ᠰᠣᠨᠢᠨ ᠮᠡᠳᠡᠭᠡ   -   ᠰᠤᠷᠪᠤᠯᠵᠢᠯᠠᠭ᠎ᠠ

ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢ ᠭᠦᠨᠵᠡᠭᠡᠢ ᠠᠬᠢᠭᠤᠯᠤᠨ᠎ᠠ

ᠨᠡᠶ᠋ᠢᠲᠡᠯᠡᠭᠰᠡᠨ ᠴᠠᠭ᠄   2024-08-26

      — ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠬᠠᠷᠢᠭᠤᠴᠠᠯᠭ᠋ᠠᠲᠠᠨ 《ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠦᠭᠦ ᠲᠠᠯ᠎ᠠ᠎ᠪᠠᠷ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠬᠦ ᠲᠤᠬᠠᠢ ᠰᠠᠨᠠᠯ》᠎ᠤᠨ ᠲᠤᠬᠠᠢ ᠰᠤᠷᠪᠤᠯᠵᠢᠯᠠᠬ᠍ᠴᠢ ᠵᠢᠨ ᠠᠰᠠᠭᠤᠯᠲᠠ ᠵᠢ ᠬᠠᠷᠢᠭᠤᠯᠪᠠ


      ᠣᠢ᠌ᠷ᠎ᠠ᠎ᠳᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ 《ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠦᠭᠦ ᠲᠠᠯ᠎ᠠ᠎ᠪᠠᠷ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠬᠦ ᠲᠤᠬᠠᠢ ᠰᠠᠨᠠᠯ》᠎ᠢ ᠳᠠᠷᠤᠮᠠᠯᠯᠠᠨ ᠲᠠᠷᠬᠠᠭ᠋ᠠᠪᠠ᠃ ᠰᠠᠨᠠᠯ᠎ᠢ ᠨᠡᠢ᠌ᠲᠡᠯᠡᠭᠰᠡᠨ ᠠᠬᠤᠢ ᠪᠠᠢ᠌ᠳᠠᠯ᠎ᠨᠢ ᠶᠠᠭᠤ ᠪᠤᠶ? ᠶᠠᠮᠠᠷ ᠶᠠᠮᠠᠷ ᠴᠢᠬᠤᠯᠠ ᠡᠭᠦᠷᠭᠡ ᠵᠢ ᠪᠠᠢ᠌ᠷᠢᠯᠠᠭᠤᠯᠤᠭᠰᠠᠨ ᠪᠤᠶ? ᠰᠢᠨᠬᠤᠸᠠ ᠬᠣᠷᠢᠶᠠᠨ᠎ᠤ ᠰᠤᠷᠪᠤᠯᠵᠢᠯᠠᠬ᠍ᠴᠢ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠬᠠᠷᠢᠭᠤᠴᠠᠯᠭ᠋ᠠᠲᠠᠨ᠎ᠢ ᠰᠤᠷᠪᠤᠯᠵᠢᠯᠠᠪᠠ᠃

      ᠠᠰᠠᠭᠤᠯᠲᠠ᠄ ᠰᠠᠨᠠᠯ᠎ᠢ ᠨᠡᠢ᠌ᠲᠡᠯᠡᠭᠰᠡᠨ ᠠᠬᠤᠢ ᠪᠠᠢ᠌ᠳᠠᠯ᠎ᠨᠢ ᠶᠠᠭᠤ ᠪᠤᠶ?

      ᠬᠠᠷᠢᠭᠤᠯᠲᠠ᠄ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠮᠠᠨ᠎ᠤ ᠤᠯᠤᠰ᠎ᠤᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠲᠡᠦᠬᠡᠲᠦ ᠴᠢᠨᠠᠷᠲᠠᠢ ᠠᠮᠵᠢᠯᠲᠠ ᠣᠯᠪᠠ᠃ ᠡᠨᠧᠷᠭᠢ ᠵᠢᠨ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠠᠯᠬᠤᠴᠠ ᠲᠦᠷᠭᠡᠳᠴᠦ᠂ 2024 ᠣᠨ᠎ᠤ 6 ᠰᠠᠷ᠎ᠠ ᠵᠢᠨ ᠰᠡᠭᠦᠯᠴᠢ ᠪᠤᠯᠲᠠᠯ᠎ᠠ᠂ ᠳᠠᠬᠢᠯᠲᠠ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠬᠡᠪᠴᠢᠶ᠎ᠡ 16.53 ᠳ᠋ᠦᠩᠰᠢᠭᠤᠷ ᠺᠢᠯᠣᠸᠠᠲ᠎ᠲᠤ ᠬᠦᠷᠴᠦ᠂ ᠶᠡᠷᠦᠩᠬᠡᠢ ᠮᠠᠰᠢᠨ ᠴᠣᠭᠴᠠᠯᠠᠪᠤᠷᠢ ᠵᠢᠨ 53.8% ᠵᠢ ᠡᠵᠡᠯᠡᠪᠡ; ᠠᠵᠤ ᠦᠢ᠍ᠯᠡᠰ᠎ᠤᠨ ᠪᠦᠲᠦᠴᠡ ᠵᠢ ᠦᠷᠭᠦᠯᠵᠢᠯᠡᠨ ᠰᠢᠯᠢᠳᠡᠭᠵᠢᠭᠦᠯᠦᠨ ᠲᠡᠰ ᠳᠡᠪᠰᠢᠭᠦᠯᠵᠦ᠂ ᠪᠦᠭᠦ ᠪᠥᠮᠪᠥᠷᠴᠡᠭ᠎ᠤᠨ ᠬᠠᠮᠤᠭ᠎ᠤᠨ ᠶᠡᠬᠡ᠂ ᠬᠠᠮᠤᠭ᠎ᠤᠨ ᠪᠦᠷᠢᠨ ᠪᠦᠲᠦᠨ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠬᠡᠯᠬᠢᠶ᠎ᠡ ᠵᠢ ᠪᠠᠢ᠌ᠭᠤᠯᠪᠠ; ᠡᠬᠢ ᠪᠠᠶᠠᠯᠢᠭ᠎ᠢ ᠠᠰᠢᠭᠯᠠᠬᠤ ᠦᠷ᠎ᠡ ᠪᠦᠲᠦᠮᠵᠢ ᠦᠷᠭᠦᠯᠵᠢᠯᠡᠨ ᠳᠡᠭᠡᠭᠰᠢᠯᠡᠵᠦ᠂ 2023 ᠣᠨ᠎ᠳᠤ ᠮᠠᠨ᠎ᠤ ᠤᠯᠤᠰ᠎ᠤᠨ ᠨᠢᠭᠡᠴᠢ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠤᠨ ᠡᠨᠧᠷᠭᠢ ᠵᠢᠨ ᠬᠣᠷᠣᠭᠳᠠᠯ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢᠨ ᠬᠦᠴᠦᠯᠡᠴᠡ 2012 ᠣᠨ᠎ᠤ᠎ᠬᠢ᠎ᠠᠴᠠ ᠲᠣᠰ ᠲᠣᠰ 26%᠂ 35%᠎ᠪᠠᠷ ᠪᠠᠭ᠋ᠠᠰᠴᠤ᠂ ᠭᠣᠣᠯ ᠪᠤᠯᠬᠤ ᠡᠬᠢ ᠪᠠᠶᠠᠯᠢᠭ᠎ᠢ ᠦᠢ᠍ᠯᠡᠳᠪᠦᠷᠢᠯᠡᠨ ᠭᠠᠷᠭ᠋ᠠᠬᠤ ᠨᠣᠷᠮ᠎ᠠ 60% ᠬᠤᠪᠢ ᠢᠯᠡᠭᠦᠦ᠎ᠪᠠᠷ ᠳᠡᠭᠡᠭᠰᠢᠯᠡᠪᠡ;ᠣᠷᠴᠢᠨ ᠲᠣᠭᠣᠷᠢᠨ᠎ᠤ ᠴᠢᠨᠠᠷ ᠴᠢᠨᠰᠠᠭ᠎ᠠ ᠦᠷᠭᠦᠯᠵᠢᠯᠡᠨ ᠰᠠᠢ᠌ᠵᠢᠷᠠᠵᠤ᠂ ᠲᠡᠭᠷᠢ᠎ᠨᠢ ᠨᠡᠩ ᠴᠡᠯᠮᠡᠭ᠂ ᠠᠭᠤᠯᠠ᠎ᠨᠢ ᠨᠡᠩ ᠬᠥᠬᠡᠮᠳᠦᠭ᠂ ᠤᠰᠤ᠎ᠨᠢ ᠨᠡᠩ ᠲᠤᠩᠭ᠋ᠠᠯᠠᠭ ᠪᠣᠯᠵᠠᠢ᠃

      ᠡᠭᠦᠨ᠎ᠤ ᠬᠠᠮᠲᠤ᠂ ᠮᠠᠨ᠎ᠤ ᠤᠯᠤᠰ᠎ᠤᠨ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ᠎ᠳᠤ ᠮᠥᠨ ᠬᠦ᠌ ᠴᠥᠭᠡᠨ ᠪᠤᠰᠤ ᠬᠦᠴᠢᠷᠳᠡᠯ ᠪᠠ ᠥᠷᠢᠰᠦᠯᠳᠦᠭᠡᠨ᠎ᠳᠤ ᠲᠤᠯᠭ᠋ᠠᠷᠠᠵᠤ ᠪᠠᠢ᠌ᠨ᠎ᠠ᠃ ᠡᠨᠧᠷᠭᠢ ᠵᠢᠨ ᠪᠦᠲᠦᠴᠡ ᠨᠡᠭᠦᠷᠡᠰᠦ ᠲᠡᠢ᠌ᠰᠢ ᠬᠡᠯᠪᠡᠢ᠌ᠭᠰᠡᠨ᠂ ᠠᠵᠤ ᠦᠢ᠍ᠯᠡᠰ᠎ᠤᠨ ᠪᠦᠲᠦᠴᠡ ᠬᠦᠨᠳᠦ ᠲᠡᠢ᠌ᠰᠢ ᠬᠡᠯᠪᠡᠢ᠌ᠭᠰᠡᠨ᠂ ᠣᠷᠴᠢᠨ ᠲᠣᠭᠣᠷᠢᠨ᠎ᠤ ᠬᠢᠵᠠᠭ᠋ᠠᠷᠯᠠᠯ ᠴᠢᠩᠭ᠎ᠠ ᠪᠠᠢ᠌ᠭ᠎ᠠ ᠤᠯᠤᠰ᠎ᠤᠨ ᠪᠠᠢ᠌ᠳᠠᠯ ᠬᠤᠪᠢᠷᠠᠭ᠎ᠠ ᠦᠭᠡᠢ᠂ ᠴᠢᠯᠠᠭᠤᠵᠢᠮᠠᠯ ᠡᠨᠧᠷᠭᠢ ᠪᠣᠯᠣᠨ ᠤᠯᠠᠮᠵᠢᠯᠠᠯᠲᠤ ᠠᠵᠤ ᠦᠢ᠍ᠯᠡᠰ᠎ᠤᠨ ᠡᠵᠡᠯᠡᠬᠦ ᠬᠠᠷᠢᠴᠠᠯ ᠮᠥᠨ ᠨᠡᠯᠢᠶᠡᠳ ᠥᠨᠳᠥᠷ ᠪᠠᠢ᠌ᠵᠤ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ ᠲᠣᠭᠲᠠᠭᠤᠨ᠎ᠤ ᠳᠤᠮᠳᠠ ᠰᠠᠢ᠌ᠵᠢᠷᠠᠬᠤ ᠰᠠᠭᠤᠷᠢ ᠪᠠᠰᠠ ᠪᠠᠲᠤ ᠪᠡᠬᠢ ᠪᠢᠰᠢ ᠪᠠᠢ᠌ᠨ᠎ᠠ᠃ ᠡᠭᠦᠨ᠎ᠠᠴᠠ ᠭᠠᠳᠠᠨ᠎ᠠ᠂ ᠪᠦᠭᠦ ᠪᠥᠮᠪᠥᠷᠴᠡᠭ᠎ᠤᠨ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠠᠬᠢᠴᠠ᠎ᠳᠤ ᠨᠤᠭᠤᠷᠠᠯ ᠪᠦᠳᠦᠷᠢᠯ ᠲᠤᠯᠭ᠋ᠠᠷᠠᠵᠤ᠂ ᠣᠷᠴᠢᠨ ᠲᠣᠭᠣᠷᠢᠨ ᠪᠠ ᠠᠭᠤᠷ ᠠᠮᠢᠰᠬᠤᠯ᠎ᠤᠨ ᠵᠥᠪᠯᠡᠬᠦ ᠰᠡᠳᠦᠪ ᠤᠯᠤᠰ ᠲᠥᠷᠥᠴᠢᠯᠡᠬᠦ ᠬᠠᠨᠳᠤᠰᠢ ᠴᠢᠩᠭ᠋ᠠᠷᠠᠵᠤ᠂ ᠪᠣᠬᠢᠷᠳᠤᠯ ᠦᠭᠡᠢ ᠠᠷᠠᠯᠵᠢᠶᠠᠨ᠎ᠤ ᠪᠡᠬᠢᠯᠡᠯᠲᠡ ᠲᠠᠰ ᠳᠡᠪᠰᠢᠪᠡ᠃

      ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠠᠴᠠ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠦᠭᠦ ᠲᠠᠯ᠎ᠠ᠎ᠪᠠᠷ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠬᠦ ᠲᠤᠬᠠᠢ ᠪᠠᠢ᠌ᠷᠢᠯᠠᠭᠤᠯᠤᠯᠲᠠ ᠬᠢᠪᠡ᠃ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠰᠠᠨᠠᠯ ᠳᠠᠷᠤᠮᠠᠯᠯᠠᠨ ᠲᠠᠷᠬᠠᠭ᠋ᠠᠵᠤ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠦᠭᠦ ᠲᠠᠯ᠎ᠠ᠎ᠪᠠᠷ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠬᠦ ᠲᠤᠬᠠᠢ ᠰᠢᠰᠲ᠋ᠧᠮ᠎ᠲᠠᠢ ᠲᠥᠯᠦᠪᠵᠢᠭᠦᠯᠭᠡ ᠪᠠ ᠶᠡᠷᠦᠩᠬᠡᠢ ᠪᠠᠢ᠌ᠷᠢᠯᠠᠭᠤᠯᠤᠯᠲᠠ ᠬᠢᠵᠦ᠂ ᠶᠡᠷᠦᠩᠬᠡᠢ ᠱᠠᠭ᠋ᠠᠷᠳᠠᠯᠭ᠎ᠠ᠂ ᠭᠣᠣᠯ ᠬᠠᠷᠠᠯᠲᠠ᠂ ᠬᠡᠷᠡᠭᠵᠢᠭᠦᠯᠬᠦ ᠠᠷᠭ᠎ᠠ ᠵᠠᠮ᠎ᠢ ᠲᠣᠳᠣᠷᠬᠠᠢ᠌ᠯᠠᠵᠤ᠂ ᠬᠥᠭᠵᠢᠯᠲᠡ ᠵᠢᠨ ᠠᠷᠭ᠎ᠠ ᠭᠡᠯᠪᠡᠷᠢ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠦᠭᠦ ᠲᠠᠯ᠎ᠠ᠎ᠪᠠᠷ ᠠᠬᠢᠭᠤᠯᠬᠤ᠂ ᠴᠢᠨᠠᠷ ᠰᠠᠢ᠌ᠲᠠᠢ ᠬᠥᠭᠵᠢᠯᠲᠡ ᠵᠢ ᠪᠡᠶᠡᠯᠡᠭᠦᠯᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃

      ᠠᠰᠠᠭᠤᠯᠲᠠ᠄ ᠰᠠᠨᠠᠯ᠎ᠤᠨ ᠶᠡᠷᠦᠩᠬᠡᠢ ᠱᠠᠭ᠋ᠠᠷᠳᠠᠯᠭ᠎ᠠ ᠪᠠ ᠠᠵᠢᠯ᠎ᠤᠨ ᠵᠠᠷᠴᠢᠮ᠎ᠨᠢ ᠶᠠᠭᠤ ᠪᠤᠶ?

      ᠬᠠᠷᠢᠭᠤᠯᠲᠠ᠄ ᠰᠠᠨᠠᠯ᠎ᠳᠤ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ᠎ᠳᠤ ᠬᠦᠷᠬᠦ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠠᠵᠢᠯ ᠵᠶ᠋ᠠᠷ ᠵᠢᠯᠣᠭᠣᠳᠤᠮᠵᠢ ᠪᠤᠯᠭ᠋ᠠᠵᠤ᠂ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ᠂ ᠪᠣᠬᠢᠷᠳᠤᠯ᠎ᠢ ᠪᠠᠭ᠋ᠠᠰᠬᠠᠬᠤ᠂ ᠨᠣᠭᠣᠭ᠋ᠠᠷᠠᠭᠤᠯᠤᠯᠲᠠ ᠵᠢ ᠥᠷᠭᠡᠳᠬᠡᠬᠦ᠂ ᠨᠡᠮᠡᠭᠳᠡᠭᠦᠯᠬᠦ ᠵᠢ ᠠᠬᠢᠭᠤᠯᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠲᠣᠭᠲᠠᠴᠠ ᠵᠢ ᠪᠦᠷᠢᠨᠰᠢᠭᠦᠯᠵᠦ᠂ ᠠᠵᠤ ᠠᠬᠤᠢ ᠨᠡᠢ᠌ᠭᠡᠮ᠎ᠤᠨ ᠬᠥᠭᠵᠢᠯᠲᠡ ᠪᠦᠭᠦ ᠲᠠᠯ᠎ᠠ᠎ᠪᠠᠷ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠵᠦ᠂ ᠡᠬᠢ ᠪᠠᠶᠠᠯᠢᠭ᠎ᠢ ᠠᠷᠪᠢᠯᠠᠬᠤ ᠪᠠ ᠣᠷᠴᠢᠨ ᠲᠣᠭᠣᠷᠢᠨ᠎ᠢ ᠬᠠᠮᠠᠭ᠋ᠠᠯᠠᠬᠤ ᠣᠷᠣᠨ ᠵᠠᠢ ᠵᠢᠨ ᠪᠠᠢ᠌ᠷᠢᠰᠢᠯ᠂ ᠠᠵᠤ ᠦᠢ᠍ᠯᠡᠰ᠎ᠤᠨ ᠪᠦᠲᠦᠴᠡ᠂ ᠦᠢ᠍ᠯᠡᠳᠪᠦᠷᠢᠯᠡᠯ᠎ᠤᠨ ᠠᠷᠭ᠎ᠠ ᠭᠡᠯᠪᠡᠷᠢ᠂ ᠠᠮᠢᠳᠤᠷᠠᠯ᠎ᠤᠨ ᠠᠷᠭ᠎ᠠ ᠭᠡᠯᠪᠡᠷᠢ ᠵᠢ ᠪᠦᠷᠢᠯᠳᠦᠭᠦᠯᠵᠦ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠦᠭᠦ ᠲᠠᠯ᠎ᠠ᠎ᠪᠠᠷ ᠠᠬᠢᠭᠤᠯᠵᠤ᠂ ᠬᠥᠮᠥᠨ ᠬᠢᠭᠡᠳ ᠪᠠᠢ᠌ᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠤᠨ᠎ᠠ ᠭᠡᠵᠦ ᠳᠤᠷᠠᠳᠪᠠ᠃

      ᠰᠠᠨᠠᠯ᠎ᠳᠤ ᠪᠦᠭᠦ ᠲᠠᠯ᠎ᠠ᠎ᠪᠠᠷ ᠭᠡᠯᠪᠡᠷᠢ᠎ᠪᠠᠨ ᠬᠤᠪᠢᠷᠠᠭᠤᠯᠬᠤ᠂ ᠬᠠᠮᠵᠢᠯᠴᠠᠨ ᠭᠡᠯᠪᠡᠷᠢ᠎ᠪᠠᠨ ᠬᠤᠪᠢᠷᠠᠭᠤᠯᠬᠤ᠂ ᠰᠢᠨ᠎ᠡ ᠵᠢ ᠡᠭᠦᠳᠦᠨ ᠭᠡᠯᠪᠡᠷᠢ᠎ᠪᠠᠨ ᠬᠤᠪᠢᠷᠠᠭᠤᠯᠬᠤ᠂ ᠠᠮᠤᠷ ᠲᠦᠪᠰᠢᠨ ᠵᠶ᠋ᠡᠷ ᠭᠡᠯᠪᠡᠷᠢ᠎ᠪᠠᠨ ᠬᠤᠪᠢᠷᠠᠭᠤᠯᠬᠤ ᠵᠢ ᠪᠠᠷᠢᠮᠲᠠᠯᠠᠬᠤ ᠠᠵᠢᠯ᠎ᠤᠨ ᠵᠠᠷᠴᠢᠮ᠎ᠢ ᠳᠤᠷᠠᠳᠪᠠ᠄ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠱᠠᠭ᠋ᠠᠷᠳᠠᠯᠭ᠎ᠠ ᠵᠢ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠦᠭᠦ ᠲᠠᠯ᠎ᠠ᠎ᠳᠤ ᠠᠭᠤᠰᠤᠯᠴᠠᠭᠤᠯᠵᠤ᠂ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠪᠦᠭᠦ ᠲᠠᠯ᠎ᠠ᠂ ᠪᠦᠭᠦ ᠬᠦᠷᠢᠶ᠎ᠡ᠂ ᠪᠦᠭᠦ ᠣᠷᠣᠨ ᠪᠦᠰᠡ᠎ᠪᠠᠷ ᠠᠭᠢᠭᠤᠯᠤᠨ᠎ᠠ; ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠠᠵᠢᠯ ᠲᠥᠷᠥᠯ᠎ᠤᠨ ᠬᠥᠭᠵᠢᠯᠲᠡ ᠵᠢᠨ ᠪᠣᠳᠠᠲᠤ ᠪᠠᠢ᠌ᠳᠠᠯ᠎ᠢ ᠭᠦᠢ᠍ᠴᠡᠳ ᠪᠣᠳᠣᠯᠬᠢᠯᠠᠨ᠂ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠴᠠᠭ᠎ᠤᠨ ᠬᠦᠰᠦᠨᠦᠭᠲᠦ᠂ ᠵᠠᠮ ᠱᠤᠭᠤᠮ᠎ᠤᠨ ᠵᠢᠷᠤᠭ᠂ ᠪᠠᠷᠢᠯᠭ᠎ᠠ ᠵᠢᠨ ᠵᠢᠷᠤᠭ᠎ᠢ ᠰᠢᠨᠵᠢᠯᠡᠬᠦ ᠤᠬᠠᠭ᠋ᠠᠨᠴᠢ᠎ᠪᠠᠷ ᠲᠤᠬᠳᠠᠭ᠋ᠠᠨ᠎ᠠ; ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠲᠤᠯᠭ᠋ᠠᠭᠤᠷᠢᠯᠠᠬᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠂ ᠲᠥᠷᠥ ᠵᠢᠨ ᠪᠣᠳᠣᠯᠭ᠎ᠠ ᠳᠦᠷᠢᠮ᠎ᠤᠨ ᠰᠢᠨ᠎ᠡ ᠡᠭᠦᠳᠦᠯᠲᠡ᠂ ᠬᠤᠳᠠᠯᠳᠤᠭ᠋ᠠᠨ᠎ᠤ ᠵᠠᠭᠪᠤᠷ᠎ᠤᠨ ᠰᠢᠨ᠎ᠡ ᠡᠭᠦᠳᠦᠯᠲᠡ ᠵᠢ ᠴᠢᠩᠭ᠋ᠠᠳᠬᠠᠵᠤ᠂ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ᠎ᠳᠤ ᠨᠠᠩ ᠴᠢᠩᠭ᠎ᠠ ᠰᠢᠨ᠎ᠡ ᠵᠢ ᠡᠭᠦᠳᠬᠦ ᠬᠥᠳᠡᠯᠭᠡᠬᠦ ᠬᠦᠴᠦᠨ ᠪᠠ ᠳᠦᠷᠢᠮ᠎ᠤᠨ ᠪᠠᠲᠤᠯᠠᠭ᠎ᠠ ᠬᠠᠩᠭ᠋ᠠᠨ᠎ᠠ; ᠬᠥᠭᠵᠢᠯᠲᠡ ᠪᠠ ᠪᠣᠬᠢᠷᠳᠤᠯ᠎ᠢ ᠪᠠᠭ᠋ᠠᠰᠬᠠᠬᠤ᠂ ᠪᠦᠬᠦᠯᠢ ᠴᠣᠭᠴᠠ ᠪᠠ ᠬᠡᠰᠡᠭ ᠲᠠᠯ᠎ᠠ᠂ ᠣᠳᠣᠬᠠᠨ ᠪᠠ ᠠᠯᠤᠰ ᠭᠡᠲᠦ᠂ ᠵᠠᠰᠠᠭ᠎ᠤᠨ ᠣᠷᠳᠣᠨ ᠪᠠ ᠵᠠᠬ᠎ᠠ ᠳᠡᠯᠭᠡᠭᠦᠷ᠎ᠤᠨ ᠬᠠᠷᠢᠴᠠᠭ᠎ᠠ ᠵᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠰᠢᠢ᠍ᠳᠪᠦᠷᠢᠯᠡᠵᠦ᠂ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ᠎ᠳᠤ ᠲᠤᠯᠭ᠋ᠠᠷᠠᠵᠤ ᠪᠠᠢ᠌ᠭ᠎ᠠ ᠳᠣᠲᠣᠭ᠋ᠠᠳᠤ ᠭᠠᠳᠠᠭ᠋ᠠᠳᠤ ᠵᠢᠨ ᠠᠶᠤᠯ ᠲᠦᠭᠰᠢᠭᠦᠷᠢ ᠥᠷᠢᠰᠦᠯᠳᠦᠭᠡᠨ᠎ᠢ ᠲᠣᠬᠢᠲᠠᠢ ᠰᠡᠷᠭᠡᠢ᠌ᠯᠡᠨ ᠠᠷᠢᠯᠭ᠋ᠠᠨ᠎ᠠ᠃

      ᠠᠰᠠᠭᠤᠯᠲᠠ᠄ ᠰᠠᠨᠠᠯ᠎ᠳᠤ ᠶᠠᠮᠠᠷ ᠶᠠᠮᠠᠷ ᠬᠠᠷᠠᠯᠲᠠ ᠳᠤᠷᠠᠳᠤᠭᠰᠠᠨ ᠪᠤᠶ?

      ᠬᠠᠷᠢᠭᠤᠯᠲᠠ᠄ ᠰᠠᠨᠠᠯ᠎ᠳᠤ ᠬᠣᠶᠠᠷ ᠱᠠᠲᠤ ᠦᠶ᠎ᠡ ᠵᠢᠨ ᠬᠠᠷᠠᠯᠲᠠ ᠵᠢ ᠳᠤᠷᠠᠳᠪᠠ᠃ 2030 ᠣᠨ ᠪᠤᠯᠲᠠᠯ᠎ᠠ᠂ ᠭᠣᠣᠯᠳᠠᠯᠭ᠎ᠠ᠎ᠲᠠᠢ ᠬᠦᠷᠢᠶ᠎ᠡ ᠵᠢᠨ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠢᠳᠡᠪᠬᠢᠲᠡᠢ ᠠᠬᠢᠴᠠ᠎ᠲᠠᠢ ᠪᠤᠯᠭ᠋ᠠᠵᠤ᠂ ᠪᠣᠬᠢᠷᠳᠤᠯ ᠦᠭᠡᠢ ᠦᠢ᠍ᠯᠡᠳᠪᠦᠷᠢᠯᠡᠯ᠎ᠤᠨ ᠠᠷᠭ᠎ᠠ ᠭᠡᠯᠪᠡᠷᠢ ᠪᠠ ᠠᠮᠢᠳᠤᠷᠠᠯ᠎ᠤᠨ ᠠᠷᠭ᠎ᠠ ᠭᠡᠯᠪᠡᠷᠢ ᠵᠢ ᠦᠨᠳᠦᠰᠦᠨ᠎ᠳᠡᠭᠡᠨ ᠪᠦᠷᠢᠯᠳᠦᠭᠦᠯᠵᠦ᠂ ᠪᠣᠬᠢᠷᠳᠤᠯ᠎ᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢ ᠪᠠᠭ᠋ᠠᠰᠬᠠᠬᠤ ᠵᠢᠨ ᠬᠠᠮᠵᠢᠯᠴᠠᠬᠤ ᠴᠢᠳᠠᠪᠤᠷᠢ ᠵᠢ ᠢᠯᠡᠳᠲᠡ ᠴᠢᠩᠭ᠋ᠠᠷᠠᠭᠤᠯᠤᠨ᠂ ᠭᠣᠣᠯ ᠪᠤᠯᠬᠤ ᠡᠬᠢ ᠪᠠᠶᠠᠯᠢᠭ᠎ᠢ ᠠᠰᠢᠭᠯᠠᠬᠤ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠬᠢᠷᠳᠤᠯ ᠦᠭᠡᠢ ᠬᠥᠭᠵᠢᠯᠲᠡ ᠵᠢ ᠳᠡᠮᠵᠢᠬᠦ ᠲᠥᠷᠥ ᠵᠢᠨ ᠪᠣᠳᠣᠯᠭ᠎ᠠ ᠪᠠ ᠪᠠᠷᠢᠮᠵᠢᠶ᠎ᠠ ᠵᠢᠨ ᠰᠢᠰᠲ᠋ᠧᠮ᠎ᠢ ᠨᠠᠩ ᠲᠡᠭᠦᠯᠳᠡᠷᠵᠢᠭᠦᠯᠦᠨ᠂ ᠠᠵᠤ ᠠᠬᠤᠢ ᠨᠡᠢ᠌ᠭᠡᠮ᠎ᠤᠨ ᠬᠥᠭᠵᠢᠯᠲᠡ ᠪᠦᠭᠦ ᠲᠠᠯ᠎ᠠ᠎ᠪᠠᠷ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ᠎ᠳᠤ ᠢᠯᠡᠳᠲᠡ ᠦᠷ᠎ᠡ ᠪᠦᠲᠦᠮᠵᠢ ᠣᠯᠣᠨ᠎ᠠ᠃ 2035 ᠣᠨ ᠪᠤᠯᠬᠤ᠎ᠳᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠣᠷᠴᠢᠯ ᠬᠥᠭᠵᠢᠯᠲᠡ ᠵᠢᠨ ᠠᠵᠤ ᠠᠬᠤᠢ ᠵᠢᠨ ᠰᠢᠰᠲ᠋ᠧᠮ᠎ᠢ ᠦᠨᠳᠦᠰᠦᠨ᠎ᠳᠡᠭᠡᠨ ᠪᠠᠢ᠌ᠭᠤᠯᠵᠤ᠂ ᠪᠣᠬᠢᠷᠳᠤᠯ ᠦᠭᠡᠢ ᠦᠢ᠍ᠯᠡᠳᠪᠦᠷᠢᠯᠡᠯ᠎ᠤᠨ ᠠᠷᠭ᠎ᠠ ᠭᠡᠯᠪᠡᠷᠢ ᠪᠣᠯᠣᠨ ᠠᠮᠢᠳᠤᠷᠠᠯ᠎ᠤᠨ ᠠᠷᠭ᠎ᠠ ᠭᠡᠯᠪᠡᠷᠢ ᠵᠢ ᠥᠷᠭᠡᠨ ᠵᠶ᠋ᠡᠷ ᠪᠦᠷᠢᠯᠳᠦᠭᠦᠯᠵᠦ᠂ ᠪᠣᠬᠢᠷᠳᠤᠯ᠎ᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢ ᠪᠠᠭ᠋ᠠᠰᠬᠠᠬᠤ ᠵᠢ ᠬᠠᠮᠵᠢᠯᠴᠠᠭᠤᠯᠤᠨ ᠦᠷ᠎ᠡ ᠠᠰᠢᠭ᠎ᠢ ᠨᠡᠮᠡᠭᠳᠡᠭᠦᠯᠬᠦ ᠲᠠᠯ᠎ᠠ᠎ᠪᠠᠷ ᠢᠯᠡᠳᠲᠡ ᠠᠬᠢᠴᠠ᠎ᠲᠠᠢ ᠪᠤᠯᠭ᠋ᠠᠵᠤ᠂ ᠭᠣᠣᠯ ᠪᠤᠯᠬᠤ ᠡᠬᠢ ᠪᠠᠶᠠᠯᠢᠭ᠎ᠢ ᠠᠰᠢᠭᠯᠠᠬᠤ ᠦᠷ᠎ᠡ ᠪᠦᠲᠦᠮᠵᠢ ᠵᠢ ᠳᠡᠯᠡᠬᠡᠢ ᠵᠢᠨ ᠲᠡᠷᠢᠭᠦᠨ᠎ᠤ ᠲᠦᠪᠰᠢᠨ᠎ᠳᠤ ᠬᠦᠷᠭᠡᠵᠦ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠵᠠᠮ᠎ᠳᠤ ᠪᠦᠭᠦ ᠲᠠᠯ᠎ᠠ᠎ᠪᠠᠷ ᠣᠷᠣᠭᠤᠯᠵᠤ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠤᠷᠭᠢᠯ ᠬᠡᠮᠵᠢᠭᠳᠡᠯ᠎ᠳᠤ ᠬᠦᠷᠦᠭᠦᠯᠦᠭᠰᠡᠨ᠎ᠤ ᠳᠠᠷᠠᠭ᠎ᠠ ᠲᠣᠭᠲᠠᠭᠤᠨ᠎ᠤ ᠳᠤᠮᠳᠠ ᠪᠠᠭᠤᠷᠠᠭᠤᠯᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠠᠢ᠌ᠭᠤᠯᠬᠤ ᠬᠠᠷᠠᠯᠲᠠ ᠵᠢ ᠦᠨᠳᠦᠰᠦᠨ᠎ᠳᠡᠭᠡᠨ ᠪᠡᠶᠡᠯᠡᠭᠦᠯᠦᠨ᠎ᠡ᠃

      ᠡᠭᠦᠨ᠎ᠤ ᠬᠠᠮᠲᠤ᠂ ᠠᠳᠠᠯᠢ ᠪᠤᠰᠤ ᠬᠦᠷᠢᠶᠡᠨ᠎ᠳᠤ ᠴᠢᠭᠯᠡᠭᠦᠯᠦᠨ᠂ ᠰᠠᠨᠠᠯ᠎ᠳᠤ ᠬᠡᠮᠵᠢᠶᠡᠵᠢᠭᠦᠯᠬᠦ ᠠᠵᠢᠯ᠎ᠤᠨ ᠬᠠᠷᠠᠯᠲᠠ ᠵᠢ ᠳᠤᠷᠠᠳᠪᠠ᠄ 2030 ᠣᠨ ᠪᠤᠯᠬᠤ᠎ᠳᠤ᠂ ᠡᠨᠧᠷᠭᠢ ᠠᠷᠪᠢᠯᠠᠵᠤ ᠣᠷᠴᠢᠨ ᠲᠣᠭᠣᠷᠢᠨ᠎ᠢ ᠬᠠᠮᠠᠭ᠋ᠠᠯᠠᠬᠤ ᠠᠵᠤ ᠦᠢ᠍ᠯᠡᠰ᠎ᠤᠨ ᠬᠡᠪᠴᠢᠶ᠎ᠡ ᠵᠢ 15 ᠲᠦᠮᠡᠨ ᠳ᠋ᠦᠩᠰᠢᠭᠤᠷ ᠲᠥᠭᠥᠷᠢᠭ ᠣᠷᠴᠢᠮ᠎ᠳᠤ ᠭᠦᠷᠭᠡᠨ᠎ᠡ; ᠴᠢᠯᠠᠭᠤᠵᠢᠮᠠᠯ᠎ᠤᠨ ᠪᠤᠰᠤ ᠡᠨᠧᠷᠭᠢ ᠵᠢᠨ ᠬᠡᠷᠡᠭᠯᠡᠭᠡᠨ᠎ᠤ ᠬᠤᠪᠢ ᠵᠢᠨ ᠵᠢᠩ᠎ᠢ 25% ᠣᠷᠴᠢᠮ ᠪᠤᠯᠲᠠᠯ᠎ᠠ ᠳᠡᠭᠡᠭᠰᠢᠯᠡᠭᠦᠯᠵᠦ᠂ ᠤᠰᠤ ᠲᠠᠲᠠᠵᠤ ᠡᠨᠧᠷᠭᠢ ᠬᠠᠳᠠᠭ᠋ᠠᠯᠠᠬᠤ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ ᠵᠢ 1.2 ᠳ᠋ᠦᠩᠰᠢᠭᠤᠷ ᠺᠢᠯᠣᠸᠠᠲ᠎ᠠᠴᠠ ᠳᠠᠪᠠᠭᠤᠯᠤᠨ᠎ᠠ; ᠡᠵᠡᠩᠨᠡᠯᠲᠡ ᠵᠢᠨ ᠵᠠᠮ ᠬᠠᠷᠢᠯᠴᠠᠭ᠋ᠠᠨ᠎ᠤ ᠪᠠᠭ᠋ᠠᠵᠢ ᠵᠢᠨ ᠨᠢᠭᠡᠴᠢ ᠵᠢᠨ ᠰᠣᠯᠢᠵᠤ ᠪᠤᠳᠤᠬᠤ ᠡᠷᠭᠢᠯᠲᠡ ᠵᠢᠨ ᠬᠡᠮᠵᠢᠶ᠎ᠡ ᠵᠢᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠦᠴᠦᠯᠡᠴᠡ ᠵᠢ 2020 ᠣᠨ᠎ᠤ᠎ᠬᠢ᠎ᠠᠴᠠ 9.5% ᠣᠷᠴᠢᠮ ᠪᠠᠭᠤᠷᠠᠭᠤᠯᠤᠨ᠎ᠠ; ᠪᠥᠭᠡᠮ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠵᠢᠯ᠎ᠤᠨ ᠠᠰᠢᠭᠯᠠᠯᠲᠠ ᠵᠢᠨ ᠬᠡᠮᠵᠢᠶ᠎ᠡ ᠵᠢ 45 ᠳ᠋ᠦᠩᠰᠢᠭᠤᠷ ᠲᠣᠨ ᠣᠷᠴᠢᠮ᠎ᠳᠤ ᠬᠦᠷᠭᠡᠵᠦ᠂ ᠭᠣᠣᠯ ᠪᠤᠯᠬᠤ ᠡᠬᠢ ᠪᠠᠶᠠᠯᠢᠭ᠎ᠤᠨ ᠭᠠᠷᠭ᠋ᠠᠯᠲᠠ ᠵᠢᠨ ᠨᠤᠷᠮ᠎ᠠ ᠵᠢ 2020 ᠣᠨ᠎ᠤ᠎ᠬᠢ᠎ᠠᠴᠠ 45% ᠣᠷᠴᠢᠮ ᠳᠡᠭᠡᠭᠰᠢᠯᠡᠭᠦᠯᠭᠦ ᠵᠡᠷᠭᠡ ᠪᠣᠯᠣᠨ᠎ᠠ᠃

      ᠠᠰᠠᠭᠤᠯᠲᠠ᠄ ᠰᠠᠨᠠᠯ᠎ᠳᠤ ᠶᠠᠮᠠᠷ ᠶᠠᠮᠠᠷ ᠭᠣᠣᠯ ᠡᠭᠦᠷᠭᠡ ᠵᠢ ᠪᠠᠢ᠌ᠷᠢᠯᠠᠭᠤᠯᠤᠭᠰᠠᠨ ᠪᠤᠶ?

      ᠬᠠᠷᠢᠭᠤᠯᠲᠠ᠄ ᠰᠠᠨᠠᠯ᠎ᠨᠢ 5 ᠶᠡᠬᠡ ᠬᠦᠷᠢᠶ᠎ᠡ᠂ 3 ᠶᠡᠬᠡ ᠭᠣᠭᠴᠣᠭ᠎ᠠ ᠵᠢᠨ ᠲᠣᠭᠣᠷᠢᠨ᠎ᠳᠤ᠂ ᠡᠬᠢ ᠪᠠᠶᠠᠯᠢᠭ᠎ᠢ ᠠᠷᠪᠢᠯᠠᠬᠤ ᠪᠠ ᠣᠷᠴᠢᠨ ᠲᠣᠭᠣᠷᠢᠨ᠎ᠢ ᠬᠠᠮᠠᠭ᠋ᠠᠯᠠᠬᠤ ᠣᠷᠣᠨ ᠵᠠᠢ ᠵᠢᠨ ᠪᠠᠢ᠌ᠷᠢᠰᠢᠯ᠂ ᠠᠵᠤ ᠦᠢ᠍ᠯᠡᠰ᠎ᠤᠨ ᠪᠦᠲᠦᠴᠡ᠂ ᠦᠢ᠍ᠯᠡᠳᠪᠦᠷᠢᠯᠡᠯ᠎ᠤᠨ ᠠᠷᠭ᠎ᠠ ᠭᠡᠯᠪᠡᠷᠢ᠂ ᠠᠮᠢᠳᠤᠷᠠᠯ᠎ᠤᠨ ᠠᠷᠭ᠎ᠠ ᠭᠡᠯᠪᠡᠷᠢ ᠵᠢ ᠲᠦᠷᠭᠡᠨ ᠪᠦᠷᠢᠯᠳᠦᠭᠦᠯᠬᠦ ᠲᠤᠬᠠᠢ ᠪᠠᠢ᠌ᠷᠢᠯᠠᠭᠤᠯᠪᠠ᠃

