ᠰᠣᠨᠢᠨ ᠮᠡᠳᠡᠭᠡ   -   ᠰᠤᠷᠪᠤᠯᠵᠢᠯᠠᠭ᠎ᠠ

2024 ᠣᠨ᠎ᠤ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ 《ᠭᠤᠷᠪᠠ ᠵᠢ ᠳᠡᠮᠵᠢᠵᠦ ᠨᠢᠭᠡ ᠵᠢ ᠲᠡᠳᠬᠦᠬᠦ》 ᠲᠥᠯᠥᠪᠯᠡᠭᠡ ᠵᠢᠨ ᠲᠠᠢ᠌ᠯᠤᠮᠵᠢ

ᠨᠡᠶ᠋ᠢᠲᠡᠯᠡᠭᠰᠡᠨ ᠴᠠᠭ᠄   2024-05-16

      ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠭᠣᠯᠲᠠ ᠵᠢ ᠴᠢᠨᠠᠭᠰᠢᠳᠠ ᠠᠬᠢᠭᠤᠯᠬᠤ ᠵᠢᠨ ᠲᠥᠯᠥᠭᠡ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠣᠢ᠌ᠷ᠎ᠠ᠎ᠳᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ 2024 ᠣᠨ᠎ᠤ 《ᠭᠤᠷᠪᠠ ᠵᠢ ᠳᠡᠮᠵᠢᠵᠦ ᠨᠢᠭᠡ ᠵᠢ ᠲᠡᠳᠬᠦᠬᠦ》 ᠲᠥᠯᠥᠪᠯᠡᠭᠡ ᠵᠢ ᠬᠡᠷᠡᠭᠵᠢᠭᠦᠯᠵᠦ᠂ ᠪᠦᠭᠦ ᠤᠯᠤᠰ᠎ᠠᠴᠠ 34430 ᠨᠡᠷᠡᠰ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠢ ᠡᠯᠰᠡᠨ ᠦᠨᠳᠦᠰᠦᠨ ᠱᠠᠲᠤᠨ᠎ᠳᠤ ᠣᠴᠢᠭᠤᠯᠵᠤ ᠰᠤᠷᠭ᠋ᠠᠨ ᠬᠥᠮᠦᠵᠢᠯ᠎ᠢ ᠳᠡᠮᠵᠢᠬᠦ᠂ ᠲᠠᠷᠢᠶᠠᠯᠠᠩ᠎ᠢ ᠳᠡᠮᠵᠢᠬᠦ᠂ ᠡᠮ ᠡᠮᠨᠡᠯᠭᠡ ᠵᠢ ᠳᠡᠮᠵᠢᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠠᠪᠰᠤᠷᠤᠨ ᠲᠡᠳᠬᠦᠬᠦ ᠵᠡᠷᠭᠡ ᠦᠢ᠍ᠯᠡᠴᠢᠯᠡᠭᠡ ᠬᠢᠯᠭᠡᠨ᠎ᠡ᠃
      ᠣᠳᠣᠬᠠᠨ ᠪᠤᠯᠲᠠᠯ᠎ᠠ᠂ ᠭᠤᠸᠠᠩᠳᠦ᠋ᠩ᠂ ᠱᠠᠨᠳᠦ᠋ᠩ᠂ ᠬᠤᠪᠧᠢ᠂ ᠠᠨᠾᠦ᠋ᠢ᠂ ᠶᠦᠨᠨᠠᠨ ᠵᠡᠷᠭᠡ ᠠᠷᠪᠠ ᠭᠠᠷᠤᠢ ᠮᠤᠵᠢ ᠣᠷᠣᠨ ᠡᠯᠰᠡᠬᠦ ᠠᠯᠪᠠᠨ ᠵᠠᠷ ᠨᠡᠢ᠌ᠲᠡᠯᠡᠪᠡ᠃ ᠬᠡᠷᠬᠢᠨ ᠨᠡᠷ᠎ᠡ ᠮᠡᠳᠡᠭᠦᠯᠬᠦ ᠪᠤᠶ? ᠬᠠᠷᠠᠭ᠋ᠠᠯᠵᠠᠯ᠎ᠨᠢ ᠶᠠᠮᠠᠷ ᠵᠡᠷᠭᠡ ᠪᠤᠢ? ᠡᠭᠦᠨ᠎ᠤ ᠲᠤᠬᠠᠢ《ᠰᠢᠨᠬᠤᠸᠠ ᠬᠠᠷᠠᠭ᠋ᠠᠰᠤ》ᠵᠢᠨ ᠰᠤᠷᠪᠤᠯᠵᠢᠯᠠᠬ᠍ᠴᠢ᠎ᠠᠴᠠ ᠡᠷᠬᠡ ᠰᠦᠷᠲᠦ ᠰᠠᠯᠠᠭ᠎ᠠ ᠮᠥᠴᠢᠷ᠎ᠢ ᠰᠤᠷᠪᠤᠯᠵᠢᠯᠠᠪᠠ᠃
      ᠣᠷᠣᠨ ᠲᠣᠭ᠎ᠠ ᠵᠢ ᠠᠯᠢ ᠠᠯᠢ ᠲᠡᠭᠦᠰᠬᠦ ᠰᠤᠷᠤᠬ᠍ᠴᠢᠳ᠎ᠲᠤ ᠬᠡᠯᠪᠡᠢ᠌ᠯᠭᠡᠬᠦ ᠪᠤᠢ?
      《ᠭᠤᠷᠪᠠ ᠵᠢ ᠳᠡᠮᠵᠢᠵᠦ ᠨᠢᠭᠡ ᠵᠢ ᠲᠡᠳᠬᠦᠬᠦ》 ᠲᠥᠯᠥᠪᠯᠡᠭᠡ ᠪᠣᠯ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠮᠲᠤᠷᠠᠨ ᠬᠡᠷᠡᠭᠵᠢᠭᠦᠯᠦᠭᠰᠡᠨ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠦᠨᠳᠦᠰᠦᠨ ᠱᠠᠲᠤᠨ᠎ᠳᠤ ᠣᠴᠢᠵᠤ ᠠᠵᠢᠯᠯᠠᠬᠤ ᠵᠢ ᠬᠥᠲᠥᠯᠥᠨ ᠵᠢᠯᠤᠭᠣᠳᠴᠤ ᠵᠣᠷᠢᠭᠵᠢᠭᠤᠯᠬᠤ ᠵᠢᠱ᠌ᠢᠶ᠎ᠡ ᠦᠵᠡᠭᠦᠯᠭᠦ ᠲᠥᠷᠥᠯ ᠵᠦᠢ᠍ᠯ ᠪᠤᠯᠬᠤ ᠪᠥᠭᠡᠳ ᠦᠢ᠍ᠯᠡᠴᠢᠯᠡᠬᠦ ᠬᠤᠭᠤᠴᠠᠭ᠎ᠠ᠎ᠨᠢ 2 ᠵᠢᠯ ᠪᠣᠯᠣᠨ᠎ᠠ᠃
      《ᠣᠢ᠌ᠷ᠎ᠠ ᠵᠢᠨ ᠬᠤᠭᠤᠴᠠᠭ᠋ᠠᠨ᠎ᠳᠤ ᠡᠳ᠋᠎ᠤᠨ ᠵᠠᠰᠠᠭ᠎ᠤᠨ ᠶᠠᠮᠤᠨ᠎ᠯᠤᠭ᠎ᠠ ᠬᠠᠮᠲᠤᠷᠠᠨ ᠪᠠᠭᠤᠯᠭ᠋ᠠᠭᠰᠠᠨ ᠮᠡᠳᠡᠭᠳᠡᠯ᠎ᠢ ᠦᠨᠳᠦᠰᠦᠯᠡᠪᠡᠯ᠂ ᠡᠨᠡ ᠵᠢᠯ᠎ᠤᠨ ᠲᠥᠪ᠎ᠤᠨ ᠡᠳ᠋᠎ᠤᠨ ᠵᠠᠰᠠᠭ᠎ᠠᠴᠠ ᠳᠡᠮᠵᠢᠬᠦ〈ᠭᠤᠷᠪᠠ ᠵᠢ ᠳᠡᠮᠵᠢᠵᠦ ᠨᠢᠭᠡ ᠵᠢ ᠲᠡᠳᠬᠦᠬᠦ〉ᠠᠵᠢᠯᠲᠠᠨ ᠡᠯᠰᠡᠬᠦ ᠬᠥᠮᠥᠨ᠎ᠤ ᠲᠣᠭ᠎ᠠ᠎ᠨᠢ ᠨᠢᠳᠤᠨᠤᠨ᠎ᠤ᠎ᠬᠢ᠎ᠠᠴᠠ 1.3%᠎ᠪᠠᠷ ᠨᠡᠮᠡᠭᠳᠡᠪᠡ》 ᠭᠡᠵᠦ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠰᠢᠯᠵᠢᠯᠲᠡ ᠵᠢᠨ ᠬᠠᠮᠢᠶᠠᠷᠤᠯᠲᠠ ᠵᠢᠨ ᠵᠤᠷᠭ᠋ᠠᠨ᠎ᠤ ᠳᠠᠷᠤᠭ᠎ᠠ ᠵᠠᠩ ᠸᠸᠨ ᠮᠢᠶᠣᠣ ᠲᠠᠨᠢᠯᠴᠠᠭᠤᠯᠵᠠᠢ᠃
