ᠰᠣᠨᠢᠨ ᠮᠡᠳᠡᠭᠡ   -   ᠰᠤᠷᠪᠤᠯᠵᠢᠯᠠᠭ᠎ᠠ

《ᠭᠡᠷ ᠪᠠᠶ᠋ᠢᠰᠢᠩ᠎ᠤᠨ ᠨᠠᠰᠤᠵᠢᠯ᠎ᠤᠨ ᠠᠰᠠᠷᠠᠮᠵᠢ ᠵᠢᠨ ᠮᠥᠩᠭᠥ》᠎ᠳᠤ ᠬᠤᠪᠢ ᠬᠥᠮᠦᠨ ᠵᠢᠨᠷ ᠢᠯᠡᠭᠦᠴᠡ ᠰᠦᠢ᠍ᠳᠬᠡᠯ ᠲᠤᠰᠢᠶᠠᠠᠯᠭ᠋ᠠᠬᠤ ᠦᠦ? ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ ᠬᠠᠷᠢᠭᠤ ᠥᠭᠪᠡ

ᠨᠡᠶ᠋ᠢᠲᠡᠯᠡᠭᠰᠡᠨ ᠴᠠᠭ᠄   2024-08-28

      8 ᠰᠠᠷ᠎ᠠ ᠵᠢᠨ 23᠎ᠤ ᠡᠳᠦᠷ᠎ᠤᠨ ᠦᠳᠡ ᠵᠢᠨ ᠡᠮᠦᠨ᠎ᠡ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠣᠨᠢᠨ ᠮᠡᠳᠡᠭᠡᠨ᠎ᠤ ᠠᠯᠪᠠᠨ ᠬᠡᠷ᠎ᠤᠨ ᠡᠷᠭᠢᠯᠡᠭᠰᠡᠨ 《ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ》 ᠰᠢᠷᠢᠰ ᠭᠤᠤᠯ ᠰᠡᠳᠦᠪᠲᠦ ᠰᠣᠨᠢᠨ ᠮᠡᠳᠡᠭᠡ ᠨᠡᠶ᠋ᠢᠲᠡᠯᠡᠬᠦ ᠬᠤᠷᠠᠯ ᠳᠡᠭᠡᠷ᠎ᠡ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠎ᠤ᠎ᠬᠢᠨ ᠬᠡᠯᠡᠬᠦ᠎ᠳᠡᠭᠡᠨ᠂ ᠣᠳᠣᠬᠠᠨ᠎ᠳᠤ ᠱᠠᠩᠬᠠᠶ ᠵᠡᠷᠭᠡ 22 ᠬᠣᠲᠠ᠎ᠨᠢ ᠶᠠᠭ ᠬᠡᠷ ᠪᠠᠶ᠋ᠢᠰᠢᠩ᠎ᠤᠨ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢᠨ ᠲᠦᠷᠢᠮ᠎ᠢ ᠲᠤᠷᠰᠢᠨ ᠬᠡᠷᠡᠭᠵᠢᠭᠦᠯᠵᠦ ᠪᠠᠶ᠋ᠢᠨ᠎ᠠ᠂ ᠲᠤᠷᠰᠢᠯᠲᠠ ᠵᠢᠨ ᠭᠤᠤᠯᠳᠠᠯᠭ᠎ᠠ ᠪᠣᠯ ᠵᠠᠰᠠᠭ᠎ᠤᠨ ᠣᠷᠳᠣᠨ ᠣᠯᠠᠨ ᠨᠡᠶ᠋ᠢᠲᠡ ᠵᠢᠨ ᠲᠠᠩᠰᠠᠨ ᠡᠷᠦᠬᠡ ᠵᠢ ᠪᠠᠶ᠋ᠢᠭᠤᠯᠬᠤ ᠶᠠᠪᠤᠳᠠᠯ ᠪᠣᠯᠤᠨ᠎ᠠ ᠬᠡᠪᠡ᠃

