ᠴᠢᠨᠠᠷ ᠰᠠᠶ᠋ᠢᠲᠠᠶ ᠬᠥᠭᠵᠢᠯᠲᠡ ᠣᠯᠠᠨ ᠵᠶ᠋ᠠᠷ ᠵᠶ᠋ᠠᠨ ᠶᠠᠷᠢᠬᠤ᠂ ᠬᠤᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ᠄ ᠠᠷᠠᠳ ᠲᠦᠮᠡᠨ᠎ᠤ ᠰᠡᠳᠬᠢᠯ ᠬᠠᠨᠤᠮᠵᠢᠲᠠᠶ ᠰᠤᠷᠭ᠋ᠠᠨ ᠬᠥᠮᠦᠵᠢᠯ᠎ᠢ ᠰᠠᠶ᠋ᠢᠲᠤᠷ ᠡᠷᠭᠢᠯᠡᠨ᠎ᠡ (ᠬᠣᠶᠠᠷ)
ᠨᠡᠶ᠋ᠢᠲᠡᠯᠡᠭᠰᠡᠨ ᠴᠠᠭ᠄ 2023-04-14
ᠬᠦᠨᠳᠦᠲᠦ ᠵᠤᠴᠢᠳ᠄ ᠲᠤᠯᠤᠭ᠋ᠠᠢ ᠳᠣᠬᠢᠨ᠎ᠠ᠃
ᠬᠥᠲᠥᠯᠦᠭᠴᠢ᠄ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠪᠣᠯ ᠭᠡᠷ᠎ᠤᠨ ᠠᠬᠠᠮᠠᠳ᠎ᠤᠨ ᠮᠠᠰᠢ ᠠᠩᠬᠠᠷᠴᠤ ᠪᠠᠢ᠌ᠭ᠎ᠠ ᠰᠡᠳᠦᠪ ᠮᠥᠨ᠃ ᠪᠢᠳᠡ ᠬᠡᠳᠦᠨ ᠬᠤᠲᠠ ᠵᠢᠨ ᠠᠷᠠᠳ᠎ᠢ ᠲᠠᠰᠢᠷᠠᠮ ᠵᠶ᠋ᠠᠷ ᠰᠤᠷᠪᠤᠯᠵᠢᠯᠠᠵᠤ᠂ ᠲᠡᠳᠡᠨ᠎ᠤ ᠮᠠᠨ᠎ᠤ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠨ ᠰᠠᠨᠠᠭᠤᠯᠭ᠎ᠠ ᠪᠠ ᠬᠦᠰᠡᠯ ᠡᠷᠡᠮᠡᠯᠵᠡᠯ᠎ᠢ ᠰᠣᠨᠣᠰᠴᠠᠶ᠃
ᠭᠡᠷ᠎ᠤᠨ ᠠᠬᠠᠮᠠᠳ᠄ ᠤᠯᠤᠰ᠎ᠠᠴᠠ ᠣᠲᠣ 《ᠬᠤᠶᠠᠷ᠎ᠢ ᠬᠦᠩᠭᠡᠷᠡᠭᠦᠯᠬᠦ》 ᠲᠥᠷᠥ ᠵᠢᠨ ᠪᠣᠳᠣᠯᠭ᠎ᠠ ᠭᠠᠷᠭ᠋ᠠᠵᠤ᠂ ᠮᠠᠨ᠎ᠤ ᠠᠳᠡ ᠥᠷᠨᠢᠭᠦᠯᠦᠭᠰᠡᠨ ᠶᠠᠮᠠᠷ ᠵᠡᠷᠭᠡ ᠪᠣᠶ?
ᠭᠡᠷ᠎ᠤᠨ ᠠᠬᠠᠮᠠᠳ᠄ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠬᠢᠯ᠎ᠡ ᠭᠡᠳᠡᠭ᠂ ᠵᠠᠯᠭ᠋ᠠᠭ᠋ᠠᠳ ᠪᠢᠳᠡᠨ ᠶᠠᠮᠠᠷ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠠᠪᠬᠤ ᠪᠣᠢ?
ᠭᠡᠷ᠎ᠤᠨ ᠠᠬᠠᠮᠠᠳ᠄ ᠪᠢᠳᠡ ᠪᠣᠯ * * ᠬᠥᠮᠦᠨ᠂ ᠭᠡᠷ᠎ᠤᠨ ᠡᠮᠦᠨ᠎ᠡ ᠣᠳᠣ ᠠᠯᠪᠠᠨ᠎ᠠᠴᠠ ᠡᠷᠬᠢᠯᠡᠭᠰᠡᠨ ᠬᠡᠦᠬᠡᠳ᠎ᠤᠨ ᠴᠡᠴᠡᠷᠯᠢᠭ ᠪᠠᠢ᠌ᠬᠤ ᠦᠭᠡᠢ᠂ ᠮᠠᠰᠢ ᠳᠥᠭᠥᠮ ᠦᠭᠡᠢ᠂ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠲᠠᠢ ᠡᠨᠡ ᠬᠦ᠌ ᠪᠠᠢ᠌ᠳᠠᠯ᠎ᠢ ᠲᠤᠰᠬᠠᠬᠤ ᠰᠠᠨᠠᠭ᠎ᠠ᠎ᠲᠠᠢ᠃ ᠬᠥᠲᠥᠯᠦᠭᠴᠢ᠄ ᠡᠩ ᠲᠡᠷᠢᠭᠦᠨ᠎ᠳᠤ 《ᠬᠣᠶᠠᠷ᠎ᠢ ᠬᠠᠰᠤᠬᠤ》 ᠠᠵᠢᠯ᠎ᠤᠨ ᠦᠵᠡᠭᠦᠯᠦᠯᠭᠡ ᠵᠢᠨ ᠪᠠᠢ᠍ᠳᠠᠯ᠎ᠤᠨ ᠲᠤᠬᠠᠢ ᠠᠰᠠᠭᠤᠯᠲᠠ᠃
ᠬᠤᠤ ᠵᠢᠶᠠᠨ ᠵᠢᠶᠦ᠋ᠨ᠄ 《ᠬᠤᠶᠠᠷ᠎ᠢ ᠪᠠᠭ᠋ᠠᠰᠬᠠᠬᠤ》᠎ᠨᠢ ᠨᠠᠮ ᠪᠠ ᠤᠯᠤᠰ᠎ᠠᠴᠠ ᠠᠷᠠᠳ ᠣᠯᠠᠨ᠎ᠤ ᠪᠠᠴᠢᠮ ᠪᠡᠷᠬᠡ ᠵᠣᠪᠠᠨᠢᠯ᠎ᠤᠨ ᠠᠰᠠᠭᠤᠳᠠᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠬᠤ ᠪᠠ ᠰᠤᠷᠤᠯᠭ᠎ᠠ ᠵᠢᠨ ᠳᠠᠷᠤᠭ᠋ᠠᠰᠤ ᠵᠢᠨ ᠠᠰᠠᠭᠤᠳᠠᠯ᠎ᠢ ᠴᠢᠩᠭ᠎ᠠ ᠵᠠᠰᠠᠬᠤ ᠲᠥᠷᠥ ᠵᠢᠨ ᠪᠣᠳᠣᠯᠭ᠎ᠠ ᠵᠢᠨ ᠤᠳᠤᠷᠢᠳᠤᠮᠵᠢ ᠵᠢ ᠳᠣᠪᠤᠶ᠋ᠢᠯᠭ᠋ᠠᠵᠤ᠂ ᠪᠢᠳᠡ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠭᠤᠤᠯ ᠵᠢᠭᠰᠠᠭ᠋ᠠᠯ᠎ᠤᠨ ᠭᠠᠵᠠᠷ᠎ᠤᠨ ᠦᠢ᠍ᠯᠡᠳᠦᠯ᠎ᠢ ᠴᠢᠩᠭ᠋ᠠᠷᠠᠭᠤᠯᠤᠨ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠂ ᠪᠠᠭ᠎ᠠ ᠰᠤᠷᠭ᠋ᠠᠭᠤᠯᠢ ᠵᠢᠨ 《ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠦᠨᠳᠦᠰᠦᠨ ᠱᠠᠭ᠋ᠠᠷᠳᠠᠯᠭ᠎ᠠ》 ᠵᠢ ᠴᠢᠩᠭ᠎ᠠ ᠨᠠᠶ᠋ᠢᠳᠠᠪᠤᠷᠢᠵᠢᠭᠤᠯᠵᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ᠂ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠲᠤᠰᠬᠠᠶ ᠵᠠᠰᠠᠯᠲᠠ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠰᠤᠷᠤᠭᠴᠢᠳ᠎ᠤᠨ ᠬᠢᠴᠢᠶᠡᠯ ᠰᠤᠷᠤᠯᠭ᠎ᠠ ᠵᠢᠨ ᠳᠠᠷᠤᠭ᠋ᠠᠰᠤ ᠪᠠ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠪᠡ᠃ ᠣᠳᠣᠬᠠᠨ᠎ᠳᠤ᠂ ᠪᠥᠬᠦ ᠬᠤᠲᠠ ᠵᠢᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ 134 ᠳᠤᠮᠳᠠᠳᠤ ᠪᠠᠭ᠎ᠠ ᠰᠤᠷᠭ᠋ᠠᠭᠤᠯᠢ ᠴᠥᠮ ᠱᠠᠭ᠋ᠠᠷᠳᠠᠯᠭ᠎ᠠ ᠶᠣᠰᠣᠭ᠋ᠠᠷ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡ ᠵᠢ ᠥᠷᠨᠢᠭᠦᠯᠵᠦ ᠪᠠᠶ᠋ᠢᠨ᠎ᠠ᠃ 139 ᠬᠢᠴᠢᠶᠡᠯ ᠲᠥᠷᠥᠯ᠎ᠤᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢ 129 ᠬᠦᠴᠦᠨ ᠥᠬᠡᠶ ᠪᠣᠯᠭ᠋ᠠᠵᠤ᠂ ᠬᠢᠴᠢᠶᠡᠯ ᠲᠥᠷᠥᠯ᠎ᠤᠨ ᠪᠤᠰᠤ ᠲᠥᠷᠥᠯ 10 ᠪᠣᠯᠭ᠋ᠠᠨ ᠬᠤᠪᠢᠷᠠᠭᠤᠯᠵᠤ᠂ ᠪᠠᠭ᠋ᠠᠰᠬᠠᠭᠰᠠᠨ ᠨᠣᠷᠮ᠎ᠠ ᠵᠢ 100%᠎ᠳᠤ ᠬᠦᠷᠦᠭᠦᠯᠪᠡ; 76 ᠦᠨᠡᠮᠯᠡᠯ᠎ᠢ ᠪᠦᠷᠢᠨ ᠪᠤᠰᠤ ᠪᠤᠶᠤ ᠦᠨᠡᠮᠯᠡᠯ ᠦᠭᠡᠢ ᠪᠠᠶ᠋ᠢᠭᠤᠯᠤᠮᠵᠢ ᠵᠢ ᠬᠠᠭ᠋ᠠᠵᠤ ᠵᠣᠭᠰᠣᠭ᠋ᠠᠪᠠ; ᠰᠢᠨᠵᠢᠯᠡᠭᠡᠨ᠎ᠤ ᠰᠠᠯᠠᠭ᠎ᠠ ᠪᠤᠰᠤ 313 ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢᠨ ᠲᠥᠷᠥᠯ ᠬᠤᠪᠢᠶᠠᠨ ᠬᠠᠮᠢᠶᠠᠷᠬᠤ ᠡᠭᠦᠷᠭᠡ ᠴᠢᠳᠠᠪᠤᠷᠢ ᠵᠢ ᠰᠢᠯᠵᠢᠭᠦᠯᠦᠨ ᠲᠤᠰᠢᠶᠠᠬᠤ ᠵᠢ ᠪᠡᠶᠡᠯᠡᠭᠦᠯᠵᠦ᠂ ᠪᠡᠯᠡ ᠮᠥᠩᠭᠦ ᠵᠢᠨ ᠬᠢᠨᠠᠯᠲᠠ ᠬᠠᠮᠢᠶᠠᠷᠤᠯᠲᠠ ᠵᠢᠨ ᠨᠣᠷᠮ᠎ᠠ 100%᠎ᠳᠤ ᠬᠦᠷᠪᠡ᠃ ᠲᠠᠷᠠᠭ᠋ᠠᠴᠢ ᠵᠢᠨ ᠠᠯᠬᠤᠮ᠎ᠳᠤ᠂ ᠪᠢᠳᠡ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢᠨ ᠵᠠᠰᠠᠯᠲᠠ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠠᠵᠢᠯ ᠲᠥᠷᠥᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠠᠷᠢᠭᠤᠴᠠᠯᠭ᠎ᠠ ᠵᠢ ᠭᠦᠢ᠍ᠴᠡᠳ ᠪᠠᠳᠠᠷᠠᠭᠤᠯᠤᠨ᠂ 《ᠬᠠᠮᠲᠤᠷᠠᠨ ᠬᠠᠤᠯᠢ ᠬᠡᠷᠡᠭᠵᠢᠭᠦᠯᠬᠦ》᠂ 《ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠦᠯᠲᠡ》᠂ 《 ᠲᠤᠰᠬᠠᠶ ᠴᠡᠭᠴᠡᠯᠡᠨ ᠵᠠᠰᠠᠬᠤ》 ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠶᠡᠷᠦᠩᠬᠡᠶ᠋ᠢᠯᠡᠨ ᠵᠠᠰᠠᠬᠤ ᠵᠢ ᠪᠠᠶ᠋ᠢᠩᠭᠤᠵᠢᠭᠤᠯᠤᠨ ᠥᠷᠨᠢᠭᠦᠯᠦᠨ᠎ᠡ᠃ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠭᠤᠤᠯ ᠵᠢᠭᠰᠠᠭ᠋ᠠᠯ᠎ᠤᠨ ᠭᠠᠵᠠᠷ᠎ᠤᠨ ᠦᠢ᠍ᠯᠡᠳᠦᠯ᠎ᠢ ᠴᠢᠩᠭ᠋ᠠᠷᠠᠭᠤᠯᠵᠤ᠂ ᠵᠢᠭ᠋ᠠᠨ ᠰᠤᠳᠤᠯᠬᠤ ᠵᠢᠭ᠋ᠠᠨ ᠰᠤᠷᠭ᠋ᠠᠬᠤ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ ᠵᠢᠭ᠋ᠠᠨ ᠰᠤᠷᠭ᠋ᠠᠬᠤ ᠵᠠᠭᠪᠤᠷ᠎ᠤᠨ ᠰᠢᠨ᠎ᠡ ᠵᠢ ᠡᠭᠦᠳᠴᠦ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠂ ᠳᠤᠮᠳᠠᠳᠤ ᠪᠠᠭ᠎ᠠ ᠰᠤᠷᠭ᠋ᠠᠭᠤᠯᠢ ᠵᠢᠨ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠤᠷᠤᠭᠴᠢᠳ᠎ᠤᠨ ᠬᠢᠴᠢᠶᠡᠯ ᠰᠤᠷᠤᠯᠭ᠎ᠠ ᠵᠢᠨ ᠳᠠᠷᠤᠭ᠋ᠠᠰᠤ ᠪᠠ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠬᠦ ᠬᠡᠷᠡᠭᠲᠡᠶ᠃
ᠬᠥᠲᠥᠯᠥᠭᠴᠢ᠄ ᠬᠣᠶᠠᠳᠤᠭ᠋ᠠᠷ ᠭᠡᠷ᠎ᠤᠨ ᠠᠬᠠᠮᠠᠳ᠎ᠤᠨ ᠬᠡᠯᠡᠭᠰᠡᠨ ᠠᠰᠠᠭᠤᠳᠠᠯ᠂ ᠪᠢ ᠪᠠᠰᠠ ᠪᠠᠭ᠎ᠠ ᠰᠤᠷᠭ᠋ᠠᠭᠤᠯᠢ ᠵᠢᠨ ᠰᠤᠷᠤᠭᠴᠢ ᠵᠢᠨ ᠭᠡᠷ᠎ᠤᠨ ᠠᠬᠠᠮᠠᠳ᠂ ᠪᠢᠳᠡ ᠠᠯᠢ ᠲᠠᠯ᠎ᠠ᠎ᠪᠠᠷ ᠵᠠᠰᠠᠨ ᠥᠭᠡᠷᠡᠴᠢᠯᠡᠭᠰᠡᠨ ᠪᠣᠢ?
