ᠰᠣᠨᠢᠨ ᠮᠡᠳᠡᠭᠡ   -   ᠰᠤᠷᠪᠤᠯᠵᠢᠯᠠᠭ᠎ᠠ

ᠮᠠᠨ᠎ᠤ ᠤᠯᠤᠰ᠎ᠤᠨ ᠭᠠᠵᠠᠷ ᠵᠦᠶ ᠵᠢᠨ ᠢᠯᠡᠷᠬᠡᠶ᠋ᠢᠯᠡᠯᠳᠦ ᠪᠦᠳᠦᠬᠡᠭᠳᠡᠬᠦᠨ ᠨᠡᠶ᠋ᠢᠲᠡ 2473 ᠪᠤᠯᠪᠠ

ᠨᠡᠶ᠋ᠢᠲᠡᠯᠡᠭᠰᠡᠨ ᠴᠠᠭ᠄   2021-05-09

      ᠰᠤᠷᠪᠤᠯᠵᠢᠯᠠᠭᠴᠢ ᠤᠯᠤᠰ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠣᠪᠴᠢᠶ᠎ᠠ᠎ᠠᠴᠠ ᠣᠶ᠋ᠢᠯᠠᠭ᠋ᠠᠭᠰᠠᠨ ᠵᠶ᠋ᠠᠷ᠂ ᠮᠠᠨ᠎ᠤ ᠤᠯᠤᠰ᠎ᠤᠨ ᠭᠠᠵᠠᠷ ᠵᠦᠶ ᠵᠢᠨ ᠢᠯᠡᠷᠬᠡᠶ᠋ᠢᠯᠡᠯᠳᠦ ᠲᠡᠮᠳᠡᠭ᠎ᠤᠨ ᠬᠠᠮᠠᠭ᠋ᠠᠯᠠᠯᠲᠠ ᠵᠢᠨ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠪᠡ᠃ 2021 ᠣᠨ᠎ᠤ 3 ᠰᠠᠷ᠎ᠠ ᠵᠢᠨ ᠰᠡᠭᠦᠯᠴᠢ ᠪᠣᠯᠲᠠᠯ᠎ᠠ᠂ ᠮᠠᠨ᠎ᠤ ᠤᠯᠤᠰ ᠨᠡᠶ᠋ᠢᠲᠡ 2473 ᠭᠠᠵᠠᠷ ᠵᠦᠶ ᠵᠢᠨ ᠢᠯᠡᠷᠬᠡᠶ᠋ᠢᠯᠡᠯᠳᠦ ᠪᠦᠳᠦᠬᠡᠭᠳᠡᠬᠦᠨ᠎ᠢ ᠵᠥᠪᠰᠢᠶᠡᠷᠡᠵᠦ᠂ ᠭᠠᠵᠠᠷ ᠵᠦᠶ ᠵᠢᠨ ᠢᠯᠡᠷᠬᠡᠶ᠋ᠢᠯᠡᠯᠳᠦ ᠲᠡᠮᠳᠡᠭ᠎ᠤᠨ ᠬᠠᠮᠲᠤ ᠵᠢᠨ ᠲᠠᠸᠠᠷ᠎ᠤᠨ ᠲᠡᠮᠳᠡᠭᠲᠦ ᠪᠠ ᠲᠠᠸᠠᠷ᠎ᠤᠨ ᠲᠡᠮᠳᠡᠭᠲᠦ ᠵᠢᠨ ᠭᠡᠷᠡᠴᠢᠯᠡᠯ᠎ᠢ 6209 ᠬᠤᠪᠢ ᠳᠠᠩᠰᠠᠯᠠᠭᠤᠯᠪᠠ᠃
