ᠰᠣᠨᠢᠨ ᠮᠡᠳᠡᠭᠡ   -   ᠰᠤᠷᠪᠤᠯᠵᠢᠯᠠᠭ᠎ᠠ

ᠰᠢᠨ᠎ᠠ ᠨᠢᠬᠡ ᠡᠬᠡᠯᠵᠢ ᠵᠢᠨ ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠨᠦᠬᠦᠪᠤᠷᠢ ᠢᠷᠠᠯ᠎ᠠ

ᠨᠡᠶ᠋ᠢᠲᠡᠯᠡᠭᠰᠡᠨ ᠴᠠᠭ᠄   2021-08-09

      — ᠮᠠᠯᠴᠢᠨ ᠲᠠᠷᠢᠶᠠᠴᠢᠨ᠎ᠳᠤ ᠠᠰᠢᠬ ᠬᠦᠷᠳᠡᠭᠡᠬᠦ ᠲᠦᠷᠦ ᠵᠢᠨ ᠪᠤᠳᠤᠯᠭ᠎ᠠ ᠵᠢᠨ ᠲᠤᠬᠠᠢ ᠰᠢᠷᠢᠰ ᠰᠤᠷᠪᠤᠯᠵᠢᠯᠠᠭ᠎ᠠ ③
      ᠮᠠᠨ᠎ᠤ ᠣᠷᠣᠨ᠎ᠤ ᠮᠠᠯ ᠠᠵᠤ ᠠᠬᠤᠶ ᠲᠠᠷᠢᠶᠠᠯᠠᠩ᠎ᠤᠨ ᠮᠧᠬᠠᠨᠢᠭᠵᠢᠭᠤᠯᠤᠯᠳᠡ ᠵᠢ ᠪᠥᠬᠦ ᠶᠠᠪᠤᠴᠠ᠎ᠳᠤ ᠪᠥᠬᠦ ᠲᠠᠯ᠎ᠠ ᠵᠢᠨ ᠴᠢᠨᠠᠷ ᠰᠠᠶ᠋ᠢᠲᠠᠶ ᠥᠨᠳᠥᠷ ᠦᠷ᠎ᠡ ᠪᠦᠲᠦᠮᠵᠢᠲᠡᠶ ᠲᠠᠶ᠋ᠢᠰᠢ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠵᠢ ᠤᠯᠠᠮ ᠨᠢᠭᠡ ᠠᠯᠬᠤᠮ ᠠᠬᠢᠭᠤᠯᠵᠤ᠂ ᠬᠦᠳᠡᠭᠡ ᠲᠤᠰᠬᠤᠨ᠎ᠢ ᠬᠦᠭᠵᠢᠬᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠤ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ᠎ᠤ ᠤᠳᠤᠬᠢᠴᠢᠯᠠᠯᠳᠡ ᠵᠢ ᠲᠦᠷᠭᠡᠳᠭᠡᠬᠦ ᠵᠢᠨ ᠲᠦᠯᠦᠬᠡ᠂ 2021 ᠣᠨ᠎ᠳᠤ᠂ ᠥᠪᠡᠷᠲᠡᠭᠡᠨ ᠵᠠᠰᠠᠬᠤ ᠣᠷᠣᠨ᠎ᠠᠴᠠ ᠰᠢᠨ᠎ᠡ ᠨᠢᠬᠡ ᠡᠭᠡᠯᠵᠢ ᠵᠢᠨ ᠭᠤᠷᠪᠠᠨ ᠵᠢᠯ᠎ᠤᠨ ᠬᠤᠭᠤᠴᠠᠭ᠎ᠠ᠎ᠲᠠᠢ ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠨᠥᠬᠦᠪᠥᠷᠢ ᠵᠢᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ᠎ᠪᠠᠷ ᠪᠤᠯᠤᠯ᠎ᠠ᠃
      ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠨᠦᠬᠦᠪᠤᠷᠢ ᠵᠢ ᠥᠪᠡᠷᠲᠡᠭᠡᠨ ᠵᠠᠰᠠᠬᠤ ᠣᠷᠣᠨ᠎ᠤ ᠬᠠᠷᠢᠶᠠᠨ ᠳᠣᠲᠣᠷᠠᠬᠢ ᠮᠠᠯ ᠠᠵᠤ ᠠᠬᠤᠶ ᠲᠠᠷᠢᠶᠠᠯᠠᠩ᠎ᠤᠨ ᠦᠢ᠍ᠯᠡᠳᠪᠦᠷᠢᠯᠡᠯ ᠡᠷᠬᠢᠯᠡᠵᠦ ᠪᠠᠶ᠋ᠢᠭ᠎ᠠ ᠬᠤᠪᠢ ᠬᠥᠮᠦᠨ ᠪᠣᠯᠤᠨ ᠲᠠᠷᠢᠶᠠᠯᠠᠩ ᠮᠠᠯ ᠠᠵᠤ ᠠᠬᠤᠶ ᠵᠢᠨ ᠦᠢ᠍ᠯᠡᠳᠪᠦᠷᠢᠯᠡᠯ ᠡᠵᠡᠩᠨᠡᠯᠲᠡ ᠬᠢᠵᠤ ᠪᠠᠶ᠋ᠢᠭ᠎ᠠ ᠵᠣᠬᠢᠶᠠᠨ ᠪᠠᠶ᠋ᠢᠭᠤᠯᠤᠯᠲᠠ᠎ᠳᠤ ᠤᠯᠭᠤᠨ᠎ᠠ᠃ ᠡᠬᠦᠨ᠎ᠳᠤ᠂ ᠲᠦᠪ᠎ᠤᠨ ᠡᠳ᠋᠎ᠤᠨ ᠵᠠᠰᠠᠭ᠎ᠤᠨ ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠨᠥᠬᠦᠪᠥᠷᠢ ᠥᠭᠬᠦ ᠮᠠᠰᠢᠨ ᠪᠠᠭ᠋ᠠᠵᠢ ᠵᠢᠨ ᠲᠦᠷᠦᠯ ᠵᠦᠢ᠍ᠯ᠎ᠤᠨ ᠬᠡᠪᠴᠢᠶ᠎ᠠ᠎ᠨᠢ 12 ᠶᠡᠭᠡ ᠲᠥᠷᠥᠯ᠎ᠤᠨ 27 ᠪᠠᠭ᠎ᠠ ᠲᠥᠷᠥᠯ᠎ᠤᠨ 69 ᠲᠠᠧᠠᠷ᠎ᠤᠨ ᠨᠡᠷ᠎ᠠ ᠲᠦᠷᠦᠯ ᠪᠤᠢ᠃
      ᠥᠪᠡᠷᠲᠡᠭᠡᠨ ᠵᠠᠰᠠᠬᠤ ᠣᠷᠣᠨ᠎ᠠᠴᠠ ᠮᠠᠯᠵᠢᠬᠤ ᠣᠷᠣᠨ᠎ᠤ ᠮᠠᠯᠴᠢᠳ ᠮᠠᠯ ᠠᠵᠤ ᠠᠬᠤᠶ ᠵᠢᠨ ᠮᠠᠰᠢᠨ ᠬᠤᠳᠠᠯᠳᠤᠨ ᠠᠪᠬᠤ᠎ᠳᠤ ᠨᠡᠮᠡᠵᠤ ᠨᠦᠬᠦᠪᠤᠷᠢ ᠦᠭᠬᠦ ᠪᠤᠶᠤ ᠲᠤᠰᠬᠠᠢ ᠨᠥᠬᠦᠪᠥᠷᠢ ᠥᠭᠬᠦ ᠵᠢ ᠬᠡᠷᠡᠭᠵᠢᠭᠦᠯᠵᠦ᠂ ᠲᠥᠪ᠎ᠤᠨ ᠡᠳ᠋᠎ᠤᠨ ᠵᠠᠰᠠᠭ᠎ᠤᠨ ᠪᠡᠯᠡ ᠮᠥᠩᠭᠦ ᠵᠢᠨ ᠨᠥᠬᠦᠪᠥᠷᠢ ᠥᠭᠬᠦ ᠬᠡᠪᠴᠢᠶᠡᠨ᠎ᠳᠤ ᠣᠷᠣᠭᠤᠯᠤᠭᠰᠠᠨ ᠦᠭᠡᠶ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠣᠨᠴᠠᠯᠢᠭᠲᠤ ᠬᠥᠭᠵᠢᠯᠲᠡ᠎ᠳᠤ ᠬᠡᠷᠡᠭᠰᠡᠬᠦ ᠮᠠᠯ ᠠᠵᠤ ᠠᠬᠤᠶ ᠵᠢᠨ ᠮᠠᠰᠢᠨ ᠪᠠᠭ᠋ᠠᠵᠢ ᠵᠢ ᠳᠡᠭᠡᠷ᠎ᠡ ᠵᠢᠯ᠎ᠤᠨ ᠳᠤᠮᠳᠠᠴᠢ ᠪᠣᠷᠣᠯᠠᠭᠤᠯᠭ᠎ᠠ ᠵᠢᠨ ᠦᠨ᠎ᠡ ᠬᠠᠩᠰᠢ ᠵᠢᠨ 30 %᠎ᠠᠴᠠ ᠲᠠᠪᠠᠭᠤᠯᠬᠤ ᠦᠬᠡᠢ᠎ᠪᠠᠷ ᠲᠥᠰᠦᠭᠡᠯᠡᠨ ᠪᠤᠳᠤᠬᠤ ᠶᠤᠮ ᠪᠠᠶ᠋ᠢᠨ᠎ᠠ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠨᠥᠬᠦᠪᠥᠷᠢ ᠵᠢᠨ ᠪᠡᠯᠡ ᠮᠥᠩᠭᠦ ᠵᠢ ᠵᠥᠪᠬᠡᠨ 33 ᠮᠠᠯᠵᠢᠬᠤ ᠬᠤᠰᠢᠭᠤ ᠰᠢᠶᠠᠨ ᠪᠣᠯᠤᠨ 21 ᠬᠠᠭ᠋ᠠᠰ ᠲᠠᠷᠢᠶᠠᠯᠠᠬᠤ ᠬᠠᠭ᠋ᠠᠰ ᠮᠠᠯᠵᠢᠬᠤ ᠬᠤᠰᠢᠭᠤ ᠰᠢᠶᠠᠨ᠎ᠤ ᠮᠠᠯᠴᠢᠳ ᠪᠣᠯᠤᠨ ᠮᠠᠯᠴᠢᠳ᠎ᠤᠨ ᠡᠵᠡᠩᠨᠡᠵᠤ ᠪᠠᠶ᠋ᠢᠭ᠎ᠠ ᠦᠢ᠍ᠯᠡᠳᠪᠦᠷᠢᠯᠡᠯ ᠡᠵᠡᠩᠨᠡᠯᠲᠡ ᠵᠢᠨ ᠵᠣᠬᠢᠶᠠᠨ ᠪᠠᠶ᠋ᠢᠭᠤᠯᠤᠯᠲᠠ᠎ᠳᠤ ᠬᠠᠨᠳᠤᠭᠤᠯᠵᠡᠢ᠃