ᠬᠣᠣ ᠵᠢᠶᠠᠨ ᠵᠢᠶᠦ᠋ᠨ : ᠪᠠᠢ᠌ᠭᠤᠯᠤᠯ ᠲᠣᠭᠲᠠᠴᠠ ᠵᠢᠨ ᠬᠠᠷᠰᠢ ᠰᠠᠭ᠋ᠠᠳ᠎ᠢ ᠠᠷᠢᠯᠭ᠋ᠠᠵᠤ ᠰᠤᠷᠭ᠋ᠠᠨ ᠬᠥᠮᠦᠵᠢᠯ᠎ᠤᠨ ᠣᠳᠣᠬᠢᠴᠢᠯᠠᠯᠲᠠ ᠵᠢ ᠲᠦᠷᠭᠡᠳᠭᠡᠨ ᠠᠬᠢᠭᠤᠯᠬᠤ ᠵᠢᠨ ᠵᠠᠩᠭᠢᠯᠠᠭ᠎ᠠ᠎ᠨᠢ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠳᠤ ᠲᠦᠰᠢᠭᠯᠡᠨ᠎ᠡ᠃ ᠰᠤᠷᠭ᠋ᠠᠨ ᠬᠥᠮᠦᠵᠢᠯ᠎ᠤᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠬᠤᠯᠪᠣᠭᠳᠠᠬᠤ ᠬᠡᠪᠴᠢᠶ᠎ᠡ ᠥᠷᠭᠡᠨ᠂ ᠨᠡᠶ᠋ᠢᠭᠡᠮ᠎ᠤᠨ ᠠᠩᠬᠠᠷᠤᠯ᠎ᠤᠨ ᠬᠡᠮᠵᠢᠶ᠎ᠡ ᠥᠨᠳᠥᠷ ᠪᠠᠶ᠋ᠢᠳᠠᠭ ᠪᠣᠯᠬᠤᠷ 《ᠨᠢᠭᠡ ᠯᠡ ᠳᠡᠭᠡᠷ᠎ᠡ ᠪᠥᠬᠦ ᠲᠠᠯ᠎ᠠ ᠵᠢ ᠨᠥᠯᠥᠭᠡᠯᠡᠬᠦ》 ᠶᠠᠪᠤᠳᠠᠯ ᠭᠡᠵᠦ ᠬᠡᠯᠡᠵᠦ ᠪᠣᠯᠤᠨ᠎ᠠ᠂ ᠪᠢᠳᠡ ᠬᠥᠭᠵᠢᠯᠲᠡ ᠵᠢᠨ ᠬᠠᠷᠠᠴᠠ᠂ ᠥᠭᠡᠷᠡᠴᠢᠯᠡᠯᠲᠡ ᠵᠢᠨ ᠤᠬᠠᠮᠰᠠᠷ ᠵᠶ᠋ᠠᠷ ᠰᠢᠰᠲ᠋ᠧᠮ᠎ᠲᠠᠢ ᠰᠤᠳᠤᠯᠵᠤ᠂ ᠨᠢᠭᠡᠳᠦᠯᠲᠡᠶ ᠲᠥᠯᠥᠪᠵᠢᠭᠦᠯᠦᠨ ᠠᠬᠢᠭᠤᠯᠪᠠ᠃ ᠰᠤᠷᠭ᠋ᠠᠭᠤᠯᠢ᠂ ᠪᠠᠭᠰᠢ᠂ ᠰᠤᠷᠤᠭᠴᠢ᠂ ᠰᠤᠷᠭ᠋ᠠᠨ ᠬᠥᠮᠦᠵᠢᠯ᠎ᠤᠨ ᠠᠵᠢᠯ᠎ᠤᠨ ᠦᠨᠡᠯᠡᠯᠲᠡ ᠵᠢᠨ ᠰᠢᠰᠲ᠋ᠧᠮ᠎ᠤᠨ ᠥᠭᠡᠷᠡᠴᠢᠯᠡᠯᠲᠡ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠭᠤᠣᠯᠳᠠᠭᠤ ᠵᠢᠭ᠋ᠠᠨ ᠰᠤᠷᠭ᠋ᠠᠯᠲᠠ ᠵᠢᠨ ᠠᠭᠤᠯᠭ᠎ᠠ᠂ ᠠᠷᠭ᠎ᠠ ᠪᠣᠯᠤᠨ ᠰᠤᠷᠤᠭᠴᠢᠳ᠎ᠤᠨ ᠶᠡᠷᠦᠩᠬᠡᠶ᠋ᠢᠯᠡᠭᠰᠡᠨ ᠬᠡᠪ ᠴᠢᠨᠠᠷ᠎ᠢ ᠰᠢᠯᠭ᠋ᠠᠨ ᠬᠢᠨᠠᠵᠤ᠂ ᠵᠥᠪᠬᠡᠨ ᠬᠤᠪᠢ ᠰᠢᠯᠭ᠋ᠠᠬᠤ᠎ᠪᠠᠷ ᠪᠠᠭᠰᠢ ᠵᠢ ᠳ᠋ᠤᠭ᠋ᠠᠷᠯᠠᠬᠤ᠂ ᠰᠤᠷᠭ᠋ᠠᠭᠤᠯᠢ ᠲᠠᠪᠰᠢᠬᠤ᠎ᠪᠠᠷ ᠰᠤᠷᠭ᠋ᠠᠭᠤᠯᠢ ᠵᠢ ᠦᠨᠡᠯᠡᠬᠦ ᠤᠳᠤᠷᠢᠳᠤᠮᠵᠢ ᠵᠢ ᠬᠤᠪᠢᠷᠠᠭᠤᠯᠵᠤ᠂ ᠰᠤᠷᠭ᠋ᠠᠨ ᠬᠥᠮᠦᠵᠢᠯ᠎ᠤᠨ ᠠᠰᠢᠭ ᠬᠠᠷᠠᠬᠤ ᠬᠡᠯᠪᠡᠷᠢᠯ᠎ᠢ ᠬᠤᠪᠢᠷᠠᠭᠤᠯᠬᠤ ᠬᠡᠷᠡᠭᠲᠡᠢ᠃ ᠠᠯᠪᠠᠨ᠎ᠠᠴᠠ ᠡᠷᠬᠢᠯᠡᠭᠰᠡᠨ ᠬᠡᠦᠬᠡᠳ᠎ᠤᠨ ᠴᠡᠴᠡᠷᠯᠢᠭ᠎ᠤᠨ ᠪᠠᠭᠰᠢ ᠠᠵᠢᠯᠲᠠᠨ ᠠᠵᠢᠯᠴᠢᠨ᠎ᠤ ᠶᠡᠷᠦᠩᠬᠡᠶ ᠬᠡᠮᠵᠢᠶ᠎ᠡ ᠵᠢᠨ ᠬᠠᠮᠢᠶᠠᠷᠤᠯᠲᠠ ᠪᠣᠯᠤᠨ ᠰᠤᠷᠭ᠋ᠠᠭᠤᠯᠢ ᠡᠷᠬᠢᠯᠡᠭᠰᠡᠨ ᠬᠡᠦᠬᠡᠳ᠎ᠤᠨ ᠴᠡᠴᠡᠷᠯᠢᠭ᠎ᠢ ᠲᠤᠰᠠᠭ᠋ᠠᠷ ᠪᠠᠶ᠋ᠢᠷᠢᠯᠠᠭᠤᠯᠬᠤ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠠᠯᠪᠠᠨ᠎ᠠᠴᠠ ᠡᠷᠬᠢᠯᠡᠭᠰᠡᠨ ᠬᠡᠦᠬᠡᠳ᠎ᠤᠨ ᠴᠡᠴᠡᠷᠯᠢᠭ᠎ᠤᠨ ᠪᠠᠭᠰᠢ ᠵᠢᠨ ᠡᠩᠨᠡᠭᠡ ᠵᠢ ᠲᠣᠭᠲᠠᠭᠤᠨ ᠪᠠᠶ᠋ᠢᠯᠭ᠋ᠠᠵᠤ᠂ ᠰᠢᠨᠵᠢᠯᠡᠬᠦ ᠤᠬᠠᠭ᠋ᠠᠨᠴᠢ᠎ᠪᠠᠷ ᠠᠰᠠᠷᠠᠨ ᠬᠥᠮᠦᠵᠢᠭᠦᠯᠬᠦ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠶ᠃ ᠳᠤᠮᠳᠠᠳᠤ ᠤᠯᠤᠰ ᠪᠠ ᠶᠡᠭᠡ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭ᠋ᠠᠯᠲᠠ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠠᠵᠢᠯ᠎ᠢ ᠰᠠᠶ᠋ᠢᠲᠤᠷ ᠠᠳᠬᠤᠵᠤ᠂ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠵᠢ ᠰᠠᠶ᠋ᠢᠲᠤᠷ ᠬᠢᠵᠦ᠂ ᠨᠡᠶ᠋ᠢᠭᠡᠮ᠎ᠤᠨ ᠵᠢᠱ᠌ᠢᠯᠲᠡ ᠵᠢ ᠵᠦᠶ ᠵᠣᠬᠢᠰᠲᠠᠶ ᠬᠥᠲᠥᠯᠦᠨ ᠵᠢᠯᠣᠭᠤᠳᠴᠤ᠂ ᠡᠬᠢ ᠪᠠᠶᠠᠯᠢᠭ᠎ᠤᠨ ᠬᠠᠩᠭ᠋ᠠᠯᠭ᠎ᠠ᠂ ᠪᠠᠭᠰᠢ ᠵᠢᠨ ᠲᠣᠬᠢᠷᠠᠭᠤᠯᠤᠯᠲᠠ᠂ ᠵᠢᠭ᠋ᠠᠨ ᠰᠤᠷᠭ᠋ᠠᠯᠲᠠ ᠵᠢᠨ ᠬᠠᠮᠢᠶᠠᠷᠤᠯᠲᠠ ᠵᠡᠷᠭᠡ ᠶᠡᠷᠦᠩᠬᠡᠶ᠋ᠢᠯᠡᠭᠰᠡᠨ ᠪᠠᠲᠤᠯᠠᠭ᠎ᠠ ᠵᠢᠨ ᠠᠵᠢᠯ᠎ᠢ ᠪᠥᠬᠦ ᠲᠠᠯ᠎ᠠ᠎ᠪᠠᠷ ᠰᠠᠶ᠋ᠢᠲᠤᠷ ᠬᠢᠵᠦ᠂ ᠥᠭᠡᠷᠡᠴᠢᠯᠡᠯᠲᠡ ᠵᠢᠨ ᠡᠭᠦᠷᠭᠡ ᠵᠢᠨ ᠤᠷᠤᠭᠰᠢᠲᠠᠶ ᠠᠭᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠰᠤᠷᠭ᠋ᠠᠨ ᠬᠥᠮᠦᠵᠢᠯ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠵᠢᠭ᠋ᠠᠨ ᠰᠤᠷᠭ᠋ᠠᠯᠲᠠ ᠵᠢᠨ ᠬᠠᠮᠢᠶᠠᠷᠤᠯᠲᠠ᠂ ᠠᠵᠢᠯ ᠲᠥᠷᠥᠯ ᠵᠶ᠋ᠠᠷ ᠵᠶ᠋ᠠᠨ ᠬᠠᠪᠰᠤᠷᠤᠨ ᠲᠡᠳᠬᠦᠬᠦ᠂ ᠪᠠᠭᠰᠢ ᠵᠢᠨ ᠪᠣᠯᠪᠠᠰᠤᠷᠠᠭᠤᠯᠤᠯ᠂ ᠠᠰᠫᠢᠷᠠᠨᠲ᠎ᠤᠨ ᠰᠤᠷᠭ᠋ᠠᠨ ᠬᠥᠮᠦᠵᠢᠯ᠎ᠢ ᠳᠡᠮᠵᠢᠬᠦ ᠵᠡᠷᠭᠡ ᠲᠠᠯ᠎ᠠ ᠵᠢᠨ ᠬᠠᠮᠲᠤᠷᠠᠯᠴᠠᠭ᠋ᠠᠨ᠎ᠤ ᠠᠭᠤᠯᠭ᠎ᠠ ᠵᠢ ᠤᠯᠠᠮ ᠨᠢᠭᠡ ᠠᠯᠬᠤᠮ ᠥᠷᠭᠡᠳᠬᠡᠵᠦ᠂ ᠵᠢᠭ᠋ᠠᠨ ᠰᠤᠷᠭ᠋ᠠᠯᠲᠠ ᠵᠢᠨ ᠣᠨᠣᠯᠵᠢᠬᠤᠨ ᠵᠶ᠋ᠠᠨ ᠬᠤᠪᠢᠷᠠᠭᠤᠯᠬᠤ᠂ ᠬᠠᠮᠢᠶᠠᠷᠤᠯᠲᠠ ᠵᠢᠨ ᠵᠠᠭᠪᠤᠷ᠎ᠤᠨ ᠰᠢᠨ᠎ᠡ ᠵᠢ ᠡᠭᠦᠳᠬᠦ ᠵᠢ ᠠᠬᠢᠭᠤᠯᠬᠤ ᠬᠡᠷᠡᠭᠲᠡᠢ; ᠬᠤᠲᠠ ᠵᠢᠨ ᠬᠡᠪᠴᠢᠶ᠎ᠡ᠂ ᠰᠢᠶᠠᠨ᠎ᠤ ᠬᠡᠪᠴᠢᠶᠡᠨ᠎ᠤ ᠰᠤᠷᠭ᠋ᠠᠭᠤᠯᠢ ᠵᠢᠨ ᠬᠤᠭᠤᠷᠣᠨᠳᠣᠬᠢ ᠬᠠᠮᠲᠤᠷᠠᠯᠴᠠᠭ᠎ᠠ ᠰᠣᠯᠢᠯᠴᠠᠭ᠎ᠠ᠎ᠪᠠᠨ ᠴᠢᠩᠭ᠋ᠠᠳᠬᠠᠬᠤ ᠵᠢ ᠵᠣᠷᠢᠭᠵᠢᠭᠤᠯᠵᠤ᠂ ᠠᠶ᠋ᠢᠮᠠᠭᠯᠤᠭᠠ ᠬᠤᠯᠪᠣᠭ᠋ᠠᠯᠠᠬᠤ ᠲᠦᠷᠢᠮ᠂ ᠪᠦᠯᠦᠭᠵᠢᠭᠦᠯᠬᠦ᠂ ᠰᠤᠷᠭ᠋ᠠᠭᠤᠯᠢ ᠵᠢᠨ ᠲᠣᠭᠤᠷᠢᠭ᠎ᠤᠨ ᠳᠦᠷᠢᠮᠲᠦ ᠰᠤᠷᠭ᠋ᠠᠭᠤᠯᠢ ᠡᠷᠭᠢᠯᠡᠬᠦ ᠵᠠᠭᠪᠤᠷ᠎ᠢ ᠢᠳᠡᠪᠬᠢᠲᠡᠶ ᠬᠡᠷᠡᠭᠵᠢᠭᠦᠯᠵᠦ᠂ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠡᠷᠭᠢᠯᠡᠬᠦ ᠬᠢᠷᠢ ᠬᠡᠮᠵᠢᠶ᠎ᠡ᠎ᠪᠠᠨ ᠳᠡᠭᠡᠭᠰᠢᠯᠡᠭᠦᠯᠬᠦ ᠬᠡᠷᠡᠭᠲᠡᠢ᠃ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠴᠣᠭᠴᠠᠯᠠᠯᠲᠠ ᠵᠢ ᠴᠢᠩᠭ᠋ᠠᠳᠬᠠᠵᠤ᠂ ᠰᠢᠯᠢᠳᠡᠭ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠦᠵᠢ ᠵᠢ ᠰᠣᠩᠭᠤᠨ ᠬᠦᠴᠦᠷᠬᠡᠭᠵᠢᠭᠦᠯᠬᠦ ᠬᠡᠷᠡᠭᠲᠡᠢ᠃ ᠠᠷᠠᠳ᠎ᠠᠴᠠ ᠡᠷᠬᠢᠯᠡᠭᠰᠡᠨ ᠳᠤᠮᠳᠠᠳᠤ ᠪᠠᠭ᠎ᠠ ᠰᠤᠷᠭ᠋ᠠᠭᠤᠯᠢ ᠵᠢ ᠰᠢᠯᠭ᠋ᠠᠨ ᠬᠢᠨᠠᠵᠤ ᠰᠢᠯᠭ᠋ᠠᠨ ᠦᠨᠡᠯᠡᠬᠦ ᠲᠣᠭᠲᠠᠴᠠ ᠵᠢ ᠪᠠᠶ᠋ᠢᠭᠤᠯᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠡᠷᠭᠡ ᠠᠵᠢᠯ᠎ᠤᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠭᠰᠠᠨ ᠵᠶ᠋ᠠᠷ ᠬᠦᠷᠦᠯᠴᠡᠬᠦ ᠦᠭᠡᠶ᠂ ᠰᠤᠷᠭ᠋ᠠᠭᠤᠯᠢ ᠵᠢᠨ ᠬᠦᠷᠢᠶᠡᠨ᠎ᠤ ᠬᠠᠮᠢᠶᠠᠷᠤᠯᠲᠠ᠎ᠨᠢ ᠨᠠᠷᠢᠯᠢᠭ ᠪᠤᠰᠤ᠂ ᠠᠰᠠᠭᠤᠳᠠᠯ ᠣᠷᠣᠰᠢᠵᠤ ᠪᠠᠶ᠋ᠢᠭ᠋ᠠᠳ ᠣᠯᠠᠨᠲᠠ ᠰᠤᠷᠤᠭᠰᠠᠨ ᠴᠤ᠌ ᠵᠠᠯᠠᠷᠠᠭᠤᠯᠬᠤ ᠦᠭᠡᠶ ᠰᠤᠷᠭ᠋ᠠᠭᠤᠯᠢ ᠵᠢ ᠨᠡᠪᠲᠡᠷᠡᠭᠦᠯᠦᠨ ᠰᠢᠭᠦᠮᠵᠢᠯᠡᠵᠦ᠂ ᠰᠤᠷᠤᠭᠴᠢ ᠡᠯᠰᠡᠬᠦ ᠲᠥᠯᠥᠪᠯᠡᠭᠡ ᠵᠢ ᠪᠠᠭ᠋ᠠᠰᠬᠠᠨ᠂ ᠰᠤᠷᠭ᠋ᠠᠭᠤᠯᠢ ᠡᠷᠬᠢᠯᠡᠬᠦ ᠬᠢᠷᠢ ᠭᠡᠮ᠎ᠢ᠎ᠨᠢ ᠬᠦᠴᠦᠨ ᠦᠭᠡᠶ ᠪᠣᠯᠭ᠋ᠠᠬᠤ ᠬᠡᠷᠡᠭᠲᠡᠶ᠃
ᠬᠥᠲᠥᠯᠦᠭᠴᠢ᠄ ᠭᠤᠷᠪᠠᠳᠤᠭ᠋ᠠᠷ᠎ᠨᠢ ᠣᠯᠠᠨ ᠲᠦᠮᠡᠨ᠎ᠤ ᠳᠡᠷᠭᠡᠳᠡᠬᠢ ᠠᠯᠪᠠᠨ᠎ᠠᠴᠠ ᠪᠠᠢ᠍ᠭᠤᠯᠤᠭᠰᠠᠨ ᠬᠡᠦᠬᠡᠳ᠎ᠤᠨ ᠴᠡᠴᠡᠷᠯᠢᠭ᠎ᠤᠨ ᠡᠬᠢ ᠪᠠᠶᠠᠯᠢᠭ ᠬᠦᠷᠦᠯᠴᠡᠬᠦ ᠦᠭᠡᠢ ᠠᠰᠠᠭᠤᠳᠠᠯ᠎ᠤᠨ ᠲᠤᠬᠠᠢ᠃
ᠯᠢ ᠶᠦᠨ ᠱᠧᠩ᠄ ᠬᠣᠲᠠ ᠪᠠᠯᠭ᠋ᠠᠰᠤᠵᠢᠯᠲᠠ ᠵᠢᠨ ᠠᠬᠢᠭᠤᠯᠤᠯᠲᠠ ᠪᠣᠯᠤᠨ ᠬᠣᠶᠠᠷ ᠬᠡᠦᠬᠡᠳ ᠠᠪᠴᠤ ᠪᠣᠯᠬᠤ᠂ ᠭᠤᠷᠪᠠᠨ ᠬᠡᠦᠬᠡᠳ ᠠᠪᠴᠤ ᠪᠣᠯᠬᠤ ᠲᠥᠷᠥ ᠵᠢᠨ ᠪᠣᠳᠣᠯᠭ᠎ᠠ ᠵᠢ ᠴᠢᠯᠥᠭᠡᠲᠡᠢ ᠪᠣᠯᠭ᠋ᠠᠬᠤ ᠵᠢ ᠳᠠᠭ᠋ᠠᠯᠳᠤᠨ᠂ ᠬᠣᠲᠠ ᠲᠣᠭᠣᠷᠢᠭ᠎ᠤᠨ ᠲᠣᠬᠢᠷᠠᠬᠤ ᠨᠠᠰᠤᠨ᠎ᠤ ᠬᠡᠦᠬᠡᠳ ᠲᠦᠷᠭᠡᠨ ᠨᠡᠮᠡᠭᠳᠡᠵᠦ᠂ ᠬᠣᠲᠠ ᠪᠠᠯᠭ᠋ᠠᠰᠤᠨ᠎ᠤ ᠳᠤᠮᠳᠠᠳᠤ ᠪᠠᠭ᠎ᠠ ᠰᠤᠷᠭ᠋ᠠᠭᠤᠯᠢ ᠬᠡᠦᠬᠡᠳ᠎ᠤᠨ ᠴᠡᠴᠡᠷᠯᠢᠭ᠎ᠤᠨ ᠡᠷᠳᠡᠮ᠎ᠤᠨ ᠴᠣᠯᠠ ᠬᠦᠷᠦᠯᠴᠡᠬᠦ ᠦᠭᠡᠢ ᠠᠰᠠᠭᠤᠳᠠᠯ ᠤᠯᠠᠮ᠎ᠠᠴᠠ ᠤᠯᠠᠮ ᠳᠣᠪᠣᠢ᠌ᠮ᠎ᠠ ᠪᠣᠯᠵᠤ ᠪᠠᠢ᠌ᠨ᠎ᠠ᠃ 2022 ᠣᠨ᠎ᠳᠤ ᠮᠠᠨ᠎ᠤ ᠬᠤᠲᠠ ᠳᠤᠮᠳᠠᠳᠤ ᠪᠠᠭ᠎ᠠ ᠰᠤᠷᠭ᠋ᠠᠭᠤᠯᠢ ᠵᠢᠨ ᠬᠡᠤᠬᠡᠳ᠎ᠤᠨ ᠴᠡᠴᠡᠷᠯᠢᠭ 7 ᠵᠢ ᠠᠵᠢᠯ ᠡᠬᠢᠯᠡᠭᠦᠯᠦᠨ ᠪᠠᠶ᠋ᠢᠭᠤᠯᠵᠤ᠂ 1 ᠭᠠᠵᠠᠷ᠎ᠢ ᠰᠣᠩᠭᠤᠭᠰᠠᠨ ᠪᠠᠶ᠋ᠢᠨ᠎ᠠ; 2023 ᠣᠨ᠎ᠳᠤ ᠪᠠᠶᠠᠨᠨᠠᠭᠤᠷ ᠬᠤᠲᠠ ᠵᠢᠨ ᠳᠥᠷᠪᠡᠳᠦᠭᠡᠷ ᠳᠤᠮᠳᠠᠳᠤ ᠰᠤᠷᠭ᠋ᠠᠭᠤᠯᠢ᠂ ᠳᠥᠷᠪᠡᠳᠦᠭᠡᠷ ᠪᠠᠭ᠎ᠠ ᠰᠤᠷᠭ᠋ᠠᠭᠤᠯᠢ᠂ ᠳᠥᠷᠪᠡᠳᠦᠭᠡᠷ ᠬᠡᠤᠬᠡᠳ᠎ᠤᠨ ᠴᠡᠴᠡᠷᠯᠢᠭ ᠪᠠ ᠯᠢᠨ ᠾᠧ ᠳᠥᠷᠪᠡᠳᠦᠭᠡᠷ ᠳᠤᠮᠳᠠᠳᠤ ᠰᠤᠷᠭ᠋ᠠᠭᠤᠯᠢ ᠵᠢᠨ ᠬᠤᠪᠢᠶᠠᠷᠢ ᠰᠤᠷᠭ᠋ᠠᠭᠤᠯᠢ (ᠳᠠᠯᠠᠨ ᠰᠦᠮ᠎ᠡ ᠵᠢᠨ ᠬᠥᠭᠦᠷᠭᠡ ᠵᠢᠨ ᠡᠮᠦᠨ᠎ᠡ)᠂ ᠮᠢᠩ ᠵᠦ᠍ ᠵᠠᠮ᠎ᠤᠨ ᠪᠠᠭ᠎ᠠ ᠰᠤᠷᠭ᠋ᠠᠭᠤᠯᠢ ᠵᠢᠴᠢ ᠤᠷᠠᠳ᠎ᠤᠨ ᠡᠮᠦᠨᠡᠲᠦ ᠬᠤᠰᠢᠭᠤᠨ᠎ᠤ ᠮᠤᠨᠠ ᠠᠭᠤᠯᠠ ᠵᠢᠨ ᠲᠤᠷᠰᠢᠯᠲᠠ ᠵᠢᠨ ᠰᠤᠷᠭ᠋ᠠᠭᠤᠯᠢ ᠨᠡᠶ᠋ᠢᠲᠡ 6 ᠰᠤᠷᠭ᠋ᠠᠭᠤᠯᠢ ᠵᠢ ᠰᠢᠨ᠎ᠡ᠎ᠪᠠᠷ ᠪᠠᠶ᠋ᠢᠭᠤᠯᠬᠤ᠎ᠪᠠᠷ ᠲᠥᠯᠥᠪᠯᠡᠵᠦ ᠪᠣᠶ᠃ ᠡᠲᠡᠭᠡᠷ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ ᠵᠶ᠋ᠠᠷ ᠳᠠᠮᠵᠢᠭᠤᠯᠤᠨ᠂ ᠠᠯᠪᠠᠨ᠎ᠠᠴᠠ ᠡᠷᠭᠢᠯᠡᠭᠰᠡᠨ ᠬᠡᠤᠬᠡᠳ᠎ᠤᠨ ᠴᠡᠴᠡᠷᠯᠢᠭ᠎ᠤᠨ ᠡᠷᠳᠡᠮ᠎ᠤᠨ ᠴᠣᠯᠠ ᠵᠢ 2250 ᠨᠡᠮᠡᠭᠳᠡᠭᠦᠯᠵᠦ᠂ ᠰᠤᠷᠬᠤ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ 《ᠠᠯᠪᠠᠨ᠎ᠠᠴᠠ ᠡᠷᠭᠢᠯᠡᠭᠰᠡᠨ ᠬᠡᠤᠬᠡᠳ᠎ᠤᠨ ᠴᠡᠴᠡᠷᠯᠢᠭ᠎ᠲᠤ ᠣᠷᠣᠬᠤ᠎ᠳᠤ ᠬᠦᠴᠢᠷᠲᠡᠶ᠂ ᠠᠷᠠᠳ᠎ᠠᠴᠠ ᠡᠷᠭᠢᠯᠡᠭᠰᠡᠨ ᠬᠡᠤᠬᠡᠳ᠎ᠤᠨ ᠴᠡᠴᠡᠷᠯᠢᠭ᠎ᠲᠤ ᠣᠷᠣᠬᠤ᠎ᠳᠤ ᠦᠨᠡᠲᠡᠶ》 ᠪᠠᠶ᠋ᠢᠬᠤ ᠠᠰᠠᠭᠤᠳᠠᠯ᠎ᠢ ᠪᠦᠲᠦᠮᠵᠢᠲᠡᠶ ᠰᠢᠢ᠍ᠳᠪᠦᠷᠢᠯᠡᠵᠦ᠂ ᠰᠤᠷᠬᠤ ᠨᠠᠰᠤᠨ᠎ᠠᠴᠠ ᠭᠤᠷᠪᠠᠨ ᠵᠢᠯ᠎ᠤᠨ ᠡᠮᠦᠨᠡᠬᠢ ᠴᠡᠴᠡᠷᠯᠢᠭ᠎ᠲᠤ ᠣᠷᠣᠬᠤ ᠪᠥᠬᠦ ᠨᠣᠷᠮ᠎ᠠ᠂ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠶ ᠬᠡᠤᠬᠡᠳ᠎ᠤᠨ ᠴᠡᠴᠡᠷᠯᠢᠭ᠎ᠤᠨ ᠪᠦᠷᠬᠦᠴᠡ ᠵᠢᠨ ᠨᠣᠷᠮ᠎ᠠ᠂ ᠠᠯᠪᠠᠨ᠎ᠠᠴᠠ ᠡᠷᠭᠢᠯᠡᠭᠰᠡᠨ ᠬᠡᠤᠬᠡᠳ᠎ᠤᠨ ᠴᠡᠴᠡᠷᠯᠢᠭ᠎ᠤᠨ ᠴᠡᠴᠡᠷᠯᠢᠭ᠎ᠲᠤ ᠪᠠᠶ᠋ᠢᠭ᠎ᠠ ᠬᠡᠤᠬᠡᠳ᠎ᠤᠨ ᠬᠠᠷᠢᠴᠠᠯ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠤᠨ᠎ᠠ; ᠵᠢᠱ᠌ᠢᠯᠲᠡ᠎ᠪᠠᠷ ᠳᠤᠮᠳᠠᠳᠤ ᠪᠠᠭ᠎ᠠ ᠰᠤᠷᠭ᠋ᠠᠭᠤᠯᠢ ᠵᠢᠨ ᠡᠷᠳᠡᠮ᠎ᠤᠨ ᠴᠣᠯᠠ ᠵᠢ 10000 ᠨᠡᠮᠡᠭᠳᠡᠭᠦᠯᠵᠦ᠂ ᠬᠡᠰᠡᠭ ᠬᠤᠲᠠ ᠪᠠᠯᠭ᠋ᠠᠰᠤᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠡᠷᠳᠡᠮ᠎ᠤᠨ ᠴᠣᠯᠠ ᠬᠦᠷᠦᠯᠴᠡᠬᠦ ᠥᠬᠡᠶ ᠪᠠᠶ᠋ᠢᠬᠤ ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠨ᠎ᠡ᠃
ᠬᠥᠲᠥᠯᠦᠭᠴᠢ᠄ ᠡᠨᠡ ᠪᠣᠯ ᠦᠨᠡᠬᠡᠷ ᠰᠠᠢ᠌ᠨ ᠴᠢᠮᠡᠭᠡ᠃ ᠡᠳᠡᠭᠡᠷ ᠰᠤᠷᠭ᠋ᠠᠭᠤᠯᠢ ᠵᠢ ᠪᠠᠶ᠋ᠢᠭᠤᠯᠤᠭᠰᠠᠨ ᠪᠥᠭᠡᠳ ᠠᠰᠢᠭᠯᠠᠯᠲᠠ᠎ᠳᠤ ᠣᠷᠣᠭᠤᠯᠤᠭᠰᠠᠨ᠎ᠤ ᠳᠠᠷᠠᠭ᠎ᠠ᠂ ᠴᠥᠭᠡᠨ ᠪᠤᠰᠤ ᠬᠡᠦᠬᠡᠳ᠎ᠤᠨ ᠰᠤᠷᠭ᠋ᠠᠭᠤᠯᠢ᠎ᠳᠤ ᠣᠷᠣᠬᠤ ᠠᠰᠠᠭᠤᠳᠠᠯ᠎ᠢ ᠰᠢᠢ᠍ᠳᠪᠦᠷᠢᠯᠡᠵᠦ ᠪᠣᠯᠤᠨ᠎ᠠ᠃
ᠬᠦᠨᠳᠦᠲᠦ ᠵᠣᠴᠢᠨ᠄ ᠲᠡᠶ᠋ᠢᠮᠦ᠃
ᠬᠥᠲᠥᠯᠥᠭᠴᠢ᠄ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠢᠯᠡᠳᠬᠡᠯ᠎ᠳᠤ ᠰᠤᠷᠭ᠋ᠠᠨ ᠬᠥᠮᠦᠵᠢᠯ᠎ᠳᠤ 《ᠴᠢᠨᠠᠷ ᠰᠠᠶ᠋ᠢᠲᠠᠶ ᠰᠤᠷᠭ᠋ᠠᠨ ᠬᠥᠮᠦᠵᠢᠯ᠎ᠤᠨ ᠰᠢᠰᠲ᠋ᠧᠮ᠎ᠢ ᠲᠦᠷᠭᠡᠪᠴᠢᠯᠡᠨ ᠪᠠᠶ᠋ᠢᠭᠤᠯᠬᠤ》 ᠱᠠᠭ᠋ᠠᠷᠳᠠᠯᠭ᠎ᠠ ᠳᠤᠷᠠᠳᠴᠤ᠂ 《ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠰᠤᠷᠭ᠋ᠠᠨ ᠬᠥᠮᠦᠵᠢᠯ᠎ᠢ ᠰᠠᠶ᠋ᠢᠲᠤᠷ ᠡᠷᠭᠢᠯᠡᠬᠦ》 ᠵᠢ ᠴᠢᠬᠤᠯᠠᠴᠢᠯᠠᠪᠠ᠃ ᠳᠡᠭᠡᠷᠡᠬᠢ ᠬᠤᠪᠢᠶᠠᠯᠴᠠᠭᠰᠠᠨ ᠠᠭᠤᠯᠭ᠎ᠠ᠎ᠠᠴᠠ ᠭᠠᠳᠠᠨ᠎ᠠ᠂ ᠰᠤᠷᠭ᠋ᠠᠨ ᠬᠥᠮᠦᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠲᠠᠯ᠎ᠠ᠎ᠪᠠᠷ᠂ ᠪᠢᠳᠡᠨ᠎ᠳᠤ ᠶᠠᠮᠠᠷ ᠶᠠᠮᠠᠷ ᠰᠢᠨ᠎ᠡ ᠰᠡᠳᠬᠢᠴᠡ᠂ ᠰᠢᠨ᠎ᠡ ᠪᠠᠶ᠋ᠢᠷᠢᠯᠠᠭᠤᠯᠤᠯᠲᠠ ᠪᠠᠶ᠋ᠢᠬᠤ ᠪᠤᠢ?
ᠯᠢ ᠶᠦᠨ ᠱᠧᠩ᠄ ᠰᠢᠨ᠎ᠡ ᠡᠬᠢᠯᠡᠯᠲᠡ ᠵᠢᠨ ᠴᠡᠭ ᠳᠡᠭᠡᠷ᠎ᠡ᠂ ᠮᠠᠨ᠎ᠤ ᠬᠤᠲᠠ ᠵᠢᠨ ᠰᠤᠷᠭ᠋ᠠᠨ ᠬᠥᠮᠦᠵᠢᠯ᠎ᠤᠨ ᠠᠵᠢᠯ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠰᠤᠷᠭ᠋ᠠᠨ ᠬᠥᠮᠦᠵᠢᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠲᠤᠭᠤᠰᠢᠯᠠᠭᠤᠯᠵᠤ᠂ ᠪᠦᠬᠦ ᠤᠯᠤᠰ᠂ ᠪᠦᠬᠦ ᠣᠷᠣᠨ᠂ ᠪᠦᠬᠦ ᠬᠤᠲᠠ ᠵᠢᠨ ᠰᠤᠷᠭ᠋ᠠᠨ ᠬᠥᠮᠦᠵᠢᠯ᠎ᠤᠨ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠬᠤᠲᠠ ᠵᠢᠨ ᠦᠨᠳᠦᠰᠦᠨ ᠪᠠᠶ᠋ᠢᠳᠠᠯ᠎ᠳᠤ ᠰᠠᠭᠤᠷᠢᠯᠠᠵᠤ᠂ ᠬᠥᠮᠥᠨ ᠴᠢᠨᠠᠷ᠎ᠢ ᠨᠢᠭᠲᠠᠷᠠᠭᠤᠯᠵᠤ᠂ ᠬᠥᠮᠥᠨ ᠴᠢᠨᠠᠷ᠎ᠢ ᠲᠡᠭᠦᠯᠳᠡᠷᠵᠢᠭᠦᠯᠵᠦ᠂ ᠴᠢᠳᠠᠪᠤᠷᠢᠲᠠᠨ᠎ᠢ ᠨᠡᠭᠡᠭᠡᠨ ᠬᠥᠭᠵᠢᠭᠦᠯᠵᠦ᠂ ᠠᠷᠠᠳ ᠲᠦᠮᠡᠨ᠎ᠳᠤ ᠪᠤᠶᠠᠨ ᠦᠢ᠍ᠯᠡᠳᠬᠦ᠎ᠪᠠᠷ ᠬᠠᠷᠠᠯᠲᠠ ᠪᠣᠯᠭ᠋ᠠᠵᠤ᠂ ᠶᠣᠰᠣ ᠰᠤᠷᠲᠠᠬᠤᠨ᠎ᠢ ᠪᠤᠢ ᠪᠣᠯᠭ᠋ᠠᠵᠤ ᠬᠥᠮᠦᠨ᠎ᠢ ᠬᠥᠮᠦᠵᠢᠭᠦᠯᠬᠦ ᠡᠨᠡ ᠬᠦ᠌ ᠦᠨᠳᠦᠰᠦᠨ ᠡᠭᠦᠷᠭᠡ ᠵᠢ ᠳᠤᠪᠤᠶ᠋ᠢᠯᠭ᠋ᠠᠵᠤ᠂ ᠡᠯ᠎ᠡ ᠲᠥᠷᠥᠯ᠎ᠤᠨ ᠰᠤᠷᠭ᠋ᠠᠨ ᠬᠥᠮᠦᠵᠢᠯ᠎ᠤᠨ ᠶᠠᠰᠤ ᠴᠢᠨᠠᠷ ᠪᠣᠯᠣᠨ ᠬᠢᠷᠢ ᠲᠦᠪᠰᠢᠨ᠎ᠢ ᠳᠡᠭᠡᠭᠰᠢᠯᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠤᠷᠭ᠋ᠠᠭᠤᠯᠢ᠂ ᠭᠡᠷ ᠪᠦᠯᠢ᠂ ᠨᠡᠶ᠋ᠢᠭᠡᠮ᠎ᠤᠨ ᠬᠥᠮᠥᠨ᠎ᠢ ᠬᠥᠮᠥᠵᠢᠭᠦᠯᠬᠦ ᠲᠣᠭᠲᠠᠴᠠ ᠵᠢ ᠲᠡᠭᠦᠯᠳᠡᠷᠵᠢᠭᠦᠯᠵᠦ᠂ ᠰᠤᠷᠭ᠋ᠠᠨ ᠬᠥᠮᠦᠵᠢᠯ᠎ᠤᠨ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠵᠤ᠂ ᠰᠤᠷᠭ᠋ᠠᠨ ᠬᠥᠮᠦᠵᠢᠯ᠎ᠤᠨ ᠬᠦᠴᠦᠷᠬᠡᠭ ᠬᠤᠲᠠ ᠵᠢ ᠬᠦᠴᠦᠯᠡᠨ ᠪᠠᠶ᠋ᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠰᠡᠭᠦᠯᠴᠢ ᠪᠣᠯᠬᠤ᠎ᠳᠤ᠂ ᠰᠤᠷᠭ᠋ᠠᠨ ᠬᠥᠮᠦᠵᠢᠯ᠎ᠤᠨ ᠶᠡᠷᠦᠩᠬᠡᠢ ᠬᠢᠷᠢ ᠲᠦᠪᠰᠢᠨ᠎ᠢ ᠪᠦᠬᠦ ᠣᠷᠣᠨ᠎ᠤ ᠲᠡᠷᠢᠭᠦᠨ᠎ᠤ ᠡᠩᠨᠡᠭᠡᠨ᠎ᠳᠤ ᠣᠷᠣᠭᠤᠯᠬᠤ᠎ᠪᠠᠷ ᠴᠢᠷᠮᠠᠶ᠋ᠢᠨ᠎ᠠ᠃ ᠬᠥᠲᠥᠯᠦᠭᠴᠢ᠄ ᠰᠠᠢ᠌ᠨ᠂ ᠬᠣᠶᠠᠷ ᠬᠥᠮᠦᠨ᠎ᠤ ᠬᠤᠪᠢᠶᠠᠨ ᠡᠳ᠋ᠯᠡᠬᠦ ᠪᠠ ᠬᠠᠷᠢᠭᠤᠯᠬᠤ᠎ᠳᠤ ᠲᠠᠯᠠᠷᠬᠠᠵᠤ ᠪᠠᠢ᠌ᠨ᠎ᠠ᠃
ᠬᠦᠨᠳᠦᠲᠦ ᠵᠣᠴᠢᠨ᠄ ᠬᠥᠲᠥᠯᠥᠭᠴᠢ᠎ᠳᠤ ᠲᠠᠯᠠᠷᠬᠠᠵᠤ ᠪᠠᠶ᠋ᠢᠨ᠎ᠠ᠂ ᠦᠵᠡᠭᠴᠢᠳ ᠨᠠᠶ᠋ᠢᠵᠠ ᠨᠠᠷ᠎ᠤᠨ ᠮᠠᠨ᠎ᠤ ᠰᠤᠷᠭ᠋ᠠᠨ ᠬᠥᠮᠦᠵᠢᠯ᠎ᠤᠨ ᠠᠵᠢᠯ᠎ᠢ ᠬᠠᠯᠠᠮᠵᠢᠯᠠᠨ ᠳᠡᠮᠵᠢᠭᠰᠡᠨ᠎ᠳᠤ ᠲᠠᠯᠠᠷᠬᠠᠵᠤ ᠪᠠᠶ᠋ᠢᠨ᠎ᠠ᠃
ᠬᠥᠲᠥᠯᠥᠭᠴᠢ᠄ 《ᠰᠤᠷᠭ᠋ᠠᠭᠤᠯᠢ᠎ᠲᠠᠢ ᠪᠠᠶ᠋ᠢᠬᠤ》᠎ᠠᠴᠠ 《ᠰᠠᠶ᠋ᠢᠨ ᠰᠤᠷᠭ᠋ᠠᠭᠤᠯᠢ᠎ᠳᠤ ᠣᠷᠣᠬᠤ》 ᠬᠦᠷᠲᠡᠯ᠎ᠡ᠂ 《ᠪᠥᠬᠦ ᠲᠠᠯ᠎ᠠ᠎ᠪᠠᠷ ᠲᠦᠭᠡᠮᠡᠯᠵᠢᠭᠦᠯᠬᠦ》᠎ᠠᠴᠠ 《 ᠴᠢᠨᠠᠷ ᠰᠠᠶ᠋ᠢᠲᠠᠶ ᠲᠡᠩᠴᠡᠭᠦᠷᠢᠲᠡᠶ ᠪᠠᠶ᠋ᠢᠬᠤ》 ᠬᠦᠷᠲᠡᠯ᠎ᠡ᠂ 《ᠨᠢᠭᠡ ᠵᠢ ᠴᠦ᠍ ᠣᠷᠬᠢᠭᠳᠠᠭᠤᠯᠵᠤ ᠪᠣᠯᠬᠤ ᠥᠬᠡᠶ》᠎ᠠᠴᠠ 《ᠬᠡᠷ᠎ᠤᠨ ᠡᠭᠦᠳᠡᠨ᠎ᠳᠠᠬᠢ ᠰᠠᠶ᠋ᠢᠨ ᠰᠤᠷᠭ᠋ᠠᠭᠤᠯᠢ》 ᠬᠦᠷᠲᠡᠯ᠎ᠡ᠂ ᠮᠠᠨ᠎ᠤ ᠬᠤᠲᠠ ᠵᠢᠨ ᠰᠤᠷᠭ᠋ᠠᠨ ᠬᠥᠮᠦᠵᠢᠯ᠎ᠤᠨ ᠦᠢ᠍ᠯᠡᠰ ᠶᠠᠭ ᠲᠤᠭ᠎ᠠ ᠬᠡᠮᠵᠢᠶᠡᠨ᠎ᠤ ᠨᠡᠮᠡᠭᠳᠡᠯ᠂ ᠬᠡᠪᠴᠢᠶ᠎ᠡ ᠵᠢᠨ ᠥᠷᠭᠡᠳᠭᠡᠯ᠎ᠠᠴᠠ ᠶᠠᠰᠤ ᠴᠢᠨᠠᠷ᠎ᠢ ᠳᠡᠭᠡᠭᠰᠢᠯᠡᠭᠦᠯᠬᠦ᠂ ᠠᠭᠤᠯᠤᠭᠳᠠᠬᠤᠨ᠎ᠤ ᠬᠥᠭᠵᠢᠯᠲᠡ ᠲᠡᠰᠢ ᠬᠤᠪᠢᠷᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ 《ᠠᠷᠠᠳ ᠲᠦᠮᠡᠨ᠎ᠤ ᠰᠡᠳᠬᠢᠯ ᠬᠠᠨᠤᠮᠵᠢᠲᠠᠶ ᠰᠤᠷᠭ᠋ᠠᠨ ᠬᠥᠮᠦᠵᠢᠯ᠎ᠢ ᠰᠠᠶ᠋ᠢᠲᠤᠷ ᠡᠷᠭᠢᠯᠡᠬᠦ》 ᠰᠢᠯᠢᠳᠡᠭ ᠬᠠᠷᠢᠭᠤᠯᠲᠠ ᠵᠢᠨ ᠬᠠᠭᠤᠳᠠᠰᠤ ᠵᠢ ᠲᠠᠶ᠋ᠢᠯᠪᠤᠷᠢᠯᠠᠵᠤ ᠪᠠᠶ᠋ᠢᠨ᠎ᠠ᠃
ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