ᠥᠪᠡᠷᠲᠡᠭᠡᠨ ᠵᠠᠰᠠᠬᠤ ᠣᠷᠣᠨ᠎ᠤ ᠨᠢᠭᠡᠳᠦᠮᠡᠯ ᠹᠷᠣᠨᠲ᠎ᠤᠨ ᠬᠡᠯᠲᠡᠰ᠎ᠤᠨ ᠠᠯᠪᠠᠨ ᠭᠡᠷ᠎ᠤᠨ ᠳᠡᠳ᠋ ᠡᠷᠬᠢᠯᠡᠭᠴᠢ ᠡᠷᠳᠡᠨᠢᠴᠢᠯᠠᠭᠤ ᠵᠢ ᠰᠤᠷᠪᠤᠯᠵᠢᠯᠠᠭᠰᠠᠨ᠎ᠨᠢ
ᠨᠡᠶ᠋ᠢᠲᠡᠯᠡᠭᠰᠡᠨ ᠴᠠᠭ᠄ 2021-06-16
ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ ᠵᠢᠨ ᠬᠠᠮᠤᠭ᠎ᠤᠨ ᠵᠠᠩᠭᠢᠯᠠᠭ᠎ᠠ᠎ᠨᠢ ᠦᠨᠳᠦᠰᠦᠲᠡᠨ᠎ᠤ ᠪᠦᠯᠬᠦᠮᠳᠡᠯ᠎ᠢ ᠰᠠᠶ᠋ᠢᠲᠤᠷ ᠬᠢᠵᠦ᠂ ᠬᠥᠮᠦᠰ᠎ᠤᠨ ᠰᠡᠳᠬᠢᠯ᠎ᠢ ᠤᠯᠬᠤ ᠶᠠᠪᠤᠳᠠᠯ ᠪᠣᠯᠤᠨ᠎ᠠ᠃ ᠣᠳᠣᠬᠢᠴᠢᠯᠠᠯᠲᠠ ᠵᠢᠨ ᠰᠢᠨ᠎ᠡ ᠠᠶᠠᠨ᠎ᠳᠤ ᠦᠨᠳᠦᠰᠦᠲᠡᠨ᠎ᠨᠦᠭᠦᠳ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠥᠭᠵᠢᠬᠦ ᠵᠢ ᠬᠡᠷᠬᠢᠨ ᠠᠬᠢᠭᠤᠯᠬᠤ ᠪᠤᠢ? ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠤᠨ ᠠᠯᠪᠠᠨ ᠭᠡᠷ᠎ᠤᠨ ᠳᠡᠳ᠋ ᠡᠷᠬᠢᠯᠡᠭᠴᠢ ᠡᠷᠳᠡᠨᠢᠴᠢᠯᠠᠭᠤ ᠵᠢ ᠰᠤᠷᠪᠤᠯᠵᠢᠯᠠᠪᠠ᠃
《ᠰᠣᠶᠣᠯ᠎ᠤᠨ ᠬᠠᠮᠲᠤ ᠵᠢᠨ ᠲᠠᠨᠢᠯᠲᠠ ᠪᠣᠯ ᠨᠢᠭᠡ ᠤᠯᠤᠰ ᠪᠠ ᠦᠨᠳᠦᠰᠦᠲᠡᠨ᠎ᠤ ᠣᠷᠣᠰᠢᠨ ᠬᠥᠭᠵᠢᠬᠦ ᠵᠢᠨ ᠰᠠᠭᠤᠷᠢ ᠮᠥᠨ᠂ ᠨᠢᠭᠡ ᠦᠨᠳᠦᠰᠦᠲᠡᠨ᠎ᠤ ᠨᠢᠭᠲᠠᠷᠠᠯ᠎ᠤᠨ ᠬᠦᠴᠦᠨ᠎ᠲᠠᠢ ᠪᠠᠶ᠋ᠢᠬᠤ ᠵᠢᠨ ᠪᠠᠲᠤᠯᠠᠭ᠎ᠠ ᠮᠥᠨ᠂ ᠭᠠᠭᠴᠠ ᠬᠦ᠌ ᠰᠣᠶᠣᠯ᠎ᠤᠨ ᠬᠠᠮᠲᠤ ᠵᠢᠨ ᠲᠠᠨᠢᠯᠲᠠ ᠵᠢ ᠴᠢᠩᠭ᠋ᠠᠳᠬᠠᠪᠠᠯ ᠰᠠᠶᠢ ᠦᠨᠳᠦᠰᠦᠲᠡᠨ᠎ᠨᠦᠭᠦᠳ᠎ᠤᠨ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠬᠤ ᠵᠢ ᠠᠬᠢᠭᠤᠯᠵᠤ ᠴᠢᠳᠠᠨ᠎ᠠ᠃ ᠪᠢᠳᠠ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠤ ᠳᠤᠮᠳᠠ ᠮᠠᠷᠺᠰ᠎ᠤᠨ ᠦᠵᠡᠯ᠎ᠤᠨ ᠦᠨᠳᠦᠰᠦᠲᠡᠨ᠎ᠤ ᠦᠵᠡᠯᠲᠡ ᠵᠢᠨ ᠤᠬᠠᠭᠤᠯᠭ᠎ᠠ ᠬᠥᠮᠦᠵᠢᠯ᠎ᠢ ᠬᠦᠨ ᠭᠦᠨᠵᠡᠭᠡᠢ ᠤᠳᠠᠭ᠋ᠠᠨ ᠳᠠᠭ᠋ᠠᠭ᠋ᠠᠮᠠᠭ᠋ᠠᠢ ᠥᠷᠨᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠣᠯ ᠰᠢᠵᠢᠮ ᠪᠣᠯᠭ᠋ᠠᠵᠤ᠂ ᠨᠠᠮ᠎ᠤᠨ ᠦᠨᠳᠦᠰᠦᠲᠡᠨ᠎ᠤ ᠲᠦᠷᠦ ᠵᠢᠨ ᠪᠤᠳᠤᠯᠭ᠎ᠠ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠢᠳᠡᠪᠬᠢᠲᠡᠢ ᠤᠬᠠᠭᠤᠯᠵᠤ᠂ ᠦᠨᠳᠦᠰᠦᠲᠡᠨ᠎ᠤ ᠪᠦᠯᠬᠦᠮᠳᠡᠯ᠂ ᠬᠢᠯᠢ ᠬᠢᠵᠠᠭ᠋ᠠᠷ᠎ᠤᠨ ᠠᠮᠤᠷ ᠲᠣᠭᠲᠠᠭᠤᠨ᠎ᠳᠤ ᠬᠦᠴᠦᠨ ᠴᠢᠳᠠᠯ ᠵᠶ᠋ᠠᠨ ᠡᠷᠭᠦᠬᠦ ᠬᠡᠷᠡᠭᠳᠡᠢ》 ᠭᠡᠵᠦ ᠡᠷᠳᠡᠨᠢᠴᠢᠯᠠᠭᠤ ᠲᠠᠨᠢᠯᠴᠠᠭᠤᠯᠪᠠ᠃
ᠡᠷᠳᠡᠨᠢᠴᠢᠯᠠᠭᠤ ᠵᠢᠨ ᠦᠵᠡᠬᠦ᠎ᠪᠠᠷ᠂ ᠦᠭᠡ ᠬᠡᠯᠡ ᠨᠡᠪᠲᠡᠷᠡᠯᠴᠡᠬᠦ ᠪᠣᠯ ᠬᠥᠮᠦᠨ ᠬᠥᠮᠦᠨ᠎ᠤ ᠬᠤᠭᠤᠷᠣᠨᠳᠣᠬᠢ ᠬᠠᠷᠢᠯᠴᠠᠭ᠋ᠠᠨ᠎ᠤ ᠴᠢᠬᠤᠯᠠ ᠭᠤᠭᠴᠤᠭ᠎ᠠ ᠮᠥᠨ᠂ ᠦᠭᠡ ᠬᠡᠯᠡ ᠨᠡᠪᠲᠡᠷᠡᠯᠴᠡᠬᠦ ᠥᠬᠡᠶ ᠪᠣᠯ ᠣᠢ᠌ᠯᠠᠭ᠋ᠠᠯᠴᠠᠬᠤᠳᠤ ᠪᠡᠷᠬᠡ᠂ ᠨᠡᠪᠲᠡᠷᠡᠯᠴᠡᠬᠦ ᠥᠬᠡᠶ ᠪᠣᠯ ᠬᠠᠷᠢᠯᠴᠠᠨ ᠣᠶ᠋ᠢᠯᠠᠭ᠋ᠠᠯᠴᠠᠵᠤ ᠴᠢᠳᠠᠬᠤ ᠦᠬᠡᠢ ᠪᠦᠬᠡᠳ ᠬᠠᠮᠳᠤ ᠵᠢᠨ ᠳᠠᠨᠢᠯᠳᠠ᠎ᠲᠠᠢ ᠪᠣᠯᠬᠤ᠎ᠳᠤ ᠪᠡᠷᠬᠡ ᠶᠤᠮ᠃ ᠦᠨᠳᠦᠰᠦᠲᠡᠨ᠎ᠤ ᠭᠠᠵᠠᠷ ᠣᠷᠣᠨ᠎ᠳᠤ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠎ᠨᠢ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠰᠢᠭᠤᠳ ᠰᠢᠯᠤᠭᠤᠨ ᠥᠷᠭᠡᠨ ᠳᠡᠯᠭᠡᠷᠡᠩᠭᠦᠢ᠎ᠪᠠᠷ ᠨᠡᠪᠲᠡᠷᠡᠯᠴᠡᠭᠡ᠎ᠪᠠᠨ ᠴᠢᠩᠭ᠋ᠠᠳᠬᠠᠨ᠂ ᠣᠶ᠋ᠢᠯᠠᠭ᠋ᠠᠯᠲᠠ᠎ᠲᠠᠢ ᠪᠤᠯᠵᠤ᠂ ᠡᠭᠦᠨ᠎ᠤ ᠤᠯᠠᠮ᠎ᠠᠴᠠ ᠬᠠᠶ᠋ᠢᠷ᠎ᠠ ᠰᠡᠳᠬᠢᠯᠭᠡ᠂ ᠦᠵᠡᠯ ᠰᠠᠨᠠᠭ᠎ᠠ᠂ ᠰᠣᠶᠣᠯ ᠪᠠ ᠤᠯᠤᠰ ᠲᠦᠷᠦ ᠵᠡᠷᠭᠡ ᠲᠠᠯ᠎ᠠ᠎ᠪᠠᠷ ᠮᠡᠳᠡᠷᠡᠮᠵᠢ᠎ᠲᠠᠢ ᠪᠣᠯᠬᠤ᠎ᠳᠤ ᠠᠰᠢᠭᠲᠠᠢ ᠶᠤᠮ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢᠨ ᠴᠢᠬᠤᠯᠠ ᠠᠷᠭ᠎ᠠ ᠵᠠᠮ ᠮᠥᠨ᠂ 《ᠲᠠᠪᠤᠨ ᠬᠠᠮᠳᠤ ᠵᠢᠨ ᠳᠠᠨᠢᠯᠳᠠ》 ᠵᠢ ᠲᠠᠰᠤᠷᠠᠯᠳᠠ ᠦᠭᠡᠢ ᠴᠢᠩᠭ᠋ᠠᠳᠬᠠᠬᠤ ᠵᠢᠨ ᠤᠷᠢᠲᠠᠯ ᠪᠠ ᠰᠠᠭᠤᠷᠢ ᠪᠤᠯᠤᠨ᠎ᠠ᠃
ᠡᠷᠳᠡᠨᠢᠴᠢᠯᠠᠭᠤ ᠤᠯᠠᠭ᠋ᠠᠨᠬᠠᠳᠠ ᠬᠤᠳᠠ ᠵᠢᠨ ᠣᠩᠨᠢᠭᠤᠳ ᠬᠤᠰᠢᠭᠤᠨ᠎ᠤ ᠭᠡᠷᠰᠡᠩ ᠰᠤᠮᠤᠨ᠎ᠳᠤ ᠲᠦᠷᠦᠵᠤ᠂ ᠪᠠᠭ᠎ᠠ ᠰᠤᠷᠭ᠋ᠠᠭᠤᠯᠢ᠎ᠠᠴᠠ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠬᠦᠷᠲᠡᠯ᠎ᠡ᠂ ᠠᠩᠭᠢ᠎ᠳᠤᠨᠢ ᠮᠣᠩᠭᠤᠯ ᠰᠤᠷᠤᠭᠴᠢ ᠪᠠᠶ᠋ᠢᠬᠤ ᠪᠦᠬᠡᠳ ᠪᠠᠰᠠ ᠬᠢᠲᠠᠳ ᠰᠤᠷᠤᠭᠴᠢ᠎ᠲᠠᠢ ᠪᠠᠶ᠋ᠢᠵᠤ᠂ ᠰᠤᠷᠤᠭᠴᠢᠳ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠣᠯᠪᠠᠰᠤᠷᠠᠩᠭᠤᠢ ᠡᠵᠡᠮᠰᠢᠭᠰᠡᠨ ᠪᠠᠶ᠋ᠢᠨ᠎ᠠ᠃ 1993 ᠣᠨ᠎ᠳᠤ᠂ ᠡᠷᠳᠡᠨᠢᠴᠢᠯᠠᠭᠤ ᠥᠪᠥᠷ ᠮᠣᠩᠭᠤᠯ᠎ᠤᠨ ᠶᠡᠭᠡ ᠰᠤᠷᠭ᠋ᠠᠭᠤᠯᠢ᠎ᠳᠤ ᠰᠢᠯᠭ᠋ᠠᠨ ᠤᠷᠤᠭᠰᠠᠨ᠎ᠤ ᠳᠠᠷᠠᠭ᠎ᠠ᠂ ᠪᠠᠭᠰᠢ ᠵᠢᠨ ᠬᠢᠴᠢᠶᠡᠯ ᠣᠷᠣᠬᠤ᠎ᠠᠴᠠ ᠠᠪᠤᠭ᠋ᠠᠳ ᠯᠠᠪᠯᠠᠬᠤ ᠰᠤᠷᠪᠤᠯᠵᠢ ᠪᠢᠴᠢᠭ ᠤᠩᠰᠢᠬᠤ᠂ ᠬᠢᠴᠢᠶᠡᠯ᠎ᠤᠨ ᠭᠠᠳᠠᠨᠠᠬᠢ ᠬᠥᠳᠡᠯᠭᠡᠭᠡᠨ᠎ᠳᠤ ᠣᠷᠣᠯᠴᠠᠬᠤ ᠬᠦᠷᠲᠡᠯ᠎ᠡ ᠴᠥᠮ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠬᠡᠷᠡᠭᠯᠡᠵᠦ᠂ ᠰᠢᠨᠵᠢᠯᠡᠬᠦ ᠤᠬᠠᠭ᠋ᠠᠨ ᠰᠣᠶᠣᠯ᠎ᠤᠨ ᠮᠡᠳᠡᠯᠭᠡ ᠵᠢ ᠨᠡᠩ ᠰᠠᠶ᠋ᠢᠳᠤᠷ ᠡᠵᠡᠮᠰᠢᠬᠦ᠎ᠳᠤ ᠮᠠᠰᠢ ᠰᠠᠶ᠋ᠢᠨ ᠰᠠᠭᠤᠷᠢ ᠵᠢ ᠲᠠᠯᠪᠢᠭᠰᠠᠨ ᠪᠠᠶ᠋ᠢᠨ᠎ᠠ᠃ 《ᠨᠢᠭᠡ ᠵᠦᠢ᠍ᠯ᠎ᠤᠨ ᠬᠡᠯᠡ ᠵᠢ ᠢᠯᠡᠭᠦᠦ ᠰᠤᠷᠪᠠᠯ ᠳᠠᠷᠤᠢ ᠢᠯᠡᠭᠦᠦ ᠨᠢᠭᠡ ᠵᠦᠢ᠍ᠯ᠎ᠤᠨ ᠰᠣᠯᠢᠯᠴᠠᠭ᠋ᠠᠨ᠎ᠤ ᠪᠠᠭ᠋ᠠᠵᠢ᠎ᠲᠠᠢ ᠪᠤᠯᠵᠤ᠂ ᠰᠡᠳᠬᠢᠬᠦᠢ ᠵᠢᠨ ᠠᠷᠭ᠎ᠠ ᠮᠠᠶᠢᠭ ᠵᠶ᠋ᠠᠨ ᠪᠠᠶᠠᠯᠢᠭᠵᠢᠭᠤᠯᠵᠤ᠂ ᠬᠠᠷᠠᠭ᠎ᠠ᠎ᠪᠠᠨ ᠥᠷᠭᠡᠳᠬᠡᠵᠦ᠂ ᠠᠰᠠᠭᠤᠳᠠᠯ᠎ᠢ ᠤᠯᠠᠨ ᠲᠠᠯ᠎ᠠ᠎ᠠᠴᠠ ᠵᠠᠳᠠᠯᠤᠨ ᠰᠢᠢ᠍ᠳᠪᠦᠷᠢᠯᠡᠬᠦ᠎ᠳᠤ ᠠᠰᠢᠭᠲᠠᠢ ᠶᠤᠮ᠃ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠬᠤ᠎ᠨᠢ ᠠᠵᠢᠯ ᠤᠯᠵᠤ ᠦᠢ᠍ᠯᠡᠰ ᠪᠤᠰᠬᠠᠬᠤ᠂ ᠤᠳᠤ ᠦᠶ᠎ᠡ ᠵᠢᠨ ᠰᠢᠨᠵᠢᠯᠡᠬᠦ ᠤᠬᠠᠭ᠋ᠠᠨ ᠰᠣᠶᠣᠯ᠎ᠤᠨ ᠮᠡᠳᠡᠯᠭᠡ ᠵᠢ ᠬᠦᠯᠢᠶᠡᠨ ᠠᠪᠬᠤ ᠵᠢᠴᠢ ᠨᠡᠶ᠋ᠢᠭᠡᠮ᠎ᠳᠤ ᠠᠭᠤᠰᠤᠯᠴᠠᠬᠤ᠎ᠳᠤ ᠴᠥᠮ ᠮᠠᠰᠢ ᠠᠰᠢᠭᠲᠠᠢ ᠶᠤᠮ》 ᠭᠡᠵᠦ ᠡᠷᠳᠡᠨᠢᠴᠢᠯᠠᠭᠤ ᠬᠤᠪᠢ ᠬᠥᠮᠦᠨ᠎ᠤ ᠦᠰᠦᠨ ᠪᠤᠶ᠋ᠢᠵᠢᠭᠰᠠᠨ ᠥᠩᠭᠡᠷᠡᠯᠲᠡ᠎ᠲᠠᠢ᠎ᠪᠠᠨ ᠤᠶᠠᠯᠳᠤᠭᠤᠯᠤᠨ ᠮᠠᠰᠢ ᠭᠦᠨ ᠲᠥᠷᠥᠭᠳᠡᠯ᠎ᠲᠠᠢ᠎ᠪᠠᠷ ᠬᠡᠯᠡᠪᠡ᠃
《ᠠᠵᠢᠯ᠎ᠤᠨ ᠪᠠᠶ᠋ᠢᠷᠢ᠎ᠳᠤ ᠭᠠᠷᠤᠭᠰᠠᠨ᠎ᠤ ᠳᠠᠷᠠᠭ᠎ᠠ᠂ ᠤᠯᠤᠰ᠎ᠤᠨ ᠲᠥᠷᠥ ᠵᠢᠨ ᠪᠣᠳᠣᠯᠭ᠎ᠠ ᠵᠢ ᠰᠤᠷᠤᠯᠴᠠᠭᠰᠠᠨ ᠴᠤ᠌ ᠲᠡᠷᠡ᠂ ᠠᠵᠢᠯ᠎ᠤᠨ ᠰᠣᠯᠢᠯᠴᠠᠭ᠎ᠠ ᠥᠷᠨᠢᠭᠦᠯᠦᠭᠰᠡᠨ ᠴᠦ᠍ ᠲᠡᠷᠡ᠂ ᠪᠣᠯᠪᠠᠰᠤᠷᠠᠯ ᠭᠥᠷᠳᠡᠭᠰᠡᠨ ᠵᠡᠷᠭᠡ᠎ᠳᠤ ᠴᠥᠮ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠬᠡᠷᠡᠭᠯᠡᠵᠦ ᠪᠠᠶ᠋ᠢᠨ᠎ᠠ᠂ ᠭᠠᠭᠴᠠ ᠬᠦ᠌ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠰᠠᠶ᠋ᠢᠲᠤᠷ ᠡᠵᠡᠮᠰᠢᠪᠡᠯ ᠰᠠᠶᠢ ᠨᠠᠮ᠎ᠤᠨ ᠲᠥᠪ ᠬᠤᠷᠢᠶᠠᠨ᠎ᠤ ᠡᠯ᠎ᠡ ᠵᠦᠢᠯ᠎ᠤᠨ ᠰᠢᠢᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠨᠠᠩ ᠰᠠᠶ᠋ᠢᠲᠤᠷ ᠰᠤᠷᠤᠯᠴᠠᠨ ᠲᠤᠭᠤᠰᠢᠯᠠᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠨᠠᠩ ᠰᠠᠶ᠋ᠢᠲᠤᠷ ᠭᠦᠢᠴᠡᠳᠬᠡᠵᠦ᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠳᠤ ᠦᠢᠯᠡᠴᠢᠯᠡᠵᠦ ᠴᠢᠳᠠᠨ᠎ᠠ ᠭᠡᠳᠡᠭ᠎ᠢ ᠪᠢ ᠭᠦᠨᠵᠡᠭᠡᠶ ᠣᠢ᠌ᠯᠠᠭ᠋ᠠᠯ᠎ᠠ》 ᠭᠡᠵᠦ ᠡᠷᠳᠡᠨᠢᠴᠢᠯᠠᠭᠤ ᠬᠡᠯᠡᠵᠦ ᠪᠠᠶ᠋ᠢᠪᠠ᠃ 2015 ᠣᠨ᠎ᠠᠴᠠ 2016 ᠤᠨ ᠪᠣᠯᠲᠠᠯ᠎ᠠ᠂ ᠲᠡᠷᠡ ᠬᠢᠩᠭ᠋ᠠᠨ ᠠᠶ᠋ᠢᠮᠠᠭ᠎ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ᠎ᠤ ᠲᠠᠪᠤᠰ ᠪᠠᠯᠭ᠋ᠠᠰᠤᠨ᠎ᠤ᠎ᠲᠠᠢ ᠫᠢᠩ ᠠᠭᠤᠯᠠ ᠭᠠᠴᠠᠭ᠎ᠠ᠎ᠳᠤ ᠶᠠᠳᠠᠭᠤ ᠵᠢ ᠲᠡᠳᠬᠦᠬᠦ ᠠᠵᠢᠯ ᠥᠷᠨᠢᠭᠦᠯᠵᠦ᠂ ᠦᠷᠭᠦᠯᠵᠢ ᠲᠣᠰᠬᠤᠨ ᠡᠷᠦᠬᠡ᠎ᠪᠠᠷ ᠬᠦᠷᠴᠦ ᠮᠠᠯᠴᠢᠨ ᠲᠠᠷᠢᠶᠠᠴᠢᠨ᠎ᠤ ᠦᠢ᠍ᠯᠡᠳᠪᠦᠷᠢᠯᠡᠯ ᠠᠮᠢᠳᠤᠷᠠᠯ᠎ᠤᠨ ᠪᠠᠶ᠋ᠢᠳᠠᠯ᠎ᠢ ᠣᠶ᠋ᠢᠯᠠᠭ᠋ᠠᠵᠤ᠂ ᠵᠠᠷᠢᠮ ᠮᠠᠯᠴᠢᠳ᠎ᠤᠨ ᠳᠤᠷᠠᠳᠤᠭᠰᠠᠨ ᠰᠠᠨᠠᠯ ᠰᠠᠨᠠᠭᠤᠯᠭ᠎ᠠ ᠵᠢ ᠴᠥᠮ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠵᠶ᠋ᠠᠷ ᠣᠷᠴᠢᠭᠤᠯᠤᠭ᠋ᠠᠳ ᠮᠡᠳᠡᠭᠦᠯᠦᠯᠲᠡ᠎ᠳᠡᠭᠡᠨ ᠪᠢᠴᠢᠵᠦ ᠣᠷᠣᠭᠤᠯᠬᠤ ᠴᠢᠬᠤᠯᠠᠲᠠᠢ ᠪᠠᠶ᠋ᠢᠪᠠ᠃ 《ᠬᠡᠷᠪᠡ ᠪᠢ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠣᠯᠪᠠᠰᠤᠷᠠᠩᠭᠤᠢ ᠡᠵᠡᠮᠰᠢᠭᠰᠡᠨ ᠦᠭᠡᠢ ᠪᠣᠯ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ᠎ᠤ ᠰᠠᠨᠠᠯ ᠰᠠᠨᠠᠭᠤᠯᠭ᠎ᠠ ᠵᠢ ᠣᠨᠣᠪᠴᠢᠲᠠᠢ ᠢᠯᠡᠳᠬᠡᠬᠦ᠎ᠳᠤ ᠪᠡᠷᠬᠡ᠂ᠲᠠᠢ ᠫᠢᠩ ᠠᠭᠤᠯᠠ ᠭᠠᠴᠠᠭ᠎ᠠ ᠵᠢᠨ ᠰᠢᠨᠵᠢᠯᠡᠬᠦ ᠤᠬᠠᠭ᠋ᠠᠨᠴᠢ ᠣᠨᠣᠪᠴᠢᠲᠠᠢ ᠶᠠᠳᠠᠭᠤ ᠵᠢ ᠲᠡᠳᠬᠦᠬᠦ ᠲᠥᠯᠥᠪᠵᠢᠭᠦᠯᠭᠡ ᠲᠣᠭᠲᠠᠭ᠋ᠠᠬᠤ᠎ᠳᠤ ᠦᠨᠳᠦᠰᠦᠯᠡᠯ ᠬᠠᠩᠭ᠋ᠠᠵᠤ ᠴᠢᠳᠠᠬᠤ ᠦᠭᠡᠢ ᠶᠤᠮ》 ᠭᠡᠵᠦ ᠲᠡᠷᠡ ᠶᠠᠷᠢᠨ᠎ᠠ᠃
ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠵᠤ᠂ ᠦᠨᠳᠦᠰᠦᠲᠡᠨ᠎ᠤ ᠪᠦᠯᠬᠦᠮᠳᠡᠯ᠎ᠤᠨ ᠢᠷᠠᠭᠤ ᠠᠯᠳᠠᠷᠲᠤ ᠤᠯᠠᠮᠵᠢᠯᠠᠯ ᠪᠣᠯᠤᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠡᠷᠬᠢᠮ ᠳᠡᠭᠡᠳᠦ ᠢᠷᠠᠭᠤ ᠠᠯᠳᠠᠷ᠎ᠢ ᠬᠤᠪᠢ ᠲᠠᠬᠢᠨ ᠨᠠᠨᠳᠢᠩᠨᠠᠵᠤ᠂ ᠦᠷᠭᠦᠯᠵᠢᠯᠡᠨ ᠪᠠᠲᠤᠯᠠᠬᠤ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠳᠤ ᠲᠠᠯᠪᠢᠭᠰᠠᠨ ᠴᠢᠩ ᠰᠡᠳᠬᠢᠯ᠎ᠤᠨ ᠨᠠᠶ᠋ᠢᠳᠠᠯᠭ᠎ᠠ ᠪᠣᠯᠤᠨ᠎ᠠ᠃ ᠨᠠᠮ᠎ᠤᠨ ᠬᠤᠷᠢᠶᠠᠨ᠎ᠤ ᠨᠢᠭᠡᠳᠦᠮᠡᠯ ᠹᠷᠣᠨᠲ᠎ᠤᠨ ᠺᠠᠳ᠋ᠷ ᠪᠣᠯᠤᠭᠰᠠᠨ᠎ᠤ ᠬᠤᠪᠢ᠎ᠳᠤ᠂ ᠶᠡᠷᠦᠩᠬᠡᠶ ᠱᠦᠵᠢ ᠵᠢᠨ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠶᠡᠷᠦᠩᠬᠡᠶ ᠱᠦᠵᠢ ᠵᠢᠨ ᠦᠨᠳᠦᠰᠦᠲᠡᠨ᠎ᠤ ᠠᠵᠢᠯ᠎ᠤᠨ ᠲᠤᠬᠠᠶ ᠴᠢᠬᠤᠯᠠ ᠥᠭᠦᠯᠡᠯᠲᠡ ᠪᠠ ᠥᠪᠥᠷ ᠮᠣᠩᠭᠤᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠵᠤ᠂ ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠪᠥᠬᠦ ᠲᠠᠯ᠎ᠠ᠎ᠪᠠᠷ ᠵᠥᠪ ᠣᠨᠣᠪᠴᠢᠲᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠨᠠᠢ᠍ᠮᠠᠨ ᠪᠠᠷᠢᠮᠳᠠᠯᠠᠯ》᠎ᠢ ᠪᠠᠲᠤ ᠴᠡᠭᠡᠵᠢᠯᠡᠨ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠦᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠤᠭᠴᠠᠯᠠᠵᠤ᠂ 《ᠬᠢᠲᠠᠳ ᠦᠨᠳᠦᠰᠦᠲᠡᠨ ᠴᠥᠭᠡᠨ ᠲᠣᠭ᠋ᠠᠲᠤ ᠦᠨᠳᠦᠰᠦᠲᠡᠨ᠎ᠠᠴᠠ ᠰᠠᠯᠵᠤ ᠴᠢᠳᠠᠬᠤ ᠦᠭᠡᠢ᠂ ᠴᠥᠭᠡᠨ ᠲᠣᠭ᠋ᠠᠲᠤ ᠦᠨᠳᠦᠰᠦᠲᠡᠨ ᠬᠢᠲᠠᠳ ᠦᠨᠳᠦᠰᠦᠲᠡᠨ᠎ᠠᠴᠠ ᠰᠠᠯᠵᠤ ᠴᠢᠳᠠᠬᠤ ᠦᠭᠡᠢ᠂ ᠡᠯ᠎ᠡ ᠴᠥᠭᠡᠨ ᠲᠣᠭ᠋ᠠᠲᠤ ᠦᠨᠳᠦᠰᠦᠲᠡᠨ ᠬᠤᠭᠤᠷᠣᠨᠳᠣ᠎ᠪᠠᠨ ᠴᠤ᠌ ᠬᠠᠷᠢᠯᠴᠠᠨ ᠰᠠᠯᠵᠤ ᠴᠢᠳᠠᠬᠤ ᠦᠭᠡᠢ》 ᠦᠵᠡᠯ ᠰᠠᠨᠠᠭ᠎ᠠ ᠵᠢ ᠪᠠᠲᠤ ᠪᠠᠬᠢ ᠪᠤᠢ ᠪᠤᠯᠭ᠋ᠠᠨ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠲᠥᠯᠥᠨ ᠵᠢᠯᠣᠭᠤᠳᠴᠤ ᠠᠭᠤᠤ ᠶᠡᠭᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠲᠤᠬᠠᠢ ᠲᠠᠨᠢᠯᠲᠠ ᠵᠢ ᠴᠢᠩᠭ᠋ᠠᠷᠠᠭᠤᠯᠵᠤ᠂ 《ᠬᠤᠤᠰ ᠵᠠᠭᠤᠨ ᠵᠢᠯ》᠎ᠤᠨ ᠲᠡᠮᠡᠴᠡᠬᠦ ᠬᠠᠷᠠᠯᠲᠠ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠪᠡᠶᠡᠯᠡᠭᠦᠯᠬᠦ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠡᠷᠳᠡᠨᠢᠴᠢᠯᠠᠭᠤ ᠢᠯᠡᠳᠬᠡᠵᠦ ᠪᠠᠶ᠋ᠢᠪᠠ᠃
ᠢᠷᠡᠯᠲᠡ᠄ ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ ᠵᠢᠨ ᠰᠦᠯᠵᠢᠶ᠎ᠠ