      ᠮᠡᠳᠡᠭᠳᠡᠯ᠎ᠢ ᠦᠨᠳᠦᠰᠦᠯᠡᠪᠡᠯ᠂ ᠡᠨᠡ ᠵᠢᠯ᠎ᠤᠨ ᠡᠯᠰᠡᠬᠦ ᠲᠥᠯᠥᠪᠯᠡᠭᠡ ᠵᠢ ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ᠂ ᠵᠡᠭᠦᠨ ᠬᠣᠢ᠌ᠲᠤ ᠣᠷᠣᠨ᠂ ᠬᠢᠯᠢ ᠬᠢᠵᠠᠭ᠋ᠠᠷ ᠣᠷᠣᠨ᠂ ᠦᠨᠳᠦᠰᠦᠲᠡᠨ᠎ᠤ ᠭᠠᠵᠠᠷ ᠣᠷᠣᠨ᠂ ᠬᠤᠪᠢᠰᠬᠠᠯ᠎ᠤᠨ ᠡᠷᠲᠡ ᠴᠢᠯᠦᠭᠡᠯᠡᠭᠳᠡᠭᠰᠡᠨ ᠣᠷᠣᠨ ᠲᠡᠢ᠌ᠰᠢ ᠬᠡᠯᠪᠡᠢ᠌ᠯᠭᠡᠨ᠎ᠡ᠃ ᠲᠥᠪ᠎ᠤᠨ ᠡᠳ᠋᠎ᠤᠨ ᠵᠠᠰᠠᠭ᠎ᠠᠴᠠ ᠳᠡᠮᠵᠢᠬᠦ ᠰᠢᠨᠵᠢᠶᠠᠩ᠂ ᠥᠪᠥᠷ ᠮᠣᠩᠭᠣᠯ᠂ ᠬᠤᠪᠧᠢ ᠵᠢᠨ《ᠭᠤᠷᠪᠠ ᠵᠢ ᠳᠡᠮᠵᠢᠵᠦ ᠨᠢᠭᠡ ᠵᠢ ᠲᠡᠳᠬᠦᠬᠦ》 ᠠᠵᠢᠯᠲᠠᠨ ᠡᠯᠰᠡᠬᠦ ᠬᠥᠮᠥᠨ᠎ᠤ ᠲᠣᠭ᠎ᠠ ᠬᠠᠮᠤᠭ᠎ᠤᠨ ᠣᠯᠠᠨ ᠪᠠᠢ᠌ᠵᠤ᠂ ᠴᠥᠮ 2000 ᠬᠥᠮᠥᠨ᠎ᠠᠴᠠ ᠳᠡᠭᠡᠭᠰᠢ ᠡᠯᠰᠡᠨ᠎ᠡ;ᠳᠠᠷᠠᠭ᠋ᠠᠯᠠᠪᠠᠯ ᠨᠢᠩᠰᠢᠶᠠ᠂ ᠬᠥᠬᠡᠨᠠᠭᠤᠷ᠂ ᠭᠠᠨᠰᠤ᠂ ᠰᠸᠴᠤᠸᠠᠨ᠎ᠳᠤ ᠪᠦᠷ 2000 ᠰᠢᠬᠠᠮ ᠠᠵᠢᠯᠲᠠᠨ ᠡᠯᠰᠡᠨ᠎ᠡ᠃ ᠶᠡᠷᠦᠩᠬᠡᠢ᠎ᠳᠤᠨᠢ ᠠᠪᠴᠤ ᠦᠵᠡᠪᠡᠯ᠂ ᠡᠯᠰᠡᠬᠦ ᠲᠥᠯᠥᠪᠯᠡᠭᠡ ᠵᠢ ᠳᠤᠮᠳᠠ ᠬᠡᠰᠡᠭ ᠪᠠᠷᠠᠭᠤᠨ ᠬᠡᠰᠡᠭ᠎ᠤᠨ ᠭᠠᠵᠠᠷ ᠣᠷᠣᠨ᠎ᠳᠤ ᠭᠣᠣᠯᠳᠠᠯᠭ᠎ᠠ᠎ᠲᠠᠢ ᠪᠠᠭᠤᠯᠭ᠋ᠠᠵᠤ᠂ ᠶᠡᠷᠦᠩᠬᠡᠢ ᠬᠡᠮᠵᠢᠶᠡᠨ᠎ᠤ 84.3%᠎ᠳᠤ ᠬᠦᠷᠭᠡᠬᠦ ᠪᠣᠯᠣᠨ᠎ᠠ᠃
      ᠰᠤᠷᠪᠤᠯᠵᠢᠯᠠᠬ᠍ᠴᠢ ᠵᠢᠨ ᠣᠢ᠌ᠯᠠᠭ᠋ᠠᠭᠰᠠᠨ ᠵᠶ᠋ᠠᠷ᠂ ᠲᠡᠭᠦᠰᠬᠦ ᠰᠤᠷᠤᠬ᠍ᠴᠢᠳ᠎ᠤᠨ ᠬᠡᠷᠡᠭᠴᠡᠭᠡ᠎ᠯᠦᠭᠡ ᠨᠠᠩ ᠰᠠᠢ᠌ᠲᠤᠷ ᠵᠣᠯᠭ᠋ᠠᠭᠤᠯᠬᠤ ᠵᠢᠨ ᠲᠥᠯᠥᠭᠡ᠂ ᠡᠨᠡ ᠵᠢᠯ ᠡᠯ᠎ᠡ ᠮᠤᠵᠢ ᠵᠢᠨ ᠨᠡᠢ᠌ᠲᠡᠯᠡᠭᠰᠡᠨ 《ᠭᠤᠷᠪᠠ ᠵᠢ ᠳᠡᠮᠵᠢᠵᠦ ᠨᠢᠭᠡ ᠵᠢ ᠲᠡᠳᠬᠦᠬᠦ》ᠠᠵᠢᠯᠲᠠᠨ ᠡᠯᠰᠡᠬᠦ ᠠᠯᠪᠠᠨ ᠵᠠᠷ ᠪᠠ ᠰᠢᠯᠭ᠋ᠠᠯᠲᠠ ᠵᠣᠬᠢᠶᠠᠨ ᠪᠠᠢ᠌ᠭᠤᠯᠬᠤ ᠴᠠᠭ᠎ᠨᠢ ᠥᠩᠭᠡᠷᠡᠭᠰᠡᠨ ᠵᠢᠯ᠎ᠤᠨ᠎ᠬᠢ᠎ᠠᠴᠠ ᠢᠯᠡᠳᠲᠡ ᠤᠷᠢᠳᠴᠢᠯᠠᠵᠤ᠂ ᠬᠡᠰᠡᠭ ᠮᠤᠵᠢ ᠣᠷᠣᠨ᠎ᠤ ᠪᠣᠳᠠᠲᠠᠢ ᠡᠯᠰᠡᠬᠦ ᠬᠥᠮᠥᠨ᠎ᠤ ᠲᠣᠭ᠎ᠠ ᠴᠤ᠌ ᠨᠡᠮᠡᠭᠳᠡᠭᠰᠡᠨ ᠪᠠᠢ᠌ᠨ᠎ᠠ᠃
      ᠨᠡᠷ᠎ᠡ ᠮᠡᠳᠡᠭᠦᠯᠬᠦ ᠨᠥᠬᠥᠴᠡᠯ᠎ᠠᠴᠠ ᠦᠵᠡᠪᠡᠯ᠂ ᠣᠯᠠᠩᠬᠢ ᠮᠤᠵᠢ ᠣᠷᠣᠨ᠎ᠨᠢ ᠲᠣᠰ ᠬᠤᠭᠤᠴᠠᠭ᠋ᠠᠨ᠎ᠤ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ ᠪᠤᠶᠤ ᠲᠡᠭᠦᠰᠦᠭᠰᠡᠨ ᠭᠤᠷᠪᠠᠨ ᠵᠢᠯ᠎ᠤᠨ ᠳᠣᠲᠣᠷᠠᠬᠢ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠢ ᠱᠠᠭ᠋ᠠᠷᠳᠠᠵᠤ᠂ ᠬᠡᠰᠡᠭ ᠮᠤᠵᠢ ᠣᠷᠣᠨ᠎ᠨᠢ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ ᠵᠢᠨ ᠳᠡᠭᠡᠳᠦ ᠵᠡᠷᠭᠡ ᠵᠢᠨ ᠠᠵᠢᠯᠴᠢᠨ᠎ᠤ ᠠᠩᠭᠢ᠂ ᠪᠡᠯᠡᠳᠬᠡᠯ ᠮᠠᠰᠲ᠋ᠧᠷ᠎ᠤᠨ ᠠᠩᠭᠢ᠎ᠠᠴᠠ ᠲᠡᠭᠦᠰᠦᠭᠰᠡᠳ᠎ᠢ ᠡᠯᠰᠡᠬᠦ ᠡᠲᠡᠭᠡᠳ᠎ᠤᠨ ᠬᠡᠪᠴᠢᠶᠡᠨ᠎ᠳᠤ ᠣᠷᠣᠭᠤᠯᠪᠠ᠃ ᠡᠮᠴᠢᠯᠡᠭᠡ ᠡᠷᠡᠭᠦᠯ ᠬᠠᠮᠠᠭ᠋ᠠᠯᠠᠯ᠎ᠢ ᠳᠡᠮᠵᠢᠬᠦ ᠠᠵᠢᠯᠲᠠᠨ ᠡᠯᠰᠡᠬᠦ᠎ᠳᠤ ᠬᠦᠴᠢᠷᠲᠡᠢ ᠪᠠᠢ᠌ᠬᠤ ᠠᠰᠠᠭᠤᠳᠠᠯ᠎ᠳᠤ ᠴᠢᠭᠯᠡᠭᠦᠯᠦᠨ᠂ ᠬᠤᠪᠧᠢ ᠮᠤᠵᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠢ ᠳᠡᠮᠵᠢᠬᠦ ᠠᠵᠢᠯ᠎ᠤᠨ ᠪᠠᠢ᠌ᠷᠢ᠎ᠳᠤ ᠨᠡᠷ᠎ᠡ ᠮᠡᠳᠡᠭᠦᠯᠦᠨ ᠰᠢᠯᠭ᠋ᠠᠭᠤᠯᠬᠤ᠎ᠳᠤ ᠲᠡᠭᠦᠰᠬᠦ ᠵᠢᠯ ᠬᠤᠭᠤᠴᠠᠭ᠎ᠠ ᠵᠢ ᠬᠢᠵᠠᠭ᠋ᠠᠷᠯᠠᠬᠤ ᠦᠭᠡᠢ᠂ ᠠᠨᠾᠦ᠋ᠢ᠂ ᠶᠦᠨᠨᠠᠨ ᠵᠡᠷᠭᠡ ᠮᠤᠵᠢ ᠣᠷᠣᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠢ ᠳᠡᠮᠵᠢᠬᠦ ᠲᠥᠷᠥᠯ᠎ᠤᠨ ᠠᠵᠢᠯ᠎ᠤᠨ ᠪᠠᠢ᠌ᠷᠢ᠎ᠳᠤ ᠰᠢᠯᠭ᠋ᠠᠯᠲᠠ ᠡᠬᠢᠯᠡᠬᠦ ᠬᠠᠷᠢᠴᠠᠯ ᠭᠠᠷᠭ᠋ᠠᠭᠰᠠᠨ ᠦᠭᠡᠢ ᠪᠠᠢ᠌ᠨ᠎ᠠ᠃
       ᠮᠡᠳᠡᠭᠳᠡᠯ᠎ᠳᠤ᠂ ᠡᠯ᠎ᠡ ᠭᠠᠵᠠᠷ᠎ᠤᠨ᠎ᠬᠢᠨ ᠡᠯᠰᠡᠬᠦ ᠨᠥᠬᠥᠴᠡᠯ ᠵᠶ᠋ᠡᠨ ᠵᠦᠢ ᠵᠣᠬᠢᠰᠲᠠᠢ ᠲᠣᠬᠢᠷᠠᠭᠤᠯᠵᠤ᠂ ᠬᠥᠮᠥᠨ ᠡᠯᠰᠡᠬᠦ᠎ᠳᠤ ᠬᠦᠴᠢᠷᠲᠡᠢ᠂ ᠬᠥᠮᠥᠨ ᠦᠯᠡᠳᠡᠭᠡᠬᠦ᠎ᠳᠤ ᠬᠦᠴᠢᠷᠲᠡᠢ ᠪᠡᠷᠬᠡ ᠬᠠᠲᠠᠭᠤᠵᠢᠯᠲᠠᠢ ᠵᠠᠬ᠎ᠠ ᠬᠢᠵᠠᠭ᠋ᠠᠷ ᠣᠷᠣᠨ᠎ᠳᠤ ᠲᠤᠰᠬᠠᠢ ᠮᠡᠷᠭᠡᠵᠢᠯ᠎ᠤᠨ ᠱᠠᠭ᠋ᠠᠷᠳᠠᠯᠭ᠎ᠠ ᠵᠢ ᠵᠣᠬᠢᠰᠲᠠᠢ᠎ᠪᠠᠷ ᠠᠭᠤᠵᠢᠭᠤ ᠲᠠᠯᠪᠢᠵᠤ᠂ ᠰᠢᠯᠭ᠋ᠠᠯᠲᠠ ᠡᠬᠢᠯᠡᠬᠦ ᠬᠠᠷᠢᠴᠠᠯ᠎ᠢ ᠪᠠᠭᠤᠷᠠᠭᠤᠯᠵᠤ ᠪᠣᠯᠣᠨ᠎ᠠ᠃ ᠶᠠᠳᠠᠭᠤ᠎ᠠᠴᠠ ᠠᠩᠭᠢᠵᠢᠷᠠᠭᠰᠠᠨ ᠭᠡᠷ ᠪᠦᠯᠢ᠂ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠬᠦᠷᠲᠡᠵᠦ ᠪᠠᠢ᠌ᠭ᠎ᠠ ᠭᠡᠷ ᠪᠦᠯᠢ᠂ ᠠᠵᠢᠯ᠎ᠲᠠᠢ ᠬᠥᠮᠥᠨ ᠦᠭᠡᠢ ᠭᠡᠷ ᠪᠦᠯᠢ ᠵᠢᠨ ᠲᠡᠭᠦᠰᠦᠭᠰᠡᠳ᠎ᠢ ᠤᠷᠢᠳ ᠵᠶ᠋ᠡᠷ ᠡᠯᠰᠡᠵᠦ᠂ ᠡᠮᠴᠢᠯᠡᠭᠡ ᠡᠷᠡᠭᠦᠯ ᠬᠠᠮᠠᠭ᠋ᠠᠯᠠᠯ᠎ᠢ ᠳᠡᠮᠵᠢᠬᠦ ᠠᠵᠢᠯ᠎ᠤᠨ ᠪᠠᠢ᠌ᠷᠢ ᠵᠢ ᠨᠢᠭᠡᠨᠲᠡ ᠵᠢᠷᠤᠮᠵᠢᠬᠰᠠᠨ ᠪᠣᠯᠪᠠᠰᠤᠷᠠᠯ᠎ᠳᠤ ᠣᠷᠣᠯᠴᠠᠬᠰᠠᠨ ᠠᠨᠠᠭ᠋ᠠᠬᠤ ᠤᠬᠠᠭ᠋ᠠᠨ᠎ᠤ ᠲᠤᠰᠬᠠᠢ ᠮᠡᠷᠭᠡᠵᠢᠯ᠎ᠠᠴᠠ ᠲᠡᠭᠦᠰᠦᠭᠰᠡᠳ ᠲᠡᠢ᠌ᠰᠢ ᠬᠡᠯᠪᠡᠢ᠌ᠯᠭᠡᠨ᠎ᠡ ᠭᠡᠵᠦ ᠱᠠᠭ᠋ᠠᠷᠳᠠᠪᠠ᠃
      ᠰᠤᠷᠪᠤᠯᠵᠢᠯᠠᠬ᠍ᠴᠢ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠠᠴᠠ ᠣᠢ᠌ᠯᠠᠭ᠋ᠠᠭᠰᠠᠨ ᠵᠶ᠋ᠠᠷ᠂ ᠣᠲᠣ ᠪᠤᠯᠲᠠᠯ᠎ᠠ᠂ ᠪᠦᠭᠦ ᠤᠯᠤᠰ᠎ᠤᠨ ᠪᠠᠷᠤᠭ 10 ᠮᠤᠵᠢ ᠣᠷᠣᠨ ᠨᠢᠭᠡᠨᠲᠡ ᠨᠡᠷ᠎ᠡ ᠮᠡᠳᠡᠭᠦᠯᠵᠦ᠂ ᠰᠢᠯᠭ᠋ᠠᠯᠲᠠ ᠵᠢ ᠱᠠᠯᠠᠪᠳᠠᠨ ᠵᠣᠬᠢᠶᠠᠨ ᠪᠠᠢ᠌ᠭᠤᠯᠵᠤ ᠪᠠᠢ᠌ᠨ᠎ᠠ᠂ ᠥᠪᠥᠷ ᠮᠣᠩᠭᠣᠯ᠂ ᠾᠧᠨᠠᠨ ᠵᠡᠷᠭᠡ 8 ᠮᠤᠵᠢ ᠣᠷᠣᠨ ᠪᠠᠰᠠ ᠣᠢ᠌ᠷ᠎ᠠ᠎ᠳᠤ ᠵᠠᠯᠭ᠋ᠠᠭ᠎ᠠ᠎ᠪᠠᠷ ᠡᠯᠰᠡᠬᠦ ᠠᠯᠪᠠᠨ ᠵᠠᠷ ᠨᠡᠢ᠌ᠲᠡᠯᠡᠬᠦ᠎ᠪᠠᠷ ᠪᠠᠢ᠌ᠨ᠎ᠠ᠃ ᠲᠣᠬᠢᠷᠠᠭᠤᠯᠤᠯᠲᠠ ᠵᠢ ᠦᠨᠳᠦᠰᠦᠯᠡᠪᠡᠯ᠂ ᠡᠯ᠎ᠡ ᠭᠠᠵᠠᠷ᠎ᠤᠨ᠎ᠬᠢᠨ 8 ᠰᠠᠷ᠎ᠠ ᠵᠢᠨ ᠡᠴᠦᠰ᠎ᠠᠴᠠ ᠡᠮᠦᠨ᠎ᠡ ᠡᠯᠰᠡᠨ ᠰᠣᠩᠭᠣᠬᠤ ᠠᠵᠢᠯ᠎ᠢ ᠪᠦᠭᠦᠨ᠎ᠢ ᠳᠠᠭᠤᠰᠬᠠᠵᠤ᠂ 9 ᠰᠠᠷ᠎ᠠ ᠵᠢᠨ ᠡᠬᠢ᠎ᠪᠠᠷ ᠰᠢᠨ᠎ᠡ᠎ᠪᠠᠷ ᠡᠯᠰᠡᠬᠦ ᠠᠵᠢᠯᠲᠠᠨ᠎ᠳᠤ ᠠᠵᠢᠯ᠎ᠤᠨ ᠪᠠᠢ᠌ᠷᠢ᠎ᠳᠤ ᠭᠠᠷᠬᠤ ᠦᠢ᠍ᠯᠡᠴᠢᠯᠡᠭᠡ ᠬᠠᠩᠭ᠋ᠠᠬᠤ ᠪᠣᠯᠣᠨ᠎ᠠ᠃
      ᠦᠨᠳᠦᠰᠦᠨ ᠱᠠᠲᠤᠨ᠎ᠤ ᠠᠵᠢᠯ᠎ᠤᠨ ᠪᠠᠢ᠌ᠷᠢ ᠵᠢᠨ ᠬᠠᠷᠠᠭ᠋ᠠᠯᠵᠠᠯ ᠪᠠ ᠪᠠᠲᠤᠯᠠᠭ᠎ᠠ ᠶᠠᠮᠠᠷ ᠵᠡᠷᠭᠡ ᠪᠤᠢ?
