ᠰᠣᠨᠢᠨ ᠮᠡᠳᠡᠭᠡ   -   ᠰᠤᠷᠪᠤᠯᠵᠢᠯᠠᠭ᠎ᠠ

2024 ᠣᠨ᠎ᠤ ᠪᠠᠶᠠᠨᠨᠠᠭᠤᠷ᠎ᠤᠨ ᠬᠤᠶᠠᠷ ᠬᠤᠷᠠᠯ᠎ᠳᠤ 5 ᠲᠣᠪᠴᠢᠶᠠᠨ ᠳᠠᠷᠤᠭ᠎ᠠ ᠨᠡᠶ᠋ᠢᠭᠡᠮ᠎ᠤᠨ ᠡᠲᠡᠭᠡᠷ ᠠᠩᠬᠠᠷᠤᠯ᠎ᠳᠤ ᠬᠠᠷᠢᠭᠤ ᠥᠭᠪᠡ

ᠨᠡᠶ᠋ᠢᠲᠡᠯᠡᠭᠰᠡᠨ ᠴᠠᠭ᠄   2024-03-01

      2024 ᠣᠨ᠎ᠤ ᠪᠠᠶᠠᠨᠨᠠᠭᠤᠷ᠎ᠤᠨ ᠬᠤᠶᠠᠷ ᠬᠤᠷᠠᠯ᠎ᠤᠨ ᠬᠤᠭᠤᠴᠠᠭ᠋ᠠᠨ᠎ᠳᠤ ᠬᠤᠶᠠᠷ ᠬᠤᠷᠠᠯ᠎ᠤᠨ 《ᠲᠣᠪᠴᠢᠶᠠᠨ ᠳᠠᠷᠤᠭ᠎ᠠ ᠵᠢᠨ ᠰᠤᠪᠠᠭ》 ᠨᠡᠪᠲᠡᠷᠡᠪᠡ᠃ ᠬᠤᠳᠠ ᠵᠢᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠂ ᠬᠤᠳᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ᠂ ᠬᠤᠳᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠂ ᠬᠤᠳᠠ ᠵᠢᠨ ᠠᠮᠢ ᠠᠬᠤᠢ ᠣᠷᠴᠢᠨ ᠲᠣᠭᠤᠷᠢᠨ᠎ᠤ ᠲᠣᠪᠴᠢᠶ᠎ᠠ᠂ ᠬᠤᠳᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠵᠠᠭᠤᠴᠢᠯᠠᠭᠤᠷ᠎ᠤᠨ ᠰᠣᠷᠪᠤᠯᠵᠢᠯᠠᠭ᠎ᠠ ᠵᠢ ᠬᠦᠯᠢᠶᠡᠵᠦ᠂ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠵᠢᠱ᠌ᠢᠶ᠎ᠡ ᠦᠵᠡᠭᠦᠯᠬᠦ ᠬᠤᠳᠠ ᠵᠢ ᠡᠭᠦᠳᠦᠨ ᠪᠠᠶ᠋ᠢᠭᠤᠯᠬᠤ᠂ ᠤᠰᠤ ᠠᠷᠪᠢᠯᠠᠵᠤ ᠤᠰᠤ ᠵᠢ ᠬᠢᠵᠠᠭ᠋ᠠᠷᠯᠠᠬᠤ᠂ ᠪᠣᠬᠢᠷᠲᠤᠯ ᠦᠭᠡᠢ ᠬᠥᠭᠵᠢᠭᠦᠯᠬᠦ᠂ ᠠᠮᠤ ᠪᠤᠳᠠᠭ᠎ᠠ ᠵᠢ ᠠᠷᠪᠢᠯᠠᠵᠤ ᠬᠤᠬᠢᠷᠠᠯ᠎ᠢ ᠪᠠᠭ᠋ᠠᠰᠬᠠᠬᠤ ᠵᠡᠷᠭᠡ ᠲᠠᠯ᠎ᠠ ᠵᠢᠨ ᠲᠣᠭᠤᠷᠢᠨ᠎ᠳᠤ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠬᠤ ᠵᠢᠨ ᠬᠠᠮᠲᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ ᠪᠣᠯᠣᠨ ᠲᠤᠰ ᠰᠠᠯᠠᠭ᠎ᠠ ᠮᠥᠴᠢᠷ᠎ᠤᠨ ᠠᠵᠢᠯ᠎ᠲᠠᠢ᠎ᠪᠠᠨ ᠤᠶᠠᠯᠳᠤᠭᠤᠯᠤᠨ 2024 ᠣᠨ᠎ᠤ ᠬᠥᠭᠵᠢᠯᠲᠡ ᠵᠢᠨ ᠰᠡᠳᠬᠢᠴᠡ ᠪᠣᠯᠣᠨ ᠠᠷᠭ᠎ᠠ ᠬᠡᠮᠵᠢᠶ᠎ᠡ ᠵᠢ ᠠᠭᠤᠵᠢᠷᠠᠲᠠᠯ᠎ᠠ ᠶᠠᠷᠢᠯᠴᠠᠪᠠ᠃
      ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠤᠣᠯ ᠰᠢᠵᠢᠮ ᠮᠥᠨ᠂ ᠪᠠᠰᠠ ᠴᠤ᠌ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠵᠦᠢ᠍ᠯ᠎ᠤᠨ ᠠᠵᠢᠯ᠎ᠤᠨ ᠭᠤᠣᠯ ᠰᠢᠵᠢᠮ ᠮᠥᠨ᠃ 2024 ᠣᠨ᠎ᠳᠤ ᠮᠠᠨ᠎ᠤ ᠬᠤᠲᠠ ᠰᠢ ᠵᠢᠨ ᠫᠢᠩ ᠶᠡᠷᠦᠩᠬᠡᠢ ᠱᠦᠵᠢ ᠵᠢᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠬᠡᠷᠬᠢᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠡᠷᠬᠢᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠪᠠᠶᠠᠨᠨᠠᠭᠤᠷ᠎ᠤᠨ ᠬᠦᠴᠦᠨ ᠴᠢᠳᠠᠯ ᠵᠶ᠋ᠠᠨ ᠡᠷᠭᠦᠬᠦ ᠪᠣᠶ? ᠡᠭᠦᠨ᠎ᠳᠤ᠂ ᠬᠤᠲᠠ ᠵᠢᠨ ᠨᠠᠮ᠎ᠤᠨ ᠬᠤᠷᠢᠶᠠᠨ᠎ᠤ ᠨᠢᠭᠡᠳᠦᠮᠡᠯ ᠹᠷᠣᠨᠲ᠎ᠤᠨ ᠳᠡᠳ᠋ ᠳᠠᠷᠤᠭ᠎ᠠ᠂ ᠬᠤᠳᠠ ᠵᠢᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠡᠷᠬᠢᠯᠡᠭᠴᠢ ᠬᠡᠷᠡᠯᠳᠦ᠂ ᠬᠤᠳᠠ ᠵᠢᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠡᠨᠡᠬᠦ ᠭᠤᠣᠯ ᠰᠢᠵᠢᠮ᠎ᠢ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠪᠦᠬᠦ ᠶᠠᠪᠤᠴᠠ ᠵᠢᠨ ᠡᠯ᠎ᠡ ᠲᠠᠯ᠎ᠠ ᠡᠯ᠎ᠡ ᠵᠦᠢ᠍ᠯ᠎ᠤᠨ ᠠᠵᠢᠯ᠎ᠳᠤ ᠪᠣᠳᠠᠲᠠᠢ ᠲᠥᠷᠥᠭᠳᠡᠯ᠎ᠲᠠᠢ ᠪᠦᠲᠦᠮᠵᠢᠲᠡᠢ ᠲᠤᠭᠤᠰᠢᠯᠠᠭᠤᠯᠵᠤ᠂ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠵᠢᠱ᠌ᠢᠶ᠎ᠡ ᠦᠵᠡᠭᠦᠯᠬᠦ ᠬᠤᠳᠠ ᠵᠢ ᠴᠢᠷᠮᠠᠶ᠋ᠢᠨ ᠡᠭᠦᠳᠴᠦ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠪᠠᠶᠠᠨᠨᠠᠭᠤᠷ᠎ᠤᠨ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃
      《ᠪᠦᠯᠬᠦᠮᠳᠡᠨ ᠲᠡᠮᠡᠴᠡᠬᠦ》 ᠰᠠᠶ᠋ᠢᠨ ᠪᠠᠶ᠋ᠢᠳᠠᠯ᠎ᠢ ᠦᠷᠭᠦᠯᠵᠢᠯᠡᠨ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠤᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ》 ᠵᠢ ᠦᠨᠳᠦᠰᠦᠯᠡᠨ᠂ ᠮᠠᠨ᠎ᠤ ᠬᠤᠲᠠ ᠵᠢᠨ ᠨᠡᠶ᠋ᠢᠲᠡᠯᠡᠭᠰᠡᠨ 《ᠪᠠᠶᠠᠨᠨᠠᠭᠤᠷ ᠬᠤᠲᠠ ᠵᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 〈ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠤᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠤᠨ ᠪᠠᠬᠢᠵᠢᠭᠦᠯᠬᠦ ᠠᠷᠭ᠎ᠠ ᠬᠡᠮᠵᠢᠶ᠎ᠡ᠎ᠨᠦᠭᠦᠳ〉᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠤᠨ ᠬᠤᠪᠢᠶᠠᠷᠢᠯᠠᠯ᠎ᠤᠨ ᠲᠥᠰᠥᠯ》᠎ᠲᠠᠢ ᠤᠶᠠᠯᠳᠤᠭᠤᠯᠤᠨ᠂ 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠵᠤ ᠵᠢᠱ᠌ᠢᠶ᠎ᠡ ᠦᠵᠡᠭᠦᠯᠦᠨ᠂ ᠵᠠᠭᠤ ᠮᠢᠩᠭ᠎ᠠ ᠲᠦᠮᠡ ᠵᠢ ᠬᠥᠲᠥᠯᠥᠨ ᠳᠠᠭ᠋ᠠᠭᠤᠯᠬᠤ》 ᠠᠵᠢᠯᠯᠠᠭ᠎ᠠ᠎ᠪᠠᠷ ᠵᠢᠯᠣᠭᠤᠳᠤᠯᠭ᠎ᠠ ᠪᠣᠯᠭ᠋ᠠᠵᠤ᠂ 《ᠦᠷ᠎ᠡ ᠦᠷ᠎ᠡ᠎ᠪᠠᠨ ᠬᠠᠷᠢᠯᠴᠠᠨ ᠬᠦᠷᠢᠶᠡᠯᠡᠵᠦ · ᠰᠡᠳᠬᠢᠯ ᠵᠶ᠋ᠠᠨ ᠨᠢᠭᠡᠳᠬᠡᠨ ᠬᠦᠰᠡᠯ ᠵᠡᠭᠦᠳᠦ᠎ᠪᠠᠨ ᠲᠡᠷᠭᠡᠯᠰᠢᠭᠦᠯᠬᠦ》 ᠭᠤᠣᠯ ᠰᠡᠳᠦᠪᠲᠦ 《ᠠᠷᠪᠠᠨ ᠨᠢᠭᠡ》 ᠵᠢᠨ ᠢᠨᠵᠧᠨᠧᠷᠢᠩ᠎ᠢ ᠯᠠᠪᠳᠠᠭᠤᠨ ᠪᠠᠲᠤᠲᠠᠢ ᠥᠷᠨᠢᠭᠦᠯᠵᠦ᠂ ᠵᠢᠱ᠌ᠢᠶ᠎ᠡ ᠦᠵᠡᠭᠦᠯᠬᠦ ᠬᠤᠲᠠ ᠵᠢ ᠡᠭᠦᠳᠦᠨ ᠪᠠᠶ᠋ᠢᠭᠤᠯᠬᠤ ᠡᠯ᠎ᠡ ᠵᠦᠢ᠍ᠯ᠎ᠤᠨ ᠡᠭᠦᠷᠭᠡ ᠵᠢ ᠴᠢᠨᠠᠷ ᠰᠠᠶ᠋ᠢᠲᠠᠢ ᠰᠠᠶ᠋ᠢᠲᠤᠷ ᠪᠡᠶᠡᠯᠡᠭᠦᠯᠦᠨ᠎ᠡ᠃
      《ᠰᠡᠳᠬᠢᠯ ᠵᠶ᠋ᠠᠨ ᠨᠢᠭᠡᠳᠬᠡᠨ ᠰᠦᠭ ᠰᠦᠨᠡᠰᠦ ᠱᠤᠭᠤᠬᠤ》 ᠡᠯᠪᠡᠭ ᠳᠡᠯᠪᠡᠭ ᠦᠷ᠎ᠡ ᠪᠦᠲᠦᠭᠡᠯ᠎ᠢ ᠦᠷᠭᠦᠯᠵᠢᠯᠡᠨ ᠡᠭᠦᠳᠬᠦ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠴᠠᠭ ᠦᠶ᠎ᠡ ᠵᠢᠨ ᠡᠭᠦᠷᠭᠡ ᠬᠠᠷᠢᠭᠤᠴᠠᠯᠭ᠎ᠠ᠎ᠪᠠᠨ ᠡᠷᠡᠰ ᠰᠠᠶ᠋ᠢᠲᠤᠷ ᠭᠦᠢ᠍ᠴᠡᠳᠬᠡᠵᠦ᠂ 《ᠬᠠᠮᠲᠤ᠎ᠪᠠᠷ ᠵᠶ᠋ᠠᠨ》 ᠪᠠᠶ᠋ᠢᠬᠤ ᠳᠡᠭᠡᠷ᠎ᠡ ᠲᠠᠰᠤᠷᠠᠯᠲᠠ ᠦᠭᠡᠢ ᠬᠦᠴᠦ ᠲᠠᠯᠪᠢᠵᠤ᠂ 《ᠭᠤᠷᠪᠠᠨ ᠲᠥᠯᠥᠪᠯᠡᠭᠡ》 ᠵᠢ ᠬᠢᠨᠠᠮᠠᠭ᠋ᠠᠢ ᠬᠡᠷᠡᠭᠵᠢᠭᠦᠯᠦᠨ᠂ 《ᠳᠥᠷᠪᠡᠨ ᠬᠠᠮᠲᠤ᠎ᠪᠠᠷ ᠵᠶ᠋ᠠᠨ》 ᠣᠷᠳᠣ ᠬᠤᠩᠭᠢᠯ᠎ᠤᠨ ᠪᠦᠲᠦᠭᠡᠨ ᠪᠠᠶ᠋ᠢᠭᠤᠯᠤᠯᠲᠠ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠣᠨᠣᠯ᠎ᠤᠨ ᠰᠤᠳᠤᠯᠭ᠋ᠠᠨ ᠪᠠ ᠤᠬᠠᠭᠤᠯᠭ᠎ᠠ ᠬᠥᠮᠦᠵᠢᠯ᠎ᠢ ᠪᠥᠬᠦ ᠲᠠᠯ᠎ᠠ᠎ᠪᠠᠷ ᠭᠦᠨᠵᠡᠭᠡᠶ᠋ᠢᠷᠡᠭᠦᠯᠦᠨ ᠪᠠᠬᠢᠵᠢᠭᠦᠯᠵᠦ᠂ 《ᠤᠮᠠᠷᠠᠲᠤ ᠵᠢᠨ ᠰᠣᠶᠣᠯ》᠎ᠤᠨ ᠨᠠᠷᠠᠲᠤ ᠲᠡᠮᠳᠡᠭ᠎ᠢ ᠪᠣᠶ ᠪᠣᠯᠭ᠋ᠠᠬᠤ ᠪᠠ ᠰᠠᠶ᠋ᠢᠲᠤᠷ ᠬᠡᠷᠡᠭᠯᠡᠬᠦ᠎ᠳᠤ ᠬᠦᠴᠦ ᠨᠡᠮᠡᠷᠢᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠢ ᠠᠭ᠋ᠠᠷ ᠪᠠ ᠨᠡᠷᠡᠨ᠎ᠤ ᠬᠡᠷᠡᠯ ᠰᠢᠭ ᠭᠠᠵᠠᠷ ᠪᠣᠯᠭ᠋ᠠᠨ᠎ᠳᠤ ᠬᠥᠮᠥᠰ᠎ᠤᠨ ᠰᠡᠳᠬᠢᠯ᠎ᠳᠤ ᠬᠠᠳᠠᠩᠰᠢᠭᠤᠯᠤᠨ᠎ᠠ᠃
      《ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ》 ᠭᠤᠶ᠋ᠢᠳᠠ ᠰᠠᠶ᠋ᠢᠬᠠᠨ ᠦᠯᠢᠭᠡᠷ᠎ᠢ ᠦᠷᠭᠦᠯᠵᠢᠯᠡᠨ ᠪᠢᠴᠢᠭᠯᠡᠨ᠎ᠡ᠃ ᠬᠠᠮᠲᠤᠪᠠᠷ ᠪᠠᠶᠠᠵᠢᠨ ᠴᠢᠨᠡᠭᠡᠯᠢᠭᠵᠢᠭᠰᠡᠨ ᠵᠣᠯ ᠵᠢᠷᠭ᠋ᠠᠯᠲᠤ ᠭᠡᠷ ᠣᠷᠣᠨ᠎ᠢ ᠬᠦᠴᠦᠯᠡᠨ ᠪᠠᠶ᠋ᠢᠭᠤᠯᠵᠤ᠂ ᠬᠢᠯᠢ ᠬᠢᠵᠠᠭ᠋ᠠᠷ᠎ᠢ ᠪᠠᠬᠢᠵᠢᠭᠦᠯᠵᠦ ᠬᠢᠯᠢ ᠬᠢᠵᠠᠭ᠋ᠠᠷ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠦᠷᠭᠦᠯᠵᠢᠯᠡᠨ ᠠᠬᠢᠭᠤᠯᠤᠨ᠎ᠠ᠃ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠨᠥᠬᠦᠪᠦᠷᠢ ᠵᠢᠨ ᠪᠡᠯᠡ ᠮᠥᠩᠭᠦ ᠵᠢᠨ ᠲᠥᠷᠥᠯ ᠵᠦᠢ᠍ᠯ᠎ᠤᠨ ᠨᠥᠭᠡᠴᠡᠯᠡᠯᠲᠡ ᠵᠢ ᠲᠠᠰᠤᠷᠠᠯᠲᠠ ᠦᠭᠡᠢ ᠰᠢᠯᠢᠳᠡᠭᠵᠢᠭᠦᠯᠦᠨ ᠵᠣᠯᠭ᠋ᠠᠭᠤᠯᠵᠤ᠂ ᠲᠥᠷᠥᠯ ᠵᠦᠢ᠍ᠯ᠎ᠤᠨ ᠬᠥᠮᠥᠷᠭᠡ ᠵᠢᠨ ᠪᠦᠲᠦᠭᠡᠨ ᠪᠠᠶ᠋ᠢᠭᠤᠯᠤᠯᠲᠠ ᠵᠢ ᠲᠡᠭᠦᠯᠳᠡᠷᠵᠢᠭᠦᠯᠵᠦ᠂ ᠪᠡᠯᠡ ᠮᠥᠩᠭᠦ ᠵᠢᠨ ᠲᠥᠷᠥᠯ ᠵᠦᠢ᠍ᠯ᠎ᠢ ᠲᠡᠮᠡᠴᠡᠨ ᠣᠯᠬᠤ ᠡᠷᠴᠢᠮ᠎ᠢ ᠤᠯᠠᠮ ᠨᠢᠭᠡ ᠠᠯᠬᠤᠮ ᠴᠢᠩᠭ᠋ᠠᠷᠠᠭᠤᠯᠤᠨ᠎ᠠ᠃ ᠤᠯᠤᠰ᠎ᠤᠨ 《〈ᠠᠷᠠᠳ ᠎ᠠᠴᠠ ᠡᠵᠡᠩᠨᠡᠭᠰᠡᠨ ᠠᠵᠤ ᠠᠬᠤᠶ᠋ᠢᠯᠠᠯ᠎ᠢ ᠬᠢᠯᠢ ᠬᠢᠵᠠᠭ᠋ᠠᠷ ᠣᠷᠣᠨ᠎ᠳᠤ ᠣᠷᠣᠭᠤᠯᠬᠤ〉 ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ》᠎ᠢ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠦᠨᠳᠦᠰᠦᠲᠡᠨ᠎ᠤ ᠠᠷᠠᠯᠵᠢᠶ᠎ᠠ ᠠᠷᠠᠳ᠎ᠤᠨ ᠬᠡᠷᠡᠭᠯᠡᠭᠡᠨ᠎ᠤ ᠡᠳ᠋᠎ᠤᠨ ᠠᠵᠤ ᠠᠬᠤᠶ᠋ᠢᠯᠠᠯ᠎ᠤᠨ ᠬᠥᠭᠵᠢᠯᠲᠡ ᠵᠢ ᠲᠡᠳᠬᠦᠨ ᠳᠡᠮᠵᠢᠨ᠎ᠡ᠃
