《ᠵᠠᠰᠠᠭ᠎ᠤᠨ ᠣᠷᠳᠣᠨ᠎ᠤ ᠭᠠᠭ᠍ᠠᠶ ᠵᠢᠨ ᠮᠢᠬ᠎ᠠ ᠨᠥᠭᠡᠴᠡᠯᠡᠵᠦ ᠳᠣᠭᠢᠷᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ ᠭᠠᠭ᠍ᠠᠶ ᠵᠢᠨ ᠮᠢᠬᠠᠨ᠎ᠤ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢ ᠪᠠᠲᠤᠯᠠᠵᠤ ᠦᠨ᠎ᠡ ᠵᠢ ᠲᠣᠭᠲᠠᠪᠤᠷᠢᠵᠢᠭᠤᠯᠬᠤ ᠠᠵᠢᠯ᠎ᠢ ᠰᠠᠶ᠋ᠢᠲᠤᠷ ᠬᠢᠬᠦ ᠲᠥᠰᠦᠯ》 ᠰᠤᠷᠪᠤᠯᠵᠢᠯᠠᠭᠴᠢ ᠵᠢᠨ ᠠᠰᠠᠭᠤᠯᠲᠠ ᠬᠠᠷᠢᠭᠤᠯᠲᠠ
ᠨᠡᠶ᠋ᠢᠲᠡᠯᠡᠭᠰᠡᠨ ᠴᠠᠭ᠄ 2021-07-12
ᠣᠶ᠋ᠢᠷ᠎ᠠ᠎ᠳᠤ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠵᠥᠪᠰᠢᠶᠡᠷᠡᠯ ᠵᠶ᠋ᠠᠷ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠬᠤᠷᠢᠶ᠎ᠠ᠎ᠨᠢ ᠡᠳ᠋᠎ᠤᠨ ᠵᠠᠰᠠᠭ᠎ᠤᠨ ᠶᠠᠮᠤᠨ᠂ ᠲᠠᠷᠢᠶᠠᠯᠠᠩ ᠬᠥᠳᠡᠭᠡ ᠲᠣᠰᠬᠤᠨ᠎ᠤ ᠶᠠᠮᠤᠨ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ 《ᠵᠠᠰᠠᠭ᠎ᠤᠨ ᠣᠷᠳᠣᠨ᠎ᠤ ᠭᠠᠭ᠍ᠠᠶ ᠵᠢᠨ ᠮᠢᠬ᠎ᠠ ᠨᠥᠭᠡᠴᠡᠯᠡᠵᠦ ᠳᠣᠭᠢᠷᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠭᠠᠭ᠍ᠠᠶ ᠵᠢᠨ ᠮᠢᠬ᠎ᠠ ᠵᠢᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢ ᠪᠠᠲᠤᠯᠠᠵᠤ ᠦᠨ᠎ᠡ ᠬᠠᠩᠰᠢ ᠵᠢ ᠲᠣᠭᠲᠠᠪᠤᠷᠢᠵᠢᠭᠤᠯᠬᠤ ᠠᠵᠢᠯ᠎ᠢ ᠰᠠᠶ᠋ᠢᠲᠤᠷ ᠬᠢᠬᠦ ᠲᠥᠰᠦᠯ》 (ᠳᠣᠷᠣᠭᠰᠢ 《ᠲᠥᠰᠦᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ ᠡᠭᠦᠨ᠎ᠤ ᠲᠤᠬᠠᠶ ᠰᠤᠷᠪᠤᠯᠵᠢᠯᠠᠭᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠎ᠢ ᠰᠤᠷᠪᠤᠯᠵᠢᠯᠠᠪᠠ᠃
ᠨᠢᠭᠡ᠂ ᠶᠠᠭᠤᠨ᠎ᠤ ᠤᠴᠢᠷ᠎ᠠᠴᠠ 《ᠪᠡᠯᠡᠳᠬᠡᠯ ᠲᠥᠰᠦᠯ》᠎ᠢ ᠲᠣᠭᠲᠠᠭ᠋ᠠᠵᠤ ᠨᠡᠶ᠋ᠢᠲᠡᠯᠡᠬᠦ ᠬᠡᠷᠡᠭᠲᠡᠶ ᠪᠤᠢ?
ᠭᠠᠭ᠍ᠠᠶ ᠵᠢᠨ ᠮᠢᠬ᠎ᠠ ᠪᠣᠯ ᠮᠠᠨ᠎ᠤ ᠤᠯᠤᠰ᠎ᠤᠨ ᠰᠠᠭᠤᠭ᠋ᠠᠯᠢ ᠠᠷᠠᠳ᠎ᠤᠨ ᠬᠠᠮᠤᠭ᠎ᠤᠨ ᠭᠤᠣᠯ ᠪᠣᠯᠬᠤ ᠮᠢᠬᠠᠨ ᠢᠳᠡᠭᠡᠨ ᠪᠠ ᠠᠮᠢᠲᠠᠨ᠎ᠤ ᠤᠭᠤᠷᠠᠭ ᠡᠳ᠋ᠯᠡᠬᠦ ᠵᠢᠨ ᠢᠷᠡᠯᠲᠡ ᠮᠥᠨ᠂ ᠭᠠᠭ᠍ᠠᠶ ᠵᠢᠨ ᠮᠢᠬᠠᠨ᠎ᠤ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠪᠠ ᠦᠨ᠎ᠡ ᠬᠠᠩᠰᠢ ᠵᠢᠨ ᠲᠣᠭᠲᠠᠭᠤᠨ ᠪᠠᠶ᠋ᠢᠬᠤ ᠵᠢ ᠪᠠᠲᠤᠯᠠᠬᠤ᠎ᠨᠢ ᠤᠯᠠᠨ ᠲᠦᠮᠡᠨ᠎ᠤ ᠠᠮᠢ ᠪᠡᠶ᠎ᠡ ᠵᠢᠨ ᠠᠰᠢᠭ ᠲᠤᠰᠠᠲᠠᠢ ᠬᠤᠯᠪᠣᠭᠳᠠᠵᠤ ᠪᠠᠶ᠋ᠢᠳᠠᠭ᠃ 2009 ᠣᠨ᠎ᠳᠤ᠂ ᠲᠦᠷᠦ ᠵᠢᠨ ᠶᠠᠪᠤᠳᠠᠯ᠎ᠤᠨ ᠬᠤᠷᠢᠶ᠎ᠠ᠎ᠪᠠᠷ ᠵᠥᠪᠰᠢᠶᠡᠷᠡᠭᠦᠯᠦᠭᠡᠳ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠬᠤᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ 《ᠠᠮᠢᠳᠤ ᠭᠠᠭ᠍ᠠᠶ ᠵᠢᠨ ᠦᠨ᠎ᠡ ᠬᠡᠲᠦᠷᠬᠡᠶ ᠪᠠᠭᠤᠷᠠᠬᠤ ᠵᠢ ᠰᠡᠷᠭᠡᠶ᠋ᠢᠯᠡᠬᠦ ᠲᠤᠬᠢᠷᠠᠭᠤᠯᠤᠯ ᠡᠵᠡᠮᠳᠡᠯ᠎ᠤᠨ ᠲᠥᠰᠦᠯ (ᠲᠦᠷ ᠬᠡᠷᠡᠭᠵᠢᠭᠦᠯᠬᠦ)》᠎ᠢ ᠨᠡᠶ᠋ᠢᠲᠡᠯᠡᠵᠦ᠂ ᠵᠠᠰᠠᠭ᠎ᠤᠨ ᠣᠷᠳᠣᠨ᠎ᠤ ᠭᠠᠭ᠍ᠠᠶ ᠵᠢᠨ ᠮᠢᠬ᠎ᠠ ᠨᠥᠭᠡᠴᠡᠯᠡᠵᠦ ᠲᠣᠬᠢᠷᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠵᠢᠨ ᠬᠠᠮᠲᠤ ᠪᠠᠶ᠋ᠢᠳᠠᠯ᠎ᠤᠨ ᠬᠤᠪᠢᠷᠠᠯᠲᠠ ᠵᠢ ᠦᠨᠳᠦᠰᠦᠯᠡᠨ 2012 ᠣᠨ ᠪᠠ 2015 ᠣᠨ᠎ᠳᠤ ᠬᠤᠶᠠᠷ ᠤᠳᠠᠭ᠎ᠠ ᠵᠠᠰᠠᠪᠤᠷᠢ ᠣᠷᠣᠭᠤᠯᠤᠭ᠋ᠠᠳ᠂ 《ᠠᠮᠢᠳᠤ ᠭᠠᠭ᠍ᠠᠶ ᠵᠢᠨ ᠵᠠᠬ᠎ᠠ ᠳᠡᠯᠭᠡᠭᠦᠷ᠎ᠤᠨ ᠦᠨ᠎ᠡ ᠬᠠᠩᠰᠢ ᠵᠢᠨ ᠦᠶᠡᠯᠡᠯ᠎ᠤᠨ ᠴᠢᠨᠠᠷᠲᠠᠶ ᠬᠡᠯᠪᠡᠯᠵᠡᠯ᠎ᠢ ᠨᠠᠮᠳᠠᠭᠤᠯᠬᠤ ᠲᠤᠬᠢᠷᠠᠭᠤᠯᠤᠯ ᠡᠵᠡᠮᠳᠡᠯ᠎ᠤᠨ ᠲᠥᠰᠦᠯ》᠎ᠢ ᠪᠤᠢ ᠪᠣᠯᠭ᠋ᠠᠪᠠ᠃ ᠬᠤᠯᠪᠣᠭᠳᠠᠯ ᠪᠦᠬᠦᠢ ᠪᠡᠯᠡᠳᠬᠡᠯ ᠲᠥᠰᠦᠯ᠎ᠨᠢ ᠠᠮᠢᠳᠤ ᠭᠠᠭ᠍ᠠᠶ ᠵᠢᠨ ᠵᠠᠬ᠎ᠠ ᠳᠡᠯᠭᠡᠭᠦᠷ᠎ᠤᠨ ᠲᠣᠭᠲᠠᠭᠤᠨ ᠠᠵᠢᠯᠯᠠᠭ᠋ᠠᠨ᠎ᠢ ᠠᠬᠢᠭᠤᠯᠬᠤ᠂ ᠦᠨ᠎ᠡ ᠬᠠᠩᠰᠢ ᠵᠢᠨ ᠦᠶᠡᠯᠡᠯ᠎ᠤᠨ ᠴᠢᠨᠠᠷᠲᠠᠶ ᠬᠡᠯᠪᠡᠯᠵᠡᠯ᠎ᠢ ᠨᠠᠮᠳᠠᠭᠤᠯᠬᠤ᠂ ᠰᠠᠭᠤᠭ᠋ᠠᠯᠢ ᠠᠷᠠᠳ᠎ᠤᠨ ᠭᠠᠭ᠍ᠠᠶ ᠵᠢᠨ ᠮᠢᠬᠠᠨ᠎ᠤ ᠬᠡᠷᠡᠭᠯᠡᠭᠡ ᠵᠢᠨ ᠬᠡᠷᠡᠭᠴᠡᠭᠡ ᠵᠢ ᠪᠠᠲᠤᠯᠠᠬᠤ᠎ᠳᠤ ᠢᠳᠡᠪᠬᠢᠲᠡᠶ ᠦᠢ᠍ᠯᠡᠳᠦᠯ ᠦᠵᠡᠭᠦᠯᠦᠭᠰᠡᠨ ᠪᠥᠭᠡᠳ ᠲᠠᠷᠢᠶᠠᠯᠠᠩ᠎ᠤᠨ ᠪᠦᠲᠦᠭᠡᠭᠳᠡᠬᠦᠨ᠎ᠤ ᠦᠨ᠎ᠡ ᠬᠠᠩᠰᠢ ᠵᠢ ᠲᠣᠬᠢᠷᠠᠭᠤᠯᠤᠨ ᠡᠵᠡᠮᠳᠡᠬᠦ᠎ᠳᠤ ᠴᠦ᠍ ᠲᠤᠷᠰᠢᠯᠭ᠎ᠠ ᠬᠤᠷᠠᠮᠳᠤᠭᠤᠯᠵᠠᠶ᠃
2018 ᠣᠨ᠎ᠳᠤ ᠠᠹᠷᠢᠺᠠ ᠲᠢᠪ᠎ᠤᠨ ᠭᠠᠭ᠍ᠠᠶ ᠵᠢᠨ ᠬᠢᠵᠢᠭ᠎ᠤᠨ ᠪᠠᠶ᠋ᠢᠳᠠᠯ ᠡᠭᠦᠰᠦᠭᠰᠡᠨ᠎ᠤ ᠳᠠᠷᠠᠭ᠎ᠠ᠂ ᠭᠠᠭ᠍ᠠᠶ ᠵᠢᠨ ᠦᠢ᠍ᠯᠡᠳᠪᠦᠷᠢᠯᠡᠯ ᠪᠠ ᠭᠠᠭ᠍ᠠᠶ ᠵᠢᠨ ᠮᠢᠬᠠᠨ᠎ᠤ ᠵᠠᠬ᠎ᠠ ᠳᠡᠯᠭᠡᠭᠦᠷ ᠤᠷᠢᠳ ᠡᠮᠦᠨ᠎ᠡ ᠪᠠᠶ᠋ᠢᠭ᠎ᠠ ᠥᠬᠡᠶ ᠨᠥᠯᠥᠭᠡᠯᠡᠭᠳᠡᠵᠦ᠂ ᠵᠠᠰᠠᠭ᠎ᠤᠨ ᠣᠷᠳᠣᠨ᠎ᠤ ᠭᠠᠭ᠍ᠠᠶ ᠵᠢᠨ ᠮᠢᠬᠠᠨ᠎ᠤ ᠨᠥᠭᠡᠴᠡᠯᠡᠵᠦ ᠳᠣᠭᠢᠷᠠᠭᠤᠯᠬᠤ ᠴᠢᠳᠠᠪᠤᠷᠢ ᠪᠠ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ ᠪᠠᠶ᠋ᠢᠨ᠎ᠠ᠃ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠦᠨᠳᠦᠰᠦᠯᠡᠨ᠂ ᠮᠠᠨ᠎ᠤ ᠬᠤᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠬᠡᠪ᠎ᠤᠨ ᠵᠤᠷᠰᠢᠯ᠎ᠢ ᠲᠦᠷᠭᠡᠨ ᠡᠪᠳᠡᠵᠦ᠂ ᠠᠵᠢᠯ ᠵᠶ᠋ᠠᠨ ᠪᠦᠲᠦᠭᠡᠯᠴᠢ᠎ᠪᠠᠷ ᠥᠷᠨᠢᠭᠦᠯᠵᠦ᠂ ᠬᠢᠨᠠᠨ ᠬᠡᠮᠵᠢᠬᠦ ᠪᠣᠭᠤᠮᠲᠠ ᠵᠢ ᠤᠷᠤᠭᠰᠢ ᠰᠢᠯᠵᠢᠭᠦᠯᠬᠦ ᠵᠢ ᠪᠠᠷᠢᠮᠲᠠᠯᠠᠵᠤ᠂ ᠭᠠᠭ᠍ᠠᠶ ᠵᠢᠨ ᠮᠢᠬ᠎ᠠ ᠪᠠ ᠭᠠᠭ᠍ᠠᠶ ᠵᠢᠨ ᠮᠢᠬ᠎ᠠ ᠵᠢᠨ ᠦᠨ᠎ᠡ ᠬᠠᠩᠰᠢ ᠥᠰᠬᠦ ᠲᠦᠭᠰᠢᠭᠦᠷᠢ ᠵᠢ ᠴᠠᠭ ᠲᠤᠬᠠᠶ᠎ᠳᠤᠨᠢ ᠰᠡᠷᠡᠮᠵᠢᠯᠡᠭᠦᠯᠵᠦ᠂ ᠰᠠᠯᠠᠭ᠎ᠠ ᠮᠥᠴᠢᠷ᠎ᠤᠨ ᠵᠥᠪᠳᠡᠯᠴᠡᠬᠦ ᠲᠣᠭᠲᠠᠴᠠ ᠵᠢ ᠪᠠᠶ᠋ᠢᠭᠤᠯᠵᠤ᠂ ᠪᠠᠶ᠋ᠢᠳᠠᠯ᠎ᠤᠨ ᠬᠤᠪᠢᠷᠠᠯᠲᠠ ᠵᠢ ᠦᠨᠳᠦᠰᠦᠯᠡᠨ ᠵᠠᠰᠠᠭ᠎ᠤᠨ ᠣᠷᠳᠣᠨ᠎ᠤ ᠭᠠᠭ᠍ᠠᠶ ᠵᠢᠨ ᠮᠢᠬ᠎ᠠ ᠵᠢ ᠨᠥᠭᠡᠴᠡᠯᠡᠵᠦ ᠬᠠᠳᠠᠭ᠋ᠠᠯᠠᠬᠤ ᠪᠠ ᠲᠠᠷᠬᠠᠭ᠋ᠠᠬᠤ ᠵᠢ ᠴᠠᠭ ᠲᠤᠬᠠᠶ᠎ᠳᠤᠨᠢ ᠵᠣᠬᠢᠶᠠᠨ ᠪᠠᠶ᠋ᠢᠭᠤᠯᠵᠤ᠂ ᠭᠠᠭ᠍ᠠᠶ ᠵᠢᠨ ᠮᠢᠬ᠎ᠠ ᠵᠢᠨ ᠦᠨ᠎ᠡ ᠵᠢ ᠬᠠᠷᠢᠴᠠᠩᠭᠤᠶ᠎ᠪᠠᠷ ᠥᠨᠳᠥᠷ ᠪᠠᠶ᠋ᠢᠷᠢᠨ᠎ᠳᠤ ᠦᠨᠳᠦᠰᠦᠨ᠎ᠳᠡᠭᠡᠨ ᠲᠣᠭᠲᠠᠭᠤᠨ ᠵᠶ᠋ᠠᠷ ᠠᠵᠢᠯᠯᠠᠭᠤᠯᠬᠤ ᠵᠢ ᠠᠬᠢᠭᠤᠯᠵᠤ᠂ ᠴᠢᠬᠤᠯᠠ ᠪᠠᠶᠠᠷ ᠳᠤᠷᠠᠰᠬᠠᠯ᠎ᠤᠨ ᠡᠳᠦᠷ ᠠᠮᠠᠷᠠᠯᠲᠠ ᠵᠢᠨ ᠡᠳᠦᠷ ᠪᠠ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠤᠨ ᠬᠤᠭᠤᠴᠠᠭ᠋ᠠᠨ᠎ᠳᠠᠬᠢ ᠰᠠᠭᠤᠭ᠋ᠠᠯᠢ ᠠᠷᠠᠳ᠎ᠤᠨ ᠭᠠᠭ᠍ᠠᠶ ᠵᠢᠨ ᠮᠢᠬ᠎ᠠ ᠵᠢᠨ ᠬᠡᠷᠡᠭᠯᠡᠭᠡᠨ᠎ᠤ ᠦᠨᠳᠦᠰᠦᠨ ᠬᠡᠷᠡᠭᠴᠡᠭᠡ ᠵᠢ ᠪᠠᠲᠤᠯᠠᠪᠠ᠃
ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠲᠠᠪᠤᠳᠤᠭ᠋ᠠᠷ ᠪᠥᠬᠦᠳᠡ ᠬᠤᠷᠠᠯ᠎ᠠᠴᠠ ᠪᠠᠲᠤᠯᠠᠭᠰᠠᠨ 《ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ ᠵᠢ ᠲᠣᠭᠲᠠᠭ᠋ᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠰᠠᠨᠠᠭᠤᠯᠭ᠎ᠠ》᠎ᠳᠤ 《ᠠᠮᠤ ᠪᠤᠳᠠᠭ᠎ᠠ᠂ ᠬᠥᠪᠥᠩ᠂ ᠲᠤᠰᠤ᠂ ᠰᠢᠬᠢᠷ᠂ ᠮᠢᠬ᠎ᠠ ᠵᠡᠷᠭᠡ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢᠨ ᠠᠶᠤᠯᠭᠦᠶ ᠵᠢ ᠪᠠᠲᠤᠯᠠᠵᠤ᠂ ᠬᠤᠳᠠᠯᠳᠤᠨ ᠠᠪᠴᠤ ᠨᠥᠭᠡᠴᠡᠯᠡᠬᠦ ᠵᠢ ᠲᠣᠬᠢᠷᠠᠭᠤᠯᠤᠨ ᠡᠵᠡᠮᠳᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ》 ᠭᠡᠵᠦ ᠲᠣᠳᠣᠷᠬᠠᠶ ᠳᠤᠷᠠᠳᠤᠨ ᠭᠠᠷᠭ᠋ᠠᠵᠠᠶ᠃ ᠭᠠᠭ᠍ᠠᠶ ᠵᠢᠨ ᠵᠠᠬ᠎ᠠ ᠳᠡᠯᠭᠡᠭᠦᠷ᠎ᠤᠨ ᠰᠢᠨ᠎ᠡ ᠪᠠᠶ᠋ᠢᠳᠠᠯ ᠰᠢᠨ᠎ᠡ ᠬᠤᠪᠢᠷᠠᠯᠲᠠ᠎ᠳᠤ ᠨᠠᠩ ᠰᠠᠶ᠋ᠢᠨ ᠵᠣᠬᠢᠴᠠᠬᠤ ᠪᠠ ᠠᠷᠠᠳ ᠣᠯᠠᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠰᠢᠨ᠎ᠡ ᠬᠦᠰᠡᠯ ᠡᠷᠡᠮᠡᠯᠵᠡᠯ᠎ᠢ ᠬᠠᠩᠭ᠋ᠠᠬᠤ ᠵᠢᠨ ᠲᠥᠯᠥᠭᠡ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠬᠤᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠎ᠲᠠᠢ ᠬᠠᠮᠲᠤᠷᠠᠨ ᠨᠠᠷᠢᠨ ᠬᠢᠨᠠᠮᠠᠭ᠋ᠠᠶ ᠰᠤᠳᠤᠯᠵᠤ᠂ ᠲᠣᠰ ᠡᠭᠡᠯᠵᠢ ᠵᠢᠨ ᠵᠠᠰᠠᠭ᠎ᠤᠨ ᠣᠷᠳᠣᠨ᠎ᠤ ᠭᠠᠭ᠍ᠠᠶ ᠵᠢᠨ ᠮᠢᠬ᠎ᠠ ᠵᠢᠨ ᠨᠥᠭᠡᠴᠡ ᠵᠢᠨ ᠲᠣᠬᠢᠷᠠᠭᠤᠯᠤᠯᠲᠠ ᠵᠢᠨ ᠳᠤᠮᠳᠠᠬᠢ ᠲᠤᠷᠰᠢᠯᠭ᠎ᠠ ᠪᠠ ᠠᠷᠭ᠎ᠠ ᠬᠢᠳᠡᠯ᠎ᠢ ᠲᠤᠭᠳᠠᠴᠠᠵᠢᠭᠤᠯᠤᠨ ᠳᠦᠷᠢᠮᠵᠢᠭᠦᠯᠵᠦ᠂ ᠲᠣᠰ 《ᠪᠡᠯᠡᠳᠬᠡᠯ ᠲᠥᠰᠦᠯ》᠎ᠢ ᠲᠣᠭᠲᠠᠭ᠋ᠠᠨ ᠨᠡᠶ᠋ᠢᠲᠡᠯᠡᠪᠡ᠃
ᠬᠤᠶᠠᠷ᠂ 《ᠪᠡᠯᠡᠳᠬᠡᠯ ᠲᠥᠰᠦᠯ》᠎ᠢ 2015 ᠣᠨ᠎ᠳᠤ ᠨᠡᠶ᠋ᠢᠲᠡᠯᠡᠭᠰᠡᠨ 《ᠠᠮᠢᠳᠤ ᠭᠠᠭ᠍ᠠᠶ ᠵᠢᠨ ᠵᠠᠬ᠎ᠠ ᠳᠡᠯᠭᠡᠭᠦᠷ᠎ᠤᠨ ᠦᠨ᠎ᠡ ᠬᠠᠩᠰᠢ ᠵᠢᠨ ᠦᠶᠡᠯᠡᠯ᠎ᠤᠨ ᠴᠢᠨᠠᠷᠲᠠᠶ ᠬᠡᠯᠪᠡᠯᠵᠡᠯ᠎ᠢ ᠨᠠᠮᠳᠠᠭᠤᠯᠬᠤ ᠲᠣᠬᠢᠷᠠᠭᠤᠯᠤᠯ ᠡᠵᠡᠮᠳᠡᠯ᠎ᠤᠨ ᠲᠥᠰᠦᠯ》᠎ᠲᠠᠢ ᠬᠠᠷᠢᠴᠠᠭᠤᠯᠪᠠᠯ᠂ ᠶᠠᠮᠠᠷ ᠶᠠᠮᠠᠷ ᠭᠤᠣᠯ ᠠᠳᠠᠯᠢ ᠪᠤᠰᠤ ᠲᠠᠯ᠎ᠠ ᠪᠠᠶ᠋ᠢᠬᠤ ᠪᠤᠶ?
