ᠰᠣᠨᠢᠨ ᠮᠡᠳᠡᠭᠡ   -   ᠰᠤᠷᠪᠤᠯᠵᠢᠯᠠᠭ᠎ᠠ

ᠴᠢᠨᠠᠷ ᠰᠠᠶ᠋ᠢᠲᠠᠢ ᠬᠥᠭᠵᠢᠯᠲᠡ ᠵᠢ ᠤᠯᠠᠨ ᠵᠶ᠋ᠠᠷ ᠵᠶ᠋ᠠᠨ ᠶᠠᠷᠢᠬᠤ᠂ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠵᠢᠨ ᠪᠠᠶᠠᠨᠨᠠᠭᠤᠷ ᠬᠤᠳᠠ ᠵᠢᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ᠄ ᠭᠠᠶ᠋ᠢᠯᠢ ᠲᠠᠲᠠᠪᠤᠷᠢ ᠵᠢᠨ ᠣᠳᠣᠬᠢᠴᠢᠯᠠᠯᠲᠠ᠎ᠪᠠᠷ ᠪᠠᠶᠠᠨᠨᠠᠭᠤᠷ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠦᠢ᠍ᠯᠡᠴᠢᠯᠡᠶ᠎ᠡ

ᠨᠡᠶ᠋ᠢᠲᠡᠯᠡᠭᠰᠡᠨ ᠴᠠᠭ᠄   2023-04-18

      ᠬᠥᠲᠥᠯᠦᠭᠴᠢ᠄ ᠴᠢᠨᠠᠷ  ᠰᠠᠢ᠌ᠲᠠᠢ ᠬᠥᠭᠵᠢᠯᠲᠡ ᠵᠢ ᠬᠡᠷᠬᠢᠨ ᠦᠵᠡᠬᠦ ᠪᠣᠢ᠃ ᠭᠠᠶ᠋ᠢᠯᠢ ᠲᠠᠲᠠᠪᠤᠷᠢ᠎ᠨᠢ ᠤᠯᠤᠰ᠎ᠤᠨ ᠵᠠᠰᠠᠯᠲᠠ ᠳᠤᠮᠳᠠ ᠰᠠᠭᠤᠷᠢ ᠴᠢᠨᠠᠷᠲᠠᠢ᠂  ᠲᠤᠯᠭ᠋ᠠᠭᠤᠷᠢᠯᠠᠬᠤ ᠴᠢᠨᠠᠷᠲᠠᠢ᠂ ᠪᠠᠲᠤᠯᠠᠭ᠎ᠠ ᠵᠢᠨ ᠴᠢᠨᠠᠷᠲᠠᠢ ᠦᠢ᠍ᠯᠡᠳᠦᠯ᠎ᠢ ᠪᠠᠳᠠᠷᠠᠭᠤᠯᠵᠤ᠂ ᠪᠠᠶᠠᠨᠨᠠᠭᠤᠷ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠶᠡᠭᠡ  ᠲᠠᠯ᠎ᠠ᠎ᠳᠤ ᠬᠦᠴᠦᠲᠡᠢ ᠦᠢ᠍ᠯᠡᠴᠢᠯᠡᠪᠡ᠃ ᠥᠨᠥᠳᠥᠷ ᠪᠢᠳᠡ ᠤᠯᠤᠰ᠎ᠤᠨ ᠭᠠᠢ᠍ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶᠠᠨ᠎ᠤ ᠪᠠᠶᠠᠨᠨᠠᠭᠤᠷ ᠬᠣᠲᠠ ᠵᠢᠨ ᠭᠠᠢ᠍ᠯᠢ ᠵᠢᠨ  ᠶᠠᠪᠤᠳᠠᠯ᠎ᠤᠨ ᠲᠣᠪᠴᠢᠶᠠᠨ᠎ᠤ  ᠨᠡᠪᠲᠡᠷᠡᠭᠦᠯᠭᠡ ᠵᠢᠨ ᠲᠠᠰᠤᠭ᠎ᠲᠤ ᠤᠷᠢᠵᠤ᠂ ᠬᠣᠶᠠᠷ ᠬᠦᠨᠳᠦᠲᠦ ᠵᠣᠴᠢᠳ᠎ᠢ ᠪᠠᠶᠠᠷᠯᠠᠨ ᠤᠭᠲᠤᠵᠤ ᠪᠠᠢ᠌ᠨ᠎ᠠ᠃
      ᠬᠦᠨᠲᠦᠲᠦ ᠵᠤᠴᠢᠨ᠄  ᠬᠥᠲᠥᠯᠦᠭᠴᠢ ᠰᠠᠶ᠋ᠢᠨ ᠤᠤ᠂ ᠦᠵᠡᠭᠴᠢᠳ ᠰᠠᠶ᠋ᠢᠨ ᠤᠤ᠃
      ᠬᠥᠲᠥᠯᠥᠭᠴᠢ᠄ ᠭᠠᠶ᠋ᠢᠯᠢ ᠲᠠᠲᠠᠪᠤᠷᠢ ᠪᠣᠯ ᠣᠯᠠᠨ ᠨᠡᠶ᠋ᠢᠲᠡ ᠵᠢᠨ ᠡᠳ᠋᠎ᠤᠨ ᠵᠠᠰᠠᠭ᠎ᠤᠨ ᠬᠠᠮᠤᠭ᠎ᠤᠨ ᠭᠤᠤᠯ ᠣᠷᠣᠯᠭ᠎ᠠ ᠵᠢᠨ ᠬᠡᠯᠪᠡᠷᠢ ᠪᠠ ᠢᠷᠡᠯᠲᠡ ᠮᠥᠨ᠂ ᠭᠠᠶ᠋ᠢᠯᠢ  ᠲᠠᠲᠠᠪᠤᠷᠢ ᠵᠢᠨ ᠵᠠᠰᠠᠯᠲᠠ᠎ᠨᠢ ᠦᠢ᠍ᠯᠡᠳᠪᠦᠷᠢᠯᠡᠯ᠂ ᠭᠦᠢ᠍ᠯᠭᠡᠭᠡ᠂ ᠬᠤᠪᠢᠶᠠᠷᠢᠯᠠᠯᠲᠠ᠂ ᠬᠡᠷᠡᠭᠯᠡᠭᠡᠨ᠎ᠤ ᠡᠯ᠎ᠡ ᠬᠦᠷᠢᠶᠡᠨ᠎ᠳᠤ ᠬᠤᠯᠪᠣᠭᠳᠠᠵᠠᠶ᠂ ᠲᠡᠭᠡᠪᠡᠯ ᠤᠯᠤᠰ᠎ᠤᠨ  ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠪᠠᠶᠠᠨᠨᠠᠭᠤᠷ ᠬᠤᠲᠠ ᠵᠢᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ ᠮᠠᠨ᠎ᠤ ᠬᠤᠲᠠ ᠵᠢᠨ ᠠᠵᠤ ᠠᠬᠤᠶ  ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠪᠥᠬᠦ ᠬᠦᠴᠦᠨ ᠵᠶ᠋ᠠᠷ ᠵᠶ᠋ᠠᠨ ᠦᠢ᠍ᠯᠡᠴᠢᠯᠡᠬᠦ ᠲᠠᠯ᠎ᠠ᠎ᠪᠠᠷ ᠶᠠᠮᠠᠷ ᠶᠠᠮᠠᠷ ᠠᠵᠢᠯ ᠬᠢᠭᠰᠡᠨ ᠪᠣᠶ? ᠪᠢᠳᠡ ᠬᠠᠮᠲᠤ᠎ᠳᠠᠭᠠᠨ  ᠨᠢᠭᠡ ᠣᠬᠣᠷ ᠺᠢᠨᠣ᠋ ᠦᠵᠡᠶ᠎ᠡ᠃
      ᠬᠥᠲᠥᠯᠥᠭᠴᠢ᠄ ᠣᠬᠤᠷ ᠹᠢᠯᠢᠮ᠎ᠠᠴᠠ ᠪᠢᠳᠡ ᠥᠩᠭᠡᠷᠡᠭᠰᠡᠨ ᠨᠢᠭᠡ ᠵᠢᠯ᠎ᠳᠤ᠂ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠵᠢᠨ ᠪᠠᠶᠠᠨᠨᠠᠭᠤᠷ  ᠬᠤᠲᠠ ᠵᠢᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ᠎ᠨᠢ ᠭᠠᠶ᠋ᠢᠯᠢ ᠬᠥᠩᠭᠡᠯᠡᠵᠦ ᠰᠦᠢ᠍ᠳᠬᠡᠯ ᠪᠠᠭᠤᠷᠠᠭᠤᠯᠤᠨ ᠬᠦᠴᠢᠷᠳᠡᠯ᠎ᠢ ᠰᠢᠢ᠍ᠳᠪᠦᠷᠢᠯᠡᠬᠦ᠂ ᠬᠤᠳᠠᠯᠳᠤᠭ᠎ᠠ ᠡᠵᠡᠩᠨᠡᠬᠦ  ᠣᠷᠴᠢᠨ ᠨᠥᠬᠦᠴᠡᠯ᠎ᠢ ᠰᠢᠯᠢᠳᠡᠭᠵᠢᠭᠦᠯᠬᠦ ᠵᠡᠷᠭᠡ ᠲᠠᠯ᠎ᠠ᠎ᠪᠠᠷ ᠮᠠᠰᠢ ᠣᠯᠠᠨ ᠪᠦᠲᠦᠮᠵᠢᠲᠡᠶ ᠠᠵᠢᠯ ᠬᠢᠵᠡᠢ᠃ ᠮᠠᠨ᠎ᠤ ᠭᠠᠶ᠋ᠢᠯᠢ ᠵᠢᠨ ᠶᠠᠪᠤᠳᠠᠯ᠎ᠤᠨ ᠠᠵᠢᠯ᠎ᠳᠤ ᠨᠢᠭᠡ  ᠭᠤᠣᠯ ᠵᠦᠢ᠍ᠯ ᠪᠤᠢ᠂ ᠳᠠᠷᠤᠢ ᠣᠷᠣᠨ ᠨᠤᠲᠤᠭ᠎ᠤᠨ ᠬᠥᠭᠵᠢᠯᠲᠡ ᠵᠢᠨ ᠶᠡᠭᠡ ᠲᠠᠯ᠎ᠠ᠎ᠳᠤ ᠦᠢ᠍ᠯᠡᠴᠢᠯᠡᠬᠦ ᠶᠠᠪᠤᠳᠠᠯ ᠪᠣᠯᠤᠨ᠎ᠠ ᠭᠡᠳᠡᠭ᠎ᠢ ᠪᠢ ᠠᠩᠬᠠᠷᠴᠤ ᠣᠯᠪᠠ᠃
      ᠬᠦᠨᠲᠦᠲᠦ ᠵᠤᠴᠢᠨ᠄ ᠲᠡᠶ᠋ᠢᠮᠦ ᠡ᠂ ᠭᠠᠶ᠋ᠢᠯᠢ ᠵᠢᠨ ᠶᠠᠪᠤᠲᠠᠯ᠎ᠤᠨ ᠰᠠᠯᠠᠭ᠎ᠠ ᠮᠦᠴᠢᠷ᠎ᠤᠨ᠎ᠬᠢᠨ ᠲᠠᠷᠬᠠᠨ ᠡᠭᠦᠷᠬᠡ ᠬᠠᠷᠢᠭᠤᠴᠠᠯᠭ᠎ᠠ᠎ᠲᠠᠢ᠂ ᠪᠢᠲᠡᠨ᠎ᠤ ᠬᠡᠯᠡᠭᠦ᠎ᠪᠠᠷ  ᠢᠷᠡᠭᠰᠡᠨ ᠤᠯᠤᠰ᠎ᠠᠴᠠ ᠵᠤᠭᠤᠰ ᠮᠦᠩᠭᠦ ᠴᠤᠭᠯᠠᠭᠤᠯᠵᠤ᠂ ᠠᠷᠠᠳ ᠢᠷᠬᠡᠳ ᠭᠠᠶ᠋ᠢᠯᠢ ᠲᠠᠲᠠᠪᠤᠷᠢᠯᠠᠨ᠎ᠠ᠃ ᠤᠯᠤᠰ᠎ᠤᠨ  ᠭᠠᠢ᠌ᠯᠢ ᠵᠢᠨ ᠶᠠᠪᠤᠳᠠᠯ᠎ᠤᠨ ᠶᠡᠷᠦᠩᠬᠡᠢ  ᠲᠣᠪᠴᠢᠶᠠᠨ᠎ᠤ ᠪᠠᠶᠠᠨᠨᠠᠭᠤᠷ ᠬᠣᠲᠠ ᠵᠢᠨ  ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠎ᠨᠢ  ᠭᠠᠢ᠌ᠯᠢ ᠲᠠᠲᠠᠪᠤᠷᠢᠯᠠᠨ ᠬᠠᠮᠢᠶᠠᠷᠬᠤ ᠪᠠ  ᠭᠠᠢ᠌ᠯᠢ ᠲᠠᠲᠠᠪᠤᠷᠢ ᠵᠢᠨ  ᠦᠢ᠍ᠯᠡᠴᠢᠯᠡᠭᠡ ᠭᠡᠬᠦ ᠬᠣᠶᠠᠷ ᠶᠡᠬᠡ ᠭᠣᠣᠯ ᠱᠤᠭᠤᠮ᠎ᠤᠨ ᠲᠣᠭᠣᠷᠢᠨ᠎ᠳᠤ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠵᠦ ᠡᠯ᠎ᠡ ᠵᠦᠢ᠍ᠯ᠎ᠤᠨ  ᠭᠠᠢ᠌ᠯᠢ ᠲᠠᠲᠠᠪᠤᠷᠢ᠂   ᠨᠡᠢ᠌ᠭᠡᠮ᠎ᠤᠨ  ᠳᠠᠭ᠋ᠠᠳᠬᠠᠯ᠎ᠤᠨ ᠵᠠᠷᠤᠳᠠᠯ ᠪᠣᠯᠤᠨ ᠬᠣᠯᠪᠣᠭᠳᠠᠯ ᠪᠦᠬᠦᠢ  ᠭᠠᠢ᠌ᠯᠢ ᠵᠢᠨ ᠪᠤᠰᠤ ᠣᠷᠣᠯᠭ᠎ᠠ ᠵᠢ ᠲᠠᠲᠠᠪᠤᠷᠢᠯᠠᠨ ᠬᠠᠮᠢᠶᠠᠷᠬᠤ ᠵᠢᠴᠢ  ᠭᠠᠢ᠌ᠯᠢ   ᠲᠤᠰᠢᠶᠠᠬᠤ ᠦᠢ᠍ᠯᠡᠴᠢᠯᠡᠭᠡ ᠵᠢ ᠵᠣᠬᠢᠶᠠᠨ ᠪᠠᠢ᠍ᠭᠤᠯᠤᠨ᠂  ᠭᠠᠢ᠌ᠯᠢ ᠲᠠᠲᠠᠪᠤᠷᠢ ᠵᠢᠨ ᠤᠬᠠᠭᠤᠯᠭ᠎ᠠ᠂  ᠭᠠᠢ᠌ᠯᠢ ᠰᠦᠢ᠍ᠳᠭᠡᠯ᠎ᠤᠨ ᠳᠡᠮᠵᠢᠯᠭᠡ ᠵᠢᠨ ᠲᠥᠷᠥ ᠵᠢᠨ  ᠪᠣᠳᠣᠯᠭ᠎ᠠ ᠵᠢ ᠨᠠᠢ᠍ᠳᠠᠪᠤᠷᠢᠵᠢᠭᠤᠯᠬᠤ ᠵᠢ ᠠᠬᠢᠭᠤᠯᠵᠤ᠂  ᠭᠠᠢ᠌ᠯᠢ  ᠲᠤᠰᠢᠶᠠᠭᠴᠢ᠂ ᠰᠦᠢ᠍ᠳᠭᠡᠯ  ᠲᠤᠰᠢᠶᠠᠭᠴᠢ ᠵᠢᠨ ᠬᠠᠤᠯᠢ ᠶᠣᠰᠣᠨ᠎ᠤ ᠡᠷᠬᠡ  ᠠᠰᠢᠭ᠎ᠢ  ᠬᠠᠮᠠᠭ᠋ᠠᠯᠠᠨ᠎ᠠ᠃ 2022 ᠣᠨ᠎ᠳᠤ᠂ ᠪᠢᠳᠡ ᠭᠤᠤᠯᠳᠠᠯᠭ᠎ᠠ᠎ᠲᠠᠢ ᠲᠥᠷᠥᠯ ᠵᠦᠢ᠍ᠯ ᠵᠶ᠋ᠠᠷ ᠳᠠᠮᠵᠢᠭᠤᠯᠤᠨ ᠭᠠᠶ᠋ᠢᠯᠢ ᠵᠢᠨ ᠢᠷᠡᠯᠳᠡ ᠵᠢ ᠮᠥᠷᠳᠡᠬᠦ᠂ ᠭᠤᠤᠯᠳᠠᠯᠭ᠎ᠠ᠎ᠲᠠᠢ  ᠠᠵᠤ ᠠᠬᠤᠶ᠋ᠢᠯᠠᠯ᠎ᠤᠨ ᠲᠣᠭᠲᠠᠭᠤᠨ ᠨᠡᠮᠡᠭᠳᠡᠯ᠎ᠢ ᠬᠢᠨᠠᠨ ᠬᠠᠮᠢᠶᠠᠷᠬᠤ᠂ ᠵᠠᠬ᠎ᠠ ᠳᠡᠯᠭᠡᠭᠦᠷ᠎ᠤᠨ ᠭᠤᠤᠯ ᠴᠣᠭᠴᠠ ᠵᠢ ᠲᠡᠳᠬᠦᠨ ᠭᠠᠶ᠋ᠢᠯᠢ ᠵᠢᠨ ᠰᠠᠭᠤᠷᠢ ᠵᠢ ᠥᠷᠭᠡᠳᠬᠡᠬᠦ᠂  ᠬᠠᠮᠵᠢᠯᠴᠠᠬᠤ ᠲᠣᠭᠲᠠᠴᠠ ᠵᠢ ᠪᠠᠶ᠋ᠢᠭᠤᠯᠤᠨ ᠭᠠᠶ᠋ᠢᠯᠢ ᠲᠠᠲᠠᠪᠤᠷᠢ ᠵᠢ ᠶᠡᠷᠦᠩᠬᠡᠶ᠋ᠢᠯᠡᠨ ᠵᠠᠰᠠᠬᠤ᠂ ᠵᠠᠰᠠᠭ᠎ᠤᠨ ᠣᠷᠳᠣᠨ᠎ᠤ ᠲᠠᠪᠴᠠᠩ᠎ᠢ ᠠᠰᠢᠭᠯᠠᠨ ᠨᠡᠶ᠋ᠢᠯᠡᠮᠡᠯ  ᠬᠦᠴᠦᠨ᠎ᠢ ᠨᠢᠭᠲᠠᠷᠠᠭᠤᠯᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ 2022 ᠣᠨ᠎ᠳᠤ᠂ ᠪᠥᠬᠦ ᠬᠤᠲᠠ ᠵᠢᠨ ᠭᠠᠶ᠋ᠢᠯᠢ ᠵᠢᠨ ᠶᠠᠪᠤᠳᠠᠯ᠎ᠤᠨ ᠰᠢᠰᠲ᠋ᠧᠮ᠎ᠤᠨ  