ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠄ ᠠᠷᠠᠳ᠎ᠤᠨ ᠠᠮᠢᠳᠤᠷᠠᠯ᠎ᠤᠨ ᠴᠢᠬᠤᠯᠠ ᠲᠠᠸᠠᠷ᠎ᠤᠨ ᠦᠨ᠎ᠡ ᠬᠠᠩᠰᠢ ᠵᠢᠨ ᠲᠤᠬᠢᠷᠠᠭᠤᠯᠭ᠎ᠠ ᠡᠵᠡᠮᠳᠡᠯ᠎ᠤᠨ ᠲᠣᠭᠲᠠᠴᠠ ᠵᠢ ᠲᠦᠷᠭᠡᠪᠴᠢᠯᠡᠨ ᠲᠡᠭᠦᠯᠳᠡᠷᠵᠢᠭᠦᠯᠦᠨ᠎ᠡ
ᠨᠡᠶ᠋ᠢᠲᠡᠯᠡᠭᠰᠡᠨ ᠴᠠᠭ᠄ 2021-06-11
ᠰᠤᠷᠪᠤᠯᠵᠢᠯᠠᠭᠴᠢ 9᠎ᠤ ᠡᠳᠦᠷ ᠣᠶ᠋ᠢᠯᠠᠭ᠋ᠠᠭᠰᠠᠨ ᠵᠶ᠋ᠠᠷ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠣᠶ᠋ᠢᠷ᠎ᠠ᠎ᠳᠤ ᠪᠥᠬᠦ ᠤᠯᠤᠰ᠎ᠤᠨ ᠸᠢᠳᠢᠣ᠋ ᠬᠤᠷᠠᠯ ᠬᠤᠷᠠᠯᠳᠤᠭᠤᠯᠵᠤ᠂ ᠠᠷᠠᠳ᠎ᠤᠨ ᠠᠮᠢᠳᠤᠷᠠᠯ᠎ᠤᠨ ᠴᠢᠬᠤᠯᠠ ᠲᠠᠸᠠᠷ᠎ᠤᠨ ᠦᠨ᠎ᠡ ᠬᠠᠩᠰᠢ ᠵᠢᠨ ᠲᠤᠬᠢᠷᠠᠭᠤᠯᠭ᠎ᠠ ᠡᠵᠡᠮᠳᠡᠯ᠎ᠤᠨ ᠲᠣᠭᠲᠠᠴᠠ ᠵᠢ ᠲᠦᠷᠭᠡᠪᠴᠢᠯᠡᠨ ᠲᠡᠭᠦᠯᠳᠡᠷᠵᠢᠭᠦᠯᠵᠦ᠂ ᠬᠠᠩᠭ᠋ᠠᠯᠭ᠎ᠠ ᠵᠢ ᠪᠠᠲᠤᠯᠠᠵᠤ ᠦᠨ᠎ᠡ ᠵᠢ ᠲᠣᠭᠲᠠᠪᠤᠷᠢᠵᠢᠭᠤᠯᠬᠤ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠷᠠᠳ᠎ᠤᠨ ᠠᠮᠢᠳᠤᠷᠠᠯ᠎ᠤᠨ ᠲᠠᠸᠠᠷ᠎ᠤᠨ ᠬᠠᠩᠭ᠋ᠠᠯᠭ᠎ᠠ ᠪᠠ ᠦᠨ᠎ᠡ ᠬᠠᠩᠰᠢ ᠵᠢᠨ ᠬᠡᠯᠪᠡᠯᠵᠡᠯ᠎ᠤᠨ ᠣᠯᠠᠨ ᠲᠦᠮᠡᠨ᠎ᠤ ᠠᠮᠢᠳᠤᠷᠠᠯ᠎ᠳᠤ ᠦᠵᠡᠭᠦᠯᠬᠦ ᠨᠥᠯᠥᠭᠡ ᠵᠢ ᠪᠦᠲᠦᠮᠵᠢᠲᠡᠶ ᠨᠠᠮᠳᠠᠭᠤᠯᠬᠤ ᠬᠡᠷᠡᠭᠲᠡᠶ ᠭᠡᠵᠦ ᠱᠠᠭ᠋ᠠᠷᠳᠠᠪᠠ᠃
