ᠰᠣᠨᠢᠨ ᠮᠡᠳᠡᠭᠡ   -   ᠰᠤᠷᠪᠤᠯᠵᠢᠯᠠᠭ᠎ᠠ

ᠣᠳᠣᠬᠠᠨ᠎ᠤ ᠮᠠᠨ᠎ᠤ ᠤᠯᠤᠰ᠎ᠤᠨ ᠠᠵᠤ ᠠᠬᠤᠢ ᠵᠢᠨ ᠪᠠᠶ᠋ᠢᠳᠠᠯ᠎ᠢ ᠬᠡᠷᠬᠢᠨ ᠦᠵᠡᠬᠦ ᠪᠤᠢ? ᠠᠷᠠᠳ᠎ᠤᠨ ᠡᠳᠦᠷ᠎ᠤᠨ ᠰᠣᠨᠢᠨ᠎ᠤ ᠡᠨᠡ ᠵᠣᠬᠢᠶᠠᠯ᠎ᠳᠤ ᠲᠣᠲᠤᠷᠬᠠᠢ ᠶᠠᠷᠢᠵᠠᠢ (ᠨᠢᠭᠡ)

ᠨᠡᠶ᠋ᠢᠲᠡᠯᠡᠭᠰᠡᠨ ᠴᠠᠭ᠄   2024-11-21

      ᠬᠦᠴᠢᠷ ᠪᠡᠷᠬᠡᠰᠢᠶᠡᠯ᠎ᠳᠤ ᠵᠥᠪ ᠵᠶ᠋ᠠᠷ ᠬᠠᠨᠳᠤᠬᠤ ᠮᠥᠷᠲᠡᠭᠡᠨ ᠢᠲᠡᠭᠡᠯ ᠵᠣᠷᠢᠭ ᠵᠶ᠋ᠠᠨ ᠨᠡᠩ ᠪᠠᠲᠤᠳᠬᠠᠬᠤ ᠬᠡᠷᠡᠭᠲᠡᠢ
      ᠷᠧᠨ ᠫᠢᠩ
      (ᠨᠢᠭᠡ)
      ᠣᠳᠣᠬᠠᠨ᠎ᠤ ᠮᠠᠨ᠎ᠤ ᠤᠯᠤᠰ᠎ᠤᠨ ᠠᠵᠤ ᠠᠬᠤᠢ ᠵᠢᠨ ᠪᠠᠶ᠋ᠢᠳᠠᠯ᠎ᠢ ᠬᠡᠷᠬᠢᠨ ᠦᠵᠡᠬᠦ ᠪᠤᠢ?
      ᠲᠦᠷᠦᠭᠦᠦ ᠭᠤᠷᠪᠠᠨ ᠤᠯᠠᠷᠢᠯ᠎ᠤᠨ ᠠᠵᠤ ᠠᠬᠤᠢ ᠵᠢᠨ ᠳ᠋ᠡᠶ᠋ᠢᠲ᠋ᠠ ᠵᠢ ᠣᠯᠠᠨ ᠵᠶ᠋ᠠᠷ ᠵᠶ᠋ᠠᠨ ᠨᠡᠶ᠋ᠢᠳᠡᠮ ᠠᠩᠬᠠᠷᠴᠤ ᠬᠦᠭᠵᠢᠶᠡᠨᠲᠡᠢ ᠶᠠᠷᠢᠯᠴᠠᠵᠠᠭ᠋ᠠᠵᠤ ᠪᠠᠶ᠋ᠢᠨ᠎ᠠ᠃
      ᠡᠭᠦᠨ᠎ᠤ ᠳᠣᠲᠣᠷ᠎ᠠ᠂ ᠵᠠᠷᠢᠮ ᠬᠥᠮᠥᠨ ᠵᠥᠪᠬᠡᠨ ᠠᠰᠠᠭᠤᠳᠠᠯ᠎ᠢ ᠯᠡ ᠣᠯᠵᠤ ᠦᠵᠡᠪᠡ᠃ ᠤᠯᠠᠷᠢᠯ ᠵᠶ᠋ᠠᠷ ᠬᠤᠪᠢᠶᠠᠨ ᠦᠵᠡᠪᠡᠯ᠂ 5.3%᠂ 4.7%᠂ 4. 6% ᠵᠢᠨ ᠠᠵᠤ ᠠᠬᠤᠶ ᠵᠢᠨ ᠠᠳᠠᠯᠢ ᠬᠤᠭᠤᠴᠠᠭ᠎ᠠ᠎ᠲᠠᠢ ᠬᠠᠷᠢᠴᠠᠭᠤᠯᠤᠭᠰᠠᠨ ᠨᠡᠮᠡᠭᠳᠡᠯ᠎ᠤᠨ ᠬᠤᠷᠳᠤᠴᠠ᠎ᠨᠢ ᠪᠠᠭᠤᠷᠠᠬᠤ ᠬᠠᠨᠳᠦᠰᠢ᠎ᠲᠠᠢ ᠪᠠᠶ᠋ᠢᠨ᠎ᠠ᠃ ᠳᠠᠩ ᠭᠠᠭᠴᠠ ᠭᠤᠷᠪᠠᠳᠤᠭ᠋ᠠᠷ ᠤᠯᠠᠷᠢᠯ᠎ᠤᠨ 7᠂ 8 ᠳ᠋ᠤᠭ᠋ᠠᠷ ᠰᠠᠷ᠎ᠠ ᠵᠢᠨ ᠭᠤᠣᠯ ᠪᠣᠯᠬᠤ ᠠᠵᠤ ᠠᠬᠤᠢ ᠵᠢᠨ ᠭᠦᠢ᠍ᠴᠡᠳᠭᠡᠯ ᠲᠤᠭ᠎ᠠ ᠵᠢᠨ ᠨᠡᠮᠡᠭᠳᠡᠯ᠎ᠤᠨ ᠬᠤᠷᠳᠤᠴᠠ ᠪᠠᠭᠤᠷᠠᠪᠠ᠃ ᠡᠭᠦᠨ᠎ᠤ ᠤᠯᠠᠮ᠎ᠠᠴᠠ ᠠᠵᠤ ᠠᠬᠤᠶ ᠵᠢᠨ ᠨᠡᠮᠡᠭᠳᠡᠯ᠎ᠤᠨ ᠢᠷᠡᠭᠡᠳᠦᠶ ᠵᠢᠨ ᠲᠦᠯᠦᠪ᠂ ᠪᠦᠬᠦ ᠵᠢᠯ᠎ᠤᠨ ᠬᠠᠷᠠᠯᠲᠠ ᠡᠭᠦᠷᠭᠡ᠎ᠪᠠᠨ ᠪᠡᠶᠡᠯᠡᠭᠦᠯᠬᠦ ᠵᠡᠷᠭᠡ ᠲᠠᠯ᠎ᠠ᠎ᠪᠠᠷ ᠡᠷᠡᠭᠡᠯᠵᠡᠭᠡ᠎ᠲᠠᠢ ᠪᠤᠯᠤᠭᠰᠠᠨ ᠪᠠᠶ᠋ᠢᠨ᠎ᠠ᠃
      ᠨᠡᠩ ᠤᠯᠠᠨ ᠬᠦᠮᠦᠨ ᠬᠦᠴᠢᠷ ᠪᠡᠷᠬᠡᠰᠢᠶᠡᠯ᠎ᠳᠤ ᠵᠥᠪ ᠵᠶ᠋ᠠᠷ ᠬᠠᠨᠳᠤᠭᠰᠠᠨ ᠵᠶ᠋ᠠᠷ ᠪᠠᠷᠠᠬᠤ ᠦᠭᠡᠢ᠂ ᠨᠡᠩ ᠴᠤ᠌ ᠠᠰᠢᠭᠲᠠᠢ ᠨᠥᠬᠦᠴᠡᠯ ᠪᠠ ᠬᠦᠴᠦᠨ ᠵᠦᠢ᠍ᠯ᠎ᠢ ᠣᠯᠵᠤ ᠦᠵᠡᠭᠰᠡᠨ ᠪᠠᠶ᠋ᠢᠨ᠎ᠠ᠃ ᠲᠦᠷᠦᠭᠦᠤ ᠭᠤᠷᠪᠠᠨ ᠤᠯᠠᠷᠢᠯ᠎ᠳᠤ᠂ ᠮᠠᠨ᠎ᠤ ᠤᠯᠤᠰ᠎ᠤᠨ ᠠᠵᠤ ᠠᠬᠤᠶ ᠠᠳᠠᠯᠢ ᠬᠤᠭᠤᠴᠠᠭ᠋ᠠᠨ᠎ᠤ᠎ᠬᠢ᠎ᠠᠴᠠ 4.8%᠎ᠪᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠳᠡᠯᠡᠬᠡᠶ ᠵᠢᠨ ᠭᠤᠤᠯ ᠪᠣᠯᠬᠤ ᠠᠵᠤ ᠠᠬᠤᠶ ᠵᠢᠨ ᠴᠣᠭᠴᠠ ᠵᠢᠨ ᠳᠣᠲᠣᠷ᠎ᠠ ᠡᠮᠦᠨ᠎ᠡ ᠡᠩᠨᠡᠭᠡᠨ᠎ᠳᠤ ᠣᠷᠣᠪᠠ; ᠣᠨᠴᠠ ᠵᠠᠷᠢᠮ ᠠᠵᠤ ᠠᠬᠤᠶ ᠵᠢᠨ ᠴᠣᠭᠴᠠ ᠵᠢᠨ ᠨᠡᠮᠡᠭᠳᠡᠯ᠎ᠤᠨ ᠬᠤᠷᠳᠤᠴᠠ᠎ᠨᠢ ᠬᠡᠳᠦᠢ᠎ᠪᠠᠷ ᠬᠠᠷᠢᠴᠠᠩᠭᠤᠶ᠎ᠪᠠᠷ ᠨᠡᠯᠢᠶᠡᠳ ᠥᠨᠳᠥᠷ ᠪᠠᠶ᠋ᠢᠭ᠎ᠠ ᠪᠣᠯᠪᠠᠴᠤ ᠲᠡᠭᠦᠨ᠎ᠤ ᠠᠵᠤ ᠠᠬᠤᠶ ᠵᠢᠨ ᠶᠡᠷᠦᠩᠬᠡᠶ ᠬᠡᠮᠵᠢᠶ᠎ᠡ ᠪᠠ ᠨᠡᠮᠡᠭᠳᠡᠯ᠎ᠤᠨ ᠬᠡᠮᠵᠢᠶ᠎ᠡ᠎ᠨᠢ ᠮᠠᠨ᠎ᠤ᠎ᠬᠢ᠎ᠲᠠᠢ ᠠᠳᠠᠯᠢ ᠬᠡᠮᠵᠢᠶᠡᠨ᠎ᠤ ᠳᠡᠰ᠎ᠲᠤ ᠪᠠᠶ᠋ᠢᠬᠤ ᠦᠭᠡᠢ᠃ ᠨᠡᠩ ᠴᠢᠬᠤᠯᠠ᠎ᠨᠢ᠂ ᠪᠢᠳᠡ ᠪᠦᠲᠦᠴᠡ ᠵᠢ ᠰᠢᠯᠢᠳᠡᠭᠵᠢᠭᠦᠯᠬᠦ᠂ ᠬᠦᠳᠡᠯᠭᠡᠭᠴᠢ ᠡᠨᠧᠷᠭᠢ ᠵᠢ ᠬᠤᠪᠢᠷᠠᠭᠤᠯᠬᠤ᠂ ᠶᠠᠰᠤ ᠴᠢᠨᠠᠷ᠎ᠢ ᠳᠡᠭᠡᠭᠰᠢᠯᠡᠭᠦᠯᠬᠦ ᠤᠷᠢᠲᠠᠯ ᠳᠣᠣᠷ᠎ᠠ ᠲᠤᠭ᠎ᠠ ᠬᠡᠮᠵᠢᠶ᠎ᠡ ᠵᠢᠨ ᠵᠦᠢ ᠵᠣᠬᠢᠰᠲᠠᠢ ᠨᠡᠮᠡᠭᠳᠡᠯ᠎ᠢ ᠪᠠᠲᠤᠯᠠᠭᠰᠠᠨ ᠪᠠᠶ᠋ᠢᠨ᠎ᠠ᠃ ᠪᠦᠬᠦ ᠳᠡᠯᠡᠬᠡᠢ ᠵᠢ ᠪᠠᠷᠠᠯᠠᠬᠤᠶ᠎ᠠ᠂ 《ᠠᠳᠡᠬᠢ ᠦᠵᠡᠮᠵᠢ ᠠᠲᠠᠪᠠᠰᠢ ᠭᠤᠶᠤ ᠪᠠᠶ᠋ᠢᠪᠠ》᠃
      ᠨᠢᠭᠡ ᠬᠡᠰᠡᠭ ᠬᠤᠭᠤᠴᠠᠭ᠋ᠠᠨ᠎ᠳᠤ ᠭᠠᠷᠤᠭᠰᠠᠨ ᠬᠦᠴᠢᠷᠳᠡᠯ ᠪᠠ ᠠᠰᠠᠭᠤᠳᠠᠯ᠎ᠢ ᠲᠡᠬᠢᠭ᠋ᠠᠦᠠ ᠠᠪᠴᠤ ᠦᠵᠡᠶ᠎ᠡ᠃ ᠡᠭᠦᠨ᠎ᠢ ᠬᠤᠷᠢᠶᠠᠩᠭᠤᠶ᠋ᠢᠯᠠᠪᠠᠯ ᠭᠤᠣᠯᠳᠠᠭᠤ ᠳᠣᠣᠷᠠᠬᠢ ᠮᠡᠲᠦ ᠲᠦᠷᠪᠡᠨ ᠲᠠᠯ᠎ᠠ᠎ᠪᠠᠷ ᠢᠯᠡᠷᠡᠵᠦ ᠪᠠᠶ᠋ᠢᠨ᠎ᠠ᠄
      ᠨᠢᠭᠡ᠎ᠳᠤ᠂ ᠭᠠᠳᠠᠭ᠋ᠠᠳᠦ ᠣᠷᠴᠢᠨ ᠨᠦᠬᠦᠴᠡᠯ ᠨᠠᠩ ᠨᠠᠷᠢᠨ ᠪᠤᠳᠤᠯᠢᠶᠠᠨᠲᠠᠶ ᠪᠦᠭᠡᠳ ᠬᠦᠨᠳᠦ ᠭᠡᠴᠡᠭᠦᠦ ᠪᠤᠯᠵᠤ ᠪᠠᠶ᠋ᠢᠨ᠎ᠠ᠃ ᠳᠡᠯᠡᠬᠡᠶ ᠵᠢᠨ ᠠᠵᠤ ᠠᠬᠤᠶ ᠵᠢᠨ ᠲᠣᠭᠲᠠᠭᠤᠨ ᠪᠤᠰᠤ ᠴᠢᠨᠠᠷ ᠴᠢᠩᠭ᠋ᠠᠷᠠᠵᠤ᠂ ᠣᠯᠠᠨ ᠤᠯᠤᠰ᠎ᠤᠨ ᠤᠯᠤᠰ ᠲᠥᠷᠥ ᠵᠢᠨ ᠲᠣᠭᠲᠠᠪᠤᠷᠢᠲᠤ ᠪᠤᠰᠤ ᠴᠢᠨᠠᠷ ᠨᠡᠮᠡᠭᠳᠡᠵᠦ᠂ ᠪᠦᠬᠦ ᠪᠥᠮᠪᠥᠷᠴᠡᠭ᠎ᠤᠨ ᠠᠷᠠᠯᠵᠢᠶᠠᠨ᠎ᠤ ᠬᠠᠮᠠᠭ᠋ᠠᠯᠠᠯᠲᠠ ᠰᠢᠷᠦᠭᠦᠰᠴᠦ᠂ ᠵᠠᠷᠢᠮ ᠤᠯᠤᠰ᠎ᠤᠳ᠎ᠤᠨ ᠪᠦᠰᠡᠯᠡᠵᠦ ᠬᠤᠷᠢᠭᠯᠠᠬᠤ ᠠᠯᠪᠠᠳᠠᠵᠤ ᠳᠠᠷᠤᠩᠭᠤᠶ᠋ᠢᠯᠠᠬᠤ ᠪᠠᠶ᠋ᠢᠳᠠᠯ ᠦᠷᠭᠦᠯᠵᠢᠯᠡᠨ ᠨᠡᠮᠡᠭᠳᠡᠵᠦ᠂ ᠮᠠᠨ᠎ᠤ ᠤᠯᠤᠰ᠎ᠤᠨ ᠭᠠᠳᠠᠭ᠋ᠠᠳᠤ ᠠᠷᠠᠯᠵᠢᠶ᠎ᠠ ᠪᠠ ᠭᠠᠳᠠᠭ᠋ᠠᠳᠤ ᠪᠡᠯᠡ ᠵᠢ ᠲᠤᠭᠲᠠᠭᠤᠨ ᠪᠠᠶ᠋ᠢᠯᠭ᠋ᠠᠬᠤ ᠳᠠᠷᠤᠯᠲᠠ ᠨᠡᠮᠡᠭᠳᠡᠵᠦ ᠪᠠᠶ᠋ᠢᠨ᠎ᠠ᠃
      ᠬᠤᠶᠠᠷ᠎ᠲᠤ᠂ ᠳᠤᠲᠤᠭ᠋ᠠᠲᠦ ᠬᠡᠷᠡᠭᠴᠡᠭᠡ ᠤᠷᠤᠭᠰᠢ ᠦᠭᠡᠢ ᠪᠠᠶ᠋ᠢᠨ᠎ᠠ᠃ ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠴᠢᠳᠠᠪᠤᠷᠢ ᠪᠣᠯᠤᠨ ᠬᠡᠷᠡᠭᠯᠡᠭᠡ ᠵᠢᠨ ᠬᠦᠰᠡᠯ ᠡᠷᠡᠮᠡᠯᠵᠡᠯ ᠴᠢᠩᠭ᠎ᠠ ᠪᠢᠰᠢ᠂ ᠪᠡᠯᠡ ᠣᠷᠣᠭᠤᠯᠤᠯᠲᠠ ᠵᠢ ᠲᠤᠭᠲᠠᠭᠤᠨ ᠪᠠᠶ᠋ᠢᠯᠭ᠋ᠠᠬᠤ ᠬᠦᠴᠢᠷᠳᠡᠯ ᠨᠡᠮᠡᠭᠳᠡᠵᠦ᠂ ᠠᠷᠠᠳ᠎ᠤᠨ ᠪᠡᠯᠡ ᠣᠷᠣᠭᠤᠯᠤᠯᠲᠠ ᠵᠢᠨ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭᠵᠢᠭᠡᠬᠦ ᠴᠢᠬᠤᠯᠠ᠎ᠲᠠᠢ ᠪᠠᠶ᠋ᠢᠨ᠎ᠠ᠃
      ᠭᠤᠷᠪᠠ᠎ᠳᠤ᠂ ᠵᠠᠷᠢᠮ ᠠᠵᠤ ᠠᠬᠤᠶ᠋ᠢᠯᠠᠯ᠎ᠤᠨ ᠡᠵᠡᠩᠨᠡᠯᠲᠡ ᠬᠦᠴᠢᠷᠳᠡᠯ᠎ᠲᠠᠢ ᠪᠠᠶ᠋ᠢᠵᠦ᠂ ᠪᠣᠷᠤᠯᠠᠭᠤᠯᠭ᠎ᠠ ᠮᠠᠭᠤᠲᠠᠬᠤ᠂ ᠦᠷ᠎ᠡ ᠠᠰᠢᠭ ᠪᠠᠭ᠋ᠠᠰᠬᠤ᠂ ᠵᠠᠬ᠎ᠠ ᠳᠡᠯᠭᠡᠭᠦᠷ᠎ᠤᠨ ᠵᠢᠱ᠌ᠢᠯᠲᠠ ᠮᠠᠭᠤᠲᠠᠬᠤ ᠬᠠᠨᠳᠤᠰᠢ᠎ᠲᠠᠢ ᠪᠠᠶ᠋ᠢᠬᠤ ᠵᠡᠷᠭᠡ ᠪᠠᠶ᠋ᠢᠳᠠᠯ᠎ᠳᠤ ᠲᠤᠯᠭ᠋ᠠᠷᠠᠵᠤ ᠪᠤᠢ᠃
      ᠳᠥᠷᠪᠡ᠎ᠳᠤ᠂ ᠵᠠᠷᠢᠮ ᠬᠦᠷᠢᠶᠡᠨ᠎ᠳᠠᠬᠢ ᠠᠶᠤᠯ ᠲᠦᠭᠰᠢᠭᠦᠷᠢ ᠵᠢᠨ ᠳᠠᠯᠳᠠ ᠭᠡᠮ ᠨᠡᠯᠢᠶᠡᠳ ᠠᠷᠪᠢᠨ ᠪᠠᠶ᠋ᠢᠨ᠎ᠠ᠃ ᠵᠠᠷᠢᠮ ᠣᠷᠣᠨ ᠨᠤᠲᠤᠭᠴᠢᠯᠠᠭᠰᠠᠨ ᠥᠷᠢ ᠥᠭᠴᠡᠭᠡ ᠵᠢᠨ ᠬᠦᠴᠢᠷᠳᠡᠯ ᠨᠡᠯᠢᠶᠡᠳ ᠶᠡᠭᠡ ᠪᠠᠶ᠋ᠢᠵᠤ᠂ ᠵᠠᠷᠢᠮ ᠦᠨᠳᠦᠰᠦᠨ ᠱᠠᠲᠤᠨ᠎ᠤ ᠡᠳ᠋᠎ᠤᠨ ᠵᠠᠰᠠᠭ ᠬᠦᠴᠢᠷᠳᠡᠯ᠎ᠲᠠᠢ ᠪᠠᠶ᠋ᠢᠵᠤ᠂ ᠵᠠᠷᠢᠮ ᠠᠵᠤ ᠠᠬᠤᠶ᠋ᠢᠯᠠᠯ᠎ᠠᠴᠠ ᠠᠵᠢᠯᠲᠠᠨ ᠵᠶ᠋ᠠᠨ ᠬᠠᠰᠤᠵᠤ ᠴᠠᠯᠢᠩ ᠵᠶ᠋ᠠᠨ ᠪᠠᠭᠤᠷᠠᠭᠤᠯᠬᠤ ᠪᠠᠶ᠋ᠢᠳᠠᠯ ᠢᠯᠡᠷᠡᠵᠦ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠤᠨ ᠠᠵᠢᠯ ᠣᠯᠭᠤᠯᠲᠠ ᠵᠢᠨ ᠳᠠᠷᠤᠯᠲᠠ ᠨᠡᠮᠡᠭᠳᠡᠵᠦ᠂ ᠬᠤᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠤᠨ ᠬᠤᠷᠳᠤᠴᠠ ᠤᠳᠠᠭ᠋ᠠᠰᠢᠷᠠᠵᠤ ᠪᠠᠶ᠋ᠢᠨ᠎ᠠ᠃
      ᠬᠦᠴᠢᠷᠳᠡᠯ᠎ᠳᠤ ᠵᠥᠪ ᠵᠶ᠋ᠠᠷ ᠬᠠᠨᠳᠤᠬᠤ ᠮᠥᠷᠲᠡᠭᠡᠨ ᠨᠡᠩ ᠴᠤ᠌ ᠢᠲᠡᠭᠡᠯ ᠵᠣᠷᠢᠭ ᠵᠶ᠋ᠠᠨ ᠪᠠᠲᠤᠳᠬᠠᠬᠤ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ᠄ 《ᠶᠠᠮᠠᠷ ᠦᠶ᠎ᠡ᠎ᠳᠤ ᠬᠦᠴᠢᠷᠳᠡᠯ ᠪᠠᠶ᠋ᠢᠭᠰᠠᠨ ᠦᠭᠡᠢ ᠪᠤᠢ? ᠨᠢᠭᠡ ᠨᠢᠭᠡ᠎ᠪᠠᠷ ᠦᠩᠭᠡᠷᠡᠭᠦᠯᠵᠤ᠂ ᠵᠢᠯ ᠵᠢᠯ ᠵᠶ᠋ᠠᠷ ᠦᠩᠭᠡᠷᠡᠭᠦᠯᠵᠤ᠂ ᠵᠢᠯ᠎ᠠᠴᠠ ᠵᠢᠯ ᠰᠠᠶ᠋ᠢᠨ ᠪᠣᠯᠳᠠᠭ᠂ ᠳᠤᠮᠳᠠᠳᠤ ᠵᠢᠨ ᠦᠨᠳᠦᠰᠦᠲᠡᠨ 5000 ᠭᠠᠷᠤᠢ ᠵᠢᠯ᠎ᠤᠨ ᠲᠤᠷᠰᠢ ᠪᠦᠷ ᠯᠡ ᠢᠩᠭᠢᠵᠦ ᠢᠷᠡᠵᠡᠢ᠃ ᠵᠠᠩᠭᠢᠯᠠᠭ᠎ᠠ᠎ᠨᠢ ᠢᠲᠡᠭᠡᠯ ᠵᠣᠷᠢᠭ ᠵᠶ᠋ᠠᠨ ᠬᠥᠪᠴᠢᠯᠡᠬᠦ᠎ᠳᠤ ᠪᠤᠢ᠃
      ᠣᠳᠣᠬᠠᠨ᠎ᠳᠤ ᠪᠢᠳᠡᠨ᠎ᠤ ᠲᠤᠯᠭ᠋ᠠᠷᠠᠵᠤ ᠪᠠᠶ᠋ᠢᠭ᠎ᠠ ᠬᠦᠴᠢᠷᠳᠡᠯ ᠪᠣᠯ ᠬᠥᠭᠵᠢᠯᠲᠡ ᠵᠢᠨ ᠳᠤᠮᠳᠠᠬᠢ ᠠᠰᠠᠭᠤᠳᠠᠯ᠂ ᠬᠡᠯᠪᠡᠷᠢ᠎ᠪᠠᠨ ᠬᠤᠪᠢᠷᠠᠭᠤᠯᠬᠤ ᠳᠤᠮᠳᠠᠬᠢ ᠡᠪᠡᠷᠰᠢᠶᠡᠯ ᠲᠡᠳᠦᠢ᠂ ᠴᠢᠷᠮᠠᠶ᠋ᠢᠯᠭ᠎ᠠ᠎ᠪᠠᠷ ᠳᠠᠮᠵᠢᠨ ᠪᠦᠷᠢᠮᠦᠰᠦᠨ ᠳᠠᠪᠠᠵᠤ ᠭᠠᠷᠴᠦ ᠪᠣᠯᠬᠤ ᠶᠤᠮ᠃
      ᠡᠨᠡ ᠵᠢᠯ᠎ᠠᠴᠠ ᠨᠠᠭ᠋ᠠᠰᠢ᠂ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ ᠪᠦᠬᠦ ᠲᠠᠯ᠎ᠠ ᠵᠢ ᠶᠡᠷᠦᠩᠬᠡᠶ᠋ᠢᠯᠡᠨ ᠡᠵᠡᠮᠳᠡᠵᠦ᠂ ᠯᠠᠪᠳᠠᠭᠤᠨ ᠲᠣᠭᠲᠠᠭᠤᠨ ᠵᠶ᠋ᠠᠷ ᠠᠷᠭ᠋ᠠᠴᠠᠭ᠋ᠠᠵᠤ᠂ ᠤᠨᠴᠠᠭ᠋ᠠᠶ᠋ᠢᠯᠠᠨ ᠠᠵᠤ ᠠᠬᠤᠢ ᠵᠢᠨ ᠠᠵᠢᠯᠯᠠᠭ᠋ᠠᠨ᠎ᠤ ᠳᠤᠮᠳᠠᠬᠢ ᠰᠢᠨ᠎ᠡ ᠪᠠᠶ᠋ᠢᠳᠠᠯ ᠰᠢᠨ᠎ᠡ ᠠᠰᠠᠭᠤᠳᠠᠯ᠎ᠳᠤ ᠴᠢᠭᠯᠡᠭᠦᠯᠦᠨ᠂ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠤᠳᠤᠯᠭ᠎ᠠ ᠲᠣᠭᠲᠠᠭ᠋ᠠᠵᠤ᠂ ᠡᠷᠡᠰ ᠰᠢᠭᠤᠷᠬᠠᠢ᠎ᠪᠠᠷ ᠠᠷᠭ᠎ᠠ ᠤᠬᠠᠭ᠋ᠠᠨ ᠭᠠᠷᠭ᠋ᠠᠵᠤ᠂ ᠠᠯᠢ ᠤᠯᠠᠨ ᠨᠡᠮᠡᠭᠳᠡᠯ᠎ᠤᠨ ᠲᠦᠷᠦ ᠵᠢᠨ ᠪᠤᠳᠤᠯᠭ᠎ᠠ ᠵᠢ ᠴᠠᠭ ᠲᠤᠬᠠᠢ᠎ᠳᠤ᠎ᠨᠢ ᠬᠡᠷᠡᠭᠵᠢᠭᠦᠯᠵᠦ᠂ ᠨᠢᠭᠡ ᠢᠵᠢ 《ᠬᠠᠮ ᠠᠷᠭ᠎ᠠ》 ᠭᠠᠷᠭ᠋ᠠᠵᠤ᠂ ᠠᠵᠤ ᠠᠬᠤᠢ ᠵᠢᠨ ᠲᠣᠭᠲᠠᠭᠤᠨ ᠵᠶ᠋ᠠᠷ ᠦᠭᠡᠳᠡᠯᠡᠨ ᠳᠠᠪᠰᠢᠬᠤ᠂ ᠪᠦᠲᠦᠴᠡ ᠵᠢᠨ ᠰᠢᠯᠢᠳᠡᠭᠵᠢᠬᠦ᠂ ᠬᠥᠭᠵᠢᠯᠲᠡ ᠵᠢᠨ ᠪᠠᠶ᠋ᠢᠳᠠᠯ᠎ᠤᠨ ᠦᠷᠭᠦᠯᠵᠢᠯᠡᠨ ᠰᠠᠶ᠋ᠢᠵᠢᠷᠠᠬᠤ ᠵᠢ ᠬᠦᠴᠦᠯᠡᠨ ᠠᠬᠢᠭᠤᠯᠪᠠ᠃
      ᠦᠷ᠎ᠡ ᠳ᠋ᠦᠩ᠎ᠨᠢ ᠢᠯᠡᠷᠬᠡᠢ ᠪᠤᠯᠵᠦ ᠪᠠᠶ᠋ᠢᠨ᠎ᠠ᠃ 9 ᠳ᠋ᠦ᠍ᠭᠡᠷ ᠰᠠᠷ᠎ᠠ᠎ᠠᠴᠠ ᠨᠠᠭ᠋ᠠᠰᠢ᠂ ᠠᠵᠤ ᠤᠶ᠋ᠢᠯᠡᠤᠨᠪᠦᠷᠢ᠂ ᠬᠡᠷᠡᠭᠯᠡᠭᠡ᠂ ᠪᠠᠯᠠ ᠤᠷᠤᠭᠤᠯᠤᠯᠲᠠ ᠪᠠ ᠰᠲ᠋ᠤᠺ᠎ᠤᠨ ᠵᠠᠬ᠎ᠠ ᠳᠡᠯᠭᠡᠭᠦᠷ᠂ ᠭᠡᠷ ᠪᠠᠶ᠋ᠢᠰᠢᠩ᠎ᠤᠨ ᠵᠠᠬ᠎ᠠ ᠳᠡᠯᠭᠡᠭᠦᠷ ᠵᠡᠷᠬᠡ ᠬᠦᠷᠢᠶᠠᠨ᠎ᠳᠠᠬᠢ ᠠᠵᠤ ᠠᠬᠤᠢ ᠵᠢᠨ ᠠᠵᠢᠯᠯᠠᠭ᠋ᠠᠨ᠎ᠤ ᠢᠲᠡᠪᠭᠢᠲᠠᠢ ᠬᠤᠪᠢᠷᠠᠯᠲᠠ ᠤᠯᠠᠮ᠎ᠠᠴᠠ ᠤᠯᠠᠮ ᠤᠯᠠᠨ ᠪᠤᠯᠵᠤ᠂ ᠵᠠᠬ᠎ᠠ ᠲᠡᠯᠭᠡᠭᠦᠷ᠎ᠤᠨ ᠢᠲᠡᠬᠡᠯ ᠵᠤᠷᠢᠭ ᠴᠢᠩᠭ᠋ᠠᠷᠠᠵᠤ᠂ ᠨᠡᠶ᠋ᠢᠬᠡᠮ᠎ᠤᠨ ᠵᠢᠱ᠌ᠢᠯᠲᠠ ᠰᠠᠶ᠋ᠢᠵᠢᠷᠠᠵᠤ᠂ ᠴᠦᠬᠡᠨ ᠪᠤᠰᠤ ᠠᠵᠤ ᠠᠬᠤᠢ ᠵᠢᠨ ᠭᠦᠢ᠍ᠴᠡᠳᠭᠡᠯ ᠲᠤᠭ᠋ᠠᠨ᠎ᠤ ᠨᠡᠮᠡᠭᠲᠡᠯ᠎ᠤᠨ ᠬᠤᠷᠲᠤᠴᠠ ᠲᠡᠬᠡᠭᠰᠢᠯᠡᠵᠡᠢ᠃
      ᠶᠡᠷᠦᠩᠬᠡᠢ᠎ᠳᠤ᠎ᠨᠢ ᠠᠪᠴᠤ ᠦᠵᠡᠪᠡᠯ᠂ ᠪᠢᠳᠡ ᠪᠠᠭᠤᠷᠠᠯᠲᠠ ᠵᠢᠨ ᠳᠠᠷᠤᠯᠲᠠ ᠵᠢ ᠲᠤᠯᠵᠤ᠂ ᠬᠦᠴᠢᠷ ᠪᠡᠷᠬᠡᠰᠢᠶᠡᠯ ᠥᠷᠢᠰᠥᠯᠳᠦᠭᠡᠨ᠎ᠢ ᠢᠯᠠᠨ ᠳᠠᠪᠠᠵᠤ᠂ ᠠᠵᠤ ᠠᠬᠤᠢ ᠵᠢᠨ ᠲᠣᠭᠲᠠᠭᠤᠨ ᠡᠷᠭᠢᠯᠲᠡ᠂ ᠪᠦᠲᠦᠴᠡ ᠵᠢ ᠲᠤᠬᠢᠷᠠᠭᠤᠯᠤᠨ ᠰᠢᠯᠢᠳᠡᠭᠵᠢᠭᠦᠯᠬᠦ᠂ ᠠᠷᠠᠳ᠎ᠤᠨ ᠠᠮᠢᠳᠤᠷᠠᠯ ᠦᠷᠭᠦᠯᠵᠢᠯᠡᠨ ᠰᠠᠶ᠋ᠢᠵᠢᠷᠠᠵᠤ ᠪᠠᠶ᠋ᠢᠭ᠎ᠠ ᠬᠥᠭᠵᠢᠯᠲᠡ ᠵᠢᠨ ᠪᠠᠶ᠋ᠢᠳᠠᠯ᠂ ᠠᠵᠤ ᠠᠬᠤᠢ ᠵᠢᠨ ᠠᠵᠢᠯᠯᠠᠭ᠋ᠠᠨ᠎ᠨᠢ ᠪᠠᠭᠤᠷᠠᠯᠲᠠ ᠵᠢᠨ ᠶᠠᠪᠤᠴᠠ᠎ᠳᠤ ᠪᠠᠶ᠋ᠢᠭᠰᠠᠨ᠎ᠠᠴᠠ᠎ᠪᠠᠨ ᠰᠠᠭᠤᠷᠢ ᠵᠢ᠎ᠨᠢ ᠪᠠᠬᠢᠵᠢᠭᠦᠯᠬᠦ ᠪᠣᠯᠵᠤ ᠳᠠᠬᠢᠨ ᠳᠡᠭᠡᠭᠰᠢᠯᠡᠬᠦ ᠬᠤᠪᠢᠷᠠᠯᠲᠠ ᠵᠢᠨ ᠪᠠᠶ᠋ᠢᠳᠠᠯ ᠲᠡᠶ᠋ᠢᠰᠢ ᠤᠯᠠᠷᠢᠵᠤ ᠬᠤᠪᠢᠷᠠᠭᠰᠠᠨ᠎ᠨᠢ ᠤᠯᠠᠮ᠎ᠠᠴᠠ ᠤᠯᠠᠮ ᠢᠯᠡᠷᠬᠡᠢ ᠪᠣᠯᠵᠤ ᠪᠠᠶ᠋ᠢᠨ᠎ᠠ᠃
      ᠦᠯᠡᠳᠡᠭᠡᠯ ᠲᠥᠷᠥ ᠵᠢᠨ ᠪᠣᠳᠣᠯᠭ᠎ᠠ ᠵᠢᠨ ᠦᠷᠭᠦᠯᠵᠢᠯᠡᠨ ᠦᠷ᠎ᠡ ᠨᠦᠯᠦᠭᠡ ᠭᠠᠷᠭ᠋ᠠᠬᠤ ᠵᠢ ᠳᠠᠭ᠋ᠠᠯᠳᠤᠨ᠂ ᠨᠡᠮᠡᠭᠳᠡᠯ᠎ᠤᠨ ᠲᠥᠷᠥ ᠵᠢᠨ ᠪᠣᠳᠣᠯᠭ᠎ᠠ ᠵᠢ ᠲᠦᠷᠭᠡᠳᠬᠡᠨ ᠨᠠᠶ᠋ᠢᠳᠠᠪᠤᠷᠢᠵᠢᠭᠤᠯᠵᠤ᠂ ᠲᠥᠷᠥ ᠵᠢᠨ ᠪᠣᠳᠣᠯᠭ᠎ᠠ ᠵᠢᠨ ᠨᠡᠶ᠋ᠢᠯᠡᠮᠡᠯ ᠦᠢ᠍ᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠢᠳᠡᠪᠬᠢ ᠬᠦᠴᠦᠨ ᠵᠦᠢ᠍ᠯ ᠪᠠ ᠠᠰᠢᠭᠲᠠᠢ ᠨᠥᠬᠦᠴᠡᠯ᠎ᠢ ᠲᠠᠰᠤᠷᠠᠯᠲᠠ ᠦᠭᠡᠢ ᠨᠡᠮᠡᠭᠳᠡᠭᠦᠯᠵᠦ᠂ ᠳᠥᠷᠪᠡᠳᠦᠭᠡᠷ ᠤᠯᠠᠷᠢᠯ᠎ᠤᠨ ᠠᠵᠤ ᠠᠬᠤᠢ ᠵᠢᠨ ᠠᠵᠢᠯᠯᠠᠭ᠋ᠠᠨ᠎ᠤ ᠶᠡᠭᠡ ᠲᠥᠯᠥᠪᠰᠢᠷᠡᠯ ᠰᠠᠶ᠋ᠢᠵᠢᠷᠠᠬᠤ ᠬᠠᠨᠳᠤᠰᠢ᠎ᠲᠠᠢ ᠪᠣᠯᠵᠤ᠂ ᠪᠥᠬᠦ ᠵᠢᠯ᠎ᠳᠤ ᠠᠵᠤ ᠠᠬᠤᠢ ᠵᠢᠨ ᠨᠡᠮᠡᠭᠳᠡᠯ᠎ᠤᠨ ᠵᠢᠱ᠌ᠢᠭᠰᠡᠨ ᠬᠠᠷᠠᠯᠲᠠ ᠵᠢ ᠪᠡᠶᠡᠯᠡᠭᠦᠯᠬᠦ ᠪᠣᠯᠣᠮᠵᠢᠲᠠᠢ ᠪᠠᠶ᠋ᠢᠨ᠎ᠠ᠃
