ᠰᠣᠨᠢᠨ ᠮᠡᠳᠡᠭᠡ   -   ᠰᠤᠷᠪᠤᠯᠵᠢᠯᠠᠭ᠎ᠠ

ᠦᠵᠡᠰᠭᠦᠯᠡᠩᠲᠤ ᠰᠠᠶ᠋ᠢᠬᠠᠨ ᠥᠪᠥᠷ ᠮᠣᠩᠭᠤᠯ ᠵᠶ᠋ᠠᠨ ᠪᠥᠲᠥᠭᠡᠨ ᠪᠠᠶ᠋ᠢᠭᠤᠯᠤᠨ᠎ᠠ — ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠱᠦᠵᠢ᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠡᠷᠬᠢᠯᠡᠭᠴᠢ ᠱ᠌ᠢ᠎ᠲᠠᠢ ᠹᠧᠩ᠎ᠢ ᠰᠤᠷᠪᠤᠯᠵᠢᠯᠠᠭᠰᠠᠨ᠎ᠨᠢ

ᠨᠡᠶ᠋ᠢᠲᠡᠯᠡᠭᠰᠡᠨ ᠴᠠᠭ᠄   2021-05-12

      ᠡᠨᠡ ᠵᠢᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ ᠪᠣᠯᠬᠤ ᠪᠥᠭᠡᠳ 《ᠠᠷᠪᠠᠨ ᠳᠥᠷᠪᠡᠳᠦᠭᠡᠷ ᠲᠠᠪᠤᠨ ᠵᠢᠯ》᠎ᠤᠨ ᠡᠬᠢᠯᠡᠯᠲᠡ ᠵᠢᠨ ᠵᠢᠯ ᠪᠣᠯᠤᠨ᠎ᠠ᠂ ᠡᠨᠡ ᠬᠦ᠌ ᠤᠷᠢᠳᠤᠬᠢ ᠵᠢ ᠵᠠᠯᠭ᠋ᠠᠮᠵᠢᠯᠠᠨ ᠬᠤᠶ᠋ᠢᠰᠢᠬᠢ ᠵᠢ ᠰᠡᠩᠬᠡᠷᠡᠭᠦᠯᠬᠦ ᠵᠠᠩᠭᠢᠯᠠᠭ᠎ᠠ ᠵᠢᠨ ᠦᠶ᠎ᠡ᠎ᠳᠤ᠂ ᠥᠪᠥᠷ ᠮᠣᠩᠭᠤᠯ ᠦᠷᠭᠦᠯᠵᠢᠯᠡᠨ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠤᠷᠢᠶ᠎ᠠ᠎ᠠᠴᠠ ᠥᠪᠡᠷᠲᠡᠭᠡᠨ ᠵᠠᠰᠠᠬᠤ ᠣᠷᠣᠨ᠎ᠳᠤ ᠲᠣᠭᠲᠠᠭ᠋ᠠᠭᠰᠠᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠪᠠ ᠠᠵᠢᠯᠯᠠᠭ᠋ᠠᠨ᠎ᠤ ᠬᠥᠲᠥᠯᠪᠦᠷᠢ ᠶᠣᠰᠣᠭ᠋ᠠᠷ᠂ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠭᠦᠯᠬᠦ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠵᠠᠮ ᠵᠶ᠋ᠠᠷ ᠡᠷᠡᠰ ᠭᠤᠶ᠋ᠢᠪᠢᠰᠢ ᠥᠬᠡᠶ ᠵᠠᠮᠨᠠᠨ᠎ᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠵᠢ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠥᠭᠵᠢᠯᠲᠡ ᠵᠢᠨ ᠲᠡᠷᠢᠭᠦᠨ ᠴᠢᠬᠤᠯᠠ ᠡᠭᠦᠷᠭᠡ ᠪᠣᠯᠭ᠋ᠠᠵᠤ᠂ ᠠᠵᠤ ᠦᠢ᠍ᠯᠡᠰ᠎ᠤᠨ ᠰᠠᠭᠤᠷᠢ ᠵᠢᠨ ᠳᠡᠭᠡᠳᠦ ᠳᠡᠰᠵᠢᠯᠳᠡ᠂ ᠠᠵᠤ ᠦᠢ᠍ᠯᠡᠰ᠎ᠤᠨ ᠬᠡᠯᠬᠢᠶ᠎ᠡ ᠵᠢᠨ ᠣᠳᠣᠬᠢᠴᠢᠯᠠᠯᠲᠠ ᠵᠢᠨ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠲᠦᠷᠭᠡᠳᠬᠡᠨ ᠪᠠᠶ᠋ᠢᠭᠤᠯᠵᠤ᠂ ᠤᠯᠤᠰ᠎ᠤᠨ ᠴᠢᠬᠤᠯᠠ ᠡᠨᠧᠷᠭᠢ ᠪᠠ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ᠎ᠢ ᠪᠦᠲᠦᠭᠡᠨ ᠪᠠᠶ᠋ᠢᠭᠤᠯᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠵᠢ ᠴᠣᠭᠴᠠᠯᠠᠨ᠎ᠠ᠃
      ᠥᠪᠥᠷ ᠮᠣᠩᠭᠤᠯ᠎ᠤᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠰᠠᠭᠤᠷᠢ ᠴᠢᠬᠤᠯᠠ᠂ ᠬᠥᠭᠵᠢᠯᠲᠡ ᠵᠢᠨ ᠳᠠᠯᠳᠠ ᠬᠦᠴᠦᠨ ᠯᠤᠲᠤ ᠶᠡᠭᠡ ᠪᠠᠶ᠋ᠢᠨ᠎ᠠ᠂ 《ᠠᠷᠪᠠᠨ ᠳᠥᠷᠪᠡᠳᠦᠭᠡᠷ ᠲᠠᠪᠤᠨ ᠵᠢᠯ》᠎ᠢ ᠡᠬᠢᠯᠡᠭᠦᠯᠵᠦ᠂ ᠰᠢᠨ᠎ᠡ ᠠᠶᠠᠨ ᠵᠶ᠋ᠠᠨ ᠡᠬᠢᠯᠡᠭᠦᠯᠬᠦ᠎ᠳᠤ ᠭᠡᠷᠬᠢᠨ ᠠᠵᠠ ᠲᠣᠬᠢᠶᠠᠯ᠎ᠢ ᠠᠮᠵᠢᠵᠤ᠂ ᠥᠷᠢᠰᠥᠯᠳᠦᠭᠡᠨ᠎ᠢ ᠠᠷᠭ᠋ᠠᠴᠡᠭ᠋ᠠᠬᠤ ᠳᠤᠮᠳᠠ ᠨᠠᠩ ᠶᠡᠭᠡ ᠰᠢᠨ᠎ᠡ ᠬᠥᠭᠵᠢᠯᠲᠡ ᠵᠢ ᠪᠡᠶᠡᠯᠡᠭᠦᠯᠬᠦ ᠪᠣᠶ? ᠣᠢ᠌ᠷ᠎ᠠ᠎ᠳᠤ᠂ ᠰᠤᠷᠪᠤᠯᠵᠢᠯᠠᠭᠴᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠱᠦᠵᠢ᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠡᠷᠬᠢᠯᠡᠭᠴᠢ ᠱ᠌ᠢ᠎ᠲᠠᠢ ᠹᠧᠩ᠎ᠢ ᠰᠤᠷᠪᠤᠯᠵᠢᠯᠠᠪᠠ᠃
      ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠲᠦᠷᠭᠡᠨ ᠠᠭᠤᠰᠤᠯᠴᠠᠨ᠎ᠠ
      ᠰᠤᠷᠪᠤᠯᠵᠢᠯᠠᠭᠴᠢ᠄ ᠰᠢᠨ᠎ᠡ ᠬᠥᠭᠵᠢᠯᠲᠡ ᠵᠢᠨ ᠱᠠᠲᠤᠨ᠎ᠳᠤ ᠤᠷᠤᠭᠰᠠᠨ᠎ᠤ ᠳᠠᠷᠠᠭ᠎ᠠ᠂ ᠥᠪᠥᠷ ᠮᠣᠩᠭᠤᠯ᠎ᠤᠨ᠎ᠬᠢᠨ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠠᠭᠤᠰᠤᠯᠴᠠᠨ ᠦᠢ᠍ᠯᠡᠴᠢᠯᠡᠬᠦ ᠲᠠᠯ᠎ᠠ᠎ᠪᠠᠷ ᠶᠠᠮᠠᠷ ᠶᠠᠮᠠᠷ ᠰᠡᠳᠬᠢᠴᠡ ᠠᠷᠭ᠎ᠠ ᠬᠡᠮᠵᠢᠶ᠎ᠡ ᠪᠠᠶ᠋ᠢᠬᠤ ᠪᠤᠢ?
      ᠱ᠌ᠢ᠎ᠲᠠᠢ ᠹᠧᠩ᠄ ᠥᠪᠥᠷ ᠮᠣᠩᠭᠤᠯ᠎ᠤᠨ᠎ᠬᠢᠨ 《ᠭᠤᠷᠪᠠᠨ ᠰᠢᠨ᠎ᠡ》 ᠵᠢᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠳᠤ᠂ ᠬᠠᠮᠤᠭ᠎ᠤᠨ ᠦᠨᠳᠦᠰᠦᠨ ᠵᠦᠢ᠍ᠯ ᠪᠣᠯ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠤᠷᠢᠶ᠎ᠠ᠎ᠠᠴᠠ ᠥᠪᠡᠷᠲᠡᠭᠡᠨ ᠵᠠᠰᠠᠬᠤ ᠣᠷᠣᠨ᠎ᠳᠤ ᠲᠣᠭᠲᠠᠭ᠋ᠠᠵᠦ ᠦᠭᠬᠦᠭᠰᠡᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠪᠣᠯᠤᠨ ᠠᠵᠢᠯᠯᠠᠭ᠋ᠠᠨ᠎ᠤ ᠬᠥᠲᠥᠯᠪᠦᠷᠢ ᠶᠣᠰᠣᠭ᠋ᠠᠷ᠂ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠭᠦᠯᠬᠦ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠵᠠᠮ ᠵᠶ᠋ᠠᠷ ᠡᠷᠡᠰ ᠭᠤᠶ᠋ᠢᠪᠢᠰᠢ ᠥᠬᠡᠶ ᠵᠠᠮᠨᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠲᠦᠷᠭᠡᠳᠬᠡᠨ ᠪᠠᠶ᠋ᠢᠭᠤᠯᠵᠤ᠂ ᠤᠯᠤᠰ᠎ᠤᠨ ᠴᠢᠬᠤᠯᠠ ᠡᠨᠧᠷᠭᠢ ᠪᠣᠯᠤᠨ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ᠎ᠢ ᠪᠥᠲᠥᠭᠡᠨ ᠪᠠᠶ᠋ᠢᠭᠤᠯᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠵᠢ ᠴᠣᠭᠴᠠᠯᠠᠬᠤ ᠶᠠᠪᠤᠳᠠᠯ ᠪᠣᠯᠤᠨ᠎ᠠ᠃
      ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠭᠦᠯᠬᠦ᠎ᠪᠠᠷ ᠤᠳᠤᠷᠢᠳᠤᠮᠵᠢ ᠪᠤᠯᠭ᠋ᠠᠬᠤ ᠵᠢ ᠳᠣᠪᠤᠶ᠋ᠢᠯᠭ᠋ᠠᠵᠤ᠂ ᠠᠮᠢ ᠠᠬᠤᠶ ᠣᠷᠴᠢᠨ ᠲᠣᠭᠤᠷᠢᠨ᠎ᠢ ᠬᠠᠮᠠᠭ᠋ᠠᠯᠠᠬᠤ ᠵᠢ ᠳᠡᠶ᠋ᠢᠯᠦᠩᠭᠦᠶ ᠪᠠᠶ᠋ᠢᠷᠢᠨ᠎ᠳᠤ ᠲᠠᠯᠪᠢᠵᠤ᠂ 《ᠶᠡᠭᠡ᠎ᠪᠠᠷ ᠬᠠᠮᠠᠭ᠋ᠠᠯᠠᠬᠤ ᠵᠢ ᠬᠠᠮᠳᠤ᠎ᠪᠠᠷ ᠠᠳᠬᠤᠵᠦ᠂ ᠶᠡᠭᠡ᠎ᠪᠠᠷ ᠨᠡᠬᠡᠭᠡᠨ ᠬᠦᠭᠵᠢᠭᠦᠯᠬᠦ ᠵᠢ ᠲᠡᠪᠴᠢᠬᠦ》 ᠵᠢ ᠲᠡᠮᠦᠷ ᠮᠡᠲᠦ ᠬᠠᠳᠠᠭᠤ ᠶᠣᠰᠣ ᠲᠦᠷᠢᠮ ᠪᠣᠯᠭ᠋ᠠᠵᠤ᠂ ᠠᠮᠢ ᠠᠬᠤᠶ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢ ᠪᠥᠬᠦ ᠲᠠᠯ᠎ᠠ᠎ᠪᠠᠷ ᠪᠥᠬᠦ ᠣᠷᠣᠨ ᠪᠦᠰᠡ᠎ᠪᠠᠷ ᠴᠢᠩᠭ᠋ᠠᠳᠬᠠᠵᠤ᠂ ᠬᠥᠭᠵᠢᠯᠲᠡ ᠵᠢ ᠪᠣᠬᠢᠷᠲᠤᠯ ᠥᠬᠡᠶ ᠲᠡᠶ᠋ᠢᠰᠢ ᠬᠤᠪᠢᠷᠠᠭᠤᠯᠬᠤ ᠵᠢ ᠪᠥᠬᠦ ᠠᠵᠢᠯ ᠲᠥᠷᠥᠯ ᠪᠥᠬᠦ ᠬᠦᠷᠢᠶᠡᠨ᠎ᠳᠤ ᠠᠬᠢᠭᠤᠯᠤᠨ᠎ᠠ᠃ ᠢᠯᠠᠩᠭᠤᠶ᠎ᠠ ᠬᠥᠮᠦᠨ ᠠᠮᠠ ᠪᠠ ᠦᠢ᠍ᠯᠡᠳᠪᠦᠷᠢᠯᠡᠯ᠎ᠤᠨ ᠬᠦᠴᠦᠨ᠎ᠤ ᠪᠠᠶ᠋ᠢᠷᠢᠰᠢᠭᠤᠯᠤᠯᠳᠠ ᠵᠢᠨ ᠡᠨᠡ ᠬᠦ᠌ ᠵᠠᠩᠭᠢᠯᠠᠭ᠎ᠠ ᠵᠢ ᠠᠳᠬᠤᠵᠤ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ᠂ ᠠᠵᠤ ᠦᠢ᠍ᠯᠡᠰ᠎ᠤᠨ ᠰᠠᠭᠤᠷᠢᠨ᠂ ᠣᠷᠣᠨ ᠪᠦᠰᠡ ᠵᠢᠨ ᠠᠵᠤ ᠠᠬᠤᠢ᠂ ᠬᠤᠳᠠ ᠬᠥᠳᠡᠭᠡ ᠵᠢᠨ ᠪᠦᠳᠦᠭᠡᠨ ᠪᠠᠶ᠋ᠢᠭᠤᠯᠤᠯᠲᠠ ᠵᠢᠨ ᠪᠠᠶ᠋ᠢᠷᠢᠰᠢᠭᠤᠯᠤᠯᠳᠠ ᠵᠢ ᠲᠤᠬᠢᠷᠠᠭᠤᠯᠤᠨ ᠰᠢᠯᠢᠳᠡᠭᠵᠢᠭᠦᠯᠵᠦ᠂ ᠡᠯ᠎ᠡ ᠭᠠᠵᠠᠷ᠎ᠤᠨ ᠶᠠᠭᠤ ᠵᠢ ᠡᠷᠬᠡᠪᠰᠢ ᠬᠢᠬᠦ᠂ ᠶᠠᠭᠤ ᠵᠢ ᠤᠷᠢᠳ ᠵᠶ᠋ᠠᠷ ᠬᠢᠬᠦ᠂ ᠶᠠᠭᠤ ᠵᠢ ᠬᠢᠵᠦ ᠪᠤᠯᠬᠤ ᠦᠭᠡᠢ ᠪᠠ ᠬᠠᠮᠲᠤ᠎ᠪᠠᠷ ᠶᠠᠭᠤ ᠬᠢᠬᠦ᠂ ᠭᠤᠣᠯᠳᠠᠭᠤ ᠶᠠᠭᠤ ᠬᠢᠬᠦ ᠵᠢ ᠲᠣᠳᠣᠷᠬᠠᠢ᠌ᠯᠠᠵᠤ᠂ ᠵᠡᠭᠦᠨ ᠳᠤᠮᠳᠠ ᠪᠠᠷᠠᠭᠤᠨ ᠬᠡᠰᠡᠭ᠎ᠤᠨ ᠡᠯ᠎ᠡ ᠠᠶ᠋ᠢᠮᠠᠭ ᠬᠤᠳᠠ ᠵᠢᠨ ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠵᠢ ᠠᠬᠢᠭᠤᠯᠵᠤ᠂ ᠪᠤᠢ ᠪᠦᠬᠦᠢ ᠣᠷᠣᠨ ᠪᠦᠰᠡ᠂ ᠪᠤᠢ ᠪᠦᠬᠦᠢ ᠬᠦᠷᠢᠶ᠎ᠡ᠂ ᠪᠤᠢ ᠪᠦᠬᠦᠢ ᠠᠵᠤ ᠦᠢ᠍ᠯᠡᠰ᠂ ᠪᠤᠢ ᠪᠦᠬᠦᠢ ᠠᠵᠢᠯ ᠲᠦᠷᠦᠯ᠎ᠤᠨ ᠬᠥᠭᠵᠢᠯᠲᠡ ᠵᠢ ᠴᠥᠮ ᠠᠮᠢ ᠠᠬᠤᠢ ᠤᠷᠴᠢᠨ ᠲᠤᠭᠤᠷᠢᠨ᠎ᠢ ᠪᠦᠲᠦᠮᠵᠢᠲᠡᠢ ᠬᠠᠮᠠᠭ᠋ᠠᠯᠠᠬᠤ ᠪᠠ ᠡᠨᠧᠷᠭᠢ ᠡᠬᠢ ᠪᠠᠶᠠᠯᠢᠭ᠎ᠢ ᠥᠨᠳᠥᠷ ᠪᠦᠲᠦᠮᠵᠢᠲᠡᠢ ᠠᠰᠢᠬᠯᠠᠬᠤ ᠲᠠᠯ᠎ᠠ᠎ᠳᠤ ᠪᠡᠶᠡᠯᠡᠬᠦᠯᠬᠦ ᠬᠡᠷᠡᠭᠲᠡᠢ᠃
      ᠴᠢᠨᠠᠷ ᠰᠠᠶ᠋ᠢᠲᠠᠶ ᠬᠥᠭᠵᠢᠯᠲᠡ᠂ ᠥᠨᠳᠥᠷ ᠪᠦᠲᠦᠮᠵᠢᠲᠡᠶ ᠵᠠᠰᠠᠯᠲᠠ᠂ ᠥᠨᠳᠥᠷ ᠲᠦᠪᠰᠢᠨ ᠪᠥᠬᠦᠶ ᠨᠡᠭᠡᠭᠡᠯᠲᠡ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠤᠯᠤᠰ᠎ᠤᠨ ᠳᠣᠲᠣᠭ᠋ᠠᠳᠤ᠎ᠯᠤᠭ᠎ᠠ ᠵᠢᠨ ᠶᠡᠭᠡ ᠣᠷᠴᠢᠯ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠤᠤᠰ ᠣᠷᠴᠢᠯ᠎ᠤᠨ ᠲᠦᠭᠵᠢᠷᠡᠯ ᠲᠠᠰᠤᠯᠳᠠᠯ᠎ᠢ ᠨᠡᠪᠲᠡᠷᠡᠭᠦᠯᠵᠦ᠂ ᠬᠠᠩᠭ᠋ᠠᠯᠭ᠎ᠠ ᠵᠢᠨ ᠬᠡᠷᠡᠭᠴᠡᠭᠡ᠎ᠳᠤ ᠵᠣᠬᠢᠴᠠᠬᠤ ᠴᠢᠨᠠᠷ᠎ᠢ ᠳᠡᠭᠡᠭᠰᠢᠯᠡᠭᠦᠯᠬᠦ ᠭᠡᠷᠡᠭᠲᠡᠢ᠃ 《ᠬᠤᠶᠠᠷ ᠬᠠᠯᠬᠠᠪᠴᠢ》 ᠵᠢ ᠪᠥᠲᠥᠭᠡᠨ ᠪᠠᠶ᠋ᠢᠭᠤᠯᠬᠤ ᠵᠢᠨ ᠲᠣᠭᠤᠷᠢᠨ᠎ᠳᠤ᠂ ᠠᠮᠢ ᠠᠬᠤᠶ ᠣᠷᠴᠢᠨ ᠲᠣᠭᠤᠷᠢᠨ᠎ᠤ ᠲᠣᠪᠤᠶ᠋ᠢᠮ᠎ᠠ ᠠᠰᠠᠭᠤᠳᠠᠯ᠎ᠢ ᠰᠢᠢ᠍ᠳᠪᠦᠷᠢᠯᠡᠬᠦ᠎ᠪᠠᠷ ᠵᠢᠯᠣᠭᠤᠳᠤᠮᠵᠢ ᠪᠣᠯᠭ᠋ᠠᠨ ᠪᠥᠬᠦ ᠣᠷᠣᠨ ᠪᠦᠰᠡ ᠵᠢᠨ ᠠᠮᠢ ᠠᠬᠤᠶ ᠵᠢᠨ ᠠᠮᠤᠷ ᠲᠦᠪᠰᠢᠨ᠎ᠤ ᠪᠠᠶ᠋ᠢᠷᠢᠰᠢᠯ᠎ᠢ ᠪᠠᠶ᠋ᠢᠭᠤᠯᠵᠤ᠂ ᠤᠯᠤᠰ᠎ᠤᠨ ᠶᠡᠷᠦᠩᠬᠡᠶ ᠠᠮᠤᠷ ᠲᠦᠪᠰᠢᠨ᠎ᠤ ᠦᠵᠡᠯᠲᠡ ᠵᠢ ᠲᠤᠭᠤᠰᠢᠯᠠᠭᠤᠯᠬᠤ᠎ᠪᠠᠷ ᠤᠳᠤᠷᠢᠳᠤᠮᠵᠢ ᠪᠣᠯᠭ᠋ᠠᠨ ᠠᠮᠤᠭᠤᠯᠠᠩᠳᠦ ᠥᠪᠥᠷ ᠮᠣᠩᠭᠤᠯ᠎ᠤᠨ ᠪᠥᠲᠥᠭᠡᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠵᠦ᠂ ᠤᠯᠤᠰ᠎ᠤᠨ ᠠᠮᠢ ᠠᠬᠤᠶ ᠵᠢᠨ ᠠᠮᠤᠷ ᠲᠦᠪᠰᠢᠨ ᠪᠠ ᠬᠢᠯᠢ ᠬᠢᠵᠠᠭ᠋ᠠᠷ᠎ᠤᠨ ᠠᠮᠤᠷ ᠲᠦᠪᠰᠢᠨ᠎ᠢ ᠪᠠᠲᠤᠯᠠᠬᠤ ᠤᠯᠤᠰ ᠲᠥᠷᠥ ᠵᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠬᠦ ᠭᠡᠷᠡᠭᠲᠡᠢ᠃ 《ᠬᠤᠶᠠᠷ ᠰᠠᠭᠤᠷᠢᠨ》᠎ᠢ ᠪᠦᠲᠦᠭᠡᠨ ᠪᠠᠶ᠋ᠢᠭᠤᠯᠬᠤ᠎ᠲᠠᠢ ᠤᠶᠠᠯᠳᠤᠭᠤᠯᠤᠨ᠂ ᠥᠪᠡᠷᠮᠢᠴᠡ ᠣᠨᠴᠠᠯᠢᠭ᠎ᠲᠠᠢ᠂ ᠳᠠᠪᠠᠭᠤᠯᠢᠭ᠎ᠲᠠᠢ ᠣᠷᠣᠨ ᠪᠦᠰᠡ ᠵᠢᠨ ᠰᠢᠨ᠎ᠡ ᠵᠢ ᠡᠭᠦᠳᠬᠦ ᠰᠢᠰᠲ᠋ᠧᠮ ᠪᠠ ᠪᠣᠬᠢᠷᠲᠤᠯ ᠦᠭᠡᠢ ᠣᠨᠴᠠᠯᠢᠭᠲᠤ ᠳᠠᠪᠠᠭᠤᠯᠢᠭ ᠣᠳᠣ ᠦᠶ᠎ᠡ ᠵᠢᠨ ᠠᠵᠤ ᠦᠢ᠍ᠯᠡᠰ᠎ᠤᠨ ᠰᠢᠰᠲ᠋ᠧᠮ᠎ᠢ ᠢᠳᠡᠪᠬᠢᠲᠡᠢ ᠪᠠᠶ᠋ᠢᠭᠤᠯᠵᠤ᠂ ᠤᠯᠤᠰ᠎ᠠᠴᠠ ᠡᠨᠧᠷᠭᠢ ᠵᠢᠨ ᠠᠮᠤᠷ ᠲᠦᠪᠰᠢᠨ᠂ ᠠᠮᠤ ᠪᠤᠳᠠᠭ᠋ᠠᠨ᠎ᠤ ᠠᠮᠤᠷ ᠲᠦᠪᠰᠢᠨ᠂ ᠠᠵᠤ ᠦᠢ᠍ᠯᠡᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠳᠤᠮᠳᠠ ᠠᠵᠤ ᠦᠢ᠍ᠯᠡᠰ᠎ᠤᠨ ᠬᠥᠭᠵᠢᠯᠲᠡ ᠵᠢᠨ ᠳᠡᠰ ᠳᠠᠪᠬᠤᠷᠭ᠎ᠠ ᠪᠠ ᠲᠦᠪᠰᠢᠨ᠎ᠢ ᠳᠡᠭᠡᠭᠰᠢᠯᠡᠭᠦᠯᠬᠦ ᠭᠡᠷᠡᠭᠲᠡᠢ᠃ 《ᠨᠢᠭᠡ ᠪᠠᠬᠢᠯᠡᠯᠲᠡ》 ᠵᠢ ᠴᠣᠭᠴᠠᠯᠠᠨ ᠪᠠᠶ᠋ᠢᠭᠤᠯᠬᠤ ᠵᠢᠨ ᠲᠣᠭᠤᠷᠢᠨ᠎ᠳᠤ ᠪᠣᠭᠤᠮᠲᠠ ᠵᠢᠨ ᠡᠬᠢ ᠪᠠᠶᠠᠯᠢᠭ᠎ᠢ ᠡᠮᠬᠢᠯᠡᠨ ᠨᠡᠶ᠋ᠢᠳᠭᠡᠵᠦ ᠲᠣᠬᠢᠷᠠᠭᠤᠯᠬᠤ ᠵᠢ ᠰᠢᠯᠢᠳᠡᠭᠵᠢᠭᠦᠯᠵᠦ᠂ ᠬᠠᠭᠤᠷᠠᠶ ᠳᠠᠯᠠᠶ ᠠᠭ᠋ᠠᠷ᠎ᠤᠨ ᠲᠣᠣᠷ ᠰᠦᠯᠵᠢᠶ᠎ᠡ ᠵᠢᠨ ᠬᠤᠯᠪᠣᠭ᠋ᠠᠯᠠᠨ ᠲᠡᠭᠡᠭᠡᠪᠦᠷᠢᠯᠡᠬᠦ ᠭᠤᠣᠯ ᠵᠠᠮ᠎ᠢ ᠨᠡᠪᠲᠡᠷᠡᠭᠦᠯᠦᠨ᠂ ᠴᠢᠬᠤᠯᠠ ᠬᠦᠢ᠍ᠰᠦ ᠬᠤᠯᠪᠤᠭ᠋ᠠᠰᠤ ᠪᠣᠯᠬᠤ ᠬᠤᠲᠠ᠂ ᠡᠳ᠋ ᠪᠠᠷᠠᠭ᠎ᠠ ᠵᠢ ᠲᠥᠪᠯᠡᠷᠡᠭᠦᠯᠦᠨ ᠲᠠᠷᠬᠠᠭ᠋ᠠᠬᠤ ᠲᠥᠪ ᠪᠠ ᠡᠬᠢ ᠪᠠᠶᠠᠯᠢᠭ᠎ᠢ ᠤᠨᠳᠤᠤᠰᠢᠭᠤᠯᠬᠤ ᠬᠦᠷᠢᠶᠡᠯᠡᠩ ᠲᠣᠭᠤᠷᠢᠭ᠎ᠢ ᠪᠦᠲᠦᠭᠡᠨ ᠪᠠᠶ᠋ᠢᠭᠤᠯᠵᠤ᠂ ᠳᠣᠲᠣᠷ ᠭᠠᠵᠠᠷ᠎ᠤᠨ ᠲᠤᠯᠭ᠋ᠠᠭᠤᠷᠢᠯᠠᠯ᠎ᠢ ᠴᠢᠩᠭ᠋ᠠᠷᠠᠭᠤᠯᠤᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ᠎ᠢ ᠰᠢᠯᠢᠳᠡᠭᠵᠢᠭᠦᠯᠵᠦ᠂ ᠪᠦᠬᠦ ᠣᠷᠣᠨ ᠪᠦᠰᠡ ᠵᠢᠨ ᠨᠡᠭᠡᠭᠡᠯᠲᠡ ᠵᠢᠨ ᠲᠠᠪᠴᠠᠩ᠎ᠢ ᠪᠠᠶ᠋ᠢᠭᠤᠯᠬᠤ ᠭᠡᠷᠡᠭᠲᠡᠢ᠃
      ᠣᠳᠣ ᠦᠶ᠎ᠡ ᠵᠢᠨ ᠠᠵᠤ ᠦᠢ᠍ᠯᠡᠰ᠎ᠤᠨ ᠰᠢᠰᠲ᠋ᠧᠮ᠎ᠢ ᠪᠠᠶ᠋ᠢᠭᠤᠯᠤᠨ᠎ᠠ
      ᠰᠤᠷᠪᠤᠯᠵᠢᠯᠠᠭᠴᠢ
᠄ ᠥᠪᠥᠷ ᠮᠣᠩᠭᠤᠯ ᠣᠲᠣ ᠦᠶ᠎ᠡ ᠵᠢᠨ ᠠᠵᠤ ᠦᠢ᠍ᠯᠡᠰ᠎ᠤᠨ ᠰᠢᠰᠲ᠋ᠧᠮ᠎ᠢ ᠪᠠᠶ᠋ᠢᠭᠤᠯᠤᠭ᠋ᠠᠳ ᠶᠠᠮᠠᠷ ᠶᠠᠮᠠᠷ ᠦᠷ᠎ᠡ ᠪᠦᠲᠦᠮᠵᠢ ᠤᠯᠤᠭᠰᠠᠨ ᠪᠣᠶ᠂ ᠲᠠᠷᠠᠭ᠋ᠠᠴᠢ ᠵᠢᠨ ᠠᠯᠬᠤᠮ᠎ᠤᠨ ᠭᠤᠤᠯᠳᠠᠯᠭ᠎ᠠ᠎ᠨᠢ ᠶᠠᠭᠤ ᠪᠤᠢ?
      ᠱ᠌ᠢ᠎ᠲᠠᠢ ᠹᠧᠩ᠄ ᠣᠶ᠋ᠢᠷ᠎ᠠ ᠵᠢᠨ ᠬᠤᠶᠠᠷ ᠵᠢᠯ᠎ᠳᠤ ᠪᠢᠳᠡ ᠪᠣᠬᠢᠷᠲᠤᠯ ᠥᠬᠡᠶ ᠬᠥᠭᠵᠢᠯᠲᠡ᠂ ᠴᠢᠨᠠᠷ ᠰᠠᠶ᠋ᠢᠲᠠᠶ ᠬᠥᠭᠵᠢᠯᠲᠡ ᠵᠢᠨ ᠱᠠᠭ᠋ᠠᠷᠳᠠᠯᠭ᠎ᠠ ᠶᠣᠰᠣᠭ᠋ᠠᠷ᠂ ᠶᠡᠭᠡ ᠬᠦᠴᠦ ᠣᠷᠣᠭᠤᠯᠵᠤ ᠪᠠᠶ᠋ᠢᠭ᠋ᠠᠳ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠪᠤᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠪᠥᠬᠦ ᠣᠷᠣᠨ᠎ᠤ ᠳᠠᠬᠢᠯᠳᠠ ᠡᠨᠧᠷᠭᠢ ᠵᠢᠨ ᠴᠠᠬᠢᠯᠭ᠋ᠠᠨ ᠬᠦᠴᠦᠨ᠎ᠤ ᠮᠠᠰᠢᠨ ᠴᠣᠭᠴᠠᠯᠠᠪᠤᠷᠢ ᠵᠢᠨ ᠬᠤᠪᠢ ᠵᠢᠨ ᠵᠢᠩ 36%᠎ᠳᠤ ᠬᠦᠷᠴᠦ᠂ ᠨᠡᠭᠦᠷᠡᠰᠦᠨ᠎ᠤ ᠪᠤᠰᠤ ᠠᠵᠤ ᠦᠢ᠍ᠯᠡᠰ᠎ᠤᠨ ᠨᠡᠮᠡᠭᠳᠡᠯ ᠥᠷᠲᠡᠭ᠎ᠤᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ᠎ᠳᠤ ᠡᠵᠡᠯᠡᠬᠦ ᠬᠤᠪᠢ ᠵᠢᠨ ᠵᠢᠩ 63.6%᠎ᠳᠤ ᠬᠦᠷᠴᠦ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠦᠨ ᠣᠨᠳᠣᠣᠰᠢᠭᠤᠯᠬᠤ ᠨᠣᠷᠮ᠎ᠠ 65%᠎ᠳᠤ ᠬᠦᠷᠴᠦ᠂ ᠲᠣᠭ᠋ᠠᠴᠢᠯᠠᠭᠰᠠᠨ ᠠᠵᠤ ᠠᠬᠤᠶ ᠵᠢᠨ ᠬᠤᠪᠢ ᠵᠢᠨ ᠵᠢᠩ 22.8%᠎ᠳᠤ ᠬᠦᠷᠴᠡᠶ᠃ ᠲᠠᠷᠠᠭ᠋ᠠᠴᠢ ᠵᠢᠨ ᠠᠯᠬᠤᠮ᠎ᠳᠤ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠪᠠᠷ ᠭᠤᠤᠯ ᠰᠢᠵᠢᠮ ᠪᠣᠯᠭ᠋ᠠᠵᠤ᠂ 《ᠬᠤᠶᠠᠷ ᠰᠠᠭᠤᠷᠢᠨ》᠎ᠢ ᠴᠢᠨᠠᠷ ᠰᠠᠶ᠋ᠢᠲᠠᠶ ᠪᠥᠲᠥᠭᠡᠨ ᠪᠠᠶ᠋ᠢᠭᠤᠯᠬᠤ᠎ᠪᠠᠷ ᠭᠤᠤᠯᠳᠠᠯᠭ᠎ᠠ ᠪᠣᠯᠭ᠋ᠠᠵᠤ᠂ ᠪᠠᠶ᠋ᠢᠷᠢᠰᠢᠭᠤᠯᠤᠯᠲᠠ ᠵᠢ ᠲᠣᠬᠢᠷᠠᠭᠤᠯᠬᠤ᠂ ᠪᠦᠲᠦᠴᠡ ᠵᠢ ᠰᠢᠯᠢᠳᠡᠭᠵᠢᠭᠦᠯᠬᠦ ᠪᠠ ᠬᠡᠯᠪᠡᠷᠢ ᠵᠢ ᠬᠤᠪᠢᠷᠠᠭᠤᠯᠤᠨ ᠲᠠᠰ ᠳᠡᠪᠰᠢᠭᠦᠯᠬᠦ ᠵᠢ ᠨᠠᠩ ᠶᠡᠭᠡ ᠡᠷᠴᠢᠮ ᠵᠶ᠋ᠠᠷ ᠠᠬᠢᠭᠤᠯᠵᠤ᠂ ᠠᠵᠤ ᠦᠢ᠍ᠯᠡᠰ᠎ᠤᠨ ᠰᠠᠭᠤᠷᠢ ᠵᠢ ᠳᠡᠭᠡᠳᠦ ᠲᠠᠰᠵᠢᠭᠦᠯᠬᠦ᠂ ᠠᠵᠤ ᠦᠢ᠍ᠯᠡᠰ᠎ᠤᠨ ᠬᠡᠯᠬᠢᠶ᠎ᠡ ᠵᠢ ᠣᠳᠣᠬᠢᠴᠢᠯᠠᠬᠤ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
