ᠴᠢᠨᠠᠷ ᠰᠠᠶ᠋ᠢᠲᠠᠶ ᠬᠥᠭᠵᠢᠯᠲᠡ ᠣᠯᠠᠨ ᠵᠶ᠋ᠠᠷ ᠵᠶ᠋ᠠᠨ ᠶᠠᠷᠢᠬᠤ᠂ ᠬᠤᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ᠄ ᠠᠷᠠᠳ ᠲᠦᠮᠡᠨ᠎ᠤ ᠰᠡᠳᠬᠢᠯ ᠬᠠᠨᠤᠮᠵᠢᠲᠠᠶ ᠰᠤᠷᠭ᠋ᠠᠨ ᠬᠥᠮᠦᠵᠢᠯ᠎ᠢ ᠰᠠᠶ᠋ᠢᠲᠤᠷ ᠡᠷᠭᠢᠯᠡᠨ᠎ᠡ
ᠨᠡᠶ᠋ᠢᠲᠡᠯᠡᠭᠰᠡᠨ ᠴᠠᠭ᠄ 2023-04-13
ᠬᠥᠲᠥᠯᠦᠭᠴᠢ᠄ ᠴᠢᠨᠠᠷ ᠰᠠᠢ᠍ᠲᠠᠢ ᠬᠥᠭᠵᠢᠯᠲᠡ ᠵᠢ ᠬᠡᠷᠬᠢᠨ ᠦᠵᠡᠬᠦ ᠪᠣᠢ᠃ ᠥᠨᠢᠳᠡ ᠵᠢᠨ ᠶᠡᠭᠡ ᠪᠤᠳᠤᠯᠭ᠎ᠠ ᠵᠢ ᠪᠡᠶᠡᠯᠡᠭᠦᠯᠬᠦ᠎ᠳᠤ ᠰᠤᠷᠭ᠋ᠠᠨ ᠬᠥᠮᠦᠵᠢᠯ ᠵᠶ᠋ᠠᠷ ᠦᠨᠳᠦᠰᠦ ᠪᠣᠯᠭ᠋ᠠᠨ᠎ᠠ᠃ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠢᠯᠡᠳᠬᠡᠯ᠎ᠳᠤ 《ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠵᠶ᠋ᠠᠷ ᠤᠯᠤᠰ ᠵᠶ᠋ᠠᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠬᠦ》᠂ 《ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠲᠦᠷᠭᠡᠪᠴᠢᠯᠡᠨ ᠪᠦᠲᠦᠭᠡᠨ ᠪᠠᠶ᠋ᠢᠭᠤᠯᠵᠤ᠂ ᠠᠷᠠᠳ ᠲᠦᠮᠡᠨ᠎ᠤ ᠰᠡᠳᠬᠢᠯ ᠬᠠᠨᠤᠮᠵᠢᠲᠠᠶ ᠰᠤᠷᠭ᠋ᠠᠨ ᠬᠥᠮᠦᠵᠢᠯ᠎ᠢ ᠰᠠᠶ᠋ᠢᠲᠤᠷ ᠡᠷᠬᠢᠯᠡᠬᠦ ᠬᠡᠷᠡᠭᠲᠡᠶ》 ᠭᠡᠵᠦ ᠴᠢᠬᠤᠯᠠᠴᠢᠯᠠᠪᠠ᠃ ᠪᠠᠶᠠᠨᠨᠠᠭᠤᠷ᠎ᠤᠨ ᠴᠢᠨᠠᠷ ᠰᠠᠶ᠋ᠢᠲᠠᠢ ᠰᠤᠷᠭ᠋ᠠᠨ ᠬᠥᠮᠦᠵᠢᠯ᠎ᠤᠨ ᠰᠢᠰᠲ᠋ᠧᠮ᠎ᠢ ᠲᠦᠷᠭᠡᠪᠴᠢᠯᠡᠨ ᠪᠠᠶ᠋ᠢᠭᠤᠯᠬᠤ᠂ ᠬᠡᠪ ᠴᠢᠨᠠᠷ᠎ᠤᠨ ᠰᠤᠷᠭ᠋ᠠᠨ ᠬᠥᠮᠦᠵᠢᠯ᠎ᠢ ᠬᠥᠭᠵᠢᠭᠦᠯᠬᠦ᠂ ᠰᠤᠷᠭ᠋ᠠᠨ ᠬᠥᠮᠦᠵᠢᠯ᠎ᠤᠨ ᠡᠷᠬᠡ ᠲᠡᠭᠰᠢ ᠵᠢ ᠠᠬᠢᠭᠤᠯᠬᠤ ᠲᠠᠯ᠎ᠠ᠎ᠪᠠᠷ ᠬᠡᠷᠬᠢᠨ ᠬᠢᠭᠰᠡᠨ ᠪᠤᠢ? ᠥᠨᠥᠳᠦᠷ ᠪᠢᠳᠡ ᠪᠠᠶᠠᠨᠨᠠᠭᠤᠷ ᠬᠤᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶᠠᠨ᠎ᠤ ᠳᠠᠷᠤᠭ᠎ᠠ ᠯᠢ ᠶᠦᠨ ᠱᠧᠩ ᠪᠣᠯᠤᠨ ᠳᠡᠳ᠋ ᠲᠣᠪᠴᠢᠶᠠᠨ ᠳᠠᠷᠤᠭ᠎ᠠ ᠬᠤᠤ ᠵᠢᠶᠠᠨ ᠵᠢᠶᠦ᠋ᠨ᠎ᠢ ᠤᠷᠢᠵᠤ ᠣᠯᠠᠨ᠎ᠳᠤ ᠬᠠᠷᠢᠭᠤᠯᠲᠠ ᠥᠭᠪᠡ᠃ ᠬᠣᠶᠠᠷ ᠬᠦᠨᠳᠦᠲᠦ ᠵᠣᠴᠢᠳ᠎ᠢ ᠪᠠᠶᠠᠷᠯᠠᠨ ᠤᠭᠲᠤᠶ᠎ᠠ᠃
ᠬᠦᠨᠳᠦᠲᠦ ᠵᠣᠴᠢᠨ᠄ ᠬᠦᠲᠦᠯᠦᠭᠴᠢ ᠰᠠᠶ᠋ᠢᠨ ᠪᠠᠶ᠋ᠢᠨ᠎ᠠ! ᠦᠵᠡᠭᠴᠢᠳ ᠨᠠᠶ᠋ᠢᠵᠠ ᠨᠠᠷ ᠰᠠᠶ᠋ᠢᠨ ᠪᠠᠶ᠋ᠢᠨ᠎ᠠ ᠤᠤ!
