ᠰᠣᠨᠢᠨ ᠮᠡᠳᠡᠭᠡ   -   ᠰᠤᠷᠪᠤᠯᠵᠢᠯᠠᠭ᠎ᠠ

ᠮᠠᠨ᠎ᠤ ᠤᠷᠤᠨ᠎ᠤ ᠠᠮᠤ ᠪᠤᠳᠠᠭ᠋ᠠᠨ᠎ᠤ ᠲᠠᠷᠢᠮᠠᠯ᠎ᠤᠨ ᠲᠠᠯᠠᠪᠠᠶ 8000 ᠲᠦᠮᠡᠨ ᠮᠥ᠍ ᠵᠢ ᠲᠠᠪᠠᠵᠡᠢ

ᠨᠡᠶ᠋ᠢᠲᠡᠯᠡᠭᠰᠡᠨ ᠴᠠᠭ᠄   2021-05-24

      ᠰᠤᠷᠪᠤᠯᠵᠢᠯᠠᠭᠴᠢ ᠦᠪᠡᠷᠳᠡᠭᠡᠨ ᠵᠠᠰᠠᠬᠤ ᠤᠷᠤᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠭᠢᠮ᠎ᠠᠴᠠ ᠣᠢ᠌ᠯᠠᠭ᠋ᠠᠭᠰᠠᠨ ᠵᠶ᠋ᠠᠷ᠂ ᠮᠠᠨ᠎ᠤ ᠤᠷᠤᠨ᠎ᠤ ᠡᠯ᠎ᠡ ᠭᠠᠵᠠᠷ᠎ᠤᠨ ᠬᠠᠪᠤᠷ᠎ᠤᠨ ᠲᠠᠷᠢᠶᠠᠯᠠᠭ᠎ᠠ ᠣᠷᠭᠢᠯ᠎ᠤᠨ ᠬᠤᠭᠤᠴᠠᠭ᠋ᠠᠨ᠎ᠳᠤ ᠣᠷᠣᠵᠤ᠂ 5 ᠰᠠᠷ᠎ᠠ ᠵᠢᠨ 19᠎ᠤ ᠡᠳᠦᠷ᠎ᠤᠨ ᠲᠠᠷᠢᠶᠠᠯᠠᠩ᠎ᠤᠨ ᠪᠠᠶ᠋ᠢᠳᠠᠯ᠎ᠤᠨ ᠲᠣᠬᠢᠷᠠᠭᠤᠯᠤᠯᠲᠠ ᠵᠢ ᠦᠨᠳᠦᠰᠦᠯᠡᠪᠡᠯ᠂ ᠪᠥᠬᠦ ᠣᠷᠣᠨ ᠵᠶ᠋ᠠᠷ ᠵᠶ᠋ᠠᠨ 8024.6 ᠲᠦᠮᠡᠨ ᠮᠥ᠍ ᠠᠮᠤ ᠪᠤᠳᠠᠭ᠋ᠠᠨ᠎ᠤ ᠲᠠᠷᠢᠮᠠᠯ ᠲᠠᠷᠢᠵᠤ᠂ ᠨᠢᠭᠡᠨᠲᠡ 3104.6 ᠲᠦᠮᠡᠨ ᠮᠥ᠍᠎ᠨᠢ ᠴᠢᠬᠢᠯᠡᠵᠦ᠂ ᠨᠢᠭᠡᠳᠦᠭᠡᠷ ᠬᠤᠶᠠᠳᠤᠭ᠋ᠠᠷ ᠲᠥᠷᠥᠯ᠎ᠤᠨ ᠴᠢᠬᠢ ᠵᠢᠨ ᠡᠵᠡᠯᠡᠬᠦ ᠬᠠᠷᠢᠴᠠᠯ 93.7%᠎ᠳᠤ ᠬᠦᠷᠴᠦ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ ᠰᠠᠶ᠋ᠢᠨ ᠪᠠᠶ᠋ᠢᠨ᠎ᠠ᠃ ᠴᠠᠭ ᠠᠭᠤᠷ᠎ᠤᠨ ᠰᠠᠯᠠᠭ᠎ᠠ ᠮᠥᠴᠢᠷ᠎ᠤᠨ ᠵᠢᠱ᠌ᠢᠭᠰᠡᠨ ᠵᠶ᠋ᠠᠷ᠂ 5 ᠰᠠᠷ᠎ᠠ ᠵᠢᠨ ᠳᠤᠮᠳᠠᠴᠢ ᠰᠡᠭᠦᠯᠴᠢ᠎ᠪᠠᠷ ᠠᠭ᠋ᠠᠷ᠎ᠤᠨ ᠳᠤᠯᠠᠭ᠋ᠠᠨ ᠳᠡᠭᠡᠭᠰᠢᠯᠡᠬᠦ ᠵᠢ ᠳᠠᠭ᠋ᠠᠯᠳᠤᠨ᠂ ᠪᠥᠬᠦ ᠣᠷᠣᠨ᠎ᠤ ᠶᠡᠬᠡᠩᠬᠢ ᠭᠠᠵᠠᠷ᠎ᠲᠤ 3 ᠤᠳᠠᠭ᠎ᠠ ᠢᠯᠡᠷᠬᠡᠶ ᠬᠤᠷ᠎ᠠ ᠲᠣᠨᠳᠠᠰᠤ ᠪᠠᠭᠤᠵᠤ᠂ ᠬᠠᠪᠤᠷ᠎ᠤᠨ ᠲᠠᠷᠢᠶᠠᠯᠠᠭ᠎ᠠ ᠪᠠ ᠲᠠᠷᠢᠮᠠᠯ᠎ᠤᠨ ᠴᠢᠬᠢᠯᠡᠬᠦ᠎ᠳᠤ ᠠᠰᠢᠭᠲᠠᠶ ᠶᠤᠮ᠃
      ᠣᠢ᠌ᠯᠠᠭ᠋ᠠᠭᠰᠠᠨ ᠵᠶ᠋ᠠᠷ᠂ ᠪᠦᠬᠦ ᠤᠷᠤᠨ᠎ᠤ ᠬᠠᠪᠤᠷ᠎ᠤᠨ ᠲᠠᠷᠢᠶᠠᠯᠠᠩ ᠦᠢ᠍ᠯᠡᠳᠪᠦᠷᠢᠯᠡᠯ᠎ᠤᠨ ᠪᠠᠶ᠋ᠢᠳᠠᠯ ᠶᠡᠷᠦᠩᠬᠡᠢ᠎ᠳᠡᠭᠡᠨ ᠰᠠᠶ᠋ᠢᠨ ᠪᠠᠶ᠋ᠢᠨ᠎ᠠ᠃ ᠲᠠᠷᠢᠶᠠᠯᠠᠩ᠎ᠤᠨ ᠬᠡᠷᠡᠭᠰᠡᠯ᠎ᠤᠨ ᠨᠦᠭᠡᠴᠡ ᠬᠠᠩᠭ᠋ᠠᠮᠵᠢᠳᠠᠢ᠂ ᠤᠳᠤᠬᠠᠨ᠎ᠳᠤ ᠪᠦᠬᠦ ᠤᠷᠤᠨ᠎ᠤ ᠡᠯ᠎ᠠ ᠭᠠᠵᠠᠷ᠎ᠤᠨ ᠡᠷᠳᠡᠨᠢ ᠰᠢᠰᠢ ᠵᠡᠷᠭᠡ ᠭᠤᠤᠯ ᠪᠤᠯᠬᠤ ᠠᠮᠤ ᠪᠤᠳᠠᠭ᠋ᠠᠨ᠎ᠤ ᠲᠠᠷᠢᠮᠠᠯ᠎ᠤᠨ ᠦᠷ᠎ᠠ ᠵᠢᠨ ᠢᠷᠡᠯᠳᠡ ᠵᠢᠨ ᠬᠠᠩᠭ᠋ᠠᠯᠭ᠎ᠠ ᠭᠦᠢ᠍ᠴᠡᠳ ᠪᠠᠶ᠋ᠢᠵᠤ᠂ ᠬᠢᠮᠢ ᠵᠢᠨ ᠪᠤᠷᠳᠤᠭᠤᠷ᠎ᠤᠨ ᠨᠦᠭᠡᠴᠡ 165.2 ᠲᠦᠮᠡᠨ ᠲᠤᠨ᠂ ᠲᠠᠷᠢᠶᠠᠨ ᠡᠮ 6902 ᠲᠤᠨ ᠪᠠᠶ᠋ᠢᠵᠤ᠂ ᠬᠠᠪᠤᠷ᠎ᠤᠨ ᠲᠠᠷᠢᠶᠠᠯᠠᠩ ᠦᠢ᠍ᠯᠡᠳᠪᠦᠷᠢᠯᠡᠯ᠎ᠤᠨ ᠬᠡᠷᠡᠭᠴᠡᠭᠡ ᠵᠢ ᠪᠦᠷᠢᠮᠦᠰᠦᠨ ᠬᠠᠩᠭ᠋ᠠᠵᠤ᠂ ᠰᠦᠯᠢᠶᠤᠤ ᠪᠦᠷᠬᠦᠪᠴᠢ ᠵᠢᠨ ᠨᠦᠭᠡᠴᠡ 6.8 ᠲᠦᠮᠡᠨ ᠲᠤᠨ ᠪᠠᠶ᠋ᠢᠵᠤ᠂ ᠨᠢᠭᠡᠨᠳᠡ ᠬᠠᠪᠤᠷ᠎ᠤᠨ ᠲᠠᠷᠢᠶᠠᠯᠠᠭ᠎ᠠ ᠵᠢᠨ ᠶᠡᠷᠦᠩᠬᠡᠢ ᠬᠡᠷᠡᠭᠴᠡᠭᠡ ᠵᠢᠨ 80%᠎ᠠᠴᠠ ᠲᠡᠭᠡᠭᠰᠢᠬᠢ ᠵᠢ ᠡᠵᠡᠯᠡᠪᠠ᠃ ᠲᠠᠷᠢᠶᠠᠯᠠᠩ᠎ᠤᠨ ᠮᠠᠰᠢᠨ ᠪᠤᠯᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠢ᠍ᠯᠡᠴᠢᠯᠡᠭᠡᠨ᠎ᠤ ᠪᠡᠯᠡᠳᠭᠡᠯ ᠭᠦᠢ᠍ᠴᠡᠳ᠂ ᠪᠦᠬᠦ ᠤᠷᠤᠨ᠎ᠳᠤ ᠬᠠᠪᠤᠷ᠎ᠤᠨ ᠲᠠᠷᠢᠶᠠᠯᠠᠩ ᠦᠢ᠍ᠯᠡᠳᠪᠦᠷᠢᠯᠡᠯ᠎ᠳᠤ ᠤᠷᠤᠭᠤᠯᠵᠤ ᠪᠤᠯᠬᠤ ᠲᠷᠠᠺᠲ᠋ᠤᠷ 102.2 ᠲᠦᠮᠡ᠂ ᠢᠵᠢ ᠪᠦᠷᠢᠳᠦᠭᠦᠯᠬᠦ ᠲᠠᠷᠢᠶᠠᠯᠠᠩ᠎ᠤᠨ ᠮᠠᠰᠢᠨ ᠪᠠᠭ᠋ᠠᠵᠢ 150.4 ᠲᠦᠮᠡ᠎ᠠᠴᠠ ᠲᠡᠭᠡᠭᠰᠢ ᠪᠠᠶ᠋ᠢᠵᠤ᠂ ᠲᠠᠷᠢᠶᠠᠯᠠᠩ᠎ᠤᠨ ᠮᠠᠰᠢᠨᠴᠢᠨ᠂ ᠰᠡᠯᠪᠢᠨ ᠵᠠᠰᠠᠬᠤ ᠠᠵᠢᠯᠳᠠᠨ᠎ᠢ 4.28 ᠲᠦᠮᠡᠨ ᠬᠦᠮᠦᠨ ᠤᠳᠠᠭ᠎ᠠ ᠪᠤᠯᠪᠠᠰᠤᠷᠠᠭᠤᠯᠵᠤ᠂ ᠨᠢᠭᠡᠨᠳᠡ 152.15 ᠲᠦᠮᠡᠨ ᠲᠠᠷᠢᠶᠠᠯᠠᠩ᠎ᠤᠨ ᠮᠠᠰᠢᠨ ᠪᠠᠭ᠋ᠠᠵᠢ ᠵᠢ ᠪᠠᠶ᠋ᠢᠴᠠᠭ᠋ᠠᠨ ᠵᠠᠰᠠᠭᠰᠠᠨ ᠪᠤᠯᠬᠤᠷ ᠬᠠᠪᠤᠷ᠎ᠤᠨ ᠲᠠᠷᠢᠶᠠᠯᠠᠭ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠪᠦᠷᠢᠮᠦᠰᠦᠨ ᠬᠠᠩᠭ᠋ᠠᠵᠤ ᠴᠢᠳᠠᠨ᠎ᠠ᠃ ᠦᠪᠡᠷᠳᠡᠭᠡᠨ ᠵᠠᠰᠠᠬᠤ ᠤᠷᠤᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠭᠢᠮ ᠪᠠᠰᠠ 57 ᠵᠦᠢ᠍ᠯ᠎ᠤᠨ ᠮᠠᠯ ᠠᠵᠤ ᠠᠬᠤᠢ ᠲᠠᠷᠢᠶᠠᠯᠠᠩ᠎ᠤᠨ ᠭᠤᠤᠯ ᠲᠡᠯᠭᠡᠷᠡᠭᠦᠯᠬᠦ ᠮᠡᠷᠭᠡᠵᠢᠯ᠎ᠢ ᠲᠠᠨᠢᠯᠴᠠᠭᠤᠯᠵᠤ᠂ ᠦᠪᠡᠷᠳᠡᠭᠡᠨ ᠵᠠᠰᠠᠬᠤ ᠤᠷᠤᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠭᠢᠮ᠎ᠤᠨ ᠰᠦᠯᠵᠢᠶᠡᠨ ᠲᠡᠭᠡᠷ᠎ᠠ 《ᠲᠠᠷᠢᠶᠠᠯᠠᠩ᠎ᠤᠨ ᠮᠡᠷᠭᠡᠵᠢᠯ᠎ᠤᠨ ᠡᠭᠦᠯᠡᠨ ᠬᠢᠴᠢᠶᠡᠯ᠎ᠤᠨ ᠲᠠᠩᠬᠢᠮ》 ᠨᠡᠭᠡᠭᠡᠵᠦ᠂ ᠨᠢᠭᠡᠨᠳᠡ 50 ᠭᠠᠷᠤᠢ ᠬᠤᠭᠤᠴᠠᠭ᠋ᠠᠨ᠎ᠤ ᠲᠤᠰᠬᠠᠢ ᠰᠡᠳᠦᠪᠳᠤ ᠪᠤᠯᠪᠠᠰᠤᠷᠠᠯ᠎ᠤᠨ ᠹᠢᠯᠢᠮ᠎ᠢ ᠦᠢ᠍ᠯᠡᠳᠦᠨ ᠨᠡᠶ᠋ᠢᠳᠡᠯᠡᠵᠦ᠂ ᠬᠠᠪᠤᠷ᠎ᠤᠨ ᠲᠠᠷᠢᠶᠠᠯᠠᠩ ᠦᠢ᠍ᠯᠡᠳᠪᠦᠷᠢᠯᠡᠯ᠎ᠳᠤ ᠴᠠᠭ ᠲᠤᠬᠠᠢ᠎ᠳᠤᠨᠢ ᠮᠡᠷᠭᠡᠵᠢᠯ᠎ᠤᠨ ᠦᠢ᠍ᠯᠡᠴᠢᠯᠡᠭᠡ ᠬᠠᠩᠭ᠋ᠠᠪᠠ᠃ 3 ᠰᠠᠷ᠎ᠠ ᠵᠢᠨ ᠰᠡᠭᠦᠯᠴᠢ᠎ᠠᠴᠠ ᠨᠠᠭ᠋ᠠᠰᠢ᠂ ᠲᠠᠷᠢᠶᠠᠯᠠᠬᠤ ᠤᠷᠤᠨ᠎ᠤ ᠬᠦᠷᠦᠰᠦᠨ᠎ᠤ ᠴᠢᠬᠢᠭ᠎ᠤᠨ ᠪᠠᠶ᠋ᠢᠳᠠᠯ ᠶᠡᠷᠦᠩᠬᠡᠢ᠎ᠳᠡᠭᠡᠨ ᠦᠩᠭᠡᠷᠡᠭᠰᠡᠨ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ ᠰᠠᠶ᠋ᠢᠨ ᠪᠠᠶ᠋ᠢᠵᠤ᠂ ᠬᠠᠪᠤᠷ᠎ᠤᠨ ᠲᠠᠷᠢᠶᠠᠯᠠᠭ᠎ᠠ ᠵᠢᠨ ᠠᠵᠢᠯ᠎ᠢ ᠦᠷᠨᠢᠭᠦᠯᠬᠦ᠎ᠳᠤ ᠠᠰᠢᠭᠳᠠᠢ ᠪᠤᠯᠪᠠ᠃ 5 ᠰᠠᠷ᠎ᠠ ᠵᠢᠨ ᠡᠬᠢ᠎ᠪᠠᠷ᠂ ᠬᠦᠷᠦᠰᠦᠨ᠎ᠤ ᠴᠢᠬᠢᠭ᠎ᠤᠨ ᠪᠠᠶ᠋ᠢᠳᠠᠯ ᠬᠡᠳᠦ᠋ᠢ᠍ᠪᠠᠷ ᠡᠳᠦᠢ ᠲᠡᠳᠦᠢ ᠪᠠᠭᠤᠷᠠᠭᠰᠠᠨ ᠪᠤᠯᠪᠠᠴᠤ ᠮᠦᠨ ᠯᠡ ᠲᠦᠷᠦᠭᠦᠦ ᠵᠢᠯ ᠪᠠ ᠦᠩᠭᠡᠷᠡᠭᠰᠡᠨ ᠵᠢᠯ᠎ᠤᠳ᠎ᠤᠨ ᠠᠳᠠᠯᠢ ᠬᠤᠭᠤᠴᠠᠭ᠋ᠠᠨ᠎ᠳᠤ ᠤᠶ᠋ᠢᠢ᠍ᠷᠠᠳᠴᠤ᠂ ᠨᠢᠭᠡ ᠬᠤᠶᠠᠳᠤᠭ᠋ᠠᠷ ᠲᠦᠷᠦᠯ᠎ᠤᠨ ᠴᠢᠬᠢᠭ᠎ᠤᠨ ᠲᠠᠯᠠᠪᠠᠢ ᠵᠢᠨ ᠡᠵᠡᠯᠡᠬᠦ ᠬᠠᠷᠢᠴᠠᠯ᠎ᠨᠢ 40%᠎ᠠᠴᠠ ᠲᠡᠭᠡᠭᠰᠢ᠎ᠳᠤ ᠬᠦᠷᠴᠡᠢ᠃ ᠡᠨᠡ ᠵᠢᠯ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠡᠷᠴᠢᠮ ᠵᠶ᠋ᠠᠨ ᠦᠨᠡᠨ ᠬᠦ᠌ ᠴᠢᠩᠭ᠋ᠠᠷᠠᠭᠤᠯᠬᠤ ᠵᠢᠨ ᠬᠠᠮᠲᠤ ᠲᠠᠷᠢᠶᠠᠨ ᠭᠠᠵᠠᠷ᠎ᠤᠨ ᠡᠭᠡᠯᠵᠢᠯᠡᠨ ᠳᠠᠷᠢᠬᠤ ᠲᠠᠯᠠᠪᠠᠶ ᠵᠢ 900 ᠲᠦᠮᠡᠨ ᠮᠥ᠍ ᠨᠠᠶ᠋ᠢᠳᠠᠪᠤᠷᠢᠵᠢᠭᠤᠯᠵᠤ᠂ ᠠᠮᠤ ᠪᠤᠳᠠᠭ᠋ᠠᠨ᠎ᠤ ᠭᠤᠤᠯ ᠭᠠᠷᠤᠯᠲᠠ ᠵᠢᠨ 15 ᠬᠤᠰᠢᠭᠤ ᠰᠢᠶᠠᠨ᠎ᠳᠤ ᠠᠮᠤ ᠪᠤᠳᠠᠭ᠋ᠠᠨ᠎ᠤ ᠲᠠᠷᠢᠮᠠᠯ᠎ᠤᠨ ᠪᠣᠬᠢᠷᠲᠤᠯ ᠥᠬᠡᠶ ᠴᠢᠨᠠᠷ ᠰᠠᠶ᠋ᠢᠲᠠᠶ ᠥᠨᠳᠥᠷ ᠪᠦᠲᠦᠮᠵᠢᠲᠡᠶ ᠠᠵᠢᠯᠯᠠᠭ᠎ᠠ ᠵᠢ ᠥᠷᠨᠢᠭᠦᠯᠵᠦ᠂ ᠲᠠᠷᠢᠶᠠᠯᠠᠩ ᠦᠢ᠍ᠯᠡᠳᠪᠦᠷᠢᠯᠡᠯ᠎ᠤᠨ ᠰᠠᠭᠤᠷᠢ ᠵᠢ ᠲᠠᠰᠤᠷᠠᠯᠲᠠ ᠥᠬᠡᠶ ᠴᠢᠩᠭ᠋ᠠᠳᠬᠠᠵᠤ᠂ ᠬᠠᠪᠤᠷ᠎ᠤᠨ ᠲᠠᠷᠢᠶᠠᠯᠠᠩ ᠦᠢ᠍ᠯᠡᠳᠪᠦᠷᠢᠯᠡᠯ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃
      ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠬᠠᠪᠤᠷ᠎ᠤᠨ ᠬᠠᠮᠢᠶᠠᠷᠤᠯᠲᠠ᠎ᠪᠠᠷ ᠭᠤᠤᠯᠳᠠᠯᠭ᠎ᠠ ᠪᠣᠯᠭ᠋ᠠᠵᠤ᠂ ᠭᠠᠮᠰᠢᠭ᠎ᠢ ᠰᠡᠷᠭᠡᠶ᠋ᠢᠯᠡᠨ ᠭᠠᠮᠰᠢᠭ᠎ᠤᠨ ᠬᠤᠬᠢᠷᠠᠯ᠎ᠢ ᠪᠠᠭ᠋ᠠᠰᠬᠠᠬᠤ᠂ ᠪᠣᠬᠢᠷᠲᠤᠯ ᠥᠬᠡᠶ᠎ᠪᠠᠷ ᠳᠠᠷᠢᠬᠤ᠂ ᠭᠤᠤᠯᠳᠠᠯᠭ᠎ᠠ᠎ᠲᠠᠢ ᠲᠥᠷᠥᠯ ᠵᠦᠢᠯ᠎ᠤᠨ ᠪᠥᠲᠥᠭᠡᠨ ᠪᠠᠶ᠋ᠢᠭᠤᠯᠤᠯᠲᠠ ᠵᠡᠷᠭᠡ ᠠᠵᠢᠯ᠎ᠢ ᠦᠨᠡᠨ ᠬᠦ᠌ ᠰᠠᠶ᠋ᠢᠲᠤᠷ ᠠᠳᠬᠤᠨ᠎ᠠ᠃ ᠲᠠᠷᠢᠶᠠᠯᠠᠬᠤ ᠡᠷᠦᠬᠡ ᠵᠢ ᠵᠢᠯᠣᠭᠤᠳᠤᠨ ᠲᠠᠷᠢᠶᠠᠯᠠᠬᠤ ᠠᠬᠢᠴᠠ ᠵᠢ ᠲᠦᠷᠭᠡᠳᠭᠡᠨ᠂ ᠬᠦᠷᠦᠰᠦ ᠰᠢᠷᠤᠢ ᠵᠢᠨ ᠴᠢᠬᠢᠭ᠎ᠤᠨ ᠪᠠᠶ᠋ᠢᠳᠠᠯ᠎ᠢ ᠨᠢᠭᠳᠠ ᠠᠩᠬᠠᠷᠴᠤ᠂ ᠣᠢ᠌ᠷ᠎ᠠ ᠵᠢᠨ ᠬᠤᠭᠤᠴᠠᠭ᠋ᠠᠨ᠎ᠤ ᠬᠤᠷ᠎ᠠ ᠲᠤᠨᠳᠠᠰᠤ᠎ᠲᠠᠢ ᠴᠠᠭ ᠠᠭᠤᠷ᠎ᠢ ᠭᠦᠢ᠍ᠴᠡᠳ ᠠᠰᠢᠠᠠᠯᠠᠨ᠂ ᠴᠢᠬᠢᠭ᠎ᠢ ᠵᠠᠪᠳᠤᠨ ᠴᠠᠭ ᠲᠤᠬᠠᠢ᠎ᠳᠤᠨᠢ ᠲᠠᠷᠢᠨ᠎ᠠ᠃ ᠬᠠᠪᠤᠷ᠎ᠤᠨ ᠲᠠᠷᠢᠶᠠᠯᠠᠭ᠎ᠠ ᠵᠢᠨ ᠵᠠᠩᠭᠢᠯᠠᠭ᠎ᠠ ᠵᠢᠨ ᠬᠤᠭᠤᠴᠠᠭ᠋ᠠᠨ᠎ᠳᠤ᠂ ᠪᠦᠬᠦ ᠤᠷᠤᠨ᠎ᠤ ᠮᠠᠯ ᠠᠵᠤ ᠠᠬᠤᠢ ᠲᠠᠷᠢᠶᠠᠯᠠᠩ᠎ᠤᠨ ᠰᠢᠰᠲ᠋ᠧᠮ᠎ᠤᠨ᠎ᠬᠢᠨ ᠡᠯ᠎ᠠ ᠱᠠᠳᠤᠨ᠎ᠤ ᠮᠡᠷᠭᠡᠵᠢᠯ᠎ᠤᠨ ᠠᠵᠢᠯᠳᠠᠨ᠎ᠢ ᠵᠤᠬᠢᠶᠠᠨ ᠪᠠᠶ᠋ᠢᠭᠤᠯᠵᠤ᠂ ᠦᠢ᠍ᠯᠡᠳᠪᠦᠷᠢᠯᠡᠯ᠎ᠤᠨ ᠨᠢᠭᠡᠳᠦᠭᠡᠷ ᠹᠷᠤᠨᠲ᠎ᠲᠤ ᠭᠦᠨᠵᠡᠭᠡᠶ᠋ᠢᠷᠡᠨ᠂ ᠬᠦᠷᠦᠰᠦ ᠰᠢᠷᠤᠢ ᠵᠢ ᠰᠢᠨᠵᠢᠨ ᠪᠤᠷᠳᠤᠭᠤᠷ ᠤᠷᠤᠭᠤᠯᠬᠤ᠂ ᠤᠰᠤ ᠪᠤᠷᠳᠤᠭᠤᠷ᠎ᠢ ᠨᠢᠭᠡ ᠴᠤᠭᠴᠠᠵᠢᠭᠤᠯᠬᠤ ᠵᠡᠷᠭᠡ ᠰᠢᠨᠵᠢᠯᠡᠬᠦ ᠤᠬᠠᠭ᠋ᠠᠨᠴᠢ᠎ᠪᠠᠷ ᠪᠤᠷᠳᠤᠭᠤᠷ ᠤᠷᠤᠭᠤᠯᠬᠤ ᠠᠷᠭ᠎ᠠ ᠬᠡᠯᠪᠡᠷᠢ ᠵᠢ ᠶᠡᠬᠡᠪᠠᠷ ᠲᠡᠯᠭᠡᠷᠡᠭᠦᠯᠵᠦ᠂ ᠰᠢᠨ᠎ᠠ ᠬᠡᠯᠪᠡᠷᠢ ᠵᠢᠨ ᠦᠨᠳᠦᠷ ᠪᠦᠳᠦᠮᠵᠢᠳᠡᠢ ᠪᠤᠷᠳᠤᠭᠤᠷ᠎ᠢ ᠲᠡᠯᠭᠡᠷᠡᠭᠦᠯᠦᠨ᠂ ᠬᠢᠮᠢ ᠵᠢᠨ ᠪᠤᠷᠳᠤᠭᠤᠷ᠎ᠤᠨ ᠬᠡᠷᠡᠭᠯᠡᠭᠡᠨ᠎ᠤ ᠬᠡᠮᠵᠢᠶ᠎ᠠ ᠵᠢ ᠪᠠᠭ᠋ᠠᠰᠬᠠᠬᠤ ᠵᠢ ᠠᠬᠢᠭᠤᠯᠵᠤ᠂ ᠲᠠᠷᠢᠶᠠᠴᠢᠳ᠎ᠢ ᠬᠠᠪᠰᠤᠷᠤᠨ ᠲᠠᠷᠢᠮᠠᠯ᠎ᠤᠨ ᠦᠪᠡᠷ᠎ᠤᠨ ᠦᠷᠳᠡᠭ᠎ᠢ ᠪᠠᠭᠤᠷᠠᠭᠤᠯᠵᠤ᠂ ᠡᠯ᠎ᠠ ᠵᠦᠢ᠍ᠯ᠎ᠤᠨ ᠪᠤᠬᠢᠷᠳᠤᠯ ᠦᠭᠡᠢ ᠦᠢ᠍ᠯᠡᠳᠪᠦᠷᠢᠯᠡᠯ᠎ᠤᠨ ᠮᠡᠷᠭᠡᠵᠢᠯ᠎ᠢ ᠬᠠᠪᠤᠷ᠎ᠤᠨ ᠲᠠᠷᠢᠶᠠᠯᠠᠭ᠎ᠠ ᠵᠢᠨ ᠠᠵᠢᠯ᠎ᠢ ᠲᠠᠭ᠋ᠠᠯᠳᠤᠭᠤᠯᠤᠨ ᠪᠤᠳᠠᠳᠠᠢ᠎ᠳᠤ ᠨᠠᠶ᠋ᠢᠳᠠᠪᠤᠷᠢᠵᠢᠭᠤᠯᠬᠤ ᠵᠢ ᠦᠨᠡᠨ ᠭᠦ᠌ ᠪᠠᠳᠤᠯᠠᠨ᠎ᠠ᠃

 

 

ᠢᠷᠡᠯᠲᠡ᠄ ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ ᠵᠢᠨ ᠰᠦᠯᠵᠢᠶ᠎ᠠ