      ᠨᠢᠭᠡ᠎ᠳᠤ᠂ ᠬᠥᠭᠵᠢᠯᠲᠡ ᠵᠢᠨ ᠤᠳᠤᠷᠢᠳᠤᠮᠵᠢ ᠵᠢᠨ ᠲᠠᠯ᠎ᠠ᠎ᠪᠠᠷ᠂ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠬᠤ ᠪᠣᠬᠢᠷᠲᠤᠯ ᠥᠬᠡᠶ᠎ᠪᠠᠷ ᠬᠥᠭᠵᠢᠭᠦᠯᠬᠦ ᠵᠢ ᠪᠠᠷᠢᠮᠲᠠᠯᠠᠵᠤ᠂ ᠠᠵᠤ ᠦᠢ᠍ᠯᠡᠰ᠎ᠤᠨ ᠰᠠᠭᠤᠷᠢᠨ᠎ᠤ ᠪᠥᠲᠥᠭᠡᠨ ᠪᠠᠶ᠋ᠢᠭᠤᠯᠤᠯᠲᠠ᠎ᠨᠢ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠥᠲᠥᠭᠡᠨ ᠪᠠᠶ᠋ᠢᠭᠤᠯᠤᠯᠲᠠ ᠵᠢ ᠳᠠᠭ᠋ᠠᠬᠤ ᠵᠢᠨ ᠬᠠᠮᠲᠤ ᠲᠡᠭᠦᠨ᠎ᠳᠤ ᠦᠢ᠍ᠯᠡᠴᠢᠯᠡᠬᠦ ᠵᠢ ᠪᠠᠷᠢᠮᠲᠠᠯᠠᠵᠤ᠂ ᠠᠮᠢ ᠠᠬᠤᠶ ᠣᠷᠴᠢᠨ ᠲᠣᠭᠤᠷᠢᠨ᠎ᠤ ᠬᠠᠮᠠᠭ᠋ᠠᠯᠠᠯᠲᠠ᠎ᠲᠠᠢ ᠬᠠᠷᠰᠢᠯᠳᠤᠬᠤ᠂ ᠠᠮᠢ ᠠᠬᠤᠶ ᠣᠷᠴᠢᠨ ᠲᠣᠭᠤᠷᠢᠨ᠎ᠢ ᠡᠪᠳᠡᠬᠦ ᠠᠵᠤ ᠦᠢ᠍ᠯᠡᠰ᠎ᠤᠨ ᠲᠥᠷᠥᠯ ᠵᠦᠢ᠍ᠯ ᠪᠦᠬᠦᠨ᠎ᠢ᠂ ᠳᠡᠭᠡᠳᠦ ᠲᠠᠰ᠎ᠤᠨ ᠴᠤ᠌ ᠲᠡᠷᠡ ᠳᠤᠤᠷᠠᠳᠤ ᠲᠠᠰ᠎ᠤᠨ ᠴᠤ᠌ ᠲᠡᠷᠡ᠂ ᠤᠯᠠᠮᠵᠢᠯᠠᠯᠲᠤ ᠠᠵᠤ ᠦᠢ᠍ᠯᠡᠰ ᠴᠦ᠍ ᠲᠡᠷᠡ᠂ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ ᠴᠦ᠍ ᠲᠡᠷᠡ᠂ ᠴᠥᠮ ᠡᠷᠡᠰ ᠬᠤᠷᠢᠬᠯᠠᠵᠤ᠂ ᠤᠳᠤ ᠪᠠᠶ᠋ᠢᠭ᠎ᠠ ᠦᠢ᠍ᠯᠡᠳᠪᠦᠷᠢᠯᠡᠯ᠎ᠤᠨ ᠴᠢᠳᠠᠪᠤᠷᠢ ᠵᠢ ᠨᠢᠭᠡ ᠪᠣᠯ ᠲᠦᠷᠭᠡᠨ ᠥᠭᠡᠷᠡᠴᠢᠯᠡᠨ ᠪᠠᠶ᠋ᠢᠭᠤᠯᠦᠨ᠎ᠠ᠂ ᠡᠰᠡᠬᠦᠯ᠎ᠡ ᠲᠦᠢ᠍ᠯᠪᠤᠷᠢᠲᠠᠶ ᠬᠠᠰᠤᠨ᠎ᠠ᠃
      ᠬᠤᠶᠠᠷ᠎ᠲᠤ ᠲᠥᠷᠥᠯ ᠵᠦᠢ᠍ᠯ᠎ᠤᠨ ᠪᠠᠶ᠋ᠢᠷᠢᠰᠢᠭᠤᠯᠤᠯᠲᠠ ᠵᠢᠨ ᠲᠠᠯ᠎ᠠ᠎ᠪᠠᠷ᠂ ᠭᠤᠤᠯ ᠴᠣᠭᠴᠠ ᠵᠢᠨ ᠴᠢᠳᠠᠮᠵᠢ ᠵᠢᠨ ᠪᠠᠶ᠋ᠢᠷᠢ ᠲᠣᠭᠲᠠᠭ᠋ᠠᠯᠲᠠ ᠪᠣᠯᠤᠨ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ ᠵᠢᠨ ᠲᠥᠯᠥᠪᠵᠢᠭᠦᠯᠭᠡ ᠵᠢ ᠴᠢᠩᠭ᠎ᠠ ᠵᠢᠷᠤᠮᠯᠠᠨ᠂ ᠳᠠᠪᠠᠭᠤᠯᠢᠭ ᠠᠵᠤ ᠦᠢ᠍ᠯᠡᠰ᠎ᠢ ᠳᠠᠪᠠᠭᠤᠯᠢᠭ ᠭᠠᠵᠠᠷ ᠣᠷᠣᠨ ᠲᠡᠶ᠋ᠢᠰᠢ ᠲᠥᠪᠯᠡᠷᠡᠭᠦᠯᠬᠦ ᠵᠢ ᠠᠬᠢᠭᠤᠯᠵᠤ᠂ ᠪᠤᠭᠤᠲᠤ᠂ ᠣᠷᠳᠣᠰ ᠵᠶ᠋ᠠᠷ ᠭᠤᠤᠯᠳᠠᠯᠭ᠎ᠠ ᠪᠣᠯᠭ᠋ᠠᠨ ᠡᠨᠧᠷᠭᠢ ᠪᠣᠯᠤᠨ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠎ᠢ ᠪᠦᠲᠦᠭᠡᠨ ᠪᠠᠶ᠋ᠢᠭᠤᠯᠵᠤ᠂ ᠵᠡᠭᠦᠨ ᠬᠡᠰᠡᠭ᠎ᠤᠨ 5 ᠠᠶ᠋ᠢᠮᠠᠭ ᠬᠤᠲᠠ ᠪᠣᠯᠤᠨ ᠪᠣᠷᠣᠲᠣᠬᠤᠶ ᠵᠢᠨ ᠤᠰᠤᠯᠠᠯᠲᠠ ᠵᠢᠨ ᠣᠷᠣᠨ ᠵᠶ᠋ᠠᠷ ᠭᠤᠤᠯᠳᠠᠯᠭ᠎ᠠ ᠪᠣᠯᠭ᠋ᠠᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ᠎ᠢ ᠪᠦᠲᠦᠭᠡᠨ ᠪᠠᠶ᠋ᠢᠭᠤᠯᠵᠤ᠂ ᠭᠠᠵᠠᠷ ᠪᠣᠯᠭ᠋ᠠᠨ᠎ᠳᠤ ᠨᠡᠭᠡᠭᠡᠨ ᠬᠦᠭᠵᠢᠬᠦᠯᠦᠯᠳᠠ ᠬᠢᠬᠦ᠂ ᠨᠡᠶ᠋ᠢᠳᠡᠮ ᠦᠷᠨᠢᠭᠦᠯᠬᠦ᠎ᠠᠴᠠ ᠵᠠᠶ᠋ᠢᠯᠠᠰᠬᠢᠵᠦ᠂ ᠰᠣᠬᠤᠷ ᠪᠠᠯᠠᠶ᠎ᠪᠠᠷ ᠡᠮᠬᠢ ᠵᠠᠮᠪᠠᠷᠠᠭ᠎ᠠ ᠦᠭᠡᠶ᠎ᠪᠠᠷ ᠥᠷᠭᠡᠳᠬᠡᠬᠦ᠂ ᠳᠤᠤᠷᠠᠳᠤ ᠲᠦᠪᠰᠢᠨ ᠵᠶ᠋ᠠᠷ ᠳᠠᠪᠬᠤᠷᠳᠠᠭᠤᠯᠤᠨ ᠪᠦᠲᠦᠭᠡᠨ ᠪᠠᠶ᠋ᠢᠭᠤᠯᠬᠤ ᠵᠢ ᠰᠡᠷᠭᠡᠶ᠋ᠢᠯᠡᠨ᠎ᠡ᠃
      ᠭᠤᠷᠪᠠ᠎ᠳᠤ ᠠᠵᠢᠯ᠎ᠤᠨ ᠠᠷᠭ᠎ᠠ ᠬᠡᠮᠵᠢᠶ᠎ᠡ ᠵᠢᠨ ᠲᠠᠯ᠎ᠠ᠎ᠪᠠᠷ᠂ ᠰᠠᠶ᠋ᠢᠨ᠎ᠲᠠᠢ ᠲᠠᠯ᠎ᠠ᠎ᠪᠠᠨ ᠪᠠᠳᠠᠷᠠᠭᠤᠯᠤᠨ ᠳᠤᠲᠠᠭᠳᠠᠯ᠎ᠲᠠᠢ ᠲᠠᠯ᠎ᠠ᠎ᠪᠠᠨ ᠲᠡᠪᠴᠢᠵᠦ᠂ ᠰᠢᠯᠢᠳᠡᠭ᠎ᠢ ᠪᠤᠶ᠋ᠢᠵᠢᠭᠤᠯᠤᠨ ᠦᠷ᠎ᠡ ᠠᠰᠢᠭ᠎ᠢ ᠨᠡᠮᠡᠭᠳᠡᠭᠦᠯᠬᠦ ᠵᠢ ᠪᠠᠷᠢᠮᠲᠠᠯᠠᠵᠤ᠂ ᠳᠡᠭᠡᠳᠦ ᠲᠡᠰ᠎ᠤᠨ ᠣᠶᠤᠨᠴᠢᠯᠠᠭᠰᠠᠨ ᠪᠣᠬᠢᠷᠲᠤᠯ ᠥᠬᠡᠶ ᠪᠣᠯᠭ᠋ᠠᠬᠤ ᠴᠢᠭᠯᠡᠯ᠎ᠢ ᠪᠠᠷᠢᠮᠲᠠᠯᠠᠵᠤ᠂ ᠡᠬᠢ ᠪᠠᠶᠠᠯᠢᠭ᠎ᠢ ᠣᠨᠳᠤᠤᠰᠢᠭᠤᠯᠬᠤ ᠨᠣᠷᠮ᠎ᠠ ᠪᠠ ᠨᠠᠷᠢᠯᠢᠭ ᠡᠳ᠋ᠰᠢᠭᠦᠯᠬᠦ ᠬᠡᠮᠵᠢᠶ᠎ᠡ ᠵᠢ ᠶᠡᠭᠡ᠎ᠪᠠᠷ ᠳᠡᠭᠡᠭᠰᠢᠯᠡᠭᠦᠯᠵᠦ᠂ ᠨᠡᠭᠦᠷᠡᠰᠦ᠎ᠪᠠᠷ ᠰᠠᠭᠤᠷᠢᠯᠠᠭᠰᠠᠨ ᠪᠥᠬᠦ ᠠᠵᠤ ᠦᠢ᠍ᠯᠡᠰ᠎ᠤᠨ ᠬᠡᠯᠬᠢᠶ᠎ᠡ᠂ ᠬᠤᠪᠣᠷ ᠰᠢᠷᠣᠶ ᠵᠡᠷᠭᠡ ᠰᠢᠨ᠎ᠡ ᠮᠠᠲ᠋ᠧᠷᠢᠶᠠᠯ᠎ᠤᠨ ᠠᠵᠤ ᠦᠢ᠍ᠯᠡᠰ᠎ᠤᠨ ᠪᠦᠯᠦᠭᠵᠢᠯ᠎ᠢ ᠭᠤᠤᠯᠳᠠᠯᠭ᠎ᠠ᠎ᠲᠠᠢ ᠴᠤᠬ᠍ᠴᠠᠯᠠᠵᠦ᠂ ᠤᠨᠴᠠᠯᠢᠭᠲᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠲᠡᠭᠦᠨ᠎ᠤ ᠠᠵᠤ ᠦᠢ᠍ᠯᠡᠰ᠎ᠤᠨ ᠪᠦᠰᠡ ᠪᠠ ᠲᠠᠷᠢᠶᠠᠯᠠᠩ ᠮᠠᠯ ᠠᠵᠤ ᠠᠬᠤᠶ ᠵᠢᠨ ᠠᠵᠤ ᠦᠢ᠍ᠯᠡᠰ᠎ᠤᠨ ᠪᠦᠯᠦᠭᠵᠢᠯ᠎ᠢ ᠪᠠᠶ᠋ᠢᠭᠤᠯᠬᠤ ᠵᠢᠨ ᠬᠠᠮᠲᠤ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠵᠡᠷᠭᠡ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ ᠪᠠ ᠰᠣᠶᠣᠯ ᠵᠢᠭᠤᠯᠴᠢᠯᠠᠯ ᠵᠡᠷᠭᠡ ᠣᠲᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠳᠠᠪᠠᠭᠤᠯᠢᠭ ᠬᠦᠷᠢᠶᠡᠨ᠎ᠳᠤ ᠨᠠᠷᠢᠯᠢᠭ ᠳᠠᠷᠢᠵᠤ ᠨᠢᠮᠪᠠᠢ ᠠᠷᠠᠴᠢᠯᠠᠵᠦ᠂ ᠰᠢᠨ᠎ᠡ ᠲᠤᠯᠭ᠋ᠠᠭᠤᠷᠢ ᠠᠵᠤ ᠦᠢ᠍ᠯᠡᠰ᠎ᠢ ᠢᠳᠡᠪᠬᠢᠲᠡᠶ ᠪᠤᠶ᠋ᠢᠵᠢᠭᠤᠯᠤᠨ᠎ᠠ᠃
      ᠰᠤᠷᠪᠤᠯᠵᠢᠯᠠᠭᠴᠢ᠄ ᠮᠠᠨ᠎ᠤ ᠤᠯᠤᠰ᠎ᠤᠨ ᠤᠮᠠᠷᠠᠲᠤ ᠵᠢᠨ ᠲᠠᠯᠠᠪᠠᠶ᠎ᠪᠠᠷ ᠬᠠᠮᠤᠭ᠎ᠤᠨ ᠶᠡᠭᠡ᠂ ᠲᠥᠷᠥᠯ ᠵᠦᠢ᠍ᠯ ᠵᠶ᠋ᠠᠷ ᠬᠠᠮᠤᠭ᠎ᠤᠨ ᠪᠦᠷᠢᠨ ᠠᠮᠢ ᠠᠬᠤᠶ ᠵᠢᠨ ᠴᠢᠳᠠᠮᠵᠢᠲᠤ ᠣᠷᠣᠨ ᠪᠣᠯᠤᠭᠰᠠᠨ᠎ᠤ ᠬᠤᠪᠢ᠎ᠳᠤ᠂ ᠥᠪᠥᠷ ᠮᠣᠩᠭᠤᠯ᠎ᠤᠨ᠎ᠬᠢᠨ ᠠᠮᠢ ᠠᠬᠤᠶ ᠣᠷᠴᠢᠨ ᠲᠣᠭᠤᠷᠢᠨ᠎ᠤ ᠬᠠᠮᠠᠭ᠋ᠠᠯᠠᠯᠲᠠ ᠪᠥᠲᠥᠭᠡᠨ ᠪᠠᠶ᠋ᠢᠭᠤᠯᠤᠯᠲᠠ ᠵᠢᠨ ᠲᠠᠯ᠎ᠠ᠎ᠪᠠᠷ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠭᠠᠷᠭ᠋ᠠᠵᠤ ᠰᠢᠨ᠎ᠡ ᠦᠷ᠎ᠡ ᠪᠦᠲᠦᠮᠵᠢ ᠣᠯᠤᠭᠰᠠᠨ ᠪᠤᠢ?