2015 ᠣᠨ᠎ᠤ ᠪᠡᠯᠡᠳᠬᠡᠯ ᠲᠥᠰᠦᠯ᠎ᠲᠠᠢ ᠬᠠᠷᠢᠴᠠᠭᠤᠯᠪᠠᠯ᠂ ᠲᠣᠰ 《ᠪᠡᠯᠡᠳᠬᠡᠯ ᠲᠥᠰᠦᠯ》᠎ᠳᠤ ᠤᠷᠢᠳᠴᠢᠯᠠᠨ ᠰᠡᠷᠡᠮᠵᠢᠯᠡᠭᠦᠯᠬᠦ ᠭᠦᠢ᠍ᠴᠡᠳᠬᠡᠯ ᠲᠤᠭ᠎ᠠ ᠪᠠ ᠣᠷᠣᠨ ᠵᠠᠶ᠂ ᠨᠥᠭᠡᠴᠡᠯᠡᠯᠲᠡ ᠵᠢᠨ ᠠᠩᠭᠢᠯᠠᠯ ᠪᠠ ᠬᠡᠪᠴᠢᠶ᠎ᠡ᠂ ᠨᠥᠭᠡᠴᠡᠯᠡᠵᠦ ᠳᠣᠭᠢᠷᠠᠭᠤᠯᠬᠤ ᠲᠣᠭᠲᠠᠴᠠ ᠵᠡᠷᠭᠡ ᠭᠤᠤᠯ ᠠᠭᠤᠯᠭ᠎ᠠ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃
ᠨᠢᠭᠡ᠎ᠳᠤ ᠤᠷᠢᠳᠴᠢᠯᠠᠨ ᠰᠡᠷᠡᠮᠵᠢᠯᠡᠭᠦᠯᠬᠦ ᠭᠦᠢ᠍ᠴᠡᠳᠬᠡᠯ ᠲᠤᠭ᠎ᠠ ᠵᠢ ᠪᠠᠶᠠᠯᠢᠭᠵᠢᠭᠤᠯᠤᠨ᠎ᠠ᠃ 《ᠭᠠᠭ᠍ᠠᠶ ᠲᠡᠵᠢᠭᠡᠬᠦ ᠠᠮᠤ ᠪᠤᠳᠠᠭ᠋ᠠᠨ᠎ᠤ ᠠᠳᠠᠯᠢᠳᠬᠠᠯ ᠦᠨ᠎ᠡ》 ᠵᠢᠨ ᠭᠦᠢ᠍ᠴᠡᠳᠬᠡᠯ ᠲᠤᠭ᠎ᠠ ᠪᠣᠯ ᠭᠠᠭ᠍ᠠᠶ ᠲᠡᠵᠢᠭᠡᠨ ᠦᠷᠡᠵᠢᠭᠦᠯᠬᠦ ᠥᠪᠡᠷ᠎ᠤᠨ ᠥᠷᠲᠡᠭ᠎ᠤᠨ ᠠᠰᠢᠭ ᠣᠷᠣᠯᠭ᠎ᠠ ᠵᠢᠨ ᠬᠠᠷᠢᠴᠠᠯ᠎ᠤᠨ ᠬᠠᠷᠢᠴᠠᠭ᠎ᠠ ᠵᠢ ᠰᠢᠭᠤᠳ ᠲᠤᠰᠬᠠᠬᠤ ᠴᠢᠬᠤᠯᠠ ᠭᠦᠢ᠍ᠴᠡᠳᠬᠡᠯ ᠲᠤᠭ᠎ᠠ ᠮᠥᠨ᠂ ᠭᠠᠭ᠍ᠠᠶ ᠲᠡᠵᠢᠭᠡᠨ ᠦᠷᠡᠵᠢᠭᠦᠯᠬᠦ ᠦᠢ᠍ᠯᠡᠰ᠎ᠤᠨ ᠠᠩᠬᠠᠷᠤᠯ᠎ᠢ ᠥᠷᠭᠡᠨ ᠵᠶ᠋ᠠᠷ ᠲᠠᠲᠠᠵᠤ᠂ 《ᠪᠡᠯᠡᠳᠬᠡᠯ ᠲᠥᠰᠦᠯ》᠎ᠳᠤ ᠡᠨᠡ ᠬᠦ᠌ ᠭᠦᠢ᠍ᠴᠡᠳᠬᠡᠯ ᠲᠤᠭ᠎ᠠ ᠵᠢ ᠦᠷᠭᠦᠯᠵᠢᠯᠡᠨ ᠬᠡᠷᠡᠭᠯᠡᠪᠡ᠃ ᠡᠭᠦᠨ᠎ᠤ ᠵᠡᠷᠭᠡᠴᠡᠭᠡᠪᠡᠷ᠂ 《ᠪᠡᠯᠡᠳᠬᠡᠯ ᠲᠥᠰᠦᠯ》᠎ᠳᠤ ᠬᠤᠶᠠᠷ ᠭᠦᠢ᠍ᠴᠡᠳᠬᠡᠬᠦ ᠲᠤᠭ᠎ᠠ ᠵᠢ ᠨᠡᠮᠡᠵᠡᠶ᠄ ᠨᠢᠭᠡ᠎ᠳᠤ 《ᠦᠷᠡᠵᠢᠬᠦ ᠮᠡᠭᠡᠵᠢ ᠵᠢᠨ ᠲᠤᠭ᠎ᠠ ᠪᠦᠷᠢᠳᠬᠡᠯ᠎ᠤᠨ ᠬᠤᠪᠢᠷᠠᠯᠲᠠ ᠵᠢᠨ ᠨᠤᠷᠮ᠎ᠠ》 ᠪᠣᠯᠤᠨ᠎ᠠ᠂ ᠲᠤᠰ ᠭᠦᠢ᠍ᠴᠡᠳᠬᠡᠬᠦ ᠲᠤᠭ᠎ᠠ᠎ᠨᠢ ᠠᠶᠤᠯ ᠲᠦᠭᠰᠢᠭᠦᠷᠢ ᠵᠢ ᠤᠷᠢᠳᠴᠢᠯᠠᠨ ᠰᠡᠷᠡᠮᠵᠢᠯᠡᠭᠦᠯᠬᠦ ᠪᠠ ᠨᠥᠭᠡᠴᠡᠯᠡᠨ ᠲᠣᠬᠢᠷᠠᠭᠤᠯᠬᠤ ᠠᠵᠢᠯ᠎ᠤᠨ ᠪᠠᠷᠠᠭ᠋ᠠᠯᠬᠢᠯᠠᠯᠳᠤ ᠴᠢᠨᠠᠷ᠎ᠢ ᠢᠯᠡᠳᠲᠡ ᠳᠡᠭᠡᠭᠰᠢᠯᠡᠭᠦᠯᠵᠦ ᠴᠢᠳᠠᠨ᠎ᠠ; ᠬᠤᠶᠠᠷ᠎ᠲᠤ 《36 ᠲᠣᠮᠣ ᠳᠤᠮᠳᠠ ᠬᠤᠲᠠ ᠵᠢᠨ ᠨᠠᠷᠢᠯᠢᠭ ᠮᠢᠬᠠᠨ᠎ᠤ ᠵᠢᠵᠢᠭᠯᠡᠨ ᠬᠤᠳᠠᠯᠳᠤᠬᠤ ᠳᠤᠮᠳᠠᠴᠢ ᠦᠨ᠎ᠡ》 ᠵᠢᠨ ᠭᠦᠢ᠍ᠴᠡᠳᠬᠡᠬᠦ ᠲᠤᠭ᠎ᠠ ᠵᠢ ᠨᠡᠮᠡᠵᠡᠶ᠂ ᠡᠨᠡ ᠬᠦ᠌ ᠭᠦᠢ᠍ᠴᠡᠳᠬᠡᠬᠦ ᠲᠤᠭ᠎ᠠ᠎ᠨᠢ ᠬᠡᠷᠡᠭᠯᠡᠭᠴᠢᠳ᠎ᠤᠨ ᠰᠡᠳᠬᠢᠭᠳᠡᠯ᠎ᠳᠤ ᠨᠡᠩ ᠣᠶ᠋ᠢᠷᠠᠳᠴᠤ᠂ ᠭᠠᠭ᠍ᠠᠶ ᠵᠢᠨ ᠮᠢᠬᠠᠨ᠎ᠤ ᠦᠨ᠎ᠡ ᠬᠡᠳᠦ ᠥᠰᠬᠦ ᠦᠶ᠎ᠡ᠎ᠳᠤ ᠴᠠᠭ ᠲᠤᠬᠠᠶ᠎ᠳᠤᠨᠢ ᠰᠡᠷᠡᠮᠵᠢᠯᠡᠭᠦᠯᠦᠨ ᠳᠠᠭ᠋ᠠᠵᠤ ᠪᠣᠯᠤᠨ᠎ᠠ᠃
