ᠳᠤᠮᠳᠠᠳᠤ ᠤᠯᠤᠰ᠎ᠤᠨ ᠰᠢᠨ᠎ᠠ ᠲᠢᠳᠢᠮᠯᠢᠭ ᠠᠭᠤᠰᠬᠢᠨ ᠦᠷᠪᠢᠰᠦᠯ᠎ᠤᠨ ᠸᠠᠺᠼᠢᠨ ᠶᠠᠭ᠋ᠠᠬᠢᠭ᠋ᠠᠳ ᠰᠠᠶ᠋ᠢᠨ ᠪᠤᠢ?
ᠨᠡᠶ᠋ᠢᠲᠡᠯᠡᠭᠰᠡᠨ ᠴᠠᠭ᠄ 2021-06-08
— ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠳᠡᠳ᠋ ᠡᠷᠬᠢᠯᠡᠭᠴᠢ ᠽᠧᠩ ᠢ ᠰᠢᠨ᠎ᠢ ᠰᠤᠷᠪᠤᠯᠵᠢᠯᠠᠭᠰᠠᠨ᠎ᠨᠢ
ᠮᠠᠨ᠎ᠤ ᠤᠯᠤᠰ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠢ ᠰᠤᠳᠤᠯᠤᠨ ᠦᠢ᠍ᠯᠡᠳᠬᠦ ᠠᠵᠢᠯ᠎ᠤᠨ ᠶᠡᠷᠦᠩᠬᠡᠶ ᠠᠬᠢᠴᠠ ᠶᠠᠮᠠᠷ ᠵᠡᠷᠭᠡ ᠪᠠᠶ᠋ᠢᠬᠤ ᠪᠣᠶ? ᠠᠯᠢ ᠠᠯᠢ ᠲᠠᠯ᠎ᠠ ᠵᠢᠨ ᠣᠯᠠᠨ ᠤᠯᠤᠰ᠎ᠤᠨ ᠬᠠᠮᠲᠤᠷᠠᠯᠴᠠᠭ᠎ᠠ ᠵᠢ ᠥᠷᠨᠢᠭᠦᠯᠪᠡ? ᠳᠡᠯᠡᠬᠡᠢ ᠵᠢᠨ ᠸᠠᠺᠼᠢᠨ᠎ᠤ ᠰᠤᠳᠤᠯᠭ᠋ᠠᠨ᠎ᠤ ᠦᠷ᠎ᠡ ᠳ᠋ᠦᠩ ᠶᠠᠮᠠᠷ ᠵᠡᠷᠭᠡ ᠪᠠᠶ᠋ᠢᠬᠤ ᠪᠤᠢ? ᠲᠠᠷᠠᠭ᠋ᠠᠴᠢ ᠵᠢᠨ ᠠᠯᠬᠤᠮ᠎ᠳᠤ ᠪᠠᠰᠠ ᠰᠢᠨ᠎ᠡ ᠬᠡᠯᠪᠡᠷᠢ ᠵᠢᠨ ᠸᠠᠺᠼᠢᠨ ᠭᠠᠷᠴᠤ ᠢᠷᠡᠨ᠎ᠠ ᠤᠤ? ᠁ 6᠎ᠤ ᠡᠳᠦᠷ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠳᠡᠳ᠋ ᠡᠷᠬᠢᠯᠡᠭᠴᠢ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠬᠤᠯᠪᠤᠭ᠋ᠠᠯᠠᠨ ᠰᠡᠷᠭᠡᠶ᠋ᠢᠯᠡᠵᠦ ᠬᠤᠯᠪᠤᠭ᠋ᠠᠯᠠᠨ ᠡᠵᠡᠮᠳᠡᠬᠦ ᠲᠣᠭᠲᠠᠴᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠣᠭᠤᠮᠲᠠ ᠰᠢᠪᠲᠤᠯᠬᠤ ᠳᠤᠭᠤᠶ᠋ᠢᠯᠠᠩ᠎ᠤᠨ ᠸᠠᠺᠼᠢᠨ ᠰᠤᠳᠤᠯᠤᠨ ᠦᠢ᠍ᠯᠡᠳᠬᠦ ᠲᠤᠰᠬᠠᠶ ᠠᠩᠭᠢ ᠵᠢᠨ ᠬᠠᠷᠢᠭᠤᠴᠠᠯᠭ᠋ᠠᠲᠠᠨ ᠽᠧᠩ ᠢ ᠰᠢᠨ ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠵᠢᠨ ᠲᠤᠰᠬᠠᠶ ᠰᠤᠷᠪᠤᠯᠵᠢᠯᠠᠭ᠎ᠠ ᠵᠢ ᠬᠦᠯᠢᠶᠡᠵᠦ᠂ ᠣᠯᠠᠨ ᠨᠡᠶ᠋ᠢᠲᠡ ᠵᠢᠨ ᠠᠩᠬᠠᠷᠤᠯ᠎ᠳᠤ ᠬᠠᠷᠢᠭᠤᠯᠳᠠ ᠦᠭᠴᠠᠢ᠃
ᠤᠷᠢᠳ ᠡᠮᠦᠨ᠎ᠡ ᠪᠠᠶ᠋ᠢᠭ᠎ᠠ ᠦᠭᠡᠢ ᠪᠣᠭᠤᠮᠲᠠ ᠰᠢᠪᠲᠤᠯᠤᠯᠲᠠ — 21 ᠵᠦᠢ᠍ᠯ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ ᠡᠮᠴᠢᠯᠡᠭᠡᠨ᠎ᠤ ᠲᠤᠷᠰᠢᠯᠲᠠ ᠵᠢᠨ ᠱᠠᠲᠤᠨ᠎ᠳᠤ ᠣᠷᠣᠪᠠ
ᠠᠰᠠᠭᠤᠯᠲᠠ᠄ ᠭᠡᠨᠡᠳᠲᠡ᠎ᠪᠠᠷ ᠳᠠᠭ᠋ᠠᠷᠢᠨ ᠢᠷᠡᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠨᠢ ᠸᠠᠺᠼᠢᠨ᠎ᠤ ᠪᠣᠭᠤᠮᠲᠠ ᠰᠢᠪᠲᠤᠯᠬᠤ ᠠᠵᠢᠯ᠎ᠳᠤ ᠤᠷᠢᠳ ᠡᠮᠦᠨ᠎ᠡ ᠪᠠᠶ᠋ᠢᠭ᠎ᠠ ᠦᠭᠡᠢ ᠥᠷᠢᠰᠥᠯᠳᠦᠭᠡᠨ ᠠᠪᠴᠢᠷᠠᠪᠠ᠂ ᠳᠤᠮᠳᠠᠳᠤ ᠤᠯᠤᠰ ᠶᠠᠮᠠᠷ ᠲᠦᠪᠰᠢᠨ᠎ᠳᠤ ᠪᠠᠶ᠋ᠢᠬᠤ ᠪᠤᠢ? ᠣᠳᠣᠬᠠᠨ᠎ᠤ ᠠᠬᠢᠴᠠ ᠶᠠᠮᠠᠷ ᠵᠡᠷᠭᠡ ᠪᠤᠢ?
ᠬᠠᠷᠢᠭᠤᠯᠲᠠ᠄ ᠪᠢᠳᠡ ᠡᠷᠲᠡᠬᠡᠨ ᠪᠠᠶ᠋ᠢᠷᠢᠯᠠᠭᠤᠯᠵᠤ᠂ ᠣᠯᠠᠨ ᠵᠠᠮ ᠵᠶ᠋ᠠᠷ ᠶᠠᠪᠤᠬᠤ ᠵᠢ ᠪᠠᠷᠢᠮᠲᠠᠯᠠᠵᠤ᠂ 2020 ᠣᠨ᠎ᠤ 2 ᠰᠠᠷ᠎ᠠ᠎ᠳᠤ ᠲᠤᠰᠬᠠᠶ ᠠᠩᠭᠢ ᠪᠠᠶ᠋ᠢᠭᠤᠯᠤᠨ ᠸᠠᠺᠼᠢᠨ ᠰᠤᠳᠤᠯᠤᠨ ᠦᠢ᠍ᠯᠡᠳᠬᠦ ᠠᠵᠢᠯ᠎ᠢ ᠪᠠᠶ᠋ᠢᠷᠢᠯᠠᠭᠤᠯᠵᠤ᠂ ᠮᠠᠨ᠎ᠤ ᠤᠯᠤᠰ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠢ ᠰᠤᠳᠤᠯᠤᠨ ᠦᠢ᠍ᠯᠡᠳᠬᠦ ᠬᠤᠷᠳᠤᠴᠠ ᠪᠣᠯᠤᠨ ᠲᠤᠭ᠎ᠠ ᠬᠡᠮᠵᠢᠶ᠎ᠡ ᠢᠮᠠᠭᠲᠠ ᠳᠡᠯᠡᠬᠡᠶ ᠵᠢᠨ ᠡᠮᠦᠨ᠎ᠡ ᠡᠩᠨᠡᠭᠡᠨ᠎ᠳᠤ ᠣᠷᠣᠰᠢᠵᠤ ᠪᠠᠶ᠋ᠢᠨ᠎ᠠ᠃
ᠮᠠᠨ᠎ᠤ ᠤᠯᠤᠰ᠎ᠤᠨ 21 ᠵᠦᠢ᠍ᠯ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ ᠨᠢᠭᠡᠨᠲᠡ ᠡᠮᠴᠢᠯᠡᠭᠡᠨ᠎ᠤ ᠲᠤᠷᠰᠢᠯᠲᠠ ᠵᠢᠨ ᠱᠠᠲᠤᠨ᠎ᠳᠤ ᠣᠷᠣᠪᠠ᠃ ᠣᠳᠣᠬᠠᠨ᠎ᠳᠤ 4 ᠵᠦᠢ᠍ᠯ᠎ᠤᠨ ᠸᠠᠺᠼᠢᠨ᠎ᠨᠢ ᠤᠯᠤᠰ᠎ᠤᠨ ᠳᠣᠲᠣᠭ᠋ᠠᠳᠤ᠎ᠳᠤ ᠨᠥᠬᠦᠴᠡᠯ᠎ᠲᠠᠢ᠎ᠪᠠᠷ ᠵᠠᠬ᠎ᠠ ᠳᠡᠯᠭᠡᠭᠦᠷ᠎ᠲᠤ ᠭᠠᠷᠬᠤ ᠵᠦᠪᠰᠢᠶᠡᠷᠡᠯ ᠤᠯᠵᠤ᠂ 3 ᠵᠦᠢ᠍ᠯ᠎ᠤᠨ ᠸᠠᠺᠼᠢᠨ᠎ᠨᠢ ᠤᠯᠤᠰ᠎ᠤᠨ ᠳᠣᠲᠣᠭ᠋ᠠᠳᠤ᠎ᠳᠤ ᠪᠠᠴᠢᠮ ᠬᠡᠷᠡᠭᠯᠡᠬᠦ ᠵᠦᠪᠰᠢᠶᠡᠷᠡᠯ ᠤᠯᠵᠤ᠂ 8 ᠵᠦᠢ᠍ᠯ᠎ᠤᠨ ᠸᠠᠺᠼᠢᠨ᠎ᠨᠢ ᠤᠯᠤᠰ᠎ᠤᠨ ᠭᠠᠳᠠᠭ᠋ᠠᠳᠤ᠎ᠳᠤ Ⅲ ᠬᠤᠭᠤᠴᠠᠭ᠋ᠠᠨ᠎ᠤ ᠡᠮᠴᠢᠯᠡᠭᠡᠨ᠎ᠤ ᠲᠤᠷᠰᠢᠯᠳᠠ ᠬᠢᠬᠦ ᠵᠦᠪᠰᠢᠶᠡᠷᠡᠯ ᠤᠯᠵᠤ᠂ 1mRNA ᠸᠠᠺᠼᠢᠨ᠎ᠨᠢ ᠤᠯᠤᠰ᠎ᠤᠨ ᠭᠠᠳᠠᠭ᠋ᠠᠳᠤ᠎ᠳᠤ ᠶᠣᠰᠣ ᠰᠤᠷᠲᠠᠬᠤᠨ᠎ᠤ ᠵᠥᠪᠰᠢᠶᠡᠷᠡᠯ ᠣᠯᠵᠤ᠂ ᠬᠢᠯᠢ ᠵᠢᠨ ᠭᠠᠳᠠᠨᠠᠬᠢ ᠡᠮᠴᠢᠯᠡᠭᠡᠨ᠎ᠤ ᠲᠤᠷᠰᠢᠯᠲᠠ ᠵᠢᠨ ᠢᠳᠡᠪᠬᠢ ᠥᠬᠡᠶ᠋ᠢᠳᠡᠭᠦᠯᠦᠭᠰᠡᠨ ᠸᠠᠺᠼᠢᠨ᠂ ᠳᠠᠬᠢᠨ ᠵᠣᠬᠢᠶᠠᠨ ᠪᠠᠶ᠋ᠢᠭᠤᠯᠤᠭᠰᠠᠨ ᠤᠭᠤᠷᠠᠭ᠎ᠤᠨ ᠸᠠᠺᠼᠢᠨ᠂ ᠪᠤᠯᠴᠢᠷᠬᠠᠶ ᠵᠢᠨ ᠸᠢᠷᠦ᠋ᠰ᠎ᠤᠨ ᠠᠴᠢᠶᠠᠯᠠᠪᠤᠷᠢ ᠵᠢᠨ ᠸᠠᠺᠼᠢᠨ᠂ ᠪᠥᠭᠡᠮ ᠬᠦᠴᠢᠯ᠎ᠤᠨ ᠸᠠᠺᠼᠢᠨ᠎ᠤ ᠮᠡᠷᠭᠡᠵᠢᠯ᠎ᠤᠨ ᠱᠤᠭᠤᠮ᠎ᠢ ᠪᠥᠬᠦ ᠲᠠᠯ᠎ᠠ᠎ᠪᠠᠷ ᠪᠦᠷᠬᠦᠭᠦᠯᠪᠡ᠃
ᠸᠠᠺᠼᠢᠨ᠎ᠢ ᠪᠦᠬᠦ ᠪᠥᠮᠪᠥᠷᠴᠡᠭ᠎ᠤᠨ ᠤᠯᠠᠨ ᠨᠡᠶ᠋ᠢᠲᠡ ᠵᠢᠨ ᠦᠢ᠍ᠯᠡᠳᠬᠦᠨ ᠪᠤᠯᠭ᠋ᠠᠨ᠎ᠠ — ᠪᠦᠬᠦ ᠳᠡᠯᠡᠬᠡᠢ᠎ᠳᠤ 3.5 ᠳ᠋ᠦᠩᠰᠢᠭᠤᠷ ᠭᠠᠷᠤᠢ ᠬᠤᠪᠢ ᠸᠠᠺᠼᠢᠨ ᠬᠠᠩᠭ᠋ᠠᠵᠤ᠂ 90 ᠭᠠᠷᠤᠢ ᠤᠯᠤᠰ ᠪᠣᠯᠤᠨ ᠭᠠᠵᠠᠷ ᠣᠷᠣᠨ᠎ᠳᠤ ᠵᠠᠬ᠎ᠠ ᠳᠡᠯᠭᠡᠭᠦᠷ᠎ᠲᠤ ᠭᠠᠷᠭ᠋ᠠᠬᠤ ᠪᠤᠶᠤ ᠪᠠᠴᠢᠮ ᠬᠡᠷᠡᠭᠯᠡᠬᠦ ᠵᠦᠪᠰᠢᠶᠡᠷᠡᠯ ᠤᠯᠵᠠᠢ
ᠠᠰᠠᠭᠤᠯᠲᠠ᠄ 73 ᠳ᠋ᠤᠭ᠋ᠠᠷ ᠬᠤᠭᠤᠴᠠᠭ᠋ᠠᠨ᠎ᠤ ᠳᠡᠯᠡᠬᠡᠢ ᠵᠢᠨ ᠡᠷᠡᠭᠦᠯ ᠬᠠᠮᠠᠭ᠋ᠠᠯᠠᠯ᠎ᠤᠨ ᠶᠡᠭᠡ ᠬᠤᠷᠠᠯ᠎ᠤᠨ ᠡᠬᠢᠯᠡᠯᠲᠡ ᠵᠢᠨ ᠶᠣᠰᠣᠯᠠᠯ ᠳᠡᠭᠡᠷ᠎ᠡ᠂ ᠳᠤᠮᠳᠠᠳᠤ ᠤᠯᠤᠰ ᠸᠠᠺᠼᠢᠨ᠎ᠢ ᠪᠦᠬᠦ ᠪᠥᠮᠪᠥᠷᠴᠡᠭ᠎ᠤᠨ ᠤᠯᠠᠨ ᠨᠡᠶ᠋ᠢᠲᠡ ᠵᠢᠨ ᠦᠢ᠍ᠯᠡᠳᠬᠦᠨ ᠪᠣᠯᠭ᠋ᠠᠨ᠎ᠠ ᠭᠡᠵᠦ ᠲᠥᠪ ᠴᠢᠩᠭ᠎ᠠ᠎ᠪᠠᠷ ᠠᠮᠠᠯᠳᠠᠪᠠ᠃ ᠪᠦᠬᠦ ᠪᠥᠮᠪᠥᠷᠴᠡᠭ᠎ᠲᠤ ᠬᠢᠵᠢᠭ ᠦᠷᠪᠢᠰᠦᠨ ᠳᠡᠯᠭᠡᠷᠡᠵᠦ᠂ ᠳᠤᠮᠳᠠᠳᠤ ᠤᠯᠤᠰ᠎ᠤᠨ ᠦᠪᠡᠷ᠎ᠤᠨ ᠸᠠᠺᠼᠢᠨ᠎ᠤ ᠬᠡᠷᠡᠭᠴᠡᠭᠡ ᠯᠤᠲᠤ ᠶᠡᠭᠡ ᠪᠠᠶ᠋ᠢᠬᠤ ᠪᠠᠶ᠋ᠢᠳᠠᠯ ᠳᠣᠣᠷ᠎ᠠ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠤᠶᠠᠷ ᠬᠡᠷᠡᠭᠴᠡᠭᠡ ᠵᠢ ᠬᠡᠷᠬᠢᠨ ᠬᠠᠩᠭ᠋ᠠᠬᠤ ᠪᠤᠢ? ᠪᠢᠳᠡ ᠪᠥᠬᠦ ᠪᠥᠮᠪᠥᠷᠴᠡᠭ᠎ᠤᠨ ᠬᠢᠵᠢᠭ᠎ᠲᠠᠢ ᠲᠡᠮᠡᠴᠡᠬᠦ᠎ᠳᠤ ᠶᠠᠮᠠᠷ ᠬᠤᠪᠢ ᠨᠡᠮᠡᠷᠢ ᠦᠵᠡᠭᠦᠯᠬᠦ ᠪᠣᠶ?
ᠬᠠᠷᠢᠭᠤᠯᠲᠠ᠄ ᠮᠠᠨ᠎ᠤ ᠤᠯᠤᠰ ᠨᠢᠭᠡᠨᠲᠡ ᠪᠥᠬᠦ ᠳᠡᠯᠡᠬᠡᠶ ᠵᠢᠨ 90 ᠭᠠᠷᠤᠶ ᠤᠯᠤᠰ ᠪᠠ ᠭᠠᠵᠠᠷ ᠣᠷᠣᠨ᠎ᠳᠤ ᠵᠠᠬ᠎ᠠ ᠳᠡᠯᠭᠡᠭᠦᠷ᠎ᠲᠤ ᠭᠠᠷᠭ᠋ᠠᠬᠤ ᠪᠤᠶᠤ ᠪᠠᠴᠢᠮ ᠬᠡᠷᠡᠭᠯᠡᠬᠦ ᠵᠥᠪᠰᠢᠶᠡᠷᠡᠯ ᠣᠯᠤᠭᠰᠠᠨ ᠪᠥᠭᠡᠳ 2 ᠵᠦᠢ᠍ᠯ᠎ᠤᠨ ᠸᠠᠺᠼᠢᠨ᠎ᠢ ᠳᠡᠯᠡᠬᠡᠶ ᠵᠢᠨ ᠡᠷᠡᠭᠦᠯ ᠬᠠᠮᠠᠭ᠋ᠠᠯᠠᠯ᠎ᠤᠨ ᠵᠣᠬᠢᠶᠠᠨ ᠪᠠᠶ᠋ᠢᠭᠤᠯᠤᠯᠲᠠ ᠵᠢᠨ ᠪᠠᠴᠢᠮ ᠬᠡᠷᠡᠭᠯᠡᠬᠦ ᠬᠠᠭᠤᠳᠠᠰᠤᠨ᠎ᠳᠤ ᠣᠷᠣᠭᠤᠯᠬᠤ ᠵᠦᠪᠰᠢᠶᠡᠷᠡᠯ ᠤᠯᠵᠠᠢ᠃
ᠬᠡᠳᠦ᠋ᠢ᠍ᠪᠡᠷ ᠮᠠᠨ᠎ᠤ ᠤᠯᠤᠰ᠎ᠤᠨ ᠤᠯᠤᠰ᠎ᠤᠨ ᠳᠣᠲᠣᠭ᠋ᠠᠳᠤ ᠵᠢᠨ ᠸᠠᠺᠼᠢᠨ ᠲᠠᠷᠢᠭᠰᠠᠨ ᠬᠡᠮᠵᠢᠶ᠎ᠡ ᠨᠢᠭᠡᠨᠲᠡ 7 ᠳ᠋ᠦᠩᠰᠢᠭᠤᠷ ᠭᠠᠷᠤᠶ ᠤᠳᠠᠭ᠎ᠠ᠎ᠳᠤ ᠬᠦᠷᠴᠦ᠂ ᠪᠥᠬᠦ ᠳᠡᠯᠡᠬᠡᠶ᠎ᠳᠤ ᠲᠡᠷᠢᠭᠦᠯᠡᠵᠦ ᠪᠠᠶ᠋ᠢᠭ᠎ᠠ ᠪᠣᠯᠪᠠᠴᠤ ᠵᠠᠭᠤᠨ ᠬᠥᠮᠦᠨ ᠪᠦᠷᠢ᠎ᠳᠠᠬᠢ ᠲᠠᠷᠢᠯᠭ᠎ᠠ ᠵᠢᠨ ᠬᠠᠷᠢᠴᠠᠯ᠎ᠨᠢ ᠤᠷᠢᠲᠠᠵᠤ ᠥᠬᠡᠶ ᠶᠤᠮ᠃ ᠡᠶ᠋ᠢᠮᠦ ᠪᠠᠶ᠋ᠢᠳᠠᠯ ᠳᠤᠤᠷ᠎ᠠ ᠪᠢᠳᠡ ᠬᠢᠯᠢ ᠵᠢᠨ ᠳᠣᠲᠣᠨ᠎ᠠ ᠭᠠᠳᠠᠨᠠᠬᠢ ᠬᠢᠵᠢᠭ᠎ᠤᠨ ᠪᠠᠶ᠋ᠢᠳᠠᠯ᠎ᠢ ᠦᠨᠳᠦᠰᠦᠯᠡᠨ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠡᠷᠡᠭᠴᠡᠭᠡ ᠵᠢ ᠨᠢᠭᠡᠳᠦᠯᠲᠡᠶ ᠲᠥᠯᠥᠪᠵᠢᠭᠦᠯᠦᠨ ᠨᠡᠶ᠋ᠢᠲᠡᠳᠤᠨᠢ ᠬᠠᠷᠠᠭ᠋ᠠᠯᠵᠠᠵᠤ᠂ ᠸᠠᠺᠼᠢᠨ᠎ᠤ ᠬᠠᠩᠭ᠋ᠠᠯᠭ᠎ᠠ ᠵᠢ ᠵᠦᠶ ᠵᠣᠬᠢᠰᠲᠠᠶ ᠲᠣᠬᠢᠷᠠᠭᠤᠯᠤᠨ᠎ᠠ᠃ ᠮᠠᠨ᠎ᠤ ᠤᠯᠤᠰ᠎ᠤᠨ ᠰᠢᠨ᠎ᠡ ᠲᠢᠲᠢᠮᠯᠢᠭ ᠸᠠᠺᠼᠢᠨ᠎ᠢ ᠭᠠᠳᠠᠭ᠋ᠠᠳᠤ᠎ᠳᠤ ᠨᠢᠭᠡᠨᠳᠡ 3.5 ᠳ᠋ᠦᠩᠰᠢᠭᠤᠷ ᠭᠠᠷᠤᠢ ᠬᠤᠪᠢ ᠬᠠᠩᠭ᠋ᠠᠵᠤ᠂ ᠡᠭᠦᠨ᠎ᠳᠤ 80 ᠭᠠᠷᠤᠢ ᠤᠯᠤᠰ᠎ᠲᠤ ᠬᠠᠨᠳᠢᠪᠯᠠᠵᠤ᠂ 40 ᠭᠠᠷᠤᠢ ᠤᠯᠤᠰ᠎ᠲᠤ ᠭᠠᠷᠭ᠋ᠠᠵᠠᠢ᠃ 2020 ᠣᠨ᠎ᠤ 10 ᠰᠠᠷ᠎ᠠ᠎ᠳᠤ᠂ ᠮᠠᠨ᠎ᠤ ᠤᠯᠤᠰ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠢ ᠬᠡᠷᠡᠭᠵᠢᠭᠦᠯᠬᠦ ᠲᠥᠯᠥᠪᠯᠡᠭᠡ (COVAX)᠎ᠳᠤ ᠣᠷᠣᠬᠤ᠎ᠪᠠᠷ ᠨᠡᠶ᠋ᠢᠲᠡᠯᠡᠵᠦ᠂ 1000 ᠲᠦᠮᠡᠨ ᠬᠤᠪᠢ ᠸᠠᠺᠼᠢᠨ ᠬᠠᠩᠭ᠋ᠠᠬᠤ᠎ᠪᠠᠷ ᠠᠮᠠᠯᠳᠠᠵᠠᠢ᠃
ᠬᠢᠵᠢᠭ᠎ᠤᠨ ᠪᠠᠶ᠋ᠢᠳᠠᠯ᠎ᠢ ᠢᠯᠠᠨ ᠳᠠᠪᠠᠭ᠍ᠤ ᠬᠤᠷᠴᠠ ᠵᠡᠪᠰᠡᠭ ᠪᠤᠯᠪᠠ — ᠳᠡᠯᠡᠬᠡᠢ ᠵᠢᠨ ᠰᠤᠳᠤᠯᠭ᠋ᠠᠨ᠎ᠳᠤ ᠬᠠᠷᠠᠭᠤᠯᠤᠭᠰᠠᠨ ᠵᠶ᠋ᠠᠷ ᠳᠤᠮᠳᠠᠳᠤ ᠤᠯᠤᠰ᠎ᠤᠨ ᠸᠠᠺᠼᠢᠨ᠎ᠨᠢ ᠮᠠᠰᠢ ᠰᠠᠶ᠋ᠢᠨ ᠬᠠᠮᠠᠭ᠋ᠠᠯᠠᠬᠤ ᠬᠦᠴᠦᠨ᠎ᠲᠠᠢ
ᠠᠰᠠᠭᠤᠯᠲᠠ᠄ ᠸᠠᠺᠼᠢᠨ ᠪᠣᠯ ᠬᠢᠵᠢᠭ᠎ᠢ ᠢᠯᠠᠬᠤ ᠬᠤᠷᠴᠠ ᠵᠡᠪᠰᠡᠭ ᠮᠥᠨ᠂ ᠣᠯᠠᠨ ᠵᠶ᠋ᠠᠷ ᠵᠶ᠋ᠠᠨ ᠸᠠᠺᠼᠢᠨ᠎ᠤ ᠪᠣᠳᠠᠲᠠᠶ ᠬᠠᠮᠠᠭ᠋ᠠᠯᠠᠬᠤ ᠦᠢ᠍ᠯᠡᠳᠦᠯ᠎ᠢ ᠮᠠᠰᠢ ᠠᠩᠬᠠᠷᠴᠤ ᠪᠠᠶ᠋ᠢᠨ᠎ᠠ᠃ ᠣᠳᠣᠬᠠᠨ᠎ᠳᠤ ᠳᠤᠮᠳᠠᠳᠤ ᠤᠯᠤᠰ᠎ᠤᠨ ᠵᠥᠪᠰᠢᠶᠡᠷᠡᠯ ᠣᠯᠤᠭᠰᠠᠨ ᠸᠠᠺᠼᠢᠨ᠎ᠤ ᠳᠡᠯᠡᠬᠡᠶ᠎ᠳᠠᠬᠢ ᠠᠮᠤᠷ ᠲᠦᠪᠰᠢᠨ ᠴᠢᠨᠠᠷ ᠪᠠ ᠪᠦᠲᠦᠮᠵᠢᠲᠦ ᠴᠢᠨᠠᠷ᠎ᠨᠢ ᠴᠤᠬᠤᠮ ᠶᠠᠮᠠᠷ ᠪᠣᠶ?
ᠬᠠᠷᠢᠭᠤᠯᠲᠠ᠄ ᠬᠢᠯᠢ ᠵᠢᠨ ᠭᠠᠳᠠᠨᠠᠬᠢ ᠬᠢᠵᠢᠭ᠎ᠤᠨ ᠪᠠᠶ᠋ᠢᠳᠠᠯ ᠮᠥᠨ ᠬᠦ᠌ ᠬᠦᠨᠳᠦ ᠨᠣᠴᠢᠲᠠᠶ ᠪᠠᠶ᠋ᠢᠭ᠎ᠠ ᠪᠣᠯᠬᠤᠷ ᠳᠡᠯᠡᠬᠡᠶ ᠵᠢᠨ ᠬᠠᠮᠠᠭ᠋ᠠᠯᠠᠯᠲᠠ ᠵᠢᠨ ᠨᠣᠷᠮ᠎ᠠ ᠵᠢ ᠣᠨᠣᠪᠴᠢᠲᠠᠶ ᠪᠦᠷᠢᠳᠬᠡᠬᠦ᠎ᠳᠤ ᠲᠡᠶ᠋ᠢᠮᠦ ᠬᠢᠯᠪᠠᠷ ᠪᠢᠰᠢ ᠶᠤᠮ᠂ ᠭᠡᠪᠡᠴᠦ ᠬᠤᠶᠠᠷ ᠬᠡᠷᠡᠭ᠎ᠤᠨ ᠵᠢᠱ᠌ᠢᠶ᠎ᠡ ᠵᠢ ᠲᠠᠨᠢᠯᠴᠠᠭᠤᠯᠵᠤ ᠪᠣᠯᠤᠨ᠎ᠠ᠃ ᠴᠢᠯᠢ ᠵᠢᠨ ᠡᠷᠡᠭᠦᠯ ᠬᠠᠮᠠᠭ᠋ᠠᠯᠠᠯ᠎ᠤᠨ ᠶᠠᠮᠤᠨ᠎ᠤ ᠨᠡᠶ᠋ᠢᠲᠡᠯᠡᠭᠰᠡᠨ ᠵᠶ᠋ᠠᠷ᠂ 5 ᠰᠠᠷ᠎ᠠ ᠵᠢᠨ 16᠎ᠤ ᠡᠳᠦᠷ ᠪᠣᠯᠲᠠᠯ᠎ᠠ᠂ ᠲᠤᠰ ᠤᠯᠤᠰ ᠪᠠᠷᠤᠭ ᠮᠠᠨ᠎ᠤ ᠤᠯᠤᠰ᠎ᠤᠨ ᠺᠧ ᠰᠢᠩ ᠺᠤᠮᠫᠠᠨᠢ ᠵᠢᠨ 1325 ᠲᠦᠮᠡᠨ ᠬᠤᠪᠢ ᠢᠳᠡᠪᠬᠢ ᠦᠭᠡᠶ᠋ᠢᠳᠡᠭᠦᠯᠬᠦ ᠸᠠᠺᠼᠢᠨ᠎ᠢ ᠲᠠᠷᠢᠵᠤ᠂ ᠰᠤᠳᠤᠯᠭ᠋ᠠᠨ᠎ᠤ ᠦᠷ᠎ᠡ ᠳ᠋ᠦᠩ᠎ᠠᠴᠠ ᠦᠵᠡᠪᠡᠯ᠂ ᠬᠤᠶᠠᠳᠤᠭ᠋ᠠᠷ ᠤᠳᠠᠭ᠎ᠠ ᠵᠢᠨ ᠸᠠᠺᠼᠢᠨ᠎ᠢ ᠲᠠᠷᠢᠭᠰᠠᠨ᠎ᠤ 14 ᠡᠳᠦᠷ᠎ᠤᠨ ᠳᠠᠷᠠᠭ᠎ᠠ᠂ ᠡᠪᠡᠳᠴᠢᠨ᠎ᠤ ᠢᠯᠡᠷᠡᠯ᠎ᠲᠠᠢ ᠬᠠᠯᠳᠠᠪᠤᠷᠢ ᠤᠯᠬᠤ ᠰᠡᠷᠭᠡᠶ᠋ᠢᠯᠡᠬᠦ ᠦᠷ᠎ᠡ ᠪᠦᠲᠦᠮᠵᠢ 65.3%᠎ᠳᠤ ᠬᠦᠷᠴᠦ᠂ ᠡᠮᠨᠡᠯᠭᠡ᠎ᠳᠤ ᠰᠠᠭᠤᠵᠤ ᠡᠮᠨᠡᠭᠦᠯᠬᠦ ᠵᠢ ᠰᠡᠷᠭᠡᠶ᠋ᠢᠯᠡᠬᠦ ᠦᠷ᠎ᠡ ᠪᠦᠲᠦᠮᠵᠢ 87%᠎ᠳᠤ ᠬᠦᠷᠴᠦ᠂ ᠬᠦᠨᠳᠦ ᠡᠪᠡᠳᠴᠢᠲᠡᠨ᠎ᠤ ᠥᠷᠥᠭᠡ᠎ᠳᠤ ᠣᠷᠣᠬᠤ ᠵᠢ ᠰᠡᠷᠭᠡᠶ᠋ᠢᠯᠡᠬᠦ ᠦᠷ᠎ᠡ ᠪᠦᠲᠦᠮᠵᠢ 90.3%᠎ᠳᠤ ᠬᠦᠷᠴᠦ᠂ ᠬᠠᠯᠳᠠᠪᠤᠷᠢ᠎ᠠᠴᠠ ᠪᠣᠯᠵᠣ ᠥᠭᠦᠬᠦ ᠵᠢ ᠰᠡᠷᠭᠡᠶ᠋ᠢᠯᠡᠬᠦ ᠦᠷ᠎ᠡ ᠪᠦᠲᠦᠮᠵᠢ 86%᠎ᠳᠤ ᠬᠦᠷᠴᠡᠶ᠂ ᠲᠤᠬᠠᠶ ᠵᠢᠨ ᠭᠠᠵᠠᠷ᠎ᠤᠨ ᠤᠨᠳᠤᠤᠰᠢᠭᠰᠠᠨ ᠸᠢᠷᠦ᠋ᠰ ᠳᠡᠯᠭᠡᠷᠡᠵᠤ ᠪᠠᠶ᠋ᠢᠭᠰᠠᠨ ᠪᠠᠶ᠋ᠢᠳᠠᠯ᠎ᠢ ᠪᠣᠳᠣᠯᠬᠢᠯᠠᠭ᠋ᠠᠳ᠂ ᠮᠠᠨ᠎ᠤ ᠤᠯᠤᠰ᠎ᠤᠨ ᠸᠠᠺᠼᠢᠨ᠎ᠨᠢ ᠤᠨᠳᠤᠤᠰᠢᠭᠰᠠᠨ ᠸᠢᠷᠦ᠋ᠰ᠎ᠢ ᠴᠤ᠌ ᠮᠠᠰᠢ ᠰᠠᠶ᠋ᠢᠨ ᠰᠡᠷᠭᠡᠶ᠋ᠢᠯᠡᠬᠦ ᠦᠢ᠍ᠯᠡᠳᠦᠯ᠎ᠲᠠᠢ᠃
ᠤᠯᠤᠰ᠎ᠤᠨ ᠳᠣᠲᠣᠭ᠋ᠠᠳᠤ ᠵᠢᠨ ᠶᠡᠭᠡ ᠬᠡᠪᠴᠢᠶᠡᠨ᠎ᠤ ᠲᠠᠷᠢᠯᠭ᠎ᠠ᠎ᠨᠢ ᠮᠠᠨ᠎ᠤ ᠤᠯᠤᠰ᠎ᠤᠨ ᠸᠠᠺᠼᠢᠨ᠎ᠤ ᠠᠮᠤᠷ ᠲᠦᠪᠰᠢᠨ ᠴᠢᠨᠠᠷ᠎ᠢ ᠭᠦᠢ᠍ᠴᠡᠳ ᠢᠯᠡᠷᠡᠭᠦᠯᠪᠡ᠃ ᠪᠦᠷᠢᠳᠬᠡᠯ᠎ᠢ ᠦᠨᠳᠦᠰᠦᠯᠡᠪᠡᠯ᠂ ᠮᠠᠨ᠎ᠤ ᠤᠯᠤᠰ᠎ᠤᠨ 7 ᠳ᠋ᠦᠩᠰᠢᠭᠤᠷ ᠭᠠᠷᠤᠶ ᠤᠳᠠᠭ᠋ᠠᠨ᠎ᠤ ᠲᠠᠷᠢᠯᠭ᠎ᠠ ᠵᠢᠨ ᠮᠠᠭᠤ ᠢᠯᠡᠷᠡᠯ ᠭᠠᠷᠤᠭᠰᠠᠠ ᠮᠡᠳᠡᠭᠦᠯᠦᠯᠲᠡ ᠵᠢᠨ ᠡᠭᠦᠰᠬᠦ ᠨᠣᠷᠮ᠎ᠠ᠎ᠨᠢ 11.86 /10 ᠲᠦᠮᠡᠨ ᠤᠳᠠᠭ᠎ᠠ ᠪᠣᠯᠤᠨ᠎ᠠ᠃ ᠡᠭᠦᠨ᠎ᠳᠤ᠂ ᠡᠩ᠎ᠤᠨ ᠲᠤᠰᠬᠠᠯ 83% ᠵᠢ ᠡᠵᠡᠯᠡᠵᠦ᠂ ᠬᠡᠪ᠎ᠤᠨ ᠪᠤᠰᠤ ᠲᠤᠰᠬᠠᠯ 17% ᠵᠢ ᠡᠵᠡᠯᠡᠵᠦ᠂ ᠡᠩ᠎ᠤᠨ ᠲᠤᠰᠬᠠᠯ᠂ ᠬᠡᠪ᠎ᠤᠨ ᠪᠤᠰᠤ ᠲᠤᠰᠬᠠᠯ᠎ᠤᠨ ᠡᠭᠦᠰᠬᠦ ᠨᠣᠷᠮ᠎ᠠ᠎ᠨᠢ ᠴᠥᠮ 2019 ᠣᠨ᠎ᠤ ᠮᠠᠨ᠎ᠤ ᠤᠯᠤᠰ᠎ᠤᠨ ᠡᠩ᠎ᠤᠨ ᠲᠠᠷᠢᠯᠭ᠎ᠠ ᠵᠢᠨ ᠡᠯ᠎ᠡ ᠲᠥᠷᠥᠯ᠎ᠤᠨ ᠸᠠᠺᠼᠢᠨ᠎ᠤ ᠳᠤᠮᠳᠠᠴᠢ ᠮᠡᠳᠡᠭᠦᠯᠦᠯᠲᠡ ᠵᠢᠨ ᠬᠢᠷᠢ ᠲᠦᠪᠰᠢᠨ᠎ᠠᠴᠠ ᠳᠤᠤᠷ᠎ᠠ ᠪᠠᠶ᠋ᠢᠨ᠎ᠠ᠃
《ᠦᠯᠦ ᠬᠠᠯᠳᠠᠭ᠋ᠠᠬᠤ ᠴᠢᠳᠠᠪᠤᠷᠢ ᠵᠢᠨ ᠤᠷᠲᠤ ᠴᠠᠭ᠋ᠠᠠ ᠭᠡᠷᠡᠮ》᠎ᠢ ᠪᠠᠶ᠋ᠢᠭᠤᠯᠵᠠᠢ — ᠵᠢᠱ᠌ᠢᠯᠲᠡ᠎ᠪᠠᠷ ᠵᠢᠯ᠎ᠤᠨ ᠡᠴᠦᠰ᠎ᠠᠴᠠ ᠡᠮᠦᠨ᠎ᠡ ᠨᠠᠭ᠋ᠠᠳᠤ ᠵᠠᠬ᠎ᠠ᠎ᠳᠠᠭᠠᠨ 70% ᠵᠢᠨ ᠬᠠᠷᠠᠯᠲᠠᠲᠦ ᠬᠥᠮᠦᠰ ᠸᠠᠺᠼᠢᠨ᠎ᠤ ᠲᠠᠷᠢᠯᠭ᠎ᠠ ᠬᠢᠨ᠎ᠠ
ᠠᠰᠠᠭᠤᠯᠲᠠ᠄ ᠳᠡᠯᠡᠬᠡᠢ ᠵᠢᠨ ᠡᠷᠡᠭᠦᠯ ᠬᠠᠮᠠᠭ᠋ᠠᠯᠠᠯ᠎ᠤᠨ ᠵᠣᠬᠢᠶᠠᠨ ᠪᠠᠶ᠋ᠢᠭᠤᠯᠤᠯᠲᠠ ᠵᠢᠨ ᠮᠡᠳᠡᠭᠦᠯᠦᠯᠲᠡ ᠵᠢ ᠦᠨᠳᠦᠰᠦᠯᠡᠪᠡᠯ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠪᠦᠬᠦ ᠳᠡᠯᠡᠬᠡᠢ᠎ᠳᠤ ᠨᠢᠭᠡᠨᠲᠡ 300 ᠭᠠᠷᠤᠢ ᠲᠦᠮᠡᠨ ᠬᠥᠮᠦᠨ᠎ᠢ ᠦᠬᠦᠭᠦᠯᠵᠦ᠂ 200 ᠭᠠᠷᠤᠢ ᠤᠯᠤᠰ ᠪᠠ ᠭᠠᠵᠠᠷ ᠣᠷᠣᠨ᠎ᠢ ᠨᠥᠯᠥᠭᠡᠯᠡᠪᠡ᠃ ᠳᠤᠮᠳᠠᠳᠤ ᠤᠯᠤᠰ ᠶᠠᠭ ᠬᠠᠮᠤᠭ᠎ᠤᠨ ᠶᠡᠭᠡ ᠬᠡᠪᠴᠢᠶ᠎ᠠ᠎ᠲᠠᠢ ᠰᠢᠨ᠎ᠡ ᠲᠢᠲᠢᠮᠯᠢᠭ ᠸᠠᠺᠼᠢᠨ᠎ᠤ ᠲᠠᠷᠢᠯᠭ᠎ᠠ ᠲᠠᠷᠢᠬᠤ ᠵᠢ ᠠᠬᠢᠭᠤᠯᠵᠤ ᠪᠠᠶ᠋ᠢᠨ᠎ᠠ᠂ ᠣᠳᠣᠬᠠᠨ᠎ᠳᠤ ᠠᠬᠢᠴᠠ᠎ᠨᠢ ᠶᠠᠮᠠᠷ ᠵᠡᠷᠭᠡ ᠪᠠᠶ᠋ᠢᠬᠤ ᠪᠤᠢ? ᠡᠭᠡᠯᠢᠯᠡᠭᠡ ᠵᠢᠨ ᠬᠠᠯᠬᠠᠪᠴᠢ ᠪᠠᠶ᠋ᠢᠭᠤᠯᠬᠤ᠎ᠠᠴᠠ ᠪᠠᠰᠠ ᠬᠡᠳᠦᠶ ᠬᠤᠯᠠ ᠪᠠᠶ᠋ᠢᠬᠤ ᠪᠤᠢ?
ᠬᠠᠷᠢᠭᠤᠯᠲᠠ᠄ 3 ᠰᠠᠷ᠎ᠠ ᠵᠢᠨ 24᠎ᠤ ᠡᠳᠦᠷ᠂ ᠳᠤᠮᠳᠠᠳᠤ ᠤᠯᠤᠰ ᠰᠢᠨ᠎ᠡ ᠲᠢᠲᠢᠮᠯᠢᠭ᠎ᠤᠨ ᠸᠠᠺᠼᠢᠨ᠎ᠤ ᠲᠠᠷᠢᠯᠭ᠎ᠠ ᠵᠢᠨ 《ᠡᠳᠦᠷ᠎ᠤᠨ ᠰᠣᠨᠢᠨ》᠎ᠤ ᠲᠦᠷᠢᠮ᠎ᠢ ᠵᠢᠩᠬᠢᠨᠢ᠎ᠪᠠᠷ ᠡᠬᠢᠯᠡᠭᠦᠯᠪᠡ᠃ 5 ᠰᠠᠷ᠎ᠠ᠎ᠠᠴᠠ ᠨᠠᠭ᠋ᠠᠰᠢ᠂ ᠸᠠᠺᠼᠢᠨ᠎ᠤ ᠲᠠᠷᠢᠯᠭ᠎ᠠ 《ᠲᠦᠷᠭᠡᠨ ᠭᠦᠶᠦᠯᠲᠡ》᠎ᠳᠤ ᠣᠷᠣᠵᠤ᠂ ᠣᠳᠣᠬᠠᠨ᠎ᠳᠤ ᠪᠦᠬᠦ ᠤᠯᠤᠰ᠎ᠤᠨ ᠰᠢᠨ᠎ᠡ ᠲᠢᠲᠢᠮᠯᠢᠭ᠎ᠤᠨ ᠸᠠᠺᠼᠢᠨ᠎ᠤ ᠲᠠᠷᠢᠯᠭ᠎ᠠ 7 ᠳ᠋ᠦᠩᠰᠢᠭᠤᠷ ᠤᠳᠠᠭ᠎ᠠ ᠵᠢ ᠳᠠᠪᠠᠵᠤ᠂ ᠳᠤᠮᠳᠠᠳᠤ ᠤᠯᠤᠰ᠎ᠤᠨ ᠸᠠᠺᠼᠢᠨ᠎ᠢ ᠳᠡᠯᠡᠬᠡᠢ ᠳᠡᠭᠡᠷᠡᠬᠢ ᠨᠡᠩ ᠤᠯᠠᠨ ᠤᠯᠤᠰ ᠮᠡᠳᠡᠷᠡᠵᠦ ᠬᠦᠯᠢᠶᠡᠨ ᠠᠪᠴᠠᠢ᠃ ᠣᠶ᠋ᠢᠷ᠎ᠠ᠎ᠳᠤ ᠡᠭᠦᠰᠦᠭᠰᠡᠨ ᠲᠤᠬᠠᠶ ᠵᠢᠨ ᠭᠠᠵᠠᠷ᠎ᠤᠨ ᠡᠪᠡᠳᠴᠢᠨ᠎ᠤ ᠵᠢᠱ᠌ᠢᠶ᠎ᠡ᠎ᠳᠤ᠂ ᠰᠡᠷᠭᠡᠶ᠋ᠢᠯᠡᠨ ᠡᠵᠡᠮᠳᠡᠬᠦ ᠪᠠᠶ᠋ᠢᠳᠠᠯ ᠮᠥᠨ ᠬᠦ᠌ ᠬᠦᠨᠳᠦ ᠨᠣᠴᠢᠲᠠᠶ ᠪᠠᠶ᠋ᠢᠵᠤ᠂ 《ᠡᠭᠡᠯᠢᠯᠡᠭᠡ ᠵᠢᠨ ᠣᠷᠳᠣ ᠴᠠᠭ᠋ᠠᠨ ᠬᠡᠷᠡᠮ》᠎ᠢ ᠬᠠᠮᠲᠤ᠎ᠪᠠᠷ ᠴᠣᠭᠴᠠᠯᠠᠵᠤ᠂ 《ᠸᠠᠺᠼᠢᠨ᠎ᠤ ᠲᠠᠲᠠᠭ᠋ᠠᠯᠵᠠᠯ》᠎ᠢ ᠪᠠᠭ᠋ᠠᠰᠬᠠᠬᠤ᠎ᠳᠤ ᠲᠠ ᠪᠢᠳᠡᠨ᠎ᠤ ᠳᠡᠮᠵᠢᠯᠭᠡ ᠴᠢᠬᠤᠯᠠᠲᠠᠶ ᠪᠠᠶ᠋ᠢᠨ᠎ᠠ᠃
ᠠᠰᠠᠭᠤᠯᠲᠠ᠄ ᠣᠯᠠᠨ ᠨᠡᠶ᠋ᠢᠲᠡ ᠵᠢᠨ ᠠᠩᠬᠠᠷᠴᠤ ᠪᠠᠶ᠋ᠢᠭ᠎ᠠ ᠸᠢᠷᠦ᠋ᠰ᠎ᠤᠨ ᠤᠨᠳᠤᠤᠰᠢᠯ᠎ᠤᠨ ᠸᠠᠺᠼᠢᠨ᠎ᠳᠤ ᠦᠵᠡᠭᠦᠯᠬᠦ ᠨᠥᠯᠥᠭᠡ᠎ᠳᠤ ᠴᠢᠭᠯᠡᠭᠦᠯᠦᠨ᠂ ᠪᠢᠳᠡ ᠪᠠᠰᠠ ᠶᠠᠮᠠᠷ ᠶᠠᠮᠠᠷ ᠰᠢᠨ᠎ᠡ ᠰᠤᠳᠤᠯᠭ᠋ᠠᠨ ᠬᠢᠵᠦ ᠪᠠᠶ᠋ᠢᠬᠤ ᠪᠤᠢ? ᠮᠠᠨᠠᠨᠲᠤᠭᠤᠯᠤᠨ ᠰᠣᠷᠣᠬᠤ ᠬᠡᠯᠪᠡᠷᠢ ᠵᠢᠨ ᠰᠢᠨ᠎ᠡ ᠲᠢᠲᠢᠮᠯᠢᠭ᠎ᠤᠨ ᠸᠠᠺᠼᠢᠨ᠎ᠢ ᠪᠠᠴᠢᠮ ᠬᠡᠷᠡᠭᠯᠡᠵᠦ ᠪᠠᠶ᠋ᠢᠭ᠎ᠠ ᠠᠬᠢᠴᠠ ᠶᠠᠮᠠᠷ ᠵᠡᠷᠭᠡ ᠪᠠᠶ᠋ᠢᠬᠤ ᠪᠣᠶ? ᠸᠠᠺᠼᠢᠨ᠎ᠢ ᠪᠠᠴᠢᠮ ᠬᠡᠷᠡᠭᠯᠡᠬᠦ ᠨᠠᠰᠤ ᠵᠢ ᠳᠠᠬᠢᠨ ᠥᠷᠭᠡᠳᠬᠡᠬᠦ ᠦᠦ?