      ᠱ᠌ᠢ᠎ᠲᠠᠢ ᠹᠧᠩ᠄ ᠥᠪᠥᠷ ᠮᠣᠩᠭᠤᠯ᠎ᠤᠨ ᠠᠮᠢ ᠠᠬᠤᠢ ᠣᠷᠴᠢᠨ ᠲᠣᠭᠤᠷᠢᠨ ᠬᠤᠶᠠᠷ ᠲᠠᠯᠠᠲᠤ ᠴᠢᠨᠠᠷᠲᠠᠢ᠂ ᠬᠡᠳᠦ᠋ᠢ᠍ᠪᠡᠷ ᠠᠮᠢ ᠠᠬᠤᠢ ᠵᠢᠨ ᠰᠢᠰᠲ᠋ᠧᠮ᠎ᠤᠨ ᠰᠠᠭᠤᠷᠢ ᠶᠡᠷᠦᠩᠬᠡᠢ᠎ᠳᠡᠭᠡᠨ ᠵᠦᠭᠡᠷ ᠪᠣᠯᠪᠠᠴᠤ ᠠᠮᠢ ᠠᠬᠤᠢ ᠣᠷᠴᠢᠨ ᠲᠣᠭᠤᠷᠢᠨ᠎ᠤ ᠰᠠᠭᠤᠷᠢ ᠮᠠᠰᠢ ᠪᠠᠭᠤᠷᠠᠢ᠂ ᠴᠦᠯᠯᠡᠷᠬᠡᠭᠵᠢᠵᠦ ᠡᠯᠡᠰᠦᠷᠭᠡᠭᠵᠢᠭᠰᠡᠡ ᠭᠠᠵᠠᠷ ᠰᠢᠷᠣᠢ ᠵᠢᠨ ᠲᠠᠯᠠᠪᠠᠢ ᠲᠤᠰ ᠲᠤᠰ ᠪᠦᠬᠦ ᠤᠯᠤᠰ᠎ᠤᠨ 23.3% ᠪᠠ 23.7% ᠵᠢ ᠡᠵᠡᠯᠡᠵᠦ ᠪᠠᠶ᠋ᠢᠨ᠎ᠠ᠃ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠪᠢᠳᠡ ᠠᠮᠢ ᠠᠬᠤᠶ ᠣᠷᠴᠢᠨ ᠲᠣᠭᠤᠷᠢᠨ᠎ᠢ ᠬᠠᠮᠠᠭ᠋ᠠᠯᠠᠵᠤ ᠰᠡᠷᠭᠦᠭᠡᠨ ᠵᠠᠰᠠᠬᠤ ᠵᠢ ᠴᠢᠩᠭ᠋ᠠᠳᠬᠠᠬᠤ ᠵᠢᠨ ᠲᠣᠭᠤᠷᠢᠨ᠎ᠳᠤ᠂ ᠨᠢᠭᠡ ᠪᠦᠯᠦᠭ ᠴᠢᠬᠤᠯᠠ ᠶᠡᠭᠡ ᠢᠨᠵᠧᠨᠧᠷᠢᠩ᠎ᠢ ᠬᠡᠷᠡᠭᠵᠢᠭᠦᠯᠵᠦ᠂ ᠨᠢᠭᠡ ᠪᠦᠯᠦᠭ ᠴᠢᠬᠤᠯᠠ ᠶᠡᠭᠡ ᠥᠭᠡᠷᠡᠴᠢᠯᠡᠯᠲᠡ ᠬᠢᠵᠦ᠂ 《ᠨᠤᠲᠤᠭ ᠪᠡᠯᠴᠢᠭᠡᠷ ᠳᠡᠭᠡᠷ᠎ᠡ ᠳᠤᠷ᠎ᠠ᠎ᠪᠠᠷ ᠵᠶ᠋ᠠᠨ ᠠᠭᠤᠳᠠᠯᠵᠦ ᠮᠠᠯᠲᠠᠬᠤ᠂ ᠰᠢᠨ᠎ᠡ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠬᠦᠭᠵᠢᠬᠦᠯᠬᠦ ᠵᠡᠷᠭᠡ ᠠᠵᠤ ᠦᠢ᠍ᠯᠡᠳᠪᠦᠷᠢ ᠵᠢᠨ ᠲᠥᠷᠥᠯ ᠵᠦᠢ᠍ᠯ᠎ᠢ ᠴᠢᠩᠭ᠎ᠠ ᠴᠠᠭ᠋ᠠᠵᠠᠯᠠᠵᠦ᠂ ᠪᠠᠶ᠋ᠢᠭᠤᠯᠵᠤ ᠡᠵᠡᠩᠨᠡᠬᠦ ᠵᠢ ᠨᠢᠭᠡᠨᠲᠡ ᠵᠥᠪᠰᠢᠶᠡᠷᠡᠭᠰᠡᠨ ᠠᠭᠤᠷᠬᠠᠶ᠂ ᠰᠠᠯᠬᠢᠨ ᠬᠦᠴᠤᠨ᠎ᠤ ᠴᠠᠬᠢᠯᠭ᠋ᠠᠨ᠂ ᠬᠡᠷᠡᠯ ᠴᠡᠨᠡᠭ ᠵᠡᠷᠭᠡ ᠲᠥᠷᠥᠯ ᠵᠦᠢ᠍ᠯ᠎ᠤᠨ ᠬᠤᠭᠤᠴᠠᠭ᠎ᠠ᠎ᠨᠢ ᠲᠤᠯᠪᠠᠯ ᠤᠬᠤᠷᠢᠨ ᠭᠠᠷᠭ᠋ᠠᠬᠤ》 ᠵᠡᠷᠭᠡ ᠰᠢᠢ᠍ᠳᠪᠦᠷᠢᠲᠦ ᠪᠣᠳᠣᠯᠭ᠎ᠠ ᠲᠤᠭᠳᠠᠭ᠋ᠠᠵᠦ᠂ ᠨᠤᠲᠤᠭ ᠪᠡᠯᠴᠢᠭᠡᠷ᠂ ᠣᠶ ᠰᠢᠭᠤᠶ ᠵᠢᠨ ᠪᠦᠲᠦᠭᠡᠨ ᠪᠠᠶ᠋ᠢᠭᠤᠯᠤᠯᠲᠠ ᠵᠢᠨ ᠲᠠᠯᠠᠪᠠᠶ ᠪᠣᠯᠤᠨ ᠡᠯᠡᠰᠦᠷᠬᠡᠭᠵᠢᠭᠰᠡᠨ ᠭᠠᠵᠠᠷ ᠰᠢᠷᠣᠶ ᠵᠢ ᠵᠠᠰᠠᠬᠰᠠᠨ ᠲᠠᠯᠠᠪᠠᠶ ᠪᠦᠬᠦ ᠤᠯᠤᠰ᠎ᠤᠨ ᠲᠡᠷᠢᠭᠦᠨ᠎ᠳᠤ ᠣᠷᠣᠵᠦ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠳ᠋ ᠬᠥᠷᠥᠩᠭᠡ ᠵᠢᠨ ᠦᠷᠢ ᠰᠢᠷᠢ ᠵᠢᠨ ᠬᠦᠰᠦᠨᠦᠭᠲᠦ ᠵᠢ ᠨᠠᠶ᠋ᠢᠷᠠᠭᠤᠯᠤᠨ ᠵᠣᠬᠢᠶᠠᠬᠤ᠂ ᠤᠳᠤᠷᠢᠳᠬᠤ ᠺᠠᠳ᠋ᠷ᠎ᠤᠨ ᠲᠤᠰᠢᠶᠠᠯ᠎ᠠᠴᠠ᠎ᠪᠠᠨ ᠰᠠᠯᠬᠤ ᠦᠶ᠎ᠡ ᠵᠢᠨ ᠪᠠᠶ᠋ᠢᠭ᠋ᠠᠯᠢ ᠵᠢᠨ ᠡᠬᠢ ᠪᠠᠶᠠᠯᠢᠭ ᠡᠳ᠋ ᠬᠥᠷᠥᠩᠭᠡ ᠵᠢᠨ ᠬᠢᠨᠠᠨ ᠪᠣᠳᠣᠯᠲᠠ᠂ ᠤᠯᠤᠰ᠎ᠤᠨ ᠥᠮᠴᠢᠯᠡᠯ᠎ᠤᠨ ᠰᠢᠭᠤᠶ᠋ᠢᠲᠤ ᠣᠷᠣᠨ᠎ᠤ ᠥᠭᠡᠷᠡᠴᠢᠯᠡᠯᠲᠡ ᠵᠡᠷᠭᠡ ᠠᠵᠢᠯ ᠢᠯᠡᠳᠲᠡ ᠦᠷ᠎ᠡ ᠪᠦᠲᠦᠮᠵᠢ ᠤᠯᠵᠦ᠂ ᠬᠦᠭᠡ ᠣᠭᠲᠠᠷᠭᠤᠶ᠂ ᠬᠦᠭᠡᠮᠳᠦᠭ ᠤᠰᠤ᠂ ᠴᠡᠪᠡᠷ ᠬᠥᠷᠥᠰᠥ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠤ ᠱᠠᠲᠤᠴᠢ ᠴᠢᠨᠠᠷᠲᠠᠶ ᠡᠭᠦᠷᠭᠡ ᠵᠢ ᠤᠷᠤᠭᠰᠢᠲᠠᠶ ᠪᠡᠶᠡᠯᠡᠭᠦᠯᠵᠦ᠂ ᠠᠮᠢ ᠠᠬᠤᠢ ᠣᠷᠴᠢᠨ ᠲᠣᠭᠤᠷᠢᠨ᠎ᠤ ᠴᠢᠨᠠᠷ ᠴᠢᠨᠰᠠᠭ᠎ᠠ ᠦᠷᠭᠦᠯᠵᠢᠯᠡᠨ ᠰᠠᠶ᠋ᠢᠵᠢᠷᠠᠵᠦ᠂ ᠦᠵᠡᠰᠬᠦᠯᠡᠩᠲᠦ ᠰᠠᠶ᠋ᠢᠬᠠᠨ ᠥᠪᠥᠷ ᠮᠣᠩᠭᠤᠯ᠎ᠤᠨ ᠪᠦᠲᠦᠭᠡᠨ ᠪᠠᠶ᠋ᠢᠭᠤᠯᠤᠯᠲᠠ ᠴᠢᠬᠤᠯᠠ ᠶᠡᠭᠡ ᠠᠯᠬᠤᠮ᠎ᠢ ᠠᠯᠬᠤᠪᠠ᠃
      ᠣᠲᠣ ᠥᠪᠥᠷ ᠮᠣᠩᠭᠤᠯ᠎ᠤᠨ ᠠᠮᠢ ᠠᠬᠤᠶ ᠣᠷᠴᠢᠨ ᠲᠣᠭᠤᠷᠢᠨ᠎ᠤ ᠬᠠᠮᠠᠭ᠋ᠠᠯᠠᠯᠲᠠ ᠪᠥᠲᠥᠭᠡᠨ ᠪᠠᠶ᠋ᠢᠭᠤᠯᠤᠯᠲᠠ ᠴᠢᠪ ᠬᠡᠮᠡᠨ 《ᠤᠷᠤᠭᠰᠢᠯᠠᠪᠠᠯ ᠢᠯᠠᠵᠦ᠂ ᠤᠷᠤᠭᠰᠢᠯᠠᠬᠤ ᠥᠬᠡᠶ ᠪᠣᠯ ᠤᠬᠤᠷᠢᠬᠤ》 ᠲᠡᠦᠬᠡ ᠵᠢᠨ ᠵᠠᠩᠭᠢᠯᠠᠭ᠎ᠠ ᠵᠢᠨ ᠬᠤᠭᠤᠴᠠᠭ᠋ᠠᠨ᠎ᠳᠤ ᠣᠷᠣᠰᠢᠵᠤ ᠪᠠᠶ᠋ᠢᠨ᠎ᠠ᠂ ᠪᠢᠳᠡ ᠦᠷᠭᠦᠯᠵᠢᠯᠡᠨ ᠪᠠᠶ᠋ᠢᠯᠳᠤᠬᠤ ᠪᠣᠳᠣᠯᠭ᠎ᠠ ᠵᠢᠨ ᠲᠣᠭᠲᠠᠯ ᠬᠦᠴᠦᠨ ᠵᠶ᠋ᠠᠨ ᠪᠠᠲᠤᠯᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ᠂ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠪᠠ ᠦᠷ᠎ᠡ ᠳ᠋ᠦᠩ ᠵᠶ᠋ᠠᠷ ᠤᠳᠤᠷᠢᠳᠤᠮᠵᠢ ᠪᠣᠯᠭ᠋ᠠᠬᠤ ᠵᠢ ᠴᠢᠩᠭ᠋ᠠᠳᠬᠠᠵᠤ᠂ ᠳᠤᠲᠠᠭᠤᠳᠠᠯ ᠪᠠᠭᠤᠷᠠᠶ ᠲᠠᠯ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠦᠴᠦᠨ ᠵᠶ᠋ᠠᠨ ᠲᠥᠪᠯᠡᠷᠡᠭᠦᠯᠵᠦ ᠦᠷᠭᠦᠯᠵᠢᠯᠡᠨ ᠪᠣᠭᠤᠮᠲᠠ ᠰᠢᠪᠲᠤᠯᠤᠨ᠎ᠠ᠃ ᠨᠢᠭᠡ᠎ᠳᠤ᠂ 《ᠵᠠᠰᠠᠬᠤ》 ᠲᠠᠯ᠎ᠠ᠎ᠪᠠᠷ ᠰᠢᠪᠲᠤᠯᠤᠯᠲᠠ ᠭᠠᠷᠭ᠋ᠠᠬᠤ᠎ᠪᠠᠷ ᠴᠢᠷᠮᠠᠶ᠋ᠢᠨ᠎ᠠ᠃ ᠶᠡᠷᠦᠩᠬᠡᠶ᠋ᠢᠯᠡᠨ ᠵᠠᠰᠠᠬᠤ᠂ ᠰᠢᠰᠲ᠋ᠧᠮ᠎ᠲᠠᠢ ᠵᠠᠰᠠᠬᠤ᠂ ᠡᠬᠢ ᠡᠭᠦᠰᠦᠯ᠎ᠠᠴᠠ᠎ᠨᠢ ᠵᠠᠰᠠᠬᠤ ᠰᠡᠳᠬᠢᠬᠦᠢ ᠵᠢ ᠪᠤᠢ ᠪᠣᠯᠭ᠋ᠠᠵᠤ᠂ ᠨᠤᠲᠤᠭ ᠪᠡᠯᠴᠢᠭᠡᠷ ᠪᠠ ᠤᠢ ᠰᠢᠭᠤᠢ ᠵᠢ ᠬᠠᠮᠠᠭ᠋ᠠᠯᠠᠬᠤ ᠵᠢ ᠠᠮᠢ ᠠᠬᠤᠢ ᠵᠢᠨ ᠰᠢᠰᠲ᠋ᠧᠮ᠎ᠤᠨ ᠬᠠᠮᠠᠭ᠋ᠠᠯᠠᠯᠲᠠ ᠵᠢᠨ ᠲᠡᠷᠢᠭᠦᠨ ᠴᠢᠬᠤᠯᠠ ᠡᠭᠦᠷᠭᠡ ᠪᠣᠯᠭ᠋ᠠᠵᠤ᠂ ᠠᠭᠤᠯᠠ ᠵᠢ ᠵᠠᠰᠠᠬᠤ᠂ ᠤᠰᠤ ᠵᠢ ᠵᠠᠰᠠᠬᠤ᠂ ᠤᠢ ᠰᠢᠭᠤᠢ ᠵᠢ ᠵᠠᠰᠠᠬᠤ᠂ ᠲᠠᠷᠢᠶᠠᠨ ᠭᠠᠵᠠᠷ᠎ᠢ ᠵᠠᠰᠠᠬᠤ᠂ ᠨᠠᠭᠤᠷ ᠴᠥᠭᠦᠷᠥᠮ᠎ᠢ ᠵᠠᠰᠠᠬᠤ᠂ ᠨᠤᠳᠤᠬ ᠪᠡᠯᠴᠢᠭᠡᠷ᠎ᠢ ᠵᠠᠰᠠᠬᠤ᠂ ᠡᠯᠡᠰᠦ ᠵᠢ ᠵᠠᠰᠠᠬᠤ ᠵᠢ ᠪᠦᠬᠦᠯᠢ ᠴᠣᠭᠴᠠ᠎ᠪᠠᠷ᠎ᠨᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠮᠢ ᠠᠬᠤᠢ ᠵᠢᠨ ᠮᠠᠭᠤᠳᠠᠯ᠎ᠤᠨ ᠴᠡᠭ᠂ ᠬᠡᠰᠡᠭ ᠪᠦᠯᠦᠭ᠂ ᠱᠤᠭᠤᠮ ᠪᠦᠰᠡ ᠪᠠ 《ᠬᠤᠭ ᠨᠣᠪᠰᠢ ᠬᠤᠳᠠ ᠵᠢ ᠬᠦᠷᠢᠶᠡᠯᠡᠬᠦ》᠂ 《ᠬᠦᠨᠳᠦ ᠬᠢᠮᠢ ᠵᠢᠨ ᠠᠵᠤ ᠦᠢ᠍ᠯᠡᠳᠪᠤᠷᠢ ᠬᠤᠳᠠ ᠵᠢ ᠬᠦᠷᠢᠶᠡᠯᠡᠬᠦ》 ᠵᠡᠷᠭᠡ ᠲᠤᠪᠤᠶ᠋ᠢᠮ᠎ᠠ ᠠᠰᠠᠭᠤᠳᠠᠯ᠎ᠢ ᠲᠤᠰᠬᠠᠢ ᠴᠡᠭᠴᠡᠯᠡᠨ ᠵᠠᠰᠠᠬᠤ ᠵᠢ ᠴᠢᠩᠭ᠋ᠠᠳᠬᠠᠵᠤ᠂ ᠦᠴᠦᠬᠡᠨ ᠴᠦ᠍ ᠦᠯᠡᠳᠡᠭᠡᠯ ᠦᠭᠡᠢ ᠵᠠᠰᠠᠬᠤ ᠵᠢ ᠦᠨᠡᠨ ᠬᠦ᠌ ᠪᠠᠲᠤᠯᠠᠨ᠎ᠠ᠃ ᠬᠤᠶᠠᠷ᠎ᠲᠤ 《ᠲᠣᠬᠢᠷᠠᠭᠤᠯᠬᠤ》 ᠲᠠᠯ᠎ᠠ᠎ᠪᠠᠷ ᠦᠨᠡᠨ ᠪᠣᠳᠠᠲᠠᠶ ᠬᠢᠨ᠎ᠠ᠃ ᠡᠨᠧᠷᠭᠢ ᠠᠷᠪᠢᠯᠠᠵᠤ ᠪᠣᠬᠢᠷᠲᠤᠯ᠎ᠢ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠵᠢ 《ᠬᠠᠲᠠᠭᠤ ᠪᠠᠷᠢᠮᠵᠢᠶ᠎ᠠ》 ᠪᠣᠯᠭ᠋ᠠᠵᠤ᠂ ᠤᠯᠠᠭ᠋ᠠᠨ ᠱᠤᠭᠤᠮ ᠵᠢᠷᠤᠵᠤ᠂ ᠵᠠᠭ᠋ᠠᠭ ᠱᠤᠭᠤᠮ᠎ᠢ ᠲᠣᠳᠣᠷᠬᠠᠶ᠋ᠢᠯᠠᠨ᠂ ᠬᠤᠷᠢᠭ᠎ᠠ ᠱᠤᠭᠤᠮ᠎ᠢ ᠲᠣᠳᠣᠷᠬᠠᠢ ᠪᠣᠯᠭ᠋ᠠᠵᠤ᠂ ᠠᠭᠤᠷᠬᠠᠢ ᠵᠢᠨ ᠡᠬᠢ ᠪᠠᠶᠠᠯᠢᠭ ᠪᠤᠯᠭ᠋ᠠᠨ᠎ᠢ ᠴᠥᠮ ᠮᠠᠯᠲᠠᠵᠤ ᠤᠬᠳᠦ ᠪᠣᠯᠬᠤ ᠦᠭᠡᠢ᠂ ᠠᠭᠤᠷᠬᠠᠢ ᠵᠢᠨ ᠡᠬᠢ ᠪᠠᠶᠠᠯᠢᠭ᠎ᠲᠠᠢ ᠭᠠᠵᠠᠷ ᠣᠷᠣᠨ᠎ᠳᠤ ᠡᠨᠧᠷᠭᠢ ᠡᠬᠢ ᠪᠠᠶᠠᠯᠢᠭ᠎ᠤᠨ ᠬᠡᠯᠪᠡᠷᠢ ᠵᠢᠨ ᠠᠵᠤ ᠦᠢ᠍ᠯᠡᠰ᠎ᠢ ᠪᠠᠶ᠋ᠢᠭᠤᠯᠵᠤ ᠤᠬᠳᠦ ᠪᠣᠯᠬᠤ ᠦᠭᠡᠢ᠂ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ ᠪᠠ ᠬᠤᠪᠢᠷᠠᠭᠤᠯᠬᠤ ᠵᠢ ᠪᠦᠳᠦᠭᠦᠯᠢᠭ ᠵᠶ᠋ᠠᠷ᠂ ᠳᠣᠣᠷᠠᠳᠤ ᠲᠦᠪᠰᠢᠨ ᠵᠶ᠋ᠠᠷ ᠬᠢᠵᠦ ᠤᠬᠳᠦ ᠪᠣᠯᠬᠤ ᠦᠭᠡᠢ᠂ ᠪᠡᠶᠡᠴᠢ ᠴᠣᠭᠴᠠ ᠵᠢᠨ ᠴᠢᠳᠠᠮᠵᠢ ᠵᠢᠨ ᠪᠠᠶ᠋ᠢᠷᠢ ᠲᠣᠭᠲᠠᠭ᠋ᠠᠯᠲᠠ ᠵᠢ ᠬᠠᠶ᠋ᠢᠬᠤᠷᠤᠯ ᠦᠭᠡᠢ᠎ᠪᠠᠷ ᠶᠠᠮᠠᠷ ᠠᠵᠤ ᠦᠢ᠍ᠯᠡᠰ᠎ᠢ ᠴᠦ᠍ ᠭᠡᠳ ᠪᠦᠷ ᠬᠦᠭᠵᠢᠭᠦᠯᠵᠦ ᠤᠬᠳᠦ ᠪᠣᠯᠬᠤ ᠦᠭᠡᠢ᠃ ᠭᠤᠷᠪᠠ᠎ᠳᠤ 《ᠴᠠᠭ᠋ᠠᠵᠠᠯᠠᠬᠤ》 ᠲᠠᠯ᠎ᠠ᠎ᠪᠠᠷ ᠴᠢᠩᠭ᠎ᠠ ᠠᠷᠭ᠎ᠠ ᠬᠡᠮᠵᠢᠶ᠎ᠠ ᠵᠢ ᠭᠡᠷᠡᠭᠵᠢᠭᠦᠯᠦᠨ᠎ᠠ᠃ ᠠᠮᠢ ᠠᠬᠤᠶ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠠᠮᠤᠭ᠎ᠤᠨ ᠴᠢᠩᠭ᠎ᠠ ᠲᠦᠷᠢᠮ᠎ᠢ ᠨᠠᠶ᠋ᠢᠳᠠᠪᠤᠷᠢᠵᠢᠭᠤᠯᠵᠤ᠂ ᠬᠤᠬᠢᠷᠠᠯ᠎ᠢ ᠳᠥᠯᠥᠬᠦ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠱᠠᠭ᠋ᠠᠷᠳᠠᠯᠭ᠎ᠠ ᠵᠢ ᠦᠨᠡᠨ ᠬᠦ᠌ ᠴᠢᠩᠭ᠋ᠠᠳᠬᠠᠵᠦ᠂ ᠠᠮᠢ ᠠᠬᠤᠶ ᠣᠷᠴᠢᠨ ᠲᠣᠭᠤᠷᠢᠨ᠎ᠢ ᠡᠪᠳᠡᠭᠰᠡᠨ ᠠᠵᠢᠯᠯᠠᠭ᠎ᠠ ᠵᠢ ᠤᠬᠳᠤ ᠠᠭᠤᠴᠢᠯᠠᠬᠤ ᠦᠭᠡᠢ ᠪᠠᠶ᠋ᠢᠵᠤ᠂ ᠨᠢᠭᠡ ᠵᠢ ᠢᠯᠡᠷᠡᠭᠦᠯᠪᠡᠯ ᠨᠢᠭᠡ ᠵᠢ ᠡᠷᠡᠰ ᠪᠠᠶ᠋ᠢᠴᠠᠭ᠋ᠠᠨ ᠰᠢᠢ᠍ᠳᠪᠦᠷᠢᠯᠡᠵᠦ᠂ ᠶᠠᠮᠠᠷᠪᠠ ᠬᠥᠮᠦᠨ ᠶᠠᠮᠠᠷᠪᠠ ᠭᠠᠵᠠᠷ ᠣᠷᠣᠨ᠎ᠳᠤ ᠪᠦᠷ ᠠᠳᠠᠯᠢᠬᠠᠨ ᠭᠡᠷᠡᠭᠵᠢᠭᠦᠯᠦᠨ᠎ᠠ᠃
     《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠥᠪᠥᠷ ᠮᠣᠩᠭᠤᠯ ᠵᠶ᠋ᠠᠨ ᠮᠠᠨᠳᠤᠭᠤᠯᠬᠤ》 ᠵᠢ ᠪᠤᠲᠠᠲᠠᠢ ᠪᠦᠭᠡᠳ ᠭᠦᠨᠵᠡᠭᠡᠢ ᠬᠢᠨ᠎ᠠ
      ᠰᠤᠷᠪᠤᠯᠵᠢᠯᠠᠭᠴᠢ
᠄ ᠰᠢᠨ᠎ᠡ ᠵᠢ ᠡᠭᠦᠳᠬᠦ ᠪᠣᠯ ᠬᠥᠭᠵᠢᠯᠲᠡ ᠵᠢ ᠬᠥᠲᠥᠯᠥᠨ ᠳᠠᠭ᠋ᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠮᠥᠨ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠦᠪᠦᠷ ᠮᠣᠩᠭᠤᠯ ᠵᠶ᠋ᠠᠨ ᠮᠠᠨᠳᠤᠭᠤᠯᠬᠤ》 ᠵᠢ ᠬᠡᠷᠬᠢᠨ ᠪᠤᠲᠠᠲᠠᠢ ᠪᠦᠭᠡᠳ ᠭᠦᠨᠵᠡᠭᠡᠢ ᠬᠢᠬᠦ ᠪᠤᠢ?
      ᠱ᠌ᠢ᠎ᠲᠠᠢ ᠹᠧᠩ᠄ ᠥᠪᠥᠷ ᠮᠣᠩᠭᠤᠯ᠎ᠤᠨ ᠰᠢᠨ᠎ᠡ ᠵᠢ ᠡᠭᠦᠳᠬᠦ ᠰᠠᠭᠤᠷᠢ ᠪᠠᠭᠤᠷᠠᠶ᠂ ᠴᠢᠳᠠᠪᠤᠷᠢ ᠬᠦᠷᠦᠯᠴᠡᠬᠦ ᠥᠬᠡᠶ᠂ ᠴᠢᠳᠠᠪᠤᠷᠢᠲᠠᠨ ᠳᠤᠲᠠᠭᠳᠠᠵᠤ ᠪᠠᠶ᠋ᠢᠭ᠎ᠠ ᠠᠰᠠᠭᠤᠳᠠᠯ ᠨᠡᠯᠢᠶᠡᠳ ᠲᠣᠪᠤᠶ᠋ᠢᠮ᠎ᠠ ᠪᠠᠶ᠋ᠢᠨ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠭ᠋ᠠᠨ ᠪᠠ ᠲᠤᠷᠰᠢᠯᠲᠠ ᠬᠥᠭᠵᠢᠯᠲᠡ ᠵᠢᠨ ᠵᠠᠷᠤᠳᠠᠯ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠲᠤ ᠡᠵᠡᠯᠡᠬᠦ ᠬᠤᠪᠢ ᠵᠢᠨ ᠵᠢᠩ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠪᠰᠢᠯᠲᠠ ᠵᠢᠨ ᠠᠵᠤ ᠠᠬᠤᠶ ᠵᠢᠨ ᠨᠡᠮᠡᠭᠳᠡᠯ᠎ᠳᠤ ᠦᠵᠡᠭᠦᠯᠬᠦ ᠬᠤᠪᠢ ᠨᠡᠮᠡᠷᠢ ᠵᠢᠨ ᠨᠣᠷᠮ᠎ᠠ᠎ᠨᠢ ᠪᠥᠬᠦ ᠤᠯᠤᠰ᠎ᠤᠨ ᠳᠤᠮᠳᠠᠴᠢ ᠲᠦᠪᠰᠢᠨ᠎ᠠᠴᠠ ᠳᠤᠤᠷ᠎ᠠ᠂ ᠬᠡᠪᠴᠢᠶᠡᠵᠢᠯ᠎ᠠᠴᠠ ᠳᠡᠭᠡᠭᠰᠢᠬᠢ ᠠᠵᠤ ᠠᠬᠤᠶ᠋ᠢᠯᠠᠯ᠎ᠤᠨ ᠰᠤᠳᠤᠯᠭ᠋ᠠᠠ ᠬᠢᠵᠦ ᠨᠡᠭᠡᠭᠡᠠ ᠬᠦᠭᠵᠢᠭᠦᠯᠬᠦ ᠠᠵᠢᠯᠯᠠᠭ᠎ᠠ ᠬᠢᠵᠦ ᠪᠠᠶ᠋ᠢᠭ᠎ᠠ᠎ᠨᠢ 10%᠎ᠳᠤ ᠬᠥᠷᠬᠦ ᠥᠬᠡᠶ ᠪᠠᠶ᠋ᠢᠨ᠎ᠠ᠃ ᠪᠢᠳᠡ 《ᠰᠢᠨ᠎ᠡ ᠵᠢ ᠡᠭᠦᠳᠬᠦ ᠵᠢ ᠠᠳᠬᠤᠬᠤ ᠪᠣᠯ ᠬᠥᠭᠵᠢᠯᠲᠡ ᠵᠢ ᠠᠳᠬᠤᠬᠤ ᠶᠠᠪᠤᠳᠠᠯ ᠮᠥᠨ᠂ ᠰᠢᠨ᠎ᠡ ᠵᠢ ᠡᠭᠦᠳᠬᠦ ᠵᠢ ᠰᠦᠪᠡᠭᠴᠢᠯᠡᠬᠦ ᠪᠣᠯ ᠢᠷᠡᠭᠡᠳᠦᠶ ᠵᠢ ᠲᠥᠯᠥᠪᠵᠢᠭᠦᠯᠬᠦ ᠶᠠᠪᠤᠳᠠᠯ ᠮᠥᠨ》 ᠭᠡᠬᠦ ᠪᠠ 《ᠬᠥᠭᠵᠢᠭᠡᠳᠦᠶ ᠭᠠᠵᠠᠷ ᠣᠷᠣᠨ᠎ᠳᠤ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠬᠤ ᠪᠠᠶ᠋ᠢᠯᠳᠤᠬᠤ ᠪᠣᠳᠣᠯᠭ᠎ᠠ ᠵᠢ ᠨᠡᠩ ᠢᠯᠡᠬᠦᠦ ᠬᠡᠷᠡᠭᠵᠢᠭᠦᠯᠬᠦ ᠴᠢᠬᠤᠯᠠᠲᠠᠶ》 ᠭᠡᠬᠦ ᠤᠬᠠᠮᠰᠠᠷ ᠵᠶ᠋ᠠᠨ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠳᠡ᠎ᠪᠠᠷ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠵᠠᠮ ᠵᠶ᠋ᠠᠷ ᠰᠠᠶ᠋ᠢᠲᠤᠷ ᠵᠠᠮᠨᠠᠬᠤ ᠪᠠᠶ᠋ᠢᠯᠳᠤᠬᠤ ᠪᠣᠳᠣᠯᠭ᠎ᠠ ᠵᠢᠨ ᠲᠤᠯᠭ᠋ᠠᠭᠤᠷᠢᠯᠠᠯ ᠪᠣᠯᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠪᠥᠬᠦ ᠲᠠᠯ᠎ᠠ᠎ᠪᠠᠷ ᠳᠡᠭᠡᠭᠰᠢᠯᠡᠭᠦᠯᠬᠦ ᠵᠢ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠥᠭᠵᠢᠯᠲᠡ ᠵᠢᠨ ᠲᠡᠷᠢᠭᠦᠨ ᠴᠢᠬᠤᠯᠠ ᠡᠭᠦᠷᠭᠡ ᠪᠣᠯᠭ᠋ᠠᠵᠤ᠂ ᠵᠤᠬᠢᠰᠳᠠᠢ ᠵᠢ᠎ᠨᠢ ᠬᠢᠵᠦ ᠵᠤᠬᠢᠰ ᠦᠭᠡᠢ ᠵᠢ᠎ᠨᠢ ᠦᠯᠦ ᠬᠢᠬᠦ ᠵᠢ ᠪᠠᠷᠢᠮᠲᠠᠯᠠᠵᠤ᠂ ᠴᠢᠬᠤᠯᠠ ᠶᠡᠭᠡ ᠠᠵᠢᠯᠯᠠᠭ᠎ᠠ᠎ᠪᠠᠷ ᠪᠣᠭᠤᠮᠲᠠ ᠰᠢᠪᠲᠤᠯᠬᠤ ᠵᠢ ᠠᠬᠢᠭᠤᠯᠬᠤ ᠵᠢ ᠪᠠᠷᠢᠮᠲᠠᠯᠠᠵᠤ᠂ ᠥᠪᠥᠷ ᠮᠣᠩᠭᠤᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠬᠢᠵᠠᠭ᠋ᠠᠷᠯᠠᠵᠤ ᠪᠠᠶ᠋ᠢᠭ᠎ᠠ ᠡᠨᠡ ᠬᠦ᠌ ᠬᠠᠮᠤᠭ᠎ᠤᠨ ᠶᠡᠭᠡ ᠪᠣᠭᠤᠮᠢ ᠵᠢ ᠰᠢᠢ᠍ᠳᠪᠦᠷᠢᠯᠡᠬᠦ ᠲᠠᠯ᠎ᠠ᠎ᠪᠠᠷ ᠠᠯᠢ ᠲᠦᠷᠭᠡᠨ ᠵᠶ᠋ᠠᠷ ᠪᠤᠳᠠᠳᠤ ᠰᠢᠪᠲᠤᠯᠤᠯᠲᠠ ᠭᠠᠷᠭ᠋ᠠᠬᠤ᠎ᠪᠠᠷ ᠴᠢᠷᠮᠠᠶ᠋ᠢᠨ᠎ᠠ᠃
      ᠨᠢᠭᠡ᠎ᠳᠤ᠂ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠪᠤᠭᠤᠮᠳᠠ ᠰᠢᠪᠳᠤᠯᠬᠤ ᠠᠵᠢᠯᠯᠠᠭ᠎ᠠ ᠵᠢ ᠬᠡᠷᠡᠭᠵᠢᠭᠦᠯᠦᠨ᠎ᠡ᠃ ᠰᠤᠳᠤᠯᠭ᠋ᠠᠨ ᠪᠠ ᠲᠤᠷᠰᠢᠯᠲᠠ ᠬᠢᠵᠦ ᠨᠡᠭᠡᠭᠡᠨ ᠬᠥᠭᠵᠢᠭᠦᠯᠬᠦ ᠣᠷᠣᠭᠤᠯᠤᠯᠲᠠ ᠵᠢᠨ ᠡᠷᠴᠢᠮ᠎ᠢ ᠬᠢᠨᠠᠨ ᠰᠢᠯᠭ᠋ᠠᠬᠤ ᠵᠢ ᠴᠢᠩᠭ᠋ᠠᠳᠬᠠᠵᠤ᠂ ᠵᠠᠰᠠᠭ᠎ᠤᠨ ᠣᠷᠳᠣᠨ᠎ᠤ ᠣᠷᠣᠭᠤᠯᠤᠯᠲᠠ ᠵᠢᠨ ᠵᠠᠶ᠋ᠢᠯᠠᠰᠢ ᠦᠭᠡᠢ ᠨᠡᠮᠡᠭᠳᠡᠯ᠎ᠤᠨ ᠲᠣᠭᠲᠡᠴᠡ ᠪᠠ ᠨᠡᠶ᠋ᠢᠭᠡᠮ᠎ᠤᠨ ᠣᠯᠠᠨ ᠠᠷᠭ᠎ᠠ ᠵᠠᠮ᠎ᠤᠨ ᠣᠷᠣᠭᠤᠯᠤᠯᠲᠠ ᠵᠢ ᠤᠷᠮᠠᠰᠢᠭᠤᠯᠬᠤ ᠲᠣᠭᠲᠡᠴᠡ ᠵᠢ ᠪᠠᠶ᠋ᠢᠭᠤᠯᠵᠤ᠂ ᠪᠥᠬᠦ ᠨᠡᠶ᠋ᠢᠭᠡᠮ᠎ᠤᠨ ᠰᠤᠳᠤᠯᠤᠨ ᠨᠡᠭᠡᠭᠡᠬᠦ ᠵᠠᠷᠤᠳᠠᠯ᠎ᠤᠨ ᠣᠷᠣᠭᠤᠯᠤᠯᠲᠠ ᠵᠢ ᠦᠷᠭᠦᠯᠵᠢᠯᠡᠨ ᠶᠡᠭᠡ᠎ᠪᠠᠷ ᠨᠡᠮᠡᠭᠳᠡᠭᠦᠯᠬᠦ ᠵᠢ ᠪᠠᠲᠤᠯᠠᠵᠤ᠂ ᠪᠥᠬᠦ ᠤᠯᠤᠰ᠎ᠤᠨ ᠳᠤᠮᠳᠠᠴᠢ ᠲᠦᠪᠰᠢᠨ᠎ᠯᠦᠭᠡ ᠵᠢᠨ ᠵᠥᠷᠢᠶ᠎ᠡ ᠵᠢ ᠠᠯᠬᠤᠮ ᠠᠯᠬᠤᠮ ᠵᠶ᠋ᠠᠷ ᠪᠠᠭ᠋ᠠᠰᠬᠠᠨ᠎ᠠ᠃