      ᠲᠦᠷᠦᠭᠦᠬᠡᠨ᠂ ᠣᠯᠠᠨ ᠤᠯᠤᠰ᠎ᠤᠨ ᠵᠣᠭᠤᠰᠣᠨ᠎ᠤ ᠰᠠᠭᠤᠷᠢ ᠮᠥᠩᠭᠦᠨ᠎ᠤ ᠵᠣᠬᠢᠶᠠᠨ ᠪᠠᠶ᠋ᠢᠭᠤᠯᠤᠯᠲᠠ ᠵᠢᠨ ᠵᠢᠱ᠌ᠢᠯᠲᠡ᠎ᠪᠠᠷ᠂ ᠳᠡᠯᠡᠬᠡᠶ ᠵᠢᠨ ᠠᠵᠤ ᠠᠬᠤᠶ ᠵᠢᠨ ᠨᠡᠮᠡᠭᠳᠡᠯ ᠠᠯᠲᠠᠨ ᠲᠣᠭᠤᠰᠬ᠎ᠠ ᠤᠯᠤᠰ᠎ᠤᠳ᠎ᠲᠤ ᠨᠡᠩ ᠲᠦᠰᠢᠭᠯᠡᠨ᠎ᠡ᠃ ᠫᠸᠡᠭ ᠪᠦᠸᠧ ᠬᠤᠷᠢᠶ᠎ᠠ ᠵᠢᠨ ᠦᠵᠡᠬᠦ᠎ᠪᠠᠷ᠂ ᠳᠤᠮᠳᠠᠳᠤ ᠤᠯᠤᠰ ᠢᠷᠡᠭᠡᠳᠦᠢ ᠵᠢᠨ ᠲᠠᠪᠤᠨ ᠵᠢᠯ᠎ᠳᠤ ᠪᠦᠬᠦ ᠪᠥᠮᠪᠥᠷᠴᠡᠭ᠎ᠤᠨ ᠨᠡᠮᠡᠭᠳᠡᠯ᠎ᠳᠤ ᠬᠠᠮᠤᠭ᠎ᠤᠨ ᠶᠡᠭᠡ ᠬᠤᠪᠢ ᠨᠡᠮᠡᠷᠢ ᠦᠵᠡᠭᠦᠯᠬᠦ ᠤᠯᠤᠰ ᠪᠣᠯᠬᠤ ᠪᠣᠯᠤᠨ᠎ᠠ ᠭᠡᠵᠡᠢ᠃
      ᠣᠷᠭᠢᠯ᠎ᠳᠤᠷ ᠭᠠᠷᠬᠤᠶ᠎ᠠ ᠬᠦᠴᠢᠷ᠎ᠠᠴᠠ ᠪᠦᠦ ᠠᠶᠤ᠃ ᠡᠨᠡ ᠬᠦ᠌ ᠲᠠᠰᠢᠷᠠᠮ ᠵᠶ᠋ᠠᠷ᠂ ᠪᠢᠳᠡ ᠠᠵᠤ ᠠᠬᠤᠢ ᠵᠢᠨ ᠪᠠᠶ᠋ᠢᠳᠠᠯ᠎ᠳᠤ ᠪᠦᠬᠦ ᠲᠠᠯ᠎ᠠ᠎ᠪᠠᠷ ᠪᠤᠰᠤᠳᠴᠢ᠎ᠪᠠᠷ ᠯᠠᠪᠳᠠᠭᠤᠨ ᠲᠣᠭᠲᠠᠭᠤᠨ ᠵᠶ᠋ᠠᠷ ᠬᠠᠨᠳᠤᠵᠤ᠂ ᠪᠦᠬᠦ ᠲᠠᠯ᠎ᠠ ᠵᠢ ᠠᠵᠢᠭᠯᠠᠨ᠂ ᠶᠡᠭᠡ ᠬᠠᠨᠳᠤᠰᠢ ᠵᠢ ᠡᠵᠡᠮᠳᠡᠵᠦ᠂ ᠭᠤᠣᠯᠳᠠᠯᠭ᠎ᠠ ᠵᠢ ᠠᠳᠬᠤᠨ᠂ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠠᠰᠠᠭᠤᠳᠠᠯ ᠪᠣᠯᠤᠨ ᠥᠷᠢᠰᠥᠯᠳᠦᠭᠡᠨ᠎ᠢ ᠪᠦᠲᠦᠮᠵᠢᠲᠡᠢ ᠠᠷᠭ᠋ᠠᠴᠠᠭ᠋ᠠᠵᠤ᠂ ᠪᠦᠬᠦ ᠬᠦᠴᠦᠨ ᠵᠶ᠋ᠠᠷ ᠵᠶ᠋ᠠᠨ ᠠᠵᠤ ᠠᠬᠤᠢ ᠵᠢ ᠬᠥᠭᠵᠢᠭᠦᠯᠬᠦ ᠬᠡᠷᠡᠭᠲᠡᠢ ᠭᠡᠵᠡᠢ᠃
  




   

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠮᠣᠩᠭᠤᠯ ᠰᠦᠯᠵᠢᠶ᠎ᠡ