵᠠᠭ᠋ᠠᠨ ᠬᠠᠢ᠌ᠷ᠎ᠠ ᠰᠡᠳᠬᠢᠯᠭᠡ ᠪᠠ ᠴᠢᠩ ᠰᠡᠳᠬᠢᠯ᠎ᠤᠨ ᠬᠦᠰᠡᠯ ᠨᠠᠶ᠋ᠢᠳᠠᠯᠭ᠎ᠠ ᠵᠢ ᠠᠴᠢᠶᠠᠯᠠᠵᠤ᠂ ᠲᠠᠯ᠎ᠠ ᠨᠤᠲᠤᠭ᠎ᠤᠨ ᠬᠥᠪᠡᠭᠦᠳ ᠥᠬᠢᠳ᠎ᠤᠨ ᠵᠠᠮ ᠨᠡᠭᠡᠭᠡᠨ ᠤᠷᠤᠭᠰᠢᠯᠠᠬᠤ᠂ ᠴᠤᠴᠠᠯᠲᠠ ᠦᠭᠡᠢ ᠤᠷᠤᠭᠰᠢᠯᠠᠬᠤ᠂ ᠦᠨᠡᠨᠴᠢ ᠰᠢᠳᠤᠷᠭᠤ᠎ᠪᠠᠷ ᠬᠤᠪᠢ ᠨᠡᠮᠡᠷᠢ ᠦᠵᠡᠭᠦᠯᠭᠦ ᠵᠣᠷᠢᠭ ᠰᠠᠨᠠᠭ᠋ᠠᠨ᠎ᠤ ᠬᠡᠪ ᠴᠢᠨᠠᠷ᠎ᠢ ᠨᠠᠷᠢᠨ ᠣᠨᠣᠪᠴᠢᠲᠠᠢ ᠲᠠᠢ᠌ᠯᠪᠤᠷᠢᠯᠠᠵᠠᠢ᠂ ᠡᠨᠡ ᠪᠣᠯ ᠰᠢᠨ᠎ᠡ ᠴᠠᠭ ᠦᠶ᠎ᠡ᠎ᠳᠤ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠬᠦᠴᠦᠷᠬᠡᠭ ᠶᠡᠬᠡ ᠤᠶᠤᠨ ᠰᠠᠨᠠᠭ᠋ᠠᠨ᠎ᠤ ᠬᠦᠴᠦᠨ ᠮᠥᠨ᠃     
      ᠲᠠᠯ᠎ᠠ ᠨᠤᠲᠤᠭ᠎ᠤᠨ ᠰᠣᠶᠣᠯ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠦᠵᠡᠯ ᠰᠠᠨᠠᠭ᠋ᠠᠨ᠎ᠤ ᠰᠠᠭᠤᠷᠢ ᠮᠥᠨ᠃ ᠲᠠᠯ᠎ᠠ ᠨᠤᠲᠤᠭ᠎ᠤᠨ ᠰᠣᠶᠣᠯ ᠬᠢᠭᠡᠳ ᠵᠦᠩᠶᠤᠸᠠᠨ ᠣᠷᠣᠨ᠎ᠤ ᠰᠣᠶᠣᠯ ᠤᠷᠳᠤ ᠬᠤᠭᠤᠴᠠᠭ᠎ᠠ᠎ᠪᠠᠷ ᠮᠥᠷᠭᠥᠯᠳᠦᠵᠦ᠂ ᠰᠣᠯᠢᠯᠴᠠᠵᠤ᠂ ᠰᠢᠩᠭᠡᠬᠡᠨ ᠠᠪᠴᠤ᠂ ᠠᠭᠤᠰᠤᠯᠴᠠᠵᠤ᠂ ᠳᠤᠮᠳᠠᠳᠤ ᠤᠯᠤᠰ᠎ᠤᠨ ᠨᠢᠭᠡᠳᠦᠭᠰᠡᠨ ᠤᠯᠠᠨ ᠦᠨᠳᠦᠰᠦᠲᠡᠨ᠎ᠲᠠᠢ ᠤᠯᠤᠰ᠎ᠤᠨ ᠪᠦᠷᠢᠯᠳᠦᠨ ᠪᠡᠬᠢᠵᠢᠬᠦ᠂ ᠳᠤᠮᠳᠠᠳᠤ ᠵᠢᠨ ᠰᠣᠶᠣᠯ᠎ᠢ ᠤᠯᠠᠮᠵᠢᠯᠠᠨ ᠬᠥᠭᠵᠢᠭᠦᠯᠬᠦ᠎ᠳᠤ ᠲᠣᠪᠣᠢ᠌ᠮ᠎ᠠ ᠬᠤᠪᠢ ᠨᠡᠮᠡᠷᠢ ᠦᠵᠡᠭᠦᠯᠦᠭᠰᠡᠨ ᠪᠠᠢ᠌ᠨ᠎ᠠ᠃ ᠤᠮᠠᠷᠠᠲᠤ ᠬᠢᠯᠢ ᠵᠢᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠪᠠᠷ ᠡᠭᠦᠳᠦᠨ ᠪᠦᠲᠦᠭᠡᠭᠰᠡᠨ ᠲᠠᠯ᠎ᠠ ᠨᠤᠲᠤᠭ᠎ᠤᠨ ᠰᠣᠶᠣᠯ ᠪᠣᠯ ᠤᠮᠠᠷᠠᠲᠤ ᠬᠢᠯᠢ ᠵᠢᠨ ᠭᠠᠵᠠᠷ ᠣᠷᠣᠨ᠎ᠤ ᠤᠯᠠᠨ ᠦᠨᠳᠦᠰᠦᠲᠡᠨ᠎ᠤ ᠶᠡᠬᠡ ᠠᠭᠤᠰᠤᠯᠴᠠᠯ᠂ ᠳᠤᠮᠳᠠᠳᠤ ᠵᠢᠨ ᠰᠣᠶᠣᠯ ᠪᠣᠯᠣᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠯᠠᠨ ᠡᠰᠢᠲᠦ ᠨᠢᠭᠡ ᠴᠣᠭᠴᠠᠵᠢᠯᠲᠠ ᠵᠢᠨ ᠣᠨᠴᠠᠯᠢᠭ᠎ᠤᠨ ᠠᠮᠢᠳᠤᠯᠢᠭ ᠢᠯᠡᠷᠡᠭᠦᠯᠦᠯ ᠮᠥᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠪᠠᠲᠤ ᠪᠡᠬᠢ ᠦᠵᠡᠯ ᠰᠠᠨᠠᠭ᠋ᠠᠨ᠎ᠤ ᠰᠠᠭᠤᠷᠢ ᠮᠥᠨ᠃           
      ᠲᠠᠯ᠎ᠠ ᠨᠤᠲᠤᠭ᠎ᠤᠨ ᠰᠣᠶᠣᠯ᠎ᠤᠨ ᠠᠮᠢ ᠠᠬᠤᠢ ᠵᠢᠨ ᠴᠢᠨᠠᠷ ᠤᠮᠠᠷᠠᠲᠤ ᠬᠢᠯᠢ ᠵᠢᠨ ᠰᠣᠶᠣᠯ᠎ᠳᠤ ᠥᠪᠡᠷᠮᠢᠴᠡ ᠥᠩᠭᠡ ᠪᠤᠳᠤᠭ ᠨᠡᠮᠡᠷᠢᠯᠡᠪᠡ           
      ᠠᠮᠢ ᠠᠬᠤᠢ ᠵᠢᠨ ᠴᠢᠨᠠᠷ ᠪᠣᠯ ᠲᠠᠯ᠎ᠠ ᠨᠤᠲᠤᠭ᠎ᠤᠨ ᠰᠣᠶᠣᠯ᠎ᠤᠨ ᠬᠠᠮᠤᠭ᠎ᠤᠨ ᠢᠯᠡᠷᠬᠡᠢ ᠣᠨᠴᠠᠯᠢᠭ ᠪᠠ ᠰᠢᠨᠵᠢ ᠴᠢᠨᠠᠷ ᠪᠣᠯᠣᠨ᠎ᠠ᠃ ᠣᠨᠴᠠᠭ᠋ᠠᠶ ᠣᠷᠣᠰᠢᠨ ᠠᠮᠢᠳᠤᠷᠠᠬᠤ ᠣᠷᠴᠢᠨ ᠲᠣᠭᠣᠷᠢᠨ᠂ ᠠᠮᠢᠳᠤᠷᠠᠯ᠎ᠤᠨ ᠬᠡᠪ ᠵᠠᠭᠪᠤᠷ᠎ᠠᠴᠠ ᠪᠣᠯᠵᠤ᠂ ᠲᠠᠯ᠎ᠠ ᠨᠤᠲᠤᠭ᠎ᠤᠨ ᠦᠨᠳᠦᠰᠦᠲᠡᠨ ᠡᠷᠲᠡᠨ᠎ᠠᠴᠠ᠎ᠪᠠᠨ ᠠᠪᠤᠭ᠋ᠠᠳ ᠦᠢ᠍ᠯᠡᠳᠪᠦᠷᠢᠯᠡᠯ᠂ ᠠᠮᠢᠳᠤᠷᠠᠯ᠎ᠤᠨ ᠠᠷᠭ᠎ᠠ ᠮᠠᠶᠢᠭ ᠪᠠ ᠣᠶᠤᠨ ᠰᠠᠨᠠᠭ᠋ᠠᠨ᠎ᠤ ᠢᠲᠡᠭᠡᠯ ᠪᠢᠰᠢᠷᠡᠯ᠂ ᠰᠣᠶᠣᠯ᠎ᠤᠨ ᠰᠡᠳᠬᠢᠴᠡ᠂ ᠥᠷᠲᠡᠭ᠎ᠤᠨ ᠣᠢ᠌ᠯᠠᠭ᠋ᠠᠭᠳᠠᠬᠤᠨ᠂ ᠪᠣᠳᠠᠰ᠎ᠤᠨ ᠬᠥᠭᠡᠭᠡᠴᠡᠯᠳᠦᠯ᠂ ᠭᠤᠸ᠎ᠠ ᠰᠠᠢ᠌ᠬᠠᠨ᠎ᠤ ᠤᠷᠠᠯᠢᠭ ᠵᠡᠷᠭᠡ ᠡᠯ᠎ᠡ ᠳᠠᠪᠬᠤᠷᠭ᠎ᠠ᠎ᠳᠤ ᠪᠠᠢ᠌ᠭ᠋ᠠᠯᠢ ᠵᠢ ᠡᠷᠭᠢᠮᠯᠡᠭᠦ᠂ ᠪᠠᠢ᠌ᠭ᠋ᠠᠯᠢ᠎ᠳᠤ ᠵᠣᠬᠢᠴᠠᠬᠤ᠂ ᠪᠠᠢ᠌ᠭ᠋ᠠᠯᠢ ᠵᠢ ᠭᠣᠶᠣᠯᠠᠬᠤ᠂ ᠪᠠᠢ᠌ᠭ᠋ᠠᠯᠢ᠎ᠲᠠᠢ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠰᠣᠶᠣᠯ᠎ᠤᠨ ᠤᠯᠠᠮᠵᠢᠯᠠᠯ᠎ᠢ ᠪᠦᠷᠢᠯᠳᠦᠭᠦᠯᠦᠭᠰᠡᠨ ᠪᠠᠢ᠌ᠨ᠎ᠠ᠃    
      ᠲᠠᠯ᠎ᠠ ᠨᠤᠲᠤᠭ᠎ᠤᠨ ᠰᠣᠶᠣᠯ᠎ᠳᠤ ᠠᠭᠤᠯᠤᠭᠳᠠᠵᠤ ᠪᠠᠢ᠌ᠭ᠎ᠠ ᠠᠮᠢ ᠠᠬᠤᠢ ᠵᠢᠨ ᠣᠢ᠌ᠯᠠᠭ᠋ᠠᠭᠳᠠᠬᠤᠨ᠎ᠨᠢ ᠤᠮᠠᠷᠠᠲᠤ ᠬᠢᠯᠢ ᠵᠢᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠎ᠳᠤ ᠴᠢᠬᠤᠯᠠ ᠰᠡᠩᠬᠡᠷᠡᠭᠦᠯᠦᠯ ᠪᠠ ᠥᠯᠢᠭᠡᠷ ᠵᠢᠱ᠌ᠢᠶ᠎ᠡ ᠬᠠᠩᠭ᠋ᠠᠪᠠ᠃ ᠠᠮᠢ ᠠᠬᠤᠢ ᠵᠢᠨ ᠴᠢᠨᠠᠷ ᠪᠣᠯ ᠤᠮᠠᠷᠠᠲᠤ ᠬᠢᠯᠢ ᠵᠢᠨ ᠰᠣᠶᠣᠯ᠎ᠤᠨ ᠪᠤᠰᠤᠳ ᠰᠣᠶᠣᠯ᠎ᠠᠴᠠ ᠢᠯᠭ᠋ᠠᠭᠳᠠᠬᠤ ᠴᠢᠬᠤᠯᠠ ᠪᠡᠯᠭᠡ ᠲᠡᠮᠳᠡᠭ᠎ᠤᠨ ᠨᠢᠭᠡ ᠪᠤᠯᠬᠤ ᠪᠥᠭᠡᠳ ᠪᠠᠰᠠ ᠴᠤ᠌ ᠤᠮᠠᠷᠠᠲᠤ ᠬᠢᠯᠢ ᠵᠢᠨ ᠰᠣᠶᠣᠯ᠎ᠤᠨ ᠠᠮᠢᠵᠢᠷᠠᠯ᠎ᠤᠨ ᠬᠦᠴᠦᠨ᠎ᠲᠠᠢ ᠳᠠᠪᠠᠭᠤᠯᠢᠭ ᠲᠠᠯ᠎ᠠ ᠪᠤᠯᠬᠤ ᠶᠤᠮ᠃ ᠲᠠᠯ᠎ᠠ ᠨᠤᠲᠤᠭ᠎ᠤᠨ ᠰᠣᠶᠣᠯ᠎ᠳᠤ ᠠᠭᠤᠯᠤᠭᠳᠠᠵᠤ ᠪᠠᠢ᠌ᠭ᠎ᠠ ᠠᠮᠢ ᠠᠬᠤᠢ ᠵᠢᠨ ᠣᠢ᠌ᠯᠠᠭ᠋ᠠᠭᠳᠠᠬᠤᠨ ᠬᠢᠯᠢ ᠬᠢᠵᠠᠭ᠋ᠠᠷ᠎ᠤᠨ ᠠᠮᠤᠷ ᠲᠣᠭᠲᠠᠭᠤᠨ᠂ ᠨᠡᠢ᠌ᠭᠡᠮ᠎ᠤᠨ ᠠᠮᠤᠷ ᠲᠣᠭᠲᠠᠭᠤᠨ᠂ ᠠᠷᠠᠳ ᠲᠦᠮᠡᠨ᠎ᠤ ᠠᠮᠤᠷ ᠲᠣᠭᠲᠠᠭᠤᠨ᠎ᠢ ᠠᠬᠢᠭᠤᠯᠬᠤ᠂ ᠡᠬᠡ ᠤᠯᠤᠰ᠎ᠤᠨ ᠤᠮᠠᠷᠠᠲᠤ ᠶᠡᠬᠡ ᠬᠠᠭ᠋ᠠᠯᠭ᠎ᠠ ᠵᠢ ᠰᠠᠢ᠌ᠲᠤᠷ ᠰᠠᠬᠢᠬᠤ᠂ ᠨᠡᠢ᠌ᠰᠯᠡᠯ᠎ᠤᠨ ᠬᠤᠳᠠ ᠵᠢᠨ ᠬᠠᠮᠠᠭ᠋ᠠᠯᠠᠯᠲᠠ ᠵᠢᠨ ᠭᠣᠣᠯ᠎ᠢ ᠰᠠᠢ᠌ᠲᠤᠷ ᠰᠠᠬᠢᠬᠤ᠂ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠨᠡᠩ ᠰᠠᠢ᠌ᠲᠤᠷ ᠦᠢ᠍ᠯᠡᠴᠢᠯᠡᠬᠦ ᠲᠠᠯ᠎ᠠ᠎ᠪᠠᠷ ᠢᠳᠡᠪᠬᠢᠲᠡᠢ ᠬᠤᠪᠢ ᠨᠡᠮᠡᠷᠢ ᠦᠵᠡᠭᠦᠯᠵᠦ ᠪᠠᠢ᠌ᠬᠤ᠎ᠪᠠᠷ ᠪᠠᠷᠠᠬᠤ ᠦᠭᠡᠢ ᠪᠠᠰᠠ ᠪᠦᠭᠦ ᠳᠡᠯᠡᠬᠡᠢ᠎ᠳᠤ ᠲᠤᠯᠭ᠋ᠠᠷᠠᠵᠤ ᠪᠠᠢ᠌ᠭ᠎ᠠ ᠠᠮᠢ ᠠᠬᠤᠢ ᠵᠢᠨ ᠣᠷᠴᠢᠨ ᠲᠣᠭᠣᠷᠢᠨ᠎ᠤ ᠠᠰᠠᠭᠤᠳᠠᠯ᠎ᠢ ᠰᠢᠢ᠍ᠳᠪᠦᠷᠢᠯᠡᠬᠦ ᠵᠢᠴᠢ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠠᠬᠢᠭᠤᠯᠬᠤ᠎ᠳᠤ ᠴᠢᠬᠤᠯᠠ ᠲᠣᠯᠢ᠂ ᠰᠡᠩᠬᠡᠷᠡᠭᠦᠯᠦᠯ ᠪᠠ ᠦᠯᠢᠭᠡᠷ ᠵᠢᠱ᠌ᠢᠶ᠎ᠡ ᠬᠠᠩᠭ᠋ᠠᠭᠰᠠᠨ ᠪᠠᠢ᠌ᠨ᠎ᠠ᠃ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠦᠢ᠍ᠯᠡᠳᠦᠯᠭᠡᠵᠢᠭᠦᠯᠵᠦ᠂ ᠤᠮᠠᠷᠠᠲᠤ ᠬᠢᠯᠢ ᠵᠢᠨ ᠰᠣᠶᠣᠯ᠎ᠤᠨ ᠲᠦᠷᠦᠯ ᠲᠡᠮᠳᠡᠭ᠎ᠢ ᠡᠭᠦᠳᠬᠦ᠎ᠳᠤ ᠮᠥᠨ ᠴᠦ᠍ ᠲᠠᠯ᠎ᠠ ᠨᠤᠲᠤᠭ᠎ᠤᠨ ᠠᠮᠢ ᠠᠬᠤᠢ ᠵᠢᠨ ᠰᠣᠶᠣᠯ᠎ᠤᠨ ᠰᠢᠯᠢᠳᠡᠭ ᠰᠢᠮ᠎ᠡ ᠲᠡᠵᠢᠭᠡᠯ᠎ᠢ ᠢᠯᠭ᠋ᠠᠷᠠᠭᠤᠯᠵᠤ᠂ ᠰᠢᠩᠭᠡᠬᠡᠨ ᠠᠪᠬᠤ ᠴᠢᠬᠤᠯᠠᠲᠠᠢ ᠶᠤᠮ᠃     
      ᠲᠠᠯ᠎ᠠ ᠨᠤᠲᠤᠭ᠎ᠤᠨ ᠰᠣᠶᠣᠯ᠎ᠳᠤ ᠠᠭᠤᠯᠤᠭᠳᠠᠵᠤ ᠪᠠᠢ᠌ᠭ᠎ᠠ ᠠᠮᠢ ᠠᠬᠤᠢ ᠵᠢᠨ ᠣᠢ᠌ᠯᠠᠭ᠋ᠠᠭᠳᠠᠬᠤᠨ᠎ᠨᠢ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠶ᠋ᠢᠭᠤᠯᠬᠤ᠂ ᠮᠠᠨ᠎ᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠬᠤ ᠵᠢ ᠠᠬᠢᠭᠤᠯᠬᠤ᠂ ᠴᠢᠨᠠᠷ ᠰᠠᠢ᠌ᠲᠠᠢ ᠠᠮᠢ ᠠᠬᠤᠢ ᠵᠢᠨ ᠣᠷᠴᠢᠨ ᠲᠣᠭᠣᠷᠢᠨ ᠵᠶ᠋ᠠᠷ ᠴᠢᠨᠠᠷ ᠰᠠᠢ᠌ᠲᠠᠢ ᠬᠥᠭᠵᠢᠯᠲᠡ ᠵᠢ ᠲᠤᠯᠭ᠋ᠠᠭᠤᠷᠢᠯᠠᠭᠤᠯᠬᠤ᠂ ᠬᠥᠮᠥᠨ ᠬᠢᠭᠡᠳ ᠪᠠᠢ᠌ᠭ᠋ᠠᠯᠢ ᠵᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠭᠰᠠᠨ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠬᠤ᠎ᠳᠤ ᠴᠢᠬᠤᠯᠠ ᠦᠵᠡᠯ ᠰᠠᠨᠠᠭ᠋ᠠᠨ᠎ᠤ ᠰᠠᠭᠤᠷᠢ ᠵᠢ ᠬᠠᠩᠭ᠋ᠠᠭᠰᠠᠨ ᠪᠠᠢ᠌ᠨ᠎ᠠ᠃ ᠲᠠᠯ᠎ᠠ ᠨᠤᠲᠤᠭ᠎ᠤᠨ ᠰᠣᠶᠣᠯ᠎ᠳᠤ ᠠᠭᠤᠯᠤᠭᠳᠠᠵᠤ ᠪᠠᠢ᠌ᠭ᠎ᠠ ᠠᠮᠢ ᠠᠬᠤᠢ ᠵᠢᠨ ᠣᠢ᠌ᠯᠠᠭ᠋ᠠᠭᠳᠠᠬᠤᠨ᠎ᠨᠢ ᠬᠥᠮᠥᠰ᠎ᠤᠨ ᠣᠢ᠌ᠯᠠᠭ᠋ᠠᠭᠳᠠᠬᠤᠨ᠎ᠤ ᠬᠦᠷᠢᠶᠡᠨ᠎ᠳᠤ ᠢᠯᠡᠷᠡᠵᠦ ᠪᠠᠢ᠌ᠬᠤ᠎ᠪᠠᠷ ᠪᠠᠷᠠᠬᠤ ᠦᠭᠡᠢ᠂ ᠪᠠᠰᠠ ᠤᠮᠠᠷᠠᠲᠤ ᠬᠢᠯᠢ ᠵᠢᠨ ᠠᠷᠠᠳ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠤᠨ ᠦᠢ᠍ᠯᠡᠳᠦᠯᠭᠡ᠎ᠳᠤ ᠲᠤᠭᠤᠰᠢᠯᠠᠭᠳᠠᠵᠤ᠂ ᠨᠢᠭᠡᠨᠲᠡ ᠬᠥᠮᠥᠰ᠎ᠤᠨ ᠦᠢᠯᠡ ᠠᠵᠢᠯᠯᠠᠭ᠋ᠠᠨ᠎ᠤ ᠪᠠᠷᠢᠮᠵᠢᠶ᠎ᠠ ᠪᠠ ᠥᠷᠲᠡᠭ᠎ᠤᠨ ᠬᠡᠮᠵᠢᠭᠦᠷ ᠪᠣᠯᠤᠭᠰᠠᠨ ᠪᠠᠢ᠌ᠨ᠎ᠠ᠃ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠶ᠋ᠢᠭᠤᠯᠬᠤ᠎ᠳᠤ᠂ ᠪᠠᠢ᠌ᠭ᠋ᠠᠯᠢ ᠵᠢ ᠭᠦᠨᠳᠦᠳᠭᠡᠵᠦ᠂ ᠪᠠᠢ᠌ᠭ᠋ᠠᠯᠢ᠎ᠲᠠᠢ ᠵᠣᠬᠢᠴᠠᠵᠤ᠂ ᠪᠠᠢ᠌ᠭ᠋ᠠᠯᠢ ᠵᠢ ᠬᠠᠮᠠᠭ᠋ᠠᠯᠠᠵᠤ᠂ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ ᠭᠡᠬᠦ ᠣᠢ᠌ᠯᠠᠭ᠋ᠠᠭᠳᠠᠬᠤᠨ᠎ᠢ ᠪᠠᠲᠤ ᠪᠤᠢ ᠪᠣᠯᠭ᠋ᠠᠨ ᠦᠢ᠍ᠯᠡᠳᠦᠯᠭᠡᠵᠢᠭᠦᠯᠵᠦ᠂ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠬᠠᠮᠠᠭ᠋ᠠᠯᠠᠬᠤ ᠵᠢ ᠲᠡᠷᠢᠭᠦᠨ᠎ᠳᠤ ᠲᠠᠯᠪᠢᠬᠤ᠂ ᠠᠶᠠᠨᠳᠠᠭ᠋ᠠᠨ ᠰᠡᠷᠭᠦᠭᠡᠬᠦ᠎ᠪᠠᠷ ᠭᠣᠣᠯ ᠪᠤᠯᠭ᠋ᠠᠬᠤ ᠴᠢᠭᠯᠡᠯᠲᠡ ᠵᠢ ᠪᠠᠷᠢᠮᠲᠠᠯᠠᠵᠤ᠂ ᠠᠮᠢ ᠠᠬᠤᠢ ᠵᠢᠨ ᠰᠢᠰᠲ᠋ᠧᠮ᠎ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ᠎ᠢ ᠳᠡᠭᠡᠭᠰᠢᠯᠡᠭᠦᠯᠵᠦ᠂ ᠪᠦᠭᠦ ᠣᠷᠣᠨ ᠪᠦᠰᠡ ᠵᠢᠨ ᠠᠮᠢ ᠠᠬᠤᠢ ᠵᠢᠨ ᠠᠮᠤᠷ ᠲᠦᠪᠰᠢᠨ᠎ᠤ ᠪᠠᠢ᠌ᠷᠢᠰᠢᠯ᠎ᠢ ᠪᠠᠶ᠋ᠢᠭᠤᠯᠬᠤ ᠬᠡᠷᠡᠭᠲᠡᠢ᠃           
      ᠤᠮᠠᠷᠠᠲᠤ ᠬᠢᠯᠢ ᠵᠢᠨ ᠰᠣᠶᠣᠯ᠎ᠤᠨ ᠲᠦᠷᠦᠯ ᠲᠡᠮᠳᠡᠭ᠎ᠤᠨ ᠦᠨ᠎ᠡ ᠥᠷᠲᠡᠭ ᠪᠠ ᠠᠴᠢ ᠬᠣᠯᠪᠣᠭᠳᠠᠯ᠎ᠢ ᠪᠠᠶᠠᠯᠢᠭᠵᠢᠭᠤᠯᠤᠨ ᠢᠯᠡᠷᠡᠭᠦᠯᠬᠦ ᠬᠡᠷᠡᠭᠲᠡᠢ           
