ᠰᠣᠨᠢᠨ ᠮᠡᠳᠡᠭᠡ   -   ᠲᠤᠰᠬᠠᠢ ᠮᠡᠳᠡᠭᠡᠯᠡᠯ

《 ᠤᠮᠠᠷᠠᠲᠤ ᠬᠢᠯᠢ᠎ᠶ᠋ᠢᠨ ᠰᠣᠶᠣᠯ 》 — ᠥᠪᠥᠷ ᠮᠣᠩᠭᠣᠯ ᠣᠷᠣᠨ᠎ᠤ ᠵᠤᠰᠠᠯᠠᠩ᠎ᠤᠨ ᠭᠠᠵᠠᠷ᠎ᠲᠦ ᠣᠳᠣ᠌ ᠰᠣᠨᠢᠷᠬᠠᠬᠤ ᠵᠢᠭᠤᠯᠴᠢᠯᠠᠯ᠎ᠤᠨ ᠵᠦᠭᠯᠡᠭᠦᠷ᠎ᠢ ᠨᠡᠢᠲᠡᠯᠡᠪᠡ

ᠨᠡᠶ᠋ᠢᠲᠡᠯᠡᠭᠰᠡᠨ ᠴᠠᠭ᠄   2025-07-23

7 ᠳ᠋ᠤᠭᠠᠷ ᠰᠠᠷ᠎ᠠ᠎ᠶᠢᠨ 9᠎ᠦ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠳᠤᠮᠳᠠᠳᠤ ᠤᠯᠤᠰ᠎ᠤᠨ ᠵᠢᠭᠤᠯᠴᠢᠯᠠᠯ᠎ᠤᠨ ᠰᠣᠨᠢᠨ᠎ᠤ ᠬᠣᠷᠢᠶ᠎ᠠ᠂ ᠰᠢᠩ ᠯᠢᠶᠠᠨ CSVA ᠬᠠᠮᠲᠤᠷᠠᠨ ᠥᠪᠥᠷ ᠮᠣᠩᠭᠣᠯ ᠣᠷᠣᠨ᠎ᠤ ᠵᠤᠰᠠᠯᠠᠩ᠎ᠤᠨ ᠭᠠᠵᠠᠷ᠎ᠲᠤ ᠣᠳᠣ᠌ ᠰᠣᠨᠢᠷᠬᠠᠬᠤ ᠵᠢᠭᠤᠯᠴᠢᠯᠠᠯ᠎ᠤᠨ ᠵᠦᠭᠯᠡᠭᠦᠷ᠎ᠢ ᠨᠡᠢᠲᠡᠯᠡᠵᠦ᠂ ᠤᠮᠠᠷᠠᠲᠤ ᠬᠡᠰᠡᠭ᠎ᠦᠨ ᠲᠠᠯ᠎ᠠ ᠨᠤᠲᠤᠭ᠎ᠤᠨ ᠵᠤᠰᠠᠯᠠᠩ᠎ᠤᠨ ᠭᠠᠵᠠᠷ᠎ᠲᠤ ᠣᠳᠣ᠌ ᠰᠣᠨᠢᠷᠬᠠᠬᠤ ᠣᠷᠣᠨ᠂ ᠶᠡᠬᠡ ᠬᠢᠩᠭᠠᠨ ᠳᠠᠪᠠᠭᠠᠨ᠎ᠤ ᠵᠤᠰᠠᠯᠠᠩ᠎ᠤᠨ ᠭᠠᠵᠠᠷ᠎ᠲᠤ ᠣᠲᠣ᠌ ᠰᠣᠨᠢᠷᠬᠠᠬᠤ ᠣᠷᠣᠨ᠂ ᠳᠤᠮᠳᠠ ᠬᠡᠰᠡᠭ᠎ᠦᠨ ᠲᠠᠯ᠎ᠠ ᠨᠤᠲᠤᠭ᠎ᠤᠨ ᠵᠤᠰᠠᠯᠠᠩ᠎ᠤᠨ ᠭᠠᠵᠠᠷ᠎ᠲᠤ ᠣᠲᠣ᠌ ᠰᠣᠨᠢᠷᠬᠠᠬᠤ ᠣᠷᠣᠨ᠂ ᠬᠤᠩᠱᠠᠨ ᠰᠣᠶᠣᠯ᠎ᠤᠨ ᠣᠲᠣ᠌ ᠰᠣᠨᠢᠷᠬᠠᠬᠤ ᠣᠷᠣᠨ᠂ ᠭᠠᠯᠲᠤ ᠠᠭᠤᠯᠠ ᠭᠣᠪᠢ᠎ᠶᠢᠨ ᠨᠤᠲᠤᠭ᠎ᠢᠶᠠᠷ ᠣᠲᠣ᠌᠎ᠰᠣᠨᠢᠷᠬᠠᠬᠤ ᠣᠷᠣᠨ᠂ ᠬᠠᠲᠤᠨ ᠭᠣᠣᠯ ᠳᠠᠭᠠᠤ᠎ᠶᠢᠨ ᠵᠤᠰᠠᠯᠠᠩ᠎ᠤᠨ ᠭᠠᠵᠠᠷ᠎ᠲᠤ ᠣᠲᠣ᠌ ᠰᠣᠨᠢᠷᠬᠠᠬᠤ ᠣᠷᠣᠨ ᠵᠡᠷᠭᠡ ᠵᠢᠷᠭᠤᠭᠠᠨ ᠶᠡᠬᠡ ᠵᠤᠰᠠᠯᠠᠩ᠎ᠤᠨ ᠭᠠᠵᠠᠷ᠎ᠲᠤ ᠣᠲᠣ᠌ ᠰᠣᠨᠢᠷᠬᠠᠬᠤ ᠣᠷᠣᠨ᠎ᠢ ᠲᠠᠨᠢᠯᠴᠠᠭᠤᠯᠪᠠ᠃

ᠬᠤᠷᠠᠯ᠎ᠢᠶᠠᠷ ᠲᠠᠨᠢᠯᠴᠠᠭᠤᠯᠬᠤ᠎ᠳᠤ᠎ᠪᠠᠨ᠂ ᠤᠮᠠᠷᠠᠲᠤ ᠬᠡᠰᠡᠭ᠎ᠤᠨ ᠲᠠᠯ᠎ᠠ ᠨᠤᠲᠤᠭ᠎ᠤᠨ ᠵᠤᠰᠠᠯᠠᠩ᠎ᠤᠨ ᠭᠠᠵᠠᠷ᠎ᠲᠤ ᠣᠳᠣ᠌ ᠰᠣᠨᠢᠷᠬᠠᠬᠤ ᠤᠷᠤᠨ ᠨᠢ ᠥᠪᠥᠷ ᠮᠣᠩᠭᠤᠯ᠎ᠤᠨ ᠵᠡᠭᠦᠨ ᠬᠤᠶ᠋ᠢᠲᠤ ᠬᠡᠰᠡᠭ᠎ᠲᠤ ᠪᠠᠶ᠋ᠢᠷᠢᠯᠠᠵᠤ᠂ ᠬᠥᠯᠥᠨ ᠪᠤᠶ᠋ᠢᠷ᠎ᠤᠨ ᠲᠠᠯ᠎ᠠ ᠨᠤᠲᠤᠭ᠎ᠢᠶᠠᠷ ᠭᠣᠣᠯᠳᠠᠭᠤᠯᠤᠨ᠎ᠠ᠂ ᠵᠣᠨ᠎ᠤ ᠠᠭᠠᠬᠢᠮ᠎ᠠ ᠬᠠᠯᠠᠭᠤᠨ ᠬᠤᠭᠤᠴᠠᠭᠠᠨ᠎ᠤ ᠠᠭᠠᠷ᠎ᠤᠨ ᠳᠤᠮᠳᠠᠴᠢ ᠳᠤᠯᠠᠭᠠᠨ 15 - 24°C ᠪᠠᠶ᠋ᠢᠵᠤ᠂ ᠬᠠᠷᠠᠩᠭᠤᠢ ᠰᠥᠨᠢ᠎ᠶᠢᠨ ᠣᠷᠴᠢᠨ ᠲᠣᠭᠤᠷᠢᠨ᠎ᠤ ᠨᠦᠬᠦᠴᠡᠯ ᠨᠢ ᠴᠥᠮ ᠤᠯᠤᠰ᠎ᠤᠨ ᠨᠢᠭᠡᠳᠦᠭᠡᠷ ᠳᠡᠰ᠎ᠤᠨ ᠪᠠᠷᠢᠮᠵᠢᠶ᠎ᠠ᠎ᠳᠤ ᠬᠦᠷᠴᠦ᠂ ᠡᠷᠭᠦᠨ᠎ᠡ᠂ ᠬᠥᠯᠥᠨ ᠨᠠᠭᠤᠷ᠎ᠠᠴᠠ ᠬᠠᠨᠳᠠᠭᠠᠶ᠎ᠶᠢᠨ ᠡᠮᠦᠨ᠎ᠡ ᠡᠭᠦᠳᠡ ᠬᠦᠷᠲᠡᠯ᠎ᠡ᠎ᠪᠡᠨ ᠴᠥᠮ ᠥᠷᠭᠡᠨ ᠠᠭᠤᠳᠠᠮ ᠲᠠᠯ᠎ᠠ ᠲᠠᠢ ᠵᠠᠯᠭᠠᠯᠳᠤᠵᠤ᠂ ᠰᠥᠨᠢ᠎ᠶᠢᠨ ᠰᠡᠷᠢᠭᠦᠨ ᠲᠤᠩᠭᠠᠯᠠᠭ ᠰᠠᠯᠬᠢᠨ᠎ᠤ ᠠᠶ᠎ᠠ᠎ᠪᠠᠷ ᠣᠭᠲᠠᠷᠭᠤᠢ᠎ᠳᠤ ᠲᠦᠭᠡᠭᠰᠡᠨ ᠣᠳᠣᠨ ᠮᠡᠴᠢᠳ᠎ᠢ ᠪᠠᠷᠠᠯᠠᠨᠠᠮ᠃

ᠶᠡᠬᠡ ᠬᠢᠩᠭᠠᠨ ᠳᠠᠪᠠᠭᠠᠨ᠎ᠤ ᠵᠣᠰᠠᠯᠠᠩ᠎ᠤᠨ ᠭᠠᠵᠠᠷ᠎ᠲᠤ ᠣᠳᠣ᠌ ᠰᠣᠨᠢᠷᠬᠠᠬᠤ ᠣᠷᠣᠨ ᠨᠢ ᠥᠪᠥᠷ ᠮᠣᠩᠭᠣᠯ᠎ᠤᠨ ᠵᠡᠭᠦᠨ ᠬᠡᠰᠡᠭ᠎ᠤᠨ ᠶᠡᠬᠡ ᠬᠢᠩᠭᠠᠨ ᠳᠠᠪᠠᠭᠠᠨ᠎ᠤ ᠣᠷᠣᠨ ᠪᠦᠰᠡ᠎ᠳᠤ ᠪᠠᠢᠷᠢᠰᠢᠵᠤ᠂ ᠬᠢᠩᠭᠠᠨ ᠠᠢᠮᠠᠭ᠎ᠢᠶᠠᠷ ᠲᠥᠪᠯᠡᠭᠦᠯᠦᠨ ᠡᠷᠭᠢᠨ ᠲᠣᠭᠣᠷᠢᠨ ᠣᠷᠣᠨ᠎ᠢ ᠨᠢ ᠪᠠᠭᠲᠠᠭᠠᠪᠠ᠂ ᠡᠭᠦᠨ᠎ᠳᠤ ᠷᠠᠰᠢᠶᠠᠨ᠎ᠤ ᠤᠯᠤᠰ᠎ᠤᠨ ᠣᠢ ᠰᠢᠭᠤᠢ᠎ᠶᠢᠨ ᠴᠡᠴᠡᠷᠯᠢᠭ ᠵᠡᠷᠭᠡ ᠶᠡᠬᠡ ᠬᠡᠮᠵᠢᠶᠡᠨ᠎ᠤ ᠥᠨᠳᠥᠷ ᠬᠢᠷᠢ ᠲᠦᠪᠰᠢᠨ ᠪᠦᠬᠦᠢ ᠣᠳᠣ᠌ ᠰᠣᠨᠢᠷᠬᠠᠬᠤ ᠣᠷᠣᠨ᠎ᠢ ᠪᠠᠭᠲᠠᠭᠠᠭᠰᠠᠨ ᠪᠠᠢᠨ᠎ᠠ ᠃ ᠲᠤᠰ ᠭᠠᠵᠠᠷ᠎ᠤᠨ ᠵᠤᠨ᠎ᠤ ᠤᠯᠠᠷᠢᠯ᠎ᠤᠨ ᠳᠤᠯᠠᠭᠠᠨ᠎ᠤ ᠳᠤᠮᠳᠠᠴᠢ ᠬᠡᠮᠵᠢᠶ᠎ᠡ ᠨᠡᠯᠢᠶᠡᠳ ᠳᠣᠣᠷ᠎ᠠ ᠪᠠᠢᠵᠤ᠂ ᠶᠡᠷᠦ᠎ᠳᠦ᠎ᠪᠡᠨ 15 - 20°C ᠪᠠᠢᠳᠠᠭ᠂ ᠬᠠᠷᠠᠩᠭᠤᠢ ᠰᠥᠨᠢ᠎ᠶᠢᠨ ᠣᠷᠴᠢᠨ ᠲᠣᠭᠣᠷᠢᠨ᠎ᠤ ᠨᠦᠬᠦᠴᠡᠯ ᠰᠠᠢᠨ ᠪᠠᠢᠵᠤ᠂ ᠨᠠᠮᠤᠭᠤᠨ ᠰᠥᠨᠢ᠎ᠪᠠᠷ ᠲᠡᠷᠢᠭᠦᠨ ᠥᠨᠳᠡᠢᠬᠦᠶ᠎ᠡ ᠵᠡᠭᠦᠳᠦ ᠵᠡᠷᠭᠡᠯᠭᠡᠨ ᠮᠡᠲᠦ ᠣᠳᠣᠲᠤ ᠲᠡᠭᠷᠢ᠎ᠶᠢ ᠰᠣᠨᠢᠷᠬᠠᠨᠠᠮ᠃

ᠳᠤᠮᠳᠠ ᠬᠡᠰᠡᠭ᠎ᠤᠨ ᠲᠠᠯ᠎ᠠ ᠨᠤᠲᠤᠭ᠎ᠤᠨ ᠵᠤᠰᠠᠯᠠᠩ᠎ᠤᠨ ᠭᠠᠵᠠᠷ᠎ᠲᠤ ᠣᠳᠣ᠌ ᠰᠣᠨᠢᠷᠬᠠᠬᠤ ᠣᠷᠣᠨ᠎ᠨᠢ ᠥᠪᠥᠷ ᠮᠣᠩᠭᠣᠯ᠎ᠤᠨ ᠳᠤᠮᠳᠠ ᠬᠡᠰᠡᠭ᠎ᠲᠤ ᠪᠠᠢᠷᠢᠰᠢᠵᠤ᠂ ᠰᠢᠯᠢ᠎ᠶᠢᠨ ᠭᠣᠣᠯ ᠠᠢᠮᠠᠭ᠎ᠢᠶᠠᠷ ᠭᠣᠣᠯ ᠣᠷᠣᠨ ᠪᠣᠯᠭᠠᠨ ᠂ ᠰᠢᠯᠤᠭᠤᠨ ᠬᠥᠬᠡ ᠬᠣᠰᠢᠭᠤ᠂ ᠳᠤᠯᠤᠨ ᠨᠠᠭᠤᠷ ᠰᠢᠶᠠᠨ ᠵᠡᠷᠭᠡ ᠣᠳᠣ᠌ ᠰᠣᠨᠢᠷᠬᠠᠬᠤ ᠣᠯᠠᠨ ᠰᠢᠯᠢᠳᠡᠭ ᠣᠷᠣᠨ᠎ᠢ ᠬᠠᠮᠤᠷᠪᠠ᠂ ᠵᠤᠨ᠎ᠤ ᠠᠭᠠᠬᠢᠮ᠎ᠠ ᠬᠠᠯᠠᠭᠤᠨ᠎ᠤ ᠳᠤᠯᠠᠭᠠᠨ᠎ᠤ ᠳᠤᠮᠳᠠᠴᠢ ᠬᠡᠮᠵᠢᠶ᠎ᠡ᠎ᠨᠢ 18 - 28°C ᠪᠠᠢᠵᠤ᠂ ᠮᠠᠰᠢ ᠰᠠᠢᠨ ᠬᠠᠷᠠᠩᠭᠤᠢ ᠰᠥᠨᠢ᠎ᠶᠢᠨ ᠡᠬᠢ ᠪᠠᠶᠠᠯᠢᠭ᠋᠎ᠲᠠᠢ ᠪᠠᠢᠵᠤ᠂ ᠰᠥᠨᠢ᠎ᠪᠠᠷ ᠲᠠᠯ᠎ᠠ ᠳᠡᠭᠡᠷ᠎ᠡ ᠬᠡᠪᠲᠡᠵᠦ ᠣᠲᠣ᠌᠎ᠶᠢ ᠠᠵᠢᠭ᠍ᠯᠠᠬᠤᠶ᠎ᠠ ᠲᠡᠭᠷᠢ ᠭᠠᠵᠠᠷ ᠬᠡᠴᠢᠨᠡᠨ ᠥᠷᠭᠡᠨ ᠠᠭᠤᠳᠠᠮ ᠪᠠᠢᠳᠠᠭ᠎ᠢ ᠭᠦᠨᠵᠡᠭᠡᠢ ᠮᠡᠳᠡᠷᠡᠵᠦ ᠴᠢᠳᠠᠨ᠎ᠠ᠃