      ᠡᠨᠡ ᠵᠢᠯ᠎ᠤᠨ《ᠭᠤᠷᠪᠠ ᠵᠢ ᠳᠡᠮᠵᠢᠵᠦ ᠨᠢᠭᠡ ᠵᠢ ᠲᠡᠳᠬᠦᠬᠦ》 ᠲᠥᠯᠥᠪᠯᠡᠭᠡ᠎ᠳᠤ ᠶᠠᠮᠠᠷ ᠶᠠᠮᠠᠷ ᠦᠨᠳᠦᠰᠦᠨ ᠱᠠᠲᠤᠨ᠎ᠤ ᠠᠵᠢᠯ᠎ᠤᠨ ᠪᠠᠢ᠌ᠷᠢ ᠵᠢ ᠪᠠᠭᠲᠠᠭ᠋ᠠᠬᠤ ᠪᠤᠶ?
      ᠮᠡᠳᠡᠭᠳᠡᠯ ᠶᠣᠰᠣᠭ᠋ᠠᠷ᠂ ᠡᠯ᠎ᠡ ᠭᠠᠵᠠᠷ᠎ᠤᠨ᠎ᠬᠢᠨ ᠦᠨᠳᠦᠰᠦᠨ ᠱᠠᠲᠤᠨ᠎ᠤ ᠠᠵᠢᠯ ᠦᠢ᠍ᠯᠡᠰ᠎ᠤᠨ ᠬᠥᠭᠵᠢᠯᠲᠡ᠎ᠳᠤ ᠪᠠᠴᠢᠮ ᠱᠠᠭ᠋ᠠᠷᠳᠠᠭᠳᠠᠵᠤ ᠪᠠᠢ᠌ᠭ᠎ᠠ ᠲᠤᠲᠠᠭᠳᠠᠵᠤ ᠪᠠᠢ᠌ᠭ᠎ᠠ ᠠᠵᠢᠯ᠎ᠤᠨ ᠪᠠᠢ᠌ᠷᠢ ᠵᠢ ᠭᠣᠣᠯᠳᠠᠯᠭ᠎ᠠ᠎ᠲᠠᠢ ᠨᠡᠭᠡᠭᠡᠵᠦ᠂ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢᠨ ᠲᠤᠰᠠᠯᠠᠭᠴᠢ᠂ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ᠂ ᠤᠰᠤᠨ ᠠᠰᠢᠭᠯᠠᠯᠲᠠ ᠵᠢᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠬᠢᠭᠡᠳ ᠠᠵᠢᠯᠯᠠᠭ᠋ᠠᠨ᠎ᠤ ᠬᠠᠮᠢᠶᠠᠷᠤᠯᠲᠠ᠂ ᠣᠶ ᠰᠢᠭᠤᠢ ᠨᠤᠲᠤᠭ ᠪᠡᠯᠴᠢᠭᠡᠷ᠎ᠤᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠂ ᠡᠮᠴᠢᠯᠡᠭᠡ ᠡᠷᠡᠭᠦᠯ ᠬᠠᠮᠠᠭ᠋ᠠᠯᠠᠯ ᠵᠡᠷᠭᠡ ᠦᠢ᠍ᠯᠡᠴᠢᠯᠡᠭᠡᠨ᠎ᠤ ᠠᠵᠢᠯ᠎ᠤᠨ ᠪᠠᠢ᠌ᠷᠢ ᠵᠢ ᠥᠷᠭᠡᠳᠬᠡᠨ᠎ᠡ᠃ ᠨᠢᠭᠡᠨᠲᠡ ᠨᠡᠢ᠌ᠲᠡᠯᠡᠭᠰᠡᠨ ᠠᠯᠪᠠᠨ ᠵᠠᠷ᠎ᠠᠴᠠ ᠦᠵᠡᠪᠡᠯ᠂ ᠡᠯᠰᠡᠬᠦ ᠨᠢᠭᠡᠴᠢ᠎ᠳᠤ ᠭᠣᠣᠯᠳᠠᠭᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠡᠷᠡᠭᠦᠯ ᠬᠠᠮᠠᠭ᠋ᠠᠯᠠᠯ᠎ᠤᠨ ᠬᠣᠷᠢᠶ᠎ᠠ᠂ ᠲᠠᠷᠢᠶᠠᠯᠠᠩ᠎ᠤᠨ ᠮᠡᠷᠭᠡᠵᠢᠯ᠎ᠤᠨ ᠥᠷᠲᠡᠭᠡ᠂ ᠤᠰᠤᠨ ᠠᠰᠢᠭᠯᠠᠯᠲᠠ ᠵᠢᠨ ᠥᠷᠲᠡᠭᠡ᠂ ᠳᠤᠮᠳᠠᠳᠤ ᠪᠠᠭ᠎ᠠ ᠰᠤᠷᠭ᠋ᠠᠭᠤᠯᠢ ᠵᠡᠷᠭᠡ ᠪᠤᠶ᠃
      《ᠭᠤᠷᠪᠠ ᠵᠢ ᠳᠡᠮᠵᠢᠵᠦ ᠨᠢᠭᠡ ᠵᠢ ᠲᠡᠳᠬᠦᠬᠦ》 ᠬᠥᠮᠥᠰ᠎ᠢ ᠡᠩ᠎ᠤᠨ ᠪᠠᠢ᠌ᠳᠠᠯ᠎ᠳᠤ ᠰᠢᠶᠠᠩ ᠪᠠᠯᠭ᠋ᠠᠰᠤᠨ᠎ᠤ ᠦᠨᠳᠦᠰᠦᠨ ᠱᠠᠲᠤᠨ᠎ᠤ ᠨᠢᠭᠡᠴᠢ᠎ᠳᠤ ᠲᠣᠬᠢᠷᠠᠭᠤᠯᠤᠨ ᠦᠢ᠍ᠯᠡᠴᠢᠯᠡᠭᠦᠯᠦᠨ᠎ᠡ᠃ ᠡᠯ᠎ᠡ ᠭᠠᠵᠠᠷ᠎ᠤᠨ᠎ᠬᠢᠨ ᠡᠭᠦᠨ᠎ᠤ ᠳᠣᠲᠣᠷ᠎ᠠ᠎ᠠᠴᠠ ᠰᠢᠯᠢᠳᠡᠭ᠎ᠢ᠎ᠨᠢ ᠰᠣᠩᠭᠣᠨ ᠲᠠᠨᠢᠯᠴᠠᠭᠤᠯᠵᠤ ᠪᠠᠢ᠌ᠭ᠋ᠠᠳ ᠦᠨᠳᠦᠰᠦᠨ ᠱᠠᠲᠤᠨ᠎ᠤ ᠨᠢᠭᠡᠴᠢ ᠵᠢᠨ ᠡᠪᠯᠡᠯ᠎ᠤᠨ ᠬᠣᠷᠢᠶ᠎ᠠ ᠵᠢᠨ ᠳᠡᠳ᠋ ᠱᠦᠵᠢ᠂ ᠭᠣᠣᠯ ᠮᠥᠷᠡᠨ (ᠨᠠᠭᠤᠷ᠂ ᠣᠶ ᠰᠢᠭᠤᠢ)᠎ᠤ ᠳᠠᠷᠤᠭ᠎ᠠ ᠵᠢᠨ ᠲᠤᠰᠠᠯᠠᠭᠴᠢ᠂ ᠲᠠᠷᠢᠶᠠᠯᠠᠩ᠎ᠤᠨ ᠮᠡᠷᠭᠡᠵᠢᠯ᠎ᠤᠨ ᠦᠢ᠍ᠯᠡᠴᠢᠯᠡᠭᠡᠨ᠎ᠤ ᠥᠷᠲᠡᠭᠡ (ᠭᠠᠵᠠᠷ) ᠵᠢᠨ ᠳᠠᠷᠤᠭ᠎ᠠ ᠵᠢᠨ ᠲᠤᠰᠠᠯᠠᠭᠴᠢ᠂ ᠣᠶ ᠰᠢᠭᠤᠢ ᠵᠢᠨ ᠲᠠᠯᠠᠪᠠᠶ (ᠥᠷᠲᠡᠭᠡ) ᠵᠢᠨ ᠳᠠᠷᠤᠭ᠎ᠠ ᠵᠢᠨ ᠲᠤᠰᠠᠯᠠᠭᠴᠢ᠂ ᠦᠨᠳᠦᠰᠦᠨ ᠱᠠᠲᠤᠨ᠎ᠤ ᠬᠠᠩᠭ᠋ᠠᠨ ᠪᠣᠷᠣᠯᠠᠭᠤᠯᠬᠤ ᠬᠣᠷᠰᠢᠶ᠎ᠠ ᠵᠢᠨ ᠡᠷᠭᠢᠯᠡᠭᠴᠢ ᠵᠢᠨ ᠲᠤᠰᠠᠯᠠᠭᠴᠢ ᠵᠢᠨ ᠲᠤᠰᠢᠶᠠᠯ᠎ᠢ ᠡᠭᠦᠷᠭᠡᠯᠡᠭᠦᠯᠵᠦ᠂ ᠲᠡᠭᠦᠰᠦᠭᠰᠡᠳ᠎ᠢ ᠵᠣᠷᠢᠭᠵᠢᠭᠤᠯᠤᠨ ᠦᠨᠳᠦᠰᠦᠨ ᠱᠠᠲᠤᠨ᠎ᠤ ᠴᠢᠬᠤᠯᠠ ᠶᠡᠬᠡ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠪᠣᠯᠣᠨ ᠭᠣᠣᠯᠳᠠᠯᠭ᠎ᠠ᠎ᠲᠠᠢ ᠡᠭᠦᠷᠭᠡ᠎ᠳᠤ ᠣᠷᠣᠯᠴᠠᠭᠤᠯᠵᠤ᠂ ᠦᠨᠳᠦᠰᠦᠨ ᠱᠠᠲᠤᠨ᠎ᠤ ᠬᠥᠭᠵᠢᠯᠲᠡ ᠵᠢᠨ ᠪᠣᠳᠠᠲᠠᠢ ᠠᠰᠠᠭᠤᠳᠠᠯ᠎ᠢ ᠰᠤᠳᠤᠯᠤᠨ ᠰᠢᠢ᠍ᠳᠪᠦᠷᠢᠯᠡᠬᠦ ᠳᠤᠮᠳᠠ ᠳᠠᠪᠲᠠᠨ ᠪᠤᠯᠪᠠᠰᠤᠷᠠᠭᠤᠯᠵᠤ ᠬᠥᠮᠥᠵᠢᠭᠦᠯᠦᠨ᠎ᠡ᠃
      ᠮᠡᠳᠡᠭᠳᠡᠯ᠎ᠳᠤ᠂ 2024 ᠣᠨ᠎ᠳᠤ ᠲᠥᠪ᠎ᠤᠨ ᠡᠳ᠋᠎ᠤᠨ ᠵᠠᠰᠠᠭ᠎ᠠᠴᠠ 《ᠭᠤᠷᠪᠠ ᠵᠢ ᠳᠡᠮᠵᠢᠵᠦ ᠨᠢᠭᠡ ᠵᠢ ᠲᠡᠳᠬᠦᠬᠦ》 ᠠᠵᠢᠯᠲᠠᠨ᠎ᠤ ᠲᠤᠰᠬᠠᠢ ᠪᠣᠯᠪᠠᠰᠤᠷᠠᠯ ᠥᠷᠨᠢᠭᠦᠯᠬᠦ ᠵᠢ 8000 ᠬᠥᠮᠥᠨ ᠤᠳᠠᠭ᠎ᠠ ᠳᠡᠮᠵᠢᠨ᠎ᠡ; ᠡᠭᠦᠨ᠎ᠤ ᠬᠠᠮᠲᠤ᠂ ᠡᠯ᠎ᠡ ᠭᠠᠵᠠᠷ᠎ᠤᠨ᠎ᠬᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠢᠳᠡᠪᠬᠢᠲᠡᠢ ᠵᠣᠬᠢᠴᠠᠭᠤᠯᠵᠤ᠂ 《ᠭᠤᠷᠪᠠ ᠵᠢ ᠳᠡᠮᠵᠢᠵᠦ ᠨᠢᠭᠡ ᠵᠢ ᠲᠡᠳᠬᠦᠬᠦ》 ᠬᠥᠮᠥᠰ᠎ᠢ ᠵᠣᠬᠢᠴᠠᠩᠭᠤᠢ ᠠᠵᠢᠯ ᠲᠥᠷᠥᠯ᠎ᠤᠨ ᠴᠢᠳᠠᠪᠤᠷᠢᠲᠠᠨ᠎ᠤ ᠪᠣᠯᠪᠠᠰᠤᠷᠠᠯ᠎ᠤᠨ ᠬᠡᠪᠴᠢᠶᠡᠨ᠎ᠳᠤ ᠣᠷᠣᠭᠤᠯᠤᠨ᠎ᠠ; ᠲᠡᠳᠡᠨ᠎ᠤ ᠦᠢ᠍ᠯᠡᠴᠢᠯᠡᠬᠦ ᠬᠤᠭᠤᠴᠠᠭ᠋ᠠᠨ᠎ᠳᠤ ᠠᠵᠢᠯ ᠮᠡᠷᠭᠡᠵᠢᠯ᠎ᠤᠨ ᠬᠢᠷᠢ ᠭᠡᠮ᠎ᠤᠨ ᠰᠢᠯᠭ᠋ᠠᠯᠲᠠ᠎ᠳᠤ ᠣᠷᠤᠯᠴᠠᠬᠤ ᠵᠢ ᠵᠣᠷᠢᠭᠵᠢᠭᠤᠯᠬᠤ ᠵᠢᠨ ᠬᠠᠮᠲᠤ ᠲᠣᠭᠲᠠᠭ᠋ᠠᠯ ᠶᠣᠰᠣᠭ᠋ᠠᠷ ᠮᠡᠷᠭᠡᠵᠢᠯ᠎ᠤᠨ ᠴᠣᠯᠠ ᠲᠣᠭᠲᠠᠭ᠋ᠠᠬᠤ᠎ᠳᠤ ᠣᠷᠣᠯᠴᠠᠵᠤ ᠪᠣᠯᠣᠨ᠎ᠠ ᠭᠡᠵᠦ ᠲᠣᠳᠣᠷᠬᠠᠢ᠌ᠯᠠᠪᠠ᠃
      ᠰᠤᠷᠪᠤᠯᠵᠢᠯᠠᠬ᠍ᠴᠢ ᠵᠢᠨ ᠣᠢ᠌ᠯᠠᠭ᠋ᠠᠭᠰᠠᠨ ᠵᠶ᠋ᠠᠷ᠂ 2023 ᠣᠨ᠎ᠳᠤ᠂ ᠪᠦᠭᠦ ᠤᠯᠤᠰ᠎ᠲᠤ ᠨᠡᠢ᠌ᠲᠡ 115 ᠲᠦᠮᠡᠨ ᠬᠥᠮᠥᠨ 《ᠭᠤᠷᠪᠠ ᠵᠢ ᠳᠡᠮᠵᠢᠵᠦ ᠨᠢᠭᠡ ᠵᠢ ᠲᠡᠳᠬᠦᠬᠦ》 ᠲᠥᠯᠥᠪᠯᠡᠭᠡ᠎ᠳᠤ ᠨᠡᠷ᠎ᠡ ᠮᠡᠳᠡᠭᠦᠯᠵᠦ᠂ ᠳᠤᠮᠳᠠᠴᠢ ᠰᠢᠯᠭ᠋ᠠᠵᠤ ᠡᠯᠰᠡᠬᠦ ᠬᠠᠷᠢᠴᠠᠯ 26.3᠄ 1 ᠪᠣᠯᠪᠠ᠃
      ᠦᠨᠳᠦᠰᠦᠨ ᠱᠠᠲᠤᠨ᠎ᠳᠤ ᠣᠴᠢᠵᠤ ᠦᠢ᠍ᠯᠡᠴᠢᠯᠡᠬᠦ ᠪᠠᠲᠤᠯᠠᠭ᠎ᠠ ᠶᠠᠮᠠᠷ ᠵᠡᠷᠭᠡ ᠪᠤᠶ?