ᠡᠯ᠎ᠡ ᠵᠦᠢ᠍ᠯ᠎ᠤᠨ ᠭᠠᠶ᠋ᠢᠯᠢ ᠰᠦᠢ᠍ᠳᠬᠡᠯ᠎ᠤᠨ ᠣᠷᠣᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 0.71%᠎ᠪᠠᠷ ᠨᠡᠮᠡᠭᠳᠡᠪᠡ᠃ ᠡᠭᠦᠨ᠎ᠳᠤ ᠭᠠᠶ᠋ᠢᠯᠢ ᠲᠠᠲᠠᠪᠤᠷᠢ ᠵᠢᠨ  ᠣᠷᠣᠯᠭ᠎ᠠ ᠠᠳᠠᠯᠢ ᠪᠠᠷᠢᠮᠵᠢᠶ᠎ᠠ᠎ᠪᠠᠷ 5.43%᠎ᠪᠠᠷ ᠨᠡᠮᠡᠭᠳᠡᠪᠡ᠃ ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠣᠷᠣᠯᠭ᠎ᠠ ᠵᠢ ᠠᠳᠠᠯᠢ ᠪᠠᠷᠢᠮᠵᠢᠶ᠎ᠠ᠎ᠪᠠᠷ 6. 18%᠎ᠪᠠᠷ ᠨᠡᠮᠡᠭᠳᠡᠭᠦᠯᠵᠦ᠂ ᠪᠥᠬᠦ ᠬᠤᠲᠠ ᠵᠢᠨ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠪᠠᠲᠤ ᠴᠢᠩᠭ᠎ᠠ ᠡᠳ᠋᠎ᠤᠨ ᠬᠦᠴᠦᠨ᠎ᠤ ᠳᠡᠮᠵᠢᠯᠭᠡ ᠬᠠᠩᠭ᠋ᠠᠪᠠ᠃
      ᠬᠥᠲᠥᠯᠥᠭᠴᠢ᠄ ᠵᠠᠩ ᠲᠤᠪᠴᠢᠶᠠᠨ ᠲᠠᠷᠤᠭ᠎ᠠ ᠡ᠂ ᠲᠠ ᠰᠠᠶᠢᠬᠠᠨ ᠭᠠᠶ᠋ᠢᠯᠢ ᠵᠢᠨ ᠠᠵᠢᠯ ᠎ᠳᠤ ᠬᠤᠶᠠᠷ ᠭᠤᠤᠯ ᠱᠤᠭᠤᠮ᠂ ᠭᠠᠶ᠋ᠢᠯᠢ ᠲᠠᠳᠠᠪᠤᠷᠢᠯᠠᠬᠤ ᠬᠠᠮᠢᠶᠠᠷᠬᠤ  ᠪᠤᠯᠤᠨ ᠭᠠᠶ᠋ᠢᠯᠢ ᠲᠠᠳᠠᠪᠤᠷᠢᠯᠠᠬᠤ ᠦᠢ᠍ᠯᠡᠴᠢᠯᠡᠬᠡ ᠬᠢᠨ᠎ᠡ ᠭᠡᠪᠡ᠃ ᠭᠠᠶ᠋ᠢᠯᠢ ᠲᠠᠲᠠᠪᠤᠷᠢᠯᠠᠵᠤ ᠬᠠᠮᠢᠶᠠᠷᠬᠤ ᠲᠠᠯ᠎ᠠ᠎ᠪᠠᠷ᠂ ᠪᠠᠶᠠᠨᠨᠠᠭᠤᠷ ᠬᠤᠲᠠ ᠵᠢᠨ ᠭᠠᠶ᠋ᠢᠯᠢ ᠵᠢᠨ  ᠶᠠᠪᠤᠳᠠᠯ᠎ᠤᠨ ᠲᠣᠪᠴᠢᠶ᠎ᠠ ᠣᠷᠣᠨ ᠨᠤᠲᠤᠭ᠎ᠤᠨ ᠠᠵᠤ ᠠᠬᠤᠶ ᠬᠢᠭᠡᠳ ᠨᠡᠶ᠋ᠢᠭᠡᠮ᠎ᠤᠨ ᠬᠥᠭᠵᠢᠯᠲᠡ᠎ᠳᠤ ᠭᠦᠢ᠍ᠴᠡᠳ ᠡᠳ᠋᠎ᠤᠨ ᠬᠦᠴᠦᠨ᠎ᠤ ᠪᠠᠲᠤᠯᠠᠭ᠎ᠠ ᠬᠠᠩᠭ᠋ᠠᠭᠰᠠᠨ᠎ᠢ  ᠣᠯᠵᠤ ᠬᠠᠷᠠᠵᠤ ᠪᠣᠯᠤᠨ᠎ᠠ᠃ ᠬᠡᠯᠡᠯᠭᠡᠨ ᠦᠭᠡᠢ ᠣᠶ᠋ᠢᠷ᠎ᠠ ᠵᠢᠨ ᠬᠤᠶᠠᠷ ᠵᠢᠯ᠎ᠳᠤ ᠬᠢᠵᠢᠭ᠎ᠤᠨ ᠨᠥᠯᠥᠭᠡ᠎ᠠᠴᠠ ᠪᠣᠯᠵᠤ᠂ ᠮᠠᠨ᠎ᠤ ᠬᠤᠲᠠ ᠵᠢᠨ ᠬᠡᠰᠡᠭ ᠠᠵᠤ  ᠠᠬᠤᠶ᠋ᠢᠯᠠᠯ᠎ᠤᠨ ᠣᠷᠣᠰᠢᠨ ᠲᠣᠭᠲᠠᠨᠢᠵᠤ ᠬᠥᠭᠵᠢᠬᠦ᠎ᠨᠢ ᠥᠷᠢᠰᠥᠯᠳᠦᠭᠡᠨ᠎ᠳᠤ ᠲᠤᠯᠭ᠋ᠠᠷᠠᠵᠤ ᠪᠠᠶ᠋ᠢᠨ᠎ᠠ᠂ ᠲᠡᠭᠡᠪᠡᠯ ᠮᠠᠨ᠎ᠤ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ  ᠪᠠᠰᠠ ᠣᠷᠣᠨ ᠨᠤᠲᠤᠭ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠲᠣᠭᠲᠠᠭ᠋ᠠᠭᠰᠠᠨ ᠪᠣᠯ  ᠤᠤ?
      ᠬᠦᠨᠳᠦᠲᠦ ᠵᠣᠴᠢᠳ᠄ ᠪᠤᠷᠤᠭᠤ ᠥᠬᠡᠶ᠂ ᠬᠢᠵᠢᠭ᠎ᠤᠨ ᠪᠠᠶ᠋ᠢᠳᠠᠯ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠤᠴᠠᠷᠠᠭᠤᠯᠤᠭᠰᠠᠨ ᠠᠰᠢᠭ ᠥᠬᠡᠶ ᠨᠥᠯᠥᠭᠡ ᠵᠢᠨ  ᠡᠮᠦᠨ᠎ᠡ᠂ ᠭᠠᠶ᠋ᠢᠯᠢ ᠵᠢ ᠬᠥᠩᠭᠡᠯᠡᠵᠦ ᠰᠦᠢ᠍ᠳᠬᠡᠯ᠎ᠢ ᠪᠠᠭᠤᠷᠠᠭᠤᠯᠤᠨ ᠬᠦᠴᠢᠷᠳᠡᠯ᠎ᠢ᠎ᠨᠢ ᠰᠢᠢ᠍ᠳᠪᠦᠷᠢᠯᠡᠵᠦ᠂ ᠠᠵᠤ ᠠᠬᠤᠶ ᠵᠢᠨ ᠦᠨᠳᠦᠰᠦᠨ ᠪᠠᠶ᠋ᠢᠳᠠᠯ᠎ᠢ  ᠲᠣᠭᠲᠠᠪᠤᠷᠢᠵᠢᠭᠤᠯᠬᠤ᠎ᠳᠤ ᠬᠦᠴᠦᠨ ᠨᠡᠮᠡᠷᠢᠯᠡᠬᠦ ᠪᠣᠯ ᠬᠠᠮᠤᠭ᠎ᠤᠨ ᠰᠢᠭᠤᠳ᠂ ᠬᠠᠮᠤᠭ᠎ᠤᠨ ᠪᠦᠲᠦᠮᠵᠢᠲᠡᠶ ᠠᠷᠭ᠎ᠠ ᠬᠡᠮᠵᠢᠶ᠎ᠡ ᠵᠢᠨ ᠨᠢᠭᠡ ᠪᠣᠯᠤᠨ᠎ᠠ᠃
      ᠡᠭᠦᠨ᠎ᠤ ᠲᠤᠯᠠᠳᠠ᠂ ᠮᠠᠨ᠎ᠤ ᠪᠠᠶᠠᠨᠨᠠᠭᠤᠷ ᠬᠤᠲᠠ ᠪᠥᠬᠦ ᠣᠷᠣᠨ᠎ᠳᠤ ᠡᠩ ᠲᠡᠷᠢᠭᠦᠨ᠎ᠳᠤ ᠵᠠᠰᠠᠭ᠎ᠤᠨ ᠣᠷᠳᠣᠨ᠎ᠤ ᠤᠳᠤᠷᠢᠳᠤᠯᠭ᠎ᠠ ᠬᠠᠷᠢᠭᠤᠴᠠᠵᠤ᠂ ᠡᠳ᠋᠎ᠤᠨ  ᠵᠠᠰᠠᠭ᠂ ᠭᠠᠶ᠋ᠢᠯᠢ ᠵᠢᠨ ᠶᠠᠪᠤᠳᠠᠯ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠂  ᠳᠤᠮᠳᠠᠳᠤ ᠤᠯᠤᠰ᠎ᠤᠨ ᠠᠷᠠᠳ᠎ᠤᠨ ᠪᠠᠩᠬᠢ ᠳᠥᠷᠪᠡᠨ  ᠰᠠᠯᠠᠭ᠎ᠠ ᠮᠥᠴᠢᠷ᠎ᠤᠨ ᠵᠣᠬᠢᠴᠠᠭᠤᠯᠬᠤ ᠠᠵᠢᠯ᠎ᠤᠨ ᠲᠣᠭᠲᠠᠴᠠ ᠵᠢ ᠪᠠᠶ᠋ᠢᠭᠤᠯᠵᠤ᠂ 《ᠬᠤᠲᠠ ᠵᠢᠨ ᠳᠠᠷᠤᠭ᠎ᠠ ᠵᠢᠨ ᠭᠠᠶ᠋ᠢᠯᠢ ᠵᠢᠨ ᠬᠢᠴᠢᠶᠡᠯ》᠎ᠤᠨ ᠬᠡᠯᠪᠡᠷᠢ᠎ᠪᠠᠷ ᠪᠥᠬᠦ  ᠬᠤᠲᠠ ᠵᠢᠨ ᠭᠠᠶ᠋ᠢᠯᠢ ᠬᠥᠩᠭᠡᠯᠡᠵᠦ ᠰᠦᠢ᠍ᠳᠬᠡᠯ ᠪᠠᠭᠤᠷᠠᠭᠤᠯᠬᠤ ᠠᠵᠢᠯ᠎ᠳᠤ ᠳᠠᠬᠢᠨ ᠪᠠᠶ᠋ᠢᠷᠢᠯᠠᠭᠤᠯᠤᠯᠲᠠ ᠬᠢᠪᠡ; ᠡᠭᠦᠨ᠎ᠤ ᠬᠠᠮᠲᠤ᠂ ᠦᠯᠡᠳᠡᠭᠡᠨ ᠲᠤᠯᠭ᠋ᠠᠨ  ᠪᠤᠴᠠᠭ᠋ᠠᠬᠤ 95 ᠲᠦᠭᠰᠢᠭᠦᠷᠢ ᠵᠢᠨ ᠭᠦᠢ᠍ᠴᠡᠳᠬᠡᠯ ᠲᠤᠭ᠎ᠠ ᠵᠢᠨ ᠵᠠᠭᠪᠤᠷ᠎ᠢ ᠪᠠᠶ᠋ᠢᠭᠤᠯᠵᠤ᠂ ᠬᠡᠷᠡᠭ᠎ᠤᠨ ᠡᠮᠦᠨᠡᠬᠢ᠂ ᠬᠡᠷᠡᠭ᠎ᠤᠨ ᠳᠤᠮᠳᠠᠬᠢ᠂ ᠬᠡᠷᠡᠭ᠎ᠤᠨ ᠳᠠᠷᠠᠭ᠋ᠠᠬᠢ  ᠲᠦᠭᠰᠢᠭᠦᠷᠢ ᠵᠢ ᠲᠦᠷᠭᠡᠨ ᠰᠡᠷᠡᠮᠵᠢᠯᠡᠭᠦᠯᠬᠦ ᠠᠵᠢᠯ᠎ᠤᠨ ᠲᠣᠭᠲᠠᠴᠠ ᠵᠢ ᠪᠠᠶ᠋ᠢᠭᠤᠯᠵᠤ᠂ ᠭᠠᠶ᠋ᠢᠯᠢ ᠪᠤᠴᠠᠭ᠋ᠠᠬᠤ ᠠᠵᠤ ᠠᠬᠤᠶ᠋ᠢᠯᠠᠯ᠎ᠳᠤ ᠪᠥᠬᠦ ᠦᠵᠡᠮᠵᠢᠲᠦ ᠮᠠᠶᠢᠭ᠎ᠤᠨ  ᠠᠦ᠋ᠲ᠋ᠣᠴᠢᠯᠠᠭᠰᠠᠨ ᠰᠢᠷᠪᠢᠯᠲᠡ ᠵᠢᠨ ᠠᠵᠢᠯ᠎ᠢ ᠥᠷᠨᠢᠭᠦᠯᠵᠦ᠂ ᠭᠠᠶ᠋ᠢᠯᠢ ᠪᠤᠴᠠᠭ᠋ᠠᠬᠤ ᠲᠦᠭᠰᠢᠭᠦᠷᠢ ᠵᠢ ᠬᠢᠨᠠᠨ ᠬᠠᠷᠭᠤᠭᠤᠯᠬᠤ ᠴᠠᠭ᠎ᠤᠨ ᠤᠷᠲᠤ ᠵᠢ ᠬᠡᠳᠦᠨ  ᠡᠳᠦᠷ᠎ᠤᠨ ᠳᠣᠲᠣᠷ᠎ᠠ 2 ᠮᠢᠨᠦ᠋ᠲ ᠪᠣᠯᠲᠠᠯ᠎ᠠ ᠪᠠᠭ᠋ᠠᠰᠬᠠᠪᠠ᠃
      ᠵᠢᠱ᠌ᠢᠶᠡᠯᠡᠪᠡᠯ᠂ ᠥᠪᠥᠷ ᠮᠣᠩᠭᠤᠯ᠎ᠤᠨ ᠾᠸᠢ ᠮᠤᠤ ᠨᠡᠭᠦᠷᠡᠰᠦ ᠬᠢᠮᠢ ᠵᠢᠨ ᠠᠵᠤ ᠤᠶ᠋ᠢᠯᠡᠳᠪᠤᠷᠢ ᠵᠢᠨ ᠬᠢᠵᠠᠭ᠋ᠠᠷᠲᠤ ᠺᠣᠮᠫᠠᠨᠢ ᠵᠢᠨ ᠬᠠᠷᠢᠶ᠎ᠠ ᠨᠡᠭᠦᠷᠡᠰᠦ ᠬᠢᠮᠢ ᠵᠢᠨ ᠠᠵᠤ  ᠤᠶ᠋ᠢᠯᠡᠳᠪᠤᠷᠢ ᠵᠢᠨ ᠲᠥᠷᠥᠯ ᠵᠤᠶ᠋ᠢᠯ᠎ᠨᠢ  ᠡᠯᠧᠺᠲᠷᠣᠨ ᠬᠥᠮᠥᠷᠭᠡ ᠵᠢᠨ ᠰᠢᠰᠲ᠋ᠧᠮ ᠵᠶ᠋ᠠᠷ ᠳᠠᠮᠵᠢᠭᠤᠯᠤᠨ ᠭᠠᠶ᠋ᠢᠯᠢ ᠪᠤᠴᠠᠭ᠋ᠠᠬᠤ ᠪᠥᠬᠦ ᠶᠠᠪᠤᠴᠠ ᠵᠢ ᠡᠯᠧᠺᠳ᠋ᠷᠤᠨᠴᠢᠯᠠᠵᠤ᠂  ᠠᠵᠤ ᠠᠬᠤᠶ᠋ᠢᠯᠠᠯ᠎ᠳᠤ 3.69 ᠳ᠋ᠦᠩᠰᠢᠭᠤᠷ ᠲᠥᠭᠦᠷᠢᠭ᠎ᠤᠨ ᠭᠠᠶ᠋ᠢᠯᠢ ᠪᠤᠴᠠᠭ᠋ᠠᠬᠤ ᠵᠢ  ᠭᠦᠢ᠍ᠴᠡᠳᠬᠡᠪᠡ; ᠪᠠᠰᠠ ᠪᠠᠶᠠᠨᠨᠠᠭᠤᠷ᠎ᠤᠨ ᠬᠤᠸᠠ ᠾᠧᠩ ᠠᠮᠢᠳᠤ  ᠪᠣᠳᠠᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ᠂ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ ᠡᠳ᠋᠎ᠤᠨ ᠵᠠᠰᠠᠭ᠎ᠨᠢ ᠠᠵᠤ ᠠᠬᠤᠶ᠋ᠢᠯᠠᠯ᠎ᠳᠤ  ᠦᠯᠡᠳᠡᠭᠡᠭᠰᠡᠨ ᠭᠠᠶ᠋ᠢᠯᠢ ᠵᠢᠨ ᠲᠤᠭ᠎ᠠ ᠵᠢ 436.22 ᠲᠦᠮᠡᠨ ᠲᠥᠭᠦᠷᠢᠭ ᠪᠤᠴᠠᠭ᠋ᠠᠨ᠂ ᠠᠵᠤ ᠠᠬᠤᠶ᠋ᠢᠯᠠᠯ᠎ᠤᠨ ᠬᠤᠶᠠᠳᠤᠭ᠋ᠠᠷ ᠬᠤᠭᠤᠴᠠᠭ᠋ᠠᠨ᠎ᠤ ᠲᠥᠷᠥᠯ ᠵᠤᠶ᠋ᠢᠯ᠎ᠤᠨ  ᠪᠥᠲᠥᠭᠡᠨ ᠪᠠᠶ᠋ᠢᠭᠤᠯᠤᠯᠲᠠ ᠪᠠ ᠲᠦᠭᠦᠬᠡᠶ ᠮᠠᠲ᠋ᠧᠷᠢᠶᠠᠯ ᠣᠷᠣᠭᠤᠯᠬᠤ ᠡᠷᠭᠢᠯᠲᠡ ᠵᠢᠨ ᠬᠦᠴᠢᠷᠳᠡᠯ᠎ᠢ ᠨᠢᠭᠡ ᠦᠶ᠎ᠡ ᠰᠢᠢ᠍ᠳᠪᠦᠷᠢᠯᠡᠪᠡ᠃
