ᠰᠣᠨᠢᠨ ᠮᠡᠳᠡᠭᠡ   -   ᠰᠤᠷᠪᠤᠯᠵᠢᠯᠠᠭ᠎ᠠ

ᠣᠳᠣᠬᠠᠨ᠎ᠤ ᠮᠠᠨ᠎ᠤ ᠤᠯᠤᠰ᠎ᠤᠨ ᠠᠵᠤ ᠠᠬᠤᠢ ᠵᠢᠨ ᠪᠠᠶ᠋ᠢᠳᠠᠯ᠎ᠢ ᠬᠡᠷᠬᠢᠨ ᠦᠵᠡᠬᠦ ᠪᠤᠢ? ᠠᠷᠠᠳ᠎ᠤᠨ ᠡᠳᠦᠷ᠎ᠤᠨ ᠰᠣᠨᠢᠨ᠎ᠤ ᠡᠨᠡ ᠵᠣᠬᠢᠶᠠᠯ᠎ᠳᠤ ᠲᠣᠳᠣᠷᠬᠠᠢ ᠶᠠᠷᠢᠵᠠᠢ (ᠬᠤᠶᠠᠷ)

ᠨᠡᠶ᠋ᠢᠲᠡᠯᠡᠭᠰᠡᠨ ᠴᠠᠭ᠄   2024-11-21

     (ᠬᠤᠶᠠᠷ)
      ᠰᠢᠨ᠎ᠡ ᠪᠠᠶ᠋ᠢᠳᠠᠯ᠎ᠢ ᠠᠷᠭ᠋ᠠᠴᠠᠭ᠋ᠠᠬᠤ᠎ᠳᠤ᠂ ᠪᠣᠳᠠᠲᠠᠢ ᠠᠰᠠᠭᠤᠳᠠᠯ᠎ᠢ ᠪᠣᠳᠠᠲᠠᠢ᠎ᠪᠠᠷ ᠵᠠᠳᠠᠯᠬᠤ ᠵᠢ ᠪᠠᠷᠢᠮᠲᠠᠯᠠᠬᠤ ᠬᠡᠷᠡᠭᠲᠡᠢ
      ᠬᠡᠪ᠎ᠤᠨ ᠬᠡᠯᠪᠡᠯᠵᠡᠯ᠎ᠳᠤ ᠬᠠᠨᠲᠤᠬᠤ᠎ᠳᠤ᠎ᠪᠠᠨ᠂ ᠡᠩ᠎ᠤᠨ ᠰᠡᠳᠭᠢᠯᠭᠡ ᠢᠯᠡᠭᠦᠬᠡᠨ ᠪᠠᠶ᠋ᠢᠬᠤ᠎ᠳᠤ᠎ᠪᠠᠨ ᠲᠠᠭ᠋ᠠᠷᠠᠨ᠎ᠠ᠃ ᠨᠡᠮᠡᠭᠳᠡᠯ᠎ᠤᠨ ᠬᠤᠷᠳᠤᠴᠠ᠎ᠠᠴᠠ ᠦᠵᠡᠪᠡᠯ᠂ ᠭᠤᠷᠪᠠᠨ ᠤᠯᠠᠷᠢᠯ᠎ᠤᠨ ᠠᠵᠤ ᠠᠬᠤᠶ ᠵᠢᠨ ᠨᠡᠮᠡᠭᠳᠡᠯ᠎ᠤᠨ ᠬᠤᠷᠳᠤᠴᠠ ᠬᠡᠳᠦ᠋ᠢ᠍ᠪᠡᠷ ᠬᠡᠯᠪᠡᠯᠵᠡᠯ᠎ᠲᠠᠢ ᠪᠠᠶ᠋ᠢᠭᠰᠠᠨ ᠴᠤ᠌ ᠬᠡᠯᠪᠡᠯᠵᠡᠯ᠎ᠤᠨ ᠬᠡᠮᠵᠢᠶ᠎ᠡ᠎ᠨᠢ ᠶᠡᠭᠡ ᠪᠢᠰᠢ ᠪᠠᠶ᠋ᠢᠵᠤ᠂ ᠮᠥᠨ ᠯᠡ 《5% ᠣᠷᠴᠢᠮ》᠎ᠤᠨ ᠵᠢᠱ᠌ᠢᠭᠰᠡᠨ ᠬᠠᠷᠠᠯᠲᠠ ᠵᠢᠨ ᠣᠷᠴᠢᠮ ᠪᠠᠶ᠋ᠢᠪᠠ᠃ ᠨᠡᠮᠡᠭᠲᠡᠯ᠎ᠤᠨ ᠬᠡᠮᠵᠢᠶ᠎ᠡ᠎ᠠᠴᠠ ᠦᠵᠡᠪᠡᠯ᠂ ᠨᠡᠮᠡᠭᠲᠡᠯ᠎ᠤᠨ ᠬᠤᠷᠲᠤᠴᠠ ᠠᠲᠠᠯᠢ ᠬᠤᠭᠤᠴᠠᠭ᠋ᠠᠨ᠎ᠤ᠎ᠬᠢ᠎ᠠᠴᠠ ᠬᠡᠲᠦ᠋ᠢ᠍ᠪᠡᠷ ᠪᠠᠭ᠋ᠠᠰᠤᠭᠰᠠᠨ ᠪᠤᠯᠪᠠᠴᠦ ᠭᠤᠷᠪᠠᠲᠤᠭ᠋ᠠᠷ ᠤᠯᠠᠷᠢᠯ᠎ᠤᠨ ᠠᠵᠤ ᠠᠬᠤᠢ ᠵᠢᠨ ᠶᠡᠷᠦᠩᠭᠡᠢ ᠬᠡᠮᠵᠢᠶ᠎ᠠ᠎ᠨᠢ ᠮᠦᠨ ᠯᠡ ᠨᠢᠲᠤᠨᠤᠨ᠎ᠤ ᠠᠲᠠᠯᠢ ᠬᠤᠭᠤᠴᠠᠭ᠋ᠠᠨ᠎ᠤ᠎ᠬᠢ᠎ᠠᠴᠠ 12934 ᠳ᠋ᠦᠩᠰᠢᠭᠤᠷ ᠳᠦᠭᠦᠷᠢᠭ ᠦᠨᠲᠦᠷ ᠪᠠᠶ᠋ᠢᠪᠠ᠃
