2024 ᠣᠨ᠎ᠤ ᠪᠠᠶᠠᠨᠨᠠᠭᠤᠷ᠎ᠤᠨ ᠬᠤᠶᠠᠷ ᠬᠤᠷᠠᠯ᠎ᠳᠤ 5 ᠲᠣᠪᠴᠢᠶᠠᠨ ᠳᠠᠷᠤᠭ᠎ᠠ ᠨᠡᠶ᠋ᠢᠭᠡᠮ᠎ᠤᠨ ᠡᠲᠡᠭᠡᠷ ᠠᠩᠬᠠᠷᠤᠯ᠎ᠳᠤ ᠬᠠᠷᠢᠭᠤ ᠥᠭᠪᠡ (ᠭᠤᠷᠪᠠ)
ᠨᠡᠶ᠋ᠢᠲᠡᠯᠡᠭᠰᠡᠨ ᠴᠠᠭ᠄ 2024-03-05
ᠪᠣᠷᠣᠳᠣᠬᠤᠢ ᠵᠢᠨ ᠤᠰᠤᠯᠠᠯᠲᠠ ᠵᠢᠨ ᠣᠷᠣᠨ ᠪᠣᠯ ᠤᠯᠤᠰ᠎ᠤᠨ ᠴᠢᠬᠤᠯᠠ ᠴᠢᠨᠠᠷ ᠰᠠᠶ᠋ᠢᠲᠠᠢ ᠪᠤᠭᠤᠳᠠᠢ ᠦᠢ᠍ᠯᠡᠳᠪᠦᠷᠢᠯᠡᠬᠦ ᠪᠠ ᠡᠳ᠋ᠰᠢᠭᠦᠯᠬᠦ ᠰᠠᠭᠤᠷᠢᠨ ᠭᠠᠵᠠᠷ ᠪᠣᠯᠣᠨ᠎ᠠ᠂ 2023 ᠣᠨ᠎ᠳᠤ᠂ ᠮᠠᠨ᠎ᠤ ᠬᠤᠳᠠ ᠡᠯ᠎ᠡ ᠲᠦᠷᠦᠯ᠎ᠤᠨ ᠲᠠᠷᠢᠶᠠᠴᠢᠳ᠎ᠲᠤ ᠠᠰᠢᠭ ᠬᠦᠷᠲᠡᠭᠡᠬᠦ ᠨᠥᠬᠦᠪᠦᠷᠢ ᠵᠢᠨ ᠲᠦᠷᠦ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠪᠤᠭᠤᠳᠠᠢ ᠲᠠᠷᠢᠬᠤ ᠲᠠᠯᠠᠪᠠᠢ 71.25 ᠲᠦᠮᠡᠨ ᠮᠦ᠍᠎ᠳᠤ ᠬᠦᠷᠴᠦ᠂ ᠳᠤᠮᠳᠠᠴᠢ ᠲᠠᠯᠠᠪᠠᠢ ᠨᠢᠭᠡᠴᠢ ᠵᠢᠨ ᠤᠨᠠᠯᠲᠠ 331.38 ᠺᠢᠯᠣᠭ᠌ᠷᠠᠮ᠂ ᠶᠡᠷᠦᠩᠬᠡᠢ ᠤᠨᠠᠯᠲᠠ 4.72 ᠳ᠋ᠦᠩᠰᠢᠭᠤᠷ ᠵᠢᠩ᠎ᠳᠤ ᠬᠦᠷᠴᠦ᠂ ᠬᠠᠮᠤᠭ᠎ᠤᠨ ᠥᠨᠳᠥᠷ ᠲᠠᠯᠠᠪᠠᠢ ᠨᠢᠭᠡᠴᠢ ᠵᠢᠨ ᠤᠨᠠᠯᠲᠠ 683.5 ᠺᠢᠯᠣᠭ᠌ᠷᠠᠮ᠎ᠳᠤ ᠬᠦᠷᠴᠦ᠂ ᠪᠦᠬᠦ ᠣᠷᠣᠨ᠎ᠤ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠴᠡᠢ᠃ 2024 ᠣᠨ᠎ᠳᠤ᠂ ᠮᠠᠨ᠎ᠤ ᠬᠤᠲᠠ ᠬᠡᠷᠬᠢᠨ ᠪᠤᠭᠤᠳᠠᠢ ᠳᠠᠷᠢᠬᠤ ᠨᠥᠬᠦᠪᠦᠷᠢ ᠵᠢᠨ ᠡᠷᠴᠢᠮ ᠵᠶ᠋ᠠᠨ ᠤᠯᠠᠮ ᠴᠢᠨᠠᠭᠰᠢᠳᠠ ᠴᠢᠩᠭ᠋ᠠᠷᠠᠭᠤᠯᠵᠤ᠂ ᠲᠠᠷᠢᠶᠠᠴᠢᠳ᠎ᠤᠨ ᠠᠮᠤ ᠪᠤᠳᠠᠭ᠎ᠠ ᠳᠠᠷᠢᠬᠤ ᠢᠳᠡᠪᠬᠢᠵᠢᠯ᠎ᠢ ᠳᠡᠭᠡᠭᠰᠢᠯᠡᠭᠦᠯᠵᠦ᠂ ᠪᠤᠭᠤᠳᠠᠢ ᠳᠠᠷᠢᠬᠤ ᠲᠠᠯᠠᠪᠠᠢ ᠵᠢ ᠨᠡᠮᠡᠭᠳᠡᠭᠦᠯᠬᠦ ᠪᠤᠢ? ᠡᠭᠦᠨ᠎ᠤ ᠬᠠᠮᠲᠤ᠂ ᠠᠮᠤ ᠪᠤᠳᠠᠭ᠎ᠠ ᠵᠢ ᠠᠷᠪᠢᠯᠠᠵᠤ ᠬᠤᠬᠢᠷᠠᠯ᠎ᠢ ᠪᠠᠭ᠋ᠠᠰᠬᠠᠬᠤ ᠴᠢᠳᠠᠪᠤᠷᠢ ᠵᠢᠨ ᠪᠠᠶ᠋ᠢᠭᠤᠯᠤᠯᠲᠠ ᠵᠢ ᠬᠡᠷᠬᠢᠨ ᠴᠢᠩᠭ᠋ᠠᠳᠬᠠᠵᠤ᠂ ᠮᠥᠬᠦᠯᠢᠭᠢ ᠬᠥᠮᠥᠷᠭᠡ᠎ᠳᠤ ᠣᠷᠣᠭᠤᠯᠬᠤ ᠵᠢ ᠪᠠᠲᠤᠯᠠᠬᠤ ᠪᠤᠢ? ᠬᠤᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠸᠠᠩ ᠰᠢᠩ ᠢᠯᠡᠷᠬᠡᠶ᠋ᠢᠯᠡᠬᠦ᠎ᠳᠡᠭᠡᠨ᠂ ᠡᠨᠡ ᠵᠢᠯ ᠮᠠᠨ᠎ᠤ ᠬᠤᠲᠠ ᠠᠮᠤ ᠪᠤᠳᠠᠭ᠎ᠠ ᠳᠠᠷᠢᠬᠤ ᠵᠢ ᠳᠡᠮᠵᠢᠬᠦ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠵᠤ᠂ ᠲᠠᠷᠢᠶᠠᠴᠢᠳ᠎ᠤᠨ ᠪᠤᠭᠤᠳᠠᠢ ᠳᠠᠷᠢᠬᠤ ᠢᠳᠡᠪᠬᠢᠵᠢᠯ᠎ᠢ ᠭᠦᠢ᠍ᠴᠡᠳ ᠳᠠᠶ᠋ᠢᠴᠢᠯᠠᠨ᠎ᠠ ᠭᠡᠵᠡᠢ᠃ ᠨᠥᠬᠦᠪᠦᠷᠢ ᠥᠭᠬᠦ ᠲᠥᠷᠥ ᠵᠢᠨ ᠪᠣᠳᠣᠯᠭ᠎ᠠ᠎ᠪᠠᠷ ᠳᠠᠶ᠋ᠢᠴᠢᠯᠠᠬᠤ᠎ᠪᠠᠷ ᠳᠠᠮᠵᠢᠭᠤᠯᠤᠨ᠂ ᠠᠮᠤ ᠪᠤᠳᠠᠭ᠎ᠠ ᠳᠠᠷᠢᠬᠤ ᠲᠠᠷᠢᠶᠠᠴᠢᠳ᠎ᠤᠨ ᠠᠰᠢᠭ ᠣᠷᠣᠯᠭ᠎ᠠ ᠵᠢ ᠪᠠᠲᠤᠯᠠᠬᠤ ᠲᠠᠷᠢᠶᠠᠴᠢᠳ᠎ᠲᠤ ᠠᠰᠢᠭ ᠬᠦᠷᠲᠡᠭᠡᠬᠦ ᠨᠥᠬᠦᠪᠦᠷᠢ ᠵᠢᠨ ᠲᠤᠬᠠᠢ ᠤᠯᠤᠰ᠎ᠤᠨ ᠡᠯ᠎ᠡ ᠵᠦᠢ᠍ᠯ᠎ᠤᠨ ᠲᠦᠷᠦ ᠵᠢᠨ ᠪᠣᠳᠣᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠴᠢᠨᠠᠷ ᠰᠠᠶ᠋ᠢᠲᠠᠢ ᠪᠤᠭᠤᠳᠠᠢ ᠵᠢ ᠬᠥᠭᠵᠢᠭᠦᠯᠬᠦ ᠲᠤᠬᠠᠢ ᠠᠷᠪᠠᠨ ᠵᠤᠷᠪᠤᠰ ᠰᠠᠨᠠᠯ᠎ᠢ ᠦᠷᠭᠦᠯᠵᠢᠯᠡᠨ ᠬᠡᠷᠡᠭᠵᠢᠭᠦᠯᠦᠨ᠎ᠡ᠃ ᠨᠥᠬᠦᠪᠦᠷᠢ ᠥᠭᠬᠦ ᠲᠥᠷᠥ ᠵᠢᠨ ᠪᠣᠳᠣᠯᠭ᠎ᠠ ᠵᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠤᠬᠠᠭᠤᠯᠵᠤ ᠬᠥᠲᠥᠯᠥᠨ ᠵᠢᠯᠤᠭᠤᠳᠬᠤ ᠵᠢ ᠴᠢᠩᠭ᠋ᠠᠳᠬᠠᠨ᠂ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢ ᠪᠣᠳᠠᠲᠠᠶ᠋ᠢᠵᠢᠭᠤᠯᠬᠤ᠂ ᠭᠤᠣᠯ ᠴᠣᠭᠴᠠ ᠵᠢ ᠪᠣᠳᠠᠲᠠᠶ᠋ᠢᠵᠢᠭᠤᠯᠬᠤ᠂ ᠭᠠᠵᠠᠷ ᠰᠢᠷᠣᠢ ᠵᠢ ᠪᠣᠳᠠᠲᠠᠶ᠋ᠢᠵᠢᠭᠤᠯᠬᠤ᠂ ᠵᠠᠬᠢᠶᠠᠯᠠᠭ᠎ᠠ ᠵᠢ ᠪᠣᠳᠠᠲᠠᠶ᠋ᠢᠵᠢᠭᠤᠯᠬᠤ᠂ ᠮᠡᠷᠭᠡᠵᠢᠯ᠎ᠤᠨ ᠵᠠᠭᠪᠤᠷ᠎ᠢ ᠪᠣᠳᠠᠲᠠᠶ᠋ᠢᠵᠢᠭᠤᠯᠬᠤ 《ᠲᠠᠪᠤ ᠵᠢ ᠪᠣᠳᠠᠲᠠᠶ᠋ᠢᠵᠢᠭᠤᠯᠬᠤ》 ᠵᠢ ᠪᠡᠶᠡᠯᠡᠭᠦᠯᠬᠦ ᠵᠢ ᠦᠨᠡᠨᠬᠦ ᠪᠠᠲᠤᠯᠠᠵᠤ᠂ ᠪᠤᠭᠤᠳᠠᠢ ᠳᠠᠷᠢᠬᠤ ᠡᠯ᠎ᠡ ᠵᠦᠢ᠍ᠯ᠎ᠤᠨ ᠨᠥᠬᠦᠪᠦᠷᠢ ᠵᠢᠨ ᠬᠢᠷᠢ ᠬᠡᠮᠵᠢᠶ᠎ᠡ ᠵᠢ ᠦᠷᠭᠦᠯᠵᠢᠯᠡᠨ ᠳᠡᠭᠡᠭᠰᠢᠯᠡᠭᠦᠯᠦᠨ᠎ᠡ᠃ ᠰᠠᠶ᠋ᠢᠨ ᠡᠭᠦᠯᠳᠡᠷ ᠰᠠᠶ᠋ᠢᠨ ᠠᠷᠭ᠎ᠠ ᠵᠢ ᠢᠵᠢ ᠪᠦᠷᠢᠳᠦᠭᠦᠯᠬᠦ ᠵᠢ ᠴᠢᠩᠭ᠋ᠠᠳᠬᠠᠵᠤ᠂ ᠪᠤᠭᠤᠳᠠᠢ ᠵᠢᠨ ᠲᠠᠯᠠᠪᠠᠢ ᠨᠢᠭᠡᠴᠢ ᠵᠢᠨ ᠤᠨᠠᠯᠲᠠ ᠵᠢᠨ ᠲᠦᠪᠰᠢᠨ᠎ᠢ ᠳᠡᠭᠡᠭᠰᠢᠯᠡᠭᠦᠯᠦᠨ᠎ᠡ᠃ ᠲᠠᠯᠠᠪᠠᠢ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠵᠢᠱ᠌ᠢᠶ᠎ᠡ ᠦᠵᠡᠭᠦᠯᠬᠦ ᠰᠢᠶᠠᠨ᠎ᠢ ᠡᠭᠦᠳᠦᠨ ᠪᠠᠶ᠋ᠢᠭᠤᠯᠬᠤ᠂ ᠴᠢᠨᠠᠷ ᠰᠠᠶ᠋ᠢᠲᠠᠢ ᠥᠨᠳᠥᠷ ᠦᠷ᠎ᠡ ᠪᠦᠲᠦᠮᠵᠢᠲᠡᠶ ᠠᠮᠤ ᠪᠤᠳᠠᠭ᠎ᠠ ᠨᠡᠮᠡᠭᠳᠡᠭᠦᠯᠬᠦ ᠵᠢᠱ᠌ᠢᠶ᠎ᠡ ᠦᠵᠡᠭᠦᠯᠬᠦ ᠠᠵᠢᠯᠯᠠᠭ᠎ᠠ ᠵᠡᠷᠭᠡ ᠲᠥᠷᠥᠯ ᠵᠦᠢ᠍ᠯ᠎ᠳᠤ ᠲᠦᠰᠢᠭᠯᠡᠨ᠂ ᠪᠦᠬᠦ ᠬᠤᠳᠠ᠎ᠳᠤ 4 ᠪᠤᠭᠤᠳᠠᠢ ᠵᠢᠨ ᠲᠦᠮᠡᠨ ᠮᠦ᠍᠂ 20 ᠪᠤᠭᠤᠳᠠᠢ ᠵᠢᠨ ᠮᠢᠩᠭ᠋ᠠᠨ ᠮᠦ᠍ ᠵᠢ ᠪᠠᠶ᠋ᠢᠭᠤᠯᠬᠤ᠎ᠪᠠᠷ ᠲᠥᠯᠥᠪᠯᠡᠵᠦ᠂ 《ᠪᠠᠮᠠᠢ 13 ᠨᠣᠮᠧᠷᠲᠤ》 ᠵᠢᠨ ᠵᠢᠱ᠌ᠢᠶ᠎ᠡ ᠦᠵᠡᠭᠦᠯᠦᠨ ᠳᠡᠯᠭᠡᠷᠡᠭᠦᠯᠬᠦ ᠲᠠᠯᠠᠪᠠᠢ ᠵᠢ ᠦᠷᠭᠦᠯᠵᠢᠯᠡᠨ ᠥᠷᠭᠡᠳᠬᠡᠵᠦ᠂ ᠴᠢᠨᠠᠷ ᠰᠠᠶ᠋ᠢᠲᠠᠢ ᠥᠨᠳᠥᠷ ᠦᠷ᠎ᠡ ᠠᠰᠢᠭᠲᠠᠢ ᠲᠠᠷᠢᠬᠤ ᠮᠡᠷᠭᠡᠵᠢᠯ᠎ᠢ ᠳᠡᠯᠭᠡᠷᠡᠭᠦᠯᠵᠦ᠂ ᠲᠦᠷᠦᠯ ᠵᠦᠢ᠍ᠯ᠎ᠤᠨ ᠳᠡᠮᠵᠢᠯᠭᠡ ᠪᠠ ᠲᠤᠷᠰᠢᠯᠲᠠ ᠵᠢᠨ ᠵᠢᠱ᠌ᠢᠶ᠎ᠡ ᠦᠵᠡᠭᠦᠯᠬᠦ ᠵᠢ ᠨᠢᠭᠡᠳᠦᠯᠲᠡᠢ ᠲᠥᠯᠥᠪᠵᠢᠭᠦᠯᠵᠦ᠂ ᠨᠢᠭᠡ ᠪᠦᠯᠦᠭ ᠴᠢᠨᠠᠷ ᠰᠠᠶ᠋ᠢᠲᠠᠢ ᠥᠨᠳᠥᠷ ᠦᠷ᠎ᠡ ᠠᠰᠢᠭᠲᠠᠢ ᠠᠮᠤ ᠪᠤᠳᠠᠭ᠎ᠠ ᠨᠡᠮᠡᠭᠳᠡᠭᠦᠯᠬᠦ ᠵᠢᠱ᠌ᠢᠶ᠎ᠡ ᠦᠵᠡᠭᠦᠯᠬᠦ ᠣᠷᠣᠨ᠎ᠢ ᠪᠠᠶ᠋ᠢᠭᠤᠯᠵᠤ᠂ ᠪᠤᠭᠤᠳᠠᠢ ᠵᠢᠨ 《ᠮᠢᠩᠭ᠋ᠠᠨ ᠵᠢᠩ᠎ᠤᠨ ᠲᠠᠷᠢᠶ᠎ᠠ》 ᠵᠢᠨ ᠲᠠᠯᠠᠪᠠᠢ ᠵᠢ 20 ᠲᠦᠮᠡᠨ ᠮᠦ᠍᠎ᠠᠴᠠ ᠳᠡᠭᠡᠭᠰᠢ ᠪᠠᠶ᠋ᠢᠭᠤᠯᠵᠤ᠂ ᠪᠦᠬᠦ ᠬᠤᠳᠠ ᠵᠢᠨ ᠪᠤᠭᠤᠳᠠᠢ ᠵᠢᠨ ᠲᠠᠯᠠᠪᠠᠢ ᠨᠢᠭᠡᠴᠢ ᠵᠢᠨ ᠤᠨᠠᠯᠲᠠ ᠵᠢ 8%᠎ᠠᠴᠠ ᠳᠡᠭᠡᠭᠰᠢ ᠳᠡᠭᠡᠭᠰᠢᠯᠡᠭᠦᠯᠬᠦ ᠵᠢ ᠲᠠᠶ᠋ᠢᠴᠢᠯᠠᠪᠠ᠃ ᠠᠮᠤ ᠪᠤᠳᠠᠭ᠎ᠠ ᠵᠢ ᠠᠷᠪᠢᠯᠠᠵᠤ ᠬᠤᠬᠢᠷᠠᠯ᠎ᠢ ᠪᠠᠭ᠋ᠠᠰᠬᠠᠬᠤ ᠵᠢ ᠴᠢᠩᠭ᠋ᠠᠳᠬᠠᠵᠤ᠂ ᠮᠥᠬᠦᠯᠢᠭᠢ ᠬᠥᠮᠥᠷᠭᠡ᠎ᠳᠤ ᠣᠷᠣᠭᠤᠯᠬᠤ ᠵᠢ ᠦᠨᠡᠨ ᠬᠦ᠌ ᠪᠠᠲᠤᠯᠠᠨ᠎ᠠ᠃ 《ᠬᠤᠬᠢᠷᠠᠯ᠎ᠢ ᠪᠠᠭ᠋ᠠᠰᠬᠠᠬᠤ ᠪᠣᠯ ᠭᠠᠷᠤᠯᠲᠠ ᠵᠢ ᠨᠡᠮᠡᠭᠳᠡᠭᠦᠯᠬᠦ᠂ ᠬᠤᠷᠣᠭᠳᠠᠯ᠎ᠢ ᠪᠠᠭ᠋ᠠᠰᠬᠠᠬᠤ ᠪᠣᠯ ᠣᠷᠣᠯᠭ᠎ᠠ ᠵᠢ ᠨᠡᠮᠡᠭᠳᠡᠭᠦᠯᠬᠦ》 ᠣᠶ᠋ᠢᠯᠠᠭ᠋ᠠᠭᠳᠠᠬᠤᠨ᠎ᠢ ᠪᠠᠲᠤ ᠪᠤᠢ ᠪᠣᠯᠭ᠋ᠠᠵᠤ᠂ ᠰᠢᠨᠵᠢᠯᠡᠬᠦ ᠤᠬᠠᠭ᠋ᠠᠨᠴᠢ᠎ᠪᠠᠷ ᠠᠮᠤ ᠪᠤᠳᠠᠭ᠎ᠠ ᠨᠥᠭᠡᠴᠡᠯᠡᠬᠦ ᠠᠷᠭ᠎ᠠ ᠬᠡᠮᠵᠢᠶ᠎ᠡ ᠵᠢ ᠥᠷᠭᠡᠨ ᠵᠶ᠋ᠠᠷ ᠤᠬᠠᠭᠤᠯᠵᠤ᠂ ᠠᠮᠤ ᠪᠤᠳᠠᠭ᠎ᠠ ᠵᠢ ᠠᠷᠪᠢᠯᠠᠵᠤ ᠬᠤᠬᠢᠷᠠᠯ᠎ᠢ ᠪᠠᠭ᠋ᠠᠰᠬᠠᠬᠤ ᠮᠡᠳᠡᠯᠭᠡ ᠵᠢ ᠲᠦᠭᠡᠮᠡᠯᠵᠢᠭᠦᠯᠵᠦ᠂ ᠲᠠᠷᠢᠶᠠᠴᠢᠳ᠎ᠤᠨ ᠰᠢᠨᠵᠢᠯᠡᠬᠦ ᠤᠬᠠᠭ᠋ᠠᠨᠴᠢ᠎ᠪᠠᠷ ᠠᠮᠤ ᠪᠤᠳᠠᠭ᠎ᠠ ᠨᠥᠭᠡᠴᠡᠯᠡᠬᠦ ᠢᠳᠡᠪᠬᠢᠵᠢᠯ᠎ᠢ ᠲᠠᠶ᠋ᠢᠴᠢᠯᠠᠨ᠎ᠠ᠃ ᠰᠢᠨ᠎ᠡ ᠮᠠᠶᠢᠭ᠎ᠤᠨ ᠲᠠᠷᠢᠶᠠᠯᠠᠩ᠎ᠤᠨ ᠮᠠᠰᠢᠨ᠎ᠢ ᠶᠡᠬᠡᠪᠡᠷ ᠳᠡᠯᠭᠡᠷᠡᠭᠦᠯᠦᠨ᠂ ᠭᠤᠣᠯ ᠪᠣᠯᠬᠤ ᠠᠮᠤ ᠪᠤᠳᠠᠭ᠋ᠠᠨ᠎ᠤ ᠲᠠᠷᠢᠮᠠᠯ᠎ᠤᠨ ᠮᠠᠰᠢᠨ ᠵᠶ᠋ᠠᠷ ᠬᠤᠷᠢᠶᠠᠭᠰᠠᠨ᠎ᠤ ᠬᠤᠬᠢᠷᠠᠯ᠎ᠤᠨ ᠨᠤᠷᠮ᠎ᠠ ᠵᠢ ᠬᠢᠨᠠᠨ ᠬᠡᠮᠵᠢᠬᠦ ᠵᠡᠷᠭᠡ ᠬᠤᠬᠢᠷᠠᠯ᠎ᠢ ᠪᠠᠭ᠋ᠠᠰᠬᠠᠬᠤ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠬᠡᠷᠡᠭᠵᠢᠭᠦᠯᠵᠦ᠂ ᠪᠤᠭᠤᠳᠠᠢ ᠵᠢᠨ ᠮᠠᠰᠢᠨ ᠵᠶ᠋ᠠᠷ ᠬᠤᠷᠢᠶᠠᠭᠰᠠᠨ᠎ᠤ ᠬᠤᠬᠢᠷᠠᠯ᠎ᠢ ᠪᠠᠭ᠋ᠠᠰᠬᠠᠬᠤ ᠲᠠᠯ᠎ᠠ᠎ᠪᠠᠷ ᠶᠡᠭᠡ᠎ᠪᠠᠷ ᠮᠥᠷᠥᠶ᠋ᠢᠴᠡᠬᠦ᠂ ᠲᠠᠷᠢᠶᠠᠯᠠᠩ᠎ᠤᠨ ᠮᠠᠰᠢᠨᠴᠢ ᠵᠢ ᠪᠣᠯᠪᠠᠰᠤᠷᠠᠭᠤᠯᠬᠤ ᠵᠡᠷᠭᠡ ᠠᠵᠢᠯᠯᠠᠭ᠎ᠠ ᠵᠢ ᠥᠷᠨᠢᠭᠦᠯᠵᠦ᠂ ᠠᠵᠢᠯᠯᠠᠬᠤ ᠬᠢᠷᠢ ᠬᠡᠮᠵᠢᠶ᠎ᠡ᠎ᠪᠠᠨ ᠳᠡᠭᠡᠭᠰᠢᠯᠡᠭᠦᠯᠦᠨ᠂ ᠮᠠᠰᠢᠨ ᠵᠶ᠋ᠠᠷ ᠬᠤᠷᠢᠶᠠᠭᠰᠠᠨ᠎ᠤ ᠬᠤᠬᠢᠷᠠᠯ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠭ᠋ᠠᠰᠬᠠᠬᠤ ᠬᠡᠷᠡᠭᠲᠡᠢ᠃ ᠡᠭᠦᠨ᠎ᠤ ᠬᠠᠮᠲᠤ᠂ ᠠᠵᠤ ᠠᠬᠤᠶ᠋ᠢᠯᠠᠯ ᠬᠢᠭᠡᠳ ᠲᠠᠷᠢᠶᠠᠴᠢᠨ ᠡᠷᠦᠬᠡ ᠵᠢᠨ ᠲᠠᠷᠢᠶᠠᠯᠠᠩ ᠠᠵᠤ ᠠᠬᠤᠶ᠋ᠢᠯᠠᠯ᠎ᠤᠨ ᠠᠰᠢᠭ ᠲᠤᠰᠠ ᠵᠢᠨ ᠬᠤᠯᠪᠣᠯᠳᠤᠭᠰᠠᠨ ᠲᠣᠭᠲᠠᠭᠤᠨ ᠲᠣᠭᠲᠠᠴᠠ ᠵᠢ ᠪᠠᠶ᠋ᠢᠭᠤᠯᠬᠤ ᠵᠢ ᠵᠣᠷᠢᠭᠵᠢᠭᠤᠯᠵᠤ᠂ ᠵᠠᠬᠢᠶᠠᠯᠠᠭ᠎ᠠ ᠵᠢᠨ ᠲᠠᠷᠢᠮᠠᠯ᠎ᠢ ᠶᠡᠬᠡᠪᠡᠷ ᠬᠥᠭᠵᠢᠭᠦᠯᠵᠦ᠂ ᠪᠤᠭᠤᠳᠠᠢ ᠵᠢᠨ 《ᠳᠠᠷᠢᠬᠤ — ᠳᠠᠷᠢᠬᠤ — ᠬᠤᠷᠢᠶᠠᠬᠤ — ᠨᠥᠭᠡᠴᠡᠯᠡᠬᠦ — ᠨᠡᠮᠡᠬᠦ — ᠪᠣᠷᠣᠯᠠᠭᠤᠯᠬᠤ》 ᠪᠥᠬᠦ ᠠᠵᠤ ᠦᠢ᠍ᠯᠡᠰ᠎ᠤᠨ ᠬᠡᠯᠬᠢᠶ᠎ᠡ ᠵᠢᠨ ᠰᠢᠰᠲ᠋ᠧᠮᠵᠢ ᠵᠢ ᠪᠠᠶ᠋ᠢᠭᠤᠯᠵᠤ᠂ 《ᠪᠣᠷᠣᠳᠣᠬᠤᠢ ᠵᠢᠨ ᠪᠤᠭᠤᠳᠠᠢ》 ᠵᠢᠨ ᠠᠯᠲᠠᠨ ᠦᠰᠦᠭᠲᠦ ᠫᠠᠶ᠋ᠢᠰᠠ ᠵᠢ ᠠᠯᠳᠠᠷᠰᠢᠭᠤᠯᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠎ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃
ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