ᠰᠣᠨᠢᠨ ᠮᠡᠳᠡᠭᠡ   -   ᠰᠤᠷᠪᠤᠯᠵᠢᠯᠠᠭ᠎ᠠ

12 ᠠᠶ᠋ᠢᠮᠠᠭ ᠬᠤᠲᠠ᠎ᠳᠤ 20 《ᠲᠦᠭᠡᠮᠡᠯ ᠬᠠᠶ᠋ᠢᠷ᠎ᠠ ᠵᠢᠨ ᠰᠤᠷᠭ᠋ᠠᠭᠤᠯᠢ ᠵᠢᠨ ᠡᠮᠨᠡᠯᠭᠡ ᠵᠢᠨ ᠲᠠᠰᠤᠭ》 ᠪᠠᠶ᠋ᠢᠭᠤᠯᠤᠨ᠎ᠠ

ᠨᠡᠶ᠋ᠢᠲᠡᠯᠡᠭᠰᠡᠨ ᠴᠠᠭ᠄   2021-07-26

      ᠰᠤᠷᠪᠤᠯᠵᠢᠯᠠᠭᠴᠢ ᠲᠦᠷᠦᠭᠦᠬᠡᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ᠎ᠠᠴᠠ ᠣᠶ᠋ᠢᠯᠠᠭ᠋ᠠᠭᠰᠠᠨ ᠵᠶ᠋ᠠᠷ᠂ ᠳᠤᠮᠳᠠᠳᠤ ᠤᠯᠤᠰ᠎ᠤᠨ ᠤᠯᠠᠭ᠋ᠠᠨ ᠵᠠᠭ᠋ᠠᠯᠮᠠᠶ᠋ᠢᠲᠠᠨ᠎ᠤ ᠰᠠᠭᠤᠷᠢ ᠮᠥᠩᠭᠦᠨ᠎ᠤ ᠨᠡᠶ᠋ᠢᠭᠡᠮᠯᠢᠭ ᠪᠣᠯᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ ᠬᠠᠮᠲᠤᠷᠠᠨ ᠮᠠᠨ᠎ᠤ ᠣᠷᠣᠨ᠎ᠤ 12 ᠠᠶ᠋ᠢᠮᠠᠭ ᠬᠤᠲᠠ᠎ᠳᠤ 20 《ᠲᠦᠭᠡᠮᠡᠯ ᠬᠠᠶ᠋ᠢᠷ᠎ᠠ ᠵᠢᠨ ᠰᠤᠷᠭ᠋ᠠᠭᠤᠯᠢ ᠵᠢᠨ ᠡᠮᠨᠡᠯᠭᠡ ᠵᠢᠨ ᠲᠠᠰᠤᠭ》᠎ᠢ ᠲᠠᠳᠬᠦᠨ ᠪᠠᠶ᠋ᠢᠭᠤᠯᠵᠤ᠂ ᠵᠢᠱ᠌ᠢᠯᠲᠡ᠎ᠪᠠᠷ ᠵᠢᠯ᠎ᠤᠨ ᠰᠡᠬᠦᠯᠴᠢ᠎ᠪᠠᠷ ᠪᠠᠶ᠋ᠢᠭᠤᠯᠵᠤ ᠳᠠᠭᠤᠰᠬᠠᠬᠤ ᠪᠣᠯᠤᠨ᠎ᠠ᠃
      ᠳᠤᠮᠳᠠᠳᠤ ᠤᠯᠤᠰ᠎ᠤᠨ ᠤᠯᠠᠭ᠋ᠠᠨ ᠵᠠᠭ᠋ᠠᠯᠮᠠᠶ᠋ᠢᠲᠠᠨ᠎ᠤ ᠰᠠᠭᠤᠷᠢ ᠮᠥᠩᠭᠦᠨ᠎ᠤ ᠨᠡᠶ᠋ᠢᠭᠡᠮᠯᠢᠭ᠎ᠤᠨ 《ᠲᠦᠭᠡᠮᠡᠯ ᠬᠠᠶ᠋ᠢᠷ᠎ᠠ ᠵᠢᠨ ᠰᠤᠷᠭ᠋ᠠᠭᠤᠯᠢ ᠵᠢᠨ ᠡᠮᠨᠡᠯᠭᠡ ᠵᠢᠨ ᠲᠠᠰᠤᠭ》᠎ᠤᠨ ᠲᠥᠷᠥᠯ ᠵᠦᠢ᠍ᠯ᠎ᠨᠢ ᠰᠤᠷᠭ᠋ᠠᠭᠤᠯᠢ ᠵᠢᠨ ᠬᠦᠷᠢᠶᠡᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠨᠥᠬᠦᠴᠡᠯ᠎ᠢ ᠰᠠᠶ᠋ᠢᠵᠢᠷᠠᠭᠤᠯᠵᠤ᠂ ᠰᠤᠷᠭ᠋ᠠᠭᠤᠯᠢ᠎ᠳᠤ ᠪᠠᠶ᠋ᠢᠭ᠎ᠠ ᠪᠠᠭᠰᠢ ᠰᠤᠷᠤᠭᠴᠢᠳ᠎ᠤᠨ ᠠᠮᠢ ᠨᠠᠰᠤ ᠪᠠ ᠡᠷᠡᠭᠦᠯ ᠮᠡᠨᠳᠦ ᠵᠢ ᠬᠠᠮᠠᠭ᠋ᠠᠯᠠᠬᠤ ᠵᠢᠨ ᠲᠥᠯᠥᠭᠡ ᠶᠤᠮ᠃ ᠲᠥᠷᠥᠯ ᠵᠦᠢ᠍ᠯ᠎ᠨᠢ ᠨᠡᠶ᠋ᠢᠲᠡ 200 ᠲᠦᠮᠡᠨ ᠲᠥᠭᠦᠷᠢᠭ᠎ᠤᠨ ᠪᠠᠯᠠ ᠣᠷᠣᠭᠤᠯᠵᠤ᠂ ᠰᠤᠷᠭ᠋ᠠᠭᠤᠯᠢ ᠵᠢᠨ ᠡᠮᠨᠡᠯᠭᠡ ᠵᠢᠨ ᠲᠠᠰᠤᠭ᠎ᠢ ᠲᠡᠳᠬᠦᠨ ᠪᠠᠶ᠋ᠢᠭᠤᠯᠵᠤ᠂ ᠠᠯᠪᠠᠨ ᠬᠡᠷ᠎ᠤᠨ ᠬᠡᠷᠡᠭᠰᠡᠯ᠂ ᠲᠥᠬᠦᠭᠡᠷᠦᠮᠵᠢ ᠵᠢᠴᠢ ᠡᠮᠴᠢᠯᠡᠭᠡᠨ᠎ᠤ ᠪᠠᠭ᠋ᠠᠵᠢ ᠬᠡᠷᠡᠭᠰᠡᠯ᠂ ᠡᠮᠴᠢᠯᠡᠭᠡᠨ᠎ᠤ ᠡᠳ᠋ ᠪᠣᠳᠠᠰ ᠵᠡᠷᠭᠡ ᠵᠢ ᠲᠣᠬᠢᠷᠠᠭᠤᠯᠤᠨ᠎ᠠ᠃ ᠡᠭᠦᠨ᠎ᠤ ᠬᠠᠮᠲᠤ᠂ 《ᠲᠦᠭᠡᠮᠡᠯ ᠬᠠᠶ᠋ᠢᠷ᠎ᠠ ᠵᠢᠨ ᠰᠤᠷᠭ᠋ᠠᠭᠤᠯᠢ ᠵᠢᠨ ᠡᠮᠨᠡᠯᠭᠡ ᠵᠢᠨ ᠲᠠᠰᠤᠭ》᠎ᠤᠨ ᠰᠤᠷᠭ᠋ᠠᠭᠤᠯᠢ ᠵᠢᠨ ᠡᠮᠴᠢ ᠵᠢᠨ ᠬᠦᠴᠦᠨ᠎ᠳᠤ ᠲᠦᠰᠢᠭᠯᠡᠨ ᠰᠤᠷᠭ᠋ᠠᠭᠤᠯᠢ ᠵᠢᠨ ᠬᠦᠷᠢᠶᠡᠨ᠎ᠤ ᠡᠷᠡᠭᠦᠯ ᠮᠡᠨᠳᠦ ᠵᠢᠨ ᠬᠥᠮᠦᠵᠢᠯ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠪᠣᠯᠪᠠᠰᠤᠷᠠᠯ ᠵᠡᠷᠭᠡ ᠠᠵᠢᠯᠯᠠᠭ᠎ᠠ ᠵᠢ ᠥᠷᠨᠢᠭᠦᠯᠵᠦ᠂ ᠰᠤᠷᠤᠭᠴᠢᠳ᠎ᠤᠨ ᠡᠷᠡᠭᠦᠯ ᠮᠡᠨᠳᠦ ᠵᠢᠨ ᠲᠠᠩᠰᠠ ᠡᠪᠬᠡᠮᠡᠯ ᠪᠠᠶ᠋ᠢᠭᠤᠯᠬᠤ᠂ ᠰᠤᠷᠭ᠋ᠠᠭᠤᠯᠢ ᠵᠢᠨ ᠬᠦᠷᠢᠶᠡᠨ᠎ᠤ ᠡᠪᠡᠳᠴᠢᠨ ᠡᠮᠭᠡᠭ᠎ᠢ ᠤᠷᠢᠳᠴᠢᠯᠠᠨ ᠰᠡᠷᠭᠡᠶ᠋ᠢᠯᠡᠬᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠮᠡᠳᠡᠯᠭᠡ ᠮᠡᠷᠭᠡᠵᠢᠯ ᠴᠢᠳᠠᠪᠤᠷᠢ ᠵᠢᠨ ᠪᠣᠯᠪᠠᠰᠤᠷᠠᠯ ᠵᠡᠷᠭᠡ ᠠᠵᠢᠯ᠎ᠢ ᠪᠣᠳᠠᠲᠠᠶ᠎ᠳᠤ ᠨᠠᠶ᠋ᠢᠳᠠᠪᠤᠷᠢᠵᠢᠭᠤᠯᠤᠨ᠂ 《ᠠᠷᠠᠳ᠎ᠲᠤ ᠪᠣᠳᠠᠲᠤ ᠶᠠᠪᠤᠳᠠᠯ ᠬᠢᠵᠦ ᠥᠭᠬᠦ》 ᠵᠢ ᠦᠨᠡᠨ ᠬᠦ᠌ ᠪᠡᠶᠡᠯᠡᠭᠦᠯᠬᠦ ᠪᠤᠯᠤᠨ᠎ᠠ᠃

 

 

ᠢᠷᠡᠯᠲᠡ᠄ ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ ᠵᠢᠨ ᠰᠦᠯᠵᠢᠶ᠎ᠠ