ᠬᠤᠩᠱᠠᠨ ᠰᠣᠶᠣᠯ᠎ᠤᠨ ᠣᠳᠣ᠌ ᠰᠣᠨᠢᠷᠬᠠᠬᠤ ᠣᠷᠣᠨ ᠨᠢ ᠥᠪᠥᠷ ᠮᠣᠩᠭᠤᠯ᠎ᠤᠨ ᠵᠡᠭᠦᠨ ᠬᠡᠰᠡᠭ᠎ᠤᠨ ᠬᠤᠩᠱᠠᠨ ᠰᠣᠶᠣᠯ᠎ᠲᠠᠢ ᠬᠤᠯᠪᠣᠭᠳᠠᠬᠤ ᠣᠷᠣᠨ ᠪᠦᠰᠡ᠎ᠳᠦ ᠪᠠᠢᠷᠢᠯᠠᠨ᠂ ᠪᠡᠭᠡᠵᠢᠩ ᠲᠢᠶᠠᠨᠵᠢᠨ ᠾᠧᠪᠸᠢ᠎ᠠᠴᠠ ᠵᠠᠮ ᠬᠠᠷᠢᠯᠴᠠᠭ᠎ᠠ ᠳᠥᠭᠦᠮ ᠪᠠᠢᠵᠤ᠂ ᠵᠤᠨ᠎ᠤ ᠤᠯᠠᠷᠢᠯ᠎ᠳᠤ ᠠᠭᠠᠷ᠎ᠤᠨ ᠳᠤᠯᠠᠭᠠᠨ ᠲᠠᠭᠠᠯᠠᠮᠵᠢᠲᠠᠢ ᠪᠥᠭᠡᠳ ᠳᠤᠮᠳᠠᠴᠢ᠎ᠪᠠᠷ 20 ᠭᠷᠠᠳᠦ᠋ᠰ ᠣᠷᠴᠢᠮ ᠪᠠᠶ᠋ᠢᠳᠠᠭ᠃ ᠬᠠᠷᠠᠩᠭᠤᠢ ᠰᠥᠨᠢ᠎ᠶᠢᠨ ᠨᠦᠬᠦᠴᠡᠯ᠎ᠨᠢ ᠨᠡᠯᠢᠶᠡᠳ ᠳᠠᠪᠠᠭᠤᠯᠢᠭ᠋᠂ ᠣᠳᠣ᠌ ᠰᠣᠨᠢᠷᠬᠠᠬᠤ᠎ᠳᠤ ᠲᠤᠶ᠋ᠢᠯ᠎ᠤᠨ ᠰᠠᠶ᠋ᠢᠨ ᠬᠠᠷᠠᠭᠠᠰᠤ᠎ᠶᠢ ᠬᠠᠩᠭᠠᠪᠠ᠃ ᠡᠬᠦᠨ᠎ᠤ ᠬᠠᠮᠳᠤ ᠬᠤᠩᠱᠠᠨ ᠰᠤᠶᠤᠯ ᠪᠠ ᠡᠷᠳᠡᠨ᠎ᠤ ᠤᠳᠤᠨ ᠤᠷᠤᠨ᠎ᠢ ᠤᠶᠠᠯᠳᠤᠭᠤᠯᠤᠭᠠᠳ ᠵᠢᠭᠤᠯᠴᠢᠯᠠᠭᠰᠠᠳ᠎ᠲᠤ ᠡᠷᠳᠡᠨ᠎ᠤ ᠰᠤᠶᠤᠯ᠎ᠤᠨ ᠭᠦᠨ ᠴᠢᠬᠢᠮᠠᠢ᠎ᠶ᠋ᠢ ᠮᠡᠳᠡᠷᠡᠬᠦᠯᠬᠦ᠎ᠶᠢᠨ ᠬᠠᠮᠳᠤ ᠪᠠᠰᠠ ᠬᠡᠷᠡᠯ ᠰᠠᠴᠤᠷᠠᠩᠭᠤᠶ ᠤᠳᠤᠨ ᠣᠭᠲᠠᠷᠭᠤᠢ᠎ᠶᠢ ᠰᠣᠨᠢᠷᠬᠠᠭᠤᠯᠤᠨ᠂ ᠤᠷᠴᠢᠯᠠᠩ᠎ᠤᠨ ᠨᠢᠭᠤᠴᠠ᠎ᠶᠢ ᠬᠠᠶ᠋ᠢᠵᠤ ᠴᠢᠳᠠᠬᠤ ᠪᠣᠯᠭᠠᠪᠠ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