      ᠠᠨ ᠵᠢᠶ ᠵᠢᠨ ᠴᠠᠭ᠋ᠠᠨ ᠴᠠᠶ᠂ ᠶᠠᠨᠲ᠋ᠠᠢ ᠵᠢᠨ ᠠᠯᠮᠤᠷᠠᠳ ᠁ ᠭᠠᠵᠠᠷ ᠵᠦᠶ ᠵᠢᠨ ᠢᠯᠡᠷᠬᠡᠶ᠋ᠢᠯᠡᠯᠳᠦ ᠲᠡᠮᠳᠡᠭ ᠪᠣᠯ ᠣᠨᠴᠠ ᠲᠣᠭᠲᠠᠭᠰᠠᠨ ᠭᠠᠵᠠᠷ ᠣᠷᠣᠨ᠎ᠤ ᠦᠢᠯᠡᠳᠬᠦᠨ᠎ᠤ ᠣᠨᠴᠠᠯᠢᠭ ᠰᠢᠨᠵᠢ᠂ ᠨᠡᠷ᠎ᠡ ᠠᠯᠳᠠᠷ ᠪᠠ ᠪᠤᠰᠤᠳ ᠣᠨᠴᠠᠯᠢᠭ᠎ᠢ ᠬᠠᠮᠠᠭ᠋ᠠᠯᠠᠬᠤ ᠴᠢᠬᠤᠯᠠ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠮᠥᠨ᠂ ᠲᠡᠷᠡ᠎ᠨᠢ ᠦᠢᠯᠡᠳᠬᠦᠨ᠎ᠤ ᠨᠡᠮᠡᠯᠲᠡ ᠥᠷᠲᠡᠭ ᠪᠠ ᠲᠠᠷᠢᠶᠠᠴᠢᠳ᠎ᠤᠨ ᠣᠷᠣᠯᠭ᠎ᠠ ᠵᠢ ᠳᠡᠭᠡᠭᠰᠢᠯᠡᠭᠦᠯᠬᠦ᠂ ᠬᠡᠷᠡᠭᠯᠡᠭᠴᠢᠳ᠎ᠤᠨ ᠡᠷᠬᠡ ᠠᠰᠢᠭ᠎ᠢ ᠪᠠᠲᠤᠯᠠᠬᠤ᠂ ᠣᠷᠣᠨ ᠨᠤᠲᠤᠭ᠎ᠤᠨ ᠠᠵᠤ ᠠᠬᠤᠶ ᠵᠢᠨ ᠬᠥᠭᠵᠢᠯᠲᠡ ᠵᠢ ᠠᠬᠢᠭᠤᠯᠬᠤ ᠵᠡᠷᠭᠡ᠎ᠳᠤ ᠴᠢᠬᠤᠯᠠ ᠦᠢᠯᠡᠳᠦᠯ᠎ᠲᠠᠢ ᠶᠤᠮ᠃
      2021 ᠣᠨ᠎ᠤ ᠨᠢᠭᠡᠳᠦᠭᠡᠷ ᠤᠯᠠᠷᠢᠯ᠎ᠳᠤ᠂ ᠤᠯᠤᠰ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠣᠪᠴᠢᠶ᠎ᠠ᠎ᠠᠴᠠ ᠭᠠᠵᠠᠷ ᠵᠦᠶ ᠵᠢᠨ ᠢᠯᠡᠷᠬᠡᠶ᠋ᠢᠯᠡᠯᠳᠦ ᠪᠦᠳᠦᠬᠡᠭᠳᠡᠬᠦᠨ᠎ᠢ 99 (ᠬᠠᠷᠢᠯᠴᠠᠨ ᠮᠡᠳᠡᠷᠡᠵᠦ ᠬᠠᠷᠢᠯᠴᠠᠨ ᠪᠠᠲᠤᠯᠠᠬᠤ ᠭᠠᠵᠠᠷ ᠵᠦᠶ ᠵᠢᠨ ᠢᠯᠡᠷᠬᠡᠶ᠋ᠢᠯᠡᠯᠳᠦ ᠪᠦᠳᠦᠬᠡᠭᠳᠡᠬᠦᠨ 96 ᠪᠠᠭᠲᠠᠨ᠎ᠠ)᠂ ᠭᠠᠵᠠᠷ ᠵᠦᠶ ᠵᠢᠨ ᠢᠯᠡᠷᠬᠡᠶ᠋ᠢᠯᠡᠯᠳᠦ ᠲᠡᠮᠳᠡᠭ᠎ᠤᠨ ᠬᠠᠮᠲᠤ ᠵᠢᠨ ᠲᠠᠸᠠᠷ᠎ᠤᠨ ᠲᠡᠮᠳᠡᠭᠲᠦ ᠪᠠ ᠲᠠᠸᠠᠷ᠎ᠤᠨ ᠲᠡᠮᠳᠡᠭᠲᠦ ᠵᠢᠨ ᠭᠡᠷᠡᠴᠢᠯᠡᠯ᠎ᠢ 124 ᠬᠤᠪᠢ ᠳᠠᠩᠰᠠᠯᠠᠪᠠ; 1461 ᠵᠠᠬ᠎ᠠ ᠳᠡᠯᠭᠡᠭᠦᠷ᠎ᠤᠨ ᠭᠤᠤᠯ ᠴᠣᠭᠴᠠ ᠰᠢᠨ᠎ᠡ᠎ᠪᠠᠷ ᠬᠢᠨᠠᠨ ᠵᠥᠪᠰᠢᠶᠡᠷᠡᠭᠰᠡᠨ ᠭᠠᠵᠠᠷ ᠵᠦᠶ ᠵᠢᠨ ᠢᠯᠡᠷᠬᠡᠶ᠋ᠢᠯᠡᠯᠳᠤ ᠲᠡᠮᠳᠡᠭ᠎ᠤᠨ ᠲᠤᠰᠬᠠᠶ ᠬᠡᠷᠡᠭᠯᠡᠭᠡᠨ᠎ᠤ ᠲᠡᠮᠳᠡᠭ᠎ᠢ ᠬᠡᠷᠡᠭᠯᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 669 %᠎ᠪᠠᠷ ᠨᠡᠮᠡᠭᠳᠡᠪᠡ᠃
      ᠣᠶ᠋ᠢᠯᠠᠭ᠋ᠠᠭᠰᠠᠨ ᠵᠶ᠋ᠠᠷ᠂ ᠤᠯᠤᠰ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠣᠪᠴᠢᠶ᠎ᠠ 2020 ᠣᠨ᠎ᠳᠤ 《ᠭᠠᠵᠠᠷ ᠵᠦᠶ ᠵᠢᠨ ᠢᠯᠡᠷᠬᠡᠶ᠋ᠢᠯᠡᠯᠳᠦ ᠲᠡᠮᠳᠡᠭ᠎ᠤᠨ ᠲᠤᠰᠬᠠᠶ ᠬᠡᠷᠡᠭᠯᠡᠭᠡᠨ᠎ᠤ ᠲᠡᠮᠳᠡᠭ᠎ᠢ ᠬᠡᠷᠡᠭᠯᠡᠬᠦ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠲᠠᠷᠬᠠᠭ᠋ᠠᠵᠤ᠂ ᠭᠠᠵᠠᠷ ᠵᠦᠶ ᠵᠢᠨ ᠢᠯᠡᠷᠬᠡᠶ᠋ᠢᠯᠡᠯᠳᠦ ᠲᠡᠮᠳᠡᠭ᠎ᠢ ᠨᠢᠭᠡᠳᠦᠯᠲᠡᠶ ᠮᠠᠭ᠋ᠠᠳᠯᠠᠨ ᠲᠣᠭᠲᠠᠭ᠋ᠠᠬᠤ ᠵᠢ ᠠᠬᠢᠭᠤᠯᠵᠤ᠂ ᠭᠠᠵᠠᠷ ᠵᠦᠶ ᠵᠢᠨ ᠢᠯᠡᠷᠬᠡᠶ᠋ᠢᠯᠡᠯᠳᠦ ᠲᠡᠮᠳᠡᠭ ᠵᠢᠴᠢ ᠲᠤᠰᠬᠠᠶ ᠬᠡᠷᠡᠭᠯᠡᠭᠡᠨ᠎ᠤ ᠲᠡᠮᠳᠡᠭ᠎ᠢ ᠬᠡᠷᠡᠭᠯᠡᠬᠦ ᠠᠵᠤ ᠠᠬᠤᠶ᠋ᠢᠯᠠᠯ᠎ᠤᠨ ᠬᠠᠮᠵᠢᠯᠴᠠᠨ ᠬᠢᠨᠠᠨ ᠬᠠᠮᠢᠶᠠᠷᠬᠤ ᠵᠢ ᠴᠢᠩᠭ᠋ᠠᠳᠬᠠᠬᠤ ᠵᠢᠨ ᠬᠠᠮᠲᠤ᠂ ᠲᠤᠰᠬᠠᠶ ᠬᠡᠷᠡᠭᠯᠡᠭᠡᠨ᠎ᠤ ᠲᠡᠮᠳᠡᠭ᠎ᠢ ᠬᠡᠷᠡᠭᠯᠡᠬᠦ ᠬᠢᠨᠠᠨ ᠵᠥᠪᠰᠢᠶᠡᠷᠡᠬᠦ ᠴᠠᠭ᠎ᠢ ᠶᠡᠭᠡ᠎ᠪᠠᠷ ᠪᠣᠭᠤᠨᠢᠰᠬᠠᠵᠤ᠂ ᠭᠠᠵᠠᠷ ᠵᠦᠶ ᠵᠢᠨ ᠢᠯᠡᠷᠬᠡᠶ᠋ᠢᠯᠡᠯᠳᠦ ᠲᠡᠮᠳᠡᠭ᠎ᠢ ᠬᠠᠮᠠᠭ᠋ᠠᠯᠠᠬᠤ ᠬᠢᠷᠢ ᠲᠦᠪᠰᠢᠨ᠎ᠢ ᠢᠯᠡᠳᠲᠡ ᠳᠡᠭᠡᠭᠰᠢᠯᠡᠭᠦᠯᠪᠡ᠃ 2020 ᠣᠨ᠎ᠳᠤ ᠭᠠᠵᠠᠷ ᠵᠦᠶ ᠵᠢᠨ ᠢᠯᠡᠷᠬᠡᠶ᠋ᠢᠯᠡᠯᠳᠦ ᠲᠡᠮᠳᠡᠭ᠎ᠤᠨ ᠲᠤᠰᠬᠠᠶ ᠬᠡᠷᠡᠭᠯᠡᠭᠡᠨ᠎ᠤ ᠲᠡᠮᠳᠡᠭ᠎ᠢ ᠬᠡᠷᠡᠭᠯᠡᠭᠰᠡᠨ ᠠᠵᠤ ᠠᠬᠤᠶ᠋ᠢᠯᠠᠯ᠎ᠤᠨ ᠰᠢᠭᠤᠳ ᠦᠢ᠍ᠯᠡᠳᠭᠦᠨ᠎ᠤ ᠥᠷᠲᠡᠭ᠎ᠨᠢ ᠨᠡᠶ᠋ᠢᠲᠡ 6398 ᠳ᠋ᠦᠩᠰᠢᠭᠤᠷ ᠲᠥᠭᠦᠷᠢᠭ᠎ᠲᠤ ᠬᠦᠷᠴᠡᠶ᠃

 

 

ᠢᠷᠡᠯᠲᠡ᠄ ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ ᠵᠢᠨ ᠰᠦᠯᠵᠢᠶ᠎ᠠ