ᠢᠯᠡ ᠵᠠᠰᠠᠭ   -   ᠪᠢᠴᠢᠭ ᠮᠠᠲ᠋ᠧᠷᠢᠶᠠᠯ

ᠳ᠋ᠸᠩᠺᠸᠦ ᠰᠢᠶᠠᠨ᠎ᠤ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠢᠯᠭ᠋ᠠᠷᠠᠭᠤᠯᠤᠨ ᠪᠠᠢ᠌ᠴᠠᠭ᠋ᠠᠵᠤ ᠨᠦᠬᠦᠪᠦᠷᠢᠯᠡᠨ ᠳᠠᠩᠰᠠᠯᠠᠬᠤ ᠠᠯᠪᠠᠨ ᠵᠠᠷ

ᠨᠡᠶ᠋ᠢᠲᠡᠯᠡᠭᠰᠡᠨ ᠴᠠᠭ᠄   2023-10-13

ᠬᠦᠨᠳᠦᠲᠦ ᠢᠯᠭ᠋ᠠᠷᠠᠭᠤᠯᠤᠨ ᠪᠠᠢ᠌ᠴᠠᠭ᠋ᠠᠭᠳᠠᠬᠤ ᠡᠲᠡᠭᠡᠳ᠄
      ᠰᠠᠶ᠋ᠢᠨ ᠪᠠᠢ᠌ᠴᠠᠭ᠋ᠠᠨ᠎ᠠ ᠤᠤ! ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠥᠷᠨᠢᠭᠦᠯᠬᠦ᠎ᠨᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠭᠠᠷᠭ᠋ᠠᠭᠰᠠᠨ ᠨᠢᠭᠡᠨ ᠴᠢᠬᠤᠯᠠ ᠶᠡᠬᠡ ᠪᠠᠶ᠋ᠢᠷᠢᠯᠠᠭᠤᠯᠤᠯᠲᠠ ᠪᠣᠯᠬᠤ ᠪᠥᠭᠡᠳ ᠨᠠᠮ᠎ᠤᠨ ᠬᠣᠷᠢᠳᠤᠭ᠋ᠠᠷ ᠶᠡᠬᠡ ᠬᠤᠷᠠᠯ ᠠᠮᠵᠢᠯᠲᠠ᠎ᠲᠠᠢ ᠬᠤᠷᠠᠯᠳᠤᠭᠰᠠᠨ᠎ᠤ ᠳᠠᠷᠠᠭ᠎ᠠ ᠥᠷᠨᠢᠭᠦᠯᠦᠭᠰᠡᠨ ᠠᠩᠬᠠᠳᠠᠭᠴᠢ ᠲᠣᠮᠣ ᠬᠡᠯᠪᠡᠷᠢ ᠵᠢᠨ ᠨᠡᠶ᠋ᠢᠳᠡᠮ ᠪᠠᠶ᠋ᠢᠴᠠᠭ᠋ᠠᠯᠲᠠ ᠪᠣᠯᠤᠨ᠎ᠠ᠃ ᠣᠳᠣᠬᠠᠨ᠎ᠳᠤ᠂ ᠳ᠋ᠸᠩᠺᠸᠦ ᠰᠢᠶᠠᠨ ᠶᠠᠭ ᠱᠠᠭ᠋ᠠᠷᠳᠠᠯᠭ᠎ᠠ ᠶᠣᠰᠣᠭ᠋ᠠᠷ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠨᠢᠭᠡᠴᠡ ᠵᠢᠨ ᠢᠯᠭ᠋ᠠᠷᠠᠭᠤᠯᠤᠨ ᠪᠠᠶ᠋ᠢᠴᠠᠭ᠋ᠠᠬᠤ ᠠᠵᠢᠯ᠎ᠢ ᠥᠷᠨᠢᠭᠦᠯᠵᠦ ᠪᠠᠶ᠋ᠢᠨ᠎ᠠ᠂ ᠡᠳᠦᠭᠡ ᠬᠣᠯᠪᠣᠭᠳᠠᠯ ᠪᠥᠬᠥᠶ ᠨᠥᠬᠥᠪᠥᠷᠢᠯᠡᠨ ᠳᠠᠩᠰᠠᠯᠠᠬᠤ ᠵᠦᠢ᠍ᠯᠡᠰ᠎ᠢ ᠳᠣᠤᠷᠠᠬᠢ ᠮᠡᠲᠦ ᠵᠠᠷᠯᠠᠶ᠎ᠠ᠄ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠨᠢᠭᠡᠴᠡ ᠵᠢᠨ ᠢᠯᠭ᠋ᠠᠷᠠᠭᠤᠯᠤᠨ ᠪᠠᠶ᠋ᠢᠴᠠᠭ᠋ᠠᠬᠤ ᠠᠵᠢᠯ᠎ᠢ ᠡᠬᠢᠯᠡᠭᠦᠯᠦᠭᠰᠡᠨ᠎ᠠᠴᠠ ᠨᠠᠰᠢ᠂ ᠪᠥᠬᠥ ᠰᠢᠶᠠᠨ᠎ᠤ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯᠲᠠᠳ ᠨᠢᠭᠡᠨᠲᠡ ᠬᠤᠪᠢᠶᠠᠷᠢᠯᠠᠭᠰᠠᠨ ᠨᠡᠶ᠋ᠢᠳᠡᠮ ᠪᠠᠶ᠋ᠢᠴᠠᠭ᠋ᠠᠯᠲᠠ ᠵᠢᠨ ᠲᠣᠭᠣᠷᠢᠭ᠎ᠲᠤ ᠨᠡᠢ᠌ᠳᠡᠮ ᠡᠷᠦᠬᠡ᠎ᠳᠤ ᠬᠦᠷᠴᠦ ᠢᠯᠭ᠋ᠠᠷᠠᠭᠤᠯᠤᠨ ᠪᠠᠶ᠋ᠢᠴᠠᠭ᠋ᠠᠯᠲᠠ ᠬᠢᠭᠰᠡᠨ ᠪᠠᠶ᠋ᠢᠨ᠎ᠠ᠃ ᠢᠯᠭ᠋ᠠᠷᠠᠭᠤᠯᠤᠨ ᠪᠠᠶ᠋ᠢᠴᠠᠭ᠋ᠠᠭᠳᠠᠬᠤ ᠡᠲᠡᠭᠡᠳ᠎ᠲᠤ ᠪᠦᠬᠦ ᠰᠢᠶᠠᠨ᠎ᠤ ᠵᠠᠰᠠᠭ ᠵᠠᠬᠢᠷᠭ᠋ᠠᠨ᠎ᠤ ᠬᠠᠷᠢᠶ᠎ᠠ ᠣᠷᠣᠨ᠎ᠳᠠᠬᠢ ᠠᠵᠤ ᠠᠬᠤᠶ ᠨᠡᠶ᠋ᠢᠭᠡᠮ᠎ᠤᠨ ᠠᠵᠢᠯᠯᠠᠭ᠎ᠠ ᠬᠢᠵᠦ ᠪᠠᠶ᠋ᠢᠭ᠎ᠠ ᠪᠦᠬᠦ ᠬᠠᠤᠯᠢ ᠵᠢᠨ ᠡᠷᠬᠡᠲᠡᠨ᠎ᠤ ᠨᠢᠭᠡᠴᠡ᠂ ᠠᠵᠤ ᠦᠢ᠍ᠯᠡᠰ᠎ᠤᠨ ᠠᠵᠢᠯᠯᠠᠭ᠎ᠠ ᠵᠢᠨ ᠨᠢᠭᠡᠴᠡ ᠵᠢᠴᠢ ᠬᠣᠶᠠᠳᠤᠭ᠋ᠠᠷ ᠠᠵᠤ ᠦᠢ᠍ᠯᠡᠰ ᠪᠠ ᠭᠤᠷᠪᠠᠳᠤᠭ᠋ᠠᠷ ᠠᠵᠤ ᠦᠢ᠍ᠯᠡᠰ᠎ᠤᠨ ᠠᠵᠢᠯᠯᠠᠭ᠎ᠠ ᠬᠢᠵᠦ ᠪᠠᠶ᠋ᠢᠭ᠎ᠠ ᠬᠤᠪᠢ ᠵᠢᠨ ᠡᠵᠡᠩᠨᠡᠯᠲᠡ ᠵᠢᠨ ᠡᠷᠦᠬᠡ ᠪᠠᠭᠲᠠᠨ᠎ᠠ᠃ ᠭᠡᠪᠡᠴᠦ ᠨᠢᠭᠡᠴᠡ (ᠺᠣᠮᠫᠠᠨᠢ) ᠪᠠᠢ᠌ᠷᠢ ᠨᠡᠭᠦᠬᠦ᠂ ᠡᠵᠡᠩᠨᠡᠯᠲᠡ ᠵᠢᠨ ᠭᠠᠵᠠᠷ ᠰᠣᠯᠢᠬᠤ᠂ ᠬᠠᠷᠢᠯᠴᠠᠬᠤ ᠤᠲᠠᠰᠤ ᠬᠤᠪᠢᠷᠠᠬᠤ ᠵᠡᠷᠭᠡ ᠤᠯᠠᠨ ᠵᠦᠢ᠍ᠯ᠎ᠤᠨ ᠰᠢᠯᠲᠠᠭ᠋ᠠᠨ᠎ᠠᠴᠠ ᠪᠤᠯᠵᠤ᠂ ᠬᠡᠰᠡᠭ ᠨᠢᠭᠡᠴᠡ ᠪᠠ ᠬᠤᠪᠢ ᠵᠢᠨ ᠡᠵᠡᠩᠨᠡᠯᠲᠡ ᠵᠢᠨ ