ᠲᠥᠯᠥᠭᠡᠯᠡᠭᠴᠢ ᠸᠠᠩ ᡁᠢ ᠫᠢᠩ᠄ ᠡᠯᠡᠰᠦᠨ ᠰᠢᠭᠤᠷᠭ᠎ᠠ ᠵᠡᠭᠦᠨ ᠡᠮᠦᠨᠡᠰᠢ ᠲᠦᠷᠢᠬᠦ ᠵᠢ ᠬᠤᠷᠢᠭᠯᠠᠨ ᠵᠣᠭᠰᠣᠭ᠋ᠠᠵᠤ᠂ ᠬᠠᠲᠤᠨ ᠭᠤᠣᠯ᠎ᠤᠨ ᠲᠣᠬᠤᠢ ᠵᠢᠨ ᠨᠣᠭᠤᠭ᠋ᠠᠨ ᠥᠩᠭᠡ ᠵᠢ ᠬᠠᠮᠠᠭ᠋ᠠᠯᠠᠵᠤ᠂ ᠤᠮᠠᠷᠠᠲᠤ ᠬᠢᠯᠢ ᠵᠢᠨ 《ᠨᠣᠭᠤᠭ᠋ᠠᠨ ᠬᠡᠷᠡᠮ》᠎ᠢ ᠪᠠᠶ᠋ᠢᠭᠤᠯᠬᠤ᠎ᠳᠤ ᠨᠠᠩ ᠣᠯᠠᠨ ᠬᠦᠴᠦᠨ ᠴᠢᠳᠠᠯ ᠵᠶ᠋ᠠᠨ ᠡᠷᠭᠦᠨ᠎ᠡ
ᠨᠡᠶ᠋ᠢᠲᠡᠯᠡᠭᠰᠡᠨ ᠴᠠᠭ᠄ 2024-05-11
《ᠴᠦᠯᠯᠡᠷᠬᠡᠭᠵᠢᠯ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠵᠢ ᠴᠢᠩᠭ᠋ᠠᠳᠬᠠᠵᠤ᠂ 〈ᠤᠮᠠᠷᠠᠲᠤ ᠵᠢᠨ ᠭᠤᠷᠪᠠᠨ ᠣᠷᠣᠨ〉 ᠵᠡᠷᠭᠡ ᠭᠤᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠭᠦᠨᠵᠡᠭᠡᠢ ᠠᠬᠢᠭᠤᠯᠬᠤ᠎ᠨᠢ ᠮᠠᠨ᠎ᠤ ᠤᠯᠤᠰ᠎ᠤᠨ ᠠᠮᠢ ᠠᠬᠤᠢ ᠵᠢᠨ ᠠᠮᠤᠷ ᠲᠦᠪᠰᠢᠨ᠎ᠳᠤ ᠬᠤᠯᠪᠣᠭᠳᠠᠵᠤ᠂ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠎ᠳᠤ ᠬᠤᠯᠪᠣᠭᠳᠠᠵᠤ᠂ ᠳᠤᠮᠳᠠᠳᠤ ᠵᠢᠨ ᠦᠨᠳᠦᠰᠦᠲᠡᠨ᠎ᠤ ᠥᠨᠢᠳᠡ ᠵᠢᠨ ᠦᠷᠭᠦᠯᠵᠢᠯᠡᠬᠦ ᠬᠥᠭᠵᠢᠯᠲᠡ᠎ᠳᠤ ᠬᠤᠯᠪᠣᠭᠳᠠᠵᠤ᠂ ᠤᠳᠤ ᠦᠶ᠎ᠡ᠎ᠳᠤ ᠭᠠᠪᠢᠶ᠎ᠠ ᠪᠠᠶ᠋ᠢᠭᠤᠯᠵᠤ᠂ ᠥᠨᠢ ᠡᠭᠦᠷᠢᠳᠡ ᠠᠰᠢᠭ ᠬᠦᠷᠲᠡᠭᠡᠬᠦ ᠡᠷᠬᠢᠮ ᠳᠡᠭᠡᠳᠦ ᠦᠢ᠍ᠯᠡᠰ ᠪᠣᠯᠣᠨ᠎ᠠ》᠃ 2023 ᠣᠨ᠎ᠤ 6 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶᠠᠨᠨᠠᠭᠤᠷ ᠬᠤᠳᠠ᠎ᠳᠤ ᠴᠦᠯᠯᠡᠷᠭᠡᠭᠵᠢᠯ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠵᠢ ᠴᠢᠩᠭ᠋ᠠᠳᠬᠠᠬᠤ ᠪᠠ 《ᠤᠮᠠᠷᠠᠲᠤ ᠵᠢᠨ ᠭᠤᠷᠪᠠᠨ ᠣᠷᠣᠨ》 ᠵᠡᠷᠭᠡ ᠭᠤᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠵᠤ᠂ 《ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠰᠢᠨ᠎ᠡ ᠭᠠᠶ᠋ᠢᠬᠠᠮᠰᠢᠭ᠎ᠢ ᠴᠢᠷᠮᠠᠶ᠋ᠢᠨ ᠡᠭᠦᠳᠦᠶ᠎ᠡ》 ᠭᠡᠬᠦ ᠴᠠᠭ ᠦᠶ᠎ᠡ ᠵᠢᠨ ᠤᠷᠢᠶᠠᠯᠠᠭ᠎ᠠ ᠵᠢ ᠭᠠᠷᠭ᠋ᠠᠪᠠ᠃
《ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ ᠪᠣᠯ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠤᠯ᠎ᠳᠤ ᠲᠤᠰᠢᠶᠠᠭᠰᠠᠨ ᠲᠠᠪᠤᠨ ᠶᠡᠭᠡ ᠡᠭᠦᠷᠭᠡ ᠵᠢᠨ ᠨᠢᠭᠡ ᠪᠣᠯᠣᠨ᠎ᠠ᠂ ᠪᠢᠳᠡ ᠡᠷᠬᠡᠪᠰᠢ ᠠᠮᠢ ᠠᠬᠤᠢ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢ ᠬᠠᠮᠤᠭ᠎ᠤᠨ ᠲᠦᠷᠦᠭᠦᠨ᠎ᠳᠤ ᠲᠠᠯᠪᠢᠬᠤ ᠵᠢ ᠡᠷᠡᠰ ᠭᠤᠶ᠋ᠢᠪᠢᠰᠢ ᠦᠭᠡᠢ ᠪᠠᠷᠢᠮᠲᠠᠯᠠᠵᠤ᠂ ᠠᠮᠢ ᠠᠬᠤᠢ ᠵᠢᠨ ᠣᠷᠴᠢᠨ ᠲᠣᠭᠤᠷᠢᠨ᠎ᠤ ᠶᠡᠷᠦᠩᠬᠡᠶ᠋ᠢᠯᠡᠭᠰᠡᠨ ᠵᠠᠰᠠᠯᠲᠠ ᠵᠢ ᠪᠦᠬᠦ ᠣᠷᠣᠨ ᠪᠦᠰᠡ ᠪᠦᠬᠦ ᠬᠦᠴᠦᠨ ᠵᠦᠢ᠍ᠯ ᠪᠦᠬᠦ ᠶᠠᠪᠤᠴᠠ᠎ᠪᠠᠷ ᠴᠢᠩᠭ᠋ᠠᠳᠬᠠᠵᠤ᠂ ᠡᠬᠡ ᠤᠯᠤᠰ᠎ᠤᠨ ᠤᠮᠠᠷᠠᠲᠤ ᠵᠢᠨ ᠲᠦᠮᠡᠨ ᠭᠠᠵᠠᠷ᠎ᠤᠨ ᠨᠣᠭᠤᠭ᠋ᠠᠨ ᠬᠡᠷᠡᠮ᠎ᠢ ᠪᠠᠶ᠋ᠢᠭᠤᠯᠬᠤ᠎ᠳᠤ ᠨᠡᠩ ᠤᠯᠠᠨ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ》 ᠭᠡᠵᠦ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶᠠᠨᠨᠠᠭᠤᠷ ᠬᠤᠳᠠ ᠵᠢᠨ ᠳᠠᠷᠤᠭ᠎ᠠ ᠸᠠᠩ ᡁᠢ ᠫᠢᠩ ᠬᠡᠯᠡᠪᠡ᠃
ᠪᠠᠶᠠᠨᠨᠠᠭᠤᠷ ᠬᠤᠳᠠ ᠬᠠᠳᠤᠨ ᠭᠤᠣᠯ᠎ᠤᠨ ᠲᠣᠬᠤᠢ ᠵᠢᠨ ᠣᠷᠣᠢ᠎ᠳᠤ ᠪᠠᠶ᠋ᠢᠷᠢᠯᠠᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦᠨ᠎ᠤ ᠠᠮᠢ ᠠᠬᠤᠢ ᠵᠢᠨ ᠡᠯᠧᠮᠧᠨ᠋ᠲ ᠪᠦᠷᠢᠨ ᠭᠦᠢ᠍ᠴᠡᠳ᠂ ᠬᠠᠳᠤᠨ ᠭᠤᠣᠯ 333.5 ᠺᠢᠯᠣᠮᠧᠳ᠋ᠷ ᠤᠷᠤᠰ᠎ᠤᠨ ᠥᠩᠭᠡᠷᠡᠵᠦ᠂ ᠲᠠᠷᠢᠶᠠᠨ ᠭᠠᠵᠠᠷ 1370.2 ᠲᠦᠮᠡᠨ ᠮᠦ᠍᠎ᠳᠤ ᠬᠦᠷᠴᠦ᠂ ᠮᠠᠨ᠎ᠤ ᠤᠯᠤᠰ᠎ᠤᠨ ᠪᠠᠷᠠᠭᠤᠨ ᠬᠤᠶ᠋ᠢᠲᠤ ᠵᠢᠨ ᠰᠠᠯᠬᠢ ᠰᠢᠭᠤᠷᠭ᠋ᠠᠨ ᠵᠡᠭᠦᠨ ᠡᠮᠦᠨᠡᠰᠢ ᠲᠦᠷᠢᠬᠦ ᠵᠢ ᠬᠤᠷᠢᠭᠯᠠᠬᠤ ᠴᠢᠬᠤᠯᠠ ᠰᠡᠷᠭᠡᠶ᠋ᠢᠯᠡᠯᠲᠡ ᠵᠢᠨ ᠱᠤᠭᠤᠮ ᠪᠣᠯᠵᠤ᠂ ᠠᠮᠢ ᠠᠬᠤᠢ ᠵᠢᠨ ᠪᠠᠶ᠋ᠢᠷᠢ ᠰᠠᠭᠤᠷᠢ ᠲᠤᠶ᠋ᠢᠯ᠎ᠤᠨ ᠴᠢᠬᠤᠯᠠ ᠶᠤᠮ᠃
ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠪᠠᠶᠠᠨᠨᠠᠭᠤᠷ ᠬᠤᠲᠠ ᠨᠡᠶ᠋ᠢᠲᠡ 78.07 ᠳ᠋ᠦᠩᠰᠢᠭᠤᠷ ᠲᠥᠭᠦᠷᠢᠭ᠎ᠤᠨ ᠪᠡᠯᠡ ᠣᠷᠣᠭᠤᠯᠵᠤ᠂ 《ᠤᠮᠠᠷᠠᠲᠤ ᠵᠢᠨ ᠭᠤᠷᠪᠠᠨ ᠣᠷᠣᠨ》 ᠵᠢᠨ ᠬᠠᠯᠬᠠᠪᠴᠢ ᠤᠢ᠂ ᠲᠠᠷᠢᠶᠠᠯᠠᠬᠤ ᠵᠢ ᠵᠣᠭᠰᠣᠭ᠋ᠠᠵᠤ ᠤᠢ ᠰᠢᠭᠤᠢ ᠵᠢ ᠰᠡᠷᠭᠦᠭᠡᠬᠦ᠂ ᠪᠠᠶ᠋ᠢᠭ᠋ᠠᠯᠢ ᠵᠢᠨ ᠤᠢ ᠰᠢᠭᠤᠢ ᠵᠢ ᠬᠠᠮᠠᠭ᠋ᠠᠯᠠᠬᠤ᠂ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠤ ᠡᠬᠢ ᠵᠢ ᠵᠠᠰᠠᠬᠤ ᠵᠡᠷᠭᠡ ᠭᠤᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠢ ᠬᠡᠷᠡᠭᠵᠢᠭᠦᠯᠵᠦ᠂ ᠡᠯᠡᠰᠦᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠲᠠᠯᠠᠪᠠᠢ ᠵᠢ 1537 ᠲᠦᠮᠡᠨ ᠮᠦ᠍ ᠪᠡᠶᠡᠯᠡᠭᠦᠯᠵᠦ᠂ ᠲᠤᠶ᠋ᠢᠯ᠎ᠤᠨ ᠬᠦᠨᠳᠦ ᠬᠡᠮᠵᠢᠶᠡᠨ᠎ᠤ ᠡᠯᠡᠰᠦᠵᠢᠭᠰᠡᠨ ᠭᠠᠵᠠᠷ ᠰᠢᠷᠣᠢ ᠵᠢᠨ ᠲᠠᠯᠠᠪᠠᠢ ᠵᠢ 617.1 ᠲᠦᠮᠡᠨ ᠮᠦ᠍ ᠪᠠᠭ᠋ᠠᠰᠬᠠᠵᠤ᠂ ᠭᠠᠵᠠᠷ ᠰᠢᠷᠣᠢ ᠵᠢᠨ ᠡᠯᠡᠰᠦᠵᠢᠭᠰᠡᠨ ᠲᠠᠯᠠᠪᠠᠢ ᠪᠠ ᠬᠡᠮᠵᠢᠶ᠎ᠡ ᠵᠢ 《ᠬᠤᠶᠠᠷ ᠲᠠᠯ᠎ᠠ᠎ᠪᠠᠷ ᠪᠠᠭ᠋ᠠᠰᠬᠠᠵᠤ》᠂ ᠬᠥᠷᠥᠰᠥ ᠰᠢᠷᠣᠢ ᠵᠢᠨ ᠢᠳᠡᠭᠳᠡᠯ᠎ᠤᠨ ᠲᠠᠯᠠᠪᠠᠢ ᠵᠢ 7800 ᠲᠡᠭᠰᠢ ᠳᠥᠷᠪᠡᠯᠵᠢᠨ ᠺᠢᠯᠣᠮᠧᠳ᠋ᠷ ᠪᠠᠭ᠋ᠠᠰᠬᠠᠨ᠂ 《ᠡᠯᠡᠰᠦ᠎ᠨᠢ ᠤᠷᠤᠭᠰᠢᠯᠠᠵᠤ ᠬᠥᠮᠥᠨ᠎ᠨᠢ ᠪᠠᠭ᠋ᠠᠰᠴᠤ》 ᠪᠠᠶ᠋ᠢᠭᠰᠠᠨ᠎ᠠᠴᠠ᠎ᠪᠠᠨ 《ᠨᠣᠭᠤᠭ᠋ᠠᠷᠠᠭᠤᠯᠵᠤ ᠡᠯᠡᠰᠦ᠎ᠨᠢ ᠪᠠᠭ᠋ᠠᠰᠤᠭᠰᠠᠨ》 ᠲᠡᠦᠬᠡᠲᠦ ᠴᠢᠨᠠᠷᠲᠠᠢ ᠬᠤᠪᠢᠷᠠᠯᠲᠠ ᠵᠢ ᠪᠡᠶᠡᠯᠡᠭᠦᠯᠪᠡ᠃
ᠸᠠᠩ ᡁᠢ ᠫᠢᠩ᠎ᠤᠨ ᠲᠠᠨᠢᠯᠴᠠᠭᠤᠯᠤᠭᠰᠠᠨ ᠵᠶ᠋ᠠᠷ᠂ ᠪᠠᠶᠠᠨᠨᠠᠭᠤᠷ ᠬᠤᠲᠠ ᠬᠠᠲᠤᠨ ᠭᠤᠣᠯ᠎ᠤᠨ ᠲᠣᠬᠤᠢ ᠵᠢᠨ ᠪᠡᠷᠬᠡ ᠰᠡᠳᠦᠪ᠎ᠢ ᠰᠢᠢ᠍ᠳᠪᠦᠷᠢᠯᠡᠬᠦ ᠲᠡᠶ᠋ᠢᠨ᠎ᠢ ᠪᠥᠬᠦ ᠲᠠᠯ᠎ᠠ᠎ᠪᠠᠷ ᠡᠬᠢᠯᠡᠭᠦᠯᠵᠦ᠂ 2023 ᠣᠨ᠎ᠳᠤ 23.09 ᠲᠦᠮᠡᠨ ᠮᠦ᠍ ᠮᠣᠳᠣ ᠳᠠᠷᠢᠵᠤ᠂ 147.28 ᠲᠦᠮᠡᠨ ᠮᠦ᠍ ᠡᠪᠡᠰᠦ ᠳᠠᠷᠢᠵᠤ᠂ 46.1 ᠲᠦᠮᠡᠨ ᠮᠦ᠍ ᠡᠯᠡᠰᠦ ᠵᠢ ᠰᠡᠷᠭᠡᠶ᠋ᠢᠯᠡᠨ ᠵᠠᠰᠠᠵᠤ᠂ ᠤᠯᠠᠭ᠋ᠠᠨᠪᠤᠬ᠎ᠠ ᠵᠢᠨ ᠡᠯᠡᠰᠦ ᠵᠢ ᠶᠡᠷᠦᠩᠬᠡᠶ᠋ᠢᠯᠡᠨ ᠵᠠᠰᠠᠬᠤ ᠢᠨᠵᠧᠨᠧᠷᠢᠩ᠎ᠢ ᠪᠥᠬᠦ ᠤᠯᠤᠰ᠎ᠤᠨ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠨᠠᠭᠤᠷ ᠡᠪᠡᠰᠦ ᠡᠯᠡᠰᠦ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ᠎ᠤᠨ ᠰᠢᠯᠢᠳᠡᠭ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠪᠠᠷ ᠰᠣᠩᠭᠤᠭᠳᠠᠪᠠ᠃
《ᠠᠮᠢ ᠠᠬᠤᠢ ᠵᠢᠨ ᠵᠠᠰᠠᠯᠲᠠ ᠬᠠᠮᠠᠭ᠋ᠠᠯᠠᠯᠲᠠ᠎ᠨᠢ ᠤᠷᠲᠤ ᠬᠤᠭᠤᠴᠠᠭ᠋ᠠᠲᠤ ᠴᠢᠨᠠᠷ᠂ ᠨᠠᠷᠢᠨ ᠪᠤᠳᠤᠯᠢᠶᠠᠨᠲᠤ ᠴᠢᠨᠠᠷ ᠪᠠ ᠳᠠᠬᠢᠨ ᠳᠠᠪᠲᠠᠬᠤ ᠴᠢᠨᠠᠷᠲᠠᠢ ᠪᠠᠶ᠋ᠢᠵᠤ᠂ 〈ᠤᠮᠠᠷᠠᠲᠤ ᠵᠢᠨ ᠭᠤᠷᠪᠠᠨ ᠣᠷᠣᠨ〉 ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠰᠠᠶ᠋ᠢᠲᠤᠷ ᠠᠳᠬᠤᠬᠤ᠎ᠳᠤ ᠡᠷᠬᠡᠪᠰᠢ ᠠᠮᠢ ᠠᠬᠤᠢ ᠵᠢ ᠠᠵᠤ ᠦᠢ᠍ᠯᠡᠰᠵᠢᠭᠦᠯᠬᠦ᠂ ᠠᠵᠤ ᠦᠢ᠍ᠯᠡᠰ᠎ᠢ ᠠᠮᠢ ᠠᠬᠤᠶ᠋ᠢᠵᠢᠭᠤᠯᠬᠤ ᠵᠢ ᠪᠠᠷᠢᠮᠲᠠᠯᠠᠵᠤ᠂ ᠣᠶ᠋ᠢᠯᠠᠭ᠋ᠠᠭᠳᠠᠬᠤᠨ᠂ ᠵᠠᠭᠪᠤᠷ᠂ ᠲᠣᠭᠲᠠᠴᠠ ᠵᠡᠷᠭᠡ ᠲᠠᠯ᠎ᠠ᠎ᠪᠠᠷ ᠵᠣᠷᠢᠭᠲᠠᠢ᠎ᠪᠠᠷ ᠰᠢᠨ᠎ᠡ ᠵᠢ ᠡᠭᠦᠳᠴᠦ᠂ ᠲᠠᠩ ᠭᠠᠭᠴᠠ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ᠎ᠠᠴᠠ ᠰᠢᠰᠲ᠋ᠧᠮ᠎ᠲᠠᠢ ᠠᠪᠤᠴᠠᠯᠳᠤᠭᠰᠠᠨ ᠠᠮᠢ ᠠᠬᠤᠢ ᠵᠢ ᠵᠠᠰᠠᠬᠤ ᠪᠠ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠤᠪᠢᠷᠠᠯᠲᠠ ᠵᠢ ᠪᠡᠶᠡᠯᠡᠭᠦᠯᠵᠦ᠂ ᠠᠮᠢ ᠠᠬᠤᠢ ᠵᠢ ᠰᠡᠷᠭᠦᠭᠡᠬᠦ᠂ ᠡᠬᠢ ᠪᠠᠶᠠᠯᠢᠭ᠎ᠢ ᠨᠡᠭᠡᠭᠡᠬᠦ᠂ ᠠᠵᠤ ᠦᠢ᠍ᠯᠡᠰ᠎ᠢ ᠬᠥᠭᠵᠢᠭᠦᠯᠬᠦ᠂ ᠤᠯᠠᠨ ᠲᠦᠮᠡᠨ᠎ᠤ ᠣᠷᠣᠯᠭ᠎ᠠ ᠵᠢ ᠨᠡᠮᠡᠭᠳᠡᠭᠦᠯᠬᠦ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠰᠢᠨ᠎ᠡ ᠵᠠᠮ᠎ᠢ ᠰᠦᠪᠡᠭᠴᠢᠯᠡᠨ ᠨᠡᠭᠡᠭᠡᠬᠦ ᠬᠡᠷᠡᠭᠲᠡᠢ》 ᠭᠡᠵᠦ ᠸᠠᠩ ᡁᠢ ᠫᠢᠩ ᠬᠡᠯᠡᠪᠡ᠃
ᠣᠶ᠋ᠢᠯᠠᠭ᠋ᠠᠭᠰᠠᠨ ᠵᠶ᠋ᠠᠷ᠂ ᠪᠠᠶᠠᠨᠨᠠᠭᠤᠷ ᠬᠤᠳᠠ ᠵᠢᠨ᠎ᠬᠢᠨ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠪᠠ ᠡᠯᠡᠰᠦ ᠵᠢ ᠬᠠᠮᠢᠶᠠᠷᠴᠤ ᠡᠯᠡᠰᠦ ᠵᠢ ᠬᠡᠷᠡᠭᠯᠡᠬᠦ ᠵᠢ ᠨᠢᠭᠡᠳᠦᠯᠲᠡᠢ ᠲᠥᠯᠥᠪᠵᠢᠭᠦᠯᠵᠦ᠂ 《ᠭᠡᠷᠡᠯ ᠴᠡᠨᠡᠭ + ᠠᠮᠢ ᠠᠬᠤᠢ ᠵᠢᠨ ᠵᠠᠰᠠᠯᠲᠠ》 ᠵᠢᠨ ᠡᠯᠡᠰᠦ ᠵᠢ ᠵᠠᠰᠠᠬᠤ ᠵᠠᠭᠪᠤᠷ᠎ᠢ ᠢᠳᠡᠪᠬᠢᠲᠡᠢ ᠬᠡᠷᠡᠭᠵᠢᠭᠦᠯᠵᠦ᠂ ᠣᠷᠭ᠋ᠠᠨᠢᠭ ᠵᠶ᠋ᠠᠷ ᠲᠠᠷᠢᠵᠤ ᠲᠡᠵᠢᠭᠡᠨ ᠦᠷᠡᠵᠢᠭᠦᠯᠬᠦ᠂ ᠬᠢᠲᠠᠳ ᠡᠮ᠎ᠤᠨ ᠮᠠᠲ᠋ᠧᠷᠢᠶᠠᠯ ᠲᠠᠷᠢᠬᠤ ᠵᠡᠷᠭᠡ ᠠᠵᠤ ᠦᠢ᠍ᠯᠡᠰ᠎ᠢ ᠶᠡᠬᠡᠪᠡᠷ ᠬᠥᠭᠵᠢᠭᠦᠯᠵᠦ᠂ ᠰᠢᠨ᠎ᠡ ᠡᠨᠧᠷᠭᠢ ᠵᠢ ᠨᠡᠭᠡᠭᠡᠨ ᠬᠥᠭᠵᠢᠭᠦᠯᠬᠦ᠂ ᠠᠮᠢ ᠠᠬᠤᠢ ᠵᠢ ᠰᠡᠷᠭᠦᠭᠡᠬᠦ ᠪᠠ ᠠᠵᠤ ᠦᠢ᠍ᠯᠡᠰ᠎ᠤᠨ ᠬᠥᠭᠵᠢᠯᠲᠡ ᠵᠢᠨ 《ᠨᠢᠭᠡ ᠳᠡᠭᠡᠷ᠎ᠡ ᠭᠤᠷᠪᠠ ᠵᠢ ᠪᠦᠲᠦᠭᠡᠬᠦ》 ᠵᠢ ᠪᠡᠶᠡᠯᠡᠭᠦᠯᠵᠡᠢ᠃
ᠣᠶ᠋ᠢᠷ᠎ᠠ ᠵᠢᠨ ᠵᠢᠯ᠎ᠠᠴᠠ᠂ ᠪᠠᠶᠠᠨᠨᠠᠭᠤᠷ ᠬᠤᠳᠠ ᠵᠢᠨ᠎ᠬᠢᠨ ᠴᠡᠭ᠎ᠤᠨ ᠡᠬᠢ᠂ ᠤᠯᠠᠨ ᠡᠬᠢ᠂ ᠳᠣᠲᠣᠭ᠋ᠠᠳᠤ ᠢᠷᠡᠯᠲᠡ ᠵᠢ ᠵᠡᠷᠭᠡ᠎ᠪᠡᠷ ᠬᠥᠭᠵᠢᠭᠦᠯᠬᠦ ᠵᠢ ᠪᠠᠷᠢᠮᠲᠠᠯᠠᠵᠤ᠂ ᠨᠠᠭᠤᠷ᠂ ᠡᠷᠭᠢ᠂ ᠰᠠᠪᠠ ᠭᠠᠵᠠᠷ᠎ᠢ ᠨᠢᠭᠡᠳᠦᠯᠲᠡᠢ ᠲᠥᠯᠥᠪᠵᠢᠭᠦᠯᠦᠨ ᠵᠠᠰᠠᠵᠤ᠂ ᠦᠢ᠍ᠯᠡᠳᠪᠦᠷᠢᠯᠡᠯ᠂ ᠠᠮᠢᠳᠤᠷᠠᠯ᠂ ᠠᠮᠢ ᠠᠬᠤᠢ ᠵᠢ ᠵᠡᠷᠭᠡ᠎ᠪᠡᠷ ᠠᠳᠬᠤᠵᠤ᠂ ᠤᠯᠠᠭ᠋ᠠᠨᠰᠤᠬᠠᠢ ᠨᠠᠭᠤᠷ᠎ᠤᠨ ᠰᠠᠪᠠ ᠭᠠᠵᠠᠷ᠎ᠤᠨ ᠠᠭᠤᠯᠠ ᠤᠰᠤ ᠤᠢ ᠲᠠᠷᠢᠶ᠎ᠠ ᠨᠠᠭᠤᠷ ᠪᠦᠷᠢᠳᠦ ᠡᠪᠡᠰᠦ ᠪᠡᠯᠴᠢᠭᠡᠷ᠎ᠤᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠲᠤᠷᠰᠢᠯᠲᠠ ᠵᠢᠨ ᠢᠨᠵᠧᠨᠧᠷᠢᠩ᠎ᠳᠤ ᠲᠦᠰᠢᠭᠯᠡᠨ᠂ ᠤᠯᠠᠭ᠋ᠠᠨᠰᠤᠬᠠᠢ ᠨᠠᠭᠤᠷ᠎ᠤᠨ ᠪᠦᠬᠦ ᠰᠠᠪᠠ ᠭᠠᠵᠠᠷ᠎ᠤᠨ ᠪᠦᠬᠦ ᠡᠯᠧᠮᠧᠨ᠋ᠲ᠎ᠢ ᠶᠡᠷᠦᠩᠬᠡᠶ᠋ᠢᠯᠡᠨ ᠵᠠᠰᠠᠬᠤ ᠵᠢ ᠪᠦᠬᠦ ᠬᠦᠴᠦᠨ ᠵᠶ᠋ᠠᠷ ᠠᠬᠢᠭᠤᠯᠵᠤ᠂ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠤᠷᠢᠨ᠎ᠢ ᠦᠷᠭᠦᠯᠵᠢᠯᠡᠨ ᠰᠠᠶ᠋ᠢᠵᠢᠷᠠᠭᠤᠯᠪᠠ᠃
ᠸᠠᠩ ᡁᠢ ᠫᠢᠩ᠂ ᠪᠠᠶᠠᠨᠨᠠᠭᠤᠷ ᠬᠤᠳᠠ ᠵᠢᠨ ᠬᠠᠳᠤᠨ ᠭᠤᠣᠯ᠎ᠤᠨ ᠲᠣᠬᠤᠢ ᠵᠢᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠣᠯᠬᠤ᠎ᠪᠠᠷ ᠬᠦᠴᠦᠯᠡᠨ ᠴᠢᠷᠮᠠᠶ᠋ᠢᠵᠤ᠂ ᠰᠡᠳᠬᠢᠯ ᠲᠠᠯᠪᠢᠨ ᠵᠠᠰᠠᠵᠤ᠂ ᠨᠢᠮᠪᠠᠢ ᠬᠠᠮᠠᠭ᠋ᠠᠯᠠᠵᠤ᠂ ᠢᠮᠠᠭᠲᠠ ᠲᠤᠭᠤᠰᠢᠯᠠᠭᠤᠯᠵᠤ᠂ ᠥᠨᠢ ᠤᠳᠠᠭ᠋ᠠᠨ᠎ᠳᠠᠭᠠᠨ ᠭᠠᠪᠢᠶ᠎ᠠ ᠪᠠᠶ᠋ᠢᠭᠤᠯᠵᠤ᠂ ᠤᠯᠠᠭ᠋ᠠᠨᠰᠤᠬᠠᠢ ᠭᠡᠬᠦ ᠡᠨᠡᠬᠦ 《ᠪᠣᠭᠤᠮᠲᠠ ᠵᠢᠨ ᠭᠠᠳᠠᠨᠠᠬᠢ ᠬᠡᠷᠡᠯᠳᠦ ᠰᠤᠪᠤᠳ》᠎ᠢ ᠰᠠᠶ᠋ᠢᠲᠤᠷ ᠰᠠᠬᠢᠨ ᠬᠠᠮᠠᠭ᠋ᠠᠯᠠᠵᠤ᠂ ᠬᠠᠳᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠪᠣᠯᠪᠠᠰᠤᠨ᠎ᠤ ᠵᠢᠱ᠌ᠢᠶ᠎ᠡ ᠦᠵᠡᠭᠦᠯᠬᠦ ᠣᠷᠣᠨ᠂ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠭᠰᠠᠨ ᠵᠢᠱ᠌ᠢᠶ᠎ᠡ ᠦᠵᠡᠭᠦᠯᠬᠦ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠵᠤ᠂ ᠦᠷ᠎ᠡ ᠬᠤᠶ᠋ᠢᠴᠢᠰ᠎ᠲᠠᠭᠠᠨ ᠠᠭᠤᠯᠠ᠎ᠨᠢ ᠲᠤᠩᠭ᠋ᠠᠯᠠᠭ᠂ ᠤᠰᠤ᠎ᠨᠢ ᠲᠤᠩᠭ᠋ᠠᠯᠠᠭ᠂ ᠠᠭ᠋ᠠᠷ᠎ᠨᠢ ᠰᠢᠨ᠎ᠡ ᠦᠵᠡᠰᠬᠦᠯᠡᠩᠲᠦ ᠰᠠᠶ᠋ᠢᠬᠠᠨ ᠭᠡᠷ ᠣᠷᠣᠨ᠎ᠢ ᠦᠯᠡᠳᠡᠭᠡᠵᠦ ᠥᠭᠭᠦᠨ᠎ᠡ ᠭᠡᠵᠦ ᠬᠡᠯᠡᠪᠡ᠃
ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