ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠳᠡᠪᠢᠰᠬᠡᠷ ᠥᠩᠭᠡ ᠵᠢ ᠭᠦᠨ ᠪᠤᠯᠭ᠋ᠠᠵᠤ ᠡᠨᠧᠷᠭᠢ ᠵᠢᠨ ᠴᠢᠨᠠᠷ ᠰᠠᠢ᠌ᠲᠠᠢ ᠬᠥᠭᠵᠢᠯᠲᠡ ᠵᠢ ᠬᠦᠴᠦᠯᠡᠨ ᠠᠬᠢᠭᠤᠯᠤᠨ᠎ᠠ
ᠨᠡᠶ᠋ᠢᠲᠡᠯᠡᠭᠰᠡᠨ ᠴᠠᠭ᠄ 2024-05-14
— ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠲᠣᠪᠴᠢᠶᠠᠨ ᠳᠠᠷᠤᠭ᠎ᠠ ᠢᠦᠢ ᠬᠠᠢ ᠢᠦᠢ ᠵᠢ ᠰᠤᠷᠪᠤᠯᠵᠢᠯᠠᠭᠰᠠᠨ᠎ᠨᠢ
ᠣᠢ᠌ᠷ᠎ᠠ᠎ᠳᠤ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠂ ᠤᠯᠤᠰ᠎ᠤᠨ ᠡᠨᠧᠷᠭᠢ ᠵᠢᠨ ᠲᠣᠪᠴᠢᠶ᠎ᠠ ᠵᠡᠷᠭᠡ ᠵᠢᠷᠭᠤᠭ᠋ᠠᠨ ᠰᠠᠯᠠᠭ᠎ᠠ ᠮᠥᠴᠢᠷ ᠬᠠᠮᠲᠤᠷᠠᠨ 《ᠥᠪᠥᠷ ᠮᠣᠩᠭᠣᠯ᠎ᠤᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠢ᠌ᠲᠠᠢ ᠬᠥᠭᠵᠢᠯᠲᠡ ᠵᠢ ᠳᠡᠮᠵᠢᠬᠦ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ᠎ᠤᠨ ᠲᠤᠬᠠᠢ ᠮᠡᠳᠡᠭᠳᠡᠯ》 (ᠳᠣᠷᠣᠭᠰᠢ 《ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ ᠥᠪᠥᠷ ᠮᠣᠩᠭᠣᠯ᠎ᠤᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ᠎ᠪᠠᠷ ᠢᠯᠡ ᠲᠣᠳᠣ ᠣᠨᠴᠠᠯᠢᠭ ᠪᠤᠯᠭ᠋ᠠᠬᠰᠠᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠶᠡᠬᠡ᠎ᠪᠠᠷ ᠬᠥᠭᠵᠢᠭᠦᠯᠬᠦ ᠵᠢ ᠳᠡᠮᠵᠢᠵᠦ᠂ ᠥᠪᠥᠷ ᠮᠣᠩᠭᠣᠯ᠎ᠤᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠢ᠌ᠲᠠᠢ ᠬᠥᠭᠵᠢᠯᠲᠡ ᠵᠢ ᠴᠢᠨᠠᠭᠰᠢᠳᠠ ᠠᠬᠢᠭᠤᠯᠪᠠ᠃ 《ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ》 ᠵᠢ ᠬᠡᠷᠬᠢᠨ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠥᠪᠥᠷ ᠮᠣᠩᠭᠣᠯ᠎ᠤᠨ ᠡᠨᠧᠷᠭᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠤᠬᠠᠢ ᠰᠤᠷᠪᠤᠯᠵᠢᠯᠠᠬ᠍ᠴᠢ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ ᠳᠠᠷᠤᠭ᠎ᠠ ᠢᠦᠢ ᠬᠠᠢ ᠢᠦᠢ ᠵᠢ ᠰᠤᠷᠪᠤᠯᠵᠢᠯᠠᠪᠠ᠃
ᠢᠦᠢ ᠬᠠᠢ ᠢᠦᠢ᠂ 《ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ》᠎ᠨᠢ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠬᠤ ᠪᠠ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠠᠨᠠᠯ》᠎ᠢ ᠨᠠᠷᠢᠯᠢᠭᠵᠢᠭᠤᠯᠤᠨ ᠪᠣᠳᠠᠲᠠᠢ᠌ᠵᠢᠭᠤᠯᠬᠤ᠎ᠲᠠᠢ ᠨᠢᠭᠲᠠ ᠤᠶᠠᠯᠳᠤᠭᠤᠯᠤᠨ᠂ ᠣᠳᠣᠬᠠᠨ᠎ᠤ ᠥᠪᠥᠷ ᠮᠣᠩᠭᠣᠯ᠎ᠤᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠢ᠌ᠲᠠᠢ ᠬᠥᠭᠵᠢᠯᠲᠡ ᠵᠢᠨ ᠳᠤᠮᠳᠠ ᠲᠤᠯᠭ᠋ᠠᠷᠠᠵᠤ ᠪᠠᠢ᠌ᠭ᠎ᠠ ᠭᠣᠣᠯᠳᠠᠯᠭ᠎ᠠ᠎ᠲᠠᠢ ᠬᠦᠴᠢᠷ ᠠᠰᠠᠭᠤᠳᠠᠯ᠎ᠳᠤ ᠨᠠᠷᠢᠯᠢᠭ ᠣᠨᠣᠴᠠᠲᠠᠢ᠎ᠪᠠᠷ ᠠᠩᠬᠠᠷᠤᠯ ᠵᠶ᠋ᠠᠨ ᠲᠥᠪᠯᠡᠷᠡᠭᠦᠯᠵᠦ᠂ ᠥᠪᠥᠷ ᠮᠣᠩᠭᠣᠯ᠎ᠤᠨ ᠤᠯᠤᠰ᠎ᠤᠨ ᠰᠢᠨ᠎ᠡ ᠡᠨᠧᠷᠭᠢ ᠪᠣᠯᠣᠨ ᠲᠡᠷᠢᠭᠦᠨ᠎ᠤ ᠡᠨ᠋ᠸᠷᠭᠢ ᠵᠢᠨ ᠬᠣᠷᠣᠭᠳᠠᠯ ᠨᠢᠭᠲᠠᠷᠠᠭᠰᠠᠨ ᠭᠡᠯᠪᠡᠷᠢ ᠵᠢᠨ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠲᠥᠪᠯᠡᠷᠡᠭᠰᠡᠨ ᠣᠷᠣᠨ᠎ᠢ ᠪᠠᠢ᠌ᠭᠤᠯᠬᠤ ᠵᠢ ᠳᠡᠮᠵᠢᠬᠦ ᠵᠡᠷᠭᠡ ᠥᠪᠥᠷ ᠮᠣᠩᠭᠣᠯ᠎ᠤᠨ ᠪᠣᠳᠠᠲᠤ ᠪᠠᠢ᠌ᠳᠠᠯ᠎ᠳᠤ ᠨᠡᠢ᠌ᠴᠡᠬᠦ᠂ ᠬᠠᠨᠳᠤᠯᠭ᠋ᠠᠲᠤ ᠴᠢᠨᠠᠷ ᠪᠣᠯᠣᠨ ᠬᠡᠷᠡᠭᠵᠢᠭᠦᠯᠵᠦ ᠪᠣᠯᠬᠤᠢ᠌ᠴᠠ ᠴᠢᠨᠠᠷ ᠵᠶ᠋ᠠᠷ ᠴᠥᠮ ᠮᠠᠰᠢ ᠴᠢᠩᠭ᠎ᠠ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠳᠤᠷᠠᠳᠴᠤ᠂ ᠲᠤᠢ᠌ᠯ᠎ᠤᠨ ᠦᠨ᠎ᠡ ᠴᠡᠨ᠎ᠡ᠎ᠲᠠᠢ ᠪᠠᠢ᠌ᠵᠤ᠂ ᠥᠪᠥᠷ ᠮᠣᠩᠭᠣᠯ᠎ᠤᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠢ᠌ᠲᠠᠢ ᠬᠥᠭᠵᠢᠯᠲᠡ ᠵᠢ ᠭᠦᠨᠵᠡᠭᠡᠢ ᠠᠬᠢᠭᠤᠯᠬᠤ᠎ᠳᠤ ᠶᠡᠬᠡ ᠠᠰᠢᠭᠲᠠᠢ ᠪᠥᠭᠡᠳ ᠡᠨᠧᠷᠭᠢ ᠵᠢᠨ ᠴᠢᠨᠠᠷ ᠰᠠᠢ᠌ᠲᠠᠢ ᠬᠥᠭᠵᠢᠯᠲᠡ᠎ᠳᠤ ᠰᠢᠨ᠎ᠡ ᠬᠦᠴᠦᠷᠬᠡᠭ ᠶᠡᠬᠡ ᠬᠥᠳᠡᠯᠭᠡᠬᠦ ᠬᠦᠴᠦᠨ᠎ᠢ ᠣᠯᠭᠣᠵᠤ᠂ ᠰᠢᠨ᠎ᠡ ᠬᠣᠪᠣᠷ ᠨᠠᠨᠳᠢᠨ ᠠᠵᠠ ᠲᠣᠭᠢᠶᠠᠯ᠎ᠢ ᠬᠠᠩᠭ᠋ᠠᠭᠰᠠᠨ ᠪᠠᠢ᠌ᠨ᠎ᠠ ᠭᠡᠵᠦ ᠢᠯᠡᠳᠬᠡᠪᠡ᠃
《ᠥᠪᠥᠷ ᠮᠣᠩᠭᠣᠯ ᠤᠯᠤᠰ᠎ᠤᠨ ᠴᠢᠬᠤᠯᠠ ᠡᠨᠧᠷᠭᠢ ᠵᠢᠨ ᠰᠠᠭᠤᠷᠢᠨ ᠪᠣᠯᠤᠭᠰᠠᠨ᠎ᠤ ᠬᠤᠪᠢ᠎ᠳᠤ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ᠎ᠪᠠᠷ ᠢᠯᠡ ᠲᠣᠳᠣ ᠣᠨᠴᠠᠯᠢᠭ ᠪᠤᠯᠭ᠋ᠠᠬᠰᠠᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠶᠡᠬᠡ᠎ᠪᠠᠷ ᠬᠥᠭᠵᠢᠭᠦᠯᠵᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠡᠨᠧᠷᠭᠢ ᠵᠢᠨ ᠬᠦᠷᠢᠶᠡᠨ᠎ᠳᠤ ᠲᠣᠭᠲᠠᠪᠤᠷᠢᠵᠢᠭᠤᠯᠤᠭᠴᠢ᠂ ᠳᠠᠭ᠋ᠠᠭᠤᠯᠤᠭᠴᠢ᠂ ᠨᠠᠩ ᠴᠤ᠌ ᠤᠷᠢᠳ ᠵᠶ᠋ᠡᠷ ᠬᠡᠷᠡᠭᠵᠢᠭᠦᠯᠬᠦ ᠭᠠᠵᠠᠷ᠂ ᠵᠢᠱ᠌ᠢᠶ᠎ᠡ ᠦᠵᠡᠭᠦᠯᠭᠦ ᠭᠠᠵᠠᠷ ᠪᠣᠯᠣᠨ᠎ᠠ᠃ 〈ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ〉 ᠵᠢ ᠳᠠᠷᠤᠮᠠᠯᠯᠠᠨ ᠲᠠᠷᠬᠠᠭ᠋ᠠᠭᠰᠠᠨ᠎ᠤ ᠳᠠᠷᠠᠭ᠎ᠠ᠂ ᠪᠢᠳᠡ ᠲᠡᠷᠡ ᠳᠠᠷᠤᠢ᠎ᠳᠤ᠎ᠨᠢ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ᠎ᠢ ᠬᠤᠷᠠᠯᠳᠤᠭᠤᠯᠵᠤ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ》 ᠭᠡᠵᠦ ᠢᠦᠢ ᠬᠠᠢ ᠢᠦᠢ ᠬᠡᠯᠡᠪᠡ᠃ ᠲᠡᠷᠡ᠂ ᠳᠠᠷᠠᠭ᠋ᠠᠴᠢ ᠵᠢᠨ ᠠᠯᠬᠤᠮ᠎ᠳᠤ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠠᠵᠤ ᠦᠢ᠍ᠯᠡᠰ᠎ᠤᠨ ᠣᠨᠴᠠᠯᠢᠭᠲᠤ ᠳᠠᠪᠠᠭᠤᠯᠢᠭ᠎ᠲᠠᠭᠠᠨ ᠰᠠᠭᠤᠷᠢᠯᠠᠵᠤ᠂ ᠠᠵᠠ ᠲᠣᠭᠢᠶᠠᠯ᠎ᠢ ᠠᠮᠵᠢᠵᠤ᠂ ᠠᠴᠢ ᠡᠨᠡᠷᠢᠯ᠎ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ 《ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ》 ᠵᠢ ᠨᠠᠢ᠌ᠳᠠᠪᠤᠷᠢᠵᠢᠭᠤᠯᠤᠨ ᠪᠣᠳᠠᠲᠠᠢ᠌ᠵᠢᠭᠤᠯᠬᠤ ᠵᠢ ᠪᠦᠭᠦ ᠬᠦᠴᠦᠨ ᠵᠶ᠋ᠡᠷ ᠠᠬᠢᠭᠤᠯᠵᠤ᠂ ᠳᠣᠣᠷᠠᠬᠢ ᠬᠡᠳᠦᠨ ᠲᠠᠯ᠎ᠠ ᠵᠢᠨ ᠠᠵᠢᠯ᠎ᠢ ᠭᠣᠣᠯᠳᠠᠯᠭ᠎ᠠ᠎ᠲᠠᠢ ᠰᠠᠢ᠌ᠲᠤᠷ ᠬᠢᠨ᠎ᠡ᠃
— ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠦᠨ ᠨᠠᠢ᠌ᠳᠠᠪᠤᠷᠢᠵᠢᠭᠤᠯᠤᠨ᠎ᠠ᠃ 《ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ》᠎ᠳᠤ ᠳᠤᠷᠠᠳᠤᠭᠰᠠᠨ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠣᠨᠣᠪᠴᠢᠲᠠᠶ ᠣᠢ᠌ᠯᠠᠭ᠋ᠠᠨ ᠡᠵᠡᠮᠰᠢᠵᠦ᠂ ᠡᠭᠦᠷᠭᠡ ᠵᠢᠨ ᠪᠢᠴᠢᠭ᠂ ᠴᠠᠭ᠎ᠤᠨ ᠬᠦᠰᠦᠨᠦᠭᠲᠦ᠂ ᠪᠠᠷᠢᠯᠭ᠎ᠠ ᠵᠢᠨ ᠵᠢᠷᠤᠭ᠎ᠢ ᠵᠦᠢ᠍ᠯ ᠵᠤᠷᠪᠤᠰ ᠳᠠᠷᠠᠭ᠋ᠠᠯᠠᠨ ᠨᠠᠷᠢᠯᠢᠭᠵᠢᠭᠤᠯᠤᠨ ᠲᠣᠳᠣᠷᠬᠠᠢ᠌ᠯᠠᠨ᠎ᠠ᠃ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠥᠷᠯᠥᠭᠡ ᠦᠳᠡᠰᠢ ᠵᠢ ᠲᠡᠮᠡᠴᠡᠵᠦ ᠴᠢᠷᠮᠠᠢ᠌ᠨ ᠠᠵᠢᠯᠯᠠᠵᠤ᠂ 《ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ》 ᠢᠨᠵᠧᠨᠧᠷᠢᠩ᠎ᠢ ᠬᠡᠷᠡᠭᠵᠢᠭᠦᠯᠬᠦ᠎ᠲᠠᠢ ᠤᠶᠠᠯᠳᠤᠭᠤᠯᠤᠨ᠂ ᠬᠥᠳᠡᠯᠦᠩᠭᠦᠢ᠎ᠪᠠᠷ ᠬᠢᠨᠠᠨ ᠬᠡᠮᠵᠢᠬᠦ ᠪᠠ ᠲᠣᠭᠲᠠᠮᠠᠯ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠬᠦ ᠵᠢ ᠴᠢᠩᠭ᠋ᠠᠳᠬᠠᠵᠤ᠂ ᠡᠯ᠎ᠡ ᠵᠦᠢ᠍ᠯ᠎ᠤᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠦᠨᠡᠨ ᠬᠦ᠌ ᠭᠦᠢ᠍ᠴᠡᠳ ᠰᠠᠢ᠌ᠲᠤᠷ ᠬᠡᠷᠡᠭᠯᠡᠵᠦ᠂ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ ᠣᠨᠳᠣᠣᠰᠢᠭᠤᠯᠬᠤ ᠵᠢ ᠯᠠᠪᠳᠠᠭᠤᠨ ᠪᠠᠲᠤᠲᠠᠢ ᠰᠠᠢ᠌ᠲᠤᠷ ᠠᠳᠬᠤᠨ᠎ᠠ᠃
— ᠰᠢᠨ᠎ᠡ ᠡᠨᠧᠷᠭᠢ ᠵᠢᠨ ᠠᠵᠢᠯ᠎ᠢ ᠡᠷᠡᠰ ᠭᠤᠢ᠌ᠪᠢᠰᠢ ᠦᠭᠡᠢ᠎ᠪᠠᠷ ᠴᠢᠩᠭ᠎ᠠ ᠠᠳᠬᠤᠨ ᠲᠦᠷᠭᠡᠨ ᠥᠷᠨᠢᠭᠦᠯᠦᠨ᠎ᠡ᠃ ᠴᠠᠭ ᠬᠤᠭᠤᠴᠠᠭ᠋ᠠᠨ᠎ᠤ 《ᠴᠣᠩᠬᠣᠪᠴᠢ ᠬᠤᠭᠤᠴᠠᠭ᠎ᠠ》 ᠵᠢ ᠵᠠᠪᠳᠤᠨ ᠠᠳᠬᠤᠵᠤ᠂ ᠡᠨ᠋ᠸᠷᠭᠢ ᠲᠣᠣᠷ ᠳᠠᠭ᠋ᠠᠭ᠋ᠠᠴᠠ ᠨᠥᠭᠡᠴᠡ ᠵᠢᠨ ᠲᠥᠷᠥᠯ ᠵᠦᠢ᠍ᠯ᠎ᠤᠨ ᠲᠥᠯᠦᠪᠵᠢᠭᠦᠯᠭᠡ ᠪᠦᠲᠦᠭᠡᠨ ᠪᠠᠢ᠌ᠭᠤᠯᠤᠯᠲᠠ ᠵᠢ ᠨᠢᠭᠡ ᠴᠣᠭᠴᠠᠵᠢᠭᠤᠯᠤᠨ ᠠᠬᠢᠭᠤᠯᠤᠨ᠎ᠠ᠃ ᠰᠢᠨ᠎ᠡ ᠡᠨᠧᠷᠭᠢ ᠵᠢᠨ ᠲᠥᠯᠦᠪᠵᠢᠭᠦᠯᠭᠡ᠂ ᠪᠠᠢ᠌ᠷᠢᠰᠢᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠰᠢᠯᠢᠳᠡᠭᠵᠢᠭᠦᠯᠵᠦ᠂ 《ᠡᠯᠡᠰᠦ ᠭᠣᠪᠢ ᠴᠦᠯ》᠎ᠤᠨ ᠲᠣᠮᠣ ᠰᠠᠭᠤᠷᠢᠨ᠎ᠤ ᠲᠦᠷᠦᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠲᠦᠷᠭᠡᠳᠬᠡᠨ ᠠᠬᠢᠭᠤᠯᠵᠤ᠂ 《ᠭᠡᠷᠡᠯᠴᠢ ᠴᠡᠨᠡᠭ + ᠠᠮᠢ ᠠᠬᠤᠢ ᠵᠢᠨ ᠵᠠᠰᠠᠯᠲᠠ》 ᠵᠢᠨ ᠵᠠᠭᠪᠤᠷ᠎ᠢ ᠶᠡᠬᠡ᠎ᠪᠠᠷ ᠳᠡᠯᠭᠡᠷᠡᠭᠦᠯᠵᠦ᠂ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠲᠦᠷᠦᠯ ᠵᠦᠢ᠍ᠯ᠎ᠢ ᠮᠥᠷᠳᠡᠨ ᠲᠣᠬᠢᠷᠠᠭᠤᠯᠬᠤ ᠵᠢ ᠴᠢᠩᠭ᠋ᠠᠳᠬᠠᠵᠤ᠂ ᠨᠢᠭᠡᠨᠲᠡ ᠴᠣᠬᠣᠯᠠᠪᠤᠷᠢᠯᠠᠭᠰᠠᠨ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠤᠨ᠎ᠠ᠃ ᠵᠣᠬᠢᠰᠲᠠᠢ ᠤᠷᠢᠳᠴᠢᠯᠠᠭᠤᠯᠬᠤ᠂ ᠰᠢᠯᠢᠳᠡᠭᠵᠢᠭᠦᠯᠦᠨ ᠬᠦᠴᠦᠷᠬᠡᠭᠵᠢᠭᠦᠯᠬᠦ ᠵᠠᠷᠴᠢᠮ᠎ᠢ ᠪᠠᠷᠢᠮᠲᠠᠯᠠᠨ᠂ ᠲᠣᠣᠷ᠎ᠢ ᠬᠦᠴᠦᠷᠬᠡᠭᠵᠢᠭᠦᠯᠬᠦ᠂ ᠲᠣᠣᠷ᠎ᠢ ᠬᠣᠯᠪᠣᠬᠤ᠂ ᠭᠠᠳᠠᠭᠰᠢ ᠬᠦᠷᠭᠡᠬᠦ ᠢᠨᠵᠧᠨᠧᠷᠢᠩ᠎ᠤᠨ ᠰᠤᠳᠤᠯᠭ᠋ᠠᠨ᠎ᠤ ᠲᠥᠯᠦᠪᠵᠢᠭᠦᠯᠭᠡ ᠵᠢ ᠥᠷᠨᠢᠭᠦᠯᠦᠨ᠂ ᠨᠡᠮᠡᠭᠳᠡᠯ ᠴᠠᠭᠢᠯᠭ᠋ᠠᠨ ᠲᠣᠣᠷ᠎ᠢ ᠲᠣᠬᠢᠷᠠᠭᠤᠯᠬᠤ᠂ ᠵᠢᠵᠢᠭ ᠴᠠᠭᠢᠯᠭ᠋ᠠᠨ ᠲᠣᠣᠷ᠎ᠤᠨ ᠲᠥᠯᠦᠪᠵᠢᠭᠦᠯᠭᠡ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠭᠠᠳᠠᠭᠰᠢ ᠬᠦᠷᠭᠡᠬᠦ ᠵᠠᠮ ᠱᠤᠭᠤᠮ᠎ᠢ ᠲᠦᠷᠭᠡᠬᠡᠨ ᠬᠢᠨᠠᠨ ᠵᠥᠪᠰᠢᠶᠡᠷᠡᠬᠦ᠂ ᠡᠷᠲᠡᠬᠡᠨ ᠪᠦᠲᠦᠭᠡᠨ ᠪᠠᠢ᠌ᠭᠤᠯᠬᠤ᠎ᠪᠠᠷ ᠴᠢᠷᠮᠠᠢ᠌ᠵᠤ᠂ ᠨᠥᠭᠡᠴᠡ ᠴᠠᠭᠢᠯᠭ᠋ᠠᠨ ᠲᠣᠣᠷ᠎ᠤᠨ ᠢᠨᠵᠧᠨᠧᠷᠢᠩ᠎ᠤᠨ ᠲᠥᠷᠥᠯ ᠵᠦᠢ᠍ᠯ᠎ᠢ ᠱᠠᠯᠠᠪᠳᠠᠨ ᠪᠦᠲᠦᠭᠡᠨ ᠪᠠᠢ᠌ᠭᠤᠯᠵᠤ᠂ ᠨᠥᠭᠡᠴᠡ ᠬᠡᠮᠵᠢᠶ᠎ᠡ ᠵᠢ ᠭᠠᠳᠠᠭᠰᠢ ᠬᠦᠷᠭᠡᠬᠦ ᠵᠠᠮ ᠱᠤᠭᠤᠮ᠎ᠤᠨ ᠰᠢᠨ᠎ᠡ ᠡᠨᠧᠷᠭᠢ ᠬᠦᠷᠭᠡᠬᠦ ᠬᠡᠪᠴᠢᠶ᠎ᠡ ᠵᠢ ᠳᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷᠴᠢᠯᠡᠬᠦ ᠠᠷᠭ᠎ᠠ ᠮᠠᠶᠢᠭ ᠵᠶ᠋ᠠᠷ ᠳᠠᠮᠵᠢᠭᠤᠯᠤᠨ ᠰᠢᠨ᠎ᠡ ᠡᠨᠧᠷᠭᠢ ᠵᠢ ᠰᠢᠩᠭᠡᠬᠡᠨ ᠠᠪᠬᠤ ᠣᠷᠣᠨ ᠵᠠᠢ ᠵᠢ ᠥᠷᠭᠡᠳᠬᠡᠬᠦ ᠵᠢ ᠵᠣᠷᠢᠭᠵᠢᠭᠤᠯᠵᠤ᠂ ᠲᠡᠷᠢᠭᠦᠨ᠎ᠤ ᠡᠨᠧᠷᠭᠢ ᠵᠢᠨ ᠬᠣᠷᠣᠭᠳᠠᠭᠤᠯᠤᠯ ᠶᠡᠬᠡᠲᠡᠢ ᠲᠥᠷᠥᠯ ᠵᠦᠢ᠍ᠯ᠎ᠤᠨ ᠪᠣᠬᠢᠷᠳᠤᠯ ᠦᠭᠡᠢ ᠴᠠᠭᠢᠯᠭ᠋ᠠᠨ ᠵᠶ᠋ᠠᠷ ᠣᠷᠣᠯᠠᠭᠤᠯᠬᠤ ᠵᠢ ᠲᠦᠷᠭᠡᠳᠬᠡᠨ ᠳᠡᠯᠭᠡᠷᠡᠭᠦᠯᠦᠨ᠎ᠡ᠃ ᠰᠢᠨ᠎ᠡ ᠭᠡᠯᠪᠡᠷᠢ ᠵᠢᠨ ᠡᠨᠧᠷᠭᠢ ᠬᠠᠳᠠᠭ᠋ᠠᠯᠠᠬᠤ ᠵᠢᠱ᠌ᠢᠶ᠎ᠡ ᠦᠵᠡᠭᠦᠯᠭᠦ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ᠂ ᠪᠠᠢ᠌ᠷᠢᠰᠢᠭᠤᠯᠤᠯᠲᠠ ᠵᠢ ᠥᠷᠨᠢᠭᠦᠯᠵᠦ᠂ ᠤᠰᠤ ᠲᠠᠲᠠᠵᠤ ᠡᠨᠧᠷᠭᠢ ᠬᠠᠳᠠᠭ᠋ᠠᠯᠠᠬᠤ ᠲᠦᠷᠦᠯ ᠵᠦᠢ᠍ᠯ᠎ᠤᠨ ᠲᠥᠯᠦᠪᠵᠢᠭᠦᠯᠭᠡ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ᠎ᠡ᠃ ᠪᠦᠭᠦ ᠵᠢᠯ᠎ᠳᠤ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠬᠡᠪᠴᠢᠶ᠎ᠡ ᠵᠢ 4000 ᠲᠦᠮᠡᠨ ᠺᠢᠯᠣᠸᠠᠲ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠬᠦ ᠵᠢ ᠦᠨᠡᠨ ᠬᠦ᠌ ᠪᠠᠲᠤᠯᠠᠵᠤ᠂ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠬᠡᠪᠴᠢᠶ᠎ᠡ ᠵᠢ ᠢᠯᠴᠢ ᠵᠢᠨ ᠴᠠᠭᠢᠯᠭ᠋ᠠᠨ᠎ᠤ ᠮᠠᠰᠢᠨ ᠴᠣᠭᠴᠠᠯᠠᠪᠤᠷᠢ ᠵᠢᠨ ᠬᠡᠪᠴᠢᠶ᠎ᠡ᠎ᠠᠴᠠ ᠳᠠᠪᠠᠭᠤᠯᠬᠤ ᠬᠠᠷᠠᠯᠲᠠ ᠵᠢ ᠨᠢᠭᠡ ᠵᠢᠯ ᠤᠷᠢᠳᠴᠢᠯᠠᠨ ᠪᠡᠶᠡᠯᠡᠭᠦᠯᠦᠨ᠎ᠡ᠃
— ᠤᠯᠠᠮᠵᠢᠯᠠᠯᠲᠤ ᠡᠨᠧᠷᠭᠢ ᠵᠢᠨ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠤᠨ᠎ᠠ᠃ ᠤᠯᠠᠮᠵᠢᠯᠠᠯᠲᠤ ᠡᠨᠧᠷᠭᠢ ᠵᠢᠨ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ᠂ ᠪᠣᠬᠢᠷᠳᠤᠯ᠎ᠢ ᠪᠠᠭ᠋ᠠᠰᠬᠠᠬᠤ᠂ ᠨᠣᠭᠣᠭ᠋ᠠᠷᠠᠭᠤᠯᠤᠯᠲᠠ ᠵᠢ ᠥᠷᠭᠡᠳᠬᠡᠬᠦ᠂ ᠨᠡᠮᠡᠭᠳᠡᠭᠦᠯᠬᠦ ᠵᠢ ᠬᠠᠮᠵᠢᠯᠴᠠᠨ ᠠᠬᠢᠭᠤᠯᠤᠨ᠎ᠠ᠃ ᠪᠥᠭᠯᠡᠵᠦ ᠨᠡᠭᠡᠭᠡᠨ ᠮᠠᠯᠲᠠᠬᠤ᠂ ᠤᠰᠤ ᠬᠠᠮᠠᠭ᠋ᠠᠯᠠᠨ ᠨᠡᠭᠡᠭᠡᠨ ᠮᠠᠯᠲᠠᠬᠤ ᠵᠡᠷᠭᠡ ᠪᠣᠬᠢᠷᠳᠤᠯ ᠦᠭᠡᠢ ᠨᠡᠭᠡᠭᠡᠨ ᠮᠠᠯᠲᠠᠬᠤ ᠮᠡᠷᠭᠡᠵᠢᠯ᠎ᠢ ᠢᠳᠡᠪᠬᠢᠲᠡᠢ᠎ᠪᠠᠷ ᠳᠡᠯᠭᠡᠷᠡᠭᠦᠯᠵᠦ᠂ ᠨᠡᠭᠦᠷᠡᠰᠦᠨ᠎ᠤ ᠲᠡᠷᠢᠭᠦᠨ᠎ᠤ ᠦᠢ᠍ᠯᠡᠳᠪᠦᠷᠢᠯᠡᠬᠦ ᠴᠢᠳᠠᠪᠤᠷᠢ ᠵᠢ ᠡᠮᠬᠢ ᠵᠢᠷᠤᠮ᠎ᠲᠠᠢ᠎ᠪᠠᠷ ᠪᠠᠳᠠᠷᠠᠭᠤᠯᠵᠤ᠂ ᠨᠡᠭᠦᠷᠡᠰᠦᠨ᠎ᠤ ᠭᠠᠷᠤᠯᠲᠠ ᠵᠢ 12 ᠳ᠋ᠦᠩᠰᠢᠭᠤᠷ ᠲᠣᠨ ᠣᠷᠴᠢᠮ᠎ᠳᠤ ᠲᠣᠭᠲᠠᠪᠤᠷᠢᠵᠢᠭᠤᠯᠤᠨ᠎ᠠ᠃ ᠨᠡᠭᠦᠷᠡᠰᠦᠨ ᠠᠭᠤᠷᠬᠠᠢ ᠵᠢᠨ ᠪᠣᠬᠢᠷᠳᠤᠯ᠎ᠢ ᠵᠠᠰᠠᠬᠤ ᠪᠠ ᠠᠮᠢ ᠠᠬᠤᠢ ᠵᠢ ᠵᠠᠰᠠᠨ ᠰᠡᠷᠭᠦᠭᠡᠬᠦ ᠠᠵᠢᠯ᠎ᠢ ᠬᠠᠮᠵᠢᠯᠴᠠᠨ ᠥᠷᠨᠢᠭᠦᠯᠵᠦ᠂ 2025 ᠣᠨ᠎ᠤ ᠵᠢᠯ᠎ᠤᠨ ᠡᠴᠦᠰ᠎ᠠᠴᠠ ᠡᠮᠦᠨ᠎ᠡ ᠪᠦᠭᠦ ᠨᠡᠭᠦᠷᠡᠰᠦᠨ ᠠᠭᠤᠷᠬᠠᠢ ᠵᠢᠨ ᠮᠠᠯᠲᠠᠵᠤ ᠬᠥᠨᠳᠡᠢ᠌ᠷᠡᠭᠦᠯᠦᠭᠰᠡᠨ ᠣᠷᠣᠨ᠎ᠤ ᠭᠠᠮᠰᠢᠭ ᠬᠣᠬᠢᠷᠠᠯ᠎ᠢ ᠵᠠᠰᠠᠬᠤ ᠲᠥᠷᠥᠯ ᠵᠦᠢ᠍ᠯ᠎ᠢ ᠪᠡᠶᠡᠯᠡᠭᠦᠯᠬᠦ᠎ᠪᠠᠷ ᠴᠢᠷᠮᠠᠢ᠌ᠵᠤ᠂ ᠪᠣᠬᠢᠷᠳᠤᠯ ᠦᠭᠡᠢ ᠠᠭᠤᠷᠬᠠᠢ ᠵᠢ ᠪᠦᠭᠦᠨ᠎ᠢ ᠬᠠᠮᠤᠷᠬᠤ ᠵᠢ ᠪᠡᠶᠡᠯᠡᠭᠦᠯᠦᠨ᠎ᠡ᠃ ᠨᠡᠭᠦᠷᠡᠰᠦ ᠴᠠᠭᠢᠯᠭ᠋ᠠᠨ᠎ᠤ ᠪᠠᠭ᠎ᠠ ᠨᠡᠭᠦᠷᠡᠰᠦᠲᠥ᠋ᠷᠥᠭᠴᠢᠲᠦ ᠵᠢᠱ᠌ᠢᠶ᠎ᠡ ᠦᠵᠡᠭᠦᠯᠭᠦ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠥᠷᠨᠢᠭᠦᠯᠵᠦ᠂ ᠨᠡᠭᠦᠷᠡᠰᠦ ᠴᠠᠭᠢᠯᠭ᠋ᠠᠨ᠎ᠤ 《ᠭᠤᠷᠪᠠᠨ ᠥᠭᠡᠷᠡᠴᠢᠯᠡᠯᠲᠡ ᠵᠢᠨ ᠬᠣᠯᠪᠤᠭ᠋ᠠᠯᠠᠨ ᠬᠥᠳᠡᠯᠦᠯᠴᠡᠬᠦ》 ᠵᠢ ᠦᠷᠭᠦᠯᠵᠢᠯᠡᠨ ᠠᠬᠢᠭᠤᠯᠵᠤ᠂ ᠨᠡᠭᠦᠷᠡᠰᠦ ᠴᠠᠭᠢᠯᠭ᠋ᠠᠨ᠎ᠤ ᠴᠠᠭᠢᠯᠭ᠋ᠠᠨ ᠬᠠᠩᠭ᠋ᠠᠬᠤ ᠪᠠᠷᠢᠮᠵᠢᠶ᠎ᠠ ᠵᠢᠨ ᠨᠡᠭᠦᠷᠡᠰᠦᠨ᠎ᠤ ᠬᠣᠷᠣᠭᠳᠠᠭᠤᠯᠤᠯ᠎ᠢ ᠦᠷᠭᠦᠯᠵᠢᠯᠡᠨ ᠪᠠᠭᠤᠷᠠᠭᠤᠯᠵᠤ᠂ 《ᠴᠡᠪᠡᠷ ᠳᠤᠯᠠᠭ᠋ᠠᠯᠠᠭ᠎ᠠ》 ᠵᠢᠨ ᠢᠨᠵᠧᠨᠧᠷᠢᠩ᠎ᠢ ᠬᠡᠷᠡᠭᠵᠢᠭᠦᠯᠬᠦ᠎ᠳᠤ ᠴᠡᠪᠡᠷ᠂ ᠨᠠᠢ᠌ᠳᠠᠪᠤᠷᠢᠲᠠᠢ ᠡᠨᠧᠷᠭᠢ ᠵᠢᠨ ᠪᠠᠲᠤᠯᠠᠭ᠎ᠠ ᠵᠢ ᠬᠠᠩᠭ᠋ᠠᠨ᠎ᠠ᠃ ᠤᠯᠠᠮᠵᠢᠯᠠᠯᠲᠤ ᠴᠢᠯᠠᠭᠤᠨ ᠲᠣᠰᠣᠨ᠎ᠤ ᠠᠭᠤᠷᠬᠠᠢ ᠵᠢᠨ ᠭᠠᠷᠤᠯᠲᠠ ᠵᠢ ᠨᠡᠮᠡᠭᠳᠡᠭᠦᠯᠬᠦ᠂ ᠰᠢᠲᠠᠮᠠᠬᠠᠢ ᠬᠡᠢ ᠵᠢᠨ ᠠᠭᠤᠷᠬᠠᠢ ᠵᠢᠨ ᠭᠠᠷᠤᠯᠲᠠ ᠵᠢ ᠲᠣᠭᠲᠠᠪᠤᠷᠢᠵᠢᠭᠤᠯᠬᠤ ᠵᠢ ᠠᠬᠢᠭᠤᠯᠵᠤ᠂ ᠨᠡᠭᠦᠷᠡᠰᠦᠨ ᠳᠠᠪᠬᠤᠷᠭ᠎ᠠ ᠵᠢᠨ ᠬᠡᠢ ᠵᠢ ᠨᠡᠭᠡᠭᠡᠨ ᠠᠰᠢᠭᠯᠠᠬᠤ ᠵᠢ ᠳᠡᠮᠵᠢᠵᠦ᠂ ᠨᠡᠭᠦᠷᠡᠰᠦ᠎ᠪᠠᠷ ᠰᠢᠲᠠᠮᠠᠬᠠᠢ ᠬᠡᠢ ᠦᠢ᠍ᠯᠡᠳᠬᠦ ᠵᠡᠷᠭᠡ ᠲᠥᠷᠥᠯ ᠵᠦᠢ᠍ᠯ᠎ᠢ ᠲᠥᠪᠯᠡᠷᠡᠭᠦᠯᠦᠨ ᠪᠠᠢ᠌ᠷᠢᠰᠢᠭᠤᠯᠵᠤ᠂ ᠰᠢᠲᠠᠮᠠᠬᠠᠢ ᠬᠡᠢ ᠵᠢ ᠬᠠᠢ᠌ᠨ ᠰᠢᠨᠵᠢᠯᠡᠵᠦ ᠨᠡᠭᠡᠭᠡᠨ ᠬᠥᠭᠵᠢᠭᠦᠯᠬᠦ ᠬᠢᠭᠡᠳ ᠰᠢᠨ᠎ᠡ ᠡᠨᠧᠷᠭᠢ ᠵᠢᠨ ᠭᠦᠨᠵᠡᠭᠡᠢ ᠠᠭᠤᠰᠤᠯᠴᠠᠨ ᠬᠥᠭᠵᠢᠬᠦ ᠵᠢ ᠠᠬᠢᠭᠤᠯᠵᠤ᠂ 《ᠰᠢᠲᠠᠮᠠᠬᠠᠢ ᠬᠡᠢ ᠵᠢ ᠨᠡᠢ᠌ᠳᠡᠮ ᠬᠡᠷᠡᠭᠯᠡᠭᠰᠡᠨ ᠥᠪᠥᠷ ᠮᠣᠩᠭᠣᠯ》᠎ᠤᠨ ᠢᠨᠵᠧᠨᠧᠷᠢᠩ᠎ᠢ ᠬᠡᠷᠡᠭᠵᠢᠭᠦᠯᠬᠦ ᠵᠢ ᠭᠦᠨᠵᠡᠭᠡᠢ᠌ᠷᠡᠭᠦᠯᠦᠨ᠎ᠡ᠃ ᠨᠡᠭᠦᠷᠡᠰᠦᠨ ᠠᠭᠤᠷᠬᠠᠢ ᠵᠢᠨ ᠣᠶᠤᠨᠴᠢᠯᠠᠭᠰᠠᠨ᠂ ᠲᠣᠭ᠋ᠠᠴᠢᠯᠠᠭᠰᠠᠨ ᠴᠠᠭᠢᠯᠭ᠋ᠠᠨ ᠦᠢ᠍ᠯᠡᠳᠪᠦᠷᠢ᠂ ᠣᠶᠤᠨᠴᠢᠯᠠᠭᠰᠠᠨ ᠴᠠᠭᠢᠯᠭ᠋ᠠᠨ ᠲᠣᠣᠷ ᠵᠡᠷᠭᠡ ᠰᠠᠭᠤᠷᠢ ᠲᠥᠬᠦᠭᠡᠷᠦᠮᠵᠢ ᠵᠢᠨ ᠣᠶᠤᠨᠴᠢᠯᠠᠭᠰᠠᠨ ᠪᠦᠲᠦᠭᠡᠨ ᠪᠠᠢ᠌ᠭᠤᠯᠤᠯᠲᠠ ᠵᠢᠨ ᠥᠭᠡᠷᠡᠴᠢᠯᠡᠯᠲᠡ ᠵᠢ ᠲᠦᠷᠭᠡᠳᠬᠡᠵᠦ᠂ ᠲᠣᠭ᠋ᠠᠴᠢᠯᠠᠭᠰᠠᠨ ᠪᠣᠬᠢᠷᠳᠤᠯ ᠦᠭᠡᠢ᠎ᠪᠠᠷ ᠬᠠᠮᠵᠢᠯᠴᠠᠨ ᠭᠡᠯᠪᠡᠷᠢ᠎ᠪᠠᠨ ᠬᠤᠪᠢᠷᠠᠭᠤᠯᠤᠨ ᠬᠥᠭᠵᠢᠬᠦ ᠵᠢ ᠠᠬᠢᠭᠤᠯᠤᠨ᠎ᠠ᠃
— ᠡᠨᠧᠷᠭᠢ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠦᠨ ᠬᠡᠷᠡᠭᠯᠡᠬᠦ ᠵᠢ ᠴᠢᠩᠭ᠋ᠠᠳᠬᠠᠨ᠎ᠠ᠃ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠨᠡᠩ ᠲᠣᠪᠣᠢ᠌ᠮ᠎ᠠ ᠪᠠᠢ᠌ᠷᠢᠨ᠎ᠳᠤ ᠲᠠᠯᠪᠢᠵᠤ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠡᠨᠧᠷᠭᠢ ᠵᠢᠨ ᠠᠵᠤ ᠦᠢ᠍ᠯᠡᠰ᠎ᠤᠨ ᠰᠢᠨ᠎ᠡ ᠵᠢ ᠡᠭᠦᠳᠬᠦ ᠪᠠ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠢ᠌ᠰᠢ ᠭᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ ᠠᠬᠢᠭᠤᠯᠤᠨ᠎ᠠ᠃ ᠡᠨᠧᠷᠭᠢ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠬᠡᠷᠡᠭᠴᠡᠭᠡ ᠪᠠ ᠦᠵᠡᠭᠳᠡᠯ ᠲᠠᠯᠠᠪᠤᠷ ᠵᠶ᠋ᠠᠷ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠵᠤ᠂ ᠳᠡᠯᠡᠬᠡᠢ ᠵᠢᠨ ᠡᠨᠧᠷᠭᠢ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠣᠰᠢᠭᠤᠷᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠳᠡᠯᠡᠬᠡᠢ ᠵᠢᠨ ᠲᠡᠷᠢᠭᠦᠨ᠎ᠤ ᠪᠠᠷᠢᠮᠵᠢᠶ᠎ᠠ᠎ᠲᠠᠢ ᠬᠠᠷᠭᠤᠭᠤᠯᠵᠤ᠂ ᠭᠣᠣᠯᠯᠠᠬᠤ ᠮᠡᠷᠭᠡᠵᠢᠯ᠎ᠤᠨ ᠪᠣᠭᠣᠮᠲᠠ ᠰᠢᠪᠲᠤᠯᠬᠤ ᠵᠢ ᠲᠦᠷᠭᠡᠳᠬᠡᠵᠦ᠂ ᠡᠨᠧᠷᠭᠢ ᠵᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠨᠢᠭᠡ ᠪᠦᠯᠦᠭ ᠲᠡᠷᠢᠭᠦᠨ᠎ᠤ ᠮᠡᠷᠭᠡᠵᠢᠯ᠎ᠤᠨ ᠵᠢᠱ᠌ᠢᠶ᠎ᠡ ᠦᠵᠡᠭᠦᠯᠭᠦ ᠢᠨᠵᠧᠨᠧᠷᠢᠩ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠣᠨᠣᠭᠯᠠᠯ᠎ᠤᠨ ᠴᠢᠬᠤᠯᠠ ᠶᠡᠬᠡ ᠲᠦᠷᠦᠯ ᠵᠦᠢ᠍ᠯ ᠪᠠ ᠠᠩᠬᠠᠳᠠᠭᠴᠢ ᠵᠢᠱ᠌ᠢᠶ᠎ᠡ ᠦᠵᠡᠭᠦᠯᠭᠦ ᠲᠦᠷᠦᠯ ᠵᠦᠢ᠍ᠯ᠎ᠢ ᠬᠡᠷᠡᠭᠵᠢᠭᠦᠯᠦᠨ᠎ᠡ᠃ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠨᠡᠪᠴᠢᠭᠦᠯᠦᠨ ᠪᠣᠢ᠌ᠵᠢᠭᠤᠯᠬᠤ ᠰᠢᠰᠲ᠋ᠧᠮ᠎ᠢ ᠲᠡᠭᠦᠯᠳᠡᠷᠵᠢᠭᠦᠯᠵᠦ᠂ ᠨᠥᠬᠥᠪᠦᠷᠢ᠂ ᠭᠠᠢ᠌ᠯᠢ ᠵᠡᠷᠭᠡ ᠳᠡᠮᠵᠢᠯᠭᠡ ᠵᠢᠨ ᠴᠢᠨᠠᠷᠲᠠᠢ ᠲᠥᠷᠥ ᠵᠢᠨ ᠪᠣᠳᠣᠯᠭ᠎ᠠ ᠵᠢ ᠰᠠᠢ᠌ᠲᠤᠷ ᠬᠡᠷᠡᠭᠯᠡᠨ᠂ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠤᠷᠢᠳ ᠵᠶ᠋ᠡᠷ ᠨᠠᠢ᠌ᠳᠠᠪᠤᠷᠢᠵᠢᠭᠤᠯᠤᠨ ᠬᠡᠷᠡᠭᠯᠡᠬᠦ ᠵᠢ ᠵᠣᠷᠢᠭᠵᠢᠭᠤᠯᠤᠨ᠎ᠠ᠃ ᠬᠤᠸᠠᠢ ᠷᠧᠦ ᠲᠤᠷᠰᠢᠯᠲᠠ ᠵᠢᠨ ᠲᠠᠰᠤᠭ᠎ᠤᠨ ᠥᠪᠥᠷ ᠮᠣᠩᠭᠣᠯ᠎ᠤᠨ ᠰᠠᠭᠤᠷᠢᠨ᠂ ᠳᠠᠯᠠᠨ ᠬᠠᠷ᠎ᠠ ᠠᠭᠤᠯᠠ ᠵᠢᠨ ᠲᠤᠷᠰᠢᠯᠲᠠ ᠵᠢᠨ ᠲᠠᠰᠤᠭ᠎ᠤᠨ ᠪᠦᠲᠦᠭᠡᠨ ᠪᠠᠢ᠌ᠭᠤᠯᠤᠯᠲᠠ᠎ᠳᠤ ᠭᠦᠨᠵᠡᠭᠡᠢ ᠣᠷᠣᠯᠴᠠᠵᠤ᠂ ᠣᠯᠠᠨ ᠵᠦᠢ᠍ᠯ᠎ᠤᠨ ᠭᠡᠯᠪᠡᠷᠢ᠂ ᠨᠠᠩ ᠶᠡᠬᠡ ᠡᠷᠴᠢᠮ ᠵᠶ᠋ᠡᠷ ᠴᠢᠳᠠᠪᠤᠷᠢᠲᠠᠨ᠎ᠢ ᠴᠤᠭᠯᠠᠭᠤᠯᠤᠨ ᠳᠠᠲᠠᠨ ᠠᠪᠴᠢᠷᠠᠨ᠎ᠠ᠃
— ᠡᠨᠧᠷᠭᠢ ᠵᠢᠨ ᠬᠦᠷᠢᠶᠡᠨ᠎ᠳᠠᠬᠢ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠶᠡᠬᠡ᠎ᠪᠠᠷ ᠬᠥᠭᠵᠢᠭᠦᠯᠦᠨ᠎ᠡ᠃ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ᠎ᠲᠠᠢ ᠨᠢᠭᠲᠠ ᠤᠶᠠᠯᠳᠤᠭᠤᠯᠤᠨ ᠡᠨᠧᠷᠭᠢ ᠵᠢᠨ ᠠᠵᠤ ᠦᠢ᠍ᠯᠡᠰ᠎ᠤᠨ ᠬᠡᠯᠬᠢᠶ᠎ᠡ ᠵᠢ ᠪᠠᠢ᠌ᠷᠢᠰᠢᠭᠤᠯᠤᠨ᠎ᠠ᠃ ᠪᠣᠬᠢᠷᠳᠤᠯ ᠦᠭᠡᠢ ᠴᠠᠭᠢᠯᠭ᠋ᠠᠨ᠎ᠤ ᠦᠷᠡᠵᠢᠭᠦᠯᠬᠦ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠪᠣᠬᠢᠷᠳᠤᠯ ᠦᠭᠡᠢ ᠴᠠᠭᠢᠯᠭ᠋ᠠᠨ᠂ ᠭᠦᠢ᠍ᠴᠡᠳ ᠨᠠᠢ᠌ᠳᠠᠪᠤᠷᠢᠲᠠᠢ ᠪᠠ ᠬᠢᠮᠳᠠ ᠲᠣᠭᠲᠠᠪᠤᠷᠢᠲᠠᠢ ᠴᠠᠭᠢᠯᠭ᠋ᠠᠨ ᠬᠦᠴᠦᠨ ᠵᠶ᠋ᠡᠷ ᠰᠢᠨ᠎ᠡ ᠭᠡᠯᠪᠡᠷᠢ ᠵᠢᠨ ᠡᠨᠧᠷᠭᠢ ᠬᠠᠳᠠᠭ᠋ᠠᠯᠠᠬᠤ᠂ ᠤᠰᠤᠲᠥ᠋ᠷᠥᠭᠴᠢ ᠡᠨᠧᠷᠭᠢ ᠵᠡᠷᠭᠡ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠤ ᠣᠨᠴᠠᠯᠢᠭ᠎ᠲᠠᠢ ᠰᠢᠨ᠎ᠡ ᠠᠵᠤ ᠦᠢ᠍ᠯᠡᠰ᠂ ᠰᠢᠨ᠎ᠡ ᠠᠵᠤ ᠠᠬᠤᠢ᠌ᠯᠠᠯ᠂ ᠰᠢᠨ᠎ᠡ ᠲᠥᠷᠥᠯ ᠵᠦᠢ᠍ᠯ᠎ᠢ ᠥᠪᠡᠷᠲᠡᠭᠡᠨ ᠵᠠᠰᠠᠬᠤ ᠣᠷᠣᠨ᠎ᠳᠤ ᠪᠣᠳᠠᠲᠠᠢ᠌ᠵᠢᠭᠤᠯᠤᠨ ᠬᠥᠭᠵᠢᠭᠦᠯᠵᠦ᠂ ᠰᠢᠨ᠎ᠡ ᠡᠨᠧᠷᠭᠢ ᠬᠢᠭᠡᠳ ᠰᠢᠨ᠎ᠡ ᠭᠡᠯᠪᠡᠷᠢ ᠵᠢᠨ ᠬᠢᠮᠢ ᠵᠢᠨ ᠠᠵᠤ ᠦᠢ᠍ᠯᠡᠳᠪᠦᠷᠢ ᠵᠢᠨ ᠭᠦᠨᠵᠡᠭᠡᠢ ᠬᠣᠯᠪᠣᠯᠳᠤᠯ᠎ᠢ ᠠᠬᠢᠭᠤᠯᠤᠨ᠎ᠠ᠃ ᠪᠦᠭᠦ ᠠᠵᠤ ᠦᠢ᠍ᠯᠡᠰ᠎ᠤᠨ ᠬᠡᠯᠬᠢᠶ᠎ᠡ ᠵᠢᠨ ᠰᠡᠳᠬᠢᠬᠦᠢ ᠵᠢ ᠴᠢᠩᠭ᠋ᠠᠷᠠᠭᠤᠯᠵᠤ᠂ ᠰᠠᠯᠬᠢ ᠭᠡᠷᠡᠯ᠎ᠤᠨ ᠡᠨ᠋ᠸᠷᠭᠢ ᠵᠢ ᠤᠰᠤᠲᠥ᠋ᠷᠥᠭᠴᠢᠵᠢᠭᠦᠯᠤᠨ ᠨᠥᠭᠡᠴᠡᠯᠡᠬᠦ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠪᠦᠯᠦᠭᠵᠢᠯ᠎ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠰᠢᠨ᠎ᠡ ᠡᠨᠧᠷᠭᠢ ᠵᠢᠨ ᠲᠣᠨᠣᠭ ᠲᠥᠬᠦᠭᠡᠷᠦᠮᠵᠢ ᠦᠢ᠍ᠯᠡᠳᠬᠦ ᠳᠠᠭ᠋ᠠᠭᠤᠯᠤᠭᠴᠢ ᠠᠵᠤ ᠠᠬᠤᠢ᠌ᠯᠠᠯ᠎ᠢ ᠪᠦᠭᠦ ᠲᠠᠯ᠎ᠠ᠎ᠪᠠᠷ ᠣᠷᠣᠭᠤᠯᠤᠨ ᠠᠪᠴᠢᠷᠠᠵᠤ᠂ ᠨᠡᠯᠢᠶᠡᠳ ᠴᠢᠩᠭ᠎ᠠ ᠥᠷᠢᠰᠦᠯᠳᠦᠭᠡᠨ᠎ᠤ ᠳᠠᠪᠠᠭᠤᠯᠢᠭ᠎ᠲᠠᠢ ᠰᠢᠨ᠎ᠡ ᠡᠨᠧᠷᠭᠢ ᠵᠢᠨ ᠲᠣᠨᠣᠭ ᠲᠥᠬᠦᠭᠡᠷᠦᠮᠵᠢ ᠦᠢ᠍ᠯᠡᠳᠬᠦ ᠤᠯᠤᠰ᠎ᠤᠨ ᠲᠠᠰ᠎ᠤᠨ ᠰᠠᠭᠤᠷᠢᠨ᠎ᠢ ᠴᠢᠷᠮᠠᠢ᠌ᠨ ᠪᠠᠢ᠌ᠭᠤᠯᠵᠤ᠂ ᠵᠢᠯ᠎ᠤᠨ ᠳᠣᠲᠣᠷ᠎ᠠ ᠰᠢᠨ᠎ᠡ ᠡᠨᠧᠷᠭᠢ ᠵᠢᠨ ᠲᠣᠨᠣᠭ ᠲᠥᠬᠦᠭᠡᠷᠦᠮᠵᠢ ᠦᠢ᠍ᠯᠡᠳᠬᠦ᠎ᠳᠤ 900 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠯᠲᠠ ᠵᠢ ᠴᠢᠷᠮᠠᠢ᠌ᠨ ᠪᠡᠶᠡᠯᠡᠭᠦᠯᠦᠨ᠎ᠡ᠃ ᠡᠨᠧᠷᠭᠢ ᠵᠢᠨ ᠬᠦᠷᠢᠶᠡᠨ᠎ᠳᠠᠬᠢ ᠶᠡᠬᠡ ᠬᠡᠪᠴᠢᠶᠡᠨ᠎ᠤ ᠲᠥᠬᠦᠭᠡᠷᠦᠮᠵᠢ ᠵᠢ ᠰᠢᠨᠡᠳᠬᠡᠬᠦ ᠪᠠ ᠬᠡᠷᠡᠭᠯᠡᠭᠡᠨ᠎ᠤ ᠵᠦᠢ᠍ᠯ᠎ᠤᠨ ᠰᠢᠨ᠎ᠡ ᠵᠢ ᠬᠤᠳᠠᠯᠳᠤᠨ ᠠᠪᠤᠪᠠᠯ ᠬᠠᠭᠤᠴᠢᠨ᠎ᠢ᠎ᠨᠢ ᠵᠣᠭᠣᠰ ᠪᠤᠳᠤᠬᠤ ᠵᠢ ᠭᠦᠨᠵᠡᠭᠡᠢ ᠬᠡᠷᠡᠭᠵᠢᠭᠦᠯᠵᠦ᠂ ᠬᠡᠷᠡᠭᠴᠡᠭᠡ ᠦᠭᠡᠢ ᠪᠣᠯᠤᠭᠰᠠᠨ ᠰᠠᠯᠬᠢᠨ ᠬᠦᠴᠦᠨ᠎ᠤ ᠴᠠᠭᠢᠯᠭ᠋ᠠᠨ᠂ ᠭᠡᠷᠡᠯᠴᠢ ᠴᠡᠨᠡᠭ᠎ᠤᠨ ᠲᠥᠬᠦᠭᠡᠷᠦᠮᠵᠢ ᠵᠡᠷᠭᠡ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠤᠨ ᠬᠠᠶᠠᠭᠳᠠᠮᠠᠯ ᠪᠣᠳᠠᠰ᠎ᠢ ᠥᠨᠳᠥᠷ ᠦᠷᠳᠡᠭᠵᠢᠭᠦᠯᠭᠦ᠂ ᠬᠣᠣᠷ ᠦᠭᠡᠢ᠌ᠵᠢᠭᠦᠯᠦᠨ ᠲᠠᠭᠢᠨ ᠠᠰᠢᠭᠯᠠᠬᠤ ᠵᠢ ᠠᠬᠢᠭᠤᠯᠤᠨ᠎ᠠ᠃
— ᠡᠨᠧᠷᠭᠢ ᠵᠢᠨ ᠬᠦᠷᠢᠶᠡᠨ᠎ᠳᠠᠬᠢ ᠪᠠᠢ᠌ᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠎ᠡ᠃ ᠲᠤᠬᠠᠢ ᠵᠢᠨ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ ᠰᠢᠨ᠎ᠡ ᠡᠨᠧᠷᠭᠢ ᠵᠢ ᠥᠨᠳᠥᠷ ᠲᠦᠪᠰᠢᠨ ᠵᠶ᠋ᠡᠷ ᠨᠡᠭᠡᠭᠡᠨ ᠠᠰᠢᠭᠯᠠᠬᠤ᠎ᠳᠤ ᠠᠰᠢᠭᠲᠠᠢ ᠰᠢᠨ᠎ᠡ ᠵᠢ ᠡᠭᠦᠳᠬᠦ ᠴᠢᠨᠠᠷᠲᠠᠢ᠂ ᠵᠦᠷᠢᠶᠡᠴᠢᠯᠡᠭᠰᠡᠨ ᠲᠦᠷᠦ ᠵᠢᠨ ᠪᠣᠳᠣᠯᠭ᠎ᠠ ᠵᠢᠨ ᠲᠣᠭᠲᠠᠴᠠ ᠵᠢ ᠰᠦᠪᠡᠭᠴᠢᠯᠡᠨ᠎ᠡ᠃ ᠪᠣᠬᠢᠷᠳᠤᠯ ᠦᠭᠡᠢ ᠴᠠᠭᠢᠯᠭ᠋ᠠᠨ ᠬᠢᠭᠡᠳ ᠪᠣᠬᠢᠷᠳᠤᠯ ᠦᠭᠡᠢ ᠴᠠᠭᠢᠯᠭ᠋ᠠᠨ ᠬᠦᠴᠦᠨ᠎ᠤ ᠦᠨᠡᠮᠯᠡᠯ ᠠᠷᠠᠯᠵᠢᠶᠠᠯᠠᠬᠤ ᠵᠢ ᠪᠦᠭᠦ ᠲᠠᠯ᠎ᠠ᠎ᠪᠠᠷ ᠥᠷᠨᠢᠭᠦᠯᠵᠦ᠂ ᠥᠪᠥᠷ ᠮᠣᠩᠭᠣᠯ᠎ᠤᠨ ᠴᠠᠭᠢᠯᠭ᠋ᠠᠨ ᠬᠦᠴᠦᠨ᠎ᠤ ᠠᠷᠠᠯᠵᠢᠶ᠎ᠠ ᠵᠢᠨ ᠲᠥᠪ᠎ᠢ ᠤᠯᠤᠰ᠎ᠤᠨ ᠪᠣᠬᠢᠷᠳᠤᠯ ᠦᠭᠡᠢ ᠴᠠᠭᠢᠯᠭ᠋ᠠᠨ ᠬᠦᠴᠦᠨ᠎ᠤ ᠦᠨᠡᠮᠯᠡᠯ ᠠᠷᠠᠯᠵᠢᠶᠠᠯᠠᠬᠤ ᠲᠠᠪᠴᠠᠩ᠎ᠳᠤ ᠣᠷᠣᠭᠤᠯᠬᠤ᠎ᠪᠠᠷ ᠴᠢᠷᠮᠠᠢ᠌ᠨ᠎ᠠ᠃ ᠨᠡᠭᠦᠷᠡᠰᠦ ᠴᠠᠭᠢᠯᠭ᠋ᠠᠨ᠎ᠤ ᠠᠵᠤ ᠠᠬᠤᠢ᠌ᠯᠠᠯ ᠪᠠ ᠰᠢᠨ᠎ᠡ ᠡᠨᠧᠷᠭᠢ ᠵᠢᠨ ᠠᠵᠤ ᠠᠬᠤᠢ᠌ᠯᠠᠯ᠎ᠤᠨ ᠪᠣᠳᠠᠲᠠᠢ ᠬᠣᠯᠪᠤᠭ᠋ᠠᠯᠠᠨ ᠡᠵᠡᠩᠨᠡᠬᠦ ᠵᠢ ᠳᠡᠯᠭᠡᠷᠡᠭᠦᠯᠦᠨ᠎ᠡ᠃ ᠨᠡᠩ ᠤᠯᠠᠨ ᠰᠢᠨ᠎ᠡ ᠡᠨᠧᠷᠭᠢ ᠵᠢᠨ ᠵᠠᠬ᠎ᠠ ᠳᠡᠯᠭᠡᠭᠦᠷᠴᠢᠯᠡᠭᠰᠡᠨ ᠬᠡᠷᠡᠭᠯᠡᠭᠡᠨ᠎ᠤ ᠦᠵᠡᠭᠳᠡᠯ᠎ᠢ ᠰᠤᠳᠤᠯᠵᠤ᠂ ᠤᠯᠤᠰ᠎ᠤᠨ ᠰᠢᠨ᠎ᠡ ᠡᠨᠧᠷᠭᠢ ᠪᠣᠯᠣᠨ ᠲᠡᠷᠢᠭᠦᠨ᠎ᠤ ᠥᠨᠳᠥᠷ ᠡᠨᠧᠷᠭᠢ ᠵᠢᠨ ᠦᠷᠳᠡᠭ ᠪᠦᠬᠦᠢ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠲᠥᠪᠯᠡᠷᠡᠭᠰᠡᠨ ᠣᠷᠣᠨ᠎ᠢ ᠬᠦᠴᠦᠯᠡᠨ ᠪᠠᠢ᠌ᠭᠤᠯᠤᠨ᠎ᠠ᠃ ᠴᠠᠭᠢᠯᠭ᠋ᠠᠨ ᠬᠦᠴᠦᠨ᠎ᠤ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠵᠢ ᠭᠦᠨᠵᠡᠭᠡᠢ ᠠᠬᠢᠭᠤᠯᠵᠤ᠂ ᠨᠡᠭᠦᠷᠡᠰᠦ ᠴᠠᠭᠢᠯᠭ᠋ᠠᠨ᠎ᠤ ᠪᠠᠭᠲᠠᠭ᠋ᠠᠮᠵᠢ ᠵᠢᠨ ᠴᠠᠭᠢᠯᠭ᠋ᠠᠨ᠎ᠤ ᠦᠨ᠎ᠡ ᠵᠢᠨ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠰᠢᠨ᠎ᠡ ᠡᠨᠧᠷᠭᠢ ᠵᠢᠨ ᠴᠠᠭᠢᠯᠭ᠋ᠠᠨ᠎ᠤ ᠦᠨ᠎ᠡ ᠵᠢ ᠬᠠᠮᠠᠭ᠋ᠠᠯᠠᠬᠤ ᠲᠣᠭᠲᠠᠴᠠ ᠵᠢ ᠠᠯᠬᠤᠮ ᠠᠯᠬᠤᠮ ᠵᠶ᠋ᠠᠷ ᠴᠢᠯᠦᠭᠡᠲᠡᠢ ᠪᠤᠯᠭ᠋ᠠᠵᠤ᠂ ᠪᠣᠬᠢᠷᠳᠤᠯ ᠦᠭᠡᠢ ᠴᠠᠭᠢᠯᠭ᠋ᠠᠨ᠎ᠤ ᠳᠠᠪᠠᠭᠤᠯᠢᠭ᠎ᠢ ᠨᠡᠩ ᠰᠠᠢ᠌ᠲᠤᠷ ᠪᠤᠢ ᠪᠣᠯᠭ᠋ᠠᠨ᠎ᠠ᠃