ᠬᠥᠲᠥᠯᠦᠭᠴᠢ᠄ ᠰᠠᠶ᠋ᠢᠨ ᠰᠤᠷᠭ᠋ᠠᠨ ᠬᠥᠮᠦᠵᠢᠯ᠎ᠨᠢ ᠬᠡᠦᠬᠡᠳ᠎ᠤᠨ ᠨᠢᠭᠡ ᠨᠠᠰᠤ ᠵᠢ ᠨᠥᠯᠥᠭᠡᠯᠡᠭᠰᠡᠨ ᠴᠤ᠌ ᠨᠢᠭᠡ ᠦᠨᠳᠦᠰᠦᠲᠡᠨ᠎ᠤ ᠬᠤᠪᠢ ᠵᠠᠶᠠᠭ᠎ᠠ ᠵᠢ ᠲᠣᠭᠲᠠᠭ᠋ᠠᠵᠤ ᠪᠠᠶ᠋ᠢᠳᠠᠭ᠃
ᠬᠥᠲᠥᠯᠥᠭᠴᠢ᠄ ᠰᠤᠷᠬᠤ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠭᠤᠷᠪᠠᠨ ᠵᠢᠯ᠎ᠤᠨ ᠴᠡᠴᠡᠷᠯᠢᠭ᠎ᠲᠤ ᠤᠷᠤᠭᠰᠠᠨ ᠪᠥᠬᠦ ᠨᠣᠷᠮ᠎ᠠ 100%᠎ᠳᠤ ᠬᠦᠷᠴᠦ᠂ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠰᠤᠷᠭ᠋ᠠᠭᠤᠯᠢ᠎ᠳᠤ ᠤᠷᠤᠭᠰᠠᠨ ᠪᠥᠬᠦ ᠨᠣᠷᠮ᠎ᠠ 96.04%᠎ᠳᠤ ᠬᠦᠷᠴᠦ᠂ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠵᠢᠩᠬᠢᠨᠢ ᠠᠩᠭᠢ ᠵᠢᠨ ᠰᠦᠯᠵᠢᠶᠡᠨ᠎ᠳᠤ ᠤᠷᠤᠭᠰᠠᠨ ᠨᠣᠷᠮ᠎ᠠ ᠪᠥᠬᠦ ᠣᠷᠣᠨ᠎ᠤ ᠳᠤᠮᠳᠠᠴᠢ ᠬᠢᠷᠢ ᠲᠦᠪᠰᠢᠨ᠎ᠠᠴᠠ 8.5 ᠵᠠᠭᠤᠨ᠎ᠤ ᠨᠢᠭᠡᠴᠢ ᠥᠨᠳᠥᠷ ᠪᠣᠯᠪᠠ ᠁ ᠡᠳᠡᠭᠡᠷ ᠲᠣᠭ᠎ᠠ ᠪᠠᠷᠢᠮᠲᠠ᠎ᠨᠢ ᠮᠠᠨ᠎ᠤ ᠰᠤᠷᠭ᠋ᠠᠨ ᠬᠥᠮᠥᠵᠢᠯ᠎ᠤᠨ ᠦᠢ᠍ᠯᠡᠰ᠎ᠤᠨ ᠥᠷᠨᠢᠨ ᠬᠥᠭᠵᠢᠬᠦ ᠵᠢ ᠬᠠᠷᠠᠭᠤᠯᠵᠤ ᠪᠠᠶ᠋ᠢᠨ᠎ᠠ᠃
ᠬᠦᠨᠳᠦᠲᠦ ᠵᠣᠴᠢᠨ᠄ ᠲᠡᠶ᠋ᠢᠮᠦ᠃
ᠬᠥᠲᠥᠯᠥᠭᠴᠢ᠄ ᠰᠤᠷᠭ᠋ᠠᠨ ᠬᠥᠮᠦᠵᠢᠯ᠎ᠨᠢ ᠶᠣᠰᠣ ᠰᠤᠷᠲᠠᠬᠤᠨ᠎ᠢ ᠪᠤᠢ ᠪᠣᠯᠭ᠋ᠠᠵᠤ ᠬᠥᠮᠦᠨ᠎ᠢ ᠬᠥᠮᠦᠵᠢᠭᠦᠯᠵᠦ᠂ ᠰᠤᠷᠤᠭᠴᠢᠳ᠎ᠤᠨ ᠶᠣᠰᠣ ᠰᠤᠷᠲᠠᠬᠤᠨ ᠤᠶᠤᠨ ᠤᠬᠠᠭ᠋ᠠᠨ ᠪᠡᠶ᠎ᠡ ᠮᠠᠬᠠᠪᠣᠳ ᠭᠤᠸ᠎ᠠ ᠰᠠᠶ᠋ᠢᠬᠠᠨ ᠬᠥᠳᠡᠯᠮᠦᠷᠢ ᠵᠢ ᠪᠦᠬᠦ ᠲᠠᠯ᠎ᠠ᠎ᠪᠠᠷ ᠬᠥᠭᠵᠢᠭᠦᠯᠦᠨ᠎ᠡ᠂ ᠲᠡᠭᠡᠪᠡᠯ ᠪᠢᠳᠡ ᠵᠢᠭ᠋ᠠᠨ ᠰᠤᠷᠭ᠋ᠠᠯᠲᠠ ᠵᠢᠨ ᠦᠢ᠍ᠯᠡᠳᠦᠯᠭᠡ ᠵᠢᠨ ᠳᠤᠮᠳᠠ ᠲᠡᠭᠦᠨ᠎ᠢ ᠬᠡᠷᠬᠢᠨ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠪᠤᠢ?
ᠯᠢ ᠶᠦᠨ ᠱᠧᠩ᠄ 《ᠶᠠᠮᠠᠷ ᠬᠥᠮᠦᠨ᠎ᠢ ᠬᠥᠮᠦᠵᠢᠭᠦᠯᠬᠦ᠂ ᠬᠥᠮᠦᠨ᠎ᠢ ᠬᠡᠷᠬᠢᠨ ᠬᠥᠮᠦᠵᠢᠭᠦᠯᠬᠦ᠂ ᠬᠡᠨ᠎ᠤ ᠲᠥᠯᠥᠭᠡ ᠬᠥᠮᠦᠨ᠎ᠢ ᠬᠥᠮᠦᠵᠢᠭᠦᠯᠬᠦ》 ᠪᠣᠯ ᠰᠤᠷᠭ᠋ᠠᠨ ᠬᠥᠮᠦᠵᠢᠯ᠎ᠤᠨ ᠦᠨᠳᠦᠰᠦᠨ ᠠᠰᠠᠭᠤᠳᠠᠯ ᠮᠥᠨ᠃ ᠬᠥᠮᠦᠨ᠎ᠢ ᠬᠥᠮᠦᠵᠢᠭᠦᠯᠬᠦ ᠵᠢᠨ ᠦᠨᠳᠦᠰᠦ᠎ᠨᠢ ᠶᠤᠰᠤ ᠰᠤᠷᠲᠠᠬᠤᠨ᠎ᠳᠤ ᠪᠠᠶ᠋ᠢᠨ᠎ᠠ᠃ ᠰᠤᠷᠭ᠋ᠠᠨ ᠬᠥᠮᠦᠵᠢᠯ᠎ᠤᠨ ᠰᠢᠰᠲ᠋ᠧᠮ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠶᠠᠪᠤᠴᠠ᠎ᠳᠤ᠂ ᠡᠷᠬᠡᠪᠰᠢ 《ᠬᠤᠶᠠᠷ᠎ᠢ ᠲᠣᠭᠲᠠᠭ᠋ᠠᠬᠤ》 ᠵᠢᠨ ᠰᠢᠢ᠍ᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ᠎ᠢ ᠭᠦᠨᠵᠡᠭᠡᠢ ᠣᠶ᠋ᠢᠯᠠᠭ᠋ᠠᠵᠤ᠂ 《ᠲᠦᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠲᠦᠷᠪᠡᠨ ᠢᠲᠡᠭᠡᠯ》 ᠵᠶ᠋ᠠᠨ ᠪᠠᠲᠤᠳᠬᠠᠵᠤ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠨᠠᠮ᠎ᠤᠨ ᠰᠤᠷᠭ᠋ᠠᠨ ᠬᠥᠮᠦᠵᠢᠯ᠎ᠤᠨ ᠠᠵᠢᠯ᠎ᠳᠠᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠵᠶ᠋ᠠᠷ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠬᠤ ᠬᠡᠷᠡᠭᠲᠡᠢ᠃ ᠰᠤᠷᠤᠭᠴᠢᠳ᠎ᠤᠨ ᠪᠡᠶ᠎ᠡ ᠰᠡᠳᠬᠢᠯ᠎ᠤᠨ ᠣᠨᠴᠠᠯᠢᠭ ᠪᠣᠯᠤᠨ ᠦᠵᠡᠯ ᠰᠠᠨᠠᠭ᠋ᠠᠨ᠎ᠤ ᠪᠣᠳᠠᠲᠤ ᠪᠠᠶ᠋ᠢᠳᠠᠯ᠎ᠠᠴᠠ ᠡᠭᠦᠰᠴᠦ᠂ ᠦᠵᠡᠯ ᠰᠠᠨᠠᠭ᠎ᠠ ᠶᠣᠰᠣ ᠰᠤᠷᠲᠠᠬᠤᠨ᠎ᠤ ᠬᠥᠮᠦᠵᠢᠯ᠎ᠤᠨ ᠲᠠᠯ᠎ᠠ᠎ᠪᠠᠷ ᠰᠠᠭᠤᠷᠢ᠎ᠪᠠᠨ ᠪᠠᠲᠤᠳᠬᠠᠨ ᠰᠦᠭ ᠰᠦᠨᠡᠰᠦ᠎ᠪᠠᠨ ᠱᠤᠭᠤᠵᠤ᠂ ᠮᠡᠳᠡᠯᠭᠡ ᠮᠡᠳᠡᠯᠭᠡ ᠵᠢᠨ ᠨᠡᠮᠡᠭᠳᠡᠯ᠎ᠤᠨ ᠲᠠᠯ᠎ᠠ᠎ᠪᠠᠷ ᠪᠦᠬᠦ ᠲᠠᠯ᠎ᠠ᠎ᠪᠠᠷ ᠬᠦᠴᠦᠯᠡᠵᠦ᠂ ᠲᠡᠮᠡᠴᠡᠯ᠎ᠤᠨ ᠵᠣᠷᠢᠭ ᠰᠠᠨᠠᠭ᠎ᠠ ᠵᠢ ᠬᠥᠮᠦᠵᠢᠭᠦᠯᠬᠦ ᠲᠠᠯ᠎ᠠ᠎ᠪᠠᠷ ᠡᠷᠴᠢ ᠵᠣᠷᠢᠭ ᠵᠶ᠋ᠠᠨ ᠳᠠᠪᠲᠠᠨ ᠪᠣᠯᠪᠠᠰᠤᠷᠠᠭᠤᠯᠵᠤ᠂ ᠦᠷᠭᠦᠯᠵᠢᠯᠡᠨ ᠬᠦᠴᠦᠯᠡᠵᠦ᠂ ᠥᠨᠢ ᠤᠳᠠᠭ᠋ᠠᠨ ᠴᠢᠷᠮᠠᠶ᠋ᠢᠨ ᠠᠵᠢᠯᠯᠠᠵᠤ᠂ ᠰᠤᠷᠤᠭᠴᠢᠳ᠎ᠢ ᠬᠦᠳᠦᠯᠦᠨ ᠵᠢᠯᠣᠭᠤᠳᠴᠤ ᠪᠠᠶ᠋ᠢᠭ᠋ᠠᠳ ᠵᠥᠪ ᠶᠢᠷᠲᠢᠨᠴᠦ ᠵᠢᠨ ᠦᠵᠡᠯᠲᠡ᠂ ᠠᠮᠢᠳᠤᠷᠠᠬᠤᠢ ᠵᠢᠨ ᠦᠵᠡᠯᠲᠡ᠂ ᠦᠷᠳᠡᠭ᠎ᠤᠨ ᠦᠵᠡᠯᠲᠡ᠎ᠲᠠᠢ ᠪᠣᠯᠭ᠋ᠠᠵᠤ᠂ ᠰᠤᠷᠤᠭᠴᠢᠳ᠎ᠲᠤ ᠴᠢᠳᠠᠪᠤᠷᠢ᠎ᠲᠠᠢ᠂ ᠬᠠᠷᠢᠭᠤᠴᠠᠯᠭ᠎ᠠ᠎ᠲᠠᠢ᠂ ᠬᠠᠶ᠋ᠢᠷ᠎ᠠ ᠰᠡᠳᠬᠢᠯᠭᠡ᠎ᠲᠠᠢ ᠪᠣᠯᠭ᠋ᠠᠵᠤ᠂ ᠪᠦᠬᠦ ᠲᠠᠯ᠎ᠠ᠎ᠪᠠᠷ ᠬᠥᠭᠵᠢᠭᠦᠯᠵᠦ᠂ ᠰᠤᠷᠤᠯᠴᠠᠬᠤ᠎ᠳᠤ ᠳᠠᠪᠠᠭᠤᠯᠢᠭ᠎ᠲᠠᠢ ᠪᠣᠯᠭ᠋ᠠᠵᠤ᠂ ᠨᠠᠮ ᠪᠣᠯᠤᠨ ᠤᠯᠤᠰ᠎ᠤᠨ ᠬᠡᠷᠡᠭᠴᠡᠭᠡ᠎ᠲᠠᠢ᠂ ᠨᠡᠶ᠋ᠢᠭᠡᠮ᠎ᠳᠤ ᠬᠡᠷᠡᠭᠴᠡᠭᠡ᠎ᠲᠠᠢ ᠬᠥᠮᠦᠨ᠎ᠢ ᠬᠥᠮᠦᠵᠢᠭᠦᠯᠬᠦ ᠬᠡᠷᠡᠭᠲᠡᠢ᠃
ᠬᠥᠲᠥᠯᠥᠭᠴᠢ᠄ ᠮᠠᠨ᠎ᠤ ᠦᠷᠭᠦᠯᠵᠢ ᠬᠡᠯᠡᠳᠡᠭ᠂ ᠬᠥᠮᠥᠨ᠎ᠢ ᠬᠥᠮᠥᠵᠢᠭᠦᠯᠬᠦ᠎ᠳᠤ ᠤᠷᠢᠳ ᠵᠶ᠋ᠠᠷ ᠶᠣᠰᠣ ᠮᠣᠷᠠᠯ᠎ᠢ ᠬᠥᠮᠥᠵᠢᠭᠦᠯᠦᠨ᠎ᠡ᠃ ᠬᠦᠨᠳᠦᠲᠦ ᠵᠤᠴᠢ᠄ ᠲᠡᠢ᠌ᠮᠦ (ᠲᠤᠯᠤᠭ᠋ᠠᠢ ᠳᠣᠬᠢᠨ᠎ᠠ)
ᠬᠥᠲᠥᠯᠦᠭᠴᠢ᠄ ᠮᠠᠨ᠎ᠤ ᠠᠷᠠᠳ᠎ᠤᠨ ᠰᠤᠷᠭ᠋ᠠᠨ ᠬᠥᠮᠦᠵᠢᠯ᠎ᠤᠨ ᠦᠢ᠍ᠯᠡᠰ᠎ᠤᠨ ᠲᠤᠬᠠᠢ ᠬᠠᠮᠤᠭ᠎ᠤᠨ ᠶᠡᠬᠡ ᠬᠦᠰᠡᠯ ᠡᠷᠡᠮᠡᠯᠵᠡᠯ ᠪᠣᠯ ᠳᠠᠷᠤᠢ ᠥᠪᠡᠷ᠎ᠤᠨ ᠬᠡᠦᠬᠡᠳ ᠵᠶ᠋ᠠᠨ ᠭᠡᠷ᠎ᠤᠨ ᠡᠭᠦᠳᠡᠨ᠎ᠳᠤ ᠰᠢᠯᠢᠳᠡᠭ ᠰᠤᠷᠭ᠋ᠠᠨ ᠬᠥᠮᠦᠵᠢᠯ ᠬᠦᠷᠲᠡᠭᠡᠵᠦ ᠴᠢᠳᠠᠨ᠎ᠠ᠃ ᠴᠢᠨᠠᠷ ᠰᠠᠶ᠋ᠢᠲᠠᠢ ᠰᠤᠷᠭ᠋ᠠᠨ ᠬᠥᠮᠦᠵᠢᠯ᠎ᠤᠨ ᠰᠢᠰᠲ᠋ᠧᠮ᠎ᠢ ᠪᠠᠶ᠋ᠢᠭᠤᠯᠬᠤ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠲᠠᠯ᠎ᠠ᠎ᠪᠠᠷ᠂ ᠪᠢᠳᠡᠨ᠎ᠳᠤ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠪᠠᠶ᠋ᠢᠬᠤ ᠪᠤᠢ?
ᠯᠢ ᠶᠦᠨ ᠱᠧᠩ᠄ ᠠᠷᠠᠳ ᠲᠦᠮᠡᠨ᠎ᠤ ᠰᠡᠳᠬᠢᠯ ᠬᠠᠨᠤᠮᠵᠢᠲᠠᠢ ᠰᠤᠷᠭ᠋ᠠᠨ ᠬᠥᠮᠦᠵᠢᠯ᠎ᠢ ᠰᠠᠶ᠋ᠢᠲᠤᠷ ᠡᠷᠬᠢᠯᠡᠬᠦ ᠪᠣᠯ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠤᠨ ᠰᠤᠷᠭ᠋ᠠᠨ ᠬᠥᠮᠦᠵᠢᠯ᠎ᠤᠨ ᠠᠵᠢᠯ᠎ᠤᠨ ᠭᠤᠣᠯᠳᠠᠯᠭ᠎ᠠ᠎ᠲᠠᠢ ᠡᠭᠦᠷᠭᠡ ᠪᠣᠯᠤᠨ᠎ᠠ᠃ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠤᠱᠯᠠᠭᠤᠯᠵᠤ᠂ ᠪᠥᠬᠦ ᠬᠤᠲᠠ ᠵᠢᠨ ᠰᠤᠷᠭ᠋ᠠᠨ ᠬᠥᠮᠦᠵᠢᠯ᠎ᠤᠨ ᠶᠡᠭᠡ ᠬᠤᠷᠠᠯ᠎ᠠᠴᠠ ᠳᠤᠷᠠᠳᠤᠭᠰᠠᠨ ᠲᠡᠮᠡᠴᠡᠬᠦ ᠬᠠᠷᠠᠯᠲᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠪᠢᠳᠡ 《ᠪᠠᠶᠠᠨᠨᠠᠭᠤᠷ ᠬᠤᠲᠠ ᠵᠢᠨ ᠰᠤᠷᠭ᠋ᠠᠨ ᠬᠥᠮᠦᠵᠢᠯ᠎ᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ (2023᠎ᠤᠨ - 2025 ᠣᠨ)》 ᠵᠢ ᠲᠣᠭᠲᠠᠭ᠋ᠠᠵᠤ᠂ ᠭᠤᠷᠪᠠᠨ ᠵᠢᠯ᠎ᠤᠨ ᠴᠢᠷᠮᠠᠶ᠋ᠢᠯᠭ᠎ᠠ᠎ᠪᠠᠷ ᠳᠡᠮᠵᠢᠨ᠂ ᠮᠠᠨ᠎ᠤ ᠬᠤᠲᠠ ᠵᠢᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠳᠤᠲᠠᠭᠤᠳᠠᠯ᠎ᠢ ᠬᠦᠴᠦᠯᠡᠨ ᠨᠥᠬᠦᠪᠥᠷᠢᠯᠡᠵᠦ᠂ ᠰᠤᠷᠭ᠋ᠠᠨ ᠬᠥᠮᠦᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠤᠨ᠂ ᠰᠤᠷᠭ᠋ᠠᠨ ᠬᠥᠮᠦᠵᠢᠯ᠎ᠤᠨ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠤᠨ᠎ᠠ᠃
ᠰᠤᠷᠬᠤ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠨᠢ ᠲᠦᠭᠡᠮᠡᠯ ᠬᠠᠷᠠᠭ᠋ᠠᠯᠵᠠᠯ ᠦᠵᠡᠭᠦᠯᠵᠦ ᠴᠢᠨᠠᠷ ᠰᠠᠶ᠋ᠢᠲᠠᠢ ᠬᠥᠭᠵᠢᠭᠦᠯᠬᠦ ᠬᠡᠷᠡᠭᠲᠡᠢ᠃ ᠬᠡᠦᠬᠡᠳ᠎ᠤᠨ ᠴᠡᠴᠡᠷᠯᠢᠭ᠎ᠤᠨ ᠪᠦᠲᠦᠴᠡ ᠵᠢᠨ ᠪᠠᠶ᠋ᠢᠷᠢᠰᠢᠭᠤᠯᠤᠯᠲᠠ ᠵᠢ ᠶᠡᠬᠡᠪᠡᠷ ᠰᠢᠯᠢᠳᠡᠭᠵᠢᠭᠦᠯᠵᠦ᠂ ᠠᠯᠪᠠᠨ᠎ᠠᠴᠠ ᠡᠷᠬᠢᠯᠡᠭᠰᠡᠨ ᠬᠡᠦᠬᠡᠳ᠎ᠤᠨ ᠴᠡᠴᠡᠷᠯᠢᠭ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ᠂ ᠠᠯᠪᠠᠨ᠎ᠠᠴᠠ ᠡᠷᠬᠢᠯᠡᠭᠰᠡᠨ ᠬᠡᠦᠬᠡᠳ᠎ᠤᠨ ᠴᠡᠴᠡᠷᠯᠢᠭ᠎ᠤᠨ ᠪᠠᠭᠰᠢ ᠠᠵᠢᠯᠲᠠᠨ᠎ᠤ ᠶᠡᠷᠦᠩᠬᠡᠢ ᠬᠡᠮᠵᠢᠶᠡᠨ᠎ᠤ ᠬᠠᠮᠢᠶᠠᠷᠤᠯᠲᠠ ᠪᠠ ᠰᠤᠷᠭ᠋ᠠᠭᠤᠯᠢ᠎ᠠᠴᠠ ᠡᠷᠬᠢᠯᠡᠭᠰᠡᠨ ᠬᠡᠦᠬᠡᠳ᠎ᠤᠨ ᠴᠡᠴᠡᠷᠯᠢᠭ᠎ᠤᠨ ᠲᠤᠰᠠᠭ᠋ᠠᠷ ᠲᠣᠬᠢᠷᠠᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ᠎ᠠᠴᠠ ᠡᠷᠬᠢᠯᠡᠭᠰᠡᠨ ᠬᠡᠦᠬᠡᠳ᠎ᠤᠨ ᠴᠡᠴᠡᠷᠯᠢᠭ᠎ᠤᠨ ᠰᠤᠷᠭ᠋ᠠᠭᠤᠯᠢ ᠡᠷᠬᠢᠯᠡᠬᠦ ᠠᠵᠢᠯᠯᠠᠭ᠎ᠠ ᠵᠢ ᠵᠢᠷᠤᠮᠵᠢᠭᠤᠯᠤᠨ᠂ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠢ ᠡᠬᠢ ᠪᠠᠶᠠᠯᠢᠭ᠎ᠤᠨ ᠬᠠᠩᠭ᠋ᠠᠯᠭ᠎ᠠ ᠵᠢ ᠣᠯᠠᠨ ᠠᠷᠭ᠎ᠠ ᠵᠠᠮ ᠵᠶ᠋ᠠᠷ ᠥᠷᠭᠡᠳᠬᠡᠵᠦ᠂ ᠰᠢᠨᠵᠢᠯᠡᠬᠦ ᠤᠬᠠᠭ᠋ᠠᠨᠴᠢ᠎ᠪᠠᠷ ᠠᠰᠠᠷᠠᠨ ᠬᠥᠮᠦᠵᠢᠭᠦᠯᠬᠦ ᠬᠢᠷᠢ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ᠃
ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠨᠢ ᠴᠢᠨᠠᠷ ᠰᠠᠶ᠋ᠢᠲᠠᠶ ᠲᠡᠩᠴᠡᠭᠦᠷᠢᠲᠡᠶ ᠬᠥᠭᠵᠢᠯᠲᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠣᠷᠣᠨ ᠪᠦᠰᠡ ᠵᠢᠨ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠦᠨ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠪᠠᠷᠢᠮᠵᠢᠶᠠᠵᠢᠭᠤᠯᠬᠤ ᠪᠥᠲᠥᠭᠡᠨ ᠪᠠᠶ᠋ᠢᠭᠤᠯᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠡᠷᠳᠡᠮ᠎ᠤᠨ ᠴᠣᠯᠠ ᠵᠢᠨ ᠬᠠᠩᠭ᠋ᠠᠯᠭ᠎ᠠ ᠵᠢ ᠥᠷᠭᠡᠳᠬᠡᠨ᠂ ᠰᠤᠷᠤᠭᠴᠢᠳ᠎ᠤᠨ ᠣᠶ᠋ᠢᠷ᠎ᠠ ᠬᠠᠪᠢ᠎ᠳᠠᠭᠠᠨ ᠰᠤᠷᠭ᠋ᠠᠭᠤᠯᠢ᠎ᠳᠤ ᠣᠷᠣᠬᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠬᠡᠷᠡᠭᠲᠡᠶ; 《ᠲᠠᠪᠤᠨ ᠬᠥᠮᠦᠵᠢᠯ᠎ᠢ ᠵᠡᠷᠭᠡ᠎ᠪᠠᠷ ᠴᠢᠬᠤᠯᠠᠴᠢᠯᠠᠬᠤ》 ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠬᠢᠴᠢᠶᠡᠯ᠎ᠤᠨ ᠥᠭᠡᠷᠡᠴᠢᠯᠡᠯᠲᠡ ᠵᠢ ᠭᠦᠨᠵᠡᠭᠡᠶ ᠠᠬᠢᠭᠤᠯᠬᠤ ᠬᠡᠷᠡᠭᠲᠡᠶ᠃
ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠨᠢ ᠣᠯᠠᠨ ᠶᠠᠩᠵᠤ ᠵᠢᠨ ᠬᠥᠭᠵᠢᠯᠲᠡ ᠵᠢ ᠪᠠᠷᠢᠮᠲᠠᠯᠠᠨ᠂ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠢᠪᠲᠤᠯᠤᠯᠲᠠ ᠵᠢᠨ ᠲᠥᠯᠥᠪᠯᠡᠭᠡ ᠵᠢ ᠠᠬᠢᠭᠤᠯᠵᠤ᠂ ᠰᠢᠶᠠᠨ᠎ᠤ ᠬᠡᠪᠴᠢᠶᠡᠨ᠎ᠤ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠪᠥᠲᠥᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠰᠢᠯᠢᠳᠡᠭ ᠵᠢᠭ᠋ᠠᠨ ᠰᠤᠷᠭ᠋ᠠᠯᠲᠠ ᠵᠢᠨ ᠪᠦᠯᠬᠦᠮ ᠨᠡᠶ᠋ᠢᠲᠡ ᠪᠠ ᠲᠡᠷᠢᠭᠦᠨ᠎ᠤ ᠵᠢᠭ᠋ᠠᠨ ᠰᠤᠷᠭ᠋ᠠᠯᠲᠠ ᠵᠢᠨ ᠣᠨᠣᠯᠵᠢᠬᠤᠨ᠎ᠢ ᠣᠷᠣᠭᠤᠯᠤᠨ ᠠᠪᠴᠢᠷᠠᠵᠤ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠶᠠᠰᠤ ᠴᠢᠨᠠᠷ᠎ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠨᠠᠩ ᠣᠯᠠᠨ ᠰᠤᠷᠤᠭᠴᠢᠳ᠎ᠢ ᠥᠨᠳᠥᠷ ᠬᠢᠷᠢ ᠲᠦᠪᠰᠢᠨ ᠪᠥᠬᠦᠶ ᠶᠡᠭᠡ ᠰᠤᠷᠭ᠋ᠠᠭᠤᠯᠢ᠎ᠳᠤ ᠣᠷᠣᠭᠤᠯᠤᠨ ᠰᠤᠷᠤᠯᠴᠠᠭᠤᠯᠬᠤ ᠬᠡᠷᠡᠭᠲᠡᠶ᠃ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠨᠢ ᠶᠠᠰᠤ ᠴᠢᠨᠠᠷ᠎ᠢ ᠳᠡᠭᠡᠭᠰᠢᠯᠡᠭᠦᠯᠦᠨ ᠰᠢᠯᠢᠳᠡᠭ᠎ᠢ ᠪᠤᠶ᠋ᠢᠵᠢᠭᠤᠯᠬᠤ ᠠᠵᠢᠯᠯᠠᠭ᠎ᠠ ᠵᠢ ᠬᠡᠷᠡᠭᠵᠢᠭᠦᠯᠵᠦ᠂ 《ᠤᠳᠤ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠠᠷᠭ᠎ᠠ ᠬᠡᠮᠵᠢᠶ᠎ᠡ᠎ᠨᠦᠭᠦᠳ》᠎ᠢ ᠨᠡᠶ᠋ᠢᠲᠡᠯᠡᠵᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠦᠷᠦᠯ ᠬᠡᠯᠪᠡᠷᠢ ᠵᠢᠨ ᠪᠠᠶ᠋ᠢᠷᠢ ᠲᠣᠭᠲᠠᠭ᠋ᠠᠯᠲᠠ ᠵᠢ ᠰᠢᠯᠢᠳᠡᠭᠵᠢᠭᠦᠯᠵᠦ᠂ ᠰᠤᠷᠭ᠋ᠠᠭᠤᠯᠢ ᠡᠷᠬᠢᠯᠡᠬᠦ ᠨᠥᠬᠦᠴᠡᠯ᠎ᠢ ᠪᠠᠷᠢᠮᠵᠢᠶ᠎ᠠ᠎ᠳᠤ ᠬᠦᠷᠭᠡᠬᠦ ᠢᠨᠵᠧᠨᠧᠷᠢᠩ᠎ᠢ ᠬᠡᠷᠡᠭᠵᠢᠭᠦᠯᠵᠦ᠂ 《ᠬᠤᠣᠰ ᠪᠠᠭᠰᠢ ᠵᠢᠨ ᠬᠡᠯᠪᠡᠷᠢ》 ᠵᠢᠨ ᠪᠠᠭᠰᠢ ᠵᠢᠨ ᠬᠠᠷᠢᠴᠠᠯ᠎ᠢ ᠦᠷᠭᠦᠯᠵᠢᠯᠡᠨ ᠳᠡᠭᠡᠭᠰᠢᠯᠡᠭᠦᠯᠵᠦ᠂ ᠲᠤᠰᠬᠠᠢ ᠮᠡᠷᠭᠡᠵᠢᠯ᠎ᠤᠨ ᠪᠠᠶ᠋ᠢᠷᠢᠯᠠᠭᠤᠯᠤᠯᠲᠠ ᠵᠢ ᠣᠷᠣᠨ ᠨᠤᠲᠤᠭ᠎ᠤᠨ ᠠᠵᠤ ᠦᠢ᠍ᠯᠡᠰ᠎ᠤᠨ ᠬᠥᠭᠵᠢᠯᠲᠡ᠎ᠲᠠᠢ ᠬᠥᠳᠡᠯᠦᠩᠭᠦᠢ᠎ᠪᠠᠷ ᠵᠣᠯᠭ᠋ᠠᠭᠤᠯᠬᠤ ᠵᠢ ᠠᠬᠢᠭᠤᠯᠵᠤ᠂ ᠠᠵᠤ ᠦᠢ᠍ᠯᠡᠰ ᠪᠠ ᠰᠤᠷᠭ᠋ᠠᠨ ᠬᠥᠮᠦᠵᠢᠯ᠎ᠤᠨ ᠠᠭᠤᠰᠤᠯᠴᠠᠯ᠂ ᠰᠤᠷᠭ᠋ᠠᠭᠤᠯᠢ ᠪᠠ ᠠᠵᠤ ᠦᠢ᠍ᠯᠡᠰ᠎ᠤᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠠᠵᠤ ᠠᠬᠤᠶ᠋ᠢᠯᠠᠯ ᠪᠠ ᠠᠵᠤ ᠦᠢ᠍ᠯᠡᠰ᠎ᠤᠨ ᠬᠥᠭᠵᠢᠯᠲᠡ᠎ᠳᠤ ᠨᠡᠶ᠋ᠢᠴᠡᠭᠰᠡᠨ ᠤᠷ᠎ᠠ ᠴᠢᠳᠠᠪᠤᠷᠢ ᠵᠢᠨ ᠬᠡᠯᠪᠡᠷᠢ ᠵᠢᠨ ᠴᠢᠳᠠᠪᠤᠷᠢᠲᠠᠨ᠎ᠢ ᠶᠡᠭᠡ᠎ᠪᠠᠷ ᠬᠥᠮᠦᠵᠢᠭᠦᠯᠬᠦ ᠬᠡᠷᠡᠭᠲᠡᠢ᠃ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠨᠢ ᠮᠠᠨ᠎ᠤ ᠬᠤᠲᠠ ᠵᠢᠨ 《ᠬᠤᠶᠠᠷ ᠰᠠᠭᠤᠷᠢᠨ ᠭᠠᠵᠠᠷ᠂ ᠳᠥᠷᠪᠡᠨ ᠠᠵᠤ ᠦᠢ᠍ᠯᠡᠰ᠎ᠤᠨ ᠰᠦᠷᠦᠭᠵᠢᠯ》᠎ᠢ ᠪᠥᠲᠥᠭᠡᠨ ᠪᠠᠶ᠋ᠢᠭᠤᠯᠬᠤ ᠵᠢᠨ ᠲᠣᠭᠤᠷᠢᠨ᠎ᠳᠤ᠂ 《12 ᠭᠤᠤᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ》 ᠵᠢ ᠪᠣᠶ ᠪᠣᠯᠭ᠋ᠠᠵᠤ᠂ ᠤᠨᠴᠠᠯᠢᠬᠳᠤ ᠰᠢᠨᠵᠢᠯᠡᠭᠡᠨ᠎ᠤ ᠰᠠᠯᠠᠭ᠎ᠠ ᠵᠢᠨ ᠲᠤᠰᠬᠠᠶ ᠮᠡᠷᠭᠡᠵᠢᠯ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠦᠷ᠎ᠡ ᠪᠦᠲᠦᠭᠡᠯ᠎ᠢ ᠬᠤᠪᠢᠷᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠨᠤᠲᠤᠭ᠎ᠤᠨ ᠬᠡᠷᠡᠭᠯᠡᠭᠡᠨ᠎ᠤ ᠬᠡᠯᠪᠡᠷᠢ ᠵᠢᠨ ᠨᠠᠩ ᠣᠯᠠᠨ ᠴᠢᠳᠠᠪᠤᠷᠢᠲᠠᠨ᠎ᠢ ᠬᠥᠮᠦᠵᠢᠭᠦᠯᠬᠦ ᠬᠡᠷᠡᠭᠲᠡᠶ᠃ ᠣᠨᠴᠠᠭ᠋ᠠᠢ ᠰᠤᠷᠭ᠋ᠠᠨ ᠬᠥᠮᠦᠵᠢᠯ᠎ᠨᠢ ᠣᠨᠴᠣᠭᠣᠶ ᠰᠤᠷᠭ᠋ᠠᠨ ᠬᠥᠮᠦᠵᠢᠯ᠎ᠤᠨ ᠰᠤᠷᠭ᠋ᠠᠭᠤᠯᠢ᠎ᠪᠠᠷ ᠭᠣᠤᠯ ᠬᠦᠴᠦᠨ ᠪᠣᠯᠭ᠋ᠠᠭᠰᠠᠨ᠂ ᠣᠨᠴᠠᠭ᠋ᠠᠢ ᠰᠤᠷᠭ᠋ᠠᠨ ᠬᠥᠮᠦᠵᠢᠯ᠎ᠤᠨ ᠵᠢᠯᠣᠭᠣᠳᠬᠤ ᠲᠥᠪ (ᠬᠢᠴᠢᠶᠡᠯ᠎ᠤᠨ ᠭᠡᠷ) ᠵᠶ᠋ᠠᠷ ᠲᠤᠯᠭ᠋ᠠᠭᠤᠷᠢ ᠪᠣᠯᠭ᠋ᠠᠭᠰᠠᠨ᠂ ᠠᠭᠤᠰᠤᠯᠴᠠᠭᠰᠠᠨ ᠰᠤᠷᠭ᠋ᠠᠨ ᠬᠥᠮᠦᠵᠢᠯ ᠵᠶ᠋ᠠᠷ ᠭᠣᠤᠯ ᠴᠣᠭᠴᠠ ᠪᠣᠯᠭ᠋ᠠᠭᠰᠠᠨ᠂ ᠰᠤᠷᠭ᠋ᠠᠨ ᠬᠥᠮᠦᠵᠢᠯ᠎ᠢ ᠭᠡᠷ᠎ᠲᠤ᠎ᠨᠢ ᠬᠦᠷᠭᠡᠬᠦ ᠵᠡᠷᠭᠡ ᠪᠤᠰᠤᠳ ᠰᠤᠷᠭ᠋ᠠᠨ ᠬᠥᠮᠦᠵᠢᠯ᠎ᠤᠨ ᠬᠡᠯᠪᠡᠷᠢ ᠮᠠᠶᠢᠭ ᠵᠶ᠋ᠠᠷ ᠨᠥᠬᠥᠪᠥᠷᠢ ᠪᠣᠯᠭ᠋ᠠᠭᠰᠠᠨ ᠰᠤᠷᠭ᠋ᠠᠭᠤᠯᠢ ᠡᠷᠬᠢᠯᠡᠬᠦ ᠰᠢᠨ᠎ᠡ ᠪᠠᠶ᠋ᠢᠷᠢᠰᠢᠯ᠎ᠢ ᠪᠠᠶ᠋ᠢᠭᠤᠯᠵᠤ᠂ ᠣᠨᠴᠠᠭ᠋ᠠᠢ ᠰᠤᠷᠭ᠋ᠠᠨ ᠬᠥᠮᠦᠵᠢᠯ᠎ᠢ ᠬᠣᠶᠠᠷ ᠦᠵᠦᠭᠦᠷ ᠲᠡᠰᠢ ᠤᠷᠲᠤᠳᠬᠠᠨ ᠬᠥᠭᠵᠢᠭᠦᠯᠬᠦ ᠵᠢ ᠠᠬᠢᠭᠤᠯᠬᠤ ᠬᠡᠷᠡᠭᠲᠡᠶ᠃
ᠬᠥᠲᠥᠯᠦᠭᠴᠢ᠄ ᠠᠳᠠᠯᠢ ᠪᠤᠰᠤ ᠱᠠᠲᠤ ᠦᠶ᠎ᠡ ᠵᠢᠨ ᠰᠤᠷᠭ᠋ᠠᠨ ᠬᠥᠮᠦᠵᠢᠯ ᠪᠢᠳᠡ ᠪᠦᠷ ᠬᠠᠨᠳᠤᠯᠭ᠋ᠠᠲᠤ ᠴᠢᠨᠠᠷᠲᠠᠢ ᠠᠷᠭ᠎ᠠ ᠬᠡᠮᠵᠢᠶ᠎ᠡ ᠪᠠ ᠪᠠᠲᠤᠯᠠᠭ᠎ᠠ᠎ᠲᠠᠢ᠃ ᠬᠦᠨᠳᠦᠲᠦ ᠵᠣᠴᠢᠨ᠄ ᠮᠠᠨ᠎ᠤ ᠬᠠᠷᠠᠯᠲᠠ ᠪᠣᠯ ᠶᠣᠰᠣ ᠰᠤᠷᠲᠠᠬᠤᠨ ᠤᠶᠤᠨ ᠤᠬᠠᠭ᠋ᠠᠨ ᠪᠡᠶ᠎ᠡ ᠮᠠᠬᠠᠪᠣᠳ ᠭᠤᠸ᠎ᠠ ᠰᠠᠶ᠋ᠢᠬᠠᠨ ᠬᠥᠳᠡᠯᠮᠦᠷᠢ ᠵᠢ ᠪᠦᠬᠦ ᠲᠠᠯ᠎ᠠ᠎ᠪᠠᠷ ᠬᠥᠮᠦᠵᠢᠭᠦᠯᠬᠦ ᠴᠢᠨᠠᠷ ᠰᠠᠶ᠋ᠢᠲᠠᠢ ᠰᠤᠷᠭ᠋ᠠᠨ ᠬᠥᠮᠦᠵᠢᠯ᠎ᠤᠨ ᠰᠢᠰᠲ᠋ᠧᠮ᠎ᠢ ᠪᠠᠶ᠋ᠢᠭᠤᠯᠬᠤ ᠶᠠᠪᠤᠳᠠᠯ ᠪᠣᠯᠤᠨ᠎ᠠ᠃
ᠬᠥᠲᠥᠯᠥᠭᠴᠢ᠄ ᠰᠤᠷᠭ᠋ᠠᠨ ᠬᠥᠮᠦᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠴᠢᠬᠤᠯᠠᠲᠠᠶ᠂ ᠰᠢᠢ᠍ᠳᠪᠦᠷᠢᠯᠡᠬᠦ ᠴᠢᠨᠠᠷᠲᠠᠶ ᠬᠦᠴᠦᠨ ᠵᠦᠢ᠍ᠯ ᠪᠠᠶ᠋ᠢᠬᠤ ᠪᠣᠯ ᠳᠠᠷᠤᠶ ᠪᠠᠭᠰᠢ ᠵᠢᠨ ᠡᠩᠨᠡᠭᠡᠨ᠎ᠤ ᠶᠠᠰᠤ ᠴᠢᠨᠠᠷ ᠪᠣᠯᠤᠨ᠎ᠠ᠃ ᠪᠠᠭᠰᠢ ᠵᠢᠨ ᠡᠩᠨᠡᠭᠡᠨ᠎ᠤ ᠪᠠᠢ᠍ᠭᠤᠯᠤᠯᠲᠠ ᠵᠢ ᠴᠢᠩᠭ᠋ᠠᠳᠬᠠᠬᠤ ᠲᠠᠯ᠎ᠠ᠎ᠪᠠᠷ᠂ ᠪᠢᠳᠡᠨ᠎ᠳᠤ ᠶᠠᠮᠠᠷ ᠰᠠᠢ᠌ᠨ ᠠᠷᠭ᠎ᠠ ᠪᠠᠢ᠌ᠬᠤ ᠪᠤᠢ?
