ᠲᠥᠪᠯᠡᠷᠡᠭᠦᠯᠦᠨ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠳᠤᠮᠳᠠ᠂ ᠮᠠᠨ᠎ᠤ ᠬᠤᠲᠠ ᠵᠢᠨ 7 ᠨᠡᠶ᠋ᠢᠭᠡᠮ ᠲᠣᠭᠤᠷᠢᠭ᠎ᠤᠨ ᠱᠦᠵᠢ ᠢᠩᠭᠢᠵᠦ ᠬᠡᠯᠡᠵᠦ ᠪᠠᠶ᠋ᠢᠨ᠎ᠠ — ᠶᠠᠨᠭ᠌ ᠫᠠᠨ
ᠨᠡᠶ᠋ᠢᠲᠡᠯᠡᠭᠰᠡᠨ ᠴᠠᠭ᠄ 2025-11-18
ᠪᠦ᠍ᠬᠦ ᠬᠣᠲᠠ ᠵᠢᠨ ᠨᠡᠢ᠍ᠭᠡᠮ ᠲᠣᠭᠣᠷᠢᠭ᠎ᠤᠨ ᠱᠦᠵᠢ ᠣᠯᠠᠨ ᠲᠦᠮᠡᠨ ᠤ ᠠᠵᠢᠯ᠎ᠤᠨ ᠴᠢᠳᠠᠪᠤᠷᠢ ᠵᠢ ᠳᠡᠭᠡᠭ᠌ᠰᠢᠯᠡᠭᠦᠯᠬᠦ᠌ ᠰᠣᠯᠢᠯᠴᠠᠭ᠎ᠠ ᠪᠣᠯᠪᠠᠰᠤᠷᠠᠯ ᠵᠢᠴᠢ ᠨᠡᠢ᠍ᠭᠡᠮ ᠲᠣᠭᠣᠷᠢᠭ᠎ᠤᠨ《ᠱᠦᠵᠢ ᠵᠢᠨ ᠨᠠᠷᠢᠨ ᠶᠠᠷᠢᠵᠤ ᠥᠭᠬᠦ》 ᠲᠥᠪᠯᠡᠷᠡᠭᠦᠯᠦᠨ ᠤᠬᠠᠭᠤᠯᠤᠨ ᠲᠠᠢ᠍ᠯᠪᠤᠷᠢᠯᠠᠬᠤ ᠠᠵᠢᠯᠯᠠᠭ᠎ᠠ ᠯᠢᠨ ᠾᠧᠳᠤ ᠶᠠᠪᠤᠭᠳᠠᠪᠠ᠃ ᠤᠬᠠᠭᠤᠯᠤᠨ ᠲᠠᠶ᠋ᠢᠯᠪᠤᠷᠢᠯᠠᠬᠤ ᠳᠤᠮᠳᠠ᠂ 7 ᠬᠤᠰᠢᠭᠤ ᠰᠢᠶᠠᠨ ᠲᠣᠭᠤᠷᠢᠭ᠎ᠤᠨ ᠰᠢᠯᠢᠳᠡᠭ᠎ᠢ᠎ᠨᠢ ᠰᠣᠩᠭᠤᠨ ᠲᠣᠮᠢᠯᠠᠭᠰᠠᠨ ᠨᠡᠶ᠋ᠢᠭᠡᠮ ᠲᠣᠭᠤᠷᠢᠭ᠎ᠤᠨ ᠱᠦᠵᠢ 《ᠨᠠᠮ᠎ᠤᠨ ᠠᠴᠢ ᠵᠢ ᠮᠡᠳᠡᠷᠡᠵᠦ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠤᠯᠠᠨ ᠲᠦᠮᠡᠨ᠎ᠤ ᠠᠵᠢᠯ᠎ᠢ ᠬᠡᠷᠬᠢᠨ ᠬᠢᠬᠦ》 ᠭᠤᠣᠯ ᠰᠡᠳᠦᠪ᠎ᠤᠨ ᠲᠣᠭᠤᠷᠢᠨ᠎ᠳᠤ᠂ ᠤᠯᠠᠨ ᠲᠦᠮᠡᠨ᠎ᠤ ᠠᠵᠢᠯ᠎ᠤᠨ ᠬᠦᠴᠢᠷ ᠲᠦᠪᠡᠭᠲᠡᠢ ᠠᠰᠠᠭᠤᠳᠠᠯ᠂ ᠨᠡᠶ᠋ᠢᠭᠡᠮ ᠲᠣᠭᠤᠷᠢᠭ᠎ᠤᠨ ᠵᠠᠰᠠᠯᠲᠠ ᠵᠢᠨ ᠰᠢᠨ᠎ᠡ ᠵᠢ ᠡᠭᠦᠳᠬᠦ ᠦᠢ᠍ᠯᠡᠳᠦᠯᠭᠡ᠎ᠲᠠᠢ ᠤᠶᠠᠯᠳᠤᠭᠤᠯᠵᠤ᠂ ᠨᠡᠶ᠋ᠢᠲᠡᠯᠢᠭ ᠲᠤᠷᠰᠢᠯᠭ᠎ᠠ ᠪᠣᠯᠤᠨ ᠰᠢᠨ᠎ᠡ ᠵᠢ ᠡᠭᠦᠳᠦᠭᠰᠡᠨ ᠠᠷᠭ᠎ᠠ ᠬᠢᠳᠡᠯ᠎ᠢ ᠬᠤᠪᠢᠶᠠᠯᠴᠠᠪᠠ᠃
《ᠰᠢᠨ᠎ᠡ ᠴᠠᠭ ᠦᠶ᠎ᠡ ᠵᠢᠨ ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ ᠪᠣᠯ 〈ᠴᠢᠨᠠᠷ ᠰᠠᠶ᠋ᠢᠲᠠᠶ ᠠᠮᠢᠳᠤᠷᠠᠯ᠂ ᠬᠠᠶ᠋ᠢᠷ᠎ᠠ ᠰᠡᠳᠬᠢᠯᠭᠡ ᠵᠢᠨ ᠬᠠᠷᠢᠶᠠᠯᠠᠯ᠂ ᠣᠷᠣᠯᠴᠠᠬᠤ ᠡᠷᠬᠡ〉᠎ᠳᠤ ᠣᠷᠣᠯᠴᠠᠬᠤ ᠣᠯᠠᠨ ᠡᠰᠢᠲᠦ ᠬᠦᠰᠡᠯ ᠡᠷᠡᠮᠡᠯᠵᠡᠯ ᠮᠥᠨ᠃ ᠡᠳᠡᠭᠡᠷ ᠬᠦᠰᠡᠯ ᠡᠷᠡᠮᠡᠯᠵᠡᠯ᠎ᠳᠤ ᠬᠡᠷᠬᠢᠨ ᠬᠠᠷᠢᠭᠤᠯᠲᠠ ᠥᠭᠴᠦ᠂ ᠨᠠᠮ᠎ᠤᠨ ᠬᠠᠯᠠᠭᠤᠨ ᠳᠤᠯᠠᠭ᠋ᠠᠨ᠎ᠢ ᠬᠥᠮᠦᠰ᠎ᠤᠨ ᠰᠡᠳᠬᠢᠯ᠎ᠳᠤ ᠬᠠᠳᠠᠩᠰᠢᠭᠤᠯᠵᠤ᠂ ᠨᠠᠮ᠎ᠤᠨ ᠲᠠᠭᠤᠨ᠎ᠢ ᠬᠥᠮᠦᠰ᠎ᠤᠨ ᠰᠡᠳᠬᠢᠯ᠎ᠳᠤ ᠬᠠᠳᠠᠩᠰᠢᠭᠤᠯᠵᠤ᠂ ᠨᠠᠮ᠎ᠤᠨ ᠳᠠᠭ᠋ᠠᠭᠤᠯᠭ᠎ᠠ ᠬᠥᠮᠦᠰ᠎ᠤᠨ ᠰᠡᠳᠬᠢᠯ᠎ᠢ ᠨᠢᠭᠲᠠᠷᠠᠭᠤᠯᠬᠤ ᠪᠣᠯ ᠪᠢᠳᠡᠨ᠎ᠤ ᠡᠷᠬᠡᠪᠰᠢ ᠰᠠᠶ᠋ᠢᠲᠤᠷ ᠬᠠᠷᠢᠭᠤᠯᠬᠤ ᠬᠡᠷᠡᠭᠲᠡᠶ 〈ᠠᠷᠠᠳ᠎ᠤᠨ ᠠᠮᠢᠳᠤᠷᠠᠯ᠎ᠤᠨ ᠰᠢᠯᠭ᠋ᠠᠯᠲᠠ ᠵᠢᠨ ᠬᠠᠭᠤᠳᠠᠰᠤ〉 ᠮᠥᠨ》 ᠭᠡᠵᠦ ᠯᠢᠨ ᠾᠧ ᠲᠤᠭ᠍ᠤᠷᠢᠭᠤᠨ ᠵᠢᠨᠴᠤᠸᠠᠨ ᠵᠡᠭᠡᠯᠢ ᠭᠤᠳᠤᠮᠵᠢ ᠵᠢᠨ ᠵᠢᠶᠠᠩ ᠯᠢᠨ ᠨᠡᠶ᠋ᠢᠭᠡᠮ ᠲᠤᠭ᠍ᠤᠷᠢᠭ ᠦ᠋᠊ᠨ ᠨᠠᠮ ᠦ᠋᠊ᠨ ᠡᠭᠦᠷ ᠦ᠋᠊ᠨ ᠱᠦ᠍ᠵᠢ ᠶᠠᠩ ᠫᠠᠨ ᠬᠡᠯᠡᠪᠡ᠃
ᠤᠢ᠍ᠢ᠍ᠷ᠎ᠠ ᠵᠢᠨ ᠵᠢᠯ᠎ᠠᠴᠠ᠂ ᠵᠢᠶᠠᠩ ᠯᠢᠨ ᠨᠡᠶ᠋ᠢᠭᠡᠮ ᠲᠣᠭᠤᠷᠢᠭ᠎ᠤᠨ᠎ᠬᠢᠨ 《ᠲᠦᠷᠦ ᠵᠢᠨ ᠪᠤᠳᠤᠯᠭ᠎ᠠ ᠵᠢ ᠲᠣᠳᠣᠷᠬᠠᠢ ᠶᠠᠷᠢᠵᠤ᠂ ᠪᠣᠳᠠᠲᠤ ᠠᠰᠢᠭ᠎ᠢ ᠲᠣᠳᠣᠷᠬᠠᠢ ᠪᠤᠳᠤᠬᠤ》 ᠵᠢ ᠢᠮᠠᠭᠲᠠ ᠭᠤᠣᠯ ᠭᠠᠷᠳᠠᠴᠠ ᠪᠣᠯᠭ᠋ᠠᠵᠤ᠂ 《ᠤᠯᠠᠭ᠋ᠠᠨ ᠠᠨᠠᠷ ᠤᠬᠠᠭᠤᠯᠤᠨ ᠲᠠᠶ᠋ᠢᠯᠪᠤᠷᠢᠯᠠᠬᠤ ᠪᠦᠯᠬᠦᠮ》᠎ᠢ ᠵᠣᠬᠢᠶᠠᠨ ᠪᠠᠶ᠋ᠢᠭᠤᠯᠵᠤ᠂ ᠲᠡᠳᠡ 《ᠠᠷᠠᠳ᠎ᠲᠤ ᠠᠰᠢᠭ ᠬᠦᠷᠲᠡᠭᠡᠬᠦ ᠲᠦᠷᠦ ᠵᠢᠨ ᠪᠤᠳᠤᠯᠭ᠎ᠠ ᠵᠢᠨ ᠨᠠᠷᠢᠨ ᠲᠠᠩᠰᠠ》᠂ 《ᠨᠡᠶ᠋ᠢᠭᠡᠮ ᠲᠣᠭᠤᠷᠢᠭ᠎ᠢ ᠥᠭᠡᠷᠡᠴᠢᠯᠡᠬᠦ ᠡᠬᠡ ᠲᠠᠩᠰᠠ》᠂ 《ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠨᠠᠷᠢᠨ ᠲᠠᠩᠰᠠ》 ᠵᠢ ᠡᠪᠦᠷᠯᠡᠨ᠂ 《ᠡᠷᠦᠬᠡ᠎ᠳᠤ ᠣᠷᠣᠬᠤ ᠬᠡᠯᠪᠡᠷᠢ᠂ ᠠᠵᠢᠯᠯᠠᠭ᠎ᠠ ᠵᠢᠨ ᠬᠡᠯᠪᠡᠷᠢ᠂ ᠬᠢᠴᠢᠶᠡᠯ᠎ᠤᠨ ᠲᠠᠩᠬᠢᠮ᠎ᠤᠨ ᠬᠡᠯᠪᠡᠷᠢ᠂ ᠰᠦᠯᠵᠢᠶᠡᠨ᠎ᠤ ᠬᠡᠯᠪᠡᠷᠢ》 ᠵᠡᠷᠭᠡ ᠲᠦᠷᠪᠡᠨ ᠬᠡᠯᠪᠡᠷᠢ ᠵᠢᠨ ᠤᠬᠠᠭᠤᠯᠬᠤ ᠠᠷᠭ᠎ᠠ ᠵᠢ ᠰᠢᠨ᠎ᠡ᠎ᠪᠠᠷ ᠡᠭᠦᠳᠴᠦ᠂ ᠭᠡᠷ᠎ᠤᠨ ᠡᠭᠦᠳᠡᠨ᠎ᠳᠠᠬᠢ ᠬᠤᠪᠢᠷᠠᠯᠲᠠ᠂ ᠬᠠᠷᠮᠠᠨᠤ ᠪᠣᠳᠠᠲᠤ ᠠᠰᠢᠭ ᠲᠤᠰᠠ᠂ ᠠᠮᠢᠳᠤᠷᠠᠯ᠎ᠤᠨ ᠳᠤᠮᠳᠠᠬᠢ ᠳᠥᠭᠦᠮ ᠳᠥᠲᠡ᠂ ᠨᠠᠮ᠎ᠤᠨ ᠬᠠᠢᠷ᠎ᠠ ᠬᠠᠷᠠᠭᠠᠯᠵᠠᠯ᠎ᠢ ᠦᠨᠡᠨ ᠬᠦ᠌ ᠮᠡᠳᠡᠷᠡᠪᠡ᠃
ᠣᠯᠠᠨ ᠲᠦᠮᠡᠨ᠎ᠢ 《ᠬᠠᠵᠠᠭᠤ᠎ᠠᠴᠠ ᠬᠠᠷᠠᠭᠴᠢ》 ᠪᠣᠯᠭ᠋ᠠᠨ ᠬᠤᠪᠢᠷᠠᠭᠤᠯᠵᠤ᠂ ᠨᠡᠶ᠋ᠢᠭᠡᠮ ᠲᠣᠭᠤᠷᠢᠭ᠎ᠠᠴᠠ 《ᠣᠯᠠᠨ ᠡᠰᠢᠲᠦ ᠲᠠᠪᠴᠠᠩ》 ᠪᠠᠶ᠋ᠢᠭᠤᠯᠵᠤ᠂ 《ᠰᠢᠶᠤᠤ ᠶᠠᠩ ᠲᠠᠨ᠎ᠤ ᠶᠠᠷᠢᠶ᠎ᠠ ᠵᠢ ᠰᠣᠨᠣᠰᠬᠤ》 ᠱᠦᠵᠢ ᠵᠢᠨ ᠨᠢᠭᠤᠷᠲᠠᠨ ᠲᠠᠪᠴᠠᠩ ᠭᠠᠷᠭ᠋ᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠰᠣᠨᠣᠰᠪᠠ᠃ 《ᠣᠯᠠᠨ ᠲᠦᠮᠡᠨ᠎ᠤ ᠬᠦᠴᠦᠨ》᠎ᠢ ᠬᠥᠭᠵᠢᠭᠡᠵᠦ᠂ 112 ᠬᠥᠮᠦᠨ᠎ᠤ 《ᠣᠯᠠᠨ ᠲᠦᠮᠡᠨ᠎ᠤ ᠬᠦᠴᠦᠨ ᠴᠢᠳᠠᠯ᠎ᠤᠨ ᠬᠥᠮᠥᠷᠭᠡ》 ᠵᠢ ᠵᠣᠬᠢᠶᠠᠨ ᠪᠠᠶ᠋ᠢᠭᠤᠯᠵᠤ᠂ ᠨᠡᠶ᠋ᠢᠭᠡᠮ ᠲᠣᠭᠤᠷᠢᠭ᠎ᠤᠨ ᠵᠠᠰᠠᠯᠲᠠ᠎ᠳᠤ ᠣᠷᠣᠯᠴᠠᠵᠤ᠂ ᠵᠥᠷᠢᠴᠡᠯ ᠵᠢᠭᠤᠷᠠᠯᠳᠤᠭ᠋ᠠᠨ᠎ᠢ ᠰᠢᠢ᠍ᠳᠪᠦᠷᠢᠯᠡᠵᠦ᠂ ᠠᠷᠠᠳ᠎ᠤᠨ ᠠᠮᠢᠳᠤᠷᠠᠯ᠎ᠤᠨ ᠬᠦᠴᠢᠷ ᠠᠰᠠᠭᠤᠳᠠᠯ᠎ᠢ ᠰᠢᠢ᠍ᠳᠪᠦᠷᠢᠯᠡᠪᠡ᠃《ᠭᠠᠳᠠᠨᠠᠬᠢ ᠡᠬᠢ ᠪᠠᠶᠠᠯᠢᠭ》᠎ᠢ ᠡᠮᠬᠢᠯᠡᠨ ᠨᠡᠶ᠋ᠢᠯᠡᠭᠦᠯᠵᠦ᠂ 《ᠬᠤᠣᠰ ᠨᠡᠷ᠎ᠡ ᠮᠡᠳᠡᠭᠦᠯᠬᠦ》 ᠨᠢᠭᠡᠴᠡ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠂ ᠬᠠᠶ᠋ᠢᠷ᠎ᠠ ᠬᠠᠯᠠᠮᠵᠢ ᠵᠢᠨ ᠠᠵᠤ ᠠᠬᠤᠶ᠋ᠢᠯᠠᠯ᠎ᠲᠠᠢ ᠵᠣᠯᠭ᠋ᠠᠭᠤᠯᠵᠤ᠂《ᠬᠤᠪᠢᠰᠬᠠᠯ᠎ᠤᠨ ᠬᠤᠷᠰᠢᠭᠴᠢ》 ᠵᠢᠨ ᠬᠡᠯᠡᠯᠴᠡᠭᠡᠷ ᠲᠣᠭᠲᠠᠵᠤ᠂ 《ᠡᠬᠢ ᠪᠠᠶᠠᠯᠢᠭ᠎ᠢ ᠬᠠᠮᠲᠤ᠎ᠪᠠᠷ ᠡᠳ᠋ᠯᠡᠭᠦᠯᠵᠦ᠂ ᠦᠢ᠍ᠯᠡᠴᠢᠯᠡᠭᠡ ᠵᠢ ᠬᠠᠮᠲᠤ᠎ᠪᠠᠷ ᠠᠬᠢᠭᠤᠯᠬᠤ》 ᠬᠠᠮᠲᠤᠷᠠᠨ ᠬᠥᠳᠡᠯᠦᠯᠴᠡᠬᠦ ᠲᠣᠭᠲᠠᠴᠠ ᠵᠢ ᠪᠠᠶ᠋ᠢᠭᠤᠯᠵᠤ᠂ ᠣᠯᠠᠨ ᠲᠦᠮᠡᠨ᠎ᠳᠤ ᠨᠡᠶ᠋ᠢᠭᠡᠮ ᠲᠣᠭᠤᠷᠢᠭ᠎ᠤᠨ ᠠᠮᠢᠳᠤᠷᠠᠯ᠎ᠢ ᠡᠳ᠋ᠯᠡᠭᠦᠯᠪᠡ᠃
《〈ᠨᠢᠭᠤᠷᠲᠠᠵᠤ ᠪᠠᠶ᠋ᠢᠭ᠎ᠠ ᠶᠠᠪᠤᠳᠠᠯ》᠎ᠢ ᠰᠠᠶ᠋ᠢᠲᠤᠷ ᠬᠢᠵᠦ᠂ ᠤᠯᠠᠨ ᠲᠦᠮᠡᠨ ᠠᠶᠠᠨᠳᠠᠭ᠋ᠠᠨ ᠵᠣᠬᠢᠶᠠᠨ ᠪᠠᠶ᠋ᠢᠭᠤᠯᠤᠯᠲᠠ᠎ᠪᠠᠨ ᠳᠠᠭ᠋ᠠᠵᠤ᠂ ᠨᠠᠮ᠎ᠤᠨ ᠭᠡᠰᠢᠭᠦᠨ᠎ᠢ ᠳᠠᠭ᠋ᠠᠵᠤ ᠠᠵᠢᠯᠯᠠᠨ᠎ᠠ》᠃ ᠶᠠᠩ ᠫᠠᠨ ᠲᠠᠨᠢᠯᠴᠠᠭᠤᠯᠬᠤ᠎ᠳᠤ᠎ᠪᠠᠨ᠂ ᠲᠡᠳᠡ 《ᠨᠢᠭᠡ ᠴᠤᠩᠬᠤᠪᠴᠢ᠎ᠪᠠᠷ ᠭᠥᠯᠢᠶᠡᠨ ᠠᠪᠴᠤ ᠰᠢᠢ᠍ᠳᠪᠦᠷᠢᠯᠡᠬᠦ᠂ ᠴᠠᠭ᠎ᠢ ᠤᠷᠲᠤᠳᠬᠠᠨ ᠦᠢ᠍ᠯᠡᠴᠢᠯᠡᠬᠦ᠂ ᠬᠡᠷ᠎ᠲᠤ᠎ᠨᠢ ᠬᠦᠷᠴᠦ ᠬᠠᠪᠰᠤᠷᠤᠨ ᠭᠦᠢ᠍ᠴᠡᠳᠬᠡᠬᠦ》 ᠵᠢ ᠬᠡᠷᠡᠭᠵᠢᠭᠦᠯᠵᠦ᠂ ᠣᠯᠠᠨ ᠲᠦᠮᠡᠨ᠎ᠳᠤ ᠲᠥᠬᠦᠮ ᠦᠵᠡᠭᠦᠯᠪᠡ᠃ ᠪᠠᠶᠠᠯᠢᠭ ᠰᠠᠶ᠋ᠢᠬᠠᠨ ᠰᠣᠶᠣᠯ᠎ᠤᠨ ᠠᠵᠢᠯᠯᠠᠭ᠎ᠠ ᠥᠷᠨᠢᠭᠦᠯᠬᠦ᠎ᠪᠠᠷ ᠳᠠᠮᠵᠢᠭᠤᠯᠤᠨ᠂ ᠰᠣᠶᠣᠯ᠎ᠤᠨ ᠬᠤᠯᠪᠣᠭ᠋ᠠᠰᠤ᠎ᠪᠠᠷ ᠬᠥᠮᠦᠰ᠎ᠤᠨ ᠰᠡᠳᠬᠢᠯ᠎ᠳᠤ ᠣᠶ᠋ᠢᠷᠠᠲᠤᠵᠤ᠂ ᠬᠠᠮᠲᠤ ᠵᠢᠨ ᠲᠠᠨᠢᠯᠲᠠ ᠵᠢ ᠨᠢᠭᠲᠠᠷᠠᠭᠤᠯᠪᠠ᠃ ᠳᠡᠷᠭᠡᠳᠡᠬᠢ 《ᠡᠭᠡᠯ ᠠᠷᠠᠳ᠎ᠤᠨ ᠪᠠᠭ᠋ᠠᠲᠤᠷ》᠎ᠢ ᠠᠭᠤᠳᠠᠯᠬᠤ ᠵᠢ ᠴᠢᠬᠤᠯᠠᠴᠢᠯᠠᠵᠤ᠂ 《ᠤᠯᠠᠭ᠋ᠠᠨ ᠠᠨᠠᠷ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠩᠭᠢ》 ᠵᠢ ᠵᠣᠬᠢᠶᠠᠨ ᠪᠠᠶ᠋ᠢᠭᠤᠯᠵᠤ᠂ 《ᠳᠠᠭᠤᠷᠢᠶᠠᠯ》 ᠵᠶ᠋ᠠᠷ ᠣᠯᠠᠨ ᠲᠦᠮᠡᠨ᠎ᠢ ᠳᠠᠶ᠋ᠢᠴᠢᠯᠠᠨ 《ᠨᠠᠮ ᠵᠶ᠋ᠠᠨ ᠳᠠᠭ᠋ᠠᠵᠤ ᠤᠷᠤᠭᠰᠢᠯᠠᠬᠤ》᠂ ᠰᠠᠶ᠋ᠢᠨ ᠰᠠᠶ᠋ᠢᠬᠠᠨ ᠨᠡᠶ᠋ᠢᠭᠡᠮ ᠲᠣᠭᠤᠷᠢᠭ᠎ᠢ ᠬᠠᠮᠲᠤ᠎ᠪᠠᠷ ᠪᠠᠶ᠋ᠢᠭᠤᠯᠬᠤ ᠵᠢ ᠨᠥᠯᠥᠭᠡᠯᠡᠵᠦ ᠪᠠᠶ᠋ᠢᠨ᠎ᠠ᠃
