ᠰᠣᠨᠢᠨ ᠮᠡᠳᠡᠭᠡ   -   ᠰᠤᠷᠪᠤᠯᠵᠢᠯᠠᠭ᠎ᠠ

ᠠᠷᠠᠳ᠎ᠤᠨ ᠶᠠᠪᠤᠳᠠᠯ᠎ᠤᠨ ᠬᠦᠷᠢᠶᠡᠨ᠎ᠳᠠᠬᠢ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠵᠦ ᠠᠷᠠᠳ ᠲᠦᠮᠡᠨ᠎ᠤ ᠬᠠᠮᠤᠭ᠎ᠠᠴᠠ ᠠᠩᠬᠠᠷᠴᠤ ᠪᠠᠢ᠌ᠭ᠎ᠠ ᠬᠠᠮᠤᠭ᠎ᠤᠨ ᠰᠢᠭᠤᠳ ᠬᠠᠮᠤᠭ᠎ᠤᠨ ᠪᠣᠳᠠᠲᠠᠢ ᠠᠰᠢᠭ ᠲᠤᠰᠠ ᠵᠢᠨ ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠨ᠎ᠡ

ᠨᠡᠶ᠋ᠢᠲᠡᠯᠡᠭᠰᠡᠨ ᠴᠠᠭ᠄   2024-08-07

      — ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠶᠠᠮᠤᠨ᠎ᠤ ᠰᠠᠢ᠌ᠳ ᠯᠦ᠍ ᡁᠢ ᠶᠤᠸᠠᠨ᠎ᠢ ᠰᠤᠷᠪᠤᠯᠵᠢᠯᠠᠭᠰᠠᠨ᠎ᠨᠢ


      ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠠᠷᠠᠳ᠎ᠤᠨ ᠠᠮᠢᠳᠤᠷᠠᠯ᠎ᠢ ᠬᠠᠮᠤᠭ᠎ᠠᠴᠠ ᠴᠢᠬᠤᠯᠠᠴᠢᠯᠠᠨ᠎ᠠ; ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ᠎ᠳᠤ ᠠᠷᠠᠳ ᠲᠦᠮᠡᠨ᠎ᠢ ᠳᠡᠭᠡᠳᠦᠯᠡᠨ᠎ᠡ᠃ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠠᠴᠠ᠂ ᠡᠷᠬᠡᠪᠰᠢ ᠴᠢᠳᠠᠯ ᠵᠶ᠋ᠠᠷ ᠵᠶ᠋ᠠᠨ ᠴᠢᠷᠮᠠᠢ᠌ᠵᠤ᠂ ᠴᠢᠳᠠᠯ᠎ᠤᠨ ᠵᠶ᠋ᠠᠨ ᠬᠢᠷᠢ᠎ᠪᠠᠷ ᠬᠢᠬᠦ ᠵᠢ ᠪᠠᠷᠢᠮᠲᠠᠯᠠᠵᠤ᠂ ᠣᠯᠠᠨ ᠨᠡᠢ᠌ᠲᠡ ᠵᠢᠨ ᠦᠨᠳᠦᠰᠦᠨ ᠦᠢ᠍ᠯᠡᠴᠢᠯᠡᠭᠡᠨ᠎ᠤ ᠳᠦᠷᠢᠮ᠎ᠤᠨ ᠰᠢᠰᠲ᠋ᠧᠮ᠎ᠢ ᠲᠡᠭᠦᠯᠳᠡᠷᠵᠢᠭᠦᠯᠵᠦ᠂ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢ᠍ᠯ᠎ᠢ ᠪᠠᠲᠤᠯᠠᠬᠤ ᠴᠢᠨᠠᠷᠲᠠᠢ ᠠᠷᠠᠳ᠎ᠤᠨ ᠠᠮᠢᠳᠤᠷᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠵᠢᠨ ᠬᠠᠮᠲᠤ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ ᠳᠦᠷᠢᠮ᠎ᠤᠨ ᠰᠢᠰᠲ᠋ᠧᠮ᠎ᠢ ᠪᠦᠷᠢᠨᠰᠢᠭᠦᠯᠬᠦ ᠲᠣᠭᠣᠷᠢᠨ᠎ᠳᠤ ᠪᠦᠭᠦ ᠲᠠᠯ᠎ᠠ ᠵᠢᠨ ᠪᠠᠢ᠌ᠷᠢᠯᠠᠭᠤᠯᠤᠯᠲᠠ ᠬᠢᠬᠦ ᠬᠡᠷᠡᠭᠲᠡᠢ ᠭᠡᠵᠦ ᠱᠠᠭ᠋ᠠᠷᠳᠠᠪᠠ᠃
      ᠰᠢᠨ᠎ᠡ ᠴᠠᠭ ᠦᠶ᠎ᠡ ᠵᠢᠨ ᠠᠷᠠᠳ᠎ᠤᠨ ᠶᠠᠪᠤᠳᠠᠯ᠎ᠤᠨ ᠠᠵᠢᠯ ᠶᠠᠮᠠᠷᠬᠠᠨ ᠥᠭᠡᠷᠡᠴᠢᠯᠡᠯᠲᠡ ᠵᠢᠨ ᠦᠷ᠎ᠡ ᠪᠦᠲᠦᠭᠡᠯ ᠣᠯᠣᠭᠰᠠᠨ ᠪᠤᠢ? ᠲᠠᠷᠠᠭ᠋ᠠᠴᠢ ᠵᠢᠨ ᠠᠯᠬᠤᠮ᠎ᠤᠨ ᠠᠷᠠᠳ᠎ᠤᠨ ᠶᠠᠪᠤᠳᠠᠯ᠎ᠤᠨ ᠬᠦᠷᠢᠶᠡᠨ᠎ᠳᠠᠬᠢ ᠥᠭᠡᠷᠡᠴᠢᠯᠡᠯᠲᠡ ᠵᠢᠨ ᠬᠦᠴᠦᠯᠡᠬᠦ ᠴᠡᠭ ᠪᠠ ᠠᠵᠢᠯ᠎ᠤᠨ ᠬᠦᠴᠦᠯᠡᠬᠦ ᠴᠡᠭ᠎ᠨᠢ ᠶᠠᠭᠤ ᠪᠤᠶ? ᠰᠢᠨᠬᠤᠸᠠ ᠬᠣᠷᠢᠶᠠᠨ᠎ᠤ ᠰᠤᠷᠪᠤᠯᠵᠢᠯᠠᠬ᠍ᠴᠢ ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠶᠠᠮᠤᠨ᠎ᠤ ᠰᠠᠢ᠌ᠳ ᠯᠦ᠍ ᡁᠢ ᠶᠤᠸᠠᠨ᠎ᠢ ᠰᠤᠷᠪᠤᠯᠵᠢᠯᠠᠪᠠ᠃


      ᠪᠦᠭᠦᠳᠡ ᠬᠤᠷᠠᠯ᠎ᠠᠴᠠ ᠠᠷᠠᠳ᠎ᠤᠨ ᠶᠠᠪᠤᠳᠠᠯ᠎ᠤᠨ ᠬᠦᠷᠢᠶᠡᠨ᠎ᠳᠠᠬᠢ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ᠎ᠳᠤ ᠰᠢᠨᠵᠢᠯᠡᠬᠦ ᠤᠬᠠᠭ᠋ᠠᠨᠴᠢ ᠵᠢᠯᠣᠭᠣᠳᠤᠮᠵᠢ ᠬᠠᠩᠭ᠋ᠠᠪᠠ
      ᠠᠰᠠᠭᠤᠯᠲᠠ᠄ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠠᠴᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ ᠣᠨᠴᠠᠭ᠋ᠠᠢ᠌ᠯᠠᠨ ᠠᠷᠠᠳ᠎ᠤᠨ ᠶᠠᠪᠤᠳᠠᠯ᠎ᠤᠨ ᠬᠦᠷᠢᠶᠡᠨ᠎ᠳᠤ ᠪᠠᠢ᠌ᠷᠢᠯᠠᠭᠤᠯᠤᠭᠰᠠᠨ ᠥᠭᠡᠷᠡᠴᠢᠯᠡᠯᠲᠡ ᠵᠢᠨ ᠪᠠᠢ᠌ᠷᠢᠯᠠᠭᠤᠯᠤᠯᠲᠠ ᠵᠢ ᠬᠡᠷᠬᠢᠨ ᠦᠵᠡᠬᠦ ᠪᠤᠢ?