ᠬᠤᠶᠠᠷ᠎ᠲᠤ ᠤᠷᠢᠳᠴᠢᠯᠠᠨ ᠰᠡᠷᠡᠮᠵᠢᠯᠡᠭᠦᠯᠬᠦ ᠣᠷᠣᠨ ᠵᠠᠶ᠎ᠳᠤ ᠲᠣᠬᠢᠷᠠᠭᠤᠯᠤᠯᠲᠠ ᠬᠢᠨ᠎ᠠ᠃ 《ᠪᠡᠯᠡᠳᠬᠡᠯ ᠲᠥᠰᠦᠯ》᠎ᠳᠤ ᠭᠠᠭ᠍ᠠᠶ ᠵᠢᠨ ᠦᠨ᠎ᠡ ᠬᠡᠲᠦ ᠪᠠᠭᠤᠷᠠᠭᠰᠠᠨ ᠪᠠ ᠬᠡᠲᠦ ᠥᠰᠦᠭᠰᠡᠨ ᠬᠤᠶᠠᠷ ᠵᠦᠢ᠍ᠯ᠎ᠤᠨ ᠪᠠᠶ᠋ᠢᠳᠠᠯ᠎ᠢ ᠢᠯᠭ᠋ᠠᠵᠤ᠂ ᠭᠤᠷᠪᠠᠨ ᠱᠠᠲᠤᠨ᠎ᠤ ᠤᠷᠢᠳᠴᠢᠯᠠᠨ ᠰᠡᠷᠡᠮᠵᠢᠯᠡᠭᠦᠯᠬᠦ ᠣᠷᠣᠨ ᠵᠠᠶ ᠭᠠᠷᠭ᠋ᠠᠵᠠᠶ᠃ ᠡᠭᠦᠨ᠎ᠳᠤ᠂ ᠣᠶ᠋ᠢᠷ᠎ᠠ ᠵᠢᠨ ᠵᠢᠯ᠎ᠤᠳ᠎ᠤᠨ ᠲᠡᠵᠢᠭᠡᠨ ᠦᠷᠡᠵᠢᠭᠦᠯᠬᠦ ᠥᠪᠡᠷ᠎ᠤᠨ ᠥᠷᠲᠡᠭ᠎ᠤᠨ ᠠᠰᠢᠭ ᠣᠷᠣᠯᠭ᠎ᠠ ᠵᠢᠨ ᠬᠤᠪᠢᠷᠠᠯᠲᠠ ᠵᠢᠨ ᠪᠠᠶ᠋ᠢᠳᠠᠯ᠎ᠢ ᠦᠨᠳᠦᠰᠦᠯᠡᠨ᠂ ᠭᠠᠭ᠍ᠠᠶ ᠲᠡᠵᠢᠭᠡᠨ ᠦᠷᠡᠵᠢᠭᠦᠯᠬᠦ ᠵᠢᠨ ᠣᠯᠵᠤ ᠠᠯᠳᠠᠬᠤ ᠵᠢᠨ ᠲᠡᠩᠴᠡᠭᠦᠷᠢ ᠵᠢᠨ ᠴᠡᠭ᠎ᠲᠠᠢ ᠵᠣᠬᠢᠴᠠᠯᠳᠤᠭᠰᠠᠨ ᠭᠠᠭ᠍ᠠᠶ ᠵᠢᠨ ᠠᠮᠤ ᠪᠤᠳᠠᠭ᠋ᠠᠨ᠎ᠤ ᠬᠠᠷᠢᠴᠠᠯ ᠦᠨ᠎ᠡ ᠵᠢ ᠡᠭᠦᠨ᠎ᠠᠴᠠ ᠡᠮᠦᠨᠡᠬᠢ 5.5:1~5.8:1 ᠵᠢ ᠳᠡᠭᠡᠭᠰᠢᠯᠡᠭᠦᠯᠦᠭᠡᠳ 7:1 ᠪᠣᠯᠭ᠋ᠠᠵᠤ᠂ ᠭᠠᠭ᠍ᠠᠶ ᠵᠢᠨ ᠠᠮᠤ ᠪᠤᠳᠠᠭ᠋ᠠᠨ᠎ᠤ ᠬᠠᠷᠢᠴᠠᠯ ᠦᠨ᠎ᠡ ᠵᠢ 7:1~9:1 ᠵᠢᠨ ᠦᠶ᠎ᠡ᠎ᠳᠤ ᠤᠷᠢᠳᠴᠢᠯᠠᠨ ᠰᠡᠷᠡᠮᠵᠢᠯᠡᠭᠦᠯᠬᠦ ᠥᠬᠡᠶ ᠪᠠᠶ᠋ᠢᠵᠤ᠂ ᠵᠠᠬ᠎ᠠ ᠳᠡᠯᠭᠡᠭᠦᠷ᠎ᠤᠨ ᠠᠶᠠᠨᠳᠠᠭ᠋ᠠᠨ ᠲᠣᠬᠢᠷᠠᠭᠤᠯᠬᠤ᠎ᠳᠤ ᠭᠦᠢ᠍ᠴᠡᠳ ᠣᠷᠣᠨ ᠵᠠᠶ ᠦᠯᠡᠳᠡᠭᠡᠵᠦ ᠥᠭᠭᠦᠭᠰᠡᠨ ᠪᠠᠶ᠋ᠢᠨ᠎ᠠ᠃
ᠭᠤᠷᠪᠠ᠎ᠳᠤ ᠲᠥᠷᠥᠯ ᠬᠤᠪᠢᠶᠠᠨ ᠨᠥᠭᠡᠴᠡᠯᠡᠬᠦ ᠵᠢ ᠳᠣᠭᠢᠷᠠᠭᠤᠯᠤᠨ᠎ᠠ᠃ 《ᠪᠡᠯᠡᠳᠬᠡᠯ ᠲᠥᠰᠦᠯ》᠎ᠳᠤ ᠵᠠᠰᠠᠭ᠎ᠤᠨ ᠣᠷᠳᠣᠨ᠎ᠤ ᠭᠠᠭ᠍ᠠᠶ ᠵᠢᠨ ᠮᠢᠬ᠎ᠠ ᠵᠢᠨ ᠨᠥᠭᠡᠴᠡ ᠵᠢᠨ ᠠᠳᠠᠯᠢ ᠪᠤᠰᠤ ᠴᠢᠳᠠᠮᠵᠢ ᠵᠢᠨ ᠪᠠᠶ᠋ᠢᠷᠢ ᠲᠣᠭᠲᠠᠭ᠋ᠠᠯᠲᠠ ᠵᠢ ᠦᠨᠳᠦᠰᠦᠯᠡᠨ᠂ ᠡᠩ᠎ᠤᠨ ᠨᠥᠭᠡᠴᠡ ᠪᠠ ᠲᠦᠷ ᠴᠠᠭ᠎ᠤᠨ ᠨᠥᠭᠡᠴᠡ ᠵᠢ ᠲᠣᠰ ᠲᠣᠰ ᠳᠣᠭᠢᠷᠠᠭᠤᠯᠪᠠ᠃ ᠤᠯᠤᠰ᠎ᠤᠨ ᠳᠠᠪᠬᠤᠷᠭ᠎ᠠ ᠵᠢᠨ ᠡᠩ᠎ᠤᠨ ᠨᠥᠭᠡᠴᠡ ᠵᠢ ᠭᠤᠣᠯᠳᠠᠭᠤ ᠵᠠᠬ᠎ᠠ ᠳᠡᠯᠭᠡᠭᠦᠷ᠎ᠤᠨ ᠲᠤᠬᠢᠷᠠᠭᠤᠯᠤᠯ ᠡᠵᠡᠮᠳᠡᠯ ᠪᠠ ᠪᠠᠴᠢᠮ ᠪᠠᠶ᠋ᠢᠳᠠᠯ᠎ᠢ ᠠᠷᠭ᠋ᠠᠴᠠᠬᠤ ᠣᠷᠣᠭᠤᠯᠤᠯᠲᠠ ᠵᠢᠨ ᠬᠡᠷᠡᠭᠴᠡᠭᠡ ᠵᠢ ᠬᠠᠩᠭ᠋ᠠᠬᠤ᠎ᠳᠤ ᠲᠦᠷ ᠴᠠᠭ᠎ᠤᠨ ᠨᠥᠭᠡᠴᠡᠯᠡᠯᠲᠡ ᠵᠢ ᠪᠣᠯ ᠲᠣᠰ ᠡᠭᠡᠯᠵᠢ ᠵᠢᠨ ᠲᠣᠬᠢᠷᠠᠭᠤᠯᠤᠯ ᠡᠵᠡᠮᠳᠡᠯ᠎ᠤᠨ ᠦᠢ᠍ᠯᠡᠳᠦᠯᠭᠡ᠎ᠲᠠᠢ ᠤᠶᠠᠯᠳᠤᠭᠤᠯᠤᠨ᠂ ᠪᠤᠰᠤᠳ ᠬᠤᠯᠪᠣᠭᠳᠠᠯ ᠪᠥᠬᠦᠶ ᠴᠢᠬᠤᠯᠠ ᠲᠠᠸᠠᠷ᠎ᠤᠨ ᠨᠥᠭᠡᠴᠡᠯᠡᠯᠲᠡ ᠵᠢᠨ ᠪᠥᠲᠥᠭᠡᠨ ᠪᠠᠶ᠋ᠢᠭᠤᠯᠤᠯᠲᠠ ᠵᠢᠨ ᠲᠤᠷᠰᠢᠯᠭ᠎ᠠ᠎ᠪᠠᠷ ᠯᠠᠪᠯᠠᠯᠲᠠ ᠪᠣᠯᠭ᠋ᠠᠵᠤ ᠳᠤᠷᠠᠳᠤᠨ ᠭᠠᠷᠭ᠋ᠠᠭᠰᠠᠨ ᠶᠤᠮ᠂ ᠡᠭᠦᠨ᠎ᠳᠤ ᠭᠤᠤᠯᠳᠠᠭᠤ ᠭᠠᠭ᠍ᠠᠶ ᠵᠢᠨ ᠦᠨ᠎ᠡ ᠬᠡᠲᠦ ᠪᠠᠭᠤᠷᠠᠵᠤ᠂ ᠦᠢ᠍ᠯᠡᠳᠪᠦᠷᠢᠯᠡᠬᠦ ᠴᠢᠳᠠᠪᠤᠷᠢ ᠶᠡᠭᠡ᠎ᠪᠠᠷ ᠪᠠᠭᠤᠷᠠᠭᠰᠠᠨ ᠦᠶ᠎ᠡ᠎ᠳᠤ ᠬᠤᠷᠢᠶᠠᠨ ᠨᠥᠭᠡᠴᠡᠯᠡᠵᠦ᠂ ᠦᠢ᠍ᠯᠡᠳᠪᠦᠷᠢᠯᠡᠯ᠎ᠤᠨ ᠵᠢᠱ᠌ᠢᠯᠲᠡ ᠵᠢ ᠲᠣᠭᠲᠠᠪᠤᠷᠢᠵᠢᠭᠤᠯᠵᠤ᠂ ᠪᠦᠲᠦᠮᠵᠢᠲᠡᠶ 《ᠲᠦᠰᠢᠬᠦ ᠵᠠᠬ᠎ᠠ》 ᠵᠢᠨ ᠲᠣᠭᠲᠠᠭᠤᠨ ᠦᠢ᠍ᠯᠡᠳᠪᠦᠷᠢᠯᠡᠬᠦ ᠴᠢᠳᠠᠪᠤᠷᠢ ᠵᠢ ᠪᠡᠶᠡᠯᠡᠭᠦᠯᠬᠦ ᠵᠢᠨ ᠲᠥᠯᠥᠭᠡ ᠶᠤᠮ᠃ ᠡᠭᠦᠨ᠎ᠤ ᠵᠡᠷᠭᠡ᠎ᠳᠤ ᠨᠥᠭᠡᠴᠡ ᠵᠢᠨ ᠬᠡᠪᠴᠢᠶ᠎ᠡ ᠥᠩᠭᠡᠷᠡᠭᠰᠡᠨ᠎ᠤ᠎ᠬᠢ᠎ᠠᠴᠠ ᠶᠡᠭᠡ᠎ᠪᠠᠷ ᠳᠡᠭᠡᠭᠰᠢᠯᠡᠵᠦ᠂ ᠲᠣᠬᠢᠷᠠᠭᠤᠯᠤᠯ ᠡᠵᠡᠮᠳᠡᠯ᠎ᠤᠨ ᠴᠢᠳᠠᠪᠤᠷᠢ ᠢᠯᠡᠳᠲᠡ ᠨᠡᠮᠡᠭᠳᠡᠵᠡᠶ᠃
ᠲᠦᠷᠪᠡ᠎ᠳᠤ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠦᠨ᠎ᠡ᠃ 《ᠪᠡᠯᠡᠳᠬᠡᠯ ᠲᠥᠰᠦᠯ》᠎ᠳᠤ ᠲᠣᠰ ᠡᠭᠡᠯᠵᠢ ᠵᠢᠨ ᠭᠠᠭ᠍ᠠᠶ ᠵᠢᠨ ᠮᠢᠬᠠᠨ᠎ᠤ ᠵᠠᠬ᠎ᠠ ᠳᠡᠯᠭᠡᠭᠦᠷ᠎ᠤᠨ ᠲᠣᠬᠢᠷᠠᠭᠤᠯᠤᠯ ᠡᠵᠡᠮᠳᠡᠯ᠎ᠤᠨ ᠠᠵᠢᠯ᠎ᠤᠨ ᠳᠤᠮᠳᠠ ᠰᠢᠨ᠎ᠡ ᠵᠢ ᠡᠭᠦᠳᠬᠦ᠎ᠳᠤ ᠠᠪᠤᠭᠰᠠᠨ ᠰᠠᠯᠠᠭ᠎ᠠ ᠮᠥᠴᠢᠷ᠎ᠤᠨ ᠵᠥᠪᠳᠡᠯᠴᠡᠬᠦ ᠲᠣᠭᠲᠠᠴᠠ ᠵᠢ ᠪᠠᠬᠢᠵᠢᠭᠦᠯᠪᠡᠯ᠂ ᠰᠠᠯᠠᠭ᠎ᠠ ᠮᠥᠴᠢᠷ᠎ᠤᠨ ᠨᠡᠪᠲᠡᠷᠡᠯᠴᠡᠭᠡ ᠵᠢᠴᠢ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠦᠷ᠎ᠡ ᠪᠦᠲᠦᠮᠵᠢ ᠵᠢ ᠪᠦᠲᠦᠮᠵᠢᠲᠡᠶ ᠳᠡᠭᠡᠭᠰᠢᠯᠡᠭᠦᠯᠵᠦ ᠴᠢᠳᠠᠨ᠎ᠠ᠃ 《ᠪᠡᠯᠡᠳᠬᠡᠯ ᠲᠥᠰᠦᠯ》᠎ᠨᠢ ᠲᠣᠰ ᠡᠭᠡᠯᠵᠢ ᠵᠢᠨ ᠲᠣᠬᠢᠷᠠᠭᠤᠯᠤᠯ ᠡᠵᠡᠮᠳᠡᠯ᠎ᠤᠨ ᠦᠢ᠍ᠯᠡᠳᠦᠯᠭᠡ ᠵᠢᠨ ᠲᠤᠷᠰᠢᠯᠭ᠎ᠠ᠎ᠲᠠᠢ ᠤᠶᠠᠯᠳᠤᠭᠤᠯᠤᠨ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠭᠠᠭ᠍ᠠᠶ ᠵᠢᠨ ᠮᠢᠬ᠎ᠠ ᠨᠥᠭᠡᠴᠡᠯᠡᠬᠦ ᠬᠡᠪᠴᠢᠶ᠎ᠡ᠂ ᠬᠤᠷᠢᠶᠠᠨ ᠨᠥᠭᠡᠴᠡᠯᠡᠬᠦ ᠲᠣᠭᠲᠠᠴᠠ ᠵᠡᠷᠭᠡ ᠬᠤᠯᠪᠣᠭᠳᠠᠯ ᠪᠥᠬᠦᠶ ᠠᠵᠢᠯ᠎ᠳᠤ ᠲᠣᠳᠣᠷᠬᠠᠶ ᠱᠠᠭ᠋ᠠᠷᠳᠠᠯᠭ᠎ᠠ ᠳᠤᠷᠠᠳᠴᠤ᠂ ᠲᠥᠪ ᠪᠠ ᠣᠷᠣᠨ ᠨᠤᠲᠤᠭ᠎ᠤᠨ ᠬᠤᠯᠪᠣᠭ᠋ᠠᠯᠠᠨ ᠬᠥᠳᠡᠯᠦᠯᠴᠡᠬᠦ᠂ ᠣᠷᠣᠨ ᠪᠦᠰᠡ ᠵᠢᠨ ᠬᠤᠯᠪᠣᠭ᠋ᠠᠯᠠᠨ ᠬᠥᠳᠡᠯᠦᠯᠴᠡᠬᠦ ᠨᠡᠶ᠋ᠢᠯᠡᠮᠡᠯ ᠬᠦᠴᠦᠨ᠎ᠢ ᠪᠦᠲᠦᠮᠵᠢᠲᠡᠶ ᠳᠡᠭᠡᠭᠰᠢᠯᠡᠭᠦᠯᠵᠦ ᠴᠢᠳᠠᠬᠤ ᠪᠣᠯᠤᠨ᠎ᠠ᠃
ᠭᠤᠷᠪᠠ᠂ ᠰᠡᠭᠦᠯᠴᠢ ᠵᠢᠨ ᠬᠤᠭᠤᠴᠠᠭ᠋ᠠᠨ᠎ᠳᠤ ᠭᠠᠭ᠍ᠠᠶ ᠵᠢᠨ ᠵᠠᠬ᠎ᠠ ᠳᠡᠯᠭᠡᠭᠦᠷ᠎ᠢ ᠬᠡᠷᠬᠢᠨ ᠬᠥᠭᠵᠢᠭᠦᠯᠬᠦ ᠪᠤᠢ? 《ᠲᠥᠰᠦᠯ》᠎ᠨᠢ ᠶᠠᠮᠠᠷ ᠦᠢ᠍ᠯᠡᠳᠦᠯ᠎ᠢ ᠪᠠᠳᠠᠷᠠᠭᠤᠯᠬᠤ ᠪᠣᠶ?
ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠶᠣᠰᠣᠭ᠋ᠠᠷ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠬᠤᠷᠢᠶ᠎ᠠ ᠲᠠᠷᠢᠶᠠᠯᠠᠩ ᠬᠥᠳᠡᠭᠡ ᠲᠣᠰᠬᠤᠨ᠎ᠤ ᠶᠠᠮᠤᠨ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠠᠮᠢᠳᠤ ᠭᠠᠭ᠍ᠠᠶ ᠵᠢᠨ ᠤᠨᠠᠯᠲᠠ ᠵᠢ ᠲᠣᠭᠲᠠᠪᠤᠷᠢᠵᠢᠭᠤᠯᠤᠨ ᠬᠠᠩᠭ᠋ᠠᠯᠭ᠎ᠠ ᠵᠢ ᠪᠠᠲᠤᠯᠠᠬᠤ ᠠᠯᠢ ᠣᠯᠠᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠡᠶ᠋ᠢᠲᠡᠯᠡᠵᠦ᠂ ᠡᠯ᠎ᠡ ᠭᠠᠵᠠᠷ᠎ᠤᠨ᠎ᠬᠢᠨ ᠮᠤᠵᠢ᠎ᠠᠴᠠ ᠶᠡᠷᠦᠩᠬᠡᠶ ᠬᠠᠷᠢᠭᠤᠴᠠᠯᠭ᠎ᠠ ᠡᠭᠦᠷᠭᠡᠯᠡᠬᠦ ᠪᠠ ᠬᠤᠲᠠ ᠵᠢᠨ ᠳᠠᠷᠤᠭ᠎ᠠ 《ᠢᠳᠡᠰᠢᠨ ᠨᠣᠭᠤᠭ᠎ᠠ》 ᠵᠢᠨ ᠬᠠᠷᠢᠭᠤᠴᠠᠯᠭ᠎ᠠ ᠵᠢᠨ ᠲᠦᠷᠢᠮ᠎ᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢᠨ ᠭᠠᠷᠤᠯᠲᠠ᠎ᠪᠠᠨ ᠢᠳᠡᠪᠬᠢᠲᠡᠶ᠎ᠪᠠᠷ ᠰᠡᠷᠭᠦᠭᠡᠨ ᠭᠠᠷᠤᠯᠲᠠ᠎ᠪᠠᠨ ᠥᠷᠭᠡᠳᠬᠡᠵᠦ᠂ ᠠᠮᠢᠳᠤ ᠭᠠᠭ᠍ᠠᠶ ᠵᠢᠨ ᠭᠠᠷᠤᠯᠲᠠ᠎ᠪᠠᠨ ᠰᠡᠷᠭᠦᠭᠡᠨ ᠭᠠᠷᠤᠯᠲᠠ᠎ᠪᠠᠨ ᠥᠷᠭᠡᠳᠬᠡᠬᠦ ᠬᠠᠨᠳᠤᠰᠢ ᠮᠠᠰᠢ ᠰᠠᠶ᠋ᠢᠨ ᠪᠠᠶ᠋ᠢᠨ᠎ᠠ᠃ ᠡᠨᠡ ᠵᠢᠯ᠎ᠤᠨ 4 ᠰᠠᠷ᠎ᠠ ᠵᠢᠨ ᠰᠡᠭᠦᠯᠴᠢ ᠪᠣᠯᠲᠠᠯ᠎ᠠ᠂ ᠪᠥᠬᠦ ᠤᠯᠤᠰ᠎ᠤᠨ ᠦᠷᠡᠵᠢᠬᠦ ᠮᠡᠭᠡᠵᠢ ᠵᠢᠨ ᠲᠤᠭ᠎ᠠ ᠨᠢᠭᠡᠨᠲᠡ ᠬᠡᠪ᠎ᠤᠨ ᠵᠢᠯ᠎ᠤᠨ 97.6%᠎ᠳᠤ ᠬᠦᠷᠴᠦ᠂ ᠬᠤᠯᠪᠣᠭᠳᠠᠯ ᠪᠥᠬᠦᠶ ᠲᠠᠯ᠎ᠠ ᠵᠢᠨ᠎ᠬᠢᠨ᠎ᠤ ᠵᠢᠱ᠌ᠢᠯᠲᠡ᠎ᠪᠠᠷ ᠡᠨᠡ ᠵᠢᠯ᠎ᠤᠨ ᠳᠣᠤᠷ᠎ᠠ ᠬᠠᠭ᠋ᠠᠰ ᠵᠢᠯ᠎ᠳᠤ ᠭᠠᠭ᠍ᠠᠶ ᠵᠢᠨ ᠲᠤᠭ᠎ᠠ ᠬᠡᠪ᠎ᠤᠨ ᠬᠡᠮᠵᠢᠶᠡᠨ᠎ᠳᠤ ᠬᠥᠷᠬᠦ ᠪᠣᠯᠤᠮᠵᠢ᠎ᠲᠠᠢ ᠪᠠᠶ᠋ᠢᠨ᠎ᠠ᠃ ᠦᠢ᠍ᠯᠡᠳᠪᠦᠷᠢᠯᠡᠬᠦ ᠴᠢᠳᠠᠪᠤᠷᠢ ᠵᠢᠨ ᠦᠷᠭᠦᠯᠵᠢᠯᠡᠨ ᠰᠡᠷᠭᠦᠬᠦ ᠵᠢ ᠳᠠᠭ᠋ᠠᠯᠳᠤᠨ᠂ ᠭᠠᠭ᠍ᠠᠶ ᠪᠠ ᠭᠠᠭ᠍ᠠᠶ ᠵᠢᠨ ᠮᠢᠬᠠᠨ᠎ᠤ ᠦᠨ᠎ᠡ ᠦᠷᠭᠦᠯᠵᠢᠯᠡᠨ ᠵᠦᠶ ᠵᠣᠬᠢᠰᠲᠠᠶ ᠬᠢᠷᠢ ᠲᠦᠪᠰᠢᠨ᠎ᠳᠤ ᠬᠥᠷᠬᠦ ᠪᠣᠯᠤᠮᠵᠢ᠎ᠲᠠᠢ ᠪᠠᠶ᠋ᠢᠨ᠎ᠠ᠃ ᠡᠭᠦᠨ᠎ᠤ ᠬᠠᠮᠲᠤ᠂ ᠭᠠᠭ᠍ᠠᠶ ᠲᠡᠵᠢᠭᠡᠨ ᠦᠷᠡᠵᠢᠭᠦᠯᠬᠦ ᠵᠢᠨ ᠬᠡᠪᠴᠢᠶᠡᠵᠢᠯᠲᠡ᠂ ᠪᠠᠷᠢᠮᠵᠢᠶᠠᠵᠢᠭᠤᠯᠤᠯᠲᠠ ᠵᠢᠨ ᠬᠡᠮᠵᠢᠶ᠎ᠡ ᠵᠢᠴᠢ ᠠᠮᠢᠳᠤ ᠪᠣᠳᠠᠰ᠎ᠤᠨ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠬᠢᠷᠢ ᠬᠡᠮᠵᠢᠶ᠎ᠡ ᠥᠩᠭᠡᠷᠡᠭᠰᠡᠨ᠎ᠤ᠎ᠬᠢ᠎ᠠᠴᠠ ᠢᠯᠡᠳᠲᠡ ᠳᠡᠭᠡᠭᠰᠢᠯᠡᠵᠡᠶ᠃
