ᠰᠣᠨᠢᠨ ᠮᠡᠳᠡᠭᠡ   -   ᠰᠤᠷᠪᠤᠯᠵᠢᠯᠠᠭ᠎ᠠ

2024 ᠣᠨ᠎ᠤ ᠪᠠᠶᠠᠨᠨᠠᠭᠤᠷ᠎ᠤᠨ ᠬᠤᠶᠠᠷ ᠬᠤᠷᠠᠯ᠎ᠳᠤ 5 ᠲᠣᠪᠴᠢᠶᠠᠨ ᠳᠠᠷᠤᠭ᠎ᠠ ᠨᠡᠶ᠋ᠢᠭᠡᠮ᠎ᠤᠨ ᠡᠲᠡᠭᠡᠷ ᠠᠩᠬᠠᠷᠤᠯ᠎ᠳᠤ ᠬᠠᠷᠢᠭᠤ ᠥᠭᠪᠡ (ᠲᠠᠪᠤ)

ᠨᠡᠶ᠋ᠢᠲᠡᠯᠡᠭᠰᠡᠨ ᠴᠠᠭ᠄   2024-04-23

     ᠪᠠᠶᠠᠨᠨᠠᠭᠤᠷ ᠪᠣᠯ 《ᠨᠢᠭᠡ ᠪᠦᠰᠡ ᠨᠢᠭᠡ ᠵᠠᠮ》᠎ᠤᠨ ᠴᠢᠬᠤᠯᠠ ᠵᠠᠩᠭᠢᠯᠠᠭ᠎ᠠ ᠵᠢᠨ ᠬᠤᠲᠠ ᠪᠣᠯᠣᠨ᠎ᠠ᠂ 2024 ᠣᠨ᠎ᠤ ᠭᠠᠳᠠᠭ᠋ᠠᠳᠤ ᠠᠷᠠᠯᠵᠢᠶᠠᠨ᠎ᠤ ᠭᠠᠳᠠᠭ᠋ᠠᠳᠤ ᠭᠠᠷᠭ᠋ᠠᠯᠲᠠ ᠵᠢᠨ ᠲᠠᠯ᠎ᠠ᠎ᠪᠠᠷ᠂ ᠮᠠᠨ᠎ᠤ ᠬᠤᠲᠠ ᠬᠡᠷᠬᠢᠨ ᠭᠠᠳᠠᠭ᠋ᠠᠳᠤ ᠠᠷᠠᠯᠵᠢᠶᠠᠨ᠎ᠤ ᠠᠵᠤ ᠠᠬᠤᠶ᠋ᠢᠯᠠᠯ᠎ᠤᠨ ᠬᠥᠭᠵᠢᠯᠲᠡ ᠵᠢ ᠳᠡᠮᠵᠢᠵᠦ᠂ ᠣᠯᠠᠨ ᠤᠯᠤᠰ᠎ᠤᠨ ᠵᠠᠬ᠎ᠠ ᠳᠡᠯᠭᠡᠭᠦᠷ᠎ᠢ ᠨᠠᠩ ᠰᠠᠶ᠋ᠢᠲᠤᠷ ᠨᠡᠭᠡᠭᠡᠬᠦ ᠪᠣᠶ? ᠰᠤᠷᠪᠤᠯᠵᠢᠯᠠᠭᠴᠢ ᠵᠢᠨ ᠠᠰᠠᠭᠤᠯᠲᠠ᠎ᠳᠤ ᠴᠢᠭᠯᠡᠭᠦᠯᠦᠨ᠂ ᠬᠤᠲᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠵᠢᠢ ᠶᠠ ᠯᠢᠨ ᠢᠯᠡᠷᠬᠡᠶ᠋ᠢᠯᠡᠬᠦ᠎ᠳᠡᠭᠡᠨ᠂ 2024 ᠣᠨ᠎ᠳᠤ᠂ ᠬᠤᠲᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠤᠨ ᠲᠣᠬᠢᠷᠠᠭᠤᠯᠤᠯᠲᠠ ᠶᠣᠰᠣᠭ᠋ᠠᠷ᠂ ᠭᠠᠳᠠᠭ᠋ᠠᠳᠤ ᠭᠠᠷᠭ᠋ᠠᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠬᠠᠷᠠᠯᠲᠠ ᠵᠢᠨ ᠲᠣᠭᠤᠷᠢᠨ᠎ᠳᠤ᠂ ᠭᠠᠳᠠᠭ᠋ᠠᠳᠤ ᠠᠷᠠᠯᠵᠢᠶᠠᠨ᠎ᠤ ᠵᠠᠭᠪᠤᠷ᠎ᠤᠨ ᠰᠢᠨ᠎ᠡ ᠵᠢ ᠡᠭᠦᠳᠬᠦ᠂ ᠭᠠᠳᠠᠭ᠋ᠠᠳᠤ ᠭᠠᠷᠭ᠋ᠠᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠪᠠ ᠲᠠᠸᠠᠷ᠎ᠤᠨ ᠪᠦᠲᠦᠴᠡ ᠵᠢ ᠰᠢᠯᠢᠳᠡᠭᠵᠢᠭᠦᠯᠬᠦ ᠵᠡᠷᠭᠡ ᠭᠤᠷᠪᠠᠨ ᠲᠠᠯ᠎ᠠ ᠵᠢᠨ ᠠᠵᠢᠯ᠎ᠢ ᠭᠤᠣᠯᠳᠠᠯᠭ᠎ᠠ᠎ᠲᠠᠢ ᠰᠠᠶ᠋ᠢᠲᠤᠷ ᠬᠢᠨ᠎ᠡ ᠭᠡᠵᠡᠢ᠃ ᠤᠯᠠᠨ ᠤᠯᠤᠰ᠎ᠤᠨ ᠡᠵᠡᠩᠨᠡᠨ ᠪᠣᠷᠣᠯᠠᠭᠤᠯᠬᠤ ᠲᠣᠣᠷ ᠰᠦᠯᠵᠢᠶ᠎ᠡ ᠵᠢ ᠲᠦᠷᠭᠡᠪᠴᠢᠯᠡᠨ ᠪᠠᠶ᠋ᠢᠭᠤᠯᠵᠤ᠂ ᠭᠠᠳᠠᠭ᠋ᠠᠳᠤ᠎ᠳᠠᠬᠢ ᠬᠥᠮᠥᠷᠭᠡ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭ᠎ᠠ ᠵᠡᠷᠭᠡ ᠭᠠᠳᠠᠭ᠋ᠠᠳᠤ ᠠᠷᠠᠯᠵᠢᠶᠠᠨ᠎ᠤ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ ᠰᠢᠨ᠎ᠡ ᠵᠠᠭᠪᠤᠷ᠎ᠢ ᠪᠣᠶ᠋ᠢᠵᠢᠭᠤᠯᠤᠨ᠎ᠠ᠃ ᠣᠲᠣ ᠵᠢᠨ ᠪᠠᠶ᠋ᠢᠭ᠎ᠠ 5 ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠣᠯᠠᠨ ᠨᠡᠶ᠋ᠢᠲᠡ ᠵᠢᠨ ᠭᠠᠳᠠᠭ᠋ᠠᠳᠤ᠎ᠳᠠᠬᠢ ᠬᠥᠮᠥᠷᠭᠡ ᠵᠢᠨ ᠪᠣᠶ᠋ᠢᠵᠢᠭᠤᠯᠬᠤ ᠡᠲᠡᠭᠡᠳ᠎ᠤᠨ ᠰᠠᠭᠤᠷᠢᠨ ᠳᠡᠭᠡᠷ᠎ᠡ 2 — 3 ᠭᠠᠳᠠᠭ᠋ᠠᠳᠤ᠎ᠳᠠᠬᠢ ᠬᠥᠮᠥᠷᠭᠡ ᠵᠢ ᠰᠢᠨ᠎ᠡ᠎ᠪᠠᠷ ᠪᠠᠶ᠋ᠢᠭᠤᠯᠵᠤ᠂ ᠳᠤᠮᠳᠠᠳᠤ ᠳᠣᠷᠣᠨᠠᠲᠤ᠂ ᠵᠡᠭᠦᠨ ᠡᠮᠦᠨᠡᠲᠦ ᠠᠽᠢᠶ᠎ᠠ ᠵᠢᠨ ᠬᠤᠯᠪᠣᠭ᠎ᠠ ᠪᠠ ᠳᠤᠮᠳᠠᠳᠤ ᠠᠽᠢᠶ᠎ᠠ ᠵᠢ ᠨᠥᠯᠥᠭᠡᠯᠡᠬᠦ ᠣᠯᠠᠨ ᠤᠯᠤᠰ᠎ᠤᠨ ᠡᠵᠡᠩᠨᠡᠨ ᠪᠣᠷᠣᠯᠠᠭᠤᠯᠬᠤ ᠲᠣᠣᠷ ᠰᠦᠯᠵᠢᠶ᠎ᠡ ᠵᠢ ᠠᠯᠬᠤᠮ ᠠᠯᠬᠤᠮ ᠵᠶ᠋ᠠᠷ ᠪᠣᠶ ᠪᠣᠯᠭ᠋ᠠᠵᠤ᠂ ᠶᠡᠷᠦᠩᠬᠡᠢ ᠲᠠᠯᠠᠪᠠᠶ᠎ᠨᠢ 5 ᠲᠦᠮᠡᠨ ᠲᠡᠭᠰᠢ ᠳᠥᠷᠪᠡᠯᠵᠢᠨ ᠮᠧᠳ᠋ᠷ᠎ᠢ ᠳᠠᠪᠠᠭᠰᠠᠨ ᠬᠢᠯᠢ ᠵᠢᠨ ᠭᠠᠳᠠᠨᠠᠬᠢ ᠳᠡᠯᠭᠡᠨ ᠦᠵᠡᠭᠦᠯᠵᠦ ᠳᠡᠯᠭᠡᠨ ᠪᠣᠷᠣᠯᠠᠭᠤᠯᠬᠤ ᠲᠥᠪ ᠪᠠ ᠰᠠᠯᠭ᠋ᠠᠨ ᠥᠭᠬᠦ ᠬᠥᠮᠥᠷᠭᠡ ᠵᠢ ᠪᠠᠶ᠋ᠢᠷᠢᠯᠠᠭᠤᠯᠤᠨ᠎ᠠ᠃ ᠠᠵᠤ ᠠᠬᠤᠶ᠋ᠢᠯᠠᠯ᠎ᠤᠨ 《ᠠᠩᠬᠠᠨ᠎ᠤ ᠲᠡᠭᠡᠭᠡᠪᠦᠷᠢ + ᠬᠥᠮᠥᠷᠭᠡᠯᠡᠨ ᠬᠠᠳᠠᠭ᠋ᠠᠯᠠᠬᠤ ᠬᠠᠮᠢᠶᠠᠷᠤᠯᠲᠠ + ᠲᠣᠰ ᠭᠠᠵᠠᠷ᠎ᠤᠨ ᠲᠣᠮᠢᠯᠠᠨ ᠬᠦᠷᠭᠡᠬᠦ》 ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭ᠋ᠠᠨ᠎ᠤ 9810 ᠲᠤᠬᠠᠶ᠋ᠢᠯᠠᠭᠰᠠᠨ ᠠᠵᠢᠯ᠎ᠤᠨ ᠵᠠᠭᠪᠤᠷ᠎ᠢ ᠬᠡᠷᠡᠭᠯᠡᠬᠦ ᠵᠢ ᠳᠡᠮᠵᠢᠵᠦ᠂ ᠭᠠᠳᠠᠭ᠋ᠠᠳᠤ᠎ᠳᠠᠬᠢ ᠬᠥᠮᠥᠷᠭᠡ ᠵᠢᠨ ᠡᠵᠡᠩᠨᠡᠯᠲᠡ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠂ ᠵᠢᠯ᠎ᠤᠨ ᠳᠣᠲᠣᠷ᠎ᠠ ᠤᠯᠤᠰ᠎ᠤᠨ ᠳᠣᠲᠣᠭ᠋ᠠᠳᠤ ᠭᠠᠳᠠᠭ᠋ᠠᠳᠤ᠎ᠳᠤ ᠦᠢ᠍ᠯᠡᠴᠢᠯᠡᠬᠦ ᠠᠵᠤ ᠠᠬᠤᠶ᠋ᠢᠯᠠᠯ᠎ᠤᠨ ᠲᠤᠭ᠎ᠠ ᠬᠡᠮᠵᠢᠶ᠎ᠡ ᠵᠢ 150 ᠡᠷᠦᠬᠡ᠎ᠳᠤ ᠬᠦᠷᠦᠭᠦᠯᠬᠦ᠎ᠪᠠᠷ ᠴᠢᠷᠮᠠᠶ᠋ᠢᠵᠤ᠂ ᠠᠷᠠᠯᠵᠢᠶᠠᠨ᠎ᠤ ᠬᠡᠪᠴᠢᠶ᠎ᠡ ᠵᠢ 2 ᠳ᠋ᠦᠩᠰᠢᠭᠤᠷ ᠲᠥᠭᠦᠷᠢᠭ᠎ᠠᠴᠠ ᠳᠠᠪᠠᠭᠤᠯᠤᠨ᠎ᠠ᠃ ᠤᠯᠤᠰ᠎ᠤᠨ ᠳᠡᠰ᠎ᠤᠨ ᠦᠷ᠎ᠡ ᠦᠷ᠎ᠡ ᠵᠢᠨ ᠲᠥᠷᠥᠯ᠎ᠤᠨ ᠪᠦᠲᠦᠭᠡᠭᠳᠡᠬᠦᠨ᠎ᠤ ᠮᠡᠷᠭᠡᠵᠢᠯ᠎ᠤᠨ ᠴᠢᠨᠠᠷᠲᠠᠢ ᠠᠷᠠᠯᠵᠢᠶᠠᠨ᠎ᠤ ᠠᠷᠭ᠎ᠠ ᠬᠡᠮᠵᠢᠶ᠎ᠡ ᠵᠢ ᠰᠤᠳᠤᠯᠤᠨ ᠦᠨᠡᠯᠡᠬᠦ ᠰᠠᠭᠤᠷᠢᠨ ᠭᠠᠵᠠᠷ᠎ᠲᠤ ᠲᠦᠰᠢᠭᠯᠡᠨ᠂ ᠮᠠᠨ᠎ᠤ ᠬᠤᠲᠠ ᠵᠢᠨ ᠭᠤᠣᠯ ᠪᠣᠯᠬᠤ ᠲᠠᠷᠢᠶᠠᠯᠠᠩ᠎ᠤᠨ ᠪᠦᠲᠦᠭᠡᠭᠳᠡᠬᠦᠨ᠎ᠤ ᠳᠡᠯᠡᠬᠡᠢ ᠵᠢᠨ ᠵᠠᠬ᠎ᠠ ᠳᠡᠯᠭᠡᠭᠦᠷ᠎ᠲᠠᠬᠢ ᠥᠷᠢᠰᠦᠯᠳᠦᠬᠦ ᠬᠦᠴᠦᠨ ᠪᠠ ᠨᠥᠯᠥᠭᠡᠯᠡᠬᠦ ᠬᠦᠴᠦᠨ᠎ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠠᠵᠤ ᠠᠬᠤᠶ᠋ᠢᠯᠠᠯ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠪᠠ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ ᠠᠵᠢᠯ ᠥᠷᠨᠢᠭᠦᠯᠬᠦ ᠵᠢ ᠳᠡᠮᠵᠢᠵᠦ᠂ ᠨᠠᠷᠢᠯᠢᠭ ᠭᠦᠨᠵᠡᠭᠡᠢ ᠪᠣᠯᠪᠠᠰᠤᠷᠠᠭᠤᠯᠬᠤ᠂ ᠮᠡᠷᠭᠡᠵᠢᠯ᠎ᠤᠨ ᠥᠭᠡᠷᠡᠴᠢᠯᠡᠯᠲᠡ ᠬᠢᠬᠦ᠂ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠡᠷᠭᠡ ᠲᠥᠷᠥᠯ ᠵᠦᠢ᠍ᠯ᠎ᠢ ᠬᠡᠷᠡᠭᠵᠢᠭᠦᠯᠬᠦ᠎ᠪᠠᠷ ᠳᠠᠮᠵᠢᠭᠤᠯᠤᠨ᠂ ᠭᠠᠳᠠᠭ᠋ᠠᠳᠤ᠎ᠳᠤ ᠭᠠᠷᠭ᠋ᠠᠬᠤ ᠦᠢ᠍ᠯᠡᠳᠬᠦᠨ᠎ᠤ ᠶᠠᠰᠤ ᠴᠢᠨᠠᠷ ᠪᠠ ᠨᠡᠮᠡᠯᠲᠡ ᠥᠷᠲᠡᠭ᠎ᠢ ᠳᠡᠭᠡᠭᠰᠢᠯᠡᠭᠦᠯᠦᠨ᠎ᠡ᠃ ᠤᠯᠠᠮᠵᠢᠯᠠᠯᠲᠤ ᠵᠠᠬ᠎ᠠ ᠳᠡᠯᠭᠡᠭᠦᠷ᠎ᠢ ᠪᠠᠬᠢᠵᠢᠭᠦᠯᠬᠦ᠂ ᠰᠢᠨ᠎ᠡ᠎ᠪᠠᠷ ᠬᠥᠭᠵᠢᠭᠰᠡᠨ ᠵᠠᠬ᠎ᠠ ᠳᠡᠯᠭᠡᠭᠦᠷ᠎ᠢ ᠥᠷᠭᠡᠳᠬᠡᠬᠦ᠂ ᠡᠷᠬᠢᠨ ᠲᠣᠭᠤᠷᠢᠨ᠎ᠤ ᠵᠠᠬ᠎ᠠ ᠳᠡᠯᠭᠡᠭᠦᠷ᠎ᠢ ᠪᠣᠶ᠋ᠢᠵᠢᠭᠤᠯᠬᠤ ᠬᠥᠭᠵᠢᠯᠲᠡ ᠵᠢᠨ ᠰᠡᠳᠬᠢᠴᠡ ᠶᠣᠰᠣᠭ᠋ᠠᠷ᠂ ᠵᠢᠯ᠎ᠤᠨ ᠳᠣᠲᠣᠷ᠎ᠠ 150᠎ᠠᠴᠠ ᠴᠥᠭᠡᠨ ᠪᠤᠰᠤ ᠠᠵᠤ ᠠᠬᠤᠶ᠋ᠢᠯᠠᠯ᠎ᠢ ᠵᠣᠬᠢᠶᠠᠨ ᠪᠠᠶ᠋ᠢᠭᠤᠯᠵᠤ᠂ ᠲᠥᠯᠥᠪᠯᠡᠭᠡ᠎ᠲᠠᠢ ᠴᠢᠭᠯᠡᠭᠦᠯᠬᠦ ᠴᠢᠨᠠᠷᠲᠠᠢ᠎ᠪᠠᠷ ᠳᠣᠲᠣᠭ᠋ᠠᠳᠤ ᠭᠠᠳᠠᠭ᠋ᠠᠳᠤ ᠠᠷᠠᠯᠵᠢᠶᠠᠨ᠎ᠤ ᠠᠭᠤᠰᠤᠯᠴᠠᠯ᠎ᠤᠨ ᠦᠵᠡᠰᠬᠦᠯᠡᠩ᠎ᠳᠤ ᠣᠷᠣᠯᠴᠠᠭᠤᠯᠵᠤ᠂ ᠤᠯᠤᠰ᠎ᠤᠨ ᠳᠣᠲᠣᠭ᠋ᠠᠳᠤ ᠵᠢᠨ ᠤᠯᠠᠨ ᠤᠯᠤᠰ᠎ᠤᠨ ᠵᠠᠬ᠎ᠠ ᠳᠡᠯᠭᠡᠭᠦᠷ᠎ᠤᠨ ᠳᠦᠷᠢᠮ ᠪᠣᠯᠣᠨ ᠪᠠᠷᠢᠮᠵᠢᠶ᠎ᠠ ᠵᠢ ᠵᠣᠯᠭ᠋ᠠᠭᠤᠯᠬᠤ ᠠᠵᠢᠯ᠎ᠢ ᠰᠠᠶ᠋ᠢᠲᠤᠷ ᠬᠢᠨ᠎ᠡ᠃ ᠭᠠᠳᠠᠭ᠋ᠠᠳᠤ ᠠᠷᠠᠯᠵᠢᠶ᠎ᠠ ᠵᠢᠨ ᠭᠠᠳᠠᠭ᠋ᠠᠳᠤ ᠭᠠᠷᠭ᠋ᠠᠯᠲᠠ ᠵᠢᠨ ᠲᠣᠭᠲᠠᠭᠤᠨ ᠬᠡᠪᠴᠢᠶ᠎ᠡ᠎ᠲᠠᠢ ᠰᠢᠯᠢᠳᠡᠭ ᠪᠦᠲᠦᠴᠡ᠎ᠲᠠᠢ ᠪᠠᠶ᠋ᠢᠬᠤ ᠵᠢ ᠠᠬᠢᠭᠤᠯᠵᠤ᠂ ᠮᠠᠰᠢᠨ ᠴᠠᠬᠢᠯᠭ᠋ᠠᠨ᠎ᠤ ᠦᠢ᠍ᠯᠡᠳᠬᠦᠨ ᠪᠠ ᠳᠡᠭᠡᠳᠦ ᠰᠢᠨ᠎ᠡ ᠮᠡᠷᠭᠡᠵᠢᠯ᠎ᠤᠨ ᠭᠠᠳᠠᠭ᠋ᠠᠳᠤ ᠭᠠᠷᠭ᠋ᠠᠯᠲᠠ ᠵᠢ ᠤᠯᠠᠮ ᠨᠢᠭᠡ ᠠᠯᠬᠤᠮ ᠥᠷᠭᠡᠳᠬᠡᠨ᠂ ᠲᠠᠷᠢᠶᠠᠯᠠᠩ᠎ᠤᠨ ᠮᠠᠰᠢᠨ᠂ ᠨᠠᠷᠢᠯᠢᠭ ᠬᠢᠮᠢ ᠵᠢᠨ ᠠᠵᠤ ᠦᠢ᠍ᠯᠡᠳᠪᠦᠷᠢ᠂ ᠭᠦᠵᠡᠭᠡᠨ᠎ᠤ ᠬᠤᠮᠵᠢᠶ᠎ᠠ ᠵᠡᠷᠭᠡ ᠬᠦᠷᠢᠶ᠎ᠡ ᠴᠠᠷᠠᠭ᠎ᠠ᠎ᠳᠤ ᠦᠢ᠍ᠯᠡᠴᠢᠯᠡᠭᠡᠨ᠎ᠤ ᠠᠷᠠᠯᠵᠢᠶ᠎ᠠ ᠵᠢ ᠬᠥᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠣᠨᠴᠠᠯᠢᠭᠲᠤ ᠦᠢ᠍ᠯᠡᠴᠢᠯᠡᠭᠡᠨ᠎ᠤ ᠭᠠᠳᠠᠭ᠋ᠠᠳᠤ ᠭᠠᠷᠭ᠋ᠠᠯᠲᠠ ᠵᠢᠨ ᠰᠠᠭᠤᠷᠢᠨ ᠭᠠᠵᠠᠷ᠎ᠢ ᠡᠭᠦᠳᠦᠨ ᠰᠢᠨ᠎ᠡ ᠨᠢᠭᠡ ᠡᠭᠡᠯᠵᠢ ᠵᠢᠨ ᠭᠠᠳᠠᠭ᠋ᠠᠳᠤ ᠠᠷᠠᠯᠵᠢᠶ᠎ᠠ ᠵᠢᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠰᠠᠭᠤᠷᠢᠨ ᠭᠠᠵᠠᠷ᠎ᠢ ᠪᠣᠶ᠋ᠢᠵᠢᠭᠤᠯᠬᠤ ᠪᠦᠲᠦᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠢ ᠬᠡᠷᠡᠭᠵᠢᠭᠦᠯᠵᠦ᠂ ᠰᠢᠨ᠎ᠡ ᠰᠣᠷᠭᠤᠭ ᠢᠳᠡᠭᠡᠨ᠎ᠤ ᠡᠷᠳᠡᠨᠢ ᠰᠢᠰᠢ᠂ ᠰᠢᠨ᠎ᠡ ᠰᠣᠷᠭᠤᠭ ᠢᠳᠡᠭᠡᠨ᠎ᠤ ᠯᠠᠵᠤᠤ᠂ ᠬᠢᠲᠠᠳ ᠡᠮ᠎ᠤᠨ ᠮᠠᠲ᠋ᠧᠷᠢᠶᠠᠯ᠂ ᠬᠠᠮᠢᠯ ᠬᠡᠮᠬᠡ ᠵᠡᠷᠭᠡ ᠳᠠᠪᠠᠭᠤᠯᠢᠭ ᠪᠦᠲᠦᠭᠡᠭᠳᠡᠬᠦᠨ᠎ᠢ ᠭᠤᠣᠯᠳᠠᠯᠭ᠎ᠠ᠎ᠲᠠᠢ ᠪᠣᠶ᠋ᠢᠵᠢᠭᠤᠯᠵᠤ᠂ ᠵᠢᠯ᠎ᠤᠨ ᠳᠣᠲᠣᠷ᠎ᠠ ᠪᠣᠭᠤᠮᠲᠠ ᠵᠢᠨ ᠳᠠᠩᠰᠠᠯᠠᠭᠤᠯᠤᠭᠰᠠᠨ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠳᠠᠭ᠋ᠠᠳᠤ ᠭᠠᠷᠭ᠋ᠠᠯᠲᠠ ᠵᠢᠨ ᠰᠠᠭᠤᠷᠢᠨ ᠭᠠᠵᠠᠷ᠎ᠢ 1 ᠲᠦᠮᠡᠨ ᠮᠦ᠍ ᠰᠢᠨ᠎ᠡ᠎ᠪᠠᠷ ᠪᠠᠶ᠋ᠢᠭᠤᠯᠵᠤ᠂ ᠰᠢᠨ᠎ᠡ᠎ᠪᠠᠷ ᠨᠡᠮᠡᠭᠳᠡᠭᠦᠯᠬᠦ ᠭᠠᠳᠠᠭ᠋ᠠᠳᠤ ᠭᠠᠷᠭ᠋ᠠᠯᠲᠠ᠎ᠨᠢ 5000 ᠲᠦᠮᠡᠨ ᠲᠥᠭᠦᠷᠢᠭ᠎ᠠᠴᠠ ᠳᠡᠭᠡᠭᠰᠢ ᠪᠣᠯᠣᠨ᠎ᠠ᠃ ᠠᠵᠤ ᠠᠬᠤᠶ᠋ᠢᠯᠠᠯ᠎ᠤᠨ ᠪᠣᠭᠤᠮᠲᠠ ᠵᠢᠨ AEO ᠵᠢᠨ ᠳᠡᠭᠡᠳᠦ ᠵᠡᠷᠭᠡ ᠵᠢᠨ ᠭᠡᠷᠡᠴᠢᠯᠡᠯ ᠥᠷᠨᠢᠭᠦᠯᠬᠦ ᠵᠢ ᠳᠡᠮᠵᠢᠵᠦ᠂ ᠰᠢᠨ᠎ᠡ᠎ᠪᠠᠷ ᠪᠣᠶ ᠪᠣᠯᠤᠭᠰᠠᠨ ᠠᠵᠤ ᠦᠢ᠍ᠯᠡᠰ᠎ᠤᠨ ᠬᠦᠷᠢᠶᠡᠨ᠎ᠳᠠᠬᠢ ᠪᠠᠷᠠᠭ᠋ᠠᠨ᠎ᠤ ᠭᠦᠢ᠍ᠯᠭᠡᠭᠡᠨ᠎ᠤ ᠠᠷᠭ᠎ᠠ ᠵᠠᠮ ᠪᠠ ᠬᠠᠩᠭ᠋ᠠᠯᠭ᠎ᠠ ᠵᠢᠨ ᠬᠡᠯᠬᠢᠶᠡᠰᠦ ᠵᠢᠨ ᠬᠠᠮᠢᠶᠠᠷᠤᠯᠲᠠ ᠵᠢ ᠰᠢᠯᠢᠳᠡᠭᠵᠢᠭᠦᠯᠦᠨ᠎ᠡ᠃

ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