      ᠬᠡᠷ ᠪᠠᠶ᠋ᠢᠰᠢᠩ᠎ᠤᠨ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢᠨ ᠲᠦᠷᠢᠮ᠎ᠨᠢ ᠨᠡᠶ᠋ᠢᠭᠡᠮ᠎ᠤᠨ ᠥᠷᠭᠡᠨ ᠠᠩᠬᠠᠷᠤᠯ᠎ᠢ ᠲᠠᠲᠠᠵᠤ ᠪᠠᠶ᠋ᠢᠨ᠎ᠠ᠂ ᠵᠠᠷᠢᠮ ᠬᠥᠮᠦᠨ ᠬᠡᠷ ᠪᠠᠶ᠋ᠢᠰᠢᠩ᠎ᠤᠨ ᠨᠠᠰᠤᠵᠢᠯ᠎ᠤᠨ ᠠᠰᠠᠷᠠᠮᠵᠢ ᠵᠢᠨ ᠮᠥᠩᠭᠥ᠎ᠨᠢ ᠥᠪᠡᠷ᠎ᠤᠨ ᠬᠢᠨᠢ ᠠᠵᠤ ᠠᠬᠤᠶ ᠵᠢᠨ ᠳᠠᠷᠤᠭ᠋ᠠᠰᠤ ᠵᠢ ᠬᠦᠨᠳᠦᠷᠡᠭᠦᠯᠵᠦ ᠮᠡᠳᠡᠨ᠎ᠡ ᠭᠡᠵᠦ ᠠᠶᠤᠵᠤ ᠪᠠᠶ᠋ᠢᠨ᠎ᠠ᠂ ᠦᠨᠡᠨ᠎ᠳᠡᠭᠡᠨ ᠲᠡᠶ᠋ᠢᠮᠦ ᠪᠢᠰᠢ ᠶᠤᠮ᠂ ᠰᠤᠷᠪᠤᠯᠵᠢᠯᠠᠭ᠎ᠠ ᠬᠦᠯᠢᠶᠡᠭᠰᠡᠨ ᠣᠯᠠᠨ ᠲᠤᠰᠬᠠᠶ ᠮᠡᠷᠭᠡᠵᠢᠯᠲᠡᠨ ᠬᠡᠯᠡᠬᠦ᠎ᠳᠡᠭᠡᠨ᠂ ᠡᠨᠡ ᠬᠦ᠌ ᠲᠦᠷᠢᠮ᠎ᠢ ᠬᠡᠷᠡᠭᠵᠢᠭᠦᠯᠦᠭᠰᠡᠨ᠎ᠨᠢ ᠠᠷᠠᠳ ᠣᠯᠠᠨ᠎ᠤ ᠳᠠᠷᠤᠭ᠋ᠠᠰᠤ ᠵᠢ ᠬᠦᠨᠳᠦᠷᠡᠭᠦᠯᠬᠦ ᠥᠬᠡᠶ ᠮᠥᠷᠲᠡᠭᠡᠨ ᠨᠠᠩ ᠴᠤ᠌ ᠣᠯᠠᠨ᠎ᠤ ᠡᠷᠬᠡ ᠠᠰᠢᠭ᠎ᠢ ᠬᠣᠬᠢᠷᠠᠭᠤᠯᠬᠤ ᠥᠬᠡᠶ ᠶᠤᠮ᠂ ᠭᠡᠳᠡᠷᠭᠦ᠎ᠪᠠᠨ ᠬᠡᠷ ᠪᠠᠶ᠋ᠢᠰᠢᠩ᠎ᠳᠤ ᠪᠥᠬᠥ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢ ᠬᠠᠩᠭ᠋ᠠᠵᠤ ᠪᠣᠯᠤᠨ᠎ᠠ ᠭᠡᠵᠡᠶ᠃

      8 ᠰᠠᠷ᠎ᠠ ᠵᠢᠨ 26᠎ᠤ ᠣᠷᠣᠶ᠂ ᠣᠯᠠᠨ᠎ᠤ ᠠᠩᠬᠠᠷᠴᠤ ᠪᠠᠶ᠋ᠢᠭ᠎ᠠ ᠬᠡᠷ ᠪᠠᠶ᠋ᠢᠰᠢᠩ᠎ᠤᠨ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢᠨ ᠲᠦᠷᠢᠮ᠎ᠤᠨ ᠬᠣᠯᠪᠣᠭᠳᠠᠯ ᠪᠥᠬᠥᠶ ᠠᠰᠠᠭᠤᠳᠠᠯ᠎ᠤᠨ ᠲᠤᠬᠠᠶ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠎ᠤ ᠬᠣᠯᠪᠣᠭᠳᠠᠯ ᠪᠥᠬᠥᠶ ᠵᠤᠷᠭ᠋ᠠᠨ ᠲᠣᠪᠴᠢᠶ᠎ᠠ ᠵᠢᠨ ᠬᠠᠷᠢᠭᠤᠴᠠᠯᠭ᠋ᠠᠲᠠᠨ ᠬᠠᠷᠢᠭᠤ ᠦᠭᠴᠡᠢ᠃


      ᠭᠡᠷ ᠪᠠᠶ᠋ᠢᠰᠢᠩ᠎ᠤᠨ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢᠨ ᠪᠡᠯᠡ ᠮᠥᠩᠭᠥ ᠬᠠᠮᠢᠭ᠎ᠠ᠎ᠠᠴᠠ ᠢᠷᠡᠵᠦ ᠪᠠᠢ᠌ᠭ᠎ᠠ ᠪᠤᠢ?

      ᠬᠠᠷᠢᠭᠤᠯᠲᠠ᠄ ᠭᠡᠷ ᠪᠠᠶ᠋ᠢᠰᠢᠩ᠎ᠤᠨ ᠨᠠᠰᠤᠵᠢᠯ᠎ᠤᠨ ᠠᠰᠠᠷᠠᠮᠵᠢ ᠵᠢᠨ ᠮᠥᠩᠭᠥ᠎ᠨᠢ ᠬᠤᠪᠢ ᠬᠥᠮᠦᠨ᠎ᠤ ᠳᠠᠩᠰᠠᠨ ᠡᠷᠦᠬᠡ ᠪᠠ ᠣᠯᠠᠨ ᠨᠡᠶ᠋ᠢᠲᠡ ᠵᠢᠨ ᠳᠠᠩᠰᠠᠨ ᠡᠷᠦᠬᠡ ᠭᠡᠬᠦ ᠬᠣᠶᠠᠷ ᠬᠡᠰᠡᠭ ᠵᠶ᠋ᠠᠷ ᠪᠦᠷᠢᠯᠳᠦᠨ᠎ᠡ᠃ ᠬᠤᠪᠢ ᠬᠥᠮᠦᠨ᠎ᠤ ᠲᠠᠩᠰᠠᠨ ᠡᠷᠦᠬᠡ ᠭᠡᠳᠡᠭ᠎ᠨᠢ ᠳᠠᠷᠤᠶ ᠥᠮᠴᠢᠲᠡᠨ᠎ᠤ ᠲᠤᠰᠢᠶᠠᠨ ᠬᠠᠳᠠᠭ᠋ᠠᠯᠠᠭᠤᠯᠤᠭᠰᠠᠨ ᠣᠷᠣᠨ ᠰᠠᠭᠤᠴᠠ ᠵᠢ ᠲᠤᠰᠬᠠᠶ᠋ᠢᠯᠠᠨ ᠰᠡᠯᠪᠢᠨ ᠵᠠᠰᠠᠬᠤ ᠪᠠᠯᠠ ᠮᠥᠩᠭᠥ ᠪᠣᠯᠤᠨ᠎ᠠ᠂ ᠲᠤᠰᠢᠶᠠᠨ ᠬᠠᠳᠠᠭ᠋ᠠᠯᠠᠭᠤᠯᠬᠤ᠎ᠳᠠᠭᠠᠨ ᠣᠲᠣ ᠵᠢᠨ ᠬᠡᠷᠡᠭᠵᠢᠭᠦᠯᠵᠦ ᠪᠠᠶ᠋ᠢᠭ᠎ᠠ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃ ᠣᠯᠠᠨ ᠨᠡᠶ᠋ᠢᠲᠡ ᠵᠢᠨ ᠳᠠᠩᠰᠠᠨ ᠡᠷᠦᠬᠡ ᠵᠢ 《ᠭᠡᠷ ᠪᠠᠶ᠋ᠢᠰᠢᠩ᠎ᠠᠴᠠ ᠠᠪᠴᠤ᠂ ᠭᠡᠷ ᠪᠠᠶ᠋ᠢᠰᠢᠩ᠎ᠳᠤ ᠬᠡᠷᠡᠭᠯᠡᠬᠦ》᠂ 《ᠬᠤᠪᠢ ᠬᠥᠮᠦᠨ᠎ᠤ ᠳᠠᠷᠤᠭ᠋ᠠᠰᠤ ᠵᠢ ᠬᠦᠨᠳᠦᠷᠡᠭᠦᠯᠬᠦ ᠦᠭᠡᠶ᠂ ᠬᠤᠪᠢ ᠬᠥᠮᠦᠨ᠎ᠤ ᠡᠷᠬᠡ ᠠᠰᠢᠭ᠎ᠢ ᠬᠣᠬᠢᠷᠠᠭᠤᠯᠬᠤ ᠦᠭᠡᠶ》 ᠪᠠᠢ᠌ᠬᠤ ᠵᠠᠷᠴᠢᠮ᠎ᠤᠨ ᠶᠣᠰᠣᠭ᠋ᠠᠷ᠂ ᠵᠠᠰᠠᠭ᠎ᠤᠨ ᠣᠷᠳᠣᠨ᠎ᠠᠴᠠ ᠬᠠᠷᠢᠭᠤᠴᠠᠨ ᠪᠠᠶ᠋ᠢᠭᠤᠯᠤᠨ᠎ᠠ᠂ ᠲᠤᠷᠰᠢᠯᠲᠠ ᠵᠢᠨ ᠴᠡᠭ ᠪᠣᠯᠬᠤ ᠬᠣᠲᠠ᠎ᠠᠴᠠ ᠠᠪᠴᠤ ᠦᠵᠡᠪᠡᠯ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠨᠢ ᠡᠳ᠋᠎ᠤᠨ ᠵᠠᠰᠠᠭ᠎ᠠᠴᠠ ᠪᠠᠭ᠎ᠠ ᠰᠠᠭ᠎ᠠ ᠨᠥᠬᠥᠪᠥᠷᠢᠯᠡᠬᠦ᠂ ᠭᠠᠵᠠᠷ ᠰᠢᠷᠣᠢ ᠵᠢ ᠰᠢᠯᠵᠢᠭᠦᠯᠦᠨ ᠲᠠᠳᠠᠪᠤᠷᠢᠯᠠᠬᠰᠠᠨ ᠮᠥᠩᠭᠥ ᠵᠢ ᠴᠤᠭᠯᠠᠭᠤᠯᠬᠤ ᠵᠡᠷᠭᠡ ᠠᠷᠭ᠎ᠠ ᠮᠠᠶᠢᠭ ᠵᠶ᠋ᠠᠷ ᠴᠤᠭᠯᠠᠭᠤᠯᠵᠤ ᠪᠤᠢ᠂ ᠡᠭᠦᠨ᠎ᠤ ᠵᠣᠷᠢᠯᠭ᠎ᠠ᠎ᠨᠢ ᠭᠡᠷ ᠪᠠᠶ᠋ᠢᠰᠢᠩ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠪᠡᠯᠡ ᠮᠥᠩᠭᠥ ᠵᠢᠨ ᠲᠣᠭᠲᠠᠪᠤᠷᠢᠲᠠᠶ ᠠᠷᠭ᠎ᠠ ᠵᠠᠮ᠎ᠢ ᠪᠠᠶ᠋ᠢᠭᠤᠯᠵᠤ᠂ ᠰᠠᠭᠤᠭ᠋ᠠᠯᠢ ᠠᠷᠠᠳ ᠵᠢᠨᠷ ᠢᠯᠡᠭᠦᠴᠡ ᠰᠦᠢ᠍ᠳᠬᠡᠯ ᠲᠤᠰᠢᠶᠠᠯᠭ᠋ᠠᠬᠤ ᠦᠭᠡᠶ᠂ ᠬᠤᠪᠢ ᠬᠥᠮᠦᠨ᠎ᠤ ᠳᠠᠷᠤᠭ᠋ᠠᠰᠤ ᠵᠢ ᠬᠦᠨᠳᠦᠷᠡᠭᠦᠯᠬᠦ ᠦᠭᠡᠶ ᠶᠤᠮ᠃