5 ᠶᠡᠬᠡ ᠬᠦᠷᠢᠶ᠎ᠡ᠎ᠨᠢ ᠲᠣᠰ ᠲᠣᠰ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠢ᠌ᠲᠠᠢ ᠬᠥᠭᠵᠢᠯᠲᠡ ᠵᠢᠨ ᠣᠷᠣᠨ ᠵᠠᠢ ᠵᠢᠨ ᠪᠠᠢ᠌ᠷᠢᠰᠢᠯ᠎ᠢ ᠪᠠᠢ᠌ᠭᠤᠯᠵᠤ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢ ᠨᠡᠭᠡᠭᠡᠨ ᠬᠥᠭᠵᠢᠭᠦᠯᠵᠦ ᠬᠠᠮᠠᠭ᠋ᠠᠯᠠᠬᠤ ᠪᠠᠢ᠌ᠷᠢᠰᠢᠯ᠎ᠢ ᠰᠢᠯᠢᠳᠡᠭᠵᠢᠭᠦᠯᠵᠦ᠂ ᠪᠣᠬᠢᠷᠳᠤᠯ ᠦᠭᠡᠢ ᠬᠥᠭᠵᠢᠯᠲᠡ ᠵᠢᠨ ᠥᠨᠳᠥᠷᠯᠢᠭ᠎ᠢ ᠪᠠᠢ᠌ᠭᠤᠯᠤᠨ᠎ᠠ; ᠠᠵᠤ ᠦᠢ᠍ᠯᠡᠰ᠎ᠤᠨ ᠪᠦᠲᠦᠴᠡ ᠵᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠵᠦ᠂ ᠤᠯᠠᠮᠵᠢᠯᠠᠯᠲᠤ ᠠᠵᠤ ᠦᠢ᠍ᠯᠡᠰ᠎ᠢ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠪᠣᠯᠭ᠋ᠠᠨ ᠥᠭᠡᠷᠡᠴᠢᠯᠡᠨ ᠲᠡᠰ ᠳᠡᠪᠰᠢᠭᠦᠯᠬᠦ ᠵᠢ ᠠᠬᠢᠭᠤᠯᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢ᠍ᠯᠡᠰ᠎ᠢ ᠶᠡᠬᠡ᠎ᠪᠠᠷ ᠬᠥᠭᠵᠢᠭᠦᠯᠵᠦ᠂ ᠲᠤᠭ᠋ᠠᠴᠢᠯᠠᠯᠳᠠ᠂ ᠪᠣᠬᠢᠷᠳᠤᠯ ᠦᠭᠡᠢ᠌ᠵᠢᠯᠳᠡ ᠬᠠᠮᠵᠢᠯᠴᠠᠨ ᠭᠡᠯᠪᠡᠷᠢ᠎ᠪᠠᠨ ᠬᠤᠪᠢᠷᠠᠭᠤᠯᠤᠨ ᠬᠥᠭᠵᠢᠬᠦ ᠵᠢ ᠲᠦᠷᠭᠡᠳᠭᠡᠨ᠎ᠡ; ᠡᠨᠧᠷᠭᠢ ᠵᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠯᠠᠪᠳᠠᠭᠤᠨ ᠵᠶ᠋ᠠᠷ ᠠᠬᠢᠭᠤᠯᠵᠤ᠂ ᠴᠢᠯᠠᠭᠤᠵᠢᠮᠠᠯ᠎ᠤᠨ ᠡᠨᠧᠷᠭᠢ ᠵᠢ ᠠᠷᠢᠭᠤᠨ ᠴᠡᠪᠡᠷ ᠥᠨᠳᠥᠷ ᠪᠦᠲᠦᠮᠵᠢᠲᠡᠢ᠎ᠪᠠᠷ ᠠᠰᠢᠭᠯᠠᠬᠤ ᠵᠢ ᠴᠢᠩᠭ᠋ᠠᠳᠬᠠᠨ᠂ ᠴᠢᠯᠠᠭᠤᠵᠢᠮᠠᠯ᠎ᠤᠨ ᠪᠤᠰᠤ ᠡᠨᠧᠷᠭᠢ ᠵᠢ ᠶᠡᠬᠡ᠎ᠪᠠᠷ ᠬᠥᠭᠵᠢᠭᠦᠯᠵᠦ᠂ ᠰᠢᠨ᠎ᠡ ᠭᠡᠯᠪᠡᠷᠢ ᠵᠢᠨ ᠴᠠᠭᠢᠯᠭ᠋ᠠᠨ ᠬᠦᠴᠦᠨ᠎ᠤ ᠰᠢᠰᠲ᠋ᠧᠮ᠎ᠢ ᠲᠦᠷᠭᠡᠪᠴᠢᠯᠡᠨ ᠪᠠᠢ᠌ᠭᠤᠯᠤᠨ᠎ᠠ; ᠵᠠᠮ ᠬᠠᠷᠢᠯᠴᠠᠭ᠎ᠠ ᠲᠡᠭᠡᠭᠡᠪᠦᠷᠢ ᠵᠢᠨ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠪᠦᠲᠦᠴᠡ ᠵᠢ ᠰᠢᠯᠢᠳᠡᠭᠵᠢᠭᠦᠯᠦᠨ᠂ ᠪᠣᠬᠢᠷᠳᠤᠯ ᠦᠭᠡᠢ ᠵᠠᠮ ᠬᠠᠷᠢᠯᠴᠠᠭ᠋ᠠᠨ᠎ᠤ ᠰᠠᠭᠤᠷᠢ ᠲᠥᠬᠦᠭᠡᠷᠦᠮᠵᠢ ᠵᠢ ᠪᠦᠲᠦᠭᠡᠨ ᠪᠠᠢ᠌ᠭᠤᠯᠵᠤ᠂ ᠪᠠᠭ᠎ᠠ ᠨᠡᠭᠦᠷᠡᠰᠦᠲᠥ᠋ᠷᠥᠭᠴᠢᠲᠦ ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠭ᠋ᠠᠵᠢ ᠵᠢ ᠳᠡᠯᠭᠡᠷᠡᠭᠦᠯᠦᠨ᠎ᠡ; ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠥᠭᠵᠢᠯᠲᠡ ᠵᠢᠨ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠵᠤ᠂ ᠪᠣᠬᠢᠷᠳᠤᠯ ᠦᠭᠡᠢ ᠲᠥᠯᠥᠪᠵᠢᠭᠦᠯᠦᠨ ᠪᠦᠲᠦᠭᠡᠨ ᠪᠠᠢ᠌ᠭᠤᠯᠬᠤ ᠠᠷᠭ᠎ᠠ ᠭᠡᠯᠪᠡᠷᠢ ᠵᠢ ᠬᠡᠷᠡᠭᠵᠢᠭᠦᠯᠵᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠪᠠᠷᠢᠯᠭ᠎ᠠ ᠵᠢ ᠶᠡᠬᠡ᠎ᠪᠠᠷ ᠬᠥᠭᠵᠢᠭᠦᠯᠵᠦ᠂ ᠲᠠᠷᠢᠶᠠᠯᠠᠩ ᠬᠥᠳᠡᠭᠡ ᠲᠣᠰᠬᠣᠨ᠎ᠤ ᠪᠣᠬᠢᠷᠳᠤᠯ ᠦᠭᠡᠢ ᠬᠥᠭᠵᠢᠯᠲᠡ ᠵᠢ ᠠᠬᠢᠭᠤᠯᠤᠨ᠎ᠠ᠃

3 ᠶᠡᠬᠡ ᠭᠣᠭᠴᠣᠭ᠎ᠠ᠎ᠨᠢ ᠲᠤᠰ ᠲᠤᠰ᠄ ᠪᠦᠭᠦ ᠲᠠᠯ᠎ᠠ᠎ᠪᠠᠷ ᠠᠷᠪᠢᠯᠠᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢ ᠪᠠᠭ᠋ᠠᠰᠬᠠᠨ ᠦᠷ᠎ᠡ ᠠᠰᠢᠭ᠎ᠢ ᠨᠡᠮᠡᠭᠳᠡᠭᠦᠯᠬᠦ ᠵᠢ ᠶᠡᠬᠡ᠎ᠪᠠᠷ ᠠᠬᠢᠭᠤᠯᠵᠤ᠂ ᠡᠬᠢ ᠪᠠᠶᠠᠯᠢᠭ᠎ᠢ ᠠᠷᠪᠢᠯᠠᠨ ᠭᠠᠮᠨᠠᠵᠤ ᠡᠷᠴᠢᠮᠵᠢᠭᠦᠯᠦᠨ ᠥᠨᠳᠥᠷ ᠪᠦᠲᠦᠮᠵᠢᠲᠡᠢ ᠠᠰᠢᠭᠯᠠᠬᠤ ᠵᠢ ᠴᠢᠩᠭ᠋ᠠᠳᠬᠠᠵᠤ᠂ ᠣᠷᠴᠢᠯ ᠠᠵᠤ ᠠᠬᠤᠢ ᠵᠢ ᠶᠡᠬᠡ᠎ᠪᠠᠷ ᠭᠦᠭᠵᠢᠭᠦᠯᠦᠨ᠎ᠡ; ᠬᠡᠷᠡᠭᠯᠡᠭᠡᠨ᠎ᠤ ᠵᠠᠭᠪᠤᠷ᠎ᠤᠨ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠵᠤ᠂ ᠪᠣᠬᠢᠷᠳᠤᠯ ᠦᠭᠡᠢ ᠠᠮᠢᠳᠤᠷᠠᠯ᠎ᠤᠨ ᠠᠷᠭ᠎ᠠ ᠭᠡᠯᠪᠡᠷᠢ ᠵᠢ ᠳᠡᠯᠭᠡᠷᠡᠭᠦᠯᠦᠨ᠂ ᠪᠣᠬᠢᠷᠳᠤᠯ ᠦᠭᠡᠢ ᠪᠦᠲᠦᠭᠡᠭᠳᠡᠬᠦᠨ᠎ᠤ ᠬᠠᠩᠭ᠋ᠠᠯᠭ᠎ᠠ ᠵᠢ ᠨᠡᠮᠡᠭᠳᠡᠭᠦᠯᠵᠦ᠂ ᠪᠣᠬᠢᠷᠳᠤᠯ ᠦᠭᠡᠢ ᠬᠡᠷᠡᠭᠯᠡᠭᠡ ᠵᠢ ᠢᠳᠡᠪᠬᠢᠲᠡᠢ ᠥᠷᠭᠡᠳᠭᠡᠨ᠎ᠡ; ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠲᠤᠯᠭ᠋ᠠᠭᠤᠷᠢᠯᠠᠬᠤ ᠦᠢ᠍ᠯᠡᠳᠦᠯ᠎ᠢ ᠪᠠᠳᠠᠷᠠᠭᠤᠯᠵᠤ᠂ ᠬᠡᠷᠡᠭᠯᠡᠭᠡᠨ᠎ᠤ ᠰᠠᠭᠤᠷᠢ ᠰᠤᠳᠤᠯᠭ᠋ᠠᠨ᠎ᠢ ᠴᠢᠩᠭ᠋ᠠᠳᠬᠠᠨ᠂ ᠵᠠᠩᠭᠢᠯᠠᠭ᠎ᠠ ᠵᠢᠨ ᠮᠡᠷᠭᠡᠵᠢᠯ᠎ᠢ ᠰᠤᠳᠤᠯᠤᠨ ᠨᠡᠭᠡᠭᠡᠬᠦ ᠵᠢ ᠲᠦᠷᠭᠡᠳᠬᠡᠵᠦ᠂ ᠰᠢᠨ᠎ᠡ ᠵᠢ ᠡᠭᠦᠳᠴᠦ ᠵᠢᠱ᠌ᠢᠶ᠎ᠡ ᠦᠵᠡᠭᠦᠯᠦᠨ ᠳᠡᠯᠭᠡᠷᠡᠭᠦᠯᠬᠦ ᠵᠢ ᠥᠷᠨᠢᠭᠦᠯᠦᠨ᠎ᠡ᠃

      ᠠᠰᠠᠭᠤᠯᠲᠠ᠄ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠳᠡᠮᠵᠢᠬᠦ ᠲᠥᠷᠥ ᠵᠢᠨ ᠪᠣᠳᠣᠯᠭ᠎ᠠ ᠵᠢᠨ ᠰᠢᠰᠲ᠋ᠧᠮ᠎ᠢ ᠬᠡᠷᠬᠢᠨ ᠲᠡᠭᠦᠯᠳᠡᠷᠵᠢᠭᠦᠯᠬᠦ ᠪᠤᠶ?