      ᠨᠢᠭᠡ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠮᠵᠢ ᠪᠤᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠤᠯᠭ᠋ᠠᠵᠤ᠂ 《ᠲᠠᠪᠤᠨ ᠶᠡᠬᠡ ᠡᠭᠦᠷᠭᠡ》 ᠵᠢ ᠰᠠᠢ᠌ᠲᠤᠷ ᠪᠡᠶᠡᠯᠡᠭᠦᠯᠬᠦ ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠡᠷᠭᠡ ᠣᠨᠣᠯ᠎ᠤᠨ ᠪᠠ ᠪᠣᠳᠠᠲᠠᠢ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠯᠢ ᠣᠯᠠᠨ ᠨᠡᠭᠡᠭᠡᠯᠲᠡ ᠵᠢᠨ ᠴᠢᠨᠠᠷᠲᠠᠢ ᠰᠤᠳᠤᠯᠭ᠋ᠠᠨ ᠵᠶ᠋ᠠᠷ ᠳᠡᠮᠵᠢᠨ᠂ ᠲᠠᠯ᠎ᠠ ᠨᠤᠲᠤᠭ᠎ᠤᠨ ᠰᠣᠶᠣᠯ᠎ᠤᠨ ᠳᠤᠮᠳᠠᠳᠤ ᠵᠢᠨ ᠰᠣᠶᠣᠯ᠎ᠤᠨ ᠣᠯᠠᠨ ᠡᠰᠢᠲᠦ ᠨᠢᠭᠡ ᠴᠣᠭᠴᠠᠵᠢᠭᠰᠠᠨ ᠪᠠᠢ᠌ᠷᠢᠰᠢᠯ᠎ᠤᠨ ᠪᠦᠷᠢᠯᠳᠦᠨ ᠬᠥᠭᠵᠢᠬᠦ ᠶᠠᠪᠤᠴᠠ᠎ᠳᠠᠬᠢ ᠲᠡᠦᠬᠡᠨ ᠬᠤᠪᠢ ᠨᠡᠮᠡᠷᠢ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠰᠣᠶᠣᠯ᠎ᠢ ᠴᠡᠴᠡᠭᠯᠡᠭᠦᠯᠦᠨ ᠬᠥᠭᠵᠢᠭᠦᠯᠬᠦ ᠳᠤᠮᠳᠠᠬᠢ ᠪᠣᠳᠠᠲᠤ ᠠᠴᠢ ᠬᠣᠯᠪᠣᠭᠳᠠᠯ ᠪᠠ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠳᠤᠮᠳᠠᠬᠢ ᠴᠢᠬᠤᠯᠠ ᠦᠨ᠎ᠡ ᠥᠷᠲᠡᠭ ᠪᠠ ᠦᠢ᠍ᠯᠡᠳᠦᠯ᠎ᠢ ᠤᠯᠠᠮ ᠨᠢᠭᠡ ᠠᠯᠬᠤᠮ ᠡᠮᠬᠢᠯᠡᠨ ᠲᠣᠳᠣᠷᠬᠠᠢ᠌ᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠰᠤᠳᠤᠯᠬᠤ ᠵᠢᠨ ᠲᠥᠯᠥᠭᠡ᠂ ᠤᠮᠠᠷᠠᠲᠤ ᠬᠢᠯᠢ ᠵᠢᠨ ᠰᠣᠶᠣᠯ᠎ᠢ ᠰᠤᠳᠤᠯᠬᠤ᠂ ᠲᠠᠢ᠌ᠯᠪᠤᠷᠢᠯᠠᠬᠤ᠂ ᠤᠬᠠᠭᠤᠯᠬᠤ᠂ ᠳᠡᠯᠭᠡᠷᠡᠭᠦᠯᠬᠦ᠎ᠳᠤ ᠥᠪᠡᠷᠮᠢᠴᠡ ᠣᠨᠴᠠᠯᠢᠭ ᠪᠦᠬᠦᠢ ᠡᠷᠳᠡᠮ ᠰᠢᠨᠵᠢᠯᠡᠭᠡᠨ᠎ᠤ ᠬᠠᠷᠠᠭ᠋ᠠᠰᠤ ᠵᠢ ᠨᠡᠭᠡᠭᠡᠨ᠎ᠡ᠃     
      ᠬᠣᠶᠠᠷ᠎ᠲᠤ᠂ ᠦᠨᠡᠨ᠎ᠢ ᠪᠠᠷᠢᠮᠲᠠᠯᠠᠨ ᠪᠣᠳᠠᠲᠤ ᠠᠵᠢᠯᠯᠠᠭ᠎ᠠ ᠵᠢ ᠡᠷᠭᠢᠮᠯᠡᠭᠦ᠂ ᠲᠡᠦᠬᠡ ᠵᠢ ᠬᠦᠨᠳᠦᠳᠬᠡᠬᠦ᠂ ᠰᠢᠨᠵᠢᠯᠡᠬᠦ ᠤᠬᠠᠭ᠋ᠠᠨ᠎ᠳᠤ ᠦᠨᠡᠨᠴᠢ ᠰᠢᠳᠤᠷᠭᠤ᠂ ᠵᠣᠷᠢᠭᠲᠠᠢ᠎ᠪᠠᠷ ᠰᠢᠨ᠎ᠡ ᠵᠢ ᠡᠭᠦᠳᠬᠦ ᠡᠷᠳᠡᠮ ᠰᠢᠨᠵᠢᠯᠡᠭᠡᠨ᠎ᠤ ᠣᠪᠣᠷ᠎ᠢ ᠪᠠᠷᠢᠮᠲᠠᠯᠠᠵᠤ᠂ ᠲᠠᠯ᠎ᠠ ᠨᠤᠲᠤᠭ᠎ᠤᠨ ᠰᠣᠶᠣᠯ᠎ᠤᠨ ᠲᠤᠰ ᠪᠡᠶ᠎ᠡ ᠵᠢᠨ ᠪᠦᠬᠦᠯᠢ ᠴᠣᠭᠴᠠ ᠵᠢᠨ ᠣᠨᠴᠠᠯᠢᠭ ᠪᠠ ᠬᠥᠭᠵᠢᠯᠲᠡ ᠬᠤᠪᠢᠰᠤᠯᠲᠠ ᠵᠢᠨ ᠵᠢᠮ᠎ᠡ ᠶᠣᠰᠣ᠎ᠠᠴᠠ ᠭᠠᠷᠳᠠᠵᠤ᠂ ᠲᠠᠯ᠎ᠠ ᠨᠤᠲᠤᠭ᠎ᠤᠨ ᠰᠣᠶᠣᠯ᠎ᠤᠨ ᠠᠭᠤᠯᠤᠭᠳᠠᠬᠤᠨ᠂ ᠣᠨᠴᠠᠯᠢᠭ ᠰᠢᠨᠵᠢ᠂ ᠵᠣᠷᠢᠭ ᠰᠠᠨᠠᠭ᠎ᠠ ᠵᠢ ᠤᠯᠠᠮ ᠭᠦᠨᠵᠡᠭᠡᠢ ᠰᠤᠳᠤᠯᠬᠤ ᠵᠢᠨ ᠬᠠᠮᠲᠤ᠂ ᠤᠯᠤᠰ᠎ᠤᠨ ᠠᠰᠢᠭ ᠲᠤᠰᠠ ᠵᠢᠨ ᠥᠨᠳᠥᠷᠴᠡ᠎ᠠᠴᠠ ᠲᠠᠯ᠎ᠠ ᠨᠤᠲᠤᠭ᠎ᠤᠨ ᠰᠣᠶᠣᠯ᠎ᠤᠨ ᠥᠷᠲᠡᠭ᠎ᠤᠨ ᠰᠢᠰᠲ᠋ᠧᠮ᠎ᠢ ᠰᠤᠳᠤᠯᠵᠤ᠂ ᠲᠠᠯ᠎ᠠ ᠨᠤᠲᠤᠭ᠎ᠤᠨ ᠰᠣᠶᠣᠯ᠎ᠤᠨ ᠰᠢᠯᠢᠳᠡᠭ ᠤᠯᠠᠮᠵᠢᠯᠠᠯ᠎ᠤᠨ ᠳᠤᠮᠳᠠ᠎ᠠᠴᠠ ᠴᠠᠭ ᠦᠶ᠎ᠡ ᠵᠢᠨ ᠱᠠᠭ᠋ᠠᠷᠳᠠᠯᠭ᠎ᠠ᠎ᠳᠤ ᠨᠡᠢ᠌ᠴᠡᠬᠦ ᠨᠠᠩ ᠣᠯᠠᠨ ᠥᠷᠲᠡᠭ᠎ᠤᠨ ᠣᠨᠣᠯᠵᠢᠬᠤᠨ᠎ᠢ ᠠᠭᠤᠳᠠᠯᠤᠨ ᠪᠤᠯᠪᠠᠰᠤᠷᠠᠭᠤᠯᠵᠤ᠂ ᠤᠮᠠᠷᠠᠲᠤ ᠬᠢᠯᠢ ᠵᠢᠨ ᠰᠣᠶᠣᠯ᠎ᠤᠨ ᠭᠦᠨᠵᠡᠭᠡᠢ ᠠᠭᠤᠯᠤᠭᠳᠠᠬᠤᠨ᠎ᠢ ᠪᠠᠶᠠᠯᠢᠭᠵᠢᠭᠤᠯᠤᠨ᠎ᠠ᠃     
      ᠭᠤᠷᠪᠠ᠎ᠳᠤ᠂ ᠤᠤᠯ᠎ᠤᠨ ᠰᠤᠳᠤᠯᠭ᠋ᠠᠨ᠎ᠤ ᠰᠠᠭᠤᠷᠢᠨ ᠳᠡᠭᠡᠷ᠎ᠡ᠂ ᠡᠷᠳᠡᠮ ᠰᠢᠨᠵᠢᠯᠡᠭᠡᠨ᠎ᠤ ᠬᠠᠷᠠᠭ᠎ᠠ᠎ᠪᠠᠨ ᠤᠯᠠᠮ ᠭᠦᠨᠵᠡᠭᠡᠢ᠌ᠷᠡᠭᠦᠯᠦᠨ ᠥᠷᠭᠡᠳᠬᠡᠵᠦ᠂ ᠠᠮᠢ ᠠᠬᠤᠢ ᠵᠢᠨ ᠣᠷᠴᠢᠨ ᠲᠣᠭᠣᠷᠢᠨ᠎ᠤ ᠤᠬᠠᠭ᠋ᠠᠨ᠂ ᠠᠮᠢ ᠠᠬᠤᠢ ᠵᠢᠨ ᠶᠣᠰᠣ ᠰᠤᠷᠲᠠᠬᠤᠨ᠎ᠤ ᠤᠬᠠᠭ᠋ᠠᠨ᠂ ᠠᠮᠢ ᠠᠬᠤᠢ ᠵᠢᠨ ᠠᠵᠤ ᠠᠬᠤᠢ ᠵᠢᠨ ᠤᠬᠠᠭ᠋ᠠᠨ᠎ᠤ ᠬᠠᠷᠠᠭ᠋ᠠᠰᠤ᠎ᠠᠴᠠ ᠲᠠᠯ᠎ᠠ ᠨᠤᠲᠤᠭ᠎ᠤᠨ ᠠᠮᠢ ᠠᠬᠤᠢ ᠵᠢᠨ ᠰᠠᠭᠤᠷᠢ ᠣᠨᠣᠯ᠎ᠤᠨ ᠰᠤᠳᠤᠯᠭ᠋ᠠᠨ᠎ᠤ ᠲᠠᠯ᠎ᠠ᠎ᠪᠠᠷ ᠤᠮᠠᠷᠠᠲᠤ ᠬᠢᠯᠢ ᠵᠢᠨ ᠠᠮᠢ ᠠᠬᠤᠢ ᠵᠢᠨ ᠰᠣᠶᠣᠯ᠎ᠤᠨ ᠣᠨᠣᠯ᠎ᠤᠨ ᠰᠢᠰᠲ᠋ᠧᠮ᠎ᠢ ᠴᠢᠷᠮᠠᠢ᠌ᠨ ᠪᠠᠶ᠋ᠢᠭᠤᠯᠬᠤ ᠵᠢᠨ ᠬᠠᠮᠲᠤ ᠬᠡᠷᠡᠭᠯᠡᠭᠡᠨ᠎ᠤ ᠰᠤᠳᠤᠯᠭ᠋ᠠᠨ᠎ᠤ ᠲᠠᠯ᠎ᠠ᠎ᠪᠠᠷ ᠤᠮᠠᠷᠠᠲᠤ ᠬᠢᠯᠢ ᠵᠢᠨ ᠠᠮᠢ ᠠᠬᠤᠢ ᠵᠢᠴᠢ ᠠᠮᠢ ᠠᠬᠤᠢ ᠵᠢᠨ ᠰᠣᠶᠣᠯ᠎ᠤᠨ ᠣᠳᠣᠬᠢ ᠪᠠᠢ᠌ᠳᠠᠯ᠂ ᠣᠲᠣ ᠦᠶ᠎ᠡ ᠵᠢᠨ ᠦᠨ᠎ᠡ ᠥᠷᠲᠡᠭ᠂ ᠠᠴᠢ ᠬᠣᠯᠪᠣᠭᠳᠠᠯ ᠵᠢᠴᠢ ᠬᠥᠭᠵᠢᠯᠲᠡ᠂ ᠰᠢᠨ᠎ᠡ ᠵᠢ ᠡᠭᠦᠳᠬᠦ ᠠᠷᠭ᠎ᠠ ᠪᠣᠳᠣᠯᠭ᠎ᠠ ᠵᠢ ᠤᠯᠠᠮ ᠭᠦᠨᠵᠡᠭᠡᠢ ᠰᠤᠳᠤᠯᠤᠨ᠎ᠠ᠃     
      ᠳᠥᠷᠪᠡ᠎ᠳᠤ᠂ ᠤᠮᠠᠷᠠᠲᠤ ᠬᠢᠯᠢ ᠵᠢᠨ ᠦᠨᠳᠦᠰᠦᠲᠡᠨ᠎ᠨᠦᠭᠦᠳ᠎ᠤᠨ ᠬᠥᠭᠵᠢᠯᠲᠡ ᠵᠢᠨ ᠲᠡᠦᠬᠡᠨ ᠶᠠᠪᠤᠴᠠ᠎ᠳᠤ ᠡᠭᠦᠳᠦᠨ ᠪᠦᠲᠦᠭᠡᠭᠰᠡᠨ ᠪᠠ ᠪᠦᠷᠢᠯᠳᠦᠭᠦᠯᠦᠭᠰᠡᠨ ᠰᠢᠯᠢᠳᠡᠭ ᠰᠣᠶᠣᠯ᠎ᠤᠨ ᠥᠪ᠎ᠢ ᠭᠦᠨᠵᠡᠭᠡᠢ ᠠᠭᠤᠳᠠᠯᠵᠤ᠂ ᠰᠤᠳᠤᠯᠵᠤ᠂ ᠤᠯᠠᠮᠵᠢᠯᠠᠨ ᠵᠠᠯᠭ᠋ᠠᠮᠵᠢᠯᠠᠵᠤ᠂ ᠤᠯᠠᠮᠵᠢᠯᠠᠨ ᠳᠡᠯᠭᠡᠷᠡᠭᠦᠯᠦᠨ᠎ᠡ᠃ ᠡᠭᠦᠨ᠎ᠳᠤ ᠪᠣᠳᠠᠰ᠎ᠤᠨ ᠪᠠ ᠪᠣᠳᠠᠰ᠎ᠤᠨ ᠪᠤᠰᠤ ᠰᠣᠶᠣᠯ᠎ᠤᠨ ᠥᠪ ᠪᠠᠭᠲᠠᠨ᠎ᠠ᠂ ᠵᠢᠱ᠌ᠢᠶᠡᠯᠡᠪᠡᠯ ᠲᠡᠦᠬᠡ ᠵᠢᠨ ᠳᠤᠷᠠᠰᠬᠠᠯᠲᠤ ᠵᠦᠢ᠍ᠯ᠂ ᠦᠯᠡᠳᠡᠭᠳᠡᠯ ᠪᠠᠭᠤᠷᠢ᠂ ᠰᠤᠷᠪᠤᠯᠵᠢ ᠪᠢᠴᠢᠭ᠂ ᠠᠷᠠᠳ᠎ᠤᠨ ᠵᠠᠩ ᠦᠢ᠍ᠯᠡ᠂ ᠪᠣᠳᠠᠰ᠎ᠤᠨ ᠪᠤᠰᠤ ᠰᠣᠶᠣᠯ᠎ᠤᠨ ᠥᠪ ᠵᠡᠷᠭᠡ ᠪᠠᠭᠲᠠᠨ᠎ᠠ᠃ ᠰᠣᠶᠣᠯ᠎ᠤᠨ ᠥᠪ᠎ᠢ ᠵᠠᠯᠭ᠋ᠠᠮᠵᠢᠯᠠᠬᠤ ᠳᠤᠮᠳᠠ ᠬᠥᠭᠵᠢᠭᠦᠯᠵᠦ᠂ ᠬᠥᠭᠵᠢᠭᠦᠯᠬᠦ ᠳᠤᠮᠳᠠ ᠵᠠᠯᠭ᠋ᠠᠮᠵᠢᠯᠠᠬᠤ ᠵᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠰᠣᠶᠣᠯ᠎ᠢ ᠤᠯᠠᠮᠵᠢᠯᠠᠨ ᠬᠠᠮᠠᠭ᠋ᠠᠯᠠᠬᠤ ᠪᠠ ᠰᠢᠨ᠎ᠡ ᠵᠢ ᠡᠭᠦᠳᠦᠨ ᠠᠭᠤᠰᠤᠯᠴᠠᠭᠤᠯᠬᠤ ᠵᠢ ᠠᠬᠢᠭᠤᠯᠵᠤ᠂ ᠤᠮᠠᠷᠠᠲᠤ ᠬᠢᠯᠢ ᠵᠢᠨ ᠰᠣᠶᠣᠯ᠎ᠤᠨ ᠲᠦᠷᠦᠯ ᠲᠡᠮᠳᠡᠭ᠎ᠢ ᠡᠭᠦᠳᠬᠦ᠂ ᠰᠣᠶᠣᠯ᠎ᠤᠨ ᠪᠠᠢ᠌ᠭᠤᠯᠤᠯᠲᠠ ᠵᠢ ᠠᠬᠢᠭᠤᠯᠬᠤ᠂ ᠰᠣᠶᠣᠯ᠎ᠤᠨ ᠬᠠᠮᠲᠤ ᠵᠢᠨ ᠲᠠᠨᠢᠯᠲᠠ ᠵᠢ ᠨᠡᠮᠡᠭᠳᠡᠭᠦᠯᠬᠦ᠂ ᠦᠨᠳᠦᠰᠦᠲᠡᠨ᠎ᠨᠦᠭᠦᠳ᠎ᠤᠨ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠴᠣᠭᠴᠠᠯᠠᠬᠤ᠂ ᠳᠤᠮᠳᠠᠳᠤ ᠵᠢᠨ ᠦᠨᠳᠦᠰᠦᠲᠡᠨ᠎ᠤ ᠤᠳᠤ ᠦᠶ᠎ᠡ ᠵᠢᠨ ᠪᠣᠯᠪᠠᠰᠤᠨ᠎ᠢ ᠪᠠᠶ᠋ᠢᠭᠤᠯᠬᠤ᠎ᠳᠤ ᠤᠶᠤᠨ ᠰᠠᠨᠠᠭ᠋ᠠᠨ᠎ᠤ ᠬᠦᠴᠦᠨ᠎ᠢ ᠨᠢᠭᠲᠠᠷᠠᠭᠤᠯᠤᠨ᠎ᠠ᠃     
      ᠲᠠᠪᠤ᠎ᠳᠤ᠂ ᠲᠠᠯ᠎ᠠ ᠨᠤᠲᠤᠭ᠎ᠤᠨ ᠦᠨᠳᠦᠰᠦᠲᠡᠨ ᠬᠢᠭᠡᠳ ᠡᠷᠭᠢᠨ ᠲᠣᠭᠣᠷᠢᠨ᠎ᠤ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ ᠵᠢ ᠦᠷᠭᠦᠯᠵᠢᠯᠡᠨ ᠭᠦᠨᠵᠡᠭᠡᠢ ᠰᠤᠳᠤᠯᠤᠨ᠎ᠠ᠂ ᠲᠠᠯ᠎ᠠ ᠨᠤᠲᠤᠭ᠎ᠤᠨ ᠰᠣᠶᠣᠯ᠎ᠤᠨ 《ᠨᠢᠭᠡ ᠪᠦᠰᠡ ᠨᠢᠭᠡ ᠵᠠᠮ》᠎ᠤᠨ ᠪᠦᠲᠦᠭᠡᠨ ᠪᠠᠢ᠌ᠭᠤᠯᠤᠯᠲᠠ᠂ ᠳᠤᠮᠳᠠᠳᠤ ᠮᠣᠩᠭᠣᠯ ᠣᠷᠣᠰ᠎ᠤᠨ ᠠᠵᠤ ᠠᠬᠤᠢ ᠵᠢᠨ ᠬᠣᠩᠭᠢᠯ᠎ᠤᠨ ᠪᠦᠲᠦᠭᠡᠨ ᠪᠠᠢ᠌ᠭᠤᠯᠤᠯᠲᠠ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠵᠢ ᠠᠬᠢᠭᠤᠯᠬᠤ ᠵᠡᠷᠭᠡ ᠤᠯᠤᠰ᠎ᠤᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠪᠠ ᠣᠯᠠᠨ ᠤᠯᠤᠰ᠎ᠤᠨ ᠰᠣᠯᠢᠯᠴᠠᠭ᠎ᠠ ᠵᠢᠨ ᠳᠤᠮᠳᠠᠬᠢ ᠠᠴᠢ ᠬᠣᠯᠪᠣᠭᠳᠠᠯ᠂ ᠦᠢ᠍ᠯᠡᠳᠦᠯ᠎ᠢ ᠤᠯᠠᠮ ᠭᠦᠨᠵᠡᠭᠡᠢ ᠠᠭᠤᠳᠠᠯᠤᠨ᠎ᠠ᠂ ᠲᠠᠯ᠎ᠠ ᠨᠤᠲᠤᠭ᠎ᠤᠨ ᠰᠣᠶᠣᠯ᠎ᠤᠨ ᠣᠲᠣ ᠦᠶ᠎ᠡ ᠵᠢᠨ ᠦᠨ᠎ᠡ ᠥᠷᠲᠡᠭ᠎ᠢ ᠭᠣᠣᠯᠳᠠᠯᠭ᠎ᠠ᠎ᠲᠠᠢ ᠵᠠᠳᠠᠯᠤᠨ ᠲᠠᠢ᠌ᠯᠪᠤᠷᠢᠯᠠᠵᠤ᠂ ᠬᠥᠮᠥᠨ ᠨᠡᠢ᠌ᠭᠡᠮ᠎ᠤᠨ ᠦᠨ᠎ᠡ ᠥᠷᠲᠡᠭ᠂ ᠤᠯᠤᠰ᠎ᠤᠨ ᠠᠮᠤᠷ ᠲᠦᠪᠰᠢᠨ᠎ᠤ ᠦᠨ᠎ᠡ ᠥᠷᠲᠡᠭ᠂ ᠣᠯᠠᠨ ᠤᠯᠤᠰ᠎ᠤᠨ ᠬᠠᠷᠢᠴᠠᠭ᠋ᠠᠨ᠎ᠤ ᠦᠨ᠎ᠡ ᠥᠷᠲᠡᠭ᠎ᠤᠨ ᠣᠯᠠᠨ ᠲᠠᠯ᠎ᠠ᠎ᠠᠴᠠ ᠲᠠᠯ᠎ᠠ ᠨᠤᠲᠤᠭ᠎ᠤᠨ ᠰᠣᠶᠣᠯ᠎ᠤᠨ ᠣᠷᠣᠨ ᠪᠦᠰᠡ ᠵᠢᠨ ᠠᠵᠤ ᠠᠬᠤᠢ ᠰᠣᠶᠣᠯ᠎ᠤᠨ ᠪᠦᠲᠦᠭᠡᠨ ᠪᠠᠢ᠌ᠭᠤᠯᠤᠯᠲᠠ ᠪᠠ ᠤᠯᠤᠰ᠎ᠤᠨ ᠭᠠᠳᠠᠭ᠋ᠠᠳᠤ ᠨᠡᠭᠡᠭᠡᠯᠲᠡ ᠳᠤᠮᠳᠠᠬᠢ ᠪᠣᠳᠠᠲᠤ ᠠᠴᠢ ᠬᠣᠯᠪᠣᠭᠳᠠᠯ᠂ ᠦᠨ᠎ᠡ ᠥᠷᠲᠡᠭ᠂ ᠳᠠᠯᠳᠠ ᠬᠦᠴᠦᠨ᠎ᠢ ᠵᠠᠳᠠᠯᠤᠨ ᠡᠮᠬᠢᠯᠡᠵᠦ᠂ ᠬᠤᠷᠢᠶᠠᠩᠭᠤᠢ᠌ᠯᠠᠵᠤ᠂ ᠤᠮᠠᠷᠠᠲᠤ ᠬᠢᠯᠢ ᠵᠢᠨ ᠰᠣᠶᠣᠯ᠎ᠤᠨ ᠲᠦᠷᠦᠯ ᠲᠡᠮᠳᠡᠭ᠎ᠤᠨ ᠦᠨ᠎ᠡ ᠥᠷᠲᠡᠭ ᠪᠠ ᠠᠴᠢ ᠬᠣᠯᠪᠣᠭᠳᠠᠯ᠎ᠢ ᠤᠯᠠᠮ ᠪᠠᠶᠠᠯᠢᠭᠵᠢᠭᠤᠯᠤᠨ ᠢᠯᠡᠷᠡᠭᠦᠯᠦᠨ᠎ᠡ᠃     
      ᠵᠢᠷᠭᠤᠭ᠎ᠠ᠎ᠳᠤ᠂ ᠮᠣᠩᠭᠣᠯ ᠮᠣᠷᠢᠨ᠎ᠤ ᠵᠣᠷᠢᠭ ᠰᠠᠨᠠᠭ᠎ᠠ ᠪᠠ 《ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠪᠣᠯ ᠤᠮᠠᠷᠠᠲᠤ ᠬᠢᠯᠢ ᠵᠢᠨ ᠰᠣᠶᠣᠯ᠎ᠤᠨ ᠦᠨᠳᠦᠰᠦᠨ ᠠᠭᠤᠯᠭ᠎ᠠ ᠪᠤᠯᠬᠤ ᠪᠥᠭᠡᠳ ᠲᠠᠯ᠎ᠠ ᠨᠤᠲᠤᠭ᠎ᠤᠨ ᠰᠣᠶᠣᠯ᠎ᠤᠨ ᠰᠤᠳᠤᠯᠭ᠋ᠠᠨ᠎ᠤ ᠴᠢᠬᠤᠯᠠ ᠵᠥᠪᠯᠡᠬᠦ ᠰᠡᠳᠦᠪ ᠪᠣᠯᠣᠨ᠎ᠠ᠃ ᠮᠣᠩᠭᠣᠯ ᠮᠣᠷᠢᠨ᠎ᠤ ᠵᠣᠷᠢᠭ ᠰᠠᠨᠠᠭ᠎ᠠ ᠪᠣᠯᠣᠨ 《ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠰᠤᠳᠤᠯᠤᠨ ᠲᠠᠢ᠌ᠯᠪᠤᠷᠢᠯᠠᠬᠤ ᠪᠠ ᠤᠬᠠᠭᠤᠯᠤᠨ ᠪᠠᠳᠠᠷᠠᠭᠤᠯᠬᠤ ᠵᠢ ᠴᠢᠨᠠᠭᠰᠢᠳᠠ ᠴᠢᠩᠭ᠋ᠠᠳᠬᠠᠵᠤ᠂ ᠤᠮᠠᠷᠠᠲᠤ ᠵᠢᠨ ᠰᠣᠶᠣᠯ᠎ᠤᠨ ᠪᠠᠢ᠌ᠭᠤᠯᠤᠯᠲᠠ᠎ᠳᠤ ᠬᠦᠴᠦᠷᠬᠡᠭ ᠶᠡᠬᠡ ᠤᠶᠤᠨ ᠰᠠᠨᠠᠭ᠋ᠠᠨ᠎ᠤ ᠬᠥᠳᠡᠯᠭᠡᠬᠦ ᠬᠦᠴᠦᠨ ᠬᠠᠩᠭ᠋ᠠᠨ᠎ᠠ᠃      
      (ᠵᠣᠬᠢᠶᠠᠭᠴᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠲᠠᠯ᠎ᠠ ᠨᠤᠲᠤᠭ᠎ᠤᠨ  ᠰᠣᠶᠣᠯ ᠰᠤᠳᠤᠯᠬᠤ ᠭᠠᠵᠠᠷ᠎ᠤᠨ ᠳᠠᠷᠤᠭ᠎ᠠ᠂ ᠰᠤᠳᠤᠯᠤᠭᠴᠢ)           
  ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ 

ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