      《ᠭᠤᠷᠪᠠ ᠵᠢ ᠳᠡᠮᠵᠢᠵᠦ ᠨᠢᠭᠡ ᠵᠢ ᠲᠡᠳᠬᠦᠬᠦ》 ᠠᠵᠢᠯᠲᠠᠨ᠎ᠤ ᠠᠵᠢᠯ ᠠᠮᠢᠳᠤᠷᠠᠯ᠎ᠤᠨ ᠨᠥᠬᠥᠪᠦᠷᠢ ᠵᠢᠨ ᠪᠠᠷᠢᠮᠵᠢᠶ᠎ᠠ ᠵᠢ ᠲᠤᠬᠠᠢ ᠵᠢᠨ ᠭᠠᠵᠠᠷ᠎ᠤᠨ ᠰᠢᠶᠠᠩ ᠪᠠᠯᠭ᠋ᠠᠰᠤᠨ᠎ᠤ ᠪᠠᠢ᠌ᠭᠤᠯᠭ᠎ᠠ ᠪᠤᠶᠤ ᠠᠵᠢᠯ ᠦᠢ᠍ᠯᠡᠰ᠎ᠤᠨ ᠨᠢᠭᠡᠴᠢ ᠵᠢᠨ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠳᠣᠲᠣᠷ᠎ᠠ᠎ᠠᠴᠠ ᠰᠢᠨ᠎ᠡ᠎ᠪᠠᠷ ᠤᠷᠢᠨ ᠬᠡᠷᠡᠭᠯᠡᠭᠰᠡᠨ ᠬᠥᠮᠥᠰ᠎ᠤᠨ ᠵᠢᠩᠬᠢᠨᠢᠴᠢᠯᠡᠭᠰᠡᠨ᠎ᠤ ᠳᠠᠷᠠᠭ᠋ᠠᠬᠢ ᠴᠠᠯᠢᠩ᠎ᠤᠨ ᠲᠦᠪᠰᠢᠨ ᠵᠶ᠋ᠡᠷ ᠲᠣᠭᠲᠠᠭ᠋ᠠᠪᠠ᠃ ᠲᠥᠪ᠎ᠤᠨ ᠡᠳ᠋᠎ᠤᠨ ᠵᠠᠰᠠᠭ᠎ᠠᠴᠠ ᠵᠡᠭᠦᠨ ᠬᠡᠰᠡᠭ᠎ᠤᠨ ᠭᠠᠵᠠᠷ ᠣᠷᠣᠨ᠎ᠤ ᠬᠥᠮᠥᠨ ᠨᠢᠭᠡᠪᠦᠷᠢ᠎ᠳᠤ ᠵᠢᠯ ᠪᠦᠷᠢ 1.2 ᠲᠦᠮᠡᠨ ᠲᠥᠭᠥᠷᠢᠭ᠂ ᠳᠤᠮᠳᠠ ᠬᠡᠰᠡᠭ᠎ᠤᠨ ᠭᠠᠵᠠᠷ ᠣᠷᠣᠨ᠎ᠤ ᠬᠥᠮᠥᠨ ᠨᠢᠭᠡᠪᠦᠷᠢ᠎ᠳᠤ 2.4 ᠲᠦᠮᠡᠨ ᠲᠥᠭᠥᠷᠢᠭ᠂ ᠪᠠᠷᠠᠭᠤᠨ ᠬᠡᠰᠡᠭ᠎ᠤᠨ ᠭᠠᠵᠠᠷ ᠣᠷᠣᠨ᠎ᠤ 3 ᠲᠦᠮᠡᠨ ᠲᠥᠭᠥᠷᠢᠭ(ᠲᠥᠪᠡᠳ᠂ ᠰᠢᠨᠵᠢᠶᠠᠩ᠎ᠤᠨ ᠡᠮᠦᠨᠡᠲᠦ ᠬᠡᠰᠡᠭ᠎ᠤᠨ ᠳᠥᠷᠪᠡᠨ ᠲᠤᠰᠬᠠᠢ ᠣᠷᠣᠨ ᠵᠧᠦ᠎ᠳᠤ 4 ᠲᠦᠮᠡᠨ ᠲᠥᠭᠥᠷᠢᠭ)ᠪᠣᠯᠣᠨ ᠨᠢᠭᠡ ᠤᠳᠠᠭ᠎ᠠ ᠵᠢᠨ ᠴᠢᠨᠠᠷᠲᠠᠢ ᠭᠡᠷ ᠪᠦᠯᠢ᠎ᠪᠠᠨ ᠲᠥᠪᠬᠢᠨᠡᠭᠦᠯᠬᠦ ᠰᠦᠢ᠍ᠳᠬᠡᠯ ᠵᠶ᠋ᠡᠷ ᠬᠥᠮᠥᠨ ᠨᠢᠭᠡᠪᠦᠷᠢ᠎ᠳᠤ 3000 ᠲᠥᠭᠥᠷᠢᠭ᠎ᠤᠨ ᠪᠠᠷᠢᠮᠵᠢᠶ᠎ᠠ᠎ᠪᠠᠷ ᠨᠥᠬᠥᠪᠦᠷᠢ ᠣᠯᠭᠣᠪᠠ᠃
      2021 ᠣᠨ᠎ᠠᠴᠠ ᠨᠠᠭ᠋ᠠᠰᠢ᠂ ᠲᠥᠪ᠎ᠤᠨ ᠡᠳ᠋᠎ᠤᠨ ᠵᠠᠰᠠᠭ᠎ᠠᠴᠠ ᠨᠡᠢ᠌ᠲᠡ 54 ᠳ᠋ᠦᠩᠰᠢᠭᠤᠷ ᠲᠥᠭᠥᠷᠢᠭ ᠣᠷᠣᠭᠤᠯᠵᠤ᠂ ᠣᠷᠣᠨ ᠨᠤᠲᠤᠭ᠎ᠤᠨ ᠡᠳ᠋᠎ᠤᠨ ᠵᠠᠰᠠᠭ᠎ᠠᠴᠠ ᠢᠳᠡᠪᠬᠢᠲᠡᠢ ᠳᠡᠮᠵᠢᠵᠦ᠂ 《ᠭᠤᠷᠪᠠ ᠵᠢ ᠳᠡᠮᠵᠢᠵᠦ ᠨᠢᠭᠡ ᠵᠢ ᠲᠡᠳᠬᠦᠬᠦ》 ᠬᠥᠮᠥᠰ᠎ᠲᠤ ᠨᠥᠬᠥᠪᠦᠷᠢ ᠥᠭᠬᠦ ᠪᠠᠷᠢᠮᠵᠢᠶ᠎ᠠ᠎ᠳᠤ ᠬᠥᠳᠡᠯᠦᠩᠭᠦᠢ ᠲᠣᠬᠢᠷᠠᠭᠤᠯᠤᠯᠲᠠ ᠬᠢᠵᠦ᠂ ᠣᠯᠠᠩᠬᠢ ᠮᠤᠵᠢ ᠣᠷᠣᠨ᠎ᠤ ᠬᠥᠮᠥᠨ ᠳᠤᠮᠳᠠᠴᠢ ᠵᠢᠨ ᠵᠢᠯ᠎ᠤᠨ ᠨᠥᠬᠥᠪᠦᠷᠢ᠎ᠨᠢ 6 ᠲᠦᠮᠡᠨ ᠲᠥᠭᠥᠷᠢᠭ᠎ᠠᠴᠠ ᠳᠡᠭᠡᠭᠰᠢ ᠪᠣᠯᠪᠠ᠃ ᠡᠭᠦᠨ᠎ᠠᠴᠠ ᠭᠠᠳᠠᠨ᠎ᠠ᠂ ᠦᠨᠳᠦᠰᠦᠨ ᠱᠠᠲᠤᠨ᠎ᠤ ᠬᠥᠮᠥᠨ ᠬᠡᠷᠡᠭᠯᠡᠬᠦ ᠨᠢᠭᠡᠴᠢ ᠪᠠᠰᠠ ᠢᠳᠡᠵᠦ ᠤᠤᠭᠤᠬᠤ ᠬᠣᠨᠣᠵᠤ ᠬᠡᠪᠲᠡᠬᠦ᠂ ᠵᠠᠮ ᠬᠠᠷᠢᠯᠴᠠᠭ᠎ᠠ ᠵᠡᠷᠭᠡ ᠲᠠᠯ᠎ᠠ᠎ᠪᠠᠷ ᠲᠥᠭᠦᠮ ᠦᠵᠡᠭᠦᠯᠪᠡ᠃
      ᠦᠢ᠍ᠯᠡᠴᠢᠯᠡᠬᠦ ᠬᠤᠭᠤᠴᠠᠭ᠎ᠠ᠎ᠨᠢ ᠳᠠᠭᠤᠰᠪᠠᠯ ᠶᠠᠮᠠᠷ ᠲᠡᠳᠬᠦᠨ ᠳᠡᠮᠵᠢᠬᠦ ᠲᠥᠷᠥ ᠵᠢᠨ ᠪᠣᠳᠣᠯᠭ᠎ᠠ ᠠᠪᠬᠤ ᠪᠤᠶ?
      2 ᠵᠢᠯ᠎ᠤᠨ ᠦᠢ᠍ᠯᠡᠴᠢᠯᠡᠭᠡᠨ᠎ᠤ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ᠂ ᠶᠠᠮᠠᠷ ᠶᠠᠮᠠᠷ ᠠᠷᠭ᠎ᠠ ᠬᠡᠮᠵᠢᠶ᠎ᠡ᠎ᠪᠠᠷ ᠲᠡᠭᠦᠰᠬᠦ ᠰᠤᠷᠤᠬ᠍ᠴᠢᠳ᠎ᠤᠨ ᠬᠥᠭᠵᠢᠯᠲᠡ ᠵᠢ ᠳᠡᠮᠵᠢᠬᠦ ᠪᠤᠶ?
      ᠲᠠᠨᠢᠯᠴᠠᠭᠤᠯᠤᠭᠰᠠᠨ ᠵᠶ᠋ᠠᠷ᠂ ᠡᠯ᠎ᠡ ᠭᠠᠵᠠᠷ᠎ᠤᠨ ᠮᠤᠵᠢ ᠵᠢᠨ ᠱᠠᠲᠤᠨ᠎ᠠᠴᠠ ᠳᠣᠷᠣᠭᠰᠢᠬᠢ ᠠᠯᠪᠠᠲᠠᠨ᠎ᠤ ᠰᠢᠯᠭ᠋ᠠᠯᠲᠠ ᠵᠢᠨ ᠰᠢᠯᠭ᠋ᠠᠵᠤ ᠡᠯᠰᠡᠬᠦ ᠲᠥᠯᠥᠪᠯᠡᠭᠡ ᠵᠢᠨ 10% ᠣᠷᠴᠢᠮ᠎ᠢ ᠭᠠᠷᠭ᠋ᠠᠵᠤ᠂ 《ᠭᠤᠷᠪᠠ ᠵᠢ ᠳᠡᠮᠵᠢᠵᠦ ᠨᠢᠭᠡ ᠵᠢ ᠲᠡᠳᠬᠦᠬᠦ》 ᠲᠥᠯᠥᠪᠯᠡᠭᠡ ᠵᠡᠷᠭᠡ ᠦᠨᠳᠦᠰᠦᠨ ᠱᠠᠲᠤᠨ᠎ᠳᠤ ᠦᠢ᠍ᠯᠡᠴᠢᠯᠡᠭᠰᠡᠨ ᠲᠥᠷᠥᠯ ᠵᠦᠢ᠍ᠯ᠎ᠤᠨ ᠬᠥᠮᠥᠰ᠎ᠢ ᠬᠠᠨᠳᠤᠯᠭ᠎ᠠ᠎ᠲᠠᠢ᠎ᠪᠠᠷ ᠡᠯᠰᠡᠨ᠎ᠡ᠃ ᠰᠢᠶᠠᠨ ᠰᠢᠶᠠᠩ᠎ᠤᠨ ᠦᠨᠳᠦᠰᠦᠨ ᠱᠠᠲᠤᠨ᠎ᠤ ᠠᠵᠢᠯ ᠦᠢ᠍ᠯᠡᠰ᠎ᠤᠨ ᠨᠢᠭᠡᠴᠢ ᠢᠯᠡ᠎ᠪᠠᠷ ᠠᠵᠢᠯᠲᠠᠨ ᠡᠯᠰᠡᠬᠦ᠎ᠳᠤ᠂ ᠵᠣᠬᠢᠬᠤ ᠲᠣᠭ᠎ᠠ ᠬᠡᠮᠵᠢᠶ᠎ᠡ ᠪᠤᠶᠤ ᠬᠠᠷᠢᠴᠠᠯ᠎ᠤᠨ ᠠᠵᠢᠯ᠎ᠤᠨ ᠪᠠᠢ᠌ᠷᠢ ᠭᠠᠷᠭ᠋ᠠᠵᠤ᠂ 《ᠭᠤᠷᠪᠠ ᠵᠢ ᠳᠡᠮᠵᠢᠵᠦ ᠨᠢᠭᠡ ᠵᠢ ᠲᠡᠳᠬᠦᠬᠦ》 ᠦᠢ᠍ᠯᠡᠴᠢᠯᠡᠭᠡᠨ᠎ᠤ ᠬᠤᠭᠤᠴᠠᠭ᠎ᠠ᠎ᠨᠢ ᠳᠠᠭᠤᠰᠴᠤ ᠬᠢᠨᠠᠨ ᠰᠢᠯᠭ᠋ᠠᠭ᠋ᠠᠳ ᠬᠢᠷᠢ ᠲᠡᠩᠴᠡᠭᠰᠡᠨ ᠬᠥᠮᠥᠰ᠎ᠢ ᠲᠤᠰᠬᠠᠢ ᠵᠦᠢ᠍ᠯ ᠵᠶ᠋ᠡᠷ ᠡᠯᠰᠡᠬᠦ ᠵᠢᠨ ᠬᠠᠮᠲᠤ᠂ ᠠᠵᠢᠯ᠎ᠤᠨ ᠪᠣᠳᠠᠲᠤ ᠠᠮᠵᠢᠯᠲᠠ ᠵᠢᠨ ᠰᠢᠯᠭ᠋ᠠᠨ ᠪᠠᠢ᠌ᠴᠠᠭ᠋ᠠᠬᠤ ᠳᠤᠮᠳᠠᠬᠢ ᠬᠠᠷᠢᠴᠠᠯ᠎ᠢ ᠨᠡᠮᠡᠭᠳᠡᠭᠦᠯᠵᠦ᠂ ᠡᠯᠰᠡᠭᠰᠡᠨ᠎ᠤ ᠳᠠᠷᠠᠭ᠎ᠠ ᠲᠤᠷᠰᠢᠨ ᠬᠡᠷᠡᠭᠯᠡᠬᠦ ᠬᠤᠭᠤᠴᠠᠭ᠎ᠠ ᠵᠢ ᠳᠠᠭᠢᠵᠤ ᠪᠣᠯᠵᠣᠨ ᠲᠣᠭᠲᠠᠬᠤ ᠦᠭᠡᠢ᠃ ᠮᠤᠵᠢ ᠬᠣᠲᠠ ᠵᠢᠨ ᠠᠵᠢᠯ ᠦᠢ᠍ᠯᠡᠰ᠎ᠤᠨ ᠨᠢᠭᠡᠴᠢ ᠢᠯᠡ᠎ᠪᠠᠷ ᠠᠵᠢᠯᠲᠠᠨ ᠡᠯᠰᠡᠬᠦ᠎ᠳᠡᠭᠡᠨ᠂ ᠠᠳᠠᠯᠢ ᠨᠥᠬᠥᠴᠡᠯ᠎ᠤᠨ ᠳᠣᠣᠷ᠎ᠠ 《ᠭᠤᠷᠪᠠ ᠵᠢ ᠳᠡᠮᠵᠢᠵᠦ ᠨᠢᠭᠡ ᠵᠢ ᠲᠡᠳᠬᠦᠬᠦ》 ᠦᠢ᠍ᠯᠡᠴᠢᠯᠡᠭᠡᠨ᠎ᠤ ᠬᠤᠭᠤᠴᠠᠭ᠎ᠠ᠎ᠨᠢ ᠳᠠᠭᠤᠰᠴᠤ ᠬᠢᠨᠠᠨ ᠰᠢᠯᠭ᠋ᠠᠯᠲᠠ᠎ᠳᠤ ᠬᠢᠷᠢ ᠲᠡᠩᠴᠡᠭᠰᠡᠨ ᠠᠵᠢᠯᠲᠠᠨ᠎ᠢ ᠤᠷᠢᠳ ᠵᠶ᠋ᠡᠷ ᠡᠯᠰᠡᠨ ᠬᠡᠷᠡᠭᠯᠡᠨ᠎ᠡ᠃
      《〈ᠭᠤᠷᠪᠠ ᠵᠢ ᠳᠡᠮᠵᠢᠵᠦ ᠨᠢᠭᠡ ᠵᠢ ᠲᠡᠳᠬᠦᠬᠦ〉 ᠬᠥᠮᠥᠰ 2 ᠵᠢᠯ᠎ᠤᠨ ᠪᠣᠯᠪᠠᠰᠤᠷᠠᠯ ᠵᠶ᠋ᠠᠷ ᠳᠡᠮᠵᠢᠨ᠂ ᠦᠨᠳᠦᠰᠦᠨ ᠱᠠᠲᠤᠨ᠎ᠤ ᠪᠠᠢ᠌ᠳᠠᠯ᠎ᠢ ᠣᠢ᠌ᠯᠠᠭ᠋ᠠᠵᠤ᠂ ᠵᠣᠬᠢᠬᠤ ᠬᠡᠮᠵᠢᠶᠡᠨ᠎ᠤ ᠣᠯᠠᠨ ᠲᠦᠮᠡᠨ᠎ᠤ ᠠᠵᠢᠯ᠎ᠤᠨ ᠠᠷᠭ᠎ᠠ ᠵᠢ ᠡᠵᠡᠮᠰᠢᠭᠰᠡᠨ ᠪᠣᠯᠬᠣᠷ ᠦᠨᠳᠦᠰᠦᠨ ᠱᠠᠲᠤᠨ᠎ᠳᠤ ᠦᠯᠡᠳᠡᠪᠡᠯ ᠠᠵᠢᠯ᠎ᠳᠠᠭᠠᠨ ᠮᠠᠰᠢ ᠲᠦᠷᠭᠡᠨ ᠵᠣᠬᠢᠴᠠᠵᠤ ᠴᠢᠳᠠᠨ᠎ᠠ᠃ ᠪᠢᠳᠡᠨ᠎ᠤ ᠬᠤᠭᠤᠴᠠᠭ᠎ᠠ᠎ᠨᠢ ᠳᠠᠭᠤᠰᠤᠭᠰᠠᠨ ᠬᠥᠮᠥᠰ᠎ᠤᠨ ᠰᠢᠯᠵᠢᠵᠦ ᠬᠥᠭᠵᠢᠬᠦ ᠵᠢ ᠠᠬᠢᠭᠤᠯᠬᠤ ᠭᠣᠣᠯ ᠲᠥᠷᠥ ᠵᠢᠨ ᠪᠣᠳᠣᠯᠭ᠎ᠠ ᠵᠢᠨ ᠬᠠᠨᠳᠤᠰᠢ ᠪᠣᠯ ᠲᠡᠳᠡᠨ᠎ᠤ ᠦᠨᠳᠦᠰᠦᠨ ᠱᠠᠲᠤᠨ᠎ᠳᠤ ᠦᠨᠳᠦᠰᠦᠯᠡᠵᠦ ᠠᠵᠢᠯ ᠣᠯᠵᠤ ᠦᠢ᠍ᠯᠡᠰ ᠪᠣᠰᠬᠠᠬᠤ᠎ᠳᠤ ᠢᠳᠡᠪᠬᠢᠲᠡᠢ᠎ᠪᠠᠷ ᠨᠥᠬᠥᠴᠡᠯ ᠪᠦᠷᠢᠯᠳᠦᠭᠦᠯᠵᠦ ᠥᠭᠬᠦ ᠵᠢᠨ ᠲᠥᠯᠥᠭᠡ ᠶᠤᠮ᠃ 2023 ᠣᠨ᠎ᠤ ᠡᠴᠦᠰ᠎ᠲᠤ᠂ ᠲᠤᠰ ᠵᠢᠯ᠎ᠤᠨ ᠬᠤᠭᠤᠴᠠᠭ᠎ᠠ᠎ᠨᠢ ᠳᠠᠭᠤᠰᠤᠭᠰᠠᠨ ᠬᠥᠮᠥᠰ᠎ᠤᠨ ᠳᠣᠲᠣᠷ᠎ᠠ ᠪᠠᠷᠤᠭ 90%᠎ᠨᠢ ᠠᠵᠢᠯ ᠣᠯᠵᠤ᠂ ᠪᠠᠷᠤᠭ 70%᠎ᠨᠢ ᠦᠨᠳᠦᠰᠦᠨ ᠱᠠᠲᠤᠨ᠎ᠳᠤ ᠦᠯᠡᠳᠡᠵᠦ᠂ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠪᠠᠴᠢᠮ ᠬᠡᠷᠡᠭᠰᠡᠬᠦ ᠵᠠᠯᠠᠭᠤ ᠴᠢᠳᠠᠪᠤᠷᠢᠲᠠᠨ᠎ᠢ ᠦᠯᠡᠳᠡᠭᠡᠵᠦ ᠥᠭᠴᠡᠢ》ᠭᠡᠵᠦ ᠵᠠᠩ ᠸᠧᠨ ᠮᠢᠶᠣᠣ ᠬᠡᠯᠡᠪᠡ᠃
