《 ᠵᠢᠷᠭᠤᠭᠠᠨ ᠠᠵᠢᠯᠯᠠᠭᠠᠨ》 ᠊᠊᠊᠊᠊᠊᠊᠊ ᠪᠡᠭᠡᠵᠢᠩ ᠲᠢᠶᠠᠨᠵᠢᠨ ᠾᠸᠪᠸᠢ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠨᠤᠭᠤᠳ᠎ᠤᠨ ᠠᠨᠠᠷ᠎ᠤᠨ ᠦᠷ᠎ᠡ᠎ᠶᠢᠨ ᠬᠣᠯᠪᠣᠭ᠎ᠠ ᠵᠢᠩᠬᠢᠨᠢ᠎ᠪᠡᠷ ᠪᠠᠢᠭᠤᠯᠤᠭᠳᠠᠪᠠ
ᠨᠡᠶ᠋ᠢᠲᠡᠯᠡᠭᠰᠡᠨ ᠴᠠᠭ᠄ 2025-12-18
ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶᠢ ᠢᠳᠡᠪᠬᠢᠲᠡᠢ ᠠᠬᠢᠭᠤᠯᠬᠤ᠎ᠶᠢᠨ ᠲᠥᠯᠥᠭᠡ᠂ ᠲᠦᠷᠦᠭᠦᠬᠡᠨ᠂ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ ᠨᠢ ᠪᠡᠭᠡᠵᠢᠩ ᠲᠢᠶᠠᠨᠵᠢᠨ ᠾᠸᠪᠸᠢ ᠥᠪᠥᠷ ᠮᠣᠩᠭᠣᠯ ᠲᠦᠷᠪᠡᠨ ᠭᠠᠵᠠᠷ᠎ᠤᠨ ᠶᠡᠬᠡ ᠳᠡᠭᠡᠳᠦ ᠰᠤᠷᠭᠠᠭᠤᠯᠢ᠎ᠨᠤᠭᠤᠳ ᠯᠤᠭ᠎ᠠ ᠂ ᠪᠡᠭᠡᠵᠢᠩ ᠲᠢᠶᠠᠨᠵᠢᠨ ᠾᠸᠪᠸᠢ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠨᠤᠭᠤᠳ᠎ᠤᠨ ᠠᠨᠠᠷ᠎ᠤᠨ ᠦᠷ᠎ᠡ᠎ᠶᠢᠨ ᠬᠣᠯᠪᠣᠭ᠎ᠠ᠎ᠶᠢ ᠲᠦᠷᠦᠭᠦᠯᠡᠨ ᠪᠠᠢᠭᠤᠯᠪᠠ᠃
ᠬᠣᠯᠪᠣᠭ᠎ᠠ ᠪᠠᠢᠭᠤᠯᠬᠤ ᠶᠡᠬᠡ ᠬᠤᠷᠠᠯ᠎ᠢ ᠪᠡᠭᠡᠵᠢᠩ᠎ᠦᠨ ᠮᠡᠳᠡᠭᠡ ᠵᠠᠩᠭᠢ ᠰᠢᠨᠵᠢᠯᠡᠬᠦ ᠤᠬᠠᠭᠠᠨ ᠲᠸᠭ᠌ᠨᠢᠭ᠌ ᠮᠡᠷᠭᠡᠵᠢᠯ᠎ᠦᠨ ᠶᠡᠬᠡ ᠰᠤᠷᠭᠠᠭᠤᠯᠢ᠎ᠳᠤ ᠶᠠᠪᠤᠭᠳᠠᠭᠤᠯᠵᠤ᠂ ᠪᠡᠭᠡᠵᠢᠩ᠎ᠦᠨ ᠮᠡᠳᠡᠭᠡ ᠵᠠᠩᠭᠢ ᠰᠢᠨᠵᠢᠯᠡᠬᠦ ᠤᠬᠠᠭᠠᠨ ᠲᠸᠭ᠌ᠨᠢᠭ᠌ ᠮᠡᠷᠭᠡᠵᠢᠯ᠎ᠦᠨ ᠶᠡᠬᠡ ᠰᠤᠷᠭᠠᠭᠤᠯᠢ᠂ ᠾᠸᠪᠸᠢ᠎ᠶᠢᠨ ᠪᠠᠭ᠍ᠰᠢ᠎ᠶᠢᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ᠂ ᠲᠢᠶᠠᠨᠵᠢᠨ᠎ᠤ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ ᠵᠢᠴᠢ ᠪᠡᠭᠡᠵᠢᠩ ᠲᠢᠶᠠᠨᠵᠢᠨ ᠾᠸᠪᠸᠢ ᠥᠪᠥᠷ ᠮᠣᠩᠭᠣᠯ ᠲᠦᠷᠪᠡᠨ ᠭᠠᠵᠠᠷ᠎ᠤᠨ 26 ᠶᠡᠬᠡ ᠳᠡᠭᠡᠳᠦ ᠰᠤᠷᠭᠠᠭᠤᠯᠢ᠎ᠶᠢᠨ ᠤᠳᠤᠷᠢᠳᠤᠯᠭ᠎ᠠ ᠨᠠᠷ ᠬᠢᠭᠡᠳ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭᠠᠲᠠᠳ᠂ ᠪᠠᠭ᠍ᠰᠢ ᠰᠤᠷᠤᠭ᠍ᠴᠢᠳ᠎ᠤᠨ ᠲᠥᠯᠥᠭᠡᠯᠡᠭᠴᠢᠳ ᠲᠣᠰ ᠬᠤᠷᠠᠯ᠎ᠳᠤ ᠣᠷᠣᠯᠴᠠᠭᠰᠠᠨ ᠪᠥᠭᠡᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠥᠳ ᠬᠤᠷᠠᠯ᠎ᠳᠤ ᠣᠷᠣᠯᠴᠠᠪᠠ᠃
ᠶᠡᠬᠡ ᠬᠤᠷᠠᠯ᠎ᠢᠶᠡᠷ᠂ ᠬᠣᠯᠪᠣᠭ᠎ᠠ ᠪᠠᠢᠭᠤᠯᠤᠭᠳᠠᠭᠰᠠᠨ ᠨᠢ ᠶᠡᠬᠡ ᠳᠡᠭᠡᠳᠦ ᠰᠤᠷᠭᠠᠭᠤᠯᠢ᠎ᠨᠤᠭᠤᠳ᠎ᠤᠨ ᠴᠢᠳᠠᠪᠤᠷᠢᠲᠠᠨ ᠬᠥᠮᠥᠵᠢᠭᠦᠯᠦᠨ ᠰᠤᠷᠭᠠᠭᠤᠯᠢ᠎ᠪᠠᠨ ᠵᠠᠰᠠᠬᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠳᠤ ᠦᠢᠯᠡᠴᠢᠯᠡᠬᠦ᠎ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠃ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ ᠨᠢ ᠲᠣᠰ ᠬᠣᠯᠪᠣᠭᠠᠨ᠎ᠤ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠬᠠᠮᠵᠢᠯᠴᠠᠬᠤ ᠳᠤᠭᠤᠢᠯᠠᠩ᠎ᠤᠨ ᠶᠡᠬᠡ ᠰᠤᠷᠭᠠᠭᠤᠯᠢ ᠪᠣᠯᠤᠭᠰᠠᠨ᠎ᠤ ᠬᠤᠪᠢ᠎ᠳᠤ᠂ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠬᠡᠵᠦ᠂ ᠬᠣᠯᠪᠣᠭᠠᠨ᠎ᠤ ᠶᠡᠬᠡ ᠳᠡᠭᠡᠳᠦ ᠰᠤᠷᠭᠠᠭᠤᠯᠢ᠎ᠨᠤᠭᠤᠳ᠎ᠲᠤ ᠲᠦᠰᠢᠭᠯᠡᠨ ᠡᠬᠢ ᠪᠠᠶᠠᠯᠢᠭ᠋᠎ᠢᠶᠠᠨ ᠡᠯᠪᠡᠭᠵᠢᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠤᠶᠤᠨ ᠰᠠᠨᠠᠭᠠᠨ᠎ᠤ ᠭᠡᠷ ᠣᠷᠣᠨ᠎ᠢ ᠴᠣᠭᠴᠠᠯᠠᠨ ᠪᠠᠶ᠋ᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠤᠨ ᠬᠥᠮᠦᠵᠢᠯ᠎ᠢ ᠵᠢᠭᠠᠨ ᠰᠤᠷᠭᠠᠯᠲᠠ ᠰᠢᠨᠵᠢᠯᠡᠬᠦ ᠤᠬᠠᠭᠠᠨ᠎ᠤ ᠰᠤᠳᠤᠯᠤᠯ ᠬᠢᠭᠡᠳ ᠴᠢᠳᠠᠪᠤᠷᠢᠲᠠᠨ ᠬᠥᠮᠥᠵᠢᠭᠦᠯᠬᠦ ᠪᠥᠬᠥ ᠶᠠᠪᠤᠴᠠ᠎ᠳᠤ ᠠᠭᠤᠰᠤᠯᠴᠠᠭᠤᠯᠬᠤ ᠪᠣᠯᠣᠨ᠎ᠠ᠃ ᠡᠭᠦᠨ᠎ᠦ ᠬᠠᠮᠲᠤ ᠂ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ 《 ᠡᠬᠢ ᠪᠠᠶᠠᠯᠢᠭᠤᠳᠢ ᠬᠠᠮᠲᠤ᠎ᠪᠠᠷ ᠂ ᠬᠢᠴᠢᠶᠡᠯ᠎ᠢ ᠬᠠᠮᠲᠤ᠎ᠪᠠᠷ ᠪᠠᠶ᠋ᠢᠭᠤᠯᠬᠤ ᠂ ᠪᠠᠭ᠍ᠰᠢ ᠨᠠᠷ᠎ᠢ ᠬᠠᠮᠲᠤ᠎ᠪᠠᠷ ᠬᠥᠮᠥᠵᠢᠭᠦᠯᠬᠦ ᠂ ᠲᠠᠪᠴᠠᠩ᠎ᠢ ᠬᠠᠮᠲᠤ᠎ᠪᠠᠷ ᠬᠡᠷᠡᠭᠯᠡᠬᠦ 》 ᠬᠠᠮᠵᠢᠯᠴᠠᠭᠠᠨ᠎ᠤ ᠲᠣᠭᠲᠠᠴᠠ᠎ᠶᠢ ᠢᠳᠡᠪᠬᠢᠲᠡᠢ ᠪᠠᠢᠭᠤᠯᠵᠤ ᠂ ᠶᠡᠬᠡ ᠳᠡᠭᠡᠳᠦ ᠰᠤᠷᠭᠠᠭᠤᠯᠢ᠎ᠨᠤᠭᠤᠳ᠎ᠤᠨ ᠪᠠᠭ᠍ᠰᠢ ᠰᠤᠷᠤᠭ᠍ᠴᠢᠳ᠎ᠤᠨ ᠬᠦᠰᠡᠯᠡᠩ ᠢᠲᠡᠭᠡᠯ ᠵᠣᠷᠢᠭ᠋ ᠂ ᠬᠠᠢᠷ᠎ᠠ ᠰᠡᠳᠬᠢᠯᠭᠡ ᠰᠣᠶᠣᠯ᠎ᠤᠨ ᠲᠠᠯ᠎ᠠ᠎ᠪᠠᠷ ᠬᠢ ᠪᠦᠯᠬᠦᠮᠳᠡᠯ ᠨᠢᠭᠡᠳᠦᠯ᠎ᠢ ᠪᠡᠶᠡᠯᠡᠭᠦᠯᠬᠦ᠎ᠶᠢ ᠠᠬᠢᠭᠤᠯᠵᠤ ᠂ ᠳᠤᠮᠳᠠᠳᠤ᠎ᠶᠢᠨ ᠦᠨᠳᠦᠰᠦᠲᠡᠨ ᠨᠢᠭᠡ ᠭᠡᠷ᠎ᠦᠨ ᠬᠥᠮᠥᠨ ᠮᠡᠲᠦ ᠳᠣᠲᠣᠨᠣ᠌ ᠂ ᠰᠡᠳᠬᠢᠯ ᠨᠢᠭᠡᠳᠬᠡᠨ ᠳᠤᠮᠳᠠᠳᠤ᠎ᠶᠢᠨ ᠵᠡᠭᠦᠳᠦ᠎ᠶᠢ ᠬᠠᠮᠲᠤ᠎ᠪᠠᠷ ᠲᠡᠷᠭᠡᠯᠰᠢᠭᠦᠯᠬᠦ ᠠᠮᠢᠳᠤᠯᠢᠭ᠋ ᠪᠠᠢᠳᠠᠯ᠎ᠢ ᠬᠠᠮᠲᠤ᠎ᠪᠠᠷ ᠬᠠᠷᠠᠭᠤᠯᠤᠨ᠎ᠠ ᠭᠡᠵᠦ ᠴᠢᠩᠭᠠᠳᠬᠠᠪᠠ᠃
ᠶᠡᠬᠡ ᠬᠤᠷᠠᠯ᠎ᠢᠶᠡᠷ ᠬᠣᠯᠪᠣᠭᠠᠨ᠎ᠤ ᠳᠦᠷᠢᠮ᠎ᠢ ᠬᠢᠨᠠᠨ ᠵᠥᠪᠯᠡᠵᠦ ᠪᠠᠲᠤᠯᠠᠭᠠᠳ᠂ ᠬᠣᠯᠪᠣᠭᠠᠨ᠎ᠤ ᠪᠦᠷᠢᠯᠳᠦᠭᠦᠨᠨᠦᠭᠦᠳᠢ ᠲᠣᠳᠣᠷᠬᠠᠢᠯᠠᠵᠤ᠂ ᠬᠡᠷᠡᠭ ᠡᠷᠬᠢᠯᠡᠭᠴᠢᠳ᠎ᠦᠨ ᠳᠠᠷᠤᠭ᠎ᠠ ᠨᠢᠭᠡᠴᠢ ᠪᠠ ᠬᠡᠷᠡᠭ ᠡᠷᠬᠢᠯᠡᠭᠴᠢᠳ᠎ᠦᠨ ᠳᠡᠳ᠋ ᠳᠠᠷᠤᠭ᠎ᠠ ᠨᠢᠭᠡᠴᠢ᠎ᠶᠢ ᠰᠣᠩᠭᠣᠨ ᠭᠠᠷᠭᠠᠪᠠ᠃ ᠪᠡᠭᠡᠵᠢᠩ᠎ᠦᠨ ᠮᠡᠳᠡᠭᠡ ᠵᠠᠩᠭᠢ ᠰᠢᠨᠵᠢᠯᠡᠬᠦ ᠤᠬᠠᠭᠠᠨ ᠲᠸᠭ᠌ᠨᠢᠭ᠌ ᠮᠡᠷᠭᠡᠵᠢᠯ᠎ᠦᠨ ᠶᠡᠬᠡ ᠰᠤᠷᠭᠠᠭᠤᠯᠢ ᠬᠡᠷᠡᠭ ᠡᠷᠬᠢᠯᠡᠭᠴᠢᠳ᠎ᠦᠨ ᠳᠠᠷᠤᠭ᠎ᠠ ᠨᠢᠭᠡᠴᠢ᠎ᠪᠠᠷ ᠰᠣᠩᠭᠣᠭᠳᠠᠵᠤ᠂ ᠲᠢᠶᠠᠨᠵᠢᠨ᠎ᠤ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ ᠂ ᠾᠧᠪᠧᠢ᠎ᠶᠢᠨ ᠪᠠᠭ᠍ᠰᠢ᠎ᠶᠢᠨ ᠶᠡᠬᠡ ᠰᠤᠷᠭᠠᠭᠤᠯᠢ ᠪᠠ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ ᠬᠡᠷᠡᠭ ᠡᠷᠬᠢᠯᠡᠭᠴᠢᠳ᠎ᠦᠨ ᠳᠡᠳ᠋ ᠳᠠᠷᠤᠭ᠎ᠠ ᠨᠢᠭᠡᠴᠢ᠎ᠪᠠᠷ ᠰᠣᠩᠭᠣᠭᠳᠠᠵᠤ᠂ ᠦᠢᠯᠡᠳᠦᠯᠭᠡ᠎ᠶᠢᠨ ᠦᠢᠯᠡᠴᠢᠯᠡᠭᠡ ᠂ ᠰᠣᠶᠣᠯ᠎ᠤᠨ ᠰᠣᠯᠢᠯᠴᠠᠭ᠎ᠠ ᠂ ᠡᠷᠳᠡᠮ ᠰᠢᠨᠵᠢᠯᠡᠭᠡᠨ᠎ᠦ ᠰᠤᠳᠤᠯᠤᠯ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠵᠡᠷᠭᠡ ᠬᠠᠮᠵᠢᠯᠴᠠᠬᠤ ᠳᠥᠷᠪᠡᠨ ᠳᠤᠭᠤᠢᠯᠠᠩ᠎ᠤᠨ ᠠᠵᠢᠯ᠎ᠢ ᠲᠣᠰ ᠪᠦᠷᠢ ᠲᠦᠷᠦᠭᠦᠯᠡᠨ ᠬᠢᠨ᠎ᠡ ᠃ ᠡᠯ᠎ᠡ ᠬᠠᠮᠵᠢᠯᠴᠠᠬᠤ ᠳᠤᠭᠤᠢᠯᠠᠩ᠎ᠤᠨ ᠬᠢᠨ ᠲᠤᠰ ᠪᠡᠶ᠎ᠡ᠎ᠶᠢᠨ ᠣᠨᠴᠠᠯᠢᠭ ᠪᠠ ᠳᠠᠪᠠᠭᠤᠯᠢᠭ᠋᠎ᠢᠶᠠᠨ ᠭᠦᠢᠴᠡᠳ ᠪᠠᠳᠠᠷᠠᠭᠤᠯᠵᠤ᠂ ᠤᠯᠠᠨ ᠬᠡᠯᠪᠡᠷᠢ᠎ᠲᠠᠢ᠂ ᠪᠠᠶᠠᠯᠢᠭ᠋ ᠠᠭᠤᠯᠭ᠎ᠠ᠎ᠲᠠᠢ ᠠᠵᠢᠯᠯᠠᠭ᠎ᠠ ᠨᠤᠭᠤᠳ᠎ᠢ ᠥᠷᠨᠢᠭᠦᠯᠵᠦ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶᠢ ᠭᠦᠨᠵᠡᠭᠡᠢᠷᠡᠭᠦᠯᠬᠦ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠦᠵᠡᠯ ᠰᠠᠨᠠᠭᠠᠨ᠎ᠤ ᠰᠠᠭᠤᠷᠢ᠎ᠶᠢ ᠪᠠᠲᠤᠳᠬᠠᠬᠤ᠎ᠳᠤ ᠬᠦᠴᠦᠨ ᠴᠢᠳᠠᠯ᠎ᠢᠶᠠᠨ ᠡᠷᠭᠦᠬᠦ ᠪᠣᠯᠣᠨ᠎ᠠ᠃