      ᠮᠠᠨ᠎ᠤ ᠤᠷᠤᠨ᠎ᠤ ᠨᠦᠬᠦᠪᠤᠷᠢ ᠵᠢᠨ ᠬᠡᠪᠴᠢᠶᠡᠨ᠎ᠳᠤ ᠤᠷᠤᠭᠤᠯᠤᠭᠰᠠᠨ ᠮᠠᠰᠢᠨ ᠮᠠᠰᠢ ᠤᠯᠠᠨ ᠪᠠᠶ᠋ᠢᠨ᠎ᠠ᠃ ᠪᠤᠳᠠᠳᠡᠢ ᠨᠦᠬᠦᠪᠤᠷᠢ ᠵᠢᠨ ᠪᠡᠷᠢᠮᠵᠢᠶ᠎ᠠ ᠵᠢ 《ᠦᠪᠡᠷᠳᠡᠭᠡᠨ ᠵᠠᠰᠠᠬᠤ ᠤᠷᠤᠨ᠎ᠤ 2021 — 2023 ᠤᠨ᠎ᠤ ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠨᠦᠬᠦᠪᠤᠷᠢ ᠤᠯᠭᠤᠬᠤ ᠮᠠᠰᠢᠨ ᠪᠠᠭ᠋ᠠᠵᠢ ᠵᠢᠨ ᠨᠦᠬᠦᠪᠤᠷᠢ ᠵᠢᠨ ᠵᠤᠭᠤᠰ᠎ᠤᠨ ᠲᠤᠭ᠎ᠠ ᠵᠢᠨ ᠨᠠᠷᠢᠨ ᠬᠦᠰᠦᠨᠦᠭᠳᠤ》᠎ᠠᠴᠠ ᠯᠠᠪᠯᠠᠵᠤ ᠪᠤᠯᠤᠨ᠎ᠠ᠃ ᠲᠡᠭᠡᠪᠡᠯ᠂ ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠨᠦᠬᠦᠪᠤᠷᠢ᠎ᠨᠢ ᠲᠤᠭᠳᠠᠭᠰᠠᠨ ᠲᠤᠭ᠋ᠠᠨ᠎ᠤ ᠨᠦᠬᠦᠪᠤᠷᠢ ᠵᠢ ᠬᠡᠷᠡᠭᠵᠢᠬᠦᠯᠬᠦ᠎ᠪᠠᠷ ᠪᠠᠷᠢᠮᠵᠢᠶᠠᠯᠠᠬᠤ ᠪᠤᠯᠤᠨ᠎ᠠ᠃ ᠮᠠᠨ᠎ᠤ ᠣᠷᠣᠨ ᠬᠦᠳᠡᠭᠡ ᠠᠵᠤ ᠠᠬᠤᠢ ᠬᠥᠳᠡᠭᠡ ᠲᠣᠰᠬᠤᠨ᠎ᠤ ᠶᠠᠮᠤᠨ᠂ ᠡᠳ᠋᠎ᠤᠨ ᠵᠠᠰᠠᠭ᠎ᠤᠨ ᠶᠠᠮᠤᠨ᠎ᠠᠴᠠ ᠲᠤᠭᠳᠠᠭ᠋ᠠᠨ ᠨᠡᠶ᠋ᠢᠲᠡᠯᠡᠭᠰᠡᠨ ᠪᠥᠬᠦ ᠤᠯᠤᠰ᠎ᠤᠨ ᠨᠥᠬᠦᠪᠥᠷᠢ ᠵᠢᠨ ᠬᠡᠪᠴᠢᠶᠡᠨ᠎ᠳᠠᠬᠢ ᠡᠯ᠎ᠡ ᠮᠠᠰᠢᠨ ᠪᠠᠭ᠋ᠠᠵᠢ᠎ᠪᠠᠷ ᠦᠨᠳᠦᠰᠦᠯᠡᠯ ᠪᠣᠯᠭ᠋ᠠᠬᠤ ᠵᠢᠨ ᠬᠠᠮᠲᠤ᠂ ᠠᠳᠠᠯᠢ ᠲᠠᠰ᠎ᠤᠨ ᠦᠢ᠍ᠯᠡᠳᠬᠦᠨ᠎ᠤ ᠳᠡᠭᠡᠷ᠎ᠡ ᠵᠢᠯ᠎ᠤᠨ ᠵᠠᠬ᠎ᠠ ᠳᠡᠯᠭᠡᠭᠦᠷ᠎ᠤᠨ ᠪᠣᠷᠣᠯᠠᠭᠤᠯᠭ᠎ᠠ ᠵᠢᠨ ᠳᠤᠮᠳᠠᠴᠢ ᠦᠨ᠎ᠡ ᠵᠢᠨ ᠲᠥᠰᠦᠭᠡᠯᠡᠨ ᠪᠤᠳᠤᠯᠲᠠ ᠵᠢ ᠦᠨᠳᠦᠰᠦᠯᠡᠨ ᠡᠯ᠎ᠡ ᠲᠠᠰ᠎ᠤᠨ ᠨᠥᠬᠦᠪᠥᠷᠢ ᠵᠢᠨ ᠬᠡᠮᠵᠢᠶ᠎ᠠ ᠵᠢ ᠲᠣᠭᠲᠠᠭ᠋ᠠᠵᠤ᠂ ᠥᠨᠳᠥᠷ ᠴᠢᠳᠠᠪᠬᠢᠲᠤ ᠬᠠᠭ᠋ᠠᠯᠪᠤᠷᠢᠯᠠᠬᠤ ᠥᠬᠡᠶ᠎ᠪᠠᠷ ᠳᠠᠷᠢᠬᠤ ᠮᠠᠰᠢᠨ᠂ ᠤᠰᠤᠨ ᠲᠤᠲᠤᠷᠭ᠎ᠠ ᠵᠢᠨ ᠴᠢᠬᠢ ᠰᠠᠭᠤᠯᠭ᠋ᠠᠬᠤ ᠮᠠᠰᠢᠨ᠎ᠤ ᠲᠥᠰᠦᠭᠡᠯᠡᠨ ᠪᠤᠳᠤᠬᠤ ᠬᠠᠷᠢᠴᠠᠯ᠎ᠢ 35%᠎ᠠᠴᠠ ᠲᠠᠪᠠᠭᠤᠯᠬᠤ ᠦᠬᠡᠢ᠂ ᠪᠤᠰᠤᠳ ᠮᠠᠰᠢᠨ ᠪᠠᠭ᠋ᠠᠵᠢ ᠵᠢ ᠲᠥᠰᠦᠭᠡᠯᠡᠨ ᠪᠤᠳᠤᠬᠤ ᠬᠠᠷᠢᠴᠠᠯ᠎ᠢ 30 %᠎ᠠᠴᠠ ᠲᠠᠪᠠᠭᠤᠯᠬᠤ ᠦᠬᠡᠢ ᠬᠡᠵᠤ ᠲᠤᠭᠳᠠᠭ᠋ᠠᠪᠠ᠃ ᠵᠢᠱ᠌ᠢᠶᠡᠯᠠᠪᠠᠯ᠂ ᠡᠩ᠎ᠤᠨ ᠮᠠᠰᠢᠨ ᠲᠦᠬᠦᠭᠡᠷᠤᠮᠵᠢ ᠵᠢᠨ ᠲᠠᠩ ᠮᠠᠰᠢᠨ ᠬᠤᠳᠠᠯᠳᠤᠨ ᠠᠪᠬᠤ ᠨᠦᠬᠦᠪᠤᠷᠢ ᠵᠢᠨ ᠬᠡᠮᠵᠢᠶ᠎ᠠ᠎ᠨᠢ 5 ᠲᠦᠮᠡᠨ ᠲᠦᠬᠦᠷᠢᠭ᠎ᠠᠴᠠ ᠲᠠᠪᠠᠵᠤ ᠪᠤᠯᠬᠤ ᠦᠬᠡᠢ; ᠰᠦ ᠰᠠᠭ᠋ᠠᠬᠤ ᠮᠠᠰᠢᠨ᠂ ᠬᠠᠳᠠᠭ᠋ᠠᠬᠤ ᠮᠠᠰᠢᠨ᠎ᠤ ᠲᠠᠩ ᠮᠠᠰᠢᠨ᠎ᠤ ᠨᠦᠬᠦᠪᠤᠷᠢ ᠵᠢᠨ ᠬᠡᠮᠵᠢᠶ᠎ᠠ᠎ᠨᠢ 12 ᠲᠦᠮᠡᠨ ᠲᠦᠬᠦᠷᠢᠭ᠎ᠠᠴᠠ ᠲᠠᠪᠠᠵᠤ ᠪᠤᠯᠬᠤ ᠦᠬᠡᠢ; 100 