      ᠬᠤᠶᠠᠷ᠎ᠲᠤ᠂ ᠥᠪᠡᠷᠮᠢᠴᠡ ᠣᠨᠴᠠᠯᠢᠭ᠎ᠲᠠᠢ ᠰᠢᠨ᠎ᠡ ᠵᠢ ᠡᠭᠦᠳᠬᠦ ᠲᠠᠪᠴᠠᠩ᠎ᠤᠨ ᠠᠴᠢᠶᠠᠯᠠᠪᠤᠷᠢ ᠵᠢ ᠪᠠᠶ᠋ᠢᠭᠤᠯᠤᠨ᠎ᠠ᠃ ᠠᠵᠤ ᠦᠢ᠍ᠯᠡᠰ᠎ᠤᠨ ᠬᠡᠯᠬᠢᠶ᠎ᠡ ᠵᠢ ᠬᠠᠩᠭ᠋ᠠᠯᠭ᠎ᠠ ᠵᠢᠨ ᠬᠡᠯᠬᠢᠶ᠎ᠡ᠎ᠲᠠᠢ ᠨᠢᠭᠲᠠ ᠤᠶᠠᠯᠳᠤᠭᠤᠯᠤᠨ ᠰᠢᠨ᠎ᠡ ᠵᠢ ᠡᠭᠦᠳᠬᠦ ᠬᠡᠯᠬᠢᠶ᠎ᠡ ᠵᠢ ᠪᠠᠶ᠋ᠢᠷᠢᠯᠠᠭᠤᠯᠵᠤ᠂ ᠴᠢᠨᠠᠷ ᠰᠠᠶ᠋ᠢᠲᠠᠢ ᠡᠨᠧᠷᠭᠢ ᠡᠬᠢ ᠪᠠᠶᠠᠯᠢᠭ᠂ ᠠᠮᠢ ᠠᠬᠤᠢ ᠣᠷᠴᠢᠨ ᠲᠤᠭᠤᠷᠢᠨ᠎ᠤ ᠬᠠᠮᠠᠭ᠋ᠠᠯᠠᠯᠲᠠ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠦᠢ᠍ᠯᠡᠳᠪᠦᠷᠢ ᠵᠡᠷᠭᠡ ᠳᠠᠪᠠᠭᠤᠯᠢᠭ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠨᠢᠭᠡ ᠪᠦᠯᠦᠭ ᠭᠤᠣᠯᠳᠠᠯᠭ᠎ᠠ᠎ᠲᠠᠢ ᠲᠤᠷᠰᠢᠯᠲᠠ ᠵᠢᠨ ᠲᠠᠰᠤᠭ ᠪᠠ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ ᠪᠠᠶ᠋ᠢᠷᠢᠰᠢᠭᠤᠯᠵᠤ᠂ ᠴᠢᠬᠤᠯᠠ ᠶᠡᠭᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠤᠭᠤᠮᠲᠠ ᠰᠢᠪᠲᠤᠯᠤᠯᠲᠠ ᠵᠢᠨ ᠠᠵᠢᠯᠯᠠᠭ᠎ᠠ ᠵᠢ ᠭᠡᠷᠡᠭᠵᠢᠭᠦᠯᠵᠦ᠂ ᠰᠢᠨ᠎ᠡ ᠵᠢ ᠡᠭᠦᠳᠬᠦ ᠬᠡᠯᠬᠢᠶ᠎ᠡ ᠦᠷᠲᠡᠭ᠎ᠤᠨ ᠬᠡᠯᠬᠢᠶ᠎ᠡ ᠵᠢᠨ ᠵᠠᠩᠭᠢᠯᠠᠭ᠎ᠠ ᠵᠢᠨ ᠭᠤᠭᠴᠤᠭ᠎ᠠ᠎ᠨᠤᠭᠤᠳ᠎ᠢ ᠴᠢᠷᠮᠠᠶ᠋ᠢᠨ ᠪᠤᠢ ᠪᠣᠯᠭ᠋ᠠᠨ᠎ᠠ᠃
      ᠭᠤᠷᠪᠠ᠎ᠳᠤ᠂ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠭᠤᠣᠯ ᠴᠣᠭᠴᠠ ᠵᠢᠨ ᠪᠠᠶ᠋ᠢᠷᠢ ᠰᠠᠭᠤᠷᠢ ᠵᠢ ᠴᠢᠩᠭ᠋ᠠᠳᠬᠠᠨ᠎ᠠ᠃ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠳᠤᠮᠳᠠ ᠪᠠᠭ᠎ᠠ ᠠᠵᠤ ᠠᠬᠤᠶ᠋ᠢᠯᠠᠯ᠎ᠤᠨ 《ᠬᠤᠶᠠᠷ ᠳᠠᠬᠢᠨ ᠵᠶ᠋ᠠᠷ ᠨᠡᠮᠡᠭᠳᠡᠭᠦᠯᠬᠦ》᠂ ᠤᠯᠤᠰ᠎ᠤᠨ ᠲᠠᠰ᠎ᠤᠨ ᠳᠡᠭᠡᠳᠦ ᠰᠢᠨ᠎ᠡ ᠮᠡᠷᠭᠡᠵᠢᠯ᠎ᠤᠨ ᠲᠣᠭᠤᠷᠢᠭ᠎ᠤᠨ 《ᠴᠢᠨᠠᠷ ᠪᠠ ᠲᠠᠰ᠎ᠢ ᠳᠡᠭᠡᠭᠰᠢᠯᠡᠭᠦᠯᠬᠦ》 ᠵᠢᠴᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠡᠭᠡᠳᠦ ᠰᠢᠨ᠎ᠡ ᠮᠡᠷᠭᠡᠵᠢᠯ᠎ᠤᠨ ᠲᠣᠭᠤᠷᠢᠭ᠎ᠤᠨ 《ᠰᠢᠯᠢᠳᠡᠭ᠎ᠢ᠎ᠨᠢ ᠲᠡᠳᠭᠦᠨ ᠪᠤᠶ᠋ᠢᠵᠢᠭᠤᠯᠬᠤ》 ᠵᠡᠷᠭᠡ ᠠᠵᠢᠯᠯᠠᠭ᠎ᠠ ᠵᠢ ᠬᠡᠷᠡᠭᠵᠢᠭᠦᠯᠵᠦ᠂ ᠡᠯ᠎ᠡ ᠲᠥᠷᠥᠯ᠎ᠤᠨ ᠰᠢᠨ᠎ᠡ ᠵᠢ ᠡᠭᠦᠳᠬᠦ ᠬᠦᠴᠦᠨ ᠵᠦᠢ᠍ᠯ᠎ᠤᠨ ᠠᠵᠤ ᠠᠬᠤᠶ᠋ᠢᠯᠠᠯ᠎ᠳᠤ ᠲᠥᠪᠯᠡᠷᠡᠬᠦ ᠵᠢ ᠠᠬᠢᠭᠤᠯᠤᠨ᠂ ᠨᠢᠭᠡ ᠪᠦᠯᠦᠭ ᠰᠢᠨ᠎ᠡ ᠵᠢ ᠡᠭᠦᠳᠬᠦ ᠬᠡᠯᠪᠡᠷᠢ ᠵᠢᠨ ᠳᠠᠭ᠋ᠠᠭᠤᠯᠤᠭᠴᠢ ᠠᠵᠤ ᠠᠬᠤᠶ᠋ᠢᠯᠠᠯ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠳᠤᠮᠳᠠ ᠪᠠᠭ᠎ᠠ ᠵᠢᠵᠢᠭ ᠠᠵᠤ ᠠᠬᠤᠶ᠋ᠢᠯᠠᠯ᠎ᠤᠨ ᠪᠦᠯᠦᠭᠵᠢᠯ᠎ᠢ ᠲᠦᠷᠬᠡᠨ ᠪᠤᠶ᠋ᠢᠵᠢᠭᠤᠯᠤᠨ᠎ᠠ᠃
      ᠲᠦᠷᠪᠡ᠎ᠳᠤ᠂ ᠴᠢᠳᠠᠪᠤᠷᠢᠲᠠᠨ᠎ᠤ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ᠃ ᠤᠯᠤᠰ᠎ᠤᠨ ᠴᠢᠬᠤᠯᠠ ᠶᠡᠭᠡ ᠴᠢᠳᠠᠪᠤᠷᠢᠲᠠᠨ᠎ᠤ ᠢᠨᠵᠧᠨᠧᠷᠢᠩ᠎ᠲᠠᠢ ᠵᠣᠯᠭ᠋ᠠᠭᠤᠯᠵᠤ᠂ 《ᠨᠢᠭᠡ ᠲᠥᠪ ᠤᠯᠠᠨ ᠴᠡᠭ》᠎ᠤᠨ ᠴᠢᠳᠠᠪᠤᠷᠢᠲᠠᠨ᠎ᠤ ᠠᠵᠢᠯ᠎ᠤᠨ ᠪᠠᠶ᠋ᠢᠷᠢᠰᠢᠯ᠎ᠢ ᠪᠠᠶ᠋ᠢᠭᠤᠯᠬᠤ᠎ᠪᠠᠷ ᠭᠠᠷᠳᠡᠴᠡ ᠪᠣᠯᠭ᠋ᠠᠨ ᠤᠷᠤᠭᠤᠯᠵᠦ ᠠᠪᠴᠢᠷᠠᠬᠤ᠂ ᠬᠦᠮᠦᠵᠢᠬᠦᠯᠬᠦ᠂ ᠬᠡᠷᠡᠭᠯᠡᠬᠦ᠂ ᠦᠯᠡᠳᠡᠭᠡᠬᠦ ᠵᠡᠷᠭᠡ ᠡᠯ᠎ᠡ ᠭᠤᠭᠴᠣᠭ᠋ᠠᠨ᠎ᠤ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠭᠦᠷᠭᠡ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠲᠣᠭᠲᠡᠴᠡ ᠵᠢ ᠲᠡᠭᠦᠯᠳᠡᠷᠵᠢᠭᠦᠯᠵᠦ᠂ ᠰᠢᠨ᠎ᠡ ᠵᠢ ᠡᠭᠦᠳᠬᠦ ᠵᠢ ᠤᠷᠮᠠᠰᠢᠭᠤᠯᠬᠤ ᠪᠠ ᠪᠠᠲᠤᠯᠠᠬᠤ ᠲᠣᠭᠲᠡᠴᠡ ᠵᠢ ᠪᠦᠷᠢᠨᠰᠢᠬᠦᠯᠵᠤ᠂ ᠥᠷᠨᠢᠭᠦᠨ ᠬᠥᠭᠵᠢᠩᠭᠦᠢ ᠰᠠᠶ᠋ᠢᠨ ᠰᠠᠶ᠋ᠢᠬᠠᠨ ᠰᠢᠨ᠎ᠡ ᠵᠢ ᠡᠭᠦᠳᠬᠦ ᠠᠮᠢ ᠠᠬᠤᠢ ᠵᠢ ᠪᠤᠢ ᠪᠣᠯᠭ᠋ᠠᠨ᠎ᠠ᠃


ᠢᠷᠡᠯᠲᠡ᠄ ᠦᠪᠦᠷ ᠮᠣᠩᠭᠤᠯ᠎ᠤᠨ ᠡᠳᠦᠷ᠎ᠤᠨ ᠰᠣᠨᠢᠨ