ᠯᠢ ᠶᠦᠨ ᠱᠧᠩ᠄ ᠪᠠᠭᠰᠢ ᠵᠢᠨ ᠡᠩᠨᠡᠭᠡ ᠪᠣᠯ ᠴᠢᠨᠠᠷ ᠰᠠᠢ᠌ᠲᠠᠢ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠪᠠᠢ᠌ᠭᠤᠯᠤᠯᠲᠠ ᠵᠢᠨ ᠭᠣᠣᠯ ᠬᠦᠴᠦᠨ ᠮᠥᠨ᠃ ᠪᠢᠳᠡ ᠪᠠᠭᠰᠢ ᠵᠢᠨ ᠦᠭᠡ ᠶᠠᠷᠢᠶ᠎ᠠ ᠦᠢ᠍ᠯᠡ ᠠᠵᠢᠯᠯᠠᠭ᠎ᠠ ᠵᠢᠨ ᠰᠤᠷᠤᠭᠴᠢᠳ᠎ᠲᠤ ᠦᠵᠡᠭᠦᠯᠬᠦ ᠨᠥᠯᠥᠭᠡ᠎ᠨᠢ ᠨᠢᠭᠡ ᠨᠠᠰᠤ ᠪᠠᠶ᠋ᠢᠵᠤ ᠮᠡᠳᠡᠨ᠎ᠡ᠂ ᠪᠢᠳᠡ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠰᠤᠷᠭ᠋ᠠᠨ ᠬᠥᠮᠦᠵᠢᠯ᠎ᠤᠨ ᠰᠠᠭᠤᠷᠢ ᠢᠨᠵᠧᠨᠧᠷᠢᠩ ᠪᠣᠯᠭ᠋ᠠᠨ ᠠᠳᠬᠤᠵᠤ᠂ ᠰᠤᠷᠭ᠋ᠠᠭᠤᠯᠢ ᠵᠢᠨ ᠵᠠᠬᠢᠷᠤᠯ ᠪᠠᠭᠰᠢ ᠵᠢ ᠬᠥᠮᠦᠵᠢᠭᠦᠯᠦᠨ ᠪᠣᠯᠪᠠᠰᠤᠷᠠᠭᠤᠯᠬᠤ ᠲᠥᠯᠥᠪᠯᠡᠭᠡ ᠵᠢ ᠲᠣᠭᠲᠠᠭ᠋ᠠᠨ ᠨᠡᠶ᠋ᠢᠲᠡᠯᠡᠵᠦ᠂ ᠰᠤᠷᠭ᠋ᠠᠨ ᠬᠥᠮᠦᠵᠢᠯ᠎ᠤᠨ ᠬᠠᠮᠢᠶᠠᠷᠤᠭᠴᠢ᠂ ᠰᠤᠷᠭ᠋ᠠᠭᠤᠯᠢ ᠵᠢᠨ ᠱᠦᠵᠢ ᠰᠤᠷᠭ᠋ᠠᠭᠤᠯᠢ ᠵᠢᠨ ᠵᠠᠬᠢᠷᠤᠯ᠂ ᠪᠠᠭᠰᠢ᠂ ᠵᠢᠭ᠋ᠠᠬᠤ ᠵᠢ ᠰᠤᠳᠤᠯᠤᠭᠴᠢ᠂ ᠠᠩᠬᠢ ᠵᠢᠨ ᠡᠷᠬᠢᠯᠡᠭᠴᠢ ᠵᠡᠷᠭᠡ ᠲᠠᠪᠤᠨ ᠡᠩᠨᠡᠭᠡ ᠵᠢ ᠲᠤᠪᠤᠶ᠋ᠢᠮ᠎ᠠ ᠰᠠᠶ᠋ᠢᠲᠤᠷ ᠠᠳᠬᠤᠵᠤ᠂ ᠤᠯᠤᠰ ᠲᠦᠷᠦ ᠵᠢᠨ ᠬᠡᠪ ᠴᠢᠨᠠᠷ ᠵᠶ᠋ᠠᠷ ᠴᠢᠩᠭ᠎ᠠ᠂ ᠲᠤᠬᠠᠶ᠋ᠢᠯᠠᠭᠰᠠᠨ ᠠᠵᠢᠯ᠎ᠤᠨ ᠴᠢᠳᠠᠪᠤᠷᠢ᠎ᠪᠠᠷ ᠴᠠᠭ᠋ᠠᠷᠠᠭᠰᠠᠨ᠂ ᠬᠥᠮᠦᠨ᠎ᠢ ᠬᠥᠮᠦᠵᠢᠭᠦᠯᠬᠦ ᠬᠢᠷᠢ ᠬᠡᠮᠵᠢᠶ᠎ᠡ᠎ᠪᠠᠷ ᠥᠨᠳᠥᠷ ᠥᠨᠳᠥᠷ ᠬᠡᠪ ᠪᠣᠯᠪᠠᠰᠤᠷᠠᠯ᠎ᠲᠠᠢ ᠪᠠᠭᠰᠢ ᠵᠢᠨ ᠡᠩᠨᠡᠭᠡ ᠵᠢ ᠴᠢᠷᠮᠠᠶ᠋ᠢᠨ ᠪᠠᠶ᠋ᠢᠭᠤᠯᠤᠨ᠎ᠠ᠃ 《ᠠᠷᠭ᠎ᠠ ᠵᠠᠮ ᠵᠶ᠋ᠠᠨ ᠥᠷᠭᠡᠳᠬᠡᠵᠦ ᠨᠢᠭᠡ ᠪᠦᠯᠦᠭ᠎ᠢ ᠨᠥᠬᠦᠪᠥᠷᠢᠯᠡᠬᠦ᠂ ᠲᠤᠰᠬᠠᠶ ᠮᠡᠷᠭᠡᠵᠢᠯ᠎ᠤᠨ ᠪᠣᠯᠪᠠᠰᠤᠷᠠᠯ᠎ᠢ ᠴᠢᠩᠭ᠋ᠠᠳᠬᠠᠬᠤ᠎ᠳᠤ ᠨᠢᠭᠡ ᠪᠦᠯᠦᠭ᠎ᠢ ᠳᠡᠭᠡᠭᠰᠢᠯᠡᠭᠦᠯᠬᠦ᠂ ᠪᠠᠶ᠋ᠢᠭᠤᠯᠤᠯ ᠲᠣᠭᠲᠠᠴᠠ ᠵᠢᠨ ᠰᠢᠨ᠎ᠡ ᠵᠢ ᠡᠭᠦᠳᠬᠦ᠎ᠳᠤ ᠨᠢᠭᠡ ᠪᠦᠯᠦᠭ᠎ᠢ ᠬᠥᠭᠵᠢᠭᠡᠬᠦ᠂ ᠠᠵᠢᠯ᠎ᠤᠨ ᠪᠠᠶ᠋ᠢᠷᠢ ᠰᠣᠯᠢᠬᠤ ᠪᠠ ᠰᠠᠯᠭ᠋ᠠᠨ ᠲᠣᠬᠢᠷᠠᠭᠤᠯᠬᠤ ᠵᠢ ᠴᠢᠩᠭ᠋ᠠᠳᠬᠠᠬᠤ》 ᠰᠡᠳᠬᠢᠴᠡ ᠶᠣᠰᠣᠭ᠋ᠠᠷ᠂ ᠪᠠᠭᠰᠢ ᠵᠢᠨ ᠡᠩᠨᠡᠭᠡᠨ᠎ᠤ ᠪᠦᠲᠦᠴᠡ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠠᠭᠰᠢ ᠵᠢᠨ ᠡᠩᠨᠡᠭᠡᠨ᠎ᠤ ᠲᠤᠭ᠎ᠠ ᠬᠡᠮᠵᠢᠶ᠎ᠡ ᠬᠦᠷᠦᠯᠴᠡᠬᠦ ᠥᠬᠡᠶ᠂ ᠶᠠᠰᠤ ᠴᠢᠨᠠᠷ ᠰᠢᠯᠢᠳᠡᠭ ᠪᠤᠰᠤ ᠪᠠᠶ᠋ᠢᠬᠤ ᠲᠣᠪᠤᠶ᠋ᠢᠮ᠎ᠠ ᠠᠰᠠᠭᠤᠳᠠᠯ᠎ᠢ ᠰᠢᠢ᠍ᠳᠪᠦᠷᠢᠯᠡᠬᠦ ᠬᠡᠷᠡᠭᠲᠡᠶ᠃ 《ᠬᠡᠷᠡᠭᠴᠡᠭᠡ᠎ᠪᠠᠷ ᠠᠵᠢᠯ᠎ᠤᠨ ᠪᠠᠶ᠋ᠢᠷᠢ ᠲᠣᠬᠢᠷᠠᠭᠤᠯᠬᠤ᠂ ᠠᠵᠢᠯ᠎ᠤᠨ ᠪᠠᠶ᠋ᠢᠷᠢ᠎ᠪᠠᠷ ᠤᠷᠢᠨ ᠬᠡᠷᠡᠭᠯᠡᠬᠦ᠂ ᠥᠷᠢᠰᠥᠯᠳᠦᠭᠡᠨ ᠵᠶ᠋ᠠᠷ ᠠᠵᠢᠯ᠎ᠤᠨ ᠪᠠᠶ᠋ᠢᠷᠢ᠎ᠳᠤ ᠭᠠᠷᠬᠤ᠂ ᠬᠥᠮᠦᠨ ᠠᠵᠢᠯ᠎ᠤᠨ ᠪᠠᠶ᠋ᠢᠷᠢ᠎ᠳᠤ ᠲᠣᠬᠢᠷᠠᠬᠤ》 ᠵᠠᠷᠴᠢᠮ᠎ᠢ ᠪᠠᠷᠢᠮᠲᠠᠯᠠᠵᠤ᠂ ᠠᠵᠢᠯ᠎ᠤᠨ ᠪᠠᠶ᠋ᠢᠷᠢ᠎ᠳᠤ ᠤᠷᠢᠨ ᠬᠡᠷᠡᠭᠯᠡᠬᠦ ᠳᠦᠷᠢᠮ᠎ᠤᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠬᠦ ᠬᠡᠷᠡᠭᠲᠡᠶ᠃ ᠪᠠᠭᠰᠢ ᠵᠢᠨ ᠮᠣᠷᠠᠯ ᠪᠠᠭᠰᠢ ᠵᠢᠨ ᠰᠤᠷᠲᠠᠯ᠎ᠢ ᠪᠠᠭᠰᠢ ᠵᠢ ᠦᠨᠡᠯᠡᠬᠦ ᠨᠢᠭᠡᠳᠦᠭᠡᠷ ᠪᠠᠷᠢᠮᠵᠢᠶ᠎ᠠ ᠪᠣᠯᠭ᠋ᠠᠵᠤ᠂ ᠤᠷᠢᠵᠤ ᠣᠷᠣᠭᠤᠯᠬᠤ᠂ ᠬᠢᠨᠠᠨ ᠰᠢᠯᠭ᠋ᠠᠵᠤ ᠦᠨᠡᠯᠡᠬᠦ᠂ ᠱᠠᠩᠨᠠᠯ ᠰᠢᠯᠭ᠋ᠠᠷᠠᠭᠤᠯᠵᠤ ᠰᠢᠯᠢᠳᠡᠭ᠎ᠢ᠎ᠨᠢ ᠰᠢᠯᠭ᠋ᠠᠷᠠᠭᠤᠯᠬᠤ᠂ ᠮᠡᠷᠭᠡᠵᠢᠯ᠎ᠤᠨ ᠴᠣᠯᠠ ᠦᠨᠡᠯᠡᠨ ᠲᠣᠭᠲᠠᠭ᠋ᠠᠬᠤ ᠵᠡᠷᠭᠡ ᠪᠠᠭᠰᠢ ᠵᠢᠨ ᠬᠠᠮᠢᠶᠠᠷᠤᠯᠲᠠ ᠵᠢᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠥᠷᠭᠡᠨ ᠤᠯᠠᠨ ᠪᠠᠭᠰᠢ ᠵᠢᠨ ᠶᠣᠰᠣ ᠰᠤᠷᠲᠠᠬᠤᠨ ᠵᠶ᠋ᠠᠷ ᠪᠡᠶ᠎ᠡ᠎ᠪᠠᠨ ᠵᠠᠰᠠᠬᠤ᠂ ᠨᠢᠭᠡ ᠰᠡᠳᠬᠢᠯ ᠵᠶ᠋ᠠᠷ ᠰᠤᠷᠤᠯᠴᠠᠬᠤ ᠵᠢ ᠬᠦᠳᠦᠯᠦᠨ ᠵᠢᠯᠣᠭᠤᠳᠬᠤ ᠬᠡᠷᠡᠭᠲᠡᠢ᠃ ᠪᠠᠭᠰᠢ ᠵᠢᠨ ᠬᠠᠷᠠᠭ᠋ᠠᠯᠵᠠᠯ᠎ᠤᠨ ᠪᠠᠶ᠋ᠢᠷᠢ ᠰᠠᠭᠤᠷᠢ ᠵᠢ ᠳᠡᠭᠡᠭᠰᠢᠯᠡᠭᠦᠯᠵᠦ᠂ ᠳᠤᠮᠳᠠᠳᠤ ᠪᠠᠭ᠎ᠠ ᠰᠤᠷᠭ᠋ᠠᠭᠤᠯᠢ ᠵᠢᠨ ᠠᠮᠵᠢᠯᠲᠠ ᠪᠦᠲᠦᠮᠵᠢ ᠵᠢᠨ ᠴᠠᠯᠢᠩ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠨᠢᠭᠡᠳᠦᠭᠡᠷ ᠹᠷᠣᠨᠲ᠎ᠤᠨ ᠪᠠᠭᠰᠢ ᠵᠢᠨ ᠠᠵᠢᠯ᠎ᠤᠨ ᠢᠳᠡᠪᠬᠢᠵᠢᠯ᠎ᠢ ᠭᠦᠢ᠍ᠴᠡᠳ ᠲᠠᠶ᠋ᠢᠴᠢᠯᠠᠵᠦ᠂ ᠶᠡᠭᠡ ᠬᠦᠴᠦ ᠣᠷᠣᠭᠤᠯᠤᠨ 《ᠬᠢᠬᠦ ᠪᠠ ᠬᠢᠬᠦ ᠦᠭᠡᠢ᠎ᠨᠢ ᠠᠳᠠᠯᠢ᠂ ᠬᠢᠪᠡᠯ ᠢᠯᠡᠭᠦᠦ ᠬᠢᠪᠡᠯ ᠳᠤᠲᠠᠭᠤ ᠬᠢᠬᠦ᠂ ᠰᠠᠶ᠋ᠢᠨ ᠬᠢᠪᠡᠯ ᠮᠠᠭᠤ ᠵᠢ ᠬᠢᠬᠦ》 ᠠᠰᠠᠭᠤᠳᠠᠯ᠎ᠢ ᠰᠢᠢ᠍ᠳᠪᠦᠷᠢᠯᠡᠬᠦ ᠬᠡᠷᠡᠭᠲᠡᠢ᠃ ᠰᠢᠯᠢᠳᠡᠭ ᠪᠠᠭᠰᠢ ᠵᠢ ᠬᠥᠬᠢᠭᠦᠯᠦᠨ ᠱᠠᠩᠨᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠵᠢᠱ᠌ᠢᠶᠡᠴᠢ ᠰᠤᠷᠭ᠋ᠠᠭᠤᠯᠢ ᠵᠢᠨ ᠵᠠᠬᠢᠷᠤᠯ (ᠴᠡᠴᠡᠷᠯᠢᠭ᠎ᠤᠨ ᠳᠠᠷᠤᠭ᠎ᠠ)᠂ ᠵᠢᠱ᠌ᠢᠶᠡᠴᠢ ᠪᠠᠭᠰᠢ ᠪᠠ ᠭᠤᠤᠯᠯᠠᠭᠴᠢ ᠪᠠᠭᠰᠢ ᠵᠢ ᠰᠢᠯᠭ᠋ᠠᠷᠠᠭᠤᠯᠬᠤ ᠲᠥᠯᠥᠪᠯᠡᠭᠡ ᠵᠢ ᠭᠦᠨᠵᠡᠭᠡᠶ ᠬᠡᠷᠡᠭᠵᠢᠭᠦᠯᠵᠦ᠂ ᠪᠠᠭᠰᠢ ᠵᠢᠨ ᠤᠯᠤᠰ ᠲᠥᠷᠥ ᠵᠢᠨ ᠪᠠᠶ᠋ᠢᠷᠢ ᠰᠠᠭᠤᠷᠢ᠂ ᠨᠡᠶ᠋ᠢᠭᠡᠮ᠎ᠤᠨ ᠪᠠᠶ᠋ᠢᠷᠢ ᠰᠠᠭᠤᠷᠢ᠂ ᠠᠵᠢᠯ ᠮᠡᠷᠭᠡᠵᠢᠯ᠎ᠤᠨ ᠪᠠᠶ᠋ᠢᠷᠢ ᠰᠠᠭᠤᠷᠢ ᠵᠢ ᠪᠥᠬᠦ ᠲᠠᠯ᠎ᠠ᠎ᠪᠠᠷ ᠳᠡᠭᠡᠭᠰᠢᠯᠡᠭᠦᠯᠦᠨ᠎ᠡ᠃ ᠬᠥᠮᠦᠵᠢᠭᠦᠯᠦᠨ ᠪᠣᠯᠪᠠᠰᠤᠷᠠᠭᠤᠯᠬᠤ᠂ ᠰᠢᠯᠢᠳᠡᠭ᠎ᠢ ᠰᠢᠯᠭ᠋ᠠᠷᠠᠭᠤᠯᠵᠤ ᠲᠡᠷᠢᠭᠦᠨ᠎ᠤ᠎ᠬᠢ ᠵᠢ ᠰᠢᠯᠭ᠋ᠠᠷᠠᠭᠤᠯᠬᠤ᠂ ᠠᠮᠵᠢᠯᠲᠠ ᠪᠦᠲᠦᠮᠵᠢ ᠵᠢᠨ ᠴᠠᠯᠢᠩ ᠵᠡᠷᠭᠡ ᠲᠠᠯ᠎ᠠ᠎ᠪᠠᠷ ᠠᠩᠭᠢ ᠵᠢᠨ ᠡᠷᠬᠢᠯᠡᠭᠴᠢ ᠵᠢᠨ ᠬᠠᠷᠠᠭ᠋ᠠᠯᠵᠠᠯ ᠦᠵᠡᠭᠦᠯᠵᠦ᠂ ᠠᠩᠭᠢ ᠵᠢᠨ ᠡᠷᠬᠢᠯᠡᠭᠴᠢ ᠵᠢᠨ ᠢᠳᠡᠪᠬᠢᠵᠢᠯ᠂ ᠰᠠᠨᠠᠭ᠋ᠠᠴᠢᠯᠠᠭ᠋ᠠᠲᠤ ᠴᠢᠨᠠᠷ᠂ ᠪᠦᠲᠦᠭᠡᠯᠴᠢ ᠴᠢᠨᠠᠷ᠎ᠢ ᠳᠠᠶ᠋ᠢᠴᠢᠯᠠᠨ᠂ ᠠᠩᠭᠢ ᠵᠢᠨ ᠡᠷᠬᠢᠯᠡᠭᠴᠢ ᠵᠢᠨ ᠪᠦᠬᠦᠶ᠋ᠢᠯᠡ ᠪᠠᠭᠰᠢ ᠵᠢᠨ ᠡᠩᠨᠡᠭᠡ᠎ᠳᠤ ᠦᠵᠡᠭᠦᠯᠬᠦ 《ᠳᠥᠷᠪᠡ ᠬᠤᠶᠠᠷ᠎ᠢ ᠰᠢᠯᠵᠢᠭᠦᠯᠵᠦ ᠮᠢᠩᠭ᠋ᠠᠨ ᠵᠢᠩ》᠎ᠤᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠬᠤ ᠬᠡᠷᠡᠭᠲᠡᠶ᠃
ᠬᠥᠲᠥᠯᠥᠭᠴᠢ᠄ ᠡᠶ᠋ᠢᠮᠦ᠎ᠠᠴᠠ ᠥᠨᠳᠥᠷ ᠬᠡᠪ ᠪᠣᠯᠪᠠᠰᠤᠷᠠᠯ᠎ᠲᠠᠢ᠂ ᠲᠤᠰᠬᠠᠶ᠋ᠢᠵᠢᠭᠰᠠᠨ ᠪᠠᠭᠰᠢ ᠵᠢᠨ ᠡᠩᠨᠡᠭᠡ ᠵᠢ ᠪᠠᠶ᠋ᠢᠭᠤᠯᠬᠤ᠎ᠨᠢ ᠴᠦ᠍ ᠲᠦᠢ᠍ᠯ᠎ᠤᠨ ᠴᠢᠬᠤᠯᠠ ᠶᠤᠮ᠃
ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