      ᠬᠠᠷᠢᠭᠤᠯᠲᠠ᠄ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ ᠪᠣᠯ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢᠨ ᠵᠣᠷᠢᠯᠲᠠ ᠪᠠ ᠲᠤᠰᠤᠯᠲᠠ ᠮᠥᠨ᠃

      《ᠲᠣᠭᠲᠠᠭ᠋ᠠᠯ》᠎ᠳᠤ ᠬᠥᠭᠵᠢᠯᠲᠡ ᠵᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠴᠢᠬᠤᠯᠠ ᠶᠡᠬᠡ ᠡᠭᠦᠷᠭᠡ ᠮᠥᠨ ᠭᠡᠵᠦ ᠴᠢᠬᠤᠯᠠᠴᠢᠯᠠᠨ᠂ ᠠᠷᠠᠳ ᠲᠦᠮᠡᠨ᠎ᠤ ᠬᠠᠮᠤᠭ᠎ᠠᠴᠠ ᠠᠩᠬᠠᠷᠴᠤ ᠪᠠᠢ᠌ᠭ᠎ᠠ ᠬᠠᠮᠤᠭ᠎ᠤᠨ ᠰᠢᠭᠤᠳ ᠬᠠᠮᠤᠭ᠎ᠤᠨ ᠪᠣᠳᠠᠲᠠᠢ ᠠᠰᠢᠭ ᠲᠤᠰᠠ ᠵᠢᠨ ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠵᠦ᠂ ᠠᠷᠠᠳ ᠲᠦᠮᠡᠨ᠎ᠤ ᠰᠠᠢ᠌ᠨ ᠰᠠᠢ᠌ᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠲᠠᠰᠤᠷᠠᠯᠳᠠ ᠦᠭᠡᠢ ᠬᠠᠩᠭ᠋ᠠᠬᠤ ᠬᠡᠷᠡᠭᠲᠡᠢ ᠭᠡᠵᠦ ᠱᠠᠭ᠋ᠠᠷᠳᠠᠭᠰᠠᠨ ᠪᠥᠭᠡᠳ ᠠᠷᠠᠳ᠎ᠤᠨ ᠠᠮᠢᠳᠤᠷᠠᠯ᠎ᠤᠨ ᠪᠠᠴᠢᠮ ᠬᠡᠷᠡᠭᠴᠡᠭᠡ᠂ ᠠᠷᠠᠳ᠎ᠤᠨ ᠰᠡᠳᠬᠢᠯ᠎ᠤᠨ ᠬᠠᠨᠳᠤᠰᠢ ᠪᠦᠬᠦᠢ ᠠᠯᠢ ᠤᠯᠠᠨ ᠥᠭᠡᠷᠡᠴᠢᠯᠡᠯᠲᠡ ᠵᠢᠨ ᠡᠭᠦᠷᠭᠡ ᠠᠷᠭ᠎ᠠ ᠬᠡᠮᠵᠢᠶ᠎ᠡ ᠵᠢ ᠳᠤᠷᠠᠳᠴᠠᠢ᠃
      ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠶᠣᠰᠣᠭ᠋ᠠᠷ᠂ ᠳᠦᠷᠢᠮ᠎ᠤᠨ ᠪᠠᠢ᠌ᠭᠤᠯᠤᠯᠲᠠ᠎ᠪᠠᠷ ᠭᠣᠣᠯ ᠰᠢᠵᠢᠮ ᠪᠤᠯᠭ᠋ᠠᠵᠤ᠂ ᠦᠵᠦ ᠲᠥᠯᠥᠪᠯᠡᠭᠡ ᠵᠢ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠵᠢᠨ ᠬᠠᠩᠭ᠋ᠠᠯᠭ᠎ᠠ ᠵᠢ ᠥᠷᠭᠡᠳᠬᠡᠵᠦ᠂ ᠪᠠᠢ᠌ᠭᠤᠯᠤᠯ ᠲᠣᠭᠲᠠᠴᠠ ᠵᠢ ᠲᠡᠭᠦᠯᠳᠡᠷᠵᠢᠭᠦᠯᠵᠦ᠂ ᠬᠠᠮᠢᠶᠠᠷᠤᠯᠲᠠ ᠦᠢ᠍ᠯᠡᠴᠢᠯᠡᠭᠡ ᠵᠢ ᠰᠢᠯᠢᠳᠡᠭᠵᠢᠭᠦᠯᠵᠦ᠂ ᠠᠷᠠᠳ ᠤᠯᠠᠨ᠎ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢ᠌ᠭ᠎ᠠ ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠵᠦ᠂ ᠠᠷᠠᠳ᠎ᠤᠨ ᠠᠮᠢᠳᠤᠷᠠᠯ᠎ᠢ ᠪᠠᠲᠤᠯᠠᠬᠤ ᠪᠠ ᠬᠥᠭᠵᠢᠯᠲᠡ ᠵᠢ ᠠᠬᠢᠭᠤᠯᠬᠤ ᠰᠠᠢ᠌ᠨ ᠦᠢ᠍ᠯᠡᠳᠦᠯᠴᠡᠯ᠎ᠢ ᠠᠬᠢᠭᠤᠯᠵᠤ᠂ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠨᠠᠩ ᠣᠯᠠᠨ ᠨᠠᠩ ᠡᠷᠬᠡ ᠲᠡᠭᠰᠢ᠎ᠪᠠᠷ ᠥᠷᠭᠡᠨ ᠣᠯᠠᠨ ᠨᠠᠰᠤᠲᠠᠢ᠌ᠴᠤᠳ ᠪᠠ ᠡᠯ᠎ᠡ ᠲᠥᠷᠥᠯ᠎ᠤᠨ ᠬᠦᠴᠢᠷᠳᠡᠯᠲᠡᠢ ᠬᠥᠮᠥᠰ᠎ᠲᠤ ᠬᠦᠷᠲᠡᠭᠡᠨ᠎ᠡ᠃


      ᠰᠢᠨ᠎ᠡ ᠴᠠᠭ ᠦᠶ᠎ᠡ᠎ᠠᠴᠠ ᠨᠠᠭ᠋ᠠᠰᠢ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠥᠭᠡᠷᠡᠴᠢᠯᠡᠯᠲᠡ ᠬᠥᠭᠵᠢᠯᠲᠡ᠎ᠳᠤ ᠠᠯᠢ ᠤᠯᠠᠨ ᠳᠦᠷᠢᠮ ᠪᠠ ᠦᠢ᠍ᠯᠡᠳᠦᠯᠭᠡ ᠵᠢᠨ ᠦᠷ᠎ᠡ ᠪᠦᠲᠦᠭᠡᠯ ᠣᠯᠪᠠ
      ᠠᠰᠠᠭᠤᠯᠲᠠ᠄ ᠰᠢᠨ᠎ᠡ ᠴᠠᠭ ᠦᠶ᠎ᠡ᠎ᠠᠴᠠ ᠨᠠᠭ᠋ᠠᠰᠢ ᠠᠷᠠᠳ᠎ᠤᠨ ᠶᠠᠪᠤᠳᠠᠯ᠎ᠤᠨ ᠬᠦᠷᠢᠶᠡᠨ᠎ᠳᠠᠬᠢ ᠥᠭᠡᠷᠡᠴᠢᠯᠡᠯᠲᠡ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ᠎ᠢ ᠳ᠋ᠦᠩᠨᠡᠭᠡᠳ ᠥᠭᠭᠦᠨ᠎ᠡ ᠤᠤ?
      ᠬᠠᠷᠢᠭᠤᠯᠲᠠ᠄
ᠶᠡᠷᠦᠩᠬᠡᠢ ᠱᠦᠵᠢ ᠰᠢ ᠵᠢᠨ ᠫᠢᠩ᠂ ᠥᠭᠡᠷᠡᠴᠢᠯᠡᠯᠲᠡ ᠵᠢ ᠠᠳᠬᠤᠵᠤ᠂ ᠬᠥᠭᠵᠢᠯᠲᠡ ᠵᠢ ᠠᠬᠢᠭᠤᠯᠬᠤ᠎ᠨᠢ ᠡᠴᠦᠰ᠎ᠤᠨ ᠡᠴᠦᠰ᠎ᠲᠡᠭᠡᠨ ᠠᠷᠠᠳ ᠲᠦᠮᠡᠨ᠎ᠢ ᠨᠡᠩ ᠰᠠᠢ᠌ᠨ ᠰᠠᠢ᠌ᠬᠠᠨ ᠠᠮᠢᠳᠤᠷᠠᠭᠤᠯᠬᠤ ᠵᠢᠨ ᠲᠥᠯᠥᠭᠡ ᠶᠤᠮ ᠭᠡᠵᠦ ᠴᠢᠬᠤᠯᠠᠴᠢᠯᠠᠪᠠ᠃

      ᠰᠢᠨ᠎ᠡ ᠴᠠᠭ ᠦᠶ᠎ᠡ᠎ᠠᠴᠠ ᠨᠠᠭ᠋ᠠᠰᠢ᠂ ᠰᠢ ᠵᠢᠨ ᠫᠢᠩ ᠨᠥᠬᠥᠷ ᠵᠶ᠋ᠡᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠤᠭ ᠰᠠᠨᠠᠭ᠎ᠠ ᠵᠣᠷᠢᠯᠲᠠ᠎ᠪᠠᠨ ᠪᠠᠲᠤ ᠴᠡᠭᠡᠵᠢᠯᠡᠵᠦ᠂ ᠭᠡᠮ ᠠᠷᠬᠠᠭ᠎ᠢ ᠠᠷᠢᠯᠭ᠋ᠠᠨ ᠰᠢᠨᠡᠴᠢᠯᠡᠯᠲᠡ ᠬᠢᠵᠦ᠂ ᠬᠦᠴᠢᠷ᠎ᠢ ᠲᠤᠭᠤᠯᠤᠨ ᠪᠡᠷᠬᠡ ᠵᠢ ᠳᠠᠪᠠᠵᠤ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠥᠭᠡᠷᠡᠴᠢᠯᠡᠯᠲᠡ ᠬᠥᠭᠵᠢᠯᠲᠡ᠎ᠳᠤ ᠠᠯᠢ ᠤᠯᠠᠨ ᠳᠦᠷᠢᠮ ᠪᠠ ᠦᠢ᠍ᠯᠡᠳᠦᠯᠭᠡ ᠵᠢᠨ ᠦᠷ᠎ᠡ ᠪᠦᠲᠦᠭᠡᠯ ᠣᠯᠵᠤ᠂ ᠨᠠᠮ ᠪᠠ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠬᠦᠴᠦᠲᠡᠢ ᠦᠢ᠍ᠯᠡᠴᠢᠯᠡᠪᠡ᠃ ᠡᠨᠡ᠎ᠨᠢ ᠳᠣᠣᠷᠠᠬᠢ ᠬᠡᠳᠦᠨ ᠲᠠᠯ᠎ᠠ᠎ᠪᠠᠷ ᠲᠣᠪᠣᠢ᠌ᠮ᠎ᠠ ᠢᠯᠡᠷᠡᠵᠦ ᠪᠠᠢ᠌ᠨ᠎ᠠ᠄
      ᠨᠢᠭᠡ᠎ᠳᠤ᠂ ᠦᠨᠳᠦᠰᠦᠨ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠳᠦᠷᠢᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠠᠰ ᠳᠠᠪᠬᠤᠷᠭ᠎ᠠ ᠲᠥᠷᠥᠯ ᠬᠤᠪᠢᠶᠠᠭᠰᠠᠨ ᠨᠡᠢ᠌ᠭᠡᠮ᠎ᠤᠨ ᠠᠪᠤᠷᠠᠨ ᠲᠤᠰᠠᠯᠠᠬᠤ ᠰᠢᠰᠲ᠋ᠧᠮ᠎ᠢ ᠪᠠᠢ᠌ᠭᠤᠯᠵᠤ᠂ ᠬᠡᠦᠬᠡᠳ ᠪᠠ ᠵᠡᠮᠳᠡᠭᠴᠦᠳ᠎ᠤᠨ ᠠᠰᠠᠷᠠᠮᠵᠢ ᠵᠢᠨ ᠳᠦᠷᠢᠮ᠎ᠢ ᠲᠡᠭᠦᠯᠳᠡᠷᠵᠢᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠵᠢᠨ 《ᠨᠢᠭᠡ ᠪᠦᠯᠦᠭ᠎ᠢ ᠪᠠᠲᠤᠯᠠᠬᠤ》 ᠤᠯᠤᠰ ᠲᠥᠷᠥ ᠵᠢᠨ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠡᠯ᠎ᠡ ᠲᠥᠷᠥᠯ᠎ᠤᠨ ᠣᠨᠴᠠᠭ᠋ᠠᠶ ᠬᠦᠴᠢᠷᠳᠡᠯᠲᠡᠢ ᠣᠯᠠᠨ ᠲᠦᠮᠡᠨ ᠪᠦᠭᠦ ᠠᠷᠠᠳ ᠲᠦᠮᠡᠨ᠎ᠲᠠᠢ ᠬᠠᠮᠲᠤ᠎ᠪᠠᠷ ᠴᠢᠨᠡᠭᠡᠯᠢᠭ ᠨᠡᠢ᠌ᠭᠡᠮ᠎ᠳᠤ ᠠᠯᠬᠤᠨ ᠣᠷᠣᠪᠠ᠃
      ᠬᠣᠶᠠᠷ᠎ᠲᠤ᠂ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠪᠠᠢ᠌ᠭᠤᠯᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠡᠮᠵᠢᠶ᠎ᠡ ᠵᠢ ᠨᠡᠮᠡᠭᠳᠡᠭᠦᠯᠵᠦ ᠶᠠᠰᠤ ᠴᠢᠨᠠᠷ᠎ᠢ ᠳᠡᠭᠡᠭᠰᠢᠯᠡᠭᠦᠯᠵᠦ᠂ ᠲᠦᠭ ᠲᠦᠮᠡᠨ ᠨᠠᠰᠤᠲᠠᠢ᠌ᠴᠤᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠢ ᠨᠡᠮᠡᠭᠳᠡᠭᠦᠯᠪᠡ᠃
      ᠭᠤᠷᠪᠠ᠎ᠳᠤ᠂ ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ ᠵᠢᠨ ᠲᠠᠯ᠎ᠠ᠎ᠪᠠᠷ ᠰᠢᠨ᠎ᠡ ᠵᠢ ᠡᠭᠦᠳᠴᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠠ ᠨᠢᠭᠦᠯᠡᠰᠦᠩᠭᠦᠢ ᠵᠢᠨ ᠬᠦᠴᠦᠨ᠎ᠤ ᠡᠷᠡᠭᠦᠯ ᠵᠶ᠋ᠡᠷ ᠬᠥᠭᠵᠢᠬᠦ ᠵᠢ ᠬᠥᠲᠥᠯᠥᠨ ᠵᠢᠯᠤᠭᠣᠳᠴᠤ᠂ 90 ᠲᠦᠮᠡ ᠰᠢᠬᠠᠮ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠠ 1.4 ᠲᠦᠮᠡᠨ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠎ᠨᠢ ᠨᠡᠢ᠌ᠭᠡᠮ ᠵᠢᠷᠤᠮ᠎ᠤᠨ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ ᠵᠢᠨ ᠴᠢᠬᠤᠯᠠ ᠬᠦᠴᠦᠨ ᠪᠣᠯᠪᠠ᠃

      ᠥᠷᠭᠡᠨ ᠣᠯᠠᠨ ᠨᠠᠰᠤᠲᠠᠢ᠌ᠴᠤᠳ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠡᠷᠡᠭᠴᠡᠭᠡ ᠵᠢ ᠨᠠᠩ ᠰᠠᠢ᠌ᠲᠤᠷ ᠬᠠᠩᠭ᠋ᠠᠨ᠎ᠠ
      ᠠᠰᠠᠭᠤᠯᠲᠠ᠄ ᠣᠳᠣᠬᠠᠨ᠎ᠳᠤ ᠮᠠᠨ᠎ᠤ ᠤᠯᠤᠰ ᠨᠢᠭᠡᠨᠲᠡ ᠳᠤᠮᠳᠠ ᠵᠡᠷᠭᠡ ᠵᠢᠨ ᠨᠠᠰᠤᠵᠢᠯᠲᠠ ᠵᠢᠨ ᠨᠡᠢ᠌ᠭᠡᠮ᠎ᠳᠤ ᠣᠷᠣᠪᠠ᠂ ᠲᠠᠷᠠᠭ᠋ᠠᠴᠢ ᠵᠢᠨ ᠠᠯᠬᠤᠮ᠎ᠳᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠬᠡᠷᠬᠢᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠦᠨ ᠬᠥᠮᠥᠨ ᠠᠮᠠ ᠵᠢᠨ ᠨᠠᠰᠤᠵᠢᠯᠲᠠ ᠵᠢᠨ ᠬᠣᠯᠪᠣᠭᠳᠠᠯ ᠪᠦᠬᠦᠢ ᠠᠵᠢᠯ᠎ᠢ ᠢᠳᠡᠪᠬᠢᠲᠡᠢ ᠠᠷᠭ᠋ᠠᠴᠠᠬᠤ ᠪᠤᠶ?
      ᠬᠠᠷᠢᠭᠤᠯᠲᠠ᠄
ᠬᠥᠮᠥᠨ ᠠᠮᠠ ᠵᠢᠨ ᠨᠠᠰᠤᠵᠢᠯᠲᠠ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠡᠷᠬᠡᠪᠰᠢ ᠬᠠᠨᠳᠤᠬᠤ ᠴᠢᠬᠤᠯᠠ ᠶᠡᠬᠡ ᠰᠡᠳᠦᠪ ᠪᠣᠯᠣᠨ᠎ᠠ᠃ 2023 ᠣᠨ᠎ᠤ ᠡᠴᠦᠰ ᠪᠤᠯᠲᠠᠯ᠎ᠠ᠂ ᠮᠠᠨ᠎ᠤ ᠤᠯᠤᠰ᠎ᠤᠨ 60 ᠨᠠᠰᠤ ᠵᠢᠴᠢ ᠲᠡᠭᠦᠨ᠎ᠠᠴᠠ ᠳᠡᠭᠡᠭᠰᠢᠬᠢ ᠨᠠᠰᠤᠨ᠎ᠤ ᠬᠥᠮᠥᠨ ᠠᠮᠠ 2.97 ᠳ᠋ᠦᠩᠰᠢᠭᠤᠷ᠎ᠲᠤ ᠬᠦᠷᠴᠦ᠂ 21.1% ᠵᠢ ᠡᠵᠡᠯᠡᠵᠦ᠂ 65 ᠨᠠᠰᠤ ᠵᠢᠴᠢ ᠲᠡᠭᠦᠨ᠎ᠠᠴᠠ ᠳᠡᠭᠡᠭᠰᠢᠬᠢ ᠨᠠᠰᠤᠨ᠎ᠤ ᠬᠥᠮᠥᠨ ᠠᠮᠠ 2.17 ᠳ᠋ᠦᠩᠰᠢᠭᠤᠷ ᠪᠠᠢ᠌ᠵᠤ᠂ 15.4% ᠵᠢ ᠡᠵᠡᠯᠡᠵᠦ᠂ ᠨᠢᠭᠡᠨᠲᠡ ᠳᠤᠮᠳᠠ ᠵᠡᠷᠭᠡ ᠵᠢᠨ ᠨᠠᠰᠤᠵᠢᠯᠲᠠ ᠵᠢᠨ ᠨᠡᠢ᠌ᠭᠡᠮ᠎ᠳᠤ ᠣᠷᠣᠭᠰᠠᠨ ᠪᠠᠢ᠌ᠨ᠎ᠠ᠃ ᠬᠥᠮᠥᠨ ᠠᠮᠠ ᠵᠢᠨ ᠨᠠᠰᠤᠵᠢᠯᠲᠠ ᠵᠢᠨ ᠬᠡᠮᠵᠢᠶ᠎ᠡ ᠦᠷᠭᠦᠯᠵᠢᠯᠡᠨ ᠭᠦᠨᠵᠡᠭᠡᠢ᠌ᠷᠡᠬᠦ ᠵᠢ ᠳᠠᠭ᠋ᠠᠯᠳᠤᠨ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠬᠡᠷᠡᠭᠴᠡᠭᠡ ᠵᠢᠨ ᠵᠥᠷᠢᠴᠡᠯ ᠨᠠᠩ ᠲᠣᠪᠣᠢ᠌ᠮ᠎ᠠ ᠪᠣᠯᠵᠤ᠂ ᠢᠯᠠᠩᠭᠤᠶ᠎ᠠ ᠥᠨᠳᠥᠷ ᠨᠠᠰᠤᠲᠠᠢ᠂ ᠥᠪᠡᠷ᠎ᠢ᠎ᠪᠠᠨ ᠠᠰᠠᠷᠠᠬᠤ ᠴᠢᠳᠠᠪᠤᠷᠢ᠎ᠪᠠᠨ ᠠᠯᠳᠠᠭᠰᠠᠨ ᠨᠠᠰᠤᠲᠠᠢ᠌ᠴᠤᠳ᠎ᠢ ᠣᠷᠳᠣ ᠬᠤᠭᠤᠴᠠᠭ᠎ᠠ᠎ᠪᠠᠷ ᠬᠠᠷᠠᠭ᠋ᠠᠯᠵᠠᠨ ᠠᠰᠠᠷᠠᠬᠤ ᠵᠡᠷᠭᠡ ᠬᠡᠷᠡᠭᠴᠡᠭᠡ ᠲᠦᠷᠭᠡᠨ ᠨᠡᠮᠡᠭᠳᠡᠪᠡ᠃
      ᠪᠢᠳᠡ ᠨᠠᠰᠤᠲᠠᠢ᠌ᠴᠤᠳ᠎ᠤᠨ ᠣᠨᠴᠠᠭ᠋ᠠᠢ ᠬᠡᠷᠡᠭᠴᠡᠭᠡ᠎ᠳᠤ ᠴᠢᠭᠯᠡᠭᠦᠯᠦᠨ᠂ ᠰᠢᠶᠠᠨ᠂ ᠰᠢᠶᠠᠩ ᠪᠠᠯᠭ᠋ᠠᠰᠤ᠂ ᠲᠣᠰᠬᠣᠨ ᠭᠤᠷᠪᠠᠨ ᠱᠠᠲᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠦᠯᠵᠢᠶᠡᠨ᠎ᠤ ᠪᠠᠢ᠌ᠭᠤᠯᠤᠯᠲᠠ ᠵᠢ ᠪᠦᠷᠢᠨᠰᠢᠭᠦᠯᠵᠦ᠂ ᠨᠠᠰᠤᠲᠠᠢ᠌ᠴᠤᠳ᠎ᠲᠤ ᠬᠣᠭᠣᠯᠠ ᠬᠠᠩᠭ᠋ᠠᠬᠤ ᠦᠢ᠍ᠯᠡᠴᠢᠯᠡᠭᠡ ᠵᠢ ᠢᠳᠡᠪᠬᠢᠲᠡᠢ ᠬᠥᠭᠵᠢᠭᠦᠯᠦᠨ᠂ ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢ ᠬᠥᠭᠵᠢᠭᠦᠯᠬᠦ ᠵᠢ ᠳᠡᠮᠵᠢᠨ᠂ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠠᠬᠢᠭᠤᠯᠵᠤ᠂ ᠠᠯᠪᠠᠨ᠎ᠠᠴᠠ ᠡᠷᠭᠢᠯᠡᠭᠰᠡᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠵᠤ᠂ ᠭᠡᠷ᠎ᠲᠡᠭᠡᠨ ᠰᠠᠭᠤᠬᠤ᠎ᠪᠠᠷ ᠰᠠᠭᠤᠷᠢ ᠪᠤᠯᠭ᠋ᠠᠬᠰᠠᠨ᠂ ᠨᠡᠢ᠌ᠭᠡᠮ ᠲᠣᠭᠣᠷᠢᠭ ᠵᠶ᠋ᠠᠷ ᠲᠦᠰᠢᠭ ᠪᠤᠯᠭ᠋ᠠᠬᠰᠠᠨ᠂ ᠪᠠᠢ᠌ᠭᠤᠯᠤᠮᠵᠢ᠎ᠠᠴᠠ ᠲᠤᠰᠬᠠᠢ ᠮᠡᠷᠭᠡᠵᠢᠯ᠎ᠤᠨ ᠲᠤᠯᠭ᠋ᠠᠭᠤᠷᠢᠯᠠᠯ ᠪᠤᠯᠭ᠋ᠠᠬᠰᠠᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢᠨ ᠪᠠᠢ᠌ᠷᠢᠰᠢᠯ᠎ᠢ ᠲᠦᠷᠭᠡᠯᠡᠨ ᠲᠡᠭᠦᠯᠳᠡᠷᠵᠢᠭᠦᠯᠵᠦ᠂ ᠨᠠᠰᠤᠵᠢᠯ᠎ᠤᠨ ᠠᠰᠠᠷᠠᠮᠵᠢ ᠵᠢᠨ ᠠᠵᠤ ᠦᠢ᠍ᠯᠡᠰ᠎ᠢ ᠪᠤᠵᠠᠭ᠋ᠠᠢ᠌ᠷᠠᠭᠤᠯᠤᠨ᠂ ᠨᠠᠰᠤᠵᠢᠯ᠎ᠤᠨ ᠬᠡᠷᠡᠭᠯᠡᠭᠡᠨ᠎ᠤ ᠨᠡᠮᠡᠭᠳᠡᠯ᠎ᠤᠨ ᠴᠡᠭ᠎ᠢ ᠪᠣᠢ᠌ᠵᠢᠭᠤᠯᠵᠤ᠂ ᠥᠷᠭᠡᠨ ᠤᠯᠠᠨ ᠨᠠᠰᠤᠲᠠᠢ᠌ᠴᠤᠳ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠡᠷᠡᠭᠴᠡᠭᠡ ᠵᠢ ᠨᠡᠩ ᠰᠠᠢ᠌ᠲᠤᠷ ᠬᠠᠩᠭ᠋ᠠᠨ᠎ᠠ᠃

      ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠦᠨᠡᠨ ᠬᠦ᠌ ᠤᠨᠤᠪᠴᠢᠲᠠᠢ ᠪᠠᠲᠤ ᠰᠠᠬᠢᠨ᠎ᠠ
      ᠠᠰᠠᠭᠤᠯᠲᠠ᠄ ᠣᠷᠣᠯᠭ᠎ᠠ ᠪᠠᠭ᠋ᠠᠲᠠᠢ ᠬᠦᠴᠢᠷᠳᠡᠯᠲᠡᠢ ᠬᠥᠮᠥᠰ᠂ ᠣᠨᠴᠠᠭ᠋ᠠᠶ ᠬᠡᠦᠬᠡᠳ᠂ ᠠᠮᠢᠳᠤᠷᠠᠯ᠎ᠨᠢ ᠬᠦᠴᠢᠷᠳᠡᠯᠲᠡᠢ ᠵᠡᠮᠳᠡᠭᠴᠦᠳ ᠪᠣᠯᠣᠨ ᠬᠦᠨᠳᠦ ᠲᠠᠰ᠎ᠤᠨ ᠵᠡᠮᠳᠡᠭᠴᠦᠳ᠎ᠤᠨ ᠠᠷᠠᠳ᠎ᠤᠨ ᠠᠮᠢᠳᠤᠷᠠᠯ᠎ᠤᠨ ᠡᠷᠬᠡ ᠠᠰᠢᠭ᠎ᠢ ᠪᠠᠲᠤᠯᠠᠬᠤ ᠲᠠᠯ᠎ᠠ᠎ᠪᠠᠷ ᠶᠠᠮᠠᠷ ᠶᠠᠮᠠᠷ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠪᠠᠢ᠌ᠬᠤ ᠪᠤᠶ?
      ᠬᠠᠷᠢᠭᠤᠯᠲᠠ᠄
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠪᠦᠭᠦ ᠠᠷᠠᠳ ᠲᠦᠮᠡᠨ᠎ᠤ ᠬᠠᠮᠲᠤ᠎ᠪᠠᠷ ᠪᠠᠶᠠᠵᠢᠬᠤ ᠣᠳᠣᠬᠢᠴᠢᠯᠠᠯᠲᠠ ᠮᠥᠨ᠃ ᠬᠠᠮᠲᠤ᠎ᠪᠠᠷ ᠪᠠᠶᠠᠵᠢᠬᠤ ᠵᠢ ᠠᠬᠢᠭᠤᠯᠬᠤ᠎ᠳᠤ ᠡᠷᠬᠡᠪᠰᠢ ᠠᠷᠠᠳ᠎ᠤᠨ ᠠᠮᠢᠳᠤᠷᠠᠯ᠎ᠤᠨ ᠦᠨᠳᠦᠰᠦᠨ ᠵᠦᠢ᠍ᠯ᠎ᠢ ᠪᠠᠲᠤᠯᠠᠬᠤ ᠵᠢ ᠲᠣᠪᠣᠢ᠌ᠮ᠎ᠠ ᠪᠠᠢ᠌ᠷᠢᠨ᠎ᠳᠤ ᠲᠠᠯᠪᠢᠬᠤ ᠬᠡᠷᠡᠭᠲᠡᠢ᠃
      ᠣᠳᠣᠬᠠᠨ᠎ᠳᠤ ᠮᠠᠨ᠎ᠤ ᠤᠯᠤᠰ᠎ᠲᠤ ᠪᠠᠰᠠ ᠨᠢᠭᠡ ᠪᠦᠯᠦᠭ ᠬᠦᠴᠢᠷᠳᠡᠯᠲᠡᠢ ᠤᠯᠠᠨ ᠲᠦᠮᠡᠨ᠎ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠴᠢᠬᠤᠯᠠᠲᠠᠢ ᠪᠠᠢ᠌ᠨ᠎ᠠ᠂ ᠡᠭᠦᠨ᠎ᠤ ᠬᠠᠮᠲᠤ ᠪᠠᠰᠠ ᠨᠡᠢ᠌ᠭᠡᠮ᠎ᠤᠨ ᠠᠪᠤᠷᠠᠨ ᠲᠤᠰᠠᠯᠠᠬᠤ ᠡᠬᠢ ᠪᠠᠶᠠᠯᠢᠭ᠎ᠢ ᠨᠢᠭᠡᠳᠦᠯᠲᠡᠢ ᠲᠥᠯᠥᠪᠯᠡᠬᠦ ᠡᠷᠴᠢᠮ ᠬᠦᠷᠦᠯᠴᠡᠬᠦ ᠦᠭᠡᠢ᠂ ᠠᠪᠤᠷᠠᠨ ᠲᠤᠰᠠᠯᠠᠬᠤ ᠠᠷᠭ᠎ᠠ ᠮᠠᠶᠢᠭ᠎ᠨᠢ ᠮᠥᠨ ᠯᠡ ᠪᠡᠯᠡᠨ ᠵᠣᠭᠣᠰ ᠪᠠ ᠪᠣᠳᠠᠲᠠᠢ ᠡᠳ᠋ ᠪᠣᠳᠠᠰ ᠵᠶ᠋ᠡᠷ ᠠᠪᠤᠷᠠᠨ ᠲᠤᠰᠠᠯᠠᠬᠤ᠎ᠪᠠᠷ ᠭᠣᠣᠯ ᠪᠤᠯᠭ᠋ᠠᠵᠤ᠂ ᠬᠦᠴᠢᠷᠳᠡᠯᠲᠡᠢ ᠨᠠᠰᠤᠲᠠᠢ᠌ᠴᠤᠳ᠂ ᠵᠡᠮᠳᠡᠭᠴᠦᠳ᠂ ᠬᠡᠦᠬᠡᠳ ᠵᠡᠷᠭᠡ ᠣᠨᠴᠠᠭ᠋ᠠᠢ ᠬᠥᠮᠥᠰ᠎ᠤᠨ ᠬᠥᠭᠵᠢᠯᠲᠡ ᠵᠢᠨ ᠴᠢᠨᠠᠷᠲᠠᠢ ᠬᠡᠷᠡᠭᠴᠡᠭᠡ ᠵᠢ ᠬᠠᠩᠭ᠋ᠠᠬᠤ᠎ᠳᠤ ᠪᠡᠷᠬᠡᠲᠡᠢ ᠪᠠᠢ᠌ᠬᠤ ᠵᠡᠷᠭᠡ ᠠᠰᠠᠭᠤᠳᠠᠯ ᠣᠷᠣᠰᠢᠵᠤ ᠪᠠᠢ᠌ᠨ᠎ᠠ᠃