      2021 ᠣᠨ᠎ᠤ ᠳᠥᠷᠪᠡᠳᠦᠭᠡᠷ ᠡᠭᠡᠯᠵᠢ ᠵᠢᠨ 《ᠭᠤᠷᠪᠠ ᠵᠢ ᠳᠡᠮᠵᠢᠵᠦ ᠨᠢᠭᠡ ᠵᠢ ᠲᠡᠳᠬᠦᠬᠦ》 ᠲᠥᠯᠥᠪᠯᠡᠭᠡ ᠵᠢ ᠬᠡᠷᠡᠭᠵᠢᠭᠦᠯᠦᠭᠰᠡᠨ᠎ᠠᠴᠠ ᠨᠠᠭ᠋ᠠᠰᠢ᠂ ᠪᠦᠭᠦ ᠤᠯᠤᠰ᠎ᠲᠤ ᠨᠢᠭᠡᠨᠲᠡ 12.17 ᠲᠦᠮᠡᠨ ᠲᠡᠭᠦᠰᠬᠦ ᠰᠣᠷᠣᠬ᠍ᠴᠢ ᠵᠢ ᠦᠨᠳᠦᠰᠦᠨ ᠱᠠᠲᠤᠨ᠎ᠳᠤ ᠰᠣᠩᠭᠣᠨ ᠲᠣᠮᠢᠯᠠᠵᠤ ᠦᠢ᠍ᠯᠡᠴᠢᠯᠡᠭᠦᠯᠪᠡ᠃
      《ᠭᠤᠷᠪᠠ ᠵᠢ ᠲᠡᠮᠵᠢᠵᠦ ᠨᠢᠭᠡ ᠵᠢ ᠲᠡᠳᠬᠦᠬᠦ》ᠠᠵᠢᠯᠲᠠᠨ᠎ᠤ ᠦᠷᠭᠦᠯᠵᠢᠯᠡᠨ ᠰᠤᠷᠤᠯᠴᠠᠬᠤ ᠵᠢ ᠳᠡᠮᠵᠢᠬᠦ ᠵᠢᠨ ᠲᠥᠯᠥᠭᠡ᠂ ᠲᠥᠷᠥ ᠵᠢᠨ ᠪᠣᠳᠣᠯᠭ᠎ᠠ᠎ᠳᠤ 3 ᠵᠢᠯ᠎ᠤᠨ ᠳᠣᠲᠣᠷ᠎ᠠ ᠪᠦᠭᠦ ᠤᠯᠤᠰ᠎ᠤᠨ ᠠᠰᠫᠢᠷᠠᠨᠲ ᠡᠯᠰᠡᠬᠦ ᠰᠢᠯᠭ᠋ᠠᠯᠲᠠ᠎ᠳᠤ ᠣᠷᠤᠯᠴᠠᠬᠤ᠎ᠳᠤ ᠠᠩᠬᠠᠨ᠎ᠤ ᠰᠢᠯᠭ᠋ᠠᠯᠲᠠ ᠵᠢᠨ ᠶᠡᠷᠦᠩᠬᠡᠢ ᠬᠤᠪᠢ ᠳᠡᠭᠡᠷ᠎ᠡ 10 ᠬᠤᠪᠢ ᠨᠡᠮᠡᠵᠦ᠂ ᠠᠳᠠᠯᠢ ᠨᠥᠬᠥᠴᠡᠯ᠎ᠤᠨ ᠳᠣᠣᠷ᠎ᠠ ᠤᠷᠢᠳ ᠵᠶ᠋ᠡᠷ ᠡᠯᠰᠡᠨ᠎ᠡ ᠭᠡᠵᠦ ᠲᠣᠭᠲᠠᠭ᠋ᠠᠵᠠᠢ᠃
      ᠡᠨᠡ ᠵᠢᠯ᠎ᠤᠨ ᠮᠡᠳᠡᠭᠳᠡᠯ᠎ᠳᠤ ᠪᠠᠰᠠ᠂ ᠦᠢ᠍ᠯᠡᠴᠢᠯᠡᠭᠡᠨ᠎ᠤ ᠬᠤᠭᠤᠴᠠᠭ᠎ᠠ᠎ᠨᠢ ᠳᠠᠭᠤᠰᠤᠭᠰᠠᠨ ᠬᠥᠮᠥᠰ᠎ᠲᠤ ᠠᠵᠢᠯ ᠣᠯᠭᠣᠬᠤ ᠦᠢ᠍ᠯᠡᠴᠢᠯᠡᠭᠡᠨ᠎ᠤ ᠠᠵᠢᠯ᠎ᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠬᠢᠵᠦ᠂ ᠦᠨᠳᠦᠰᠦᠨ ᠱᠠᠲᠤᠨ᠎ᠤ ᠦᠢ᠍ᠯᠡᠴᠢᠯᠡᠭᠡᠨ᠎ᠤ ᠨᠢᠭᠡᠴᠢ ᠵᠢᠨ ᠦᠯᠡᠳᠡᠭᠡᠨ ᠬᠡᠷᠡᠭᠯᠡᠬᠦ ᠠᠷᠭ᠎ᠠ ᠵᠠᠮ᠎ᠢ ᠰᠠᠭ᠋ᠠᠳ ᠦᠭᠡᠢ ᠨᠠᠪᠲᠠᠷᠡᠭᠦᠯᠵᠦ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ 《ᠭᠤᠷᠪᠠ ᠵᠢ ᠳᠡᠮᠵᠢᠵᠦ ᠨᠢᠭᠡ ᠵᠢ ᠲᠡᠳᠬᠦᠬᠦ》 ᠬᠥᠮᠥᠰ᠎ᠤᠨ ᠦᠨᠳᠦᠰᠦᠨ ᠱᠠᠲᠤᠨ᠎ᠳᠤ ᠦᠨᠳᠦᠰᠦᠯᠡᠨ ᠦᠰᠦᠨ ᠪᠣᠢ᠌ᠵᠢᠵᠤ ᠴᠢᠳᠠᠪᠤᠷᠢᠲᠠᠨ ᠪᠤᠯᠬᠤ ᠵᠢ ᠠᠬᠢᠭᠤᠯᠬᠤ ᠬᠡᠷᠡᠭᠲᠡᠢ ᠭᠡᠵᠦ ᠲᠤᠰᠬᠠᠢ᠌ᠯᠠᠨ ᠴᠢᠬᠤᠯᠠᠴᠢᠯᠠᠭᠰᠠᠨ ᠪᠠᠢ᠌ᠨ᠎ᠠ᠃ ᠲᠤᠰᠬᠠᠢ ᠲᠠᠯᠠᠪᠤᠷ᠎ᠤᠨ ᠠᠵᠢᠯᠲᠠᠨ ᠡᠯᠰᠡᠬᠦ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠦᠨᠳᠦᠰᠦᠨ ᠱᠠᠲᠤᠨ᠎ᠤ ᠨᠢᠭᠡᠴᠢ ᠵᠢᠨ᠎ᠬᠢᠨ ᠦᠢ᠍ᠯᠡᠴᠢᠯᠡᠭᠡᠨ᠎ᠤ ᠬᠤᠭᠤᠴᠠᠭ᠎ᠠ᠎ᠨᠢ ᠳᠠᠭᠤᠰᠤᠭᠰᠠᠨ ᠬᠥᠮᠥᠰ᠎ᠢ ᠤᠷᠢᠳ ᠵᠶ᠋ᠠᠷ ᠤᠷᠢᠵᠤ ᠡᠯᠰᠡᠬᠦ ᠵᠢ ᠵᠣᠷᠢᠭᠵᠢᠭᠤᠯᠵᠤ᠂ ᠪᠡᠶ᠎ᠡ᠎ᠪᠠᠨ ᠳᠠᠭ᠋ᠠᠭ᠋ᠠᠵᠤ ᠠᠵᠢᠯ ᠣᠯᠵᠤ ᠦᠢ᠍ᠯᠡᠰ ᠪᠣᠰᠬᠠᠬᠤ ᠦᠶ᠎ᠡ᠎ᠳᠤ ᠬᠠᠨᠳᠤᠯᠭ᠋ᠠᠲᠤ ᠴᠢᠨᠠᠷᠲᠠᠢ ᠠᠵᠢᠯ ᠣᠯᠭᠣᠯᠲᠠ ᠵᠢᠨ ᠦᠢ᠍ᠯᠡᠴᠢᠯᠡᠭᠡ᠂ ᠦᠢ᠍ᠯᠡᠰ ᠪᠣᠰᠬᠠᠬᠤ ᠪᠣᠯᠪᠠᠰᠤᠷᠠᠯ ᠵᠢᠴᠢ ᠨᠡᠪᠴᠢᠭᠦᠯᠦᠯᠲᠡ ᠵᠡᠷᠭᠡ ᠵᠢ ᠡᠳ᠋ᠯᠡᠭᠦᠯᠭᠦ ᠬᠡᠷᠡᠭᠲᠡᠢ ᠭᠡᠵᠦ ᠱᠠᠭ᠋ᠠᠷᠳᠠᠪᠠ᠃

          (ᠰᠢᠨᠬᠤᠸᠠ ᠬᠣᠷᠢᠶ᠎ᠠ ᠵᠢᠨ ᠪᠡᠭᠡᠵᠢᠩ᠎ᠤᠨ 5 ᠰᠠᠷ᠎ᠠ ᠵᠢᠨ13᠎ᠤ ᠴᠠᠭᠢᠯᠭ᠋ᠠᠨ ᠮᠡᠳᠡᠭᠡ᠎ᠠᠴᠠ)



ᠢᠷᠡᠯᠲᠡ᠄ ᠳᠤᠮᠳᠠᠲᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