      ᠭᠡᠷ ᠪᠠᠶ᠋ᠢᠰᠢᠩ᠎ᠤᠨ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢ ᠶᠠᠮᠠᠷ ᠶᠠᠮᠠᠷ ᠭᠠᠵᠠᠷ᠎ᠲᠤ ᠬᠡᠷᠡᠭᠯᠡᠬᠦ ᠪᠣᠶ?

      ᠬᠠᠷᠢᠭᠤᠯᠲᠠ᠄ ᠬᠡᠷ ᠪᠠᠶ᠋ᠢᠰᠢᠩ᠎ᠤᠨ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢᠨ ᠬᠤᠪᠢ ᠬᠥᠮᠦᠨ᠎ᠤ ᠲᠠᠩᠰᠠᠨ ᠡᠷᠦᠬᠡ ᠪᠠ ᠣᠯᠠᠨ ᠨᠡᠶ᠋ᠢᠲᠡ ᠵᠢᠨ ᠲᠠᠩᠰᠠᠨ ᠡᠷᠦᠬᠡ ᠵᠢᠨ ᠪᠠᠯᠠ ᠮᠥᠩᠭᠥ᠎ᠨᠢ ᠬᠡᠷ ᠪᠠᠶ᠋ᠢᠰᠢᠩ᠎ᠤᠨ ᠪᠥᠬᠥ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠤ ᠠᠮᠤᠷ ᠲᠦᠪᠰᠢᠨ᠎ᠢ ᠬᠠᠮᠲᠤ᠎ᠪᠠᠷ ᠪᠠᠲᠤᠯᠠᠨ᠎ᠠ᠃ ᠬᠤᠪᠢ ᠬᠥᠮᠦᠨ᠎ᠤ ᠳᠠᠩᠰᠠᠨ ᠡᠷᠦᠬᠡ ᠵᠢᠨ ᠪᠡᠯᠡ ᠮᠥᠩᠭᠥ ᠵᠢ ᠣᠷᠣᠨ ᠰᠠᠭᠤᠴᠠ ᠵᠢᠨ ᠲᠤᠰᠬᠠᠢ ᠰᠡᠯᠪᠢᠨ ᠵᠠᠰᠠᠬᠤ ᠪᠡᠯᠡ ᠮᠥᠩᠭᠥ ᠵᠢᠨ ᠬᠠᠮᠢᠶᠠᠷᠤᠯᠲᠠ ᠵᠢᠨ ᠲᠣᠭᠲᠠᠭ᠋ᠠᠯ ᠶᠣᠰᠣᠭ᠋ᠠᠷ᠂ ᠣᠷᠣᠨ ᠰᠠᠭᠤᠴᠠ ᠵᠢᠨ ᠨᠡᠶ᠋ᠢᠲᠡ᠎ᠪᠠᠷ ᠬᠡᠷᠡᠭᠯᠡᠬᠦ ᠬᠡᠰᠡᠭ᠂ ᠨᠡᠶ᠋ᠢᠲᠡ᠎ᠪᠠᠷ ᠬᠡᠷᠡᠭᠯᠡᠬᠦ ᠲᠤᠨᠤᠭ ᠲᠥᠬᠥᠭᠡᠷᠦᠮᠵᠢ ᠵᠢᠨ ᠰᠡᠯᠪᠢᠨ ᠵᠠᠰᠠᠬᠤ ᠬᠤᠭᠤᠴᠠᠭ᠎ᠠ ᠳᠠᠭᠤᠰᠤᠭᠰᠠᠨ᠎ᠤ ᠳᠠᠷᠠᠭ᠋ᠠᠬᠢ ᠰᠡᠯᠪᠢᠨ ᠵᠠᠰᠠᠬᠤ ᠪᠠ ᠰᠢᠨᠡᠳᠬᠡᠨ ᠵᠠᠰᠠᠬᠤ᠎ᠳᠤ ᠠᠵᠢᠯ᠎ᠳᠤ ᠲᠤᠰᠬᠠᠶ ᠬᠡᠷᠡᠭᠯᠡᠨ᠎ᠡ᠃ ᠣᠯᠠᠨ ᠨᠡᠶ᠋ᠢᠲᠡ ᠵᠢᠨ ᠳᠠᠩᠰᠠᠨ ᠡᠷᠦᠬᠡ ᠵᠢᠨ ᠪᠡᠯᠡ ᠮᠥᠩᠭᠥ ᠵᠢ ᠭᠣᠣᠯᠳᠠᠭᠤ ᠭᠡᠷ ᠪᠠᠶ᠋ᠢᠰᠢᠩ᠎ᠤᠨ ᠪᠦᠳᠦᠴᠡ ᠵᠢᠨ ᠪᠠᠶ᠋ᠢᠴᠠᠭ᠋ᠠᠯᠲᠠ ᠪᠠ ᠳᠠᠭ᠋ᠠᠳᠬᠠᠯ ᠵᠡᠷᠭᠡ ᠵᠠᠷᠤᠯᠭ᠎ᠠ᠎ᠳᠤ ᠬᠡᠷᠡᠭᠯᠡᠨ᠎ᠡ᠃

 

ᠢᠷᠡᠯᠲᠡ᠄ ᠠᠷᠠᠳ᠎ᠤᠨ ᠰᠦᠯᠵᠢᠶ᠎ᠡ