      ᠬᠥᠲᠥᠯᠦᠭᠴᠢ᠄ ᠡᠳᠡᠭᠡᠷ ᠪᠣᠯ ᠦᠨᠡᠬᠡᠷ ᠦᠨᠡᠨ ᠪᠣᠳᠠᠲᠠᠢ ᠰᠠᠢ᠍ᠨ ᠲᠥᠷᠥ ᠵᠢᠨ ᠪᠣᠳᠣᠯᠭ᠎ᠠ ᠪᠣᠯᠤᠨ᠎ᠠ᠃ ᠦᠨᠡᠨ᠎ᠳᠡᠭᠡᠨ ᠮᠠᠨ᠎ᠤ ᠡᠩ᠎ᠤᠨ ᠠᠷᠠᠳ᠎ᠲᠤ ᠠᠪᠴᠤ ᠬᠡᠯᠡᠪᠡᠯ ᠂ ᠲᠦᠷᠭᠡᠨ ᠪᠦᠭᠡᠳ ᠳᠦᠭᠦᠮ ᠭᠠᠶ᠋ᠢᠯᠢ ᠲᠠᠲᠠᠪᠤᠷᠢ ᠭᠦᠢ᠍ᠴᠡᠳᠬᠡᠬᠦ᠎ᠨᠢ ᠮᠥᠨ ᠯᠡ ᠣᠯᠠᠨ᠎ᠤ ᠠᠩᠬᠠᠷᠴᠤ ᠪᠠᠶ᠋ᠢᠭ᠎ᠠ ᠠᠰᠠᠭᠤᠳᠠᠯ ᠪᠣᠯᠣᠨ᠎ᠠ᠂ ᠡᠳᠡᠭᠡᠷ ᠲᠠᠯ᠎ᠠ᠎ᠪᠠᠷ ᠪᠢᠳᠡ  ᠶᠠᠭ᠋ᠠᠬᠢᠵᠤ ᠬᠢᠭᠰᠡᠨ ᠪᠤᠢ?
      ᠬᠦᠨᠳᠦᠲᠦ  ᠵᠣᠴᠢᠨ᠄ ᠭᠠᠶ᠋ᠢᠯᠢ ᠲᠤᠰᠢᠶᠠᠭᠴᠢ ᠵᠢ 《ᠳᠤᠲᠠᠭᠤ ᠭᠦᠶᠦᠯᠭᠡᠵᠦ》᠂ ᠨᠠᠩ ᠲᠦᠷᠭᠡᠨ᠂ ᠨᠠᠩ ᠰᠢᠯᠢᠳᠡᠭ᠂ ᠨᠠᠩ ᠲᠥᠬᠦᠮ ᠭᠠᠶ᠋ᠢᠯᠢ ᠵᠢᠨ ᠶᠠᠪᠤᠳᠠᠯ   ᠭᠦᠢ᠍ᠴᠡᠳᠬᠡᠬᠦ  ᠦᠢ᠍ᠯᠡᠴᠢᠯᠡᠭᠡ ᠵᠢ ᠬᠦᠷᠲᠡᠭᠡᠭᠰᠡᠨ᠎ᠨᠢ ᠶᠡᠷᠦ᠎ᠨᠢ ᠮᠠᠨ᠎ᠤ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠤᠨ ᠬᠥᠭᠡᠭᠡᠴᠡᠯᠳᠦᠯ ᠪᠣᠯᠤᠨ᠎ᠠ᠃ ᠵᠢᠱ᠌ᠢᠶᠡᠯᠡᠪᠡᠯ ᠂ 2022 ᠣᠨ᠎ᠳᠤ᠂ ᠪᠢᠳᠡ 《ᠬᠤᠶᠠᠷ ᠱᠠᠲᠤᠨ᠎ᠤ ᠨᠠᠮ᠎ᠤᠨ ᠬᠤᠷᠢᠶ᠎ᠠ ᠡᠮᠦᠨ᠎ᠡ᠎ᠨᠢ ᠭᠠᠪᠰᠢᠭ᠋ᠠᠶ᠋ᠢᠯᠠᠵᠤ᠂ ᠵᠠᠭᠤᠨ ᠨᠠᠮ᠎ᠤᠨ ᠡᠭᠦᠷ ᠡᠮᠦᠨ᠎ᠡ ᠹᠷᠣᠨᠲ᠎ᠲᠤ ᠬᠦᠷᠴᠦ᠂  ᠮᠢᠩᠭ᠋ᠠᠨ ᠨᠠᠮ᠎ᠤᠨ ᠭᠡᠰᠢᠭᠦᠨ ᠲᠦᠮᠡᠨ ᠠᠵᠤ ᠠᠬᠤᠶ᠋ᠢᠯᠠᠯ᠎ᠲᠠᠢ ᠬᠤᠯᠪᠣᠭ᠋ᠠᠯᠠᠵᠤ ᠠᠵᠤ ᠠᠬᠤᠶ᠋ᠢᠯᠠᠯ᠎ᠳᠤ ᠠᠰᠢᠭ ᠬᠦᠷᠲᠡᠭᠡᠵᠦ ᠠᠷᠠᠳ᠎ᠲᠤ ᠠᠰᠢᠭ ᠬᠦᠷᠲᠡᠭᠡᠬᠦ ᠶᠡᠭᠡ  ᠰᠤᠷᠪᠤᠯᠵᠢᠯᠠᠬᠤ ᠠᠵᠢᠯᠯᠠᠭ᠎ᠠ ᠵᠢ ᠥᠷᠨᠢᠭᠦᠯᠵᠦ᠂ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ 14721 ᠡᠷᠦᠬᠡ ᠵᠢ ᠰᠤᠷᠪᠤᠯᠵᠢᠯᠠᠨ ᠪᠠᠶ᠋ᠢᠴᠠᠭ᠋ᠠᠨ ᠰᠤᠳᠤᠯᠵᠤ᠂ 5  ᠲᠥᠷᠥᠯ᠎ᠤᠨ 197 ᠠᠰᠠᠭᠤᠳᠠᠯ᠎ᠢ ᠴᠤᠭᠯᠠᠭᠤᠯᠤᠨ ᠰᠢᠢ᠍ᠳᠪᠦᠷᠢᠯᠡᠪᠡ; 《ᠬᠤᠣᠰ ᠱᠤᠭᠤᠮ ᠵᠶ᠋ᠠᠷ ᠬᠤᠯᠪᠣᠭ᠋ᠠᠯᠠᠨ ᠬᠥᠳᠡᠯᠦᠯᠴᠡᠬᠦ》 ᠪᠠ 《ᠰᠢᠢ᠍ᠳᠪᠦᠷᠢᠯᠡᠬᠦ  ᠯᠠᠪᠯᠠᠬᠤ ᠵᠢ ᠬᠠᠮᠵᠢᠯᠴᠠᠭᠤᠯᠬᠤ》 ᠲᠣᠭᠲᠠᠴᠠ ᠵᠢ ᠪᠠᠶ᠋ᠢᠭᠤᠯᠵᠤ᠂ ᠠᠯᠤᠰ᠎ᠠᠴᠠ ᠰᠦᠯᠵᠢᠶᠡᠨ ᠳᠡᠭᠡᠷ᠎ᠡ ᠦᠵᠡᠭᠳᠡᠬᠦ᠋ᠢ᠍ᠴᠡ ᠴᠠᠭ ᠲᠤᠬᠠᠢ᠎ᠳᠤᠨᠢ ᠬᠠᠷᠢᠯᠴᠠᠬᠤ ᠵᠢ  ᠪᠡᠶᠡᠯᠡᠭᠦᠯᠪᠡ; 50 ᠵᠦᠢ᠍ᠯ᠎ᠤᠨ ᠲᠤᠬᠠᠶ᠋ᠢᠯᠠᠭᠰᠠᠨ ᠠᠵᠢᠯ᠎ᠢ ᠳᠤᠲᠠᠭᠤᠳᠠᠯ᠎ᠢ ᠠᠭᠤᠴᠢᠯᠠᠨ ᠭᠦᠢ᠍ᠴᠡᠳᠬᠡᠬᠦ ᠦᠢ᠍ᠯᠡᠴᠢᠯᠡᠭᠡ᠎ᠳᠤ ᠣᠷᠣᠭᠤᠯᠵᠤ᠂ ᠰᠦᠢ᠍ᠳᠬᠡᠯ ᠬᠤᠷᠢᠶᠠᠬᠤ  ᠦᠭᠡᠢ᠎ᠪᠠᠷ 《ᠵᠠᠬᠢᠳᠠᠯ᠎ᠤᠨ ᠳᠤᠭᠲᠤᠢ》 ᠵᠢ ᠭᠤᠪᠢᠭᠤᠯᠵᠤ᠂ 《ᠬᠠᠮᠤᠭ ᠣᠯᠠᠨ᠎ᠳᠠᠭᠠᠨ ᠨᠢᠭᠡ ᠯᠡ ᠤᠳᠠᠭ᠎ᠠ ᠭᠦᠶᠦᠯᠭᠡᠬᠦ》 ᠵᠢ ᠨᠠᠶ᠋ᠢᠳᠠᠪᠤᠷᠢᠵᠢᠭᠤᠯᠵᠤ᠂ ᠭᠠᠶ᠋ᠢᠯᠢ  ᠲᠤᠰᠢᠶᠠᠭᠴᠢ ᠵᠢᠨ ᠰᠦᠢ᠍ᠳᠬᠡᠯ ᠲᠤᠰᠢᠶᠠᠬᠤ᠎ᠳᠤ ᠲᠤᠶ᠋ᠢᠯ᠎ᠤᠨ ᠶᠡᠭᠡ ᠳᠥᠭᠦᠮ ᠦᠵᠡᠭᠦᠯᠪᠡ᠃
      ᠬᠥᠲᠥᠯᠥᠭᠴᠢ᠄ ᠥᠩᠭᠡᠷᠡᠭᠡᠭᠰᠡᠨ᠎ᠳᠤ ᠪᠢ ᠲᠣᠭ᠋ᠠᠴᠢᠯᠠᠭᠰᠠᠨ ᠥᠭᠡᠷᠡᠴᠢᠯᠡᠯᠲᠡ ᠵᠢ ᠠᠬᠢᠭᠤᠯᠵᠤ᠂ ᠭᠠᠶ᠋ᠢᠯᠢ ᠲᠤᠰᠢᠶᠠᠭᠴᠢ᠎ᠳᠤ ᠨᠡᠩ ᠤᠯᠠᠨ ᠳᠥᠭᠦᠮ ᠳᠥᠲᠡ ᠥᠨᠳᠥᠷ  ᠪᠦᠲᠦᠮᠵᠢᠲᠡᠢ ᠭᠠᠶ᠋ᠢᠯᠢ ᠰᠦᠢ᠍ᠳᠬᠡᠯ᠎ᠤᠨ ᠦᠢ᠍ᠯᠡᠴᠢᠯᠡᠭᠡ ᠬᠠᠩᠭ᠋ᠠᠬᠤ ᠵᠢ ᠣᠶ᠋ᠢᠯᠠᠭ᠋ᠠᠵᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠵᠠᠶ᠋ᠢᠯᠠᠰᠢ ᠦᠭᠡᠢ  ᠬᠡᠷᠡᠭᠴᠡᠭᠡ᠎ᠳᠤ ᠵᠣᠬᠢᠴᠠᠭᠤᠯᠤᠭᠰᠠᠨ ᠪᠠᠶ᠋ᠢᠨ᠎ᠠ᠂ ᠲᠡᠭᠡᠪᠡᠯ ᠮᠠᠨ᠎ᠤ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ ᠭᠠᠶ᠋ᠢᠯᠢ ᠲᠠᠲᠠᠪᠤᠷᠢ ᠵᠢᠨ ᠥᠭᠡᠷᠡᠴᠢᠯᠡᠯᠲᠡ ᠬᠥᠭᠵᠢᠯᠲᠡ ᠵᠢ ᠠᠬᠢᠭᠤᠯᠬᠤ ᠲᠠᠯ᠎ᠠ᠎ᠪᠠᠷ ᠪᠠᠰᠠ ᠮᠠᠰᠢ ᠤᠯᠠᠨ ᠠᠵᠢᠯ ᠬᠢᠭᠰᠡᠨ ᠪᠠᠶ᠋ᠢᠨ᠎ᠠ᠃

ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