《ᠢᠷᠡᠭᠡᠳᠦᠢ᠎ᠳᠤ᠂ ᠪᠢᠳᠡ ᠦᠷᠭᠦᠯᠵᠢᠯᠡᠨ 〈ᠤᠯᠠᠭ᠋ᠠᠨ ᠠᠨᠠᠷ ᠨᠢᠭᠡ ᠭᠡᠷ᠎ᠤᠨ ᠬᠥᠮᠥᠨ〉᠎ᠤ ᠲᠦᠷᠦᠯ ᠲᠡᠮᠳᠡᠭ ᠵᠶ᠋ᠠᠷ ᠵᠢᠯᠣᠭᠤᠳᠤᠮᠵᠢ ᠪᠣᠯᠭ᠋ᠠᠵᠤ᠂ ᠤᠯᠠᠨ ᠲᠦᠮᠡᠨ᠎ᠳᠤ ᠬᠠᠷᠢᠭᠤᠴᠠᠬᠤ ᠬᠦᠯᠢᠴᠡᠩᠭᠦᠢ᠂ ᠤᠯᠠᠨ ᠲᠦᠮᠡᠨ᠎ᠳᠤ ᠦᠢ᠍ᠯᠡᠴᠢᠯᠡᠬᠦ ᠬᠦᠯᠢᠴᠡᠩᠭᠦᠢ ᠲᠡᠪᠴᠢᠶᠡᠷᠢ᠂ ᠠᠰᠠᠭᠤᠳᠠᠯ᠎ᠢ ᠰᠢᠢ᠍ᠳᠪᠦᠷᠢᠯᠡᠬᠦ ᠡᠷᠡᠰ ᠵᠣᠷᠢᠭ ᠵᠶ᠋ᠠᠷ᠂ ᠰᠢᠨ᠎ᠡ ᠴᠠᠭ ᠦᠶ᠎ᠡ ᠵᠢᠨ ᠨᠠᠮ᠎ᠤᠨ ᠤᠯᠠᠨ ᠲᠦᠮᠡᠨ᠎ᠤ ᠠᠵᠢᠯ᠎ᠢ ᠰᠠᠶ᠋ᠢᠲᠤᠷ ᠬᠢᠵᠦ᠂ ᠦᠨᠳᠦᠰᠦᠲᠡᠨ᠎ᠨᠦᠭᠦᠳ᠎ᠤᠨ ᠰᠠᠭᠤᠭ᠋ᠠᠯᠢ ᠠᠷᠠᠳ᠎ᠢ 〈ᠬᠠᠮᠲᠤ ᠰᠠᠭᠤᠬᠤ〉᠎ᠠᠴᠠ 〈ᠬᠠᠮᠲᠤ ᠠᠭᠤᠰᠤᠯᠴᠠᠬᠤ〉 ᠬᠦᠷᠲᠡᠯ᠎ᠡ᠂ ᠠᠭ᠋ᠠᠵᠢᠮ ᠵᠶ᠋ᠠᠷ 〈ᠲᠠ ᠪᠢᠳᠡᠨᠦᠨᠳᠡᠭᠡᠨ ᠪᠢ ᠪᠠᠶ᠋ᠢᠬᠤ᠂ ᠪᠢ ᠥᠪᠡᠷ᠎ᠤᠨ ᠵᠶ᠋ᠠᠨ ᠳᠣᠲᠣᠷ᠎ᠠ ᠴᠢᠮ᠎ᠠ᠎ᠲᠠᠢ᠂ ᠬᠡᠨ ᠴᠦ᠍ ᠨᠠᠳᠠ᠎ᠠᠴᠠ ᠰᠠᠯᠵᠤ ᠴᠢᠳᠠᠬᠤ ᠦᠭᠡᠢ〉 ᠨᠡᠶ᠋ᠢᠭᠡᠮ ᠲᠣᠭᠤᠷᠢᠭ᠎ᠤᠨ ᠬᠠᠮᠲᠤ ᠵᠢᠨ ᠴᠣᠭᠴᠠ ᠵᠢ ᠪᠠᠶ᠋ᠢᠭᠤᠯᠤᠨ᠎ᠠ》 ᠭᠡᠵᠦ᠍ ᠶᠠᠩ ᠫᠠᠨ ᠬᠡᠯᠡᠪᠡ᠃
ᠢᠷᠡᠯᠲᠡ᠄ ᠪᠠᠶᠠᠨᠨᠠᠭᠤᠷ ᠬᠣᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