ᠪᠡᠭᠡᠵᠢᠩ ᠲᠢᠶᠠᠨᠵᠢᠨ ᠾᠧᠪᠧᠢ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠨᠤᠭᠤᠳ᠎ᠤᠨ ᠠᠨᠠᠷ᠎ᠤᠨ ᠦᠷ᠎ᠡ᠎ᠶᠢᠨ ᠬᠣᠯᠪᠣᠭᠠᠨ᠎ᠤ ᠪᠦᠷᠢᠯᠳᠦᠭᠦᠨ ᠨᠢᠭᠡᠴᠢ ᠨᠡᠷᠡᠰ
ᠪᠡᠭᠡᠵᠢᠩ ( 7 ) ᠄ ᠪᠡᠭᠡᠵᠢᠩ᠎ᠦᠨ ᠦᠢᠯᠡᠳᠪᠦᠷᠢ ᠬᠤᠳᠠᠯᠳᠤᠭᠠᠨ᠎ᠤ ᠶᠡᠬᠡ ᠰᠤᠷᠭᠠᠭᠤᠯᠢ ᠨᠡᠢᠰᠯᠡᠯ᠎ᠦᠨ ᠠᠵᠤ ᠠᠬᠤᠢ ᠠᠷᠠᠯᠵᠢᠶᠠᠨ᠎ᠤ ᠶᠡᠬᠡ ᠰᠤᠷᠭᠠᠭᠤᠯᠢ ᠤᠮᠠᠷᠠᠲᠤ᠎ᠶᠢᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ ᠳᠤᠮᠳᠠᠳᠤ ᠤᠯᠤᠰ᠎ᠤᠨ ᠳᠠᠭᠤᠤ ᠬᠥᠭᠵᠢᠮ᠎ᠦᠨ ᠳᠡᠭᠡᠳᠦ ᠰᠤᠷᠭᠠᠭᠤᠯᠢ ᠪᠡᠭᠡᠵᠢᠩ᠎ᠦᠨ ᠲᠠᠷᠢᠶᠠᠯᠠᠩ᠎ᠤᠨ ᠳᠡᠭᠡᠳᠦ ᠰᠤᠷᠭᠠᠭᠤᠯᠢ ᠪᠡᠭᠡᠵᠢᠩ᠎ᠦᠨ ᠭᠠᠳᠠᠭᠠᠳᠤ ᠬᠡᠯᠡᠨ᠎ᠦ ᠬᠣᠶᠠᠳᠤᠭᠠᠷ ᠳᠡᠭᠡᠳᠦ ᠰᠤᠷᠭᠠᠭᠤᠯᠢ ᠪᠡᠭᠡᠵᠢᠩ᠎ᠦᠨ ᠮᠡᠳᠡᠭᠡ ᠵᠠᠩᠭᠢ ᠰᠢᠨᠵᠢᠯᠡᠬᠦ ᠤᠬᠠᠭᠠᠨ ᠲᠸᠭ᠌ᠨᠢᠭ᠌ ᠮᠡᠷᠭᠡᠵᠢᠯ᠎ᠦᠨ ᠶᠡᠬᠡ ᠰᠤᠷᠭᠠᠭᠤᠯᠢ
ᠲᠢᠶᠠᠨᠵᠢᠨ ( 5 ᠰᠤᠷᠭᠠᠭᠤᠯᠢ) ᠄ ᠲᠢᠶᠠᠨᠵᠢᠨ᠎ᠤ ᠰᠢᠨᠵᠢᠯᠡᠬᠦ ᠤᠬᠠᠭᠠᠨ ᠲᠸᠭ᠌ᠨᠢᠭ᠌ ᠮᠡᠷᠭᠡᠵᠢᠯ᠎ᠦᠨ ᠶᠡᠬᠡ ᠰᠤᠷᠭᠠᠭᠤᠯᠢ ᠲᠢᠶᠠᠨᠵᠢᠨ᠎ᠤ ᠲᠧᠭᠨᠢᠭ᠎ᠦᠨ ᠶᠡᠬᠡ ᠰᠤᠷᠭᠠᠭᠤᠯᠢ ᠲᠢᠶᠠᠨᠵᠢᠨ᠎ᠤ ᠡᠯᠧᠺᠲᠷᠣᠨ ᠮᠡᠳᠡᠭᠡ ᠵᠠᠩᠭᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠲᠢᠶᠠᠨᠵᠢᠨ᠎ᠤ ᠵᠠᠮ ᠬᠠᠷᠢᠯᠴᠠᠭᠠᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠲᠠᠶᠠᠨᠵᠢᠨᠤ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ
ᠾᠧᠪᠧᠢ ( 7 ᠰᠤᠷᠭᠠᠭᠤᠯᠢ) ᠄ ᠾᠧᠪᠧᠢ ᠶᠡᠬᠡ ᠰᠤᠷᠭᠠᠭᠤᠯᠢ ᠾᠧᠪᠧᠢ ᠵᠢᠨ ᠢᠨᠵᠧᠨᠧᠷᠢᠩ᠎ᠦᠨ ᠶᠡᠬᠡ ᠰᠤᠷᠭᠠᠭᠤᠯᠢ ᠾᠧᠪᠧᠢ᠎ᠶᠢᠨ ᠴᠢᠯᠠᠭᠤᠨ ᠲᠣᠰᠣᠨ᠎ᠤ ᠠᠵᠢᠯ ᠮᠡᠷᠭᠡᠵᠢᠯ᠎ᠦᠨ ᠶᠡᠬᠡ ᠰᠤᠷᠭᠠᠭᠤᠯᠢ ᠾᠧᠪᠧᠢ᠎ᠶᠢᠨ ᠦᠨᠳᠦᠰᠦᠲᠡᠨ᠎ᠦ ᠪᠠᠭ᠍ᠰᠢ᠎ᠶᠢᠨ ᠳᠡᠭᠡᠳᠦ ᠰᠤᠷᠭᠠᠭᠤᠯᠢ ᠪᠣᠤ ᠳ᠋ᠢᠩ ᠳᠡᠭᠡᠳᠦ ᠰᠤᠷᠭᠠᠭᠤᠯᠢ ᠰᠢᠩ ᠲᠠᠢ ᠳᠡᠭᠡᠳᠦ ᠰᠤᠷᠭᠠᠭᠤᠯᠢ ᠾᠧᠪᠧᠢ ᠵᠢᠨ ᠪᠠᠭ᠍ᠰᠢ᠎ᠶᠢᠨ ᠶᠡᠬᠡ ᠰᠤᠷᠭᠠᠭᠤᠯᠢ
ᠥᠪᠥᠷ ᠮᠣᠩᠭᠣᠯ ( 7 ᠰᠤᠷᠭᠠᠭᠤᠯᠢ) ᠄ ᠥᠪᠥᠷ ᠮᠣᠩᠭᠣᠯ᠎ᠤᠨ ᠶᠡᠬᠡ ᠰᠤᠷᠭᠠᠭᠤᠯᠢ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ ᠬᠥᠬᠡᠬᠣᠲᠠ ᠦᠨᠳᠦᠰᠦᠲᠡᠨ᠎ᠦ ᠳᠡᠭᠡᠳᠦ ᠰᠤᠷᠭᠠᠭᠤᠯᠢ ᠥᠪᠥᠷ ᠮᠣᠩᠭᠣᠯ᠎ᠤᠨ ᠡᠳ᠋᠎ᠦᠨ ᠵᠠᠰᠠᠭ ᠶᠡᠬᠡ ᠰᠤᠷᠭᠠᠭᠤᠯᠢ
ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