      ᠪᠦᠲᠦᠴᠡ ᠵᠢᠨ ᠲᠣᠬᠢᠷᠠᠭᠤᠯᠤᠯᠲᠠ ᠵᠢ ᠠᠬᠢᠭᠤᠯᠬᠤ᠎ᠳᠤ᠂ ᠤᠷᠤᠭᠰᠢ ᠠᠬᠢᠬᠤ ᠵᠣᠷᠢᠭ ᠢᠯᠡᠭᠦᠬᠡᠨ᠎ᠳᠤ᠎ᠪᠠᠨ ᠲᠠᠭ᠋ᠠᠷᠠᠨ᠎ᠠ᠃ ᠡᠨᠡ ᠵᠢᠯ᠎ᠤᠨ ᠲᠦᠷᠦᠭᠦᠦ ᠭᠤᠷᠪᠠᠨ ᠤᠯᠠᠷᠢᠯ᠎ᠳᠤ᠂ ᠦᠢ᠍ᠯᠡᠴᠢᠯᠡᠭᠡᠨ᠎ᠤ ᠦᠢ᠍ᠯᠡᠰ᠎ᠤᠨ GDP᠎ᠳᠠᠬᠢ ᠡᠵᠡᠯᠡᠬᠦ ᠬᠤᠪᠢ ᠵᠢᠨ ᠵᠢᠩ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 0.3 ᠵᠠᠭᠤᠨ᠎ᠤ ᠴᠡᠭ ᠳᠡᠭᠡᠭᠰᠢᠯᠡᠵᠦ᠂ ᠠᠵᠤ ᠠᠬᠤᠢ ᠵᠢᠨ ᠨᠡᠮᠡᠭᠳᠡᠯ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠤᠷᠮ᠎ᠠ 53.9%᠎ᠳᠤ ᠬᠦᠷᠪᠡ; ᠳᠡᠭᠡᠳᠦ ᠮᠡᠷᠭᠡᠵᠢᠯ᠎ᠤᠨ ᠠᠵᠤ ᠦᠢ᠍ᠯᠡᠰ᠎ᠤᠨ ᠪᠡᠯᠡ ᠣᠷᠣᠭᠤᠯᠤᠯᠲᠠ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ 10.0%᠎ᠪᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠪᠦᠬᠦ ᠪᠡᠯᠡ ᠣᠷᠣᠭᠤᠯᠤᠯᠲᠠ᠎ᠠᠴᠠ 6.6 ᠵᠠᠭᠤᠨ᠎ᠤ ᠴᠡᠭ ᠥᠨᠳᠥᠷᠵᠢᠵᠦ᠂ 7 ᠰᠠᠷ᠎ᠠ ᠳᠠᠷᠠᠭ᠋ᠠᠯᠠᠨ ᠬᠤᠶᠠᠷ ᠣᠷᠣᠨᠲᠤ ᠲᠣᠭ᠋ᠠᠨ᠎ᠤ ᠨᠡᠮᠡᠭᠳᠡᠯ ᠵᠶ᠋ᠠᠨ ᠪᠠᠲᠤᠯᠠᠵᠤ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠤ ᠲᠦᠷᠭᠡᠨ ᠪᠦᠷᠢᠯᠳᠦᠬᠦ ᠪᠠ ᠠᠵᠤ ᠠᠬᠤᠢ ᠵᠢᠨ ᠪᠦᠲᠦᠴᠡ ᠵᠢᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠭᠦᠯᠬᠦ ᠵᠢ ᠲᠦᠷᠭᠡᠳᠬᠡᠬᠦ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠪᠠ᠃
      ᠬᠡᠯᠪᠡᠷᠢ᠎ᠪᠠᠨ ᠬᠤᠪᠢᠷᠠᠭᠤᠯᠤᠨ ᠡᠪᠡᠷᠰᠢᠶᠡᠯ᠎ᠢ ᠠᠷᠢᠯᠭ᠋ᠠᠬᠤ᠎ᠳᠤ᠎ᠪᠠᠨ᠂ ᠢᠲᠡᠭᠡᠯ ᠬᠦᠰᠡᠯ ᠢᠯᠡᠭᠦᠬᠡᠨ ᠪᠠᠶ᠋ᠢᠬᠤ᠎ᠳᠤ᠎ᠪᠠᠨ ᠲᠠᠭ᠋ᠠᠷᠠᠨ᠎ᠠ᠃ ᠲᠦᠷᠦᠭᠦᠤ ᠭᠤᠷᠪᠠᠨ ᠤᠯᠠᠷᠢᠯ᠎ᠳᠤ᠂ ᠪᠡᠯᠡᠳᠬᠡᠮᠵᠢ ᠪᠠᠭ᠋ᠠᠵᠢ ᠬᠡᠷᠡᠭᠰᠡᠯ ᠬᠤᠳᠠᠯᠳᠤᠨ ᠠᠪᠬᠤ᠎ᠳᠤ ᠵᠠᠷᠤᠴᠠᠭᠤᠯᠤᠭᠰᠠᠨ ᠪᠠᠯᠠ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ᠎ᠨᠢ ᠪᠥᠬᠦ ᠪᠠᠯᠠ ᠣᠷᠣᠭᠤᠯᠤᠯᠲᠠ᠎ᠠᠴᠠ 13 ᠵᠠᠭᠤᠨ᠎ᠤ ᠴᠡᠭ ᠵᠶ᠋ᠠᠷ ᠥᠨᠳᠥᠷᠵᠢᠵᠦ᠂ ᠦᠢ᠍ᠯᠡᠳᠬᠦ ᠦᠢ᠍ᠯᠡᠰ᠎ᠤᠨ ᠮᠡᠷᠭᠡᠵᠢᠯ᠎ᠤᠨ ᠰᠢᠨᠡᠴᠢᠯᠡᠯᠲᠡ ᠵᠢᠨ ᠪᠠᠯᠠ ᠣᠷᠣᠭᠤᠯᠤᠯᠲᠠ 9. 5%᠎ᠪᠠᠷ ᠨᠡᠮᠡᠭᠳᠡᠪᠡ; ᠬᠤᠷᠠᠮᠠᠯ ᠴᠠᠬᠢᠯᠭ᠋ᠠᠨ ᠬᠡᠯᠬᠢᠶ᠎ᠡ ᠵᠢ ᠦᠢ᠍ᠯᠡᠳᠪᠦᠷᠢᠯᠡᠭᠰᠡᠨ ᠪᠠ ᠭᠠᠳᠠᠭ᠋ᠠᠳᠤ᠎ᠳᠤ ᠭᠠᠷᠭ᠋ᠠᠭᠰᠠᠨ ᠬᠡᠮᠵᠢᠶ᠎ᠡ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 26%᠂ 22% ᠵᠶ᠋ᠠᠷ ᠨᠡᠮᠡᠭᠳᠡᠪᠡ; ᠰᠢᠨ᠎ᠡ ᠡᠨᠧᠷᠭᠢ ᠵᠢᠨ ᠮᠠᠰᠢᠨ ᠲᠡᠷᠭᠡ ᠵᠢ ᠦᠢ᠍ᠯᠡᠳᠪᠦᠷᠢᠯᠡᠭᠰᠡᠨ ᠪᠠ ᠭᠠᠳᠠᠭ᠋ᠠᠳᠤ᠎ᠳᠤ ᠭᠠᠷᠭ᠋ᠠᠭᠰᠠᠨ ᠬᠡᠮᠵᠢᠶ᠎ᠡ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 31.7%᠂ 12.5%᠎ᠪᠠᠷ ᠨᠡᠮᠡᠭᠳᠡᠪᠡ ᠁ ᠡᠨᠡ᠎ᠨᠢ ᠰᠢᠨ᠎ᠡ ᠬᠠᠭᠤᠴᠢᠨ ᠬᠥᠳᠡᠯᠭᠡᠬᠦ ᠡᠨᠧᠷᠭᠢ ᠵᠢᠨ ᠲᠦᠷᠭᠡᠨ ᠰᠣᠯᠢᠭᠳᠠᠯ᠎ᠤᠨ ᠬᠦᠴᠦᠲᠡᠢ ᠢᠯᠡᠷᠡᠯ ᠪᠠᠶ᠋ᠢᠵᠤ᠂ ᠪᠢᠳᠡᠨ᠎ᠢ ᠨᠡᠩ ᠲᠣᠭᠲᠠᠯ ᠬᠦᠴᠦᠨ᠎ᠲᠠᠢ ᠪᠣᠯᠭ᠋ᠠᠪᠠ᠃
      ᠪᠦᠬᠦ ᠲᠠᠯ᠎ᠠ᠎ᠠᠴᠠ ᠦᠵᠡᠬᠦ᠎ᠳᠤ᠂ ᠰᠠᠶ᠋ᠢᠨᠲᠠᠢ ᠪᠠ ᠰᠠᠭ᠋ᠠᠷ᠎ᠲᠠᠢ ᠭᠡᠬᠦ ᠬᠤᠶᠠᠷ ᠲᠠᠯ᠎ᠠ᠎ᠲᠠᠢ; ᠬᠤᠶᠠᠷ ᠲᠠᠯ᠎ᠠ᠎ᠠᠴᠠ ᠠᠵᠢᠬᠤ᠎ᠨᠢ᠂ ᠦᠨᠡᠨ᠎ᠳᠤ᠎ᠪᠠᠨ ᠪᠦᠬᠦ ᠲᠠᠯ᠎ᠠ ᠵᠢ ᠬᠠᠮᠤᠷᠤᠭᠰᠠᠨ ᠪᠠᠶ᠋ᠢᠳᠠᠭ᠃
      ᠮᠠᠨ᠎ᠤ ᠤᠯᠤᠰ᠎ᠤᠨ ᠠᠵᠤ ᠠᠬᠤᠶ ᠵᠢᠨ ᠬᠥᠭᠵᠢᠯᠲᠡ᠎ᠨᠢ ᠰᠠᠭᠤᠷᠢ᠎ᠪᠠᠷ ᠰᠠᠶ᠋ᠢᠨ᠂ ᠤᠶᠠᠨ ᠬᠠᠳᠠᠨ ᠴᠢᠨᠠᠷ ᠵᠶ᠋ᠠᠷ ᠴᠢᠩᠭ᠎ᠠ᠂ ᠨᠢᠭᠤᠭᠳᠠᠮᠠᠯ ᠬᠦᠴᠦᠨ ᠵᠶ᠋ᠠᠷ ᠶᠡᠭᠡ ᠵᠡᠷᠭᠡ ᠠᠰᠢᠭᠲᠠᠶ ᠨᠥᠬᠦᠴᠡᠯ ᠬᠤᠪᠢᠷᠬᠠᠰᠠᠨ ᠦᠭᠡᠶ ᠪᠠᠶ᠋ᠢᠵᠤ᠂ ᠮᠠᠨ᠎ᠤ ᠤᠯᠤᠰ ᠬᠡᠳᠦ ᠶᠡᠭᠡ ᠬᠡᠪᠴᠢᠶᠡᠵᠢᠯ᠎ᠲᠠᠢ ᠵᠠᠬ᠎ᠠ ᠳᠡᠯᠭᠡᠭᠦᠷ᠎ᠲᠠᠢ ᠪᠠᠶ᠋ᠢᠵᠤ᠂ ᠠᠵᠤ ᠦᠢ᠍ᠯᠡᠰ᠎ᠤᠨ ᠲᠣᠭᠲᠠᠯᠴᠠᠭ᠎ᠠ᠎ᠨᠢ ᠪᠦᠷᠢᠨ ᠪᠦᠲᠦᠨ᠂ ᠳᠦᠬᠦᠷᠵᠢᠭᠰᠡᠨ ᠴᠢᠳᠠᠪᠤᠷᠢ᠎ᠪᠠᠷ ᠴᠢᠩᠭ᠎ᠠ᠂ ᠨᠡᠮᠡᠭᠳᠡᠯ᠎ᠤᠨ ᠣᠷᠣᠨ ᠵᠠᠶ ᠶᠡᠭᠡ ᠵᠡᠷᠭᠡ ᠳᠠᠪᠠᠭᠤᠯᠢᠭ ᠮᠥᠨ ᠬᠦ᠌ ᠣᠷᠣᠰᠢᠭᠰᠠᠭ᠋ᠠᠷ ᠪᠠᠶ᠋ᠢᠨ᠎ᠠ᠃
      ᠡᠭᠦᠨ᠎ᠤ ᠬᠠᠮᠲᠤ᠂ ᠮᠠᠨ᠎ᠤ ᠤᠯᠤᠰ᠎ᠤᠨ ᠠᠵᠤ ᠠᠬᠤᠢ ᠶᠠᠭ ᠪᠦᠲᠦᠴᠡ᠎ᠪᠠᠨ ᠳᠣᠬᠢᠷᠠᠭᠤᠯᠬᠤ᠂ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠭᠦᠯᠬᠦ ᠵᠠᠩᠭᠢᠯᠠᠭ᠎ᠠ ᠵᠢᠨ ᠬᠤᠭᠤᠴᠠᠭ᠋ᠠᠨ᠎ᠳᠤ ᠣᠷᠤᠰᠢᠵᠤ᠂ ᠬᠥᠭᠵᠢᠯᠲᠡ ᠵᠢᠨ ᠠᠷᠭ᠎ᠠ ᠮᠠᠶᠢᠭ ᠵᠶ᠋ᠠᠨ ᠬᠤᠪᠢᠷᠠᠭᠤᠯᠬᠤ᠎ᠠᠴᠠ ᠠᠪᠤᠭ᠋ᠠᠳ ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠬᠦ᠂ ᠬᠥᠭᠵᠢᠯᠲᠡ ᠵᠢᠨ ᠶᠠᠰᠤ ᠴᠢᠨᠠᠷ᠎ᠤᠨ ᠬᠤᠪᠢᠰᠤᠯᠲᠠ᠂ ᠬᠥᠭᠵᠢᠯᠲᠡ ᠵᠢᠨ ᠬᠥᠳᠡᠯᠭᠡᠬᠦ ᠡᠨᠧᠷᠭᠢ ᠵᠢᠨ ᠰᠣᠯᠢᠭᠳᠠᠯ ᠬᠦᠷᠲᠡᠯ᠎ᠡ ᠦᠶᠡᠯᠡᠯ᠎ᠤᠨ ᠴᠢᠨᠠᠷᠲᠠᠢ ᠪᠦᠲᠦᠴᠡ ᠵᠢᠨ ᠴᠢᠨᠠᠷᠲᠠᠢ ᠵᠥᠷᠢᠴᠡᠯ ᠬᠠᠷᠢᠯᠴᠠᠨ ᠰᠣᠯᠪᠢᠴᠠᠵᠤ᠂ ᠬᠡᠯᠪᠡᠷᠢ ᠵᠢᠨ ᠬᠤᠪᠢᠷᠠᠭᠤᠯᠤᠯᠲᠠ ᠵᠢᠨ ᠡᠪᠡᠷᠰᠢᠶᠡᠯ᠎ᠠᠴᠠ ᠳᠠᠯᠳᠠᠯᠠᠵᠤ ᠴᠤ᠌ ᠴᠢᠳᠠᠬᠤ ᠦᠭᠡᠢ ᠲᠤᠭᠤᠷᠢᠨ ᠭᠠᠷᠴᠤ ᠴᠤ᠌ ᠴᠢᠳᠠᠬᠤ ᠦᠭᠡᠢ ᠪᠣᠯᠪᠠ᠃
      ᠤᠯᠠᠮ ᠬᠦᠴᠢᠷᠳᠡᠯ᠎ᠲᠠᠢ ᠴᠠᠭ ᠦᠶ᠎ᠡ᠎ᠳᠤ ᠬᠦᠴᠢᠷ ᠪᠡᠷᠭᠡᠰᠢᠶᠠᠯ᠎ᠢ ᠢᠯᠡᠨ ᠲᠠᠪᠠᠵᠤ᠂ ᠭᠡᠷᠡᠯ ᠭᠢᠯᠪᠠᠭ᠎ᠠ᠎ᠪᠠᠨ ᠳᠠᠬᠢᠨᠲᠠ ᠰᠠᠴᠤᠷᠠᠭᠤᠯᠬᠤ ᠡᠷᠡᠰ ᠵᠤᠷᠢᠭ ᠪᠠ ᠢᠳᠡᠭᠡᠯ ᠵᠤᠷᠢᠭ ᠵᠶ᠋ᠠᠨ ᠤᠯᠠᠮ ᠪᠠᠳᠤᠳᠬᠠᠵᠤ᠂ ᠡᠷᠭᠡᠪᠰᠢ ᠴᠢᠨᠠᠷ ᠰᠠᠶ᠋ᠢᠳᠠᠢ ᠬᠦᠭᠵᠢᠯᠳᠠ ᠵᠢᠨ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠵᠤ᠂ ᠶᠠᠭ᠋ᠠᠬᠢᠬᠰᠠᠨ ᠴᠤ᠌ ᠬᠦᠴᠢᠷ ᠪᠡᠷᠭᠡᠰᠢᠶᠠᠯ ᠪᠠ ᠦᠷᠢᠰᠦᠯᠳᠤᠭᠡᠨ᠎ᠠᠴᠠ ᠪᠤᠯᠵᠤ ᠬᠠᠭ᠋ᠠᠰ ᠲᠤᠲᠠᠭᠤ ᠣᠷᠬᠢᠨ ᠤᠬᠤᠷᠢᠵᠤ᠂ ᠵᠠᠩᠰᠢᠯᠳᠤ ᠴᠢᠨᠠᠷᠳᠠᠢ᠎ᠪᠠᠷ ᠪᠦᠳᠤᠬᠦᠯᠢᠭ ᠮᠠᠶᠢᠭ ᠲᠡᠶ᠋ᠢᠰᠢ ᠥᠷᠭᠡᠳᠭᠡᠬᠦ᠂ ᠲᠤᠤᠷ᠎ᠡ ᠦᠷ᠎ᠠ ᠠᠰᠢᠭᠲᠤ ᠬᠦᠭᠵᠢᠯᠳᠠ ᠵᠢ ᠬᠦᠬᠡᠬᠡᠴᠡᠯᠳᠤᠬᠦ ᠬᠠᠭᠤᠴᠢᠨ ᠵᠠᠮ᠎ᠳᠤ᠎ᠪᠠᠨ ᠪᠤᠴᠠᠵᠤ ᠪᠤᠯᠬᠤ ᠦᠭᠡᠢ᠃
      ᠦᠨᠳᠦᠰᠦᠨ᠎ᠠᠴᠠ᠎ᠨᠢ ᠠᠪᠴᠤ ᠬᠡᠯᠡᠪᠡᠯ᠂ ᠮᠠᠨ᠎ᠤ ᠤᠯᠤᠰ᠎ᠤᠨ ᠠᠵᠤ ᠠᠬᠤᠢ ᠵᠢᠨ ᠬᠥᠭᠵᠢᠯᠲᠡ ᠵᠢ ᠬᠢᠵᠠᠭ᠋ᠠᠷᠯᠠᠵᠤ ᠪᠠᠶ᠋ᠢᠭ᠎ᠠ 《ᠪᠣᠭᠤᠮᠢ》 ᠵᠢ ᠡᠪᠳᠡᠬᠦ ᠵᠢᠨ ᠵᠠᠩᠭᠢᠯᠠᠭ᠎ᠠ᠎ᠨᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠪᠣᠢ᠃
      ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠵᠠᠩᠭᠢᠯᠠᠭ᠎ᠠ᠎ᠨᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠳᠣᠬᠢᠴᠢᠯᠠᠯᠲᠠ᠎ᠳᠤ ᠪᠠᠶ᠋ᠢᠵᠤ᠂ ᠴᠢᠨᠠᠷ ᠰᠠᠶ᠋ᠢᠲᠠᠶ ᠬᠥᠭᠵᠢᠯᠲᠡ ᠵᠢ ᠪᠡᠶᠡᠯᠡᠭᠦᠯᠬᠦ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠲᠦᠰᠢᠭᠯᠡᠨ ᠰᠢᠨ᠎ᠡ ᠬᠥᠳᠡᠯᠭᠡᠬᠦ ᠡᠨᠧᠷᠭᠢ ᠵᠢ ᠪᠤᠶ᠋ᠢᠵᠢᠭᠤᠯᠬᠤ ᠬᠡᠷᠡᠭᠲᠡᠶ᠃
      ᠡᠮᠦᠨᠡᠬᠡᠨ ᠨᠡᠶ᠋ᠢᠲᠡᠯᠡᠭᠰᠡᠨ 《2024 ᠣᠨ᠎ᠤ ᠪᠥᠬᠦ ᠪᠥᠮᠪᠥᠷᠴᠡᠭ᠎ᠤᠨ ᠰᠢᠨ᠎ᠡ ᠵᠢ ᠡᠭᠦᠳᠬᠦ ᠵᠢᠭ᠋ᠠᠯᠲᠠ ᠲᠤᠭ᠎ᠠ ᠵᠢᠨ ᠮᠡᠳᠡᠭᠦᠯᠦᠯᠲᠡ》᠎ᠳᠤ ᠳᠤᠮᠳᠠᠳᠤ ᠤᠯᠤᠰ ᠪᠣᠯ 10 ᠵᠢᠯ᠎ᠤᠨ ᠲᠤᠷᠰᠢ ᠰᠢᠨ᠎ᠡ ᠵᠢ ᠡᠭᠦᠳᠬᠦ ᠬᠦᠴᠦᠨ ᠵᠶ᠋ᠠᠷ ᠬᠠᠮᠤᠭ᠎ᠤᠨ ᠲᠦᠷᠭᠡᠨ ᠳᠡᠭᠡᠭᠰᠢᠯᠡᠭᠰᠡᠨ ᠠᠵᠤ ᠠᠬᠤᠶ ᠵᠢᠨ ᠴᠣᠭᠴᠠ ᠵᠢᠨ ᠨᠢᠭᠡ ᠪᠠᠶ᠋ᠢᠵᠤ᠂ ᠰᠢᠨ᠎ᠡ ᠵᠢ ᠡᠭᠦᠳᠬᠦ ᠬᠥᠭᠵᠢᠯᠲᠡ᠎ᠨᠢ ᠶᠠᠭ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠥᠷᠭᠡᠨ ᠠᠭᠤᠳᠠᠮ ᠢᠷᠡᠭᠡᠳᠦᠶ ᠵᠢ ᠢᠯᠡᠷᠡᠭᠦᠯᠵᠦ ᠪᠠᠶ᠋ᠢᠨ᠎ᠠ ᠭᠡᠵᠡᠶ᠃
      ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠭᠵᠢᠯᠲᠡ ᠶᠠᠭ ᠪᠦᠷᠢᠮᠦᠰᠦᠨ ᠰᠠᠶ᠋ᠢᠨ ᠬᠦᠴᠦᠷᠬᠡᠭᠵᠢᠭᠡ ᠦᠭᠡᠶ᠂ ᠤᠷᠤᠭᠰᠢᠯᠠᠬᠤ ᠦᠭᠡᠶ ᠪᠣᠯ ᠤᠬᠤᠷᠢᠬᠤ ᠵᠠᠩᠭᠢᠯᠠᠭ᠎ᠠ ᠵᠢᠨ ᠱᠠᠲᠤᠨ᠎ᠳᠤ ᠣᠷᠣᠰᠢᠵᠤ᠂ ᠵᠠᠷᠢᠮ ᠵᠠᠩᠭᠢᠯᠠᠭ᠎ᠠ ᠵᠢᠨ ᠭᠤᠤᠯᠯᠠᠬᠤ ᠮᠡᠷᠭᠡᠵᠢᠯ᠎ᠨᠢ ᠪᠤᠰᠤᠳ ᠬᠥᠮᠦᠨ᠎ᠳᠤ ᠬᠢᠵᠠᠭ᠋ᠠᠷᠯᠠᠭᠳᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠷᠦ᠋ᠢ᠍ᠯᠠᠭᠰᠠᠨ ᠴᠢᠳᠠᠪᠤᠷᠢᠲᠠᠨ ᠬᠦᠷᠦᠯᠴᠡᠬᠦ ᠦᠭᠡᠶ ᠪᠠᠶ᠋ᠢᠨ᠎ᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠮᠣ ᠤᠯᠤᠰ᠎ᠠᠴᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠷᠬᠡᠭ ᠤᠯᠤᠰ ᠲᠡᠶ᠋ᠢᠰᠢ ᠤᠷᠤᠭᠰᠢᠯᠠᠬᠤ᠎ᠳᠤ ᠡᠯ᠎ᠡ ᠵᠦᠢ᠍ᠯ᠎ᠤᠨ ᠬᠠᠷᠰᠢᠯᠠᠯ᠎ᠳᠤ ᠤᠴᠠᠷᠠᠬᠤ᠎ᠨᠢ ᠵᠠᠶ᠋ᠢᠯᠠᠰᠢ ᠦᠭᠡᠢ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠨᠢᠭᠡ ᠯᠡ ᠳᠡᠭᠡᠷ᠎ᠡ ᠠᠮᠵᠢᠯᠲᠠ᠎ᠳᠤ ᠬᠦᠷᠴᠦ ᠴᠢᠳᠠᠬᠤ ᠦᠭᠡᠢ᠂ ᠬᠥᠭᠵᠢᠯᠲᠡ ᠵᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ᠎ᠢ ᠪᠤᠢ ᠪᠣᠯᠭ᠋ᠠᠬᠤ᠎ᠳᠤ ᠤᠷᠲᠤ ᠬᠤᠭᠤᠴᠠᠭ᠋ᠠᠨ᠎ᠤ ᠪᠠᠷᠢᠮᠲᠠᠯᠠᠯ᠎ᠤᠨ ᠶᠠᠪᠤᠴᠠ ᠪᠠᠶ᠋ᠢᠬᠤ ᠬᠡᠷᠡᠭᠲᠡᠢ᠃
      ᠶᠡᠷᠦᠩᠬᠡᠢ ᠱᠦᠵᠢ ᠰᠢ ᠵᠢᠨ ᠫᠢᠩ᠂ 《ᠡᠷᠬᠡᠪᠰᠢ ᠪᠠᠴᠢᠮ ᠲᠤᠯᠭ᠋ᠠᠮ ᠰᠡᠳᠬᠢᠯᠭᠡ᠎ᠪᠠᠨ ᠤᠯᠠᠮ ᠴᠢᠨᠠᠭᠰᠢᠳᠠ ᠴᠢᠩᠭ᠋ᠠᠳᠬᠠᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠡᠷᠴᠢᠮ ᠵᠶ᠋ᠠᠨ ᠤᠯᠠᠮ ᠴᠢᠨᠠᠭᠰᠢᠳᠠ ᠴᠢᠩᠭ᠋ᠠᠷᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠥᠷᠢᠰᠥᠯᠳᠦᠭᠡᠨ ᠪᠠ ᠢᠷᠡᠭᠡᠳᠦᠢ ᠵᠢᠨ ᠬᠥᠭᠵᠢᠯᠲᠡ ᠵᠢᠨ ᠠᠰᠢᠭᠲᠠᠢ ᠪᠠᠶ᠋ᠢᠷᠢ ᠵᠢ ᠵᠠᠪᠳᠤᠨ ᠡᠵᠡᠯᠡᠬᠦ ᠬᠡᠷᠡᠭᠲᠡᠢ》 ᠭᠡᠵᠦ ᠴᠢᠬᠤᠯᠠᠴᠢᠯᠠᠪᠠ᠂ ᠡᠷᠳᠡᠮ ᠰᠢᠨᠵᠢᠯᠡᠭᠡᠨ᠎ᠤ ᠠᠵᠢᠯᠲᠠᠳ᠎ᠢ 《〈ᠬᠥᠮᠦᠨ᠎ᠤ ᠠᠮᠢᠳᠤᠷᠠᠯ᠎ᠳᠤ ᠲᠡᠮᠡᠴᠡᠬᠦ ᠠᠵᠠ ᠳᠣᠬᠢᠶᠠᠯ ᠬᠡᠳᠦ ᠯᠡ ᠤᠳᠠᠭ᠎ᠠ ᠪᠠᠶ᠋ᠢᠬᠤ ᠪᠣᠢ〉 ᠭᠡᠬᠦ ᠡᠷᠴᠢ ᠵᠣᠷᠢᠭ ᠵᠶ᠋ᠠᠷ ᠵᠣᠷᠢᠭᠲᠠᠢ᠎ᠪᠠᠷ ᠰᠢᠨ᠎ᠡ ᠵᠢ ᠡᠭᠦᠳᠴᠦ ᠡᠭᠦᠳᠦᠨ ᠪᠦᠲᠦᠭᠡᠬᠦ ᠬᠡᠷᠡᠭᠲᠡᠢ》 ᠭᠡᠵᠦ ᠵᠣᠷᠢᠭᠵᠢᠭᠤᠯᠪᠠ᠃
      ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯᠳᠤᠭ᠋ᠠᠨ᠎ᠤ 《ᠲᠣᠭᠲᠠᠭ᠋ᠠᠯ》᠎ᠳᠤ 《ᠪᠥᠬᠦ ᠲᠠᠯ᠎ᠠ᠎ᠪᠠᠷ ᠰᠢᠨ᠎ᠡ ᠵᠢ ᠡᠭᠦᠳᠬᠦ ᠵᠢ ᠳᠡᠮᠵᠢᠬᠦ ᠪᠠᠶ᠋ᠢᠭᠤᠯᠤᠯ ᠲᠣᠭᠲᠠᠴᠠ ᠵᠢ ᠴᠣᠭᠴᠠᠯᠠᠬᠤ》 ᠵᠢ ᠳᠤᠷᠠᠳᠴᠤ᠂ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢᠲᠠᠨ᠎ᠤ ᠪᠠᠶ᠋ᠢᠭᠤᠯᠤᠯ ᠲᠣᠭᠲᠠᠴᠠ ᠵᠢ ᠨᠢᠭᠡ ᠴᠤᠭᠴᠠᠵᠢᠭᠤᠯᠤᠭᠰᠠᠨ ᠥᠭᠡᠷᠡᠴᠢᠯᠡᠯᠲᠡ ᠵᠢᠨ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠶᠠᠭ ᠱᠠᠯᠠᠪᠳᠠᠨ ᠬᠡᠷᠡᠭᠵᠢᠭᠦᠯᠬᠦ ᠵᠢ ᠨᠢᠭᠡᠳᠦᠯᠲᠡᠶ ᠲᠦᠯᠦᠪᠯᠡᠨ ᠠᠬᠢᠭᠤᠯᠵᠤ ᠪᠣᠢ᠃ ᠨᠢᠳᠤᠨᠤᠨ᠎ᠤ ᠮᠠᠨ᠎ᠤ ᠤᠯᠤᠰ᠎ᠤᠨ R&D᠎ᠤᠨ ᠰᠤᠳᠤᠯᠤᠨ ᠨᠡᠬᠡᠬᠡᠬᠦ᠎ᠳᠤ ᠵᠠᠷᠤᠴᠠᠭᠤᠯᠤᠭᠰᠠᠨ ᠪᠡᠯᠡ ᠣᠷᠣᠭᠤᠯᠤᠯᠲᠠ ᠵᠢᠨ ᠶᠡᠷᠦᠩᠬᠡᠢ ᠬᠡᠮᠵᠢᠶ᠎ᠡ ᠠᠩᠬ᠎ᠠ ᠤᠳᠠᠭ᠎ᠠ 3.3 ᠲᠥᠮᠡᠨ ᠳ᠋ᠦᠩᠰᠢᠭᠤᠷ ᠲᠦᠭᠦᠷᠢᠭ᠎ᠢ ᠳᠠᠪᠠᠵᠤ᠂ ᠳᠡᠯᠡᠬᠡᠢ ᠵᠢᠨ ᠬᠤᠶᠠᠳᠤᠭ᠋ᠠᠷ᠎ᠲᠤ ᠵᠢᠭᠰᠠᠭ᠋ᠠᠭᠳᠠᠪᠠ᠃
      ᠵᠠᠩᠭᠢᠯᠠᠭ᠎ᠠ ᠵᠢᠨ ᠭᠤᠣᠯᠯᠠᠬᠤ ᠮᠡᠷᠭᠡᠵᠢᠯ᠎ᠤᠨ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ ᠰᠠᠶ᠋ᠢᠲᠤᠷ ᠬᠢᠵᠦ᠂ ᠰᠠᠨᠲᠤᠷᠴᠤ ᠪᠣᠯᠬᠤ ᠦᠭᠡᠢ ᠮᠥᠷᠲᠡᠭᠡᠨ ᠪᠠᠰᠠ ᠬᠦᠯᠢᠶᠡᠵᠦ ᠪᠣᠯᠬᠤ ᠦᠭᠡᠢ᠂ ᠪᠠᠶ᠋ᠢᠯᠳᠤᠬᠤ ᠪᠣᠳᠣᠯᠭ᠎ᠠ ᠵᠢᠨ ᠲᠣᠭᠲᠠᠯ ᠬᠦᠴᠦᠨ ᠵᠶ᠋ᠠᠨ ᠪᠠᠲᠤᠯᠠᠵᠤ᠂ ᠴᠥᠬᠦᠷᠡᠰᠢ ᠦᠭᠡᠢ᠎ᠪᠠᠷ ᠪᠠᠷᠢᠮᠲᠠᠯᠠᠪᠠᠯ ᠪᠢᠳᠡ ᠯᠠᠪᠲᠠᠢ 《ᠪᠣᠭᠤᠮᠢ》 ᠵᠢᠨ ᠠᠰᠠᠭᠤᠳᠠᠯ᠎ᠢ ᠰᠢᠪᠲᠤᠯᠵᠤ᠂ ᠬᠥᠭᠵᠢᠯᠲᠡ ᠵᠢᠨ ᠰᠠᠨᠠᠭ᠋ᠠᠴᠢᠯᠠᠭ᠋ᠠᠲᠤ ᠡᠷᠬᠡ ᠵᠢ ᠪᠠᠲᠤ ᠡᠵᠡᠮᠳᠡᠨ᠎ᠡ ᠭᠡᠳᠡᠭ᠎ᠲᠤ ᠢᠲᠡᠭᠡᠵᠦ ᠪᠠᠶ᠋ᠢᠨ᠎ᠠ᠃ 《ᠶᠠᠪᠤᠬᠤ ᠵᠠᠮ ᠵᠥᠪ ᠪᠣᠯ ᠬᠤᠯᠠ ᠵᠠᠢ᠎ᠠᠴᠠ ᠠᠶᠤᠬᠤ ᠦᠭᠡᠢ》
   


ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠮᠣᠩᠭᠤᠯ ᠰᠦᠯᠵᠢᠶ᠎ᠡ