      ᠪᠢᠳᠠ ᠬᠡᠦᠬᠡᠳ᠎ᠤᠨ ᠠᠰᠠᠷᠠᠮᠵᠢ ᠵᠢᠨ ᠪᠠᠲᠤᠯᠠᠭ᠎ᠠ ᠵᠢᠨ ᠲᠦᠷᠦ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠤᠨ ᠦᠨᠳᠦᠰᠦᠨ ᠠᠮᠢᠳᠤᠷᠠᠯ᠎ᠤᠨ ᠵᠠᠷᠤᠳᠠᠯ᠎ᠢ ᠨᠡᠮᠡᠭᠳᠡᠭᠦᠯᠬᠦ ᠲᠣᠭᠲᠠᠴᠠ ᠵᠢ ᠪᠦᠷᠢᠨᠰᠢᠭᠦᠯᠵᠦ᠂ ᠪᠠᠲᠤᠯᠠᠭ᠎ᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠢ ᠪᠠᠲᠤᠯᠠᠬᠤ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ ᠴᠢᠩᠭ᠋ᠠᠳᠬᠠᠵᠤ᠂ ᠪᠠᠲᠤᠯᠠᠬᠤ ᠬᠡᠪᠴᠢᠶ᠎ᠡ ᠵᠢ ᠠᠯᠬᠤᠮ ᠠᠯᠬᠤᠮ ᠵᠶ᠋ᠠᠷ ᠥᠷᠭᠡᠳᠬᠡᠬᠦ ᠵᠢ ᠰᠦᠪᠡᠭᠴᠢᠯᠡᠨ᠎ᠡ᠃ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠲᠥᠬᠦᠭᠡᠷᠦᠮᠵᠢ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠵᠦ᠂ ᠨᠠᠰᠤᠨ᠎ᠳᠤ ᠥᠯᠥ ᠭᠦᠷᠦᠭᠰᠡᠳ᠎ᠢ ᠠᠪᠤᠷᠠᠨ ᠲᠤᠰᠠᠯᠠᠵᠤ ᠬᠠᠮᠠᠭ᠋ᠠᠯᠠᠬᠤ ᠪᠠᠢ᠌ᠭᠤᠯᠤᠮᠵᠢ ᠵᠢᠨ ᠪᠠᠢ᠌ᠭᠤᠯᠤᠯᠲᠠ ᠵᠢ ᠴᠢᠩᠭ᠋ᠠᠳᠬᠠᠨ᠂ ᠦᠨᠳᠦᠰᠦᠨ ᠱᠠᠲᠤᠨ᠎ᠤ ᠬᠡᠦᠬᠡᠳ᠎ᠤᠨ ᠠᠰᠠᠷᠠᠮᠵᠢ ᠵᠢᠨ ᠠᠵᠢᠯ᠎ᠤᠨ ᠲᠣᠣᠷ᠎ᠢ ᠪᠦᠷᠢᠨᠰᠢᠭᠦᠯᠦᠨ᠎ᠡ᠃ ᠨᠡᠭᠦᠳᠡᠯ ᠬᠡᠦᠬᠡᠳ ᠪᠠ ᠭᠡᠷ᠎ᠲᠡᠭᠡᠨ ᠬᠣᠴᠣᠷᠤᠭᠰᠠᠨ ᠬᠡᠦᠬᠡᠳ᠎ᠤᠨ ᠡᠷᠬᠡ ᠠᠰᠢᠭ᠎ᠢ ᠪᠠᠲᠤᠯᠠᠬᠤ ᠲᠣᠭᠲᠠᠴᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠨᠡᠭᠦᠳᠡᠯ ᠬᠡᠦᠬᠡᠳ ᠪᠠ ᠭᠡᠷ᠎ᠲᠡᠭᠡᠨ ᠬᠣᠴᠣᠷᠤᠭᠰᠠᠨ ᠬᠡᠦᠬᠡᠳ᠎ᠢ ᠬᠠᠯᠠᠮᠵᠢᠯᠠᠨ ᠬᠠᠢ᠌ᠷᠠᠯᠠᠵᠤ ᠬᠠᠮᠠᠭ᠋ᠠᠯᠠᠬᠤ ᠰᠢᠰᠲ᠋ᠧᠮ᠎ᠢ ᠪᠦᠷᠢᠨᠰᠢᠭᠦᠯᠦᠨ᠎ᠡ᠃ ᠬᠦᠴᠢᠷᠳᠡᠯᠲᠡᠢ ᠬᠡᠦᠬᠡᠳ᠎ᠤᠨ ᠰᠡᠳᠬᠢᠴᠡ ᠵᠢᠨ ᠡᠷᠡᠭᠦᠯ ᠡᠩᠬᠡ ᠵᠢ ᠰᠠᠬᠢᠨ ᠬᠠᠮᠠᠭ᠋ᠠᠯᠠᠬᠤ ᠢᠨᠵᠧᠨᠧᠷᠢᠩ᠎ᠢ ᠬᠡᠷᠡᠭᠵᠢᠭᠦᠯᠵᠦ᠂ ᠬᠦᠴᠢᠷᠳᠡᠯᠲᠡᠢ ᠬᠡᠦᠬᠡᠳ᠎ᠲᠤ ᠰᠡᠳᠬᠢᠴᠡ ᠵᠢᠨ ᠡᠷᠡᠭᠦᠯ ᠡᠩᠬᠡ ᠵᠢᠨ ᠬᠠᠯᠠᠮᠵᠢᠯᠠᠨ ᠬᠠᠢ᠌ᠷᠠᠯᠠᠬᠤ ᠦᠢ᠍ᠯᠡᠴᠢᠯᠡᠭᠡ ᠬᠠᠩᠭ᠋ᠠᠨ᠎ᠠ᠃
