ᠲᠥᠯᠥᠭᠡᠯᠡᠭᠴᠢ ᠸᠠᠩ ᡁᠢ ᠫᠢᠩ᠄ ᠰᠠᠯᠬᠢ ᠡᠯᠡᠰᠦᠨ᠎ᠤ 《ᠬᠠᠮᠠᠭ᠋ᠠᠯᠠᠯᠲᠠ ᠵᠢᠨ ᠬᠤᠪᠴᠠᠰᠤ》 ᠵᠢ ᠨᠠᠩ ᠵᠤᠵᠠᠭ᠋ᠠᠨ ᠪᠣᠯᠭ᠋ᠠᠨ ᠴᠣᠭᠴᠠᠯᠠᠨ᠎ᠠ
ᠨᠡᠶ᠋ᠢᠲᠡᠯᠡᠭᠰᠡᠨ ᠴᠠᠭ᠄ 2024-05-11
《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠪᠠᠶ᠋ᠢᠷᠢᠯᠠᠭᠤᠯᠤᠯᠲᠠ ᠬᠢᠵᠦ᠂ ᠪᠢᠳᠡᠨ᠎ᠤ ᠬᠥᠬᠡ ᠠᠭᠤᠯᠠ ᠬᠥᠬᠡᠮᠳᠦᠭ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶ᠋ᠢᠯᠠᠭ᠋ᠠᠭᠳᠠᠬᠤᠨ᠎ᠢ ᠭᠦᠨᠵᠡᠭᠡᠢ ᠦᠢ᠍ᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠵᠢᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ᠎ᠳᠤ ᠭᠤᠣᠯᠳᠠᠯᠭ᠎ᠠ ᠵᠢ ᠲᠣᠳᠣᠷᠬᠠᠶ᠋ᠢᠯᠠᠵᠠᠢ》 ᠭᠡᠵᠦ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ᠂ ᠪᠠᠶᠠᠨᠨᠠᠭᠤᠷ ᠬᠤᠳᠠ ᠵᠢᠨ ᠳᠠᠷᠤᠭ᠎ᠠ ᠸᠠᠩ ᡁᠢ ᠫᠢᠩ ᠬᠡᠯᠡᠪᠡ᠃
ᠪᠠᠶᠠᠨᠨᠠᠭᠤᠷ ᠬᠠᠳᠤᠨ ᠭᠤᠣᠯ᠎ᠤᠨ ᠲᠣᠬᠤᠢ ᠵᠢᠨ ᠣᠷᠣᠢ᠎ᠳᠤ ᠪᠠᠶ᠋ᠢᠷᠢᠯᠠᠵᠤ᠂ ᠤᠯᠤᠰ᠎ᠤᠨ 《ᠭᠤᠷᠪᠠᠨ ᠣᠷᠣᠨ ᠲᠦᠷᠪᠡᠨ ᠪᠦᠰᠡ》 ᠵᠢᠨ ᠬᠠᠳᠤᠨ ᠭᠤᠣᠯ᠎ᠤᠨ ᠭᠤᠣᠯᠳᠠᠯᠭ᠎ᠠ᠎ᠲᠠᠢ ᠠᠮᠢ ᠠᠬᠤᠢ ᠵᠢᠨ ᠣᠷᠣᠨ ᠪᠣᠯᠣᠨ ᠤᠮᠠᠷᠠᠲᠤ ᠵᠢᠨ ᠡᠯᠡᠰᠦ ᠵᠢ ᠰᠡᠷᠭᠡᠶ᠋ᠢᠯᠡᠬᠦ ᠪᠦᠰᠡ᠎ᠳᠤ ᠪᠠᠶ᠋ᠢᠷᠢᠯᠠᠵᠤ᠂ ᠠᠮᠢ ᠠᠬᠤᠢ ᠵᠢᠨ ᠪᠠᠶ᠋ᠢᠷᠢ ᠰᠠᠭᠤᠷᠢ ᠲᠤᠶ᠋ᠢᠯ᠎ᠤᠨ ᠴᠢᠬᠤᠯᠠ ᠪᠠᠶ᠋ᠢᠳᠠᠭ᠃ ᠸᠠᠩ ᡁᠢ ᠫᠢᠩ᠄ 《ᠪᠢᠳᠡ ᠠᠮᠢ ᠠᠬᠤᠢ ᠵᠢᠨ ᠣᠷᠴᠢᠨ ᠨᠥᠬᠦᠴᠡᠯ᠎ᠤᠨ ᠬᠠᠮᠠᠭ᠋ᠠᠯᠠᠯᠲᠠ ᠵᠢ ᠡᠷᠡᠰ ᠭᠤᠶ᠋ᠢᠪᠢᠰᠢ ᠦᠭᠡᠢ᠎ᠪᠠᠷ ᠬᠠᠮᠤᠭ᠎ᠤᠨ ᠲᠡᠷᠢᠭᠦᠨ᠎ᠳᠤ ᠲᠠᠯᠪᠢᠵᠤ᠂ ᠪᠥᠬᠦ ᠭᠠᠵᠠᠷ ᠣᠷᠣᠨ ᠪᠥᠬᠦ ᠬᠦᠴᠦᠨ ᠵᠦᠢ᠍ᠯ ᠪᠥᠬᠦ ᠶᠠᠪᠤᠴᠠ᠎ᠳᠤ ᠠᠮᠢ ᠠᠬᠤᠢ ᠵᠢᠨ ᠣᠷᠴᠢᠨ ᠨᠥᠬᠦᠴᠡᠯ᠎ᠤᠨ ᠶᠡᠷᠦᠩᠬᠡᠶ᠋ᠢᠯᠡᠭᠰᠡᠨ ᠵᠠᠰᠠᠯᠲᠠ ᠵᠢ ᠴᠢᠩᠭ᠋ᠠᠳᠬᠠᠨ᠂ ᠬᠠᠲᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠪᠣᠯᠪᠠᠰᠤᠨ᠎ᠤ ᠵᠢᠱ᠌ᠢᠶ᠎ᠡ ᠦᠵᠡᠭᠦᠯᠬᠦ ᠣᠷᠣᠨ᠂ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠭᠰᠠᠨ ᠵᠢᠱ᠌ᠢᠶᠡᠴᠢ ᠣᠷᠣᠨ᠂ ᠠᠵᠤ ᠦᠢ᠍ᠯᠡᠰ᠎ᠤᠨ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ ᠬᠤᠰᠢᠭᠤᠴᠢ ᠣᠷᠣᠨ᠎ᠢ ᠲᠦᠷᠭᠡᠪᠴᠢᠯᠡᠨ ᠪᠦᠲᠦᠭᠡᠨ ᠪᠠᠶ᠋ᠢᠭᠤᠯᠤᠨ᠎ᠠ》 ᠭᠡᠵᠡᠢ᠃ ᠲᠡᠷᠡ᠂ ᠪᠠᠶᠠᠨᠨᠠᠭᠤᠷ ᠶᠡᠭᠡ ᠳᠠᠶ᠋ᠢᠯᠠᠯᠳᠤᠭ᠋ᠠᠨ᠎ᠤ ᠰᠦᠷ ᠵᠢᠪᠬᠤᠭ᠎ᠠ᠎ᠪᠠᠷ᠂ ᠭᠤᠣᠯ ᠬᠦᠴᠦᠨ᠎ᠤ ᠬᠤᠰᠢᠭᠤᠴᠢ ᠵᠢᠨ ᠳᠦᠷᠢ ᠪᠠᠶ᠋ᠢᠳᠠᠯ ᠵᠶ᠋ᠠᠷ ᠬᠠᠳᠤᠨ ᠭᠤᠣᠯ᠎ᠤᠨ ᠲᠣᠬᠤᠢ ᠵᠢᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠣᠯᠵᠤ᠂ ᠡᠯᠡᠰᠦ ᠵᠢ ᠰᠡᠷᠭᠡᠶ᠋ᠢᠯᠡᠨ ᠡᠯᠡᠰᠦ ᠵᠢ ᠵᠠᠰᠠᠬᠤ ᠪᠠ ᠰᠠᠯᠬᠢᠨ ᠴᠠᠬᠢᠯᠭ᠋ᠠᠨ ᠭᠡᠷᠡᠯ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠠᠳᠬᠤᠵᠤ᠂ ᠵᠢᠯ᠎ᠤᠨ ᠳᠣᠲᠣᠷ᠎ᠠ 300 ᠲᠦᠮᠡᠨ ᠮᠦ᠍ ᠤᠢ ᠰᠢᠭᠤᠢ ᠡᠪᠡᠰᠦᠨ᠎ᠤ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠵᠢ ᠪᠡᠶᠡᠯᠡᠭᠦᠯᠵᠦ᠂ ᠰᠠᠯᠬᠢ ᠡᠯᠡᠰᠦᠨ᠎ᠤ 《ᠬᠠᠮᠠᠭ᠋ᠠᠯᠠᠯᠲᠠ ᠵᠢᠨ ᠬᠤᠪᠴᠠᠰᠤ》 ᠵᠢ ᠨᠡᠩ ᠵᠤᠵᠠᠭ᠋ᠠᠨ ᠪᠣᠯᠭ᠋ᠠᠬᠤ᠎ᠪᠠᠷ ᠴᠢᠷᠮᠠᠶ᠋ᠢᠨ᠎ᠠ ᠭᠡᠵᠦ ᠬᠡᠯᠡᠪᠡ᠃
ᠠᠮᠢ ᠠᠬᠤᠢ ᠵᠢᠨ ᠣᠷᠴᠢᠨ ᠲᠣᠭᠤᠷᠢᠨ᠎ᠢ ᠵᠠᠰᠠᠬᠤ ᠳᠤᠮᠳᠠ ᠠᠵᠤ ᠦᠢ᠍ᠯᠡᠰ᠎ᠤᠨ ᠬᠥᠭᠵᠢᠯᠲᠡ ᠪᠣᠯᠣᠨ ᠤᠯᠠᠨ ᠲᠦᠮᠡᠨ᠎ᠤ ᠣᠷᠣᠯᠭ᠎ᠠ ᠵᠢᠨ ᠨᠡᠮᠡᠭᠳᠡᠯ᠎ᠢ ᠬᠡᠷᠬᠢᠨ ᠪᠡᠶᠡᠯᠡᠭᠦᠯᠬᠦ ᠪᠤᠢ? ᠸᠠᠩ ᡁᠢ ᠫᠢᠩ᠄ 《ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ ᠵᠶ᠋ᠠᠷ ᠴᠠᠬᠢᠯᠭ᠋ᠠᠨ ᠭᠠᠷᠭ᠋ᠠᠬᠤ ᠭᠡᠷᠡᠯ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠪᠡᠶᠡᠯᠡᠭᠦᠯᠬᠦ ᠠᠷᠭ᠎ᠠ ᠵᠠᠮ᠎ᠢ ᠨᠢᠭᠡᠨᠲᠡ ᠲᠣᠳᠣᠷᠬᠠᠶ᠋ᠢᠯᠠᠵᠠᠢ᠃ ᠡᠩ ᠲᠡᠷᠢᠭᠦᠨ᠎ᠳᠤ᠂ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠪᠠ ᠡᠯᠡᠰᠦ ᠵᠢ ᠬᠠᠮᠢᠶᠠᠷᠴᠤ ᠡᠯᠡᠰᠦ ᠵᠢ ᠬᠡᠷᠡᠭᠯᠡᠬᠦ ᠵᠢ ᠨᠢᠭᠡᠳᠦᠯᠲᠡᠢ ᠲᠥᠯᠥᠪᠯᠡᠵᠦ᠂ ᠡᠯᠡᠰᠦᠨ᠎ᠤ ᠭᠠᠮᠰᠢᠭ᠎ᠢ ᠰᠡᠷᠭᠡᠶ᠋ᠢᠯᠡᠬᠦ ᠮᠥᠷᠲᠡᠭᠡᠨ ᠪᠠᠰᠠ ᠡᠯᠡᠰᠦ ᠵᠢ ᠠᠰᠢᠭᠯᠠᠨ ᠤᠯᠠᠭ᠋ᠠᠨᠪᠤᠬ᠎ᠠ ᠡᠯᠡᠰᠦᠨ ᠴᠦᠯ᠎ᠤᠨ ᠵᠡᠭᠦᠨ ᠬᠤᠶ᠋ᠢᠲᠤ ᠬᠡᠰᠡᠭ᠎ᠤᠨ ᠰᠢᠨ᠎ᠡ ᠡᠨᠧᠷᠭᠢ ᠵᠢᠨ ᠰᠠᠭᠤᠷᠢᠨ ᠭᠠᠵᠠᠷ ᠵᠡᠷᠭᠡ ᠲᠦᠷᠦᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠬᠠᠪᠲᠠᠰᠤᠨ ᠳᠡᠭᠡᠷ᠎ᠡ ᠴᠠᠬᠢᠯᠭ᠋ᠠᠨ ᠭᠠᠷᠭ᠋ᠠᠬᠤ᠂ ᠬᠠᠪᠲᠠᠰᠤᠨ ᠳᠡᠭᠡᠷ᠎ᠡ ᠲᠠᠷᠢᠬᠤ᠂ ᠬᠠᠪᠲᠠᠰᠤᠨ ᠳᠣᠣᠷ᠎ᠠ ᠰᠡᠯᠪᠢᠨ ᠵᠠᠰᠠᠬᠤ ᠵᠢ ᠰᠢᠰᠲ᠋ᠧᠮ᠎ᠲᠠᠢ ᠠᠬᠢᠭᠤᠯᠵᠤ᠂ ᠨᠣᠭᠤᠭ᠋ᠠᠷᠠᠭᠤᠯᠤᠯᠲᠠ ᠵᠢ ᠨᠡᠮᠡᠭᠳᠡᠭᠦᠯᠬᠦ᠂ ᠡᠨᠧᠷᠭᠢ ᠵᠢ ᠨᠡᠮᠡᠭᠳᠡᠭᠦᠯᠬᠦ᠂ ᠣᠷᠣᠯᠭ᠎ᠠ ᠵᠢ ᠨᠡᠮᠡᠭᠳᠡᠭᠦᠯᠬᠦ ᠵᠢ ᠨᠢᠭᠡ ᠯᠡ ᠳᠡᠭᠡᠷ᠎ᠡ ᠤᠯᠠᠨ ᠠᠮᠵᠢᠯᠲᠠ ᠣᠯᠵᠤ᠂ ᠠᠮᠢ ᠠᠬᠤᠢ ᠵᠢ ᠰᠡᠷᠭᠦᠭᠡᠬᠦ᠂ ᠡᠬᠢ ᠪᠠᠶᠠᠯᠢᠭ᠎ᠢ ᠨᠡᠭᠡᠭᠡᠬᠦ᠂ ᠠᠵᠤ ᠦᠢ᠍ᠯᠡᠰ᠎ᠢ ᠬᠥᠭᠵᠢᠭᠦᠯᠬᠦ᠂ ᠤᠯᠠᠨ ᠲᠦᠮᠡᠨ᠎ᠤ ᠣᠷᠣᠯᠭ᠎ᠠ ᠵᠢ ᠨᠡᠮᠡᠭᠳᠡᠭᠦᠯᠬᠦ ᠵᠢ ᠤᠶᠠᠯᠳᠤᠭᠤᠯᠤᠭᠰᠠᠨ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠰᠢᠨ᠎ᠡ ᠵᠠᠮ᠎ᠢ ᠰᠦᠪᠡᠭᠴᠢᠯᠡᠨ ᠨᠡᠭᠡᠭᠡᠨ᠎ᠡ᠃ ᠳᠠᠷᠠᠭ᠋ᠠᠯᠠᠪᠠᠯ᠂ ᠬᠤᠵᠢᠷᠯᠢᠭ ᠭᠠᠵᠠᠷ᠎ᠤᠨ ᠣᠨᠴᠠᠯᠢᠭᠲᠤ ᠲᠠᠷᠢᠶᠠᠯᠠᠩ᠎ᠢ ᠬᠥᠭᠵᠢᠭᠦᠯᠬᠦ ᠡᠨᠡ ᠬᠦ᠌ ᠭᠤᠣᠯᠳᠠᠯᠭ᠎ᠠ ᠵᠢ ᠳᠣᠪᠤᠶ᠋ᠢᠯᠭ᠋ᠠᠵᠤ᠂ 〈ᠦᠷ᠎ᠡ ᠪᠣᠶ᠋ᠢᠵᠢᠭᠤᠯᠬᠤ〉 ᠪᠠ 〈ᠭᠠᠵᠠᠷ ᠰᠢᠷᠣᠢ ᠵᠢ ᠵᠠᠰᠠᠬᠤ〉 ᠬᠤᠶᠠᠷ ᠵᠠᠩᠭᠢᠯᠠᠭ᠎ᠠ ᠵᠢ ᠠᠳᠬᠤᠵᠤ᠂ ᠠᠮᠢ ᠠᠬᠤᠢ ᠪᠠ ᠦᠢ᠍ᠯᠡᠳᠪᠦᠷᠢᠯᠡᠬᠦ᠂ ᠵᠠᠰᠠᠬᠤ ᠪᠠ ᠠᠰᠢᠭᠯᠠᠬᠤ᠂ ᠣᠬᠤᠷ ᠬᠤᠭᠤᠴᠠᠭ᠎ᠠ ᠪᠠ ᠤᠷᠳᠤ ᠬᠤᠭᠤᠴᠠᠭ᠎ᠠ ᠵᠢ ᠵᠡᠷᠭᠡ᠎ᠪᠠᠷ ᠴᠢᠬᠤᠯᠠᠴᠢᠯᠠᠬᠤ ᠵᠢ ᠪᠠᠷᠢᠮᠲᠠᠯᠠᠨ᠂ ᠪᠦᠬᠦᠯᠢ ᠤᠰᠤᠯᠠᠯᠲᠠ ᠵᠢᠨ ᠣᠷᠣᠨ᠎ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠬᠤ ᠵᠢ ᠲᠦᠷᠭᠡᠪᠴᠢᠯᠡᠨ ᠬᠡᠷᠡᠭᠵᠢᠭᠦᠯᠵᠦ᠂ ᠤᠯᠤᠰ᠎ᠤᠨ ᠬᠤᠵᠢᠷᠯᠢᠭ ᠭᠠᠵᠠᠷ᠎ᠢ ᠰᠠᠶ᠋ᠢᠵᠢᠷᠠᠭᠤᠯᠤᠨ ᠶᠡᠷᠦᠩᠬᠡᠶ᠋ᠢᠯᠡᠨ ᠠᠰᠢᠭᠯᠠᠬᠤ ᠲᠤᠷᠰᠢᠯᠲᠠ ᠵᠢ ᠢᠳᠡᠪᠬᠢᠲᠡᠢ ᠲᠡᠮᠡᠴᠡᠨ ᠣᠯᠵᠤ᠂ ᠰᠠᠯᠬᠢ ᠵᠢ ᠬᠠᠯᠬᠠᠯᠠᠵᠤ ᠡᠯᠡᠰᠦ ᠵᠢ ᠲᠣᠭᠲᠠᠪᠤᠷᠢᠵᠢᠭᠤᠯᠬᠤ ᠴᠢᠳᠠᠪᠤᠷᠢ ᠵᠢ ᠲᠠᠰᠤᠷᠠᠯᠳᠠ ᠦᠭᠡᠢ ᠴᠢᠩᠭ᠋ᠠᠷᠠᠭᠤᠯᠵᠤ᠂ ᠲᠠᠷᠢᠶᠠᠯᠠᠩ᠎ᠤᠨ ᠶᠡᠷᠦᠩᠬᠡᠶ᠋ᠢᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠦᠨ᠎ᠡ》 ᠭᠡᠪᠡ᠃
ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