      ᠬᠠᠷᠢᠭᠤᠯᠲᠠ᠄ ᠰᠠᠨᠠᠯ᠎ᠳᠤ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠲᠥᠷᠥ ᠵᠢᠨ ᠪᠣᠳᠣᠯᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠦᠨ᠎ᠡ ᠭᠡᠵᠦ ᠳᠤᠷᠠᠳᠪᠠ᠃

ᠡᠳ᠋᠎ᠤᠨ ᠵᠠᠰᠠᠭ ᠭᠠᠢ᠌ᠯᠢ ᠵᠢᠨ ᠲᠦᠷᠦ ᠵᠢᠨ ᠪᠣᠳᠣᠯᠭ᠎ᠠ ᠵᠢᠨ ᠲᠠᠯ᠎ᠠ᠎ᠪᠠᠷ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠪᠠ ᠡᠬᠢ ᠪᠠᠶᠠᠯᠢᠭ᠎ᠢ ᠥᠨᠳᠥᠷ ᠪᠦᠲᠦᠮᠵᠢᠲᠡᠢ ᠠᠰᠢᠭᠯᠠᠬᠤ ᠵᠢ ᠠᠬᠢᠭᠤᠯᠬᠤ᠎ᠳᠤ ᠠᠰᠢᠭᠲᠠᠢ ᠡᠳ᠋᠎ᠤᠨ ᠵᠠᠰᠠᠭ ᠭᠠᠢ᠌ᠯᠢ ᠵᠢᠨ ᠲᠦᠷᠦ ᠵᠢᠨ ᠪᠣᠳᠣᠯᠭ᠎ᠠ ᠵᠢᠨ ᠰᠢᠰᠲ᠋ᠧᠮ᠎ᠢ ᠢᠳᠡᠪᠬᠢᠲᠡᠢ ᠪᠠᠢ᠌ᠭᠤᠯᠵᠤ᠂ ᠬᠣᠯᠪᠣᠭᠳᠠᠯ ᠪᠦᠬᠦᠢ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ᠎ᠢ ᠨᠠᠢ᠌ᠳᠠᠪᠤᠷᠢᠵᠢᠭᠤᠯᠤᠨ᠂ ᠪᠣᠬᠢᠷᠳᠤᠯ ᠦᠭᠡᠢ ᠭᠠᠢ᠌ᠯᠢ ᠵᠢᠨ ᠳᠦᠷᠢᠮ᠎ᠢ ᠲᠡᠭᠦᠯᠳᠡᠷᠵᠢᠭᠦᠯᠦᠨ᠎ᠡ᠃ ᠮᠥᠩᠭᠥᠨ ᠭᠦᠢ᠍ᠯᠭᠡᠭᠡᠨ᠎ᠤ ᠪᠠᠭ᠋ᠠᠵᠢ ᠵᠢᠨ ᠲᠠᠯ᠎ᠠ᠎ᠪᠠᠷ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠵᠢ ᠪᠠᠭ᠋ᠠᠰᠬᠠᠬᠤ ᠵᠢ ᠳᠡᠮᠵᠢᠬᠦ ᠪᠠᠭ᠋ᠠᠵᠢ ᠵᠢᠨ ᠬᠡᠷᠡᠭᠵᠢᠭᠦᠯᠬᠦ ᠬᠤᠭᠤᠴᠠᠭ᠎ᠠ ᠵᠢ 2027 ᠣᠨ᠎ᠤ ᠰᠡᠭᠦᠯᠴᠢ ᠪᠤᠯᠲᠠᠯ᠎ᠠ ᠤᠷᠲᠤᠳᠬᠠᠵᠤ᠂ ᠭᠡᠯᠪᠡᠷᠢ᠎ᠪᠠᠨ ᠬᠤᠪᠢᠷᠠᠭᠤᠯᠬᠤ ᠮᠥᠩᠭᠥᠨ ᠭᠦᠢ᠍ᠯᠭᠡᠭᠡᠨ᠎ᠤ ᠪᠠᠷᠢᠮᠵᠢᠶ᠎ᠠ ᠵᠢ ᠰᠤᠳᠤᠯᠤᠨ ᠲᠣᠭᠲᠠᠭ᠋ᠠᠵᠤ᠂ ᠪᠣᠬᠢᠷᠳᠤᠯ ᠦᠭᠡᠢ ᠰᠲ᠋ᠣᠺ᠎ᠤᠨ ᠡᠷᠬᠡ ᠵᠢᠨ ᠪᠡᠯᠡ ᠬᠤᠷᠠᠮᠳᠤᠭᠤᠯᠭ᠎ᠠ᠂ ᠪᠣᠬᠢᠷᠳᠤᠯ ᠦᠭᠡᠢ ᠪᠡᠯᠡ ᠬᠤᠷᠠᠮᠳᠤᠭᠤᠯᠭ᠎ᠠ ᠵᠢᠨ ᠲᠦᠷᠢᠶᠡᠰᠦᠯᠡᠯ᠂ ᠪᠣᠬᠢᠷᠳᠤᠯ ᠦᠭᠡᠢ ᠢᠲᠡᠭᠡᠮᠵᠢ ᠵᠡᠷᠭᠡ ᠮᠥᠩᠭᠥᠨ ᠭᠦᠢ᠍ᠯᠭᠡᠭᠡᠨ᠎ᠤ ᠪᠠᠭ᠋ᠠᠵᠢ ᠵᠢ ᠢᠳᠡᠪᠬᠢᠲᠡᠢ᠎ᠪᠠᠷ ᠬᠥᠭᠵᠢᠭᠦᠯᠦᠨ᠎ᠡ᠃ ᠪᠡᠯᠡ ᠣᠷᠣᠭᠤᠯᠤᠯᠲᠠ ᠵᠢᠨ ᠲᠣᠭᠲᠠᠴᠠ ᠵᠢᠨ ᠲᠠᠯ᠎ᠠ᠎ᠪᠠᠷ᠂ ᠲᠥᠪ᠎ᠤᠨ ᠲᠥᠰᠥᠪ᠎ᠤᠨ ᠳᠣᠲᠣᠷᠠᠬᠢ ᠪᠡᠯᠡ ᠣᠷᠣᠭᠤᠯᠤᠯᠲᠠ᠎ᠨᠢ ᠭᠣᠣᠯᠳᠠᠯᠭ᠎ᠠ᠎ᠲᠠᠢ ᠲᠥᠷᠥᠯ ᠵᠦᠢ᠍ᠯ᠎ᠢ ᠢᠳᠡᠪᠬᠢᠲᠡᠢ ᠳᠡᠮᠵᠢᠵᠦ᠂ ᠨᠡᠢ᠌ᠭᠡᠮ᠎ᠤᠨ ᠬᠥᠷᠥᠩᠭᠡ ᠵᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠥᠷᠥᠯ ᠵᠦᠢ᠍ᠯ᠎ᠳᠤ ᠣᠷᠤᠯᠴᠠᠬᠤ ᠵᠢ ᠬᠥᠲᠥᠯᠥᠨ ᠵᠢᠯᠤᠭᠣᠳᠬᠤ ᠪᠠ ᠵᠢᠷᠤᠮᠵᠢᠭᠤᠯᠤᠨ᠎ᠠ᠃ ᠦᠨ᠎ᠡ ᠬᠠᠩᠰᠢ ᠵᠢᠨ ᠲᠦᠷᠦ ᠵᠢᠨ ᠪᠣᠳᠣᠯᠭ᠎ᠠ ᠵᠢᠨ ᠲᠠᠯ᠎ᠠ᠎ᠪᠠᠷ᠂ ᠴᠠᠭᠢᠯᠭ᠋ᠠᠨ ᠬᠦᠴᠦᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠤᠰᠤᠨ᠎ᠤ ᠦᠨ᠎ᠡ ᠵᠢᠨ ᠲᠦᠷᠦ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠂ ᠠᠮᠢᠳᠤᠷᠠᠯ᠎ᠤᠨ ᠬᠣᠭ ᠨᠣᠪᠰᠢ ᠵᠢ ᠰᠢᠢ᠍ᠳᠪᠦᠷᠢᠯᠡᠬᠦ ᠰᠦᠢ᠍ᠳᠬᠡᠯ ᠬᠤᠷᠢᠶᠠᠬᠤ ᠠᠷᠭ᠎ᠠ ᠮᠠᠶᠢᠭ᠎ᠤᠨ ᠥᠭᠡᠷᠡᠴᠢᠯᠡᠯᠲᠡ ᠵᠢ ᠠᠬᠢᠭᠤᠯᠤᠨ᠎ᠠ᠃ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠵᠢᠨ ᠲᠠᠯ᠎ᠠ᠎ᠪᠠᠷ᠂ ᠡᠬᠢ ᠪᠠᠶᠠᠯᠢᠭ ᠣᠷᠴᠢᠨ ᠠᠬᠤᠢ ᠵᠢᠨ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠰᠢᠰᠲ᠋ᠧᠮ᠎ᠢ ᠪᠦᠷᠢᠨᠰᠢᠭᠦᠯᠵᠦ᠂ ᠠᠮᠢ ᠠᠬᠤᠢ ᠵᠢᠨ ᠬᠠᠮᠠᠭ᠋ᠠᠯᠠᠯᠲᠠ ᠵᠢᠨ ᠬᠥᠨᠳᠡᠯᠡᠨ ᠵᠶ᠋ᠡᠷ ᠨᠥᠬᠥᠪᠦᠷᠢᠯᠡᠬᠦ ᠲᠣᠭᠲᠠᠴᠠ ᠵᠢ ᠪᠦᠷᠢᠨᠰᠢᠭᠦᠯᠵᠦ᠂ ᠠᠮᠢ ᠠᠬᠤᠢ ᠵᠢᠨ ᠦᠢ᠍ᠯᠡᠳᠬᠦᠨ᠎ᠤ ᠦᠷᠳᠡᠭ᠎ᠢ ᠪᠡᠶᠡᠯᠡᠭᠦᠯᠬᠦ ᠲᠣᠭᠲᠠᠴᠠ ᠵᠢ ᠲᠡᠭᠦᠯᠳᠡᠷᠵᠢᠭᠦᠯᠵᠦ᠂ ᠪᠦᠭᠦ ᠤᠯᠤᠰ᠎ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ ᠪᠣᠯᠣᠨ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠪᠠᠢ᠌ᠭᠤᠯᠤᠯᠲᠠ ᠵᠢ ᠠᠬᠢᠭᠤᠯᠵᠤ᠂ ᠪᠣᠬᠢᠷᠳᠤᠯ ᠦᠭᠡᠢ ᠴᠠᠭᠢᠯᠭ᠋ᠠᠨ ᠬᠦᠴᠦᠨ᠎ᠤ ᠦᠨᠡᠮᠯᠡᠯ᠎ᠤᠨ ᠠᠷᠠᠯᠵᠢᠶᠠᠨ᠎ᠤ ᠳᠦᠷᠢᠮ᠎ᠢ ᠲᠡᠭᠦᠯᠳᠡᠷᠵᠢᠭᠦᠯᠦᠨ᠎ᠡ᠃ ᠪᠠᠷᠢᠮᠵᠢᠶ᠎ᠠ ᠵᠢᠨ ᠰᠢᠰᠲ᠋ᠧᠮ᠎ᠤᠨ ᠲᠠᠯ᠎ᠠ᠎ᠪᠠᠷ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ᠎ᠳᠤ ᠬᠦᠷᠬᠦ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠪᠠᠷᠢᠮᠵᠢᠶ᠎ᠠ ᠵᠢᠨ ᠰᠢᠰᠲ᠋ᠧᠮ᠎ᠢ ᠪᠠᠢ᠌ᠭᠤᠯᠵᠤ᠂ ᠡᠨᠧᠷᠭᠢ ᠠᠷᠪᠢᠯᠠᠬᠤ ᠪᠠᠷᠢᠮᠵᠢᠶ᠎ᠠ ᠵᠢ ᠰᠢᠨᠡᠳᠬᠡᠨ ᠲᠡᠰ ᠳᠡᠪᠰᠢᠭᠦᠯᠬᠦ ᠵᠢ ᠲᠦᠷᠭᠡᠳᠬᠡᠵᠦ᠂ ᠳᠠᠬᠢᠯᠲᠠ ᠡᠨᠧᠷᠭᠢ ᠵᠢᠨ ᠪᠠᠷᠢᠮᠵᠢᠶ᠎ᠠ ᠵᠢᠨ ᠰᠢᠰᠲ᠋ᠧᠮ ᠪᠠ ᠠᠵᠤ ᠦᠢ᠍ᠯᠡᠳᠪᠦᠷᠢ ᠵᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠪᠠᠷᠢᠮᠵᠢᠶ᠎ᠠ ᠵᠢᠨ ᠰᠢᠰᠲ᠋ᠧᠮ᠎ᠢ ᠲᠡᠭᠦᠯᠳᠡᠷᠵᠢᠭᠦᠯᠦᠨ᠎ᠡ᠃

