ᠲᠥᠪᠯᠡᠷᠡᠭᠦᠯᠦᠨ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠳᠤᠮᠳᠠ᠂ ᠮᠠᠨ ᠤ ᠬᠤᠲᠠ ᠵᠢᠨ 7 ᠨᠡᠶ᠋ᠢᠭᠡᠮ ᠲᠣᠭᠤᠷᠢᠭ ᠤᠨ ᠱᠦᠵᠢ ᠢᠩᠭᠢᠵᠦ ᠬᠡᠯᠡᠵᠦ ᠪᠠᠶ᠋ᠢᠨ᠎ᠠ — ᠸᠠᠩ ᠬᠠᠢ ᠶᠠᠨ
ᠨᠡᠶ᠋ᠢᠲᠡᠯᠡᠭᠰᠡᠨ ᠴᠠᠭ᠄ 2025-12-18
《 ᠨᠠᠮ ᠤᠨ ᠠᠴᠢ ᠵᠢ ᠮᠡᠳᠡᠷᠡᠵᠦ᠂ ᠨᠠᠮ ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ 》 ᠵᠢ ᠠᠵᠢᠯ ᠤᠨ ᠡᠬᠢᠨ ᠠᠴᠠ ᠨᠢ ᠳᠠᠭᠤᠰᠲᠠᠯ᠎ᠠ ᠲᠤᠭᠤᠰᠢᠯᠠᠭᠤᠯᠵᠤ᠂ ᠠᠷᠠᠳ ᠲᠤ ᠠᠰᠢᠭ ᠬᠦᠷᠲᠡᠭᠡᠬᠦ ᠲᠦᠷᠦ ᠵᠢᠨ ᠪᠤᠳᠤᠯᠭ᠎ᠠ ᠵᠢ ᠲᠣᠳᠣᠷᠬᠠᠢ ᠲᠠᠶ᠋ᠢᠯᠪᠤᠷᠢᠯᠠᠬᠤ᠂ ᠦᠨᠳᠦᠰᠦᠨ ᠱᠠᠲᠤᠨ ᠤ ᠵᠠᠰᠠᠯᠲᠠ ᠵᠢ ᠴᠢᠩᠭ᠋ᠠᠳᠬᠠᠬᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶ᠋ᠢᠲᠤᠷ ᠬᠢᠬᠦ᠂ ᠤᠯᠠᠨ ᠲᠦᠮᠡᠨ ᠢ ᠬᠥᠲᠥᠯᠥᠨ ᠳᠠᠭ᠋ᠠᠭᠤᠯᠵᠤ ᠪᠠᠶᠠᠵᠢᠭᠤᠯᠬᠤ ᠲᠦᠷᠪᠡᠨ ᠭᠤᠣᠯ ᠪᠣᠯᠬᠤ ᠲᠠᠯ᠎ᠠ ᠪᠠᠷ ᠴᠢᠷᠮᠠᠶ᠋ᠢᠵᠤ᠂ ᠨᠡᠶ᠋ᠢᠭᠡᠮ ᠲᠣᠭᠤᠷᠢᠭ ᠲᠤ ᠲᠡᠭ᠌ᠷᠢ ᠭᠠᠵᠠᠷᠢ ᠳᠣᠩᠰᠣᠯᠭ᠋ᠠᠮᠠ ᠬᠤᠪᠢᠷᠠᠯᠲᠠ ᠭᠠᠷᠴᠤ᠂ ᠨᠠᠮ ᠪᠠ ᠤᠯᠠᠨ ᠲᠦᠮᠡᠨ ᠤ ᠰᠡᠳᠬᠢᠯ ᠨᠢᠭᠡᠳᠦᠨ 