ᠮᠤᠷᠢᠨ᠎ᠤ ᠬᠦᠴᠦᠨ᠎ᠠᠴᠠ ᠲᠡᠭᠡᠭᠰᠢᠬᠢ ᠲᠤᠮᠤ ᠬᠡᠯᠪᠡᠷᠢ ᠵᠢᠨ ᠲᠷᠠᠺᠲ᠋ᠤᠷ᠂ ᠦᠨᠳᠤᠷ ᠴᠢᠳᠠᠪᠬᠢᠳᠤ ᠬᠦᠬᠡ᠎ᠪᠠᠷ ᠲᠠᠷᠤᠰᠢᠭᠤᠯᠬᠤ ᠮᠠᠰᠢᠨ ᠲᠦᠬᠦᠭᠡᠷᠤᠮᠵᠢ᠂ ᠲᠤᠮᠤ ᠬᠡᠯᠪᠡᠷᠢ ᠵᠢᠨ ᠬᠠᠭ᠋ᠠᠯᠪᠤᠷᠢᠯᠠᠵᠤ ᠲᠠᠷᠢᠬᠤ ᠮᠠᠰᠢᠨ᠂ ᠲᠤᠮᠤ ᠬᠡᠯᠪᠡᠷᠢ ᠵᠢᠨ ᠲᠠᠷᠢᠶ᠎ᠠ ᠬᠤᠷᠢᠶᠠᠬᠤ ᠮᠠᠰᠢᠨ᠂ ᠤᠰᠤᠨ ᠲᠤᠳᠤᠷᠭ᠎ᠠ ᠵᠢᠨ ᠲᠤᠮᠤ ᠬᠡᠯᠪᠡᠷᠢ ᠵᠢᠨ ᠤᠰᠤᠯᠠᠵᠤ ᠲᠠᠷᠢᠬᠤ ᠨᠡᠪᠴᠢᠬᠦᠯᠵᠤ ᠡᠵᠡᠮᠳᠡᠬᠦ ᠮᠠᠰᠢᠨ ᠵᠡᠷᠭᠡ ᠮᠠᠰᠢᠨ᠎ᠤ ᠲᠠᠩ ᠮᠠᠰᠢᠨ᠎ᠤ ᠨᠦᠬᠦᠪᠤᠷᠢ ᠵᠢᠨ ᠬᠡᠮᠵᠢᠶ᠎ᠠ᠎ᠨᠢ 15 ᠲᠦᠮᠡᠨ ᠲᠦᠬᠦᠷᠢᠭ᠎ᠠᠴᠠ ᠲᠠᠪᠠᠵᠤ ᠪᠤᠯᠬᠤ ᠦᠬᠡᠢ; 200 ᠮᠤᠷᠢᠨ ᠬᠦᠴᠦᠨ᠎ᠠᠴᠠ ᠲᠡᠭᠡᠭᠰᠢᠬᠢ ᠲᠷᠠᠺᠲ᠋ᠤᠷ᠎ᠤᠨ ᠲᠠᠩ ᠮᠠᠰᠢᠨ ᠬᠤᠳᠠᠯᠳᠤᠨ ᠠᠪᠬᠤ ᠨᠦᠬᠦᠪᠤᠷᠢ ᠵᠢᠨ ᠬᠡᠮᠵᠢᠶ᠎ᠠ᠎ᠨᠢ 25 ᠲᠦᠮᠡᠨ ᠲᠦᠬᠦᠷᠢᠭ᠎ᠠᠴᠠ ᠲᠠᠪᠠᠵᠤ ᠪᠤᠯᠬᠤ ᠦᠬᠡᠢ ᠬᠡᠪᠡ᠃ ᠶᠠᠷᠢᠶᠠᠨ ᠦᠬᠡᠢ᠂ ᠨᠥᠬᠦᠪᠥᠷᠢ ᠥᠭᠬᠦ ᠲᠠᠷᠢᠶᠠᠯᠠᠩ᠎ᠤᠨ ᠮᠠᠰᠢᠨ᠎ᠨᠢ ᠡᠷᠬᠡᠪᠰᠢ ᠨᠥᠬᠦᠪᠥᠷᠢ ᠥᠭᠬᠦ ᠬᠡᠪᠴᠢᠶᠡᠨ ᠳᠣᠲᠣᠷᠠᠬᠢ ᠦᠢ᠍ᠯᠡᠳᠬᠦᠨ ᠪᠠᠶ᠋ᠢᠬᠤ ᠪᠦᠭᠡᠳ ᠲᠤᠭᠳᠠᠭᠰᠠᠨ ᠱᠠᠭ᠋ᠠᠷᠳᠠᠯᠭ᠎ᠠ ᠵᠢ ᠪᠦᠷᠢᠯᠳᠦᠬᠦᠯᠦᠭᠰᠡᠨ ᠪᠠᠶ᠋ᠢᠬᠤ ᠬᠡᠷᠡᠭᠳᠡᠢ᠃ ᠮᠠᠯᠴᠢᠳ ᠨᠦᠬᠦᠪᠤᠷᠢ ᠡᠷᠡᠮᠡᠯᠵᠡᠯᠡᠨ ᠠᠪᠬᠤ᠎ᠳᠤ ᠨᠤᠳᠤᠭ ᠪᠡᠯᠴᠢᠭᠡᠷ ᠲᠠᠭ᠋ᠠᠭ᠋ᠠᠴᠢᠯᠠᠬᠤ ᠦᠨᠡᠮᠯᠡᠯ ᠵᠶ᠋ᠠᠨ ᠬᠠᠩᠭ᠋ᠠᠬᠤ ᠴᠢᠬᠤᠯᠠᠳᠡᠢ ᠪᠠᠶ᠋ᠢᠨ᠎ᠠ᠃
