ᠮᠠᠨ᠎ᠤ ᠤᠷᠤᠨ᠎ᠳᠤ ᠶᠡᠭᠡ ᠬᠢᠳᠠᠨ ᠥᠰᠥᠭ᠎ᠲᠠᠢ ᠬᠠᠲᠠᠨ ᠰᠡᠶ᠋ᠢᠯᠦᠮᠡᠯᠢ ᠢᠯᠡᠷᠡᠭᠦᠯᠪᠡ
ᠨᠡᠶ᠋ᠢᠲᠡᠯᠡᠭᠰᠡᠨ ᠴᠠᠭ᠄ 2021-05-11
ᠰᠤᠷᠪᠤᠯᠵᠢᠯᠠᠭᠴᠢ ᠦᠪᠦᠷ ᠮᠤᠩᠭᠤᠯ᠎ᠤᠨ ᠳᠡᠦᠭᠡ ᠵᠢᠨ ᠳᠤᠷᠠᠰᠬᠠᠯᠳᠤ ᠵᠦᠢ᠍ᠯᠡᠰ᠎ᠤᠨ ᠳᠤᠪᠴᠢᠶ᠎ᠠ᠎ᠠᠴᠠ ᠣᠢ᠌ᠯᠠᠭ᠋ᠠᠭᠰᠠᠨ ᠵᠶ᠋ᠠᠷ᠂ ᠯᠢᠶᠣᠤ ᠤᠯᠤᠰ᠎ᠤᠨ ᠬᠢᠳᠠᠨ ᠰᠣᠶᠣᠯ ᠰᠤᠳᠤᠯᠭ᠋ᠠᠨ᠎ᠤ ᠡᠷᠳᠡᠮᠲᠡᠳ ᠤᠯᠠᠭ᠋ᠠᠨᠬᠠᠳᠠ ᠬᠤᠲᠠ ᠵᠢᠨ ᠬᠠᠷᠠᠴᠢᠨ ᠬᠤᠰᠢᠭᠤᠨ᠎ᠤ ᠬᠢᠯᠢ ᠲᠤᠳᠤᠷᠠᠬᠢ ᠠᠰᠬ᠎ᠠ ᠬᠠᠲᠠᠨ᠎ᠠᠴᠠ ᠴᠢᠯᠠᠭᠤᠨ ᠰᠡᠶ᠋ᠢᠯᠦᠮᠡᠯ ᠥᠰᠥᠭ᠎ᠢ ᠢᠯᠡᠷᠡᠭᠦᠯᠵᠦ᠂ ᠥᠰᠥᠭ ᠪᠢᠴᠢᠭ᠎ᠤᠨ ᠲᠤᠰᠬᠠᠶ ᠮᠡᠷᠭᠡᠵᠢᠯᠲᠡᠨ᠎ᠠᠴᠠ ᠬᠢᠳᠠᠨ᠎ᠤ ᠲᠣᠮᠣ ᠥᠰᠥᠭ ᠪᠣᠯᠬᠤ ᠵᠢ ᠠᠩᠬ᠎ᠠ ᠠᠯᠬᠤᠮ ᠳᠤᠳᠤᠯᠠᠵᠠᠢ᠃
ᠳᠤᠰ ᠬᠠᠳᠠᠨ ᠰᠡᠶ᠋ᠢᠯᠦᠮᠡᠯᠢ ᠤᠯᠠᠭ᠋ᠠᠨᠬᠠᠳᠠ ᠳᠡᠭᠡᠳᠦ ᠰᠤᠷᠭ᠋ᠠᠭᠤᠯᠢ ᠵᠢᠨ ᠲᠡᠦᠬᠡ ᠵᠢᠨ ᠳᠤᠷᠠᠰᠬᠠᠯᠲᠤ ᠵᠦᠢ᠍ᠯᠡᠰ ᠪᠣᠯᠤᠨ ᠮᠦᠽᠧᠶ ᠵᠢᠨ ᠲᠤᠰᠬᠠᠶ ᠮᠡᠷᠭᠡᠵᠢᠯ᠎ᠤᠨ ᠡᠷᠳᠡᠮᠲᠡᠳ᠎ᠠᠴᠠ ᠠᠩᠬ᠎ᠠ ᠢᠯᠡᠷᠡᠭᠦᠯᠵᠤ᠂ ᠲᠤᠰ ᠬᠠᠲᠠᠨ ᠰᠡᠶ᠋ᠢᠯᠦᠮᠡᠯ ᠳᠡᠭᠡᠷ᠎ᠡ ᠪᠣᠰᠤᠭ᠎ᠠ᠎ᠪᠠᠷ ᠵᠢᠭᠰᠠᠭ᠋ᠠᠭᠳᠠᠭᠰᠠᠨ ᠬᠤᠶᠠᠷ ᠮᠥᠷ 