ᠬᠠᠷᠢᠭᠤᠯᠲᠠ᠄ ᠨᠢᠭᠡᠳᠦᠭᠡᠷ᠎ᠲᠤ᠂ ᠪᠢᠳᠡ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠵᠠᠯᠭ᠋ᠠᠮᠵᠢ ᠬᠠᠮᠢᠶ᠎ᠠ ᠪᠥᠬᠦᠶ ᠰᠤᠳᠤᠯᠭ᠋ᠠᠨ᠎ᠢ ᠢᠳᠡᠪᠬᠢᠲᠡᠶ ᠠᠬᠢᠭᠤᠯᠤᠨ᠎ᠠ᠂ ᠡᠭᠦᠨ᠎ᠳᠤ ᠦᠨᠡᠡ ᠪᠤᠲᠠᠲᠠᠢ ᠲᠡᠯᠡᠭᠡᠢ ᠵᠢᠨ ᠰᠤᠲᠤᠯᠭ᠋ᠠᠠ᠂ ᠡᠭᠡᠯᠢᠯᠡᠭᠡ ᠵᠢᠨ ᠳᠠᠭ᠋ᠠᠭ᠋ᠠᠮᠠᠭ᠋ᠠᠶ ᠴᠢᠨᠠᠷ᠎ᠤᠨ ᠰᠤᠳᠤᠯᠭ᠋ᠠᠨ ᠵᠡᠷᠭᠡ ᠵᠢ ᠪᠠᠭᠲᠠᠭ᠋ᠠᠵᠤ᠂ ᠸᠠᠺᠼᠢᠨ᠎ᠢ ᠴᠢᠨᠠᠭᠰᠢᠲᠠ ᠶᠡᠭᠡ ᠬᠡᠪᠴᠢᠶ᠎ᠡ᠎ᠲᠠᠢ᠎ᠪᠠᠷ ᠬᠡᠷᠡᠭᠯᠡᠬᠦ᠎ᠳᠤ ᠯᠠᠪᠯᠠᠯᠲᠠ ᠬᠠᠩᠭ᠋ᠠᠨ᠎ᠠ᠃
ᠬᠤᠶᠠᠳᠤᠭ᠋ᠠᠷ᠎ᠲᠤ᠂ ᠣᠳᠣᠬᠠᠨ᠎ᠤ ᠰᠤᠳᠤᠯᠭ᠋ᠠᠨ᠎ᠠᠴᠠ ᠦᠵᠡᠪᠡᠯ᠂ ᠣᠲᠣ ᠵᠢᠨ ᠸᠠᠺᠼᠢᠨ᠎ᠨᠢ ᠣᠲᠣ ᠵᠢᠨ ᠸᠢᠷᠦ᠋ᠰ᠎ᠤᠨ ᠤᠨᠳᠤᠤᠰᠢᠯᠢ ᠡᠵᠡᠮᠳᠡᠵᠦ ᠴᠢᠳᠠᠨ᠎ᠠ᠃ ᠭᠡᠪᠡᠴᠦ ᠵᠠᠪᠠᠯ ᠤᠷᠢᠳᠴᠢᠯᠠᠨ ᠪᠡᠯᠡᠳᠬᠡᠯ ᠬᠢᠬᠦ ᠬᠡᠷᠡᠭᠲᠡᠶ᠂ ᠸᠢᠷᠦ᠋ᠰ ᠮᠥᠨ ᠬᠦ᠌ ᠪᠥᠬᠦ ᠳᠡᠯᠡᠬᠡᠶ ᠵᠢᠨ ᠬᠡᠪᠴᠢᠶᠡᠨ᠎ᠳᠤ ᠲᠦᠷᠭᠡᠨ ᠲᠠᠷᠬᠠᠵᠤ ᠪᠠᠶ᠋ᠢᠭ᠎ᠠ ᠪᠠᠶ᠋ᠢᠳᠠᠯ ᠳᠤᠤᠷ᠎ᠠ᠂ ᠪᠢᠳᠡ ᠡᠷᠬᠡᠪᠰᠢ ᠸᠢᠷᠦ᠋ᠰ᠎ᠤᠨ ᠤᠨᠳᠤᠤᠰᠢᠭᠰᠠᠨ ᠪᠠᠶ᠋ᠢᠳᠠᠯ᠎ᠢ ᠴᠢᠩᠭ᠎ᠠ ᠬᠢᠨᠠᠨ ᠬᠡᠮᠵᠢᠵᠦ᠂ ᠰᠢᠨ᠎ᠡ ᠲᠢᠲᠢᠮᠯᠢᠭ ᠸᠢᠷᠦ᠋ᠰ᠎ᠤᠨ ᠬᠦᠨᠳᠦ ᠨᠣᠴᠢᠲᠠᠶ ᠤᠨᠳᠤᠤᠰᠢᠯᠢ ᠰᠡᠷᠭᠡᠶ᠋ᠢᠯᠡᠵᠦ ᠴᠢᠲᠠᠬᠤ ᠸᠠᠺᠼᠢᠨ᠎ᠢ ᠰᠤᠳᠤᠯᠤᠨ ᠨᠡᠭᠡᠭᠡᠬᠦ ᠠᠵᠢᠯ᠎ᠢ ᠤᠷᠢᠳᠴᠢᠯᠠᠨ ᠰᠠᠶ᠋ᠢᠲᠤᠷ ᠬᠢᠬᠦ ᠬᠡᠷᠡᠭᠲᠡᠶ᠃
ᠭᠤᠷᠪᠠᠳᠤᠭ᠋ᠠᠷ᠎ᠲᠤ᠂ ᠨᠠᠩ ᠣᠯᠠᠨ ᠸᠠᠺᠼᠢᠨ᠎ᠤ Ⅲ ᠬᠤᠭᠤᠴᠠᠭ᠋ᠠᠨ᠎ᠤ ᠡᠮᠴᠢᠯᠡᠭᠡᠨ᠎ᠤ ᠲᠤᠷᠰᠢᠯᠲᠠ ᠥᠷᠨᠢᠭᠦᠯᠬᠦ ᠵᠢ ᠢᠳᠡᠪᠬᠢᠲᠡᠶ ᠠᠬᠢᠭᠤᠯᠵᠤ᠂ ᠨᠠᠩ ᠣᠯᠠᠨ ᠸᠠᠺᠼᠢᠨ᠎ᠤ ᠵᠠᠬ᠎ᠠ ᠳᠡᠯᠭᠡᠭᠦᠷ᠎ᠲᠤ ᠭᠠᠷᠬᠤ ᠵᠢ ᠠᠬᠢᠭᠤᠯᠵᠤ᠂ ᠨᠠᠩ ᠶᠡᠭᠡ ᠦᠢ᠍ᠯᠡᠳᠪᠦᠷᠢᠯᠡᠬᠦ ᠴᠢᠳᠠᠪᠤᠷᠢ ᠵᠢ ᠪᠦᠷᠢᠯᠳᠦᠭᠦᠯᠵᠦ᠂ ᠡᠴᠦᠰ᠎ᠤᠨ ᠬᠠᠷᠠᠯᠲᠠ ᠪᠣᠯ ᠸᠠᠺᠼᠢᠨ᠎ᠤ ᠬᠠᠩᠭ᠋ᠠᠯᠭ᠎ᠠ ᠵᠢᠨ ᠬᠡᠮᠵᠢᠶ᠎ᠡ ᠵᠢ ᠨᠡᠮᠡᠭᠳᠡᠭᠦᠯᠦᠨ᠎ᠡ᠃
ᠳᠥᠷᠪᠡᠳᠦᠭᠡᠷ᠎ᠲᠤ᠂ ᠬᠠᠮᠠᠷ ᠵᠶ᠋ᠠᠷ ᠰᠦᠷᠴᠢᠬᠦ ᠸᠠᠺᠼᠢᠨ ᠪᠣᠯ ᠮᠦᠨ ᠴᠤ᠌ ᠮᠠᠨ᠎ᠤ ᠬᠠᠮᠤᠭ᠎ᠤᠨ ᠡᠷᠲᠡ ᠪᠠᠶ᠋ᠢᠷᠢᠯᠠᠭᠤᠯᠤᠭᠰᠠᠨ ᠮᠡᠷᠭᠡᠵᠢᠯ᠎ᠤᠨ ᠱᠤᠭᠤᠮ᠎ᠤᠨ ᠨᠢᠭᠡ ᠪᠣᠯᠤᠨ᠎ᠠ᠂ ᠣᠳᠣᠬᠠᠨ᠎ᠳᠤ ᠬᠤᠯᠪᠣᠭᠳᠠᠯ ᠪᠦᠬᠦᠢ ᠨᠢᠭᠡᠴᠢ ᠶᠠᠭ ᠬᠠᠮᠠᠷ ᠵᠶ᠋ᠠᠷ ᠰᠦᠷᠴᠢᠬᠦ ᠪᠠ ᠮᠠᠨᠠᠨᠲᠤᠭᠤᠯᠵᠦ ᠰᠤᠷᠤᠬᠤ ᠮᠠᠶᠢᠭ᠎ᠤᠨ ᠰᠢᠨ᠎ᠡ ᠲᠢᠲᠢᠮᠯᠢᠭ᠎ᠤᠨ ᠸᠠᠺᠼᠢᠨ᠎ᠤ ᠡᠮᠴᠢᠯᠡᠭᠡᠨ᠎ᠤ ᠲᠤᠷᠰᠢᠯᠲᠠ ᠵᠢ ᠥᠷᠨᠢᠭᠦᠯᠬᠦ ᠵᠢᠨ ᠬᠠᠮᠲᠤ ᠲᠤᠭ᠎ᠠ ᠪᠠᠷᠢᠮᠲᠠ ᠵᠢ ᠪᠦᠷᠢᠳᠬᠡᠨ ᠵᠠᠳᠠᠯᠤᠯᠲᠠ ᠬᠢᠵᠦ ᠪᠠᠶ᠋ᠢᠨ᠎ᠠ᠂ ᠲᠤᠭ᠎ᠠ ᠪᠠᠷᠢᠮᠲᠠ ᠦᠨᠳᠦᠰᠦᠨ᠎ᠳᠡᠭᠡᠨ ᠪᠦᠷᠢᠨ ᠪᠣᠯᠤᠭᠰᠠᠨ᠎ᠤ ᠳᠠᠷᠠᠭ᠎ᠠ᠂ ᠪᠢᠳᠡ ᠲᠣᠬᠢᠷᠠᠮᠵᠢᠲᠠᠢ ᠦᠶ᠎ᠡ᠎ᠳᠤ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠲᠡᠭᠦᠨ᠎ᠤ ᠠᠮᠤᠷ ᠲᠦᠪᠰᠢᠨ ᠴᠢᠨᠠᠷ ᠪᠠ ᠪᠦᠳᠦᠮᠵᠢᠳᠤ ᠴᠢᠨᠠᠷ᠎ᠢ ᠨᠤᠲᠠᠯᠠᠭᠤᠯᠤᠨ᠎ᠠ᠃