《ᠪᠡᠯᠡᠳᠬᠡᠯ ᠲᠥᠰᠦᠯ》᠎ᠨᠢ ᠵᠠᠰᠠᠭ᠎ᠤᠨ ᠣᠷᠳᠣᠨ᠎ᠤ ᠭᠠᠭ᠍ᠠᠶ ᠵᠢᠨ ᠮᠢᠬ᠎ᠠ ᠵᠢᠨ ᠨᠥᠭᠡᠴᠡᠯᠡᠯᠲᠡ ᠵᠢᠨ ᠲᠣᠬᠢᠷᠠᠭᠤᠯᠤᠯᠲᠠ᠎ᠪᠠᠷ ᠵᠠᠩᠭᠢᠯᠠᠭ᠎ᠠ ᠵᠢᠨ ᠭᠠᠷᠳᠠᠴᠠ ᠪᠣᠯᠭ᠋ᠠᠬᠤ ᠴᠢᠬᠤᠯᠠ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠭᠠᠭ᠍ᠠᠶ ᠵᠢᠴᠢ ᠭᠠᠭ᠍ᠠᠶ ᠵᠢᠨ ᠮᠢᠬ᠎ᠠ ᠵᠢᠨ ᠦᠨ᠎ᠡ ᠬᠠᠩᠰᠢ ᠵᠢ 《ᠥᠰᠬᠡᠬᠦ》 ᠪᠠ 《ᠪᠠᠭᠤᠷᠠᠭᠤᠯᠬᠤ》 ᠵᠢ ᠵᠡᠷᠭᠡ᠎ᠪᠠᠷ ᠴᠢᠬᠤᠯᠠᠴᠢᠯᠠᠬᠤ ᠵᠢ ᠪᠠᠷᠢᠮᠲᠠᠯᠠᠨ᠂ ᠬᠠᠩᠭ᠋ᠠᠯᠭ᠎ᠠ ᠵᠢ ᠲᠣᠭᠲᠠᠭᠤᠨ ᠪᠠᠶ᠋ᠢᠯᠭ᠋ᠠᠬᠤ᠎ᠪᠠᠷ ᠦᠨ᠎ᠡ ᠬᠠᠩᠰᠢ ᠵᠢ ᠲᠣᠭᠲᠠᠭᠤᠨ ᠪᠠᠶ᠋ᠢᠯᠭ᠋ᠠᠬᠤ ᠵᠢ ᠪᠠᠲᠤᠯᠠᠵᠤ᠂ ᠦᠨ᠎ᠡ ᠬᠠᠩᠰᠢ ᠵᠢ ᠲᠣᠭᠲᠠᠭᠤᠨ ᠪᠠᠶ᠋ᠢᠯᠭ᠋ᠠᠬᠤ᠎ᠪᠠᠷ ᠬᠠᠩᠭ᠋ᠠᠯᠭ᠎ᠠ ᠵᠢ ᠲᠣᠭᠲᠠᠭᠤᠨ ᠪᠠᠶ᠋ᠢᠯᠭ᠋ᠠᠬᠤ ᠵᠢ ᠠᠬᠢᠭᠤᠯᠤᠨ᠎ᠠ᠃ ᠦᠨ᠎ᠡ ᠬᠠᠩᠰᠢ ᠬᠡᠲᠦ ᠥᠨᠳᠥᠷ ᠪᠣᠯᠬᠤ ᠦᠶ᠎ᠡ᠎ᠳᠤ᠂ ᠨᠥᠭᠡᠴᠡᠯᠡᠵᠦ ᠪᠠᠶ᠋ᠢᠭ᠋ᠠᠳ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠬᠡᠷᠡᠭᠴᠡᠭᠡ ᠵᠢ ᠪᠠᠲᠤᠯᠠᠵᠤ᠂ ᠦᠨ᠎ᠡ ᠬᠠᠩᠰᠢ ᠵᠢᠨ ᠵᠦᠶ ᠵᠣᠬᠢᠰᠲᠠᠶ ᠣᠷᠣᠨ ᠪᠠᠶ᠋ᠢᠷᠢ᠎ᠳᠤ ᠪᠠᠭᠤᠷᠠᠬᠤ ᠵᠢ ᠳᠥᠯᠭᠢᠨ ᠠᠬᠢᠭᠤᠯᠵᠤ᠂ ᠭᠠᠭ᠍ᠠᠶ ᠵᠢᠨ ᠦᠢ᠍ᠯᠡᠳᠪᠦᠷᠢᠯᠡᠯ᠎ᠤᠨ ᠴᠢᠳᠠᠪᠤᠷᠢ ᠵᠢᠨ ᠬᠡᠲᠦ ᠥᠷᠭᠡᠳᠬᠦ᠎ᠠᠴᠠ ᠵᠠᠶ᠋ᠢᠯᠠᠰᠬᠢᠨᠠ; ᠦᠨ᠎ᠡ ᠬᠠᠩᠰᠢ ᠬᠡᠲᠦ ᠳᠣᠤᠷ᠎ᠠ ᠪᠣᠯᠬᠤ ᠦᠶ᠎ᠡ᠎ᠳᠤ᠂ ᠬᠤᠳᠠᠯᠳᠤᠨ ᠠᠪᠴᠤ ᠨᠥᠭᠡᠴᠡᠯᠡᠬᠦ ᠠᠵᠢᠯ᠎ᠢ ᠡᠬᠢᠯᠡᠭᠦᠯᠵᠦ᠂ ᠵᠠᠬ᠎ᠠ ᠳᠡᠯᠭᠡᠭᠦᠷ᠎ᠢ ᠪᠠᠲᠤᠯᠠᠨ᠂ ᠲᠡᠵᠢᠭᠡᠨ ᠦᠷᠡᠵᠢᠭᠦᠯᠬᠦ ᠲᠠᠯᠠᠪᠠᠶ ᠵᠢᠨ ᠡᠷᠦᠬᠡ ᠵᠢᠨ ᠰᠡᠳᠬᠢᠯ᠎ᠢ ᠠᠮᠤᠷᠵᠢᠭᠤᠯᠵᠤ᠂ ᠭᠠᠭ᠍ᠠᠶ ᠵᠢᠨ ᠦᠢ᠍ᠯᠡᠳᠪᠦᠷᠢᠯᠡᠯ᠎ᠤᠨ ᠴᠢᠳᠠᠪᠤᠷᠢ ᠵᠢ ᠬᠡᠲᠦ ᠭᠡᠭᠡᠭᠳᠡᠭᠦᠯᠬᠦ᠎ᠠᠴᠠ ᠵᠠᠶ᠋ᠢᠯᠠᠰᠬᠢᠨ᠎ᠡ᠃
ᠲᠦᠷᠪᠡ᠂ 《ᠪᠡᠯᠡᠳᠬᠡᠯ ᠲᠥᠰᠦᠯ》᠎ᠢ ᠪᠦᠲᠦᠮᠵᠢᠲᠡᠶ᠎ᠪᠠᠷ ᠨᠠᠶ᠋ᠢᠳᠠᠪᠤᠷᠢᠵᠢᠭᠤᠯᠬᠤ ᠵᠢ ᠬᠡᠷᠬᠢᠨ ᠪᠠᠲᠤᠯᠠᠬᠤ ᠪᠤᠢ?
《ᠪᠡᠯᠡᠳᠬᠡᠯ ᠲᠥᠰᠦᠯ》᠎ᠳᠤ ᠰᠠᠯᠠᠭ᠎ᠠ ᠮᠥᠴᠢᠷ᠎ᠤᠳ ᠵᠥᠪᠳᠡᠯᠴᠡᠬᠦ᠂ ᠲᠥᠪ ᠪᠠ ᠣᠷᠣᠨ ᠨᠤᠲᠤᠭ ᠬᠠᠮᠲᠤᠷᠠᠨ ᠬᠥᠳᠡᠯᠦᠯᠴᠡᠬᠦ᠂ ᠵᠠᠷᠤᠳᠠᠯ᠎ᠤᠨ ᠪᠠᠲᠤᠯᠠᠭ᠎ᠠ ᠵᠡᠷᠭᠡ ᠬᠡᠷᠡᠭᠵᠢᠭᠦᠯᠦᠯᠲᠡ ᠵᠢᠨ ᠪᠠᠲᠤᠯᠠᠭ᠎ᠠ ᠵᠢ ᠲᠣᠳᠣᠷᠬᠠᠶ ᠲᠣᠭᠲᠠᠭ᠋ᠠᠪᠠ᠃
ᠢᠷᠡᠯᠲᠡ᠄ ᠪᠠᠶᠠᠨᠨᠠᠭᠤᠷ ᠬᠣᠲᠠ ᠵᠢᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