      ᠠᠰᠠᠭᠤᠯᠲᠠ᠄ ᠰᠠᠨᠠᠯ᠎ᠢ ᠨᠡᠢ᠌ᠲᠡᠯᠡᠭᠰᠡᠨ᠎ᠤ ᠳᠠᠷᠠᠭ᠎ᠠ ᠨᠠᠢ᠌ᠳᠠᠪᠤᠷᠢᠵᠢᠭᠤᠯᠤᠯᠲᠠ ᠵᠢ ᠬᠡᠷᠬᠢᠨ ᠰᠠᠢ᠌ᠲᠤᠷ ᠠᠳᠬᠤᠬᠤ ᠪᠤᠶ?

      ᠬᠠᠷᠢᠭᠤᠯᠲᠠ᠄ ᠰᠠᠨᠠᠯ ᠪᠣᠯ ᠠᠵᠤ ᠠᠬᠤᠢ ᠨᠡᠢ᠌ᠭᠡᠮ᠎ᠤᠨ ᠬᠥᠭᠵᠢᠯᠲᠡ ᠪᠦᠭᠦ ᠲᠠᠯ᠎ᠠ᠎ᠪᠠᠷ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠬᠦ ᠦᠵᠦ ᠲᠥᠯᠥᠪᠯᠡᠭᠡ ᠵᠢᠨ ᠪᠢᠴᠢᠭ ᠮᠠᠲ᠋ᠧᠷᠢᠶᠠᠯ ᠪᠣᠯᠣᠨ᠎ᠠ᠃ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ᠎ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠢ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢᠨ ᠬᠣᠣᠰ ᠡᠵᠡᠮᠳᠡᠯ ᠪᠣᠯᠭ᠋ᠠᠨ ᠪᠦᠭᠦ ᠲᠠᠯ᠎ᠠ᠎ᠪᠠᠷ ᠬᠤᠪᠢᠷᠠᠭᠤᠯᠬᠤ ᠰᠢᠨ᠎ᠡ ᠲᠣᠭᠲᠠᠴᠠ ᠵᠢ ᠪᠠᠢ᠌ᠭᠤᠯᠵᠤ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ᠎ᠳᠤ ᠬᠦᠷᠬᠦ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠵᠢ ᠶᠡᠷᠦᠩᠬᠡᠢ᠌ᠯᠡᠭᠰᠡᠨ ᠦᠨᠡᠯᠡᠵᠦ ᠬᠢᠨᠠᠨ ᠰᠢᠯᠭ᠋ᠠᠬᠤ ᠳᠦᠷᠢᠮ᠎ᠢ ᠲᠣᠭᠲᠠᠭ᠋ᠠᠨ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨᠴᠢ᠎ᠪᠠᠷ ᠬᠢᠨᠠᠨ ᠰᠢᠯᠭ᠋ᠠᠵᠤ᠂ ᠦᠨᠡᠯᠡᠯᠲᠡ ᠬᠢᠵᠦ ᠬᠢᠨᠠᠨ ᠰᠢᠯᠭ᠋ᠠᠭᠰᠠᠨ ᠦᠷ᠎ᠡ ᠳ᠋ᠦᠩ᠎ᠤᠨ ᠬᠡᠷᠡᠭᠯᠡᠭᠡ ᠵᠢ ᠴᠢᠩᠭ᠋ᠠᠳᠬᠠᠨ᠎ᠠ᠃


               (ᠰᠢᠨᠬᠤᠸᠠ ᠬᠣᠷᠢᠶᠠᠨ᠎ᠤ ᠪᠡᠭᠡᠵᠢᠩ᠎ᠤᠨ 8 ᠰᠠᠷ᠎ᠠ ᠵᠢᠨ 11᠎ᠤ ᠴᠠᠭᠢᠯᠭ᠋ᠠᠨ ᠮᠡᠳᠡᠭᠡ)

 

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