— ᠡᠨᠧᠷᠭᠢ ᠵᠢᠨ ᠬᠦᠷᠢᠶᠡᠨ᠎ᠳᠠᠬᠢ ᠨᠡᠭᠡᠭᠡᠯᠲᠡᠲᠤ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠦᠨ᠎ᠡ᠃ ᠣᠷᠣᠨ ᠪᠠᠢ᠌ᠷᠢ ᠵᠢᠨ ᠳᠠᠪᠠᠭᠤᠯᠢᠭ ᠪᠠ ᠬᠠᠷᠢᠴᠠᠩᠭᠤᠢ ᠳᠠᠪᠠᠭᠤᠯᠢᠭ ᠵᠶ᠋ᠠᠨ ᠴᠢᠨᠠᠭᠰᠢᠳᠠ ᠪᠠᠳᠠᠷᠠᠭᠤᠯᠵᠤ᠂ ᠣᠷᠣᠨ ᠪᠦᠰᠡ ᠠᠯᠤᠰᠯᠠᠭᠰᠠᠨ ᠡᠨᠧᠷᠭᠢ ᠵᠢᠨ ᠬᠠᠮᠲᠤᠷᠠᠯᠴᠠᠭ᠋ᠠᠨ᠎ᠤ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠳᠤ ᠰᠠᠨᠠᠭ᠋ᠠᠴᠢᠯᠠᠭ᠎ᠠ᠎ᠠᠴᠠ᠎ᠪᠠᠨ ᠠᠭᠤᠰᠤᠯᠴᠠᠨ᠎ᠠ᠃ ᠨᠢᠩᠰᠢᠶᠠ᠂ ᠱᠠᠨᠰᠢ ᠵᠡᠷᠭᠡ ᠡᠷᠭᠢᠨ ᠲᠣᠭᠣᠷᠢᠨ᠎ᠤ ᠮᠤᠵᠢ ᠣᠷᠣᠨ᠎ᠯᠤᠭ᠎ᠠ ᠵᠢᠨ ᠰᠢᠨ᠎ᠡ ᠡᠨᠧᠷᠭᠢ ᠵᠢᠨ ᠨᠡᠭᠡᠭᠡᠨ ᠬᠥᠭᠵᠢᠭᠦᠯᠦᠯᠲᠡ ᠵᠢᠨ ᠬᠠᠮᠲᠤᠷᠠᠯᠴᠠᠭ᠎ᠠ ᠵᠢ ᠰᠦᠪᠡᠭᠴᠢᠯᠡᠵᠦ᠂ ᠡᠨᠧᠷᠭᠢ ᠬᠡᠷᠡᠭᠯᠡᠵᠦ ᠪᠠᠢ᠌ᠭ᠎ᠠ ᠲᠣᠮᠣ ᠮᠤᠵᠢ᠎ᠯᠤᠭ᠎ᠠ ᠵᠢᠨ ᠡᠨᠧᠷᠭᠢ ᠵᠢᠨ ᠬᠠᠷᠢᠯᠴᠠᠨ ᠠᠰᠢᠭ ᠬᠦᠷᠲᠡᠭᠡᠬᠦ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠭᠥᠯᠢᠶᠡᠨ ᠠᠪᠬᠤ ᠦᠵᠦᠭᠦᠷᠯᠢᠭ᠎ᠤᠨ ᠭᠠᠵᠠᠷ ᠣᠷᠣᠨ᠎ᠳᠤ ᠪᠣᠬᠢᠷᠳᠤᠯ ᠦᠭᠡᠢ ᠴᠠᠭᠢᠯᠭ᠋ᠠᠨ᠎ᠢ ᠢᠳᠡᠪᠬᠢᠲᠡᠢ᠎ᠪᠠᠷ ᠢᠯᠡᠭᠦᠬᠡᠨ ᠬᠦᠷᠭᠡᠨ᠎ᠡ᠃ ᠡᠨᠧᠷᠭᠢ ᠵᠢᠨ ᠠᠵᠤ ᠠᠬᠤᠢ ᠵᠢᠨ ᠤᠮᠠᠷᠠᠰᠢ ᠨᠡᠭᠡᠭᠡᠯᠲᠡ ᠬᠢᠬᠦ ᠡᠷᠴᠢᠮ᠎ᠢ ᠴᠢᠩᠭ᠋ᠠᠷᠠᠭᠤᠯᠵᠤ᠂ ᠴᠢᠯᠦᠭᠡᠲᠦ ᠠᠷᠠᠯᠵᠢᠶᠠᠨ᠎ᠤ ᠣᠷᠣᠨ᠎ᠢ ᠡᠭᠦᠳᠦᠨ ᠪᠠᠢ᠌ᠭᠤᠯᠬᠤ ᠢᠨᠵᠧᠨᠧᠷᠢᠩ᠎ᠢ ᠬᠡᠷᠡᠭᠵᠢᠭᠦᠯᠬᠦ᠎ᠲᠠᠢ ᠤᠶᠠᠯᠳᠤᠭᠤᠯᠤᠨ᠂ ᠣᠷᠣᠰ ᠮᠣᠩᠭᠣᠯ᠎ᠯᠤᠭ᠎ᠠ ᠵᠢᠨ ᠡᠨᠧᠷᠭᠢ ᠵᠢᠨ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠵᠦ᠂ ᠨᠡᠭᠦᠷᠡᠰᠦᠨ᠎ᠤ ᠠᠷᠠᠯᠵᠢᠶ᠎ᠠ ᠵᠢᠨ ᠬᠡᠪᠴᠢᠶ᠎ᠡ ᠵᠢ ᠥᠷᠭᠡᠳᠬᠡᠨ᠂ ᠳᠤᠮᠳᠠᠳᠤ ᠣᠷᠣᠰ᠎ᠤᠨ ᠵᠡᠭᠦᠨ ᠱᠤᠭᠤᠮ᠎ᠤᠨ ᠪᠠᠢ᠌ᠭ᠋ᠠᠯᠢ ᠵᠢᠨ ᠰᠢᠲᠠᠮᠠᠬᠠᠢ ᠬᠡᠢ ᠵᠢᠨ ᠬᠣᠭᠣᠯᠠᠢ (ᠥᠪᠥᠷ ᠮᠣᠩᠭᠣᠯ᠎ᠤᠨ ᠬᠡᠰᠡᠭ) ᠵᠢᠨ ᠠᠰᠢᠭᠯᠠᠯᠲᠠ ᠵᠢᠨ ᠲᠦᠪᠰᠢᠨ ᠪᠠ ᠮᠣᠩᠭᠣᠯ ᠤᠯᠤᠰ ᠲᠡᠢ᠌ᠰᠢ ᠴᠠᠭᠢᠯᠭ᠋ᠠᠨ ᠬᠦᠷᠭᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠭᠦᠭᠡᠬᠣᠲᠠ᠂ ᠪᠤᠭᠤᠲᠤ ᠵᠢᠨ ᠪᠦᠭᠦ ᠣᠷᠣᠨ ᠪᠦᠰᠡ ᠵᠢᠨ ᠰᠢᠨ᠎ᠡ ᠡᠨᠧᠷᠭᠢ ᠵᠢᠨ ᠰᠢᠨ᠎ᠡ ᠦᠵᠡᠭᠳᠡᠯ ᠲᠠᠯᠠᠪᠠᠶ ᠵᠢᠨ ᠬᠡᠷᠡᠭᠯᠡᠭᠡᠨ᠎ᠢ ᠬᠡᠷᠡᠭᠵᠢᠭᠦᠯᠵᠦ᠂ ᠦᠬᠠᠢ ᠵᠢᠴᠢ ᠲᠡᠭᠦᠨ᠎ᠤ ᠡᠷᠭᠢᠨ ᠲᠣᠭᠣᠷᠢᠨ᠎ᠤ ᠭᠠᠵᠠᠷ ᠣᠷᠣᠨ᠎ᠤ ᠰᠢᠨ᠎ᠡ ᠡᠨᠧᠷᠭᠢ ᠵᠢᠨ ᠬᠠᠮᠲᠤᠷᠠᠯᠴᠠᠭ᠎ᠠ ᠵᠢᠨ ᠪᠣᠷᠣ ᠲᠥᠯᠥᠪ᠎ᠢ ᠲᠡᠭᠦᠯᠳᠡᠷᠵᠢᠭᠦᠯᠦᠨ᠂ ᠠᠢ᠌ᠮᠠᠭ ᠬᠣᠲᠠ ᠵᠢᠨ ᠬᠠᠷᠢᠯᠴᠠᠨ ᠲᠤᠰᠠᠯᠠᠯᠴᠠᠬᠤ᠎ᠪᠠᠷ ᠳᠠᠮᠵᠢᠭᠤᠯᠤᠨ ᠰᠢᠨ᠎ᠡ ᠡᠨᠧᠷᠭᠢ ᠵᠢ ᠰᠢᠩᠭᠡᠬᠡᠨ ᠠᠪᠬᠤ ᠵᠢ ᠴᠢᠨᠠᠭᠰᠢᠳᠠ ᠠᠬᠢᠭᠤᠯᠵᠤ᠂ ᠡᠨᠧᠷᠭᠢ ᠵᠢᠨ ᠠᠵᠤ ᠦᠢ᠍ᠯᠡᠰ᠎ᠤᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠦᠨ᠎ᠡ ᠭᠡᠵᠦ ᠬᠡᠯᠡᠪᠡ᠃
ᠢᠷᠡᠯᠲᠡ᠄ ᠳᠤᠮᠳᠠᠲᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