ᠲᠠᠨᠢᠯᠴᠠᠭᠤᠯᠤᠭᠰᠠᠨ ᠵᠶ᠋ᠠᠷ᠂ 《ᠠᠷᠠᠳ᠎ᠤᠨ ᠠᠮᠢᠳᠤᠷᠠᠯ᠎ᠤᠨ ᠴᠢᠬᠤᠯᠠ ᠲᠠᠸᠠᠷ᠎ᠤᠨ ᠦᠨ᠎ᠡ ᠬᠠᠩᠰᠢ ᠵᠢᠨ ᠲᠤᠬᠢᠷᠠᠭᠤᠯᠭ᠎ᠠ ᠡᠵᠡᠮᠳᠡᠯ᠎ᠤᠨ ᠲᠣᠭᠲᠠᠴᠠ ᠵᠢ ᠲᠡᠭᠦᠯᠳᠡᠷᠵᠢᠭᠦᠯᠬᠦ ᠲᠤᠬᠠᠶ ᠰᠠᠨᠠᠯ》᠎ᠢ ᠲᠥᠪ᠎ᠤᠨ ᠥᠭᠡᠷᠡᠴᠢᠯᠡᠯᠲᠡ ᠵᠢ ᠪᠥᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶᠠᠨ᠎ᠤ ᠠᠷᠪᠠᠨ ᠨᠠᠢ᠍ᠮᠠᠳᠤᠭ᠋ᠠᠷ ᠬᠤᠷᠠᠯ᠎ᠠᠴᠠ ᠬᠢᠨᠠᠨ ᠵᠦᠪᠯᠡᠵᠤ ᠪᠠᠳᠤᠯᠠᠭ᠋ᠠᠳ᠂ ᠣᠶ᠋ᠢᠷ᠎ᠠ᠎ᠳᠤ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ᠂ ᠬᠦᠳᠡᠭᠡ ᠠᠵᠤ ᠠᠬᠤᠢ ᠬᠥᠳᠡᠭᠡ ᠲᠣᠰᠬᠤᠨ᠎ᠤ ᠶᠠᠮᠤᠨ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠂ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ᠂ ᠤᠯᠤᠰ᠎ᠤᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠵᠡᠷᠭᠡ 6 ᠰᠠᠯᠠᠭ᠎ᠠ ᠮᠥᠴᠢᠷ ᠬᠠᠮᠲᠤᠷᠠᠨ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠪᠡ᠃
ᠣᠶ᠋ᠢᠷ᠎ᠠ ᠵᠢᠨ ᠵᠢᠯ᠎ᠳᠤ᠂ ᠠᠷᠠᠳ᠎ᠤᠨ ᠠᠮᠢᠳᠤᠷᠠᠯ᠎ᠤᠨ ᠴᠢᠬᠤᠯᠠ ᠲᠠᠸᠠᠷ᠎ᠤᠨ ᠦᠨ᠎ᠡ ᠬᠠᠩᠰᠢ ᠵᠢ ᠲᠤᠬᠢᠷᠠᠭᠤᠯᠭ᠎ᠠ ᠡᠵᠡᠮᠳᠡᠯ᠎ᠤᠨ ᠲᠣᠭᠲᠠᠴᠠ ᠲᠠᠰᠤᠷᠠᠯᠲᠠ ᠥᠬᠡᠶ ᠲᠡᠭᠦᠯᠳᠡᠷᠵᠢᠵᠦ᠂ ᠬᠠᠩᠭ᠋ᠠᠯᠭ᠎ᠠ ᠵᠢ ᠪᠠᠲᠤᠯᠠᠵᠤ ᠦᠨ᠎ᠡ ᠬᠠᠩᠰᠢ ᠵᠢ ᠲᠣᠭᠲᠠᠪᠤᠷᠢᠵᠢᠭᠤᠯᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠭᠡᠪᠡᠴᠦ ᠠᠷᠠᠳ᠎ᠤᠨ ᠠᠮᠢᠳᠤᠷᠠᠯ᠎ᠤᠨ ᠴᠢᠬᠤᠯᠠ ᠲᠠᠸᠠᠷ᠎ᠤᠨ ᠦᠢ᠍ᠯᠡᠳᠪᠦᠷᠢᠯᠡᠯ ᠬᠠᠩᠭ᠋ᠠᠯᠭ᠎ᠠ ᠨᠦᠬᠡᠴᠡᠯᠡᠯᠳᠡ ᠡᠳ᠋ᠰᠢᠭᠦᠯᠦᠯᠳᠡ ᠪᠣᠷᠣᠯᠠᠭᠤᠯᠭ᠎ᠠ ᠵᠢᠨ ᠬᠡᠯᠬᠢᠶ᠎ᠡ ᠣᠷᠳᠣ᠂ ᠭᠤᠭᠴᠤᠭ᠎ᠠ ᠣᠯᠠᠨ᠂ ᠬᠤᠯᠪᠣᠭᠳᠠᠬᠤ ᠬᠡᠪᠴᠢᠶ᠎ᠡ ᠥᠷᠭᠡᠨ ᠪᠠᠶ᠋ᠢᠵᠤ᠂ 《ᠵᠢᠵᠢᠭ ᠦᠢ᠍ᠯᠡᠳᠪᠦᠷᠢᠯᠡᠯ᠂ ᠲᠣᠮᠣ ᠵᠠᠬ᠎ᠠ ᠳᠡᠯᠭᠡᠭᠦᠷ》᠎ᠤᠨ ᠣᠨᠴᠠᠯᠢᠭ ᠲᠣᠪᠤᠶ᠋ᠢᠮ᠎ᠠ ᠪᠠᠶ᠋ᠢᠵᠤ᠂ ᠪᠠᠶ᠋ᠢᠭ᠋ᠠᠯᠢ ᠵᠢᠨ ᠭᠠᠮᠰᠢᠭ᠂ ᠵᠠᠬ᠎ᠠ ᠳᠡᠯᠭᠡᠭᠦᠷ᠎ᠤᠨ ᠠᠶᠤᠯ ᠲᠦᠭᠰᠢᠭᠦᠷᠢ᠂ ᠭᠡᠨᠡᠳᠲᠡ ᠵᠢᠨ ᠬᠡᠷᠡᠭ ᠲᠠᠭ᠋ᠠᠷᠠᠯᠳᠤᠪᠠᠯ ᠦᠨ᠎ᠡ ᠬᠠᠩᠰᠢ᠎ᠨᠢ ᠠᠮᠠᠷᠬᠠᠨ ᠶᠡᠭᠡ᠎ᠪᠠᠷ ᠥᠰᠴᠦ ᠶᠡᠭᠡ᠎ᠪᠠᠷ ᠪᠠᠭᠤᠷᠠᠨ᠎ᠠ᠃
ᠬᠤᠷᠠᠯ᠎ᠠᠴᠠ᠂ ᠠᠷᠠᠳ᠎ᠤᠨ ᠠᠮᠢᠳᠤᠷᠠᠯ᠎ᠤᠨ ᠴᠢᠬᠤᠯᠠ ᠲᠠᠸᠠᠷ᠎ᠤᠨ ᠦᠨ᠎ᠡ ᠬᠠᠩᠰᠢ ᠵᠢᠨ ᠲᠤᠬᠢᠷᠠᠭᠤᠯᠭ᠎ᠠ ᠡᠵᠡᠮᠳᠡᠯ᠎ᠤᠨ ᠲᠣᠭᠲᠠᠴᠠ ᠵᠢ ᠲᠡᠭᠦᠯᠳᠡᠷᠵᠢᠭᠦᠯᠬᠦ᠎ᠳᠤ ᠠᠷᠠᠳ ᠲᠦᠮᠡᠨ ᠵᠶ᠋ᠠᠷ ᠭᠤᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠬᠥᠭᠵᠢᠯᠲᠡ ᠪᠣᠯᠤᠨ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠠᠷᠠᠳ᠎ᠤᠨ ᠦᠨᠳᠦᠰᠦᠨ ᠠᠮᠢᠳᠤᠷᠠᠯ᠎ᠳᠤ ᠬᠤᠯᠪᠣᠭᠳᠠᠬᠤ ᠴᠢᠬᠤᠯᠠ ᠲᠠᠸᠠᠷ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠦᠢ᠍ᠯᠡᠳᠪᠦᠷᠢᠯᠡᠯ᠂ ᠭᠦᠢ᠍ᠯᠭᠡᠭᠡ᠂ ᠬᠡᠷᠡᠭᠯᠡᠭᠡ ᠵᠡᠷᠭᠡ ᠤᠯᠠᠨ ᠭᠤᠭᠴᠤᠭ᠎ᠠ ᠵᠢ ᠰᠢᠯᠤᠭᠤᠳᠬᠠᠬᠤ᠎ᠲᠠᠢ ᠨᠢᠭᠲᠠ ᠤᠶᠠᠯᠳᠤᠭᠤᠯᠵᠤ᠂ ᠵᠠᠰᠠᠭ᠎ᠤᠨ ᠣᠷᠳᠣᠨ᠂ ᠵᠠᠬ᠎ᠠ ᠳᠡᠯᠭᠡᠭᠦᠷ᠂ ᠨᠡᠶ᠋ᠢᠭᠡᠮ ᠵᠡᠷᠭᠡ ᠵᠢᠨ ᠦᠢ᠍ᠯᠡᠳᠦᠯ᠎ᠢ ᠪᠠᠳᠠᠷᠠᠭᠤᠯᠵᠤ᠂ ᠠᠵᠤ ᠠᠬᠤᠢ᠂ ᠬᠠᠤᠯᠢ ᠴᠠᠭ᠋ᠠᠵᠠ᠂ ᠵᠠᠰᠠᠭ ᠵᠠᠬᠢᠷᠭ᠎ᠠ ᠵᠡᠷᠭᠡ ᠤᠯᠠᠨ ᠵᠦᠢ᠍ᠯ᠎ᠤᠨ ᠠᠷᠭ᠎ᠠ ᠪᠠᠷᠢᠯ᠎ᠢ ᠬᠡᠷᠡᠭᠯᠡᠵᠦ᠂ ᠦᠨ᠎ᠡ ᠬᠠᠩᠰᠢ ᠵᠢ ᠲᠤᠬᠢᠷᠠᠭᠤᠯᠤᠨ ᠡᠵᠡᠮᠳᠡᠬᠦ ᠴᠢᠳᠠᠪᠤᠷᠢ ᠪᠣᠯᠤᠨ ᠲᠦᠪᠰᠢᠨ᠎ᠢ ᠳᠡᠭᠡᠭᠰᠢᠯᠡᠭᠦᠯᠵᠦ᠂ ᠠᠷᠠᠳ᠎ᠤᠨ ᠠᠮᠢᠳᠤᠷᠠᠯ᠎ᠤᠨ ᠴᠢᠬᠤᠯᠠ ᠲᠠᠸᠠᠷ᠎ᠤᠨ ᠪᠦᠲᠦᠮᠵᠢᠲᠡᠢ ᠬᠠᠩᠭ᠋ᠠᠯᠭ᠎ᠠ ᠪᠣᠯᠤᠨ ᠦᠨ᠎ᠡ ᠬᠠᠩᠰᠢ ᠵᠢᠨ ᠶᠡᠷᠦᠩᠬᠡᠢ᠎ᠳᠡᠭᠡᠨ ᠲᠣᠭᠲᠠᠭᠤᠨ ᠪᠠᠶ᠋ᠢᠬᠤ ᠵᠢ ᠬᠦᠴᠦᠲᠡᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠦᠲᠦᠮᠵᠢᠲᠡᠶ ᠵᠠᠬ᠎ᠠ ᠳᠡᠯᠭᠡᠭᠦᠷ ᠪᠣᠯᠤᠨ ᠨᠠᠶ᠋ᠢᠳᠠᠪᠤᠷᠢᠳᠠᠢ ᠵᠠᠰᠠᠭ᠎ᠤᠨ ᠣᠷᠳᠣᠨ᠎ᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠵᠤ᠂ ᠦᠨ᠎ᠡ ᠬᠠᠩᠰᠢ ᠵᠢᠨ ᠬᠡᠪ᠎ᠤᠨ ᠪᠤᠰᠤ ᠬᠡᠯᠪᠡᠯᠵᠡᠯ᠎ᠢ ᠭᠤᠤᠯᠳᠠᠯᠭ᠎ᠠ᠎ᠲᠠᠢ ᠠᠷᠭ᠋ᠠᠴᠠᠭ᠋ᠠᠵᠤ᠂ ᠡᠬᠢ ᠡᠭᠦᠰᠦᠯ᠎ᠠᠴᠠ᠎ᠨᠢ ᠵᠠᠰᠠᠬᠤ ᠵᠢ ᠴᠢᠩᠭ᠋ᠠᠳᠬᠠᠵᠤ᠂ ᠬᠠᠷᠢᠭᠤᠴᠠᠯᠭ᠎ᠠ ᠵᠢᠨ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠦᠨ᠎ᠡ ᠬᠠᠩᠰᠢ ᠵᠢ ᠬᠢᠨᠠᠨ ᠬᠡᠮᠵᠢᠵᠦ ᠲᠥᠰᠦᠭᠡᠯᠡᠵᠦ ᠰᠡᠷᠡᠮᠵᠢᠯᠡᠭᠦᠯᠬᠦ ᠰᠢᠰᠲ᠋ᠧᠮ᠂ ᠦᠨ᠎ᠡ ᠬᠠᠩᠰᠢ ᠵᠢ ᠲᠣᠭᠲᠠᠪᠤᠷᠢᠵᠢᠭᠤᠯᠬᠤ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ᠂ ᠦᠨ᠎ᠡ ᠬᠠᠩᠰᠢ ᠵᠢᠨ ᠬᠡᠪ᠎ᠤᠨ ᠪᠤᠰᠤ ᠬᠡᠯᠪᠡᠯᠵᠡᠯ᠎ᠢ ᠰᠡᠷᠭᠡᠶ᠋ᠢᠯᠡᠬᠦ ᠲᠤᠬᠢᠷᠠᠭᠤᠯᠭ᠎ᠠ ᠡᠵᠡᠮᠳᠡᠯ᠎ᠤᠨ ᠲᠣᠭᠲᠠᠴᠠ᠂ ᠭᠡᠨᠡᠳᠲᠡ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠤᠬᠢᠷᠠᠭᠤᠯᠭ᠎ᠠ ᠡᠵᠡᠮᠳᠡᠯ᠎ᠤᠨ ᠲᠣᠭᠲᠠᠴᠠ᠂ ᠪᠠᠷᠠᠭ᠋ᠠᠨ᠎ᠤ ᠦᠨ᠎ᠡ ᠵᠢᠨ ᠥᠰᠥᠯᠲᠡ ᠵᠢ ᠠᠷᠭ᠋ᠠᠴᠠᠭ᠋ᠠᠬᠤ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠲᠣᠭᠲᠠᠴᠠ᠂ ᠵᠠᠬ᠎ᠠ ᠳᠡᠯᠭᠡᠭᠦᠷ᠎ᠤᠨ ᠦᠨ᠎ᠡ ᠬᠠᠩᠰᠢ ᠵᠢ ᠬᠢᠨᠠᠨ ᠬᠠᠮᠢᠶᠠᠷᠬᠤ ᠲᠣᠭᠲᠠᠴᠠ ᠵᠡᠷᠭᠡ ᠲᠦᠷᠢᠮ᠎ᠤᠨ ᠰᠢᠰᠲ᠋ᠧᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠠᠷᠠᠳ᠎ᠤᠨ ᠠᠮᠢᠳᠤᠷᠠᠯ᠎ᠤᠨ ᠴᠢᠬᠤᠯᠠ ᠲᠠᠸᠠᠷ᠎ᠤᠨ ᠦᠨ᠎ᠡ ᠬᠠᠩᠰᠢ ᠵᠢ ᠲᠤᠬᠢᠷᠠᠭᠤᠯᠤᠨ ᠡᠵᠡᠮᠳᠡᠬᠦ 《ᠨᠢᠷᠤᠭᠤ ᠲᠤᠯᠭ᠋ᠠᠭᠤᠷᠢ》 ᠪᠠᠶ᠋ᠢᠭᠤᠯᠬᠤ ᠬᠡᠷᠡᠭᠲᠡᠶ᠃ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠦᠢ᠍ᠯᠡᠳᠪᠦᠷᠢᠯᠡᠯ ᠪᠣᠷᠣᠯᠠᠭᠤᠯᠭ᠎ᠠ ᠵᠢ ᠰᠠᠶ᠋ᠢᠳᠤᠷ ᠵᠣᠯᠭ᠋ᠠᠭᠤᠯᠤᠨ᠂ ᠨᠥᠭᠡᠴᠡᠯᠡᠵᠦ ᠲᠣᠬᠢᠷᠠᠭᠤᠯᠬᠤ ᠵᠢ ᠴᠢᠩᠭ᠋ᠠᠳᠬᠠᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠥᠰᠦᠯ ᠲᠣᠭᠲᠠᠭ᠋ᠠᠵᠤ᠂ ᠠᠷᠠᠳ᠎ᠤᠨ ᠠᠮᠢᠳᠤᠷᠠᠯ᠎ᠤᠨ ᠦᠨᠳᠦᠰᠦᠨ ᠵᠦᠢ᠍ᠯ᠎ᠢ ᠪᠠᠲᠤᠯᠠᠬᠤ ᠠᠵᠢᠯ᠎ᠢ ᠰᠠᠶ᠋ᠢᠲᠤᠷ ᠬᠢᠵᠦ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠵᠢᠱ᠌ᠢᠯᠲᠡ ᠵᠢ ᠵᠦᠶ ᠵᠣᠬᠢᠰᠲᠠᠶ ᠬᠥᠲᠥᠯᠥᠨ ᠵᠢᠯᠣᠭᠤᠳᠴᠤ᠂ ᠦᠢ᠍ᠯᠡᠳᠪᠦᠷᠢᠯᠡᠯ ᠬᠠᠩᠭ᠋ᠠᠯᠭ᠎ᠠ ᠨᠥᠭᠡᠴᠡᠯᠡᠯᠳᠡ ᠡᠳ᠋ᠰᠢᠭᠦᠯᠦᠯᠳᠡ ᠪᠣᠷᠣᠯᠠᠭᠤᠯᠭ᠎ᠠ ᠵᠡᠷᠭᠡ ᠡᠯ᠎ᠡ ᠭᠤᠭᠴᠤᠭ᠎ᠠ ᠵᠢᠨ ᠶᠡᠷᠦᠩᠬᠡᠶ᠋ᠢᠯᠡᠭᠰᠡᠨ ᠲᠣᠬᠢᠷᠠᠭᠤᠯᠬᠤ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠵᠦ᠂ ᠬᠠᠩᠭ᠋ᠠᠯᠭ᠎ᠠ ᠵᠢ ᠲᠣᠭᠲᠠᠪᠤᠷᠢᠵᠢᠭᠤᠯᠬᠤ᠎ᠪᠠᠷ ᠦᠨ᠎ᠡ ᠬᠠᠩᠰᠢ ᠵᠢᠨ ᠲᠣᠭᠲᠠᠭᠤᠨ᠎ᠢ ᠪᠠᠲᠤᠯᠠᠵᠤ᠂ ᠦᠨ᠎ᠡ ᠬᠠᠩᠰᠢ ᠵᠢ ᠲᠣᠭᠲᠠᠪᠤᠷᠢᠵᠢᠭᠤᠯᠬᠤ᠎ᠪᠠᠷ ᠬᠠᠩᠭ᠋ᠠᠯᠭ᠎ᠠ ᠵᠢᠨ ᠲᠤᠭᠳᠠᠭᠤᠨ᠎ᠢ ᠠᠬᠢᠭᠤᠯᠵᠤ᠂ ᠦᠨ᠎ᠡ ᠬᠠᠩᠰᠢ ᠶᠡᠭᠡ᠎ᠪᠠᠷ ᠥᠰᠴᠦ ᠪᠠᠭᠤᠷᠠᠬᠤ᠎ᠠᠴᠠ ᠪᠤᠯᠵᠥ ᠠᠷᠠᠳ᠎ᠤᠨ ᠦᠨᠳᠦᠰᠦᠨ ᠠᠮᠢᠳᠤᠷᠠᠯ᠎ᠢ ᠨᠥᠯᠥᠭᠡᠯᠡᠬᠦ ᠵᠢ ᠰᠡᠷᠭᠡᠶ᠋ᠢᠯᠡᠬᠦ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠷᠠᠭᠤᠯᠵᠤ᠂ ᠨᠠᠷᠢᠨ ᠨᠢᠮᠪᠠᠢ ᠪᠠᠶ᠋ᠢᠷᠢᠯᠠᠭᠤᠯᠤᠨ ᠲᠣᠬᠢᠷᠠᠭᠤᠯᠵᠤ᠂ ᠳᠡᠮᠵᠢᠯᠭᠡ ᠪᠠᠲᠤᠯᠠᠭ᠎ᠠ ᠵᠢ ᠴᠢᠩᠭ᠋ᠠᠳᠬᠠᠨ᠂ ᠱᠠᠯᠠᠪᠳᠠᠭᠤᠯᠤᠨ ᠨᠠᠶ᠋ᠢᠳᠠᠪᠤᠷᠢᠵᠢᠭᠤᠯᠬᠤ ᠵᠢ ᠴᠢᠩᠭ᠋ᠠᠳᠬᠠᠵᠤ᠂ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠠᠵᠢᠯ᠎ᠢ ᠬᠢᠨᠠᠮᠠᠭ᠋ᠠᠶ ᠰᠠᠶ᠋ᠢᠲᠤᠷ ᠬᠢᠵᠦ᠂ ᠲᠥᠷᠥ ᠵᠢᠨ ᠪᠣᠳᠣᠯᠭ᠎ᠠ ᠵᠢ ᠪᠣᠳᠠᠲᠠᠶ᠋ᠢᠵᠢᠭᠤᠯᠤᠨ ᠨᠠᠶ᠋ᠢᠳᠠᠪᠤᠷᠢᠵᠢᠭᠤᠯᠵᠤ ᠦᠷ᠎ᠡ ᠪᠦᠲᠦᠮᠵᠢ ᠭᠠᠷᠭ᠋ᠠᠬᠤ ᠵᠢ ᠪᠠᠲᠤᠯᠠᠬᠤ ᠬᠡᠷᠡᠭᠲᠡᠶ ᠭᠡᠵᠤ ᠱᠠᠭ᠋ᠠᠷᠳᠠᠵᠠᠢ᠃
ᠬᠤᠷᠠᠯ᠎ᠠᠴᠠ ᠪᠠᠰᠠ ᠣᠳᠣᠬᠠᠨ᠎ᠤ ᠪᠠ ᠬᠤᠶ᠋ᠢᠰᠢᠳᠠ ᠵᠢᠨ ᠬᠡᠰᠡᠭ ᠬᠤᠭᠤᠴᠠᠭ᠋ᠠᠨ᠎ᠤ ᠪᠠᠷᠠᠭ᠋ᠠᠨ᠎ᠤ ᠦᠨ᠎ᠡ ᠵᠢᠨ ᠪᠠᠶ᠋ᠢᠳᠠᠯ᠎ᠢ ᠵᠠᠳᠠᠯᠵᠤ᠂ ᠡᠨᠡ ᠵᠢᠯ᠎ᠤᠨ ᠠᠷᠠᠳ᠎ᠤᠨ ᠠᠮᠢᠳᠤᠷᠠᠯ᠎ᠤᠨ ᠴᠢᠬᠤᠯᠠ ᠲᠠᠸᠠᠷ᠎ᠤᠨ ᠬᠠᠩᠭ᠋ᠠᠯᠭ᠎ᠠ ᠵᠢ ᠪᠠᠲᠤᠯᠠᠵᠤ ᠦᠨ᠎ᠡ ᠬᠠᠩᠰᠢ ᠵᠢ ᠲᠣᠭᠲᠠᠪᠤᠷᠢᠵᠢᠭᠤᠯᠬᠤ ᠠᠵᠢᠯ᠎ᠳᠤ ᠪᠦᠬᠦ ᠲᠠᠯ᠎ᠠ ᠵᠢᠨ ᠪᠠᠶ᠋ᠢᠷᠢᠯᠠᠭᠤᠯᠤᠯᠲᠠ ᠬᠢᠵᠦ᠂ ᠠᠷᠠᠳ᠎ᠤᠨ ᠠᠮᠢᠳᠤᠷᠠᠯ᠎ᠤᠨ ᠴᠢᠬᠤᠯᠠ ᠲᠠᠸᠠᠷ᠎ᠤᠨ ᠦᠨ᠎ᠡ ᠬᠠᠩᠰᠢ ᠵᠢ ᠲᠤᠬᠢᠷᠠᠭᠤᠯᠤᠨ ᠡᠵᠡᠮᠳᠡᠬᠦ ᠲᠣᠭᠲᠠᠴᠠ ᠵᠢ ᠲᠡᠭᠦᠯᠳᠡᠷᠵᠢᠭᠦᠯᠬᠦ᠎ᠲᠠᠢ ᠤᠶᠠᠯᠳᠤᠭᠤᠯᠵᠤ᠂ ᠡᠷᠳᠡᠨᠢ ᠰᠢᠰᠢ᠂ ᠪᠤᠭᠤᠳᠠᠢ᠂ ᠢᠳᠡᠰᠢᠨ ᠲᠤᠰᠤ᠂ ᠭᠠᠭ᠍ᠠᠢ ᠵᠢᠨ ᠮᠢᠬ᠎ᠠ᠂ ᠢᠳᠡᠰᠢᠨ ᠨᠣᠭᠤᠭ᠎ᠠ ᠵᠡᠷᠭᠡ ᠭᠤᠣᠯᠳᠠᠯᠭ᠎ᠠ᠎ᠲᠠᠢ ᠲᠦᠷᠦᠯ ᠵᠦᠢ᠍ᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠦᠢ᠍ᠯᠡᠳᠪᠦᠷᠢᠯᠡᠯ ᠬᠠᠩᠭ᠋ᠠᠯᠭ᠎ᠠ ᠨᠥᠭᠡᠴᠡᠯᠡᠯᠲᠡ ᠡᠳ᠋ᠰᠢᠭᠦᠯᠦᠯᠳᠡ ᠪᠣᠷᠣᠯᠠᠭᠤᠯᠭ᠎ᠠ ᠡᠯ᠎ᠡ ᠭᠤᠭᠴᠤᠭ᠎ᠠ ᠵᠢ ᠪᠦᠲᠦᠮᠵᠢᠲᠡᠢ ᠵᠣᠯᠭ᠋ᠠᠭᠤᠯᠬᠤ ᠵᠢ ᠠᠬᠢᠭᠤᠯᠬᠤ ᠵᠢᠨ ᠬᠠᠮᠲᠤ ᠪᠦᠭᠡᠮ ᠲᠠᠸᠠᠷ᠎ᠤᠨ ᠵᠠᠬ᠎ᠠ ᠳᠡᠯᠭᠡᠭᠦᠷ᠎ᠢ ᠲᠤᠬᠢᠷᠠᠭᠤᠯᠤᠨ ᠡᠵᠡᠮᠳᠡᠬᠦ ᠠᠵᠢᠯ᠎ᠢ ᠢᠳᠡᠪᠬᠢᠲᠡᠢ ᠰᠠᠶ᠋ᠢᠲᠤᠷ ᠬᠢᠵᠦ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠠᠷᠠᠳ᠎ᠤᠨ ᠠᠮᠢᠳᠤᠷᠠᠯ᠎ᠤᠨ ᠴᠢᠬᠤᠯᠠ ᠲᠠᠸᠠᠷ᠎ᠤᠨ ᠬᠠᠩᠭ᠋ᠠᠯᠭ᠎ᠠ ᠭᠦᠢ᠍ᠴᠡᠳ᠂ ᠦᠨ᠎ᠡ ᠬᠠᠩᠰᠢ ᠦᠨᠳᠦᠰᠦᠨ᠎ᠳᠡᠭᠡᠨ ᠲᠣᠭᠲᠠᠭᠤᠨ ᠪᠠᠶ᠋ᠢᠬᠤ ᠵᠢ ᠪᠦᠬᠦ ᠬᠦᠴᠦᠨ ᠵᠶ᠋ᠠᠷ ᠵᠶ᠋ᠠᠨ ᠪᠠᠲᠤᠯᠠᠬᠤ᠎ᠪᠠᠷ ᠪᠠᠶ᠋ᠢᠨ᠎ᠠ᠃
ᠢᠷᠡᠯᠲᠡ᠄ ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ ᠵᠢᠨ ᠰᠦᠯᠵᠢᠶ᠎ᠠ