      ᠡᠨᠡ ᠤᠳᠠᠭ᠎ᠠ ᠵᠢᠨ ᠪᠦᠭᠦᠳᠡ ᠬᠤᠷᠠᠯ᠎ᠠᠴᠠ ᠵᠡᠮᠳᠡᠭᠴᠦᠳ᠎ᠤᠨ ᠨᠡᠢ᠌ᠭᠡᠮ᠎ᠤᠨ ᠪᠠᠲᠤᠯᠠᠭ᠎ᠠ ᠵᠢᠨ ᠳᠦᠷᠢᠮ ᠪᠠ ᠬᠠᠯᠠᠮᠵᠢᠯᠠᠨ ᠬᠠᠢ᠌ᠷᠠᠯᠠᠬᠤ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠬᠦ ᠬᠡᠷᠡᠭᠲᠡᠢ ᠭᠡᠵᠦ ᠲᠣᠳᠣᠷᠬᠠᠢ ᠱᠠᠭ᠋ᠠᠷᠳᠠᠪᠠ᠃ ᠪᠢᠳᠡ ᠬᠦᠴᠢᠷᠳᠡᠯᠲᠡᠢ ᠵᠡᠮᠳᠡᠭᠴᠦᠳ᠎ᠤᠨ ᠠᠮᠢᠳᠤᠷᠠᠯ᠎ᠤᠨ ᠨᠥᠬᠥᠪᠦᠷᠢ ᠪᠠ ᠬᠦᠨᠳᠦ ᠲᠡᠰ᠎ᠤᠨ ᠵᠡᠮᠳᠡᠭᠴᠦᠳ᠎ᠤᠨ ᠰᠤᠪᠢᠯᠠᠯᠲᠠ ᠵᠢᠨ ᠨᠥᠬᠥᠪᠦᠷᠢ ᠵᠢᠨ ᠳᠦᠷᠢᠮ᠎ᠢ ᠲᠡᠭᠦᠯᠳᠡᠷᠵᠢᠭᠦᠯᠵᠦ᠂ ᠨᠥᠬᠥᠪᠦᠷᠢ ᠭᠤᠶᠤᠴᠢᠯᠠᠬᠤ᠎ᠳᠤ 《ᠮᠤᠵᠢ ᠠᠯᠤᠰᠯᠠᠨ ᠨᠡᠢ᠌ᠳᠡᠮ ᠭᠦᠢ᠍ᠴᠡᠳᠬᠡᠬᠦ》᠂ 《ᠪᠦᠭᠦ ᠶᠠᠪᠤᠴᠠ ᠵᠢ ᠰᠦᠯᠵᠢᠶᠡᠨ ᠳᠡᠭᠡᠷ᠎ᠡ ᠭᠦᠢ᠍ᠴᠡᠳᠬᠡᠬᠦ》 ᠵᠡᠷᠭᠡ ᠠᠷᠠᠳ᠎ᠲᠤ ᠲᠥᠭᠦᠮ ᠦᠵᠡᠭᠦᠯᠭᠦ ᠦᠢ᠍ᠯᠡᠴᠢᠯᠡᠭᠡᠨ᠎ᠤ ᠠᠷᠭ᠎ᠠ ᠬᠡᠮᠵᠢᠶ᠎ᠡ ᠵᠢ ᠭᠦᠨᠵᠡᠭᠡᠢ ᠬᠡᠷᠡᠭᠵᠢᠭᠦᠯᠵᠦ᠂ ᠨᠥᠬᠥᠪᠦᠷᠢ ᠵᠢᠨ ᠪᠠᠷᠢᠮᠵᠢᠶ᠎ᠠ ᠵᠢ ᠬᠥᠳᠡᠯᠦᠩᠭᠦᠢ᠎ᠪᠠᠷ ᠲᠣᠬᠢᠷᠠᠭᠤᠯᠬᠤ ᠲᠣᠭᠲᠠᠴᠠ ᠵᠢ ᠪᠦᠷᠢᠨᠰᠢᠭᠦᠯᠵᠦ᠂ ᠠᠮᠢᠳᠤᠷᠠᠯ᠎ᠨᠢ ᠬᠦᠴᠢᠷᠳᠡᠯᠲᠡᠢ ᠵᠡᠮᠳᠡᠭᠴᠦᠳ᠂ ᠬᠦᠨᠳᠦ ᠲᠡᠰ᠎ᠤᠨ ᠵᠡᠮᠳᠡᠭᠴᠦᠳ ᠵᠢᠴᠢ ᠲᠡᠳᠡᠨ᠎ᠤ ᠭᠡᠷ ᠪᠦᠯᠢ ᠵᠢᠨ ᠳᠠᠷᠤᠭ᠋ᠠᠰᠤ ᠵᠢ ᠬᠥᠩᠭᠡᠷᠡᠭᠦᠯᠦᠨ᠎ᠡ᠃ ᠣᠶᠣᠨ᠎ᠤ ᠡᠷᠡᠭᠦᠯ ᠬᠠᠮᠠᠭ᠋ᠠᠯᠠᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠵᠦ᠂ ᠣᠶᠣᠨ᠎ᠤ ᠡᠷᠡᠭᠦᠯ ᠬᠠᠮᠠᠭ᠋ᠠᠯᠠᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠥᠷᠭᠡᠳᠬᠡᠨ᠎ᠡ᠃ ᠬᠦᠨᠳᠦ ᠲᠡᠰ᠎ᠤᠨ ᠵᠡᠮᠳᠡᠭᠴᠦᠳ᠎ᠢ ᠨᠠᠢ᠌ᠳᠠᠵᠤ ᠠᠰᠠᠷᠠᠭᠤᠯᠤᠨ ᠬᠠᠷᠠᠭ᠋ᠠᠯᠵᠠᠬᠤ ᠦᠢ᠍ᠯᠡᠴᠢᠯᠡᠭᠡᠨ᠎ᠤ ᠳᠦᠷᠢᠮ᠎ᠢ ᠪᠠᠢ᠌ᠭᠤᠯᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠪᠠ ᠬᠦᠨᠳᠦ ᠲᠡᠰ᠎ᠤᠨ ᠵᠡᠮᠳᠡᠭᠴᠦᠳ᠎ᠢ ᠨᠠᠢ᠌ᠳᠠᠵᠤ ᠠᠰᠠᠷᠠᠭᠤᠯᠤᠨ ᠬᠠᠷᠠᠭ᠋ᠠᠯᠵᠠᠬᠤ ᠦᠢ᠍ᠯᠡᠴᠢᠯᠡᠭᠡ ᠵᠢ ᠵᠣᠯᠭ᠋ᠠᠭᠤᠯᠬᠤ ᠵᠢ ᠴᠢᠩᠭ᠋ᠠᠳᠬᠠᠨ᠂ ᠤᠨᠴᠠᠭ᠋ᠠᠢ ᠭᠡᠷ ᠪᠦᠯᠢ ᠵᠢᠨ ᠨᠠᠢ᠌ᠳᠠᠵᠤ ᠠᠰᠠᠷᠠᠭᠤᠯᠤᠨ ᠬᠠᠷᠠᠭ᠋ᠠᠯᠵᠠᠬᠤ ᠦᠢ᠍ᠯᠡᠴᠢᠯᠡᠭᠡᠨ᠎ᠤ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠤᠨ᠎ᠠ᠃

                                       (ᠰᠢᠨᠬᠤᠸᠠ ᠬᠣᠷᠢᠶᠠᠨ᠎ᠤ ᠪᠡᠭᠡᠵᠢᠩ᠎ᠤᠨ 7 ᠰᠠᠷ᠎ᠠ ᠵᠢᠨ 31᠎ᠤ ᠴᠠᠭᠢᠯᠭ᠋ᠠᠨ ᠮᠡᠳᠡᠭᠡ᠎ᠠᠴᠠ)

ᠢᠷᠡᠯᠲᠡ᠄ ᠳᠤᠮᠳᠠᠲᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