〈 ᠨᠢᠭᠡ ᠭᠡᠷ ᠤᠨ ᠬᠥᠮᠦᠨ 〉 ᠢ ᠪᠡᠶᠡᠯᠡᠭᠦᠯᠬᠦ ᠪᠣᠯᠤᠨ᠎ᠠ 》 ᠭᠡᠵᠦ᠍ ᠳ᠋ᠧᠩᠺᠸᠤ ᠰᠢᠶᠠᠨ ᠤ ᠪᠠᠶᠠᠨᠭᠤᠣᠯ ᠪᠠᠯᠭ᠋ᠠᠰᠤᠨ ᠤ ᠰᠢ ᠬᠤᠸᠠᠨ ᠨᠡᠶ᠋ᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠱᠦᠵᠢ ᠸᠠᠩ ᠬᠠᠢ ᠶᠠᠨ ᠬᠡᠯᠡᠪᠡ᠃
ᠨᠡᠶ᠋ᠢᠭᠡᠮ ᠲᠣᠭᠤᠷᠢᠭ ᠤᠨ ᠡᠬᠢ ᠪᠠᠶᠠᠯᠢᠭ ᠢ ᠡᠮᠬᠢᠯᠡᠨ ᠨᠡᠶ᠋ᠢᠯᠡᠭᠦᠯᠵᠦ᠂ 《 ᠰᠠᠭᠤᠭ᠋ᠠᠯᠢ ᠠᠷᠠᠳ ᠤᠨ ᠰᠠᠨᠳᠠᠯᠢ 》᠂ 《 ᠵᠠᠯᠠᠭᠤᠴᠤᠳ ᠤᠨ ᠰᠢᠨ᠎ᠡ ᠳᠠᠭᠤᠨ 》᠂ 《 ᠲᠤᠰᠬᠠᠶ ᠮᠡᠷᠭᠡᠵᠢᠯᠲᠡᠨ ᠡᠷᠳᠡᠮᠲᠡᠨ 》 ᠵᠡᠷᠭᠡ 3 ᠤᠨᠴᠠᠯᠢᠬᠳᠤ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠶ᠋ᠢᠯᠪᠤᠷᠢᠯᠠᠬᠤ ᠡᠩᠨᠡᠭᠡ ᠵᠢ ᠪᠠᠶ᠋ᠢᠭᠤᠯᠵᠤ᠂ 《 ᠬᠠᠷᠢᠯᠴᠠᠨ ᠬᠥᠳᠡᠯᠦᠯᠴᠡᠬᠦ ᠮᠠᠶᠢᠭ 》 ᠵᠶ᠋ᠠᠷ 《 ᠨᠡᠪᠲᠡᠷᠬᠡᠶ ᠮᠠᠶᠢᠭ 》 ᠤᠨ ᠠᠵᠢᠯᠯᠠᠭ᠎ᠠ ᠥᠷᠨᠢᠭᠦᠯᠵᠦ᠂ ᠲᠥᠷᠥ ᠵᠢᠨ ᠪᠣᠳᠣᠯᠭ᠎ᠠ ᠵᠢ ᠭᠦᠨᠵᠡᠭᠡᠶ ᠲᠠᠶ᠋ᠢᠯᠪᠤᠷᠢᠯᠠᠵᠤ᠂ ᠣᠯᠠᠨ ᠲᠦᠮᠡᠨ ᠤ ᠮᠠᠳᠠᠭ ᠲᠠᠢ ᠠᠰᠠᠭᠤᠳᠠᠯ ᠳᠤ ᠬᠠᠷᠢᠭᠤᠯᠲᠠ ᠥᠭᠴᠦ᠂ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠶ᠋ᠢᠯᠪᠤᠷᠢᠯᠠᠬᠤ ᠵᠢ 《 ᠪᠦᠬᠦᠨ ᠢ ᠬᠠᠮᠤᠷᠬᠤ᠂ ᠥᠨᠴᠥᠭ ᠪᠤᠯᠤᠩ ᠥᠬᠡᠶ 》 ᠪᠠᠶ᠋ᠢᠯᠭ᠋ᠠᠬᠤ ᠵᠢ ᠦᠨᠡᠨ ᠬᠦ᠌ ᠪᠠᠲᠤᠯᠠᠪᠠ᠃ 《 ᠲᠥᠷᠥ ᠵᠢᠨ ᠪᠣᠳᠣᠯᠭ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠡᠬᠡ ᠲᠠᠩᠰᠠ 》 ᠵᠢ ᠪᠠᠶ᠋ᠢᠭᠤᠯᠬᠤ ᠪᠠᠷ ᠳᠠᠮᠵᠢᠭᠤᠯᠤᠨ᠂ 《 ᠨᠢᠭᠡ ᠳᠤ ᠨᠢᠭᠡ ᠵᠢ ᠬᠠᠷᠭᠤᠭᠤᠯᠵᠤ 》 ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ᠂ ᠬᠡᠷᠡᠭᠴᠡᠭᠡ ᠱᠠᠭ᠋ᠠᠷᠳᠠᠯᠭ᠎ᠠ ᠵᠢ ᠨᠠᠷᠢᠯᠢᠭ ᠣᠨᠣᠴᠠᠲᠠᠶ ᠪᠠᠷ ᠵᠣᠯᠭ᠋ᠠᠭᠤᠯᠵᠤ᠂ ᠲᠥᠷᠥ ᠵᠢᠨ ᠪᠣᠳᠣᠯᠭ᠎ᠠ ᠵᠢᠨ 《 ᠬᠡᠷᠡᠭᠯᠡᠵᠦ ᠳᠡᠶ᠋ᠢᠯᠬᠦ᠂ ᠰᠠᠶ᠋ᠢᠲᠤᠷ ᠬᠡᠷᠡᠭᠯᠡᠬᠦ 》 ᠵᠢ ᠦᠨᠡᠨ ᠬᠦ᠌ ᠪᠠᠲᠤᠯᠠᠵᠤ᠂ ᠣᠯᠠᠨ ᠲᠦᠮᠡᠨ ᠳᠤ ᠨᠠᠮ ᠤᠨ ᠬᠠᠶ᠋ᠢᠷ᠎ᠠ ᠬᠠᠯᠠᠮᠵᠢ ᠵᠢ ᠦᠨᠡᠨ ᠬᠦ᠌ ᠮᠡᠳᠡᠷᠡᠭᠦᠯᠬᠦ ᠬᠡᠷᠡᠭᠲᠡᠢ᠃
ᠬᠠᠷᠢᠶᠠᠲᠤ ᠣᠷᠣᠨ ᠤ ᠪᠠᠶ᠋ᠢᠰᠢᠩ ᠬᠡᠷ ᠤᠨ ᠲᠣᠭᠤᠷᠢᠭ᠂ ᠠᠰᠠᠷ ᠤᠨ ᠲᠣᠭᠤᠷᠢᠭ᠂ ᠬᠤᠲᠠ ᠬᠥᠳᠡᠭᠡ ᠵᠢᠨ ᠰᠣᠯᠪᠢᠴᠠᠭᠰᠠᠨ ᠣᠷᠣᠨ ᠪᠦᠰᠡ ᠵᠢ ᠤᠶᠠᠯᠳᠤᠭᠤᠯᠤᠭᠰᠠᠨ ᠣᠳᠣᠬᠢ ᠪᠠᠶ᠋ᠢᠳᠠᠯ ᠤᠨ ᠡᠮᠦᠨ᠎ᠡ᠂ ᠲᠤᠬᠠᠶ ᠵᠢᠨ ᠭᠠᠵᠠᠷ ᠣᠷᠣᠨ ᠤ ᠪᠠᠶ᠋ᠢᠳᠠᠯ ᠳᠤᠨᠢ ᠳᠣᠭᠢᠷᠠᠭᠤᠯᠤᠨ ᠨᠠᠷᠢᠨ ᠲᠣᠤᠷ ᠢ ᠬᠤᠪᠢᠶᠠᠷᠢᠯᠠᠵᠤ᠂ 《 ᠨᠠᠮ ᠤᠨ ᠳᠤᠭᠤᠶ᠋ᠢᠯᠠᠩ ᠤᠨ ᠲᠣᠤᠷᠵᠢᠭᠤᠯᠤᠭᠴᠢ ᠡᠷᠦᠬᠡ ᠬᠤᠯᠪᠣᠭ᠋ᠠᠯᠠᠭᠰᠠᠨ ᠳᠠᠷᠤᠭ᠎ᠠ 》 ᠦᠨᠳᠦᠰᠦᠨ ᠱᠠᠲᠤᠨ ᠤ ᠪᠢᠴᠢᠯ ᠵᠠᠰᠠᠯᠲᠠ ᠵᠢᠨ ᠠᠵᠢᠯ ᠤᠨ ᠲᠣᠭᠲᠠᠴᠠ ᠵᠢ ᠭᠦᠨᠵᠡᠭᠡᠶ ᠬᠡᠷᠡᠭᠵᠢᠭᠦᠯᠵᠦ᠂ 《 ᠬᠤᠪᠢ ᠬᠤᠷᠠᠮᠳᠤᠭᠤᠯᠵᠤ ᠱᠠᠩᠨᠠᠬᠤ ᠲᠦᠷᠢᠮ 》 ᠢ ᠬᠡᠷᠡᠭᠵᠢᠭᠦᠯᠪᠡ᠃ ᠥᠪᠡᠷᠲᠡᠭᠡᠨ ᠵᠠᠰᠠᠬᠤ ᠪᠠ ᠬᠠᠤᠯᠢ ᠪᠠᠷ ᠵᠠᠰᠠᠬᠤ ᠵᠢ ᠬᠠᠷᠢᠯᠴᠠᠨ ᠠᠭᠤᠰᠤᠯᠴᠠᠭᠤᠯᠵᠤ᠂ ᠬᠡᠷᠡᠭ ᠵᠥᠪᠯᠡᠵᠦ ᠵᠥᠪᠳᠡᠯᠴᠡᠬᠦ ᠠᠷᠭ᠎ᠠ ᠵᠠᠮ ᠢ ᠰᠢᠯᠤᠭᠤᠳᠬᠠᠵᠤ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠴᠢᠩᠭ᠋ᠠᠳᠬᠠᠨ᠎ᠠ᠃ 《 ᠨᠠᠰᠤᠲᠠᠨ ᠨᠢᠯᠬᠠᠰ 》᠂ ᠬᠦᠴᠢᠷᠳᠡᠯᠲᠡᠶ ᠬᠥᠮᠦᠰ ᠵᠡᠷᠭᠡ ᠭᠤᠤᠯᠳᠠᠯᠭ᠎ᠠ ᠲᠠᠢ ᠬᠥᠮᠦᠰ ᠲᠤ ᠠᠩᠬᠠᠷᠤᠯ ᠵᠶ᠋ᠠᠨ ᠲᠥᠪᠯᠡᠷᠡᠭᠦᠯᠵᠦ᠂ ᠭᠡᠷ ᠲᠤᠨᠢ ᠬᠦᠷᠴᠦ ᠠᠯᠪᠠᠨ ᠵᠢᠷᠤᠮ ᠤᠨ ᠡᠮᠴᠢᠯᠡᠭᠡ᠂ ᠠᠯᠪᠠᠨ ᠵᠢᠷᠤᠮ ᠤᠨ ᠦᠰᠦ ᠬᠠᠢᠴᠢᠯᠠᠬᠤ᠂ ᠬᠠᠪᠰᠤᠷᠤᠨ ᠡᠷᠭᠢᠯᠡᠵᠦ ᠣᠷᠣᠯᠠᠨ ᠭᠦᠢ᠍ᠴᠡᠳᠬᠡᠬᠦ ᠪᠠᠷ ᠳᠠᠮᠵᠢᠭᠤᠯᠤᠨ᠂ 《 ᠠᠨᠠᠷ ᠤᠨ ᠦᠷ᠎ᠡ 》 ᠬᠠᠮᠲᠤ ᠪᠠᠷ ᠡᠳ᠋ᠯᠡᠬᠦ ᠳᠠᠪᠲᠠᠯᠭ᠎ᠠ ᠵᠢᠨ ᠲᠠᠰᠤᠭ ᠵᠡᠷᠭᠡ ᠰᠡᠳᠬᠢᠯ ᠢ ᠳᠤᠯᠠᠭ᠋ᠠᠴᠠᠭᠤᠯᠤᠨ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠵᠢ ᠪᠣᠶ ᠪᠣᠯᠭ᠋ᠠᠵᠤ᠂ ᠣᠯᠠᠨ ᠲᠦᠮᠡᠨ ᠤ ᠠᠮᠢᠳᠤᠷᠠᠯ ᠤᠨ ᠶᠠᠰᠤ ᠴᠢᠨᠠᠷ ᠪᠠ ᠵᠣᠯ ᠵᠢᠷᠭ᠋ᠠᠯ ᠤᠨ ᠵᠢᠭ᠋ᠠᠯᠲᠠ ᠲᠤᠭ᠎ᠠ ᠵᠢ ᠳᠡᠭᠡᠭᠰᠢᠯᠡᠭᠦᠯᠪᠡ᠃
《 ᠨᠠᠮ ᠤᠨ ᠭᠡᠰᠢᠭᠦᠨ ᠨᠢᠭᠡ ᠪᠣᠳᠠᠲᠤ ᠶᠠᠪᠤᠳᠠᠯ ᠢ ᠰᠠᠶ᠋ᠢᠲᠤᠷ ᠬᠢᠬᠦ 》 ᠪᠠᠷ ᠳᠠᠮᠵᠢᠭᠤᠯᠤᠨ᠂ 《ᠬᠤᠶᠠᠷ ᠢ ᠮᠡᠳᠡᠭᠦᠯᠬᠦ᠂ ᠬᠤᠶᠠᠷ ᠢ ᠦᠢ᠍ᠯᠡᠴᠢᠯᠡᠬᠦ᠂ ᠬᠤᠶᠠᠷ ᠢ ᠮᠡᠳᠡᠭᠦᠯᠬᠦ 》 ᠵᠢ ᠨᠠᠶ᠋ᠢᠳᠠᠪᠤᠷᠢᠵᠢᠭᠤᠯᠵᠤ᠂ 《 ᠥᠴᠦᠬᠡᠨ ᠬᠦᠰᠡᠯ 》 ᠢ ᠲᠠᠨᠢᠵᠤ ᠠᠪᠬᠤ ᠠᠵᠢᠯᠯᠠᠭ᠎ᠠ ᠵᠢ ᠥᠷᠨᠢᠭᠦᠯᠵᠦ᠂ ᠬᠠᠷᠢᠶᠠᠲᠤ ᠣᠷᠣᠨ ᠤ ᠰᠠᠭᠤᠭ᠋ᠠᠯᠢ ᠠᠷᠠᠳ ᠤᠨ ᠪᠣᠳᠠᠲᠠᠶ ᠬᠦᠴᠢᠷᠳᠡᠯ ᠢ ᠦᠨᠡᠨ ᠬᠦ᠌ ᠰᠢᠢ᠍ᠳᠪᠦᠷᠢᠯᠡᠨᠡ᠃ ᠡᠭᠦᠨ ᠤ ᠬᠠᠮᠲᠤ᠂ 《 ᠰᠠᠭᠤᠭ᠋ᠠᠯᠢ ᠠᠷᠠᠳ ᠨᠢᠭᠡ ᠵᠢᠵᠢᠭ ᠶᠠᠪᠤᠳᠠᠯ ᠢ ᠰᠠᠶ᠋ᠢᠲᠤᠷ ᠬᠢᠬᠦ 》 ᠠᠵᠢᠯᠯᠠᠭ᠎ᠠ ᠪᠠᠷ ᠣᠯᠠᠨ ᠢ ᠬᠥᠲᠥᠯᠥᠨ ᠵᠢᠯᠣᠭᠤᠳᠴᠤ ᠪᠠᠶ᠋ᠢᠭ᠋ᠠᠳ ᠵᠢᠵᠢᠭ ᠲᠣᠭᠤᠷᠢᠭ ᠤᠨ ᠣᠷᠴᠢᠨ ᠲᠣᠭᠤᠷᠢᠨ ᠤ ᠵᠠᠰᠠᠯᠲᠠ ᠵᠡᠷᠭᠡ ᠰᠠᠶ᠋ᠢᠨ ᠳᠤᠷ᠎ᠠ ᠵᠢᠨ ᠦᠢ᠍ᠯᠡᠴᠢᠯᠡᠭᠡ ᠳᠤ ᠢᠳᠡᠪᠬᠢᠲᠡᠶ ᠣᠷᠣᠯᠴᠠᠭᠤᠯᠵᠤ᠂ 《 ᠬᠥᠮᠦᠨ ᠪᠦᠬᠦᠨ ᠣᠷᠣᠯᠴᠠᠬᠤ᠂ ᠬᠠᠮᠲᠤ ᠪᠠᠷ ᠪᠠᠶ᠋ᠢᠭᠤᠯᠵᠤ ᠬᠠᠮᠲᠤ ᠪᠠᠷ ᠡᠳ᠋ᠯᠡᠬᠦ 》 ᠰᠠᠶ᠋ᠢᠨ ᠰᠠᠶ᠋ᠢᠬᠠᠨ ᠠᠭᠤᠷ ᠠᠮᠢᠰᠬᠤᠯ ᠢ ᠪᠣᠶ ᠪᠣᠯᠭ᠋ᠠᠪᠠ᠃
ᠠᠵᠢᠯ ᠣᠯᠭᠤᠬᠤ ᠰᠢᠨ᠎ᠡ ᠵᠠᠭᠪᠤᠷ ᠤᠨ ᠰᠢᠨ᠎ᠡ ᠵᠢ ᠡᠭᠦᠳᠬᠦ ᠵᠢ ᠢᠳᠡᠪᠬᠢᠲᠡᠢ ᠰᠦᠪᠡᠭᠴᠢᠯᠡᠵᠦ᠂ ᠠᠵᠢᠯ ᠡᠷᠢᠭᠰᠡᠳ ᠢ ᠵᠣᠬᠢᠶᠠᠨ ᠪᠠᠶ᠋ᠢᠭᠤᠯᠬᠤ ᠪᠤᠶᠤ ᠲᠠᠨᠢᠯᠴᠠᠭᠤᠯᠤᠨ ᠡᠯ᠎ᠡ ᠲᠦᠷᠦᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠵᠢᠨ ᠪᠣᠯᠪᠠᠰᠤᠷᠠᠯ ᠳᠤ ᠣᠷᠣᠯᠴᠠᠭᠤᠯᠵᠤ᠂ ᠤᠯᠠᠨ ᠲᠦᠮᠡᠨ ᠢ ᠬᠠᠪᠰᠤᠷᠤᠨ ᠠᠵᠢᠯ ᠣᠯᠭᠤᠯᠲᠠ ᠵᠢᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠵᠦ᠂ ᠤᠯᠠᠨ ᠲᠦᠮᠡᠨ ᠳᠤ ᠪᠠᠶᠠᠵᠢᠬᠤ ᠠᠷᠭ᠎ᠠ ᠵᠠᠮ ᠢ ᠥᠷᠭᠡᠳᠬᠡᠵᠦ ᠥᠭᠭᠦᠨ᠎ᠡ᠃ ᠬᠠᠷᠢᠶᠠᠲᠤ ᠣᠷᠣᠨ ᠤ ᠡᠯᠪᠡᠭ ᠪᠠᠶᠠᠯᠢᠭ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠲᠤ ᠲᠦᠰᠢᠭᠯᠡᠨ᠂ ᠬᠠᠷᠢᠶ᠎ᠠ ᠣᠷᠣᠨ ᠤ ᠡᠮᠡᠭᠲᠡᠶ᠋ᠢᠴᠦᠳ ᠢ ᠵᠣᠬᠢᠶᠠᠨ ᠪᠠᠶ᠋ᠢᠭᠤᠯᠤᠨ ᠬᠤᠸᠠᠷ ᠴᠡᠴᠡᠭ᠂ ᠲᠤᠪᠴᠢ᠂ ᠪᠠᠵᠠ ᠳᠠᠷᠤᠬᠤ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠬᠠᠮᠲᠤ ᠪᠠᠷ ᠰᠤᠳᠤᠯᠬᠤ ᠠᠵᠢᠯᠯᠠᠭ᠎ᠠ ᠵᠢ ᠥᠷᠨᠢᠭᠦᠯᠵᠦ᠂ ᠬᠥᠳᠡᠯᠮᠦᠷᠢᠯᠡᠬᠦ ᠴᠢᠳᠠᠪᠤᠷᠢ ᠲᠠᠢ ᠰᠠᠭᠤᠭ᠋ᠠᠯᠢ ᠠᠷᠠᠳ ᠨᠢᠭᠡᠪᠦᠷᠢ ᠵᠢ ᠨᠠᠮ ᠤᠨ ᠬᠠᠯᠠᠮᠵᠢᠯᠠᠯ ᠳᠣᠤᠷ᠎ᠠ ᠪᠠᠶᠠᠵᠢᠨ ᠴᠢᠨᠡᠭᠡᠯᠢᠭᠵᠢᠬᠦ ᠠᠮᠢᠳᠤᠷᠠᠯ ᠳᠤ ᠬᠦᠷᠭᠡᠨ᠎ᠡ᠃
ᠸᠠᠩ ᠬᠠᠶ ᠶᠠᠨ ᠢᠯᠡᠷᠬᠡᠶ᠋ᠢᠯᠡᠬᠦ ᠳᠡᠭᠡᠨ᠂ ᠨᠡᠶ᠋ᠢᠭᠡᠮ ᠲᠣᠭᠤᠷᠢᠭ ᠤᠨ ᠨᠠᠮ ᠤᠨ ᠭᠡᠰᠢᠭᠦᠨ᠂ ᠺᠠᠳ᠋ᠷ ᠢ ᠳᠠᠭ᠋ᠠᠭᠤᠯᠤᠨ ᠣᠯᠠᠨ ᠲᠦᠮᠡᠨ ᠤ ᠬᠡᠷᠡᠭᠴᠡᠭᠡ ᠱᠠᠭ᠋ᠠᠷᠳᠠᠯᠭ᠎ᠠ ᠵᠢ ᠠᠵᠢᠯ ᠤᠨ ᠵᠶ᠋ᠠᠨ ᠵᠣᠷᠢᠯᠲᠠ ᠪᠠ ᠲᠤᠰᠤᠯᠲᠠ ᠪᠣᠯᠭ᠋ᠠᠵᠤ᠂ ᠠᠵᠢᠯ ᠤᠨ ᠠᠷᠭ᠎ᠠ ᠵᠠᠮ ᠤᠨ ᠰᠢᠨ᠎ᠡ ᠵᠢ ᠡᠭᠦᠳᠴᠦ᠂ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠠᠮ ᠤᠨ ᠠᠴᠢ ᠵᠢ ᠣᠶ᠋ᠢᠯᠠᠭ᠋ᠠᠬᠤ᠂ ᠨᠠᠮ ᠤᠨ ᠦᠭᠡ ᠵᠢ ᠰᠣᠨᠣᠰᠬᠤ᠂ ᠨᠠᠮ ᠵᠶ᠋ᠠᠨ ᠳᠠᠭ᠋ᠠᠬᠤ ᠪᠣᠯᠭ᠋ᠠᠬᠤ ᠬᠡᠷᠡᠭᠲᠡᠶ ᠭᠡᠵᠡᠶ᠃
ᠢᠷᠡᠯᠲᠡ᠄ ᠪᠠᠶᠠᠨᠨᠠᠭᠤᠷ ᠬᠣᠲᠠ᠎ᠶ᠋ᠢᠨ ᠠᠷᠠᠳᠤᠨ ᠵᠠᠰᠠᠭᠤᠨ ᠣᠷᠳᠣᠨᠤ ᠮᠣᠩᠭᠣᠯ ᠰᠦᠯᠵᠢᠶ᠎ᠡ