      《ᠵᠣᠪᠠᠭᠤᠷᠢ ᠵᠦᠳᠡᠭᠦᠷᠢ ᠵᠢ ᠳᠠᠭ᠋ᠠᠭ᠋ᠠᠬᠤ》 ᠰᠢᠯᠢᠳᠡᠭ ᠰᠤᠷᠲᠠᠯ᠎ᠢ ᠦᠷᠭᠦᠯᠵᠢᠯᠡᠨ ᠪᠠᠳᠠᠷᠠᠭᠤᠯᠬᠤ ᠬᠡᠷᠡᠭᠲᠡᠢ᠃ ᠮᠣᠩᠭᠤᠯ ᠮᠣᠷᠢᠨ᠎ᠤ ᠵᠣᠷᠢᠭ ᠰᠠᠨᠠᠭ᠎ᠠ ᠪᠣᠯᠣᠨ 《ᠤᠮᠠᠷᠠᠲᠤ ᠵᠢᠨ ᠭᠤᠷᠪᠠᠨ ᠣᠷᠣᠨ》᠎ᠤ ᠵᠣᠷᠢᠭ ᠰᠠᠨᠠᠭ᠎ᠠ ᠵᠢ ᠶᠡᠬᠡᠪᠡᠷ ᠪᠠᠳᠠᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠣᠯ ᠰᠢᠵᠢᠮ ᠪᠣᠯᠭ᠋ᠠᠨ᠂ 《ᠬᠤᠶᠠᠷ ᠶᠡᠭᠡ ᠶᠠᠪᠤᠳᠠᠯ》᠎ᠢ ᠰᠠᠶ᠋ᠢᠲᠤᠷ ᠬᠢᠵᠦ᠂ 《ᠵᠢᠷᠭᠤᠭ᠋ᠠᠨ ᠢᠨᠵᠧᠨᠧᠷᠢᠩ》᠎ᠢ ᠨᠠᠷᠢᠯᠢᠭ ᠨᠠᠶ᠋ᠢᠳᠠᠪᠤᠷᠢᠵᠢᠭᠤᠯᠤᠨ᠂ 《ᠲᠠᠪᠤᠨ ᠥᠨᠳᠥᠷ ᠲᠠᠪᠤᠨ ᠣᠷᠣᠨ》᠎ᠢ ᠪᠦᠲᠦᠭᠡᠨ ᠪᠠᠶ᠋ᠢᠭᠤᠯᠵᠤ᠂ ᠰᠡᠳᠬᠢᠯ ᠵᠶ᠋ᠠᠨ ᠨᠢᠭᠡᠳᠬᠡᠨ ᠬᠦᠴᠦᠨ ᠵᠶ᠋ᠠᠨ ᠬᠠᠮᠲᠤᠳᠬᠠᠬᠤ᠂ ᠪᠦᠯᠬᠦᠮᠳᠡᠨ ᠲᠡᠮᠡᠴᠡᠬᠦ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠵᠤ᠂ ᠠᠵᠤ ᠠᠬᠤᠢ ᠵᠢᠨ ᠶᠠᠰᠤ ᠴᠢᠨᠠᠷ᠎ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠵᠢ ᠨᠡᠯᠢᠶᠡᠳ ᠲᠦᠷᠭᠡᠨ ᠨᠡᠮᠡᠭᠳᠡᠭᠦᠯᠬᠦ ᠵᠢ ᠠᠬᠢᠭᠤᠯᠤᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠪᠠᠶᠠᠨᠨᠠᠭᠤᠷ᠎ᠤᠨ ᠰᠢᠨ᠎ᠡ ᠬᠠᠭᠤᠳᠠᠰᠤ ᠵᠢ ᠰᠠᠶ᠋ᠢᠲᠤᠷ ᠪᠢᠴᠢᠭᠯᠡᠨ᠎ᠡ᠃
   

ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