20 ᠭᠠᠷᠤᠶ ᠥᠰᠥᠭ᠎ᠲᠠᠢ ᠪᠠᠶ᠋ᠢᠵᠤ᠂ ᠮᠢᠩᠭ᠋ᠠᠨ ᠵᠢᠯ᠎ᠤᠨ ᠰᠠᠯᠬᠢ ᠪᠣᠷᠣᠭ᠋ᠠᠨ᠎ᠢ ᠲᠤᠭᠤᠯᠤᠬᠰᠡᠨ ᠪᠣᠯᠪᠠᠴᠤ ᠣᠯᠠᠩᠬᠢ ᠥᠰᠥᠭ᠎ᠨᠢ ᠳᠤᠪ ᠲᠣᠳᠣᠷᠬᠠᠶ ᠬᠠᠷᠠᠭᠳᠠᠵᠤ᠂ ᠬᠢᠲᠠᠳ ᠥᠰᠥᠭ᠎ᠲᠠᠢ ᠠᠳᠠᠯᠢᠪᠲᠤᠷ ᠦᠰᠦᠭ᠎ᠤᠨ ᠪᠦᠳᠦᠴᠡ᠎ᠲᠠᠢ ᠦᠰᠦᠭ ᠪᠢᠴᠢᠭ ᠪᠠᠶ᠋ᠢᠪᠠ᠃ ᠥᠪᠥᠷ ᠮᠣᠩᠭᠤᠯ᠎ᠤᠨ ᠶᠡᠭᠡ ᠰᠤᠷᠭ᠋ᠠᠭᠤᠯᠢ ᠵᠢᠨ ᠤᠮᠠᠷᠠᠲᠤ ᠵᠢᠨ ᠦᠨᠳᠦᠰᠦᠲᠡᠨ᠎ᠤ ᠡᠷᠲᠡᠨ᠎ᠤ ᠥᠰᠥᠭ ᠪᠢᠴᠢᠭ ᠰᠤᠳᠤᠯᠬᠤ ᠲᠤᠰᠬᠠᠶ ᠮᠡᠷᠭᠡᠵᠢᠯᠲᠡᠨ᠎ᠤ ᠢᠯᠭ᠋ᠠᠨ ᠳᠠᠨᠢᠬᠤ ᠪᠡ ᠵᠠᠳᠠᠯᠤᠯᠳᠠ᠎ᠪᠠᠷ ᠳᠠᠮᠵᠢᠵᠤ᠂ ᠡᠨᠡ᠎ᠨᠢ ᠬᠢᠳᠠᠨ ᠥᠰᠥᠭ᠎ᠤᠨ ᠶᠡᠭᠡ ᠦᠰᠦᠭ᠎ᠤᠨ ᠬᠠᠲᠠᠨ ᠰᠡᠶ᠋ᠢᠯᠦᠮᠡᠯ ᠪᠣᠯᠬᠤ ᠵᠢ ᠠᠩᠬ᠎ᠠ ᠠᠯᠬᠤᠮ ᠨᠤᠲᠠᠯᠠᠭᠰᠠᠨ ᠪᠠᠶ᠋ᠢᠨ᠎ᠠ᠃
ᠬᠢᠳᠠᠨ ᠦᠰᠦᠭ᠎ᠲᠤ ᠶᠡᠭᠡ ᠦᠰᠦᠭ ᠪᠠᠭ᠎ᠠ ᠦᠰᠦᠭ ᠬᠡᠵᠤ ᠪᠠᠶ᠋ᠢᠵᠤ᠂ ᠶᠡᠭᠡ ᠦᠰᠦᠭ᠎ᠨᠢ ᠨᠡᠶ᠋ᠢᠲᠡ ᠵᠢᠨ ᠤᠨ ᠲᠣᠭ᠋ᠠᠯᠠᠯ᠎ᠤᠨ 920 ᠣᠨ᠎ᠳᠤ ᠬᠢᠳᠠᠳ ᠦᠰᠦᠭ ᠵᠶ᠋ᠠᠷ ᠯᠠᠪᠯᠠᠯᠳᠠ ᠪᠤᠯᠭ᠋ᠠᠨ ᠵᠣᠬᠢᠶᠠᠭᠳᠠᠵᠤ ᠪᠠᠷᠤᠭ 3000 ᠭᠠᠷᠤᠶ ᠦᠰᠦᠭ ᠪᠤᠢ᠃ ᠣᠳᠣᠬᠠᠨ᠎ᠳᠤ ᠢᠯᠡᠷᠡᠭᠦᠯᠦᠭᠰᠡᠨ ᠬᠢᠳᠠᠨ ᠶᠡᠭᠡ ᠦᠰᠦᠭᠲᠦ ᠮᠠᠲ᠋ᠧᠷᠢᠶᠠᠯ᠎ᠨᠢ ᠴᠢᠯᠠᠭᠤᠨ ᠰᠡᠶ᠋ᠢᠯᠦᠮᠡᠯ ᠵᠶ᠋ᠠᠷ ᠭᠤᠣᠯ ᠪᠣᠯᠭ᠋ᠠᠵᠤ᠂ ᠪᠢᠴᠢᠯᠭᠡ᠎ᠨᠢ ᠪᠤᠳᠤᠯᠢᠶᠠᠨᠲᠠᠶ᠂ ᠢᠯᠭ᠋ᠠᠨ ᠲᠠᠨᠢᠬᠤ᠎ᠳᠤ ᠲᠦᠪᠡᠭᠲᠡᠶ ᠪᠣᠯᠬᠤᠷ ᠣᠳᠣᠬᠠᠨ᠎ᠳᠤ ᠲᠠᠶ᠋ᠢᠯᠪᠤᠷᠢᠯᠠᠨ ᠤᠩᠰᠢᠭᠰᠠᠨ ᠠᠭᠤᠯᠭ᠎ᠠ᠎ᠨᠢ ᠮᠠᠰᠢ ᠬᠢᠵᠠᠭ᠋ᠠᠷ᠎ᠲᠠᠢ ᠪᠠᠶ᠋ᠢᠭᠰᠠᠭ᠋ᠠᠷ ᠪᠢᠯᠡ᠃
ᠲᠤᠰ ᠬᠠᠳᠠᠨ ᠰᠡᠶ᠋ᠢᠯᠦᠮᠡᠯᠢ ᠢᠯᠡᠷᠡᠭᠦᠯᠦᠭᠰᠡᠨ ᠡᠷᠳᠡᠮᠳᠡᠨ᠄ 《ᠯᠢᠶᠣᠤ ᠤᠯᠤᠰ᠎ᠤᠨ ᠦᠶ᠎ᠡ ᠵᠢᠨ ᠤᠮᠠᠷᠠᠲᠤ ᠵᠢᠨ ᠬᠢᠩᠭ᠋ᠠᠨ ᠳᠠᠪᠠᠭ᠎ᠠ ᠵᠢᠨ ᠬᠡᠭᠡᠷ᠎ᠡ ᠲᠠᠯ᠎ᠠ᠎ᠳᠤ᠂ ᠴᠢᠯᠠᠭᠤᠨ ᠰᠡᠶ᠋ᠢᠯᠦᠮᠡᠯ ᠵᠶ᠋ᠠᠷ ᠬᠡᠷᠡᠭ ᠶᠠᠪᠤᠳᠠᠯ᠎ᠢ ᠲᠡᠮᠳᠡᠭᠯᠡᠬᠦ᠎ᠳᠤ ᠮᠠᠰᠢ ᠪᠡᠷᠬᠡ ᠶᠤᠮ᠂ ᠡᠨᠡ ᠬᠦ᠌ ᠬᠢᠳᠠᠨ ᠶᠡᠭᠡ ᠦᠰᠦᠭᠲᠦ ᠬᠠᠳᠠᠨ ᠰᠡᠶ᠋ᠢᠯᠦᠮᠡᠯ ᠪᠣᠯ ᠣᠳᠣᠬᠠᠨ᠎ᠤ ᠴᠣᠷ᠎ᠤᠨ ᠭᠠᠭᠴᠠ ᠢᠯᠡᠷᠡᠭᠦᠯᠦᠭᠰᠡᠨ ᠠᠰᠬ᠎ᠠ ᠬᠠᠳᠠ ᠵᠢᠨ ᠴᠢᠯᠠᠭᠤᠨ ᠰᠡᠶ᠋ᠢᠯᠦᠮᠡᠯ ᠪᠤᠯᠬᠤᠷ ᠮᠠᠰᠢ ᠬᠤᠪᠤᠷ ᠨᠠᠨᠳᠢᠨ ᠳᠡᠦᠭᠡ ᠵᠢᠨ ᠮᠠᠲ᠋ᠧᠷᠢᠶᠠᠯ ᠪᠤᠯᠤᠭᠰᠠᠨ ᠪᠢᠯᠡ》 ᠬᠡᠵᠤ ᠳᠠᠨᠢᠯᠴᠠᠭᠤᠯᠪᠠ᠃
ᠢᠷᠡᠯᠲᠡ᠄ ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ ᠵᠢᠨ ᠰᠦᠯᠵᠢᠶ᠎ᠠ