ᠲᠠᠪᠤᠳᠤᠭ᠋ᠠᠷ᠎ᠲᠤ᠂ ᠮᠠᠨ᠎ᠤ ᠤᠯᠤᠰ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠢ ᠬᠡᠷᠡᠭᠯᠡᠬᠦ ᠬᠥᠮᠦᠰ ᠨᠢᠭᠡᠨᠲᠡ 18 ᠨᠠᠰᠤᠨ᠎ᠠᠴᠠ ᠳᠡᠭᠡᠭᠰᠢ ᠪᠤᠯᠵᠤ᠂ ᠲᠠᠷᠢᠬ᠍ᠴᠢᠳᠤᠨ ᠬᠠᠮᠤᠭ᠎ᠤᠨ ᠶᠡᠭᠡ ᠨᠠᠰᠤ᠎ᠨᠢ 100 ᠨᠠᠰᠤ ᠵᠢ ᠳᠠᠪᠠᠭᠰᠠᠨ ᠪᠠᠶ᠋ᠢᠨ᠎ᠠ᠃ ᠣᠳᠣᠬᠠᠨ᠎ᠳᠤ ᠲᠤᠰᠬᠠᠶ ᠮᠡᠷᠭᠡᠵᠢᠯᠲᠡᠨ ᠨᠢᠭᠡᠨᠲᠡ 3᠎ᠠᠴᠠ 17 ᠨᠠᠰᠤᠨ᠎ᠤ ᠬᠥᠮᠦᠰ᠎ᠤᠨ ᠸᠠᠺᠼᠢᠨ ᠬᠡᠷᠡᠭᠯᠡᠬᠦ ᠠᠶᠤᠯᠭᠦᠶ ᠴᠢᠨᠠᠷ ᠪᠠ ᠪᠦᠳᠦᠮᠵᠢᠳᠦ ᠴᠢᠨᠠᠷ᠎ᠲᠤ ᠨᠤᠲᠠᠯᠠᠯᠲᠠ ᠬᠢᠵᠦ ᠪᠠᠶ᠋ᠢᠨ᠎ᠠ᠂ ᠤᠯᠤᠰ᠎ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ᠂ ᠬᠡᠷᠡᠭᠴᠡᠭᠡ᠎ᠪᠠᠨ ᠦᠨᠳᠦᠰᠦᠯᠡᠨ ᠡᠲᠡᠭᠡᠷ ᠬᠥᠮᠦᠰ᠎ᠲᠤ ᠬᠡᠷᠡᠭᠯᠡᠬᠦ ᠪᠣᠯᠤᠨ᠎ᠠ᠃
ᠵᠢᠷᠭᠤᠳᠤᠭ᠋ᠠᠷ᠎ᠲᠤ᠂ ᠳᠡᠯᠡᠬᠡᠢ ᠵᠢᠨ ᠡᠷᠡᠭᠦᠯ ᠬᠠᠮᠠᠭ᠋ᠠᠯᠠᠯ᠎ᠤᠨ ᠵᠣᠬᠢᠶᠠᠨ ᠪᠠᠶ᠋ᠢᠭᠤᠯᠤᠯᠲᠠ ᠪᠦᠬᠦ ᠲᠡᠯᠡᠭᠡᠢ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠵᠦ ᠪᠠᠶ᠋ᠢᠭ᠎ᠠ ᠪᠣᠳᠠᠲᠤ ᠪᠠᠶ᠋ᠢᠳᠠᠯ᠎ᠢ ᠦᠨᠳᠦᠰᠦᠯᠡᠨ᠂ ᠰᠢᠨ᠎ᠡ ᠲᠢᠲᠢᠮᠯᠢᠭ᠎ᠤᠨ ᠠᠭᠤᠰᠬᠢᠨ ᠦᠷᠪᠢᠰᠦᠯ ᠸᠠᠺᠼᠢᠨ᠎ᠢ ᠪᠠᠴᠢᠮ ᠬᠡᠷᠡᠭᠯᠡᠬᠦ ᠨᠠᠷᠢᠨ ᠲᠠᠩᠰᠠ ᠵᠢᠨ ᠲᠦᠷᠢᠮ᠎ᠳᠤ ᠴᠠᠭ ᠲᠤᠬᠠᠢᠳᠤᠨᠢ ᠲᠤᠬᠢᠷᠠᠭᠤᠯᠤᠯᠳᠠ ᠬᠢᠬᠦ ᠵᠢ ᠪᠢᠳᠡ ᠪᠠᠰᠠ ᠰᠠᠨᠠᠭ᠋ᠠᠴᠢᠯᠠᠵᠤ ᠪᠠᠶ᠋ᠢᠨ᠎ᠠ᠃ ᠵᠢᠱ᠌ᠢᠶᠡᠯᠡᠪᠡᠯ᠂ ᠠᠮᠢᠲᠠᠨ᠎ᠤ ᠲᠤᠷᠰᠢᠯᠲᠠ᠂ Ⅰ/Ⅱ ᠬᠤᠭᠤᠴᠠᠭ᠋ᠠᠨ᠎ᠤ ᠡᠮᠴᠢᠯᠡᠭᠡᠨ᠎ᠤ ᠲᠤᠷᠰᠢᠯᠲᠠ ᠵᠢᠨ ᠦᠷ᠎ᠡ ᠪᠦᠲᠦᠮᠵᠢ᠎ᠨᠢ ᠮᠠᠰᠢ ᠰᠠᠶ᠋ᠢᠨ ᠪᠠᠶ᠋ᠢᠵᠤ᠂ ᠦᠢ᠍ᠯᠡᠳᠪᠦᠷᠢᠯᠡᠯ᠎ᠨᠢ ᠴᠦ᠍ GMP ᠵᠢᠨ ᠪᠠᠷᠢᠮᠵᠢᠶ᠎ᠠ᠎ᠳᠤ ᠪᠦᠷᠢᠮᠦᠰᠦᠨ ᠨᠡᠶ᠋ᠢᠴᠡᠵᠦ ᠪᠠᠶ᠋ᠢᠬᠤ ᠪᠣᠯᠬᠤᠷ Ⅲ ᠬᠤᠭᠤᠴᠠᠭ᠋ᠠᠨ᠎ᠤ ᠡᠮᠴᠢᠯᠡᠭᠡᠨ᠎ᠤ ᠲᠤᠷᠰᠢᠯᠲᠠ ᠵᠢ ᠬᠡᠯᠲᠦᠷᠢᠭᠦᠯᠬᠦ ᠵᠢ ᠪᠣᠳᠣᠯᠬᠢᠯᠠᠵᠤ᠂ ᠰᠠᠭ᠋ᠠᠷᠮᠠᠭᠵᠢᠭᠰᠠᠨ ᠲᠠᠭ᠋ᠠᠭ᠋ᠠᠭᠴᠢ ᠵᠢ ᠪᠣᠷᠣᠯᠠᠬᠤ ᠭᠦᠢ᠍ᠴᠡᠳᠭᠡᠯ ᠲᠤᠭ᠎ᠠ ᠪᠣᠯᠭ᠋ᠠᠪᠠᠯ ᠵᠣᠬᠢᠨ᠎ᠠ᠂ ᠢᠩᠭᠢᠪᠡᠯ ᠸᠠᠺᠼᠢᠨ᠎ᠤ ᠬᠠᠩᠭ᠋ᠠᠯᠭ᠎ᠠ ᠵᠢᠨ ᠬᠡᠮᠵᠢᠶ᠎ᠡ ᠵᠢ ᠶᠡᠭᠡ᠎ᠪᠠᠷ ᠳᠡᠭᠡᠭᠰᠢᠯᠡᠭᠦᠯᠵᠦ ᠴᠢᠳᠠᠨ᠎ᠠ᠃
(ᠰᠢᠨᠬᠤᠸᠠ ᠬᠤᠷᠢᠶᠠᠨ᠎ᠤ ᠪᠡᠭᠡᠵᠢᠩ᠎ᠤᠨ 6 ᠰᠠᠷ᠎ᠠ ᠵᠢᠨ 6᠎ᠤ ᠴᠠᠬᠢᠯᠭ᠋ᠠᠨ ᠮᠡᠳᠡᠭᠡ᠎ᠠᠴᠠ)
ᠢᠷᠡᠯᠲᠡ᠄ ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ ᠵᠢᠨ ᠰᠦᠯᠵᠢᠶ᠎ᠠ