      2021 ᠤᠨ᠎ᠠᠴᠠ ᠡᠬᠢᠯᠡᠨ᠂ ᠮᠠᠨ᠎ᠤ ᠣᠷᠣᠨ ᠮᠡᠷᠭᠡᠵᠢᠯ ᠬᠠᠷᠢᠴᠠᠩᠭᠤᠶ᠎ᠪᠠᠷ ᠬᠤᠴᠣᠷᠤᠩᠭᠤᠶ ᠬᠦᠷᠳᠦᠲᠦ ᠲᠷᠠᠺᠲ᠋ᠤᠷ ᠵᠡᠷᠭᠡ ᠮᠠᠰᠢᠨ ᠪᠠᠭ᠋ᠠᠵᠢ᠎ᠳᠤ ᠨᠥᠬᠦᠪᠥᠷᠢ ᠥᠭᠬᠦ ᠪᠠᠷᠢᠮᠵᠢᠶ᠎ᠠ ᠵᠢ ᠪᠠᠭᠤᠷᠠᠭᠤᠯᠵᠤ᠂ 30 ᠮᠣᠷᠢᠨ᠎ᠤ ᠬᠦᠴᠦ (ᠪᠠᠭᠲᠠᠬᠤ ᠥᠬᠡᠶ)᠎ᠠᠴᠠ ᠳᠣᠷᠣᠭᠰᠢᠬᠢ ᠬᠦᠷᠳᠦᠲᠦ ᠲᠷᠠᠺᠲ᠋ᠣᠷ᠎ᠢ ᠨᠥᠬᠦᠪᠥᠷᠢ ᠵᠢᠨ ᠬᠡᠪᠴᠢᠶ᠎ᠡ᠎ᠠᠴᠠ ᠭᠠᠷᠭ᠋ᠠᠵᠡᠢ᠃ 2023 ᠤᠨ ᠪᠤᠯᠬᠤ᠎ᠳᠤ ᠨᠦᠬᠦᠪᠤᠷᠢ ᠦᠭᠬᠦ ᠮᠠᠰᠢᠨ ᠪᠠᠭ᠋ᠠᠵᠢ ᠵᠢᠨ ᠨᠦᠬᠦᠪᠤᠷᠢ ᠵᠢᠨ ᠲᠤᠭ᠎ᠠ ᠵᠢ 15% ᠪᠤᠶᠤ ᠲᠡᠬᠦᠨ᠎ᠠᠴᠠ ᠲᠤᠷᠤᠭᠰᠢ ᠪᠤᠯᠳᠠᠯ᠎ᠠ ᠪᠠᠭᠤᠷᠠᠭᠤᠯᠬᠤ ᠵᠢ ᠦᠨᠡᠨ ᠬᠦ᠌ ᠪᠠᠳᠤᠯᠠᠵᠤ᠂ ᠮᠡᠷᠭᠡᠵᠢᠯ ᠬᠠᠷᠢᠴᠠᠩᠭᠤᠶ᠎ᠪᠠᠷ ᠬᠤᠴᠣᠷᠤᠩᠭᠤᠶ ᠮᠠᠰᠢᠨ ᠪᠠᠭ᠋ᠠᠵᠢ ᠵᠢ ᠢᠳᠡᠭ ᠢᠳᠡᠭ ᠵᠶ᠋ᠠᠷ ᠨᠦᠬᠦᠪᠤᠷᠢ ᠦᠭᠬᠦ ᠭᠡᠪᠴᠢᠶ᠎ᠠ᠎ᠠᠴᠠ ᠭᠠᠷᠭ᠋ᠠᠬᠤ ᠪᠤᠯᠤᠨ᠎ᠠ᠃


 

ᠢᠷᠡᠯᠲᠡ᠄ ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ ᠵᠢᠨ ᠰᠦᠯᠵᠢᠶ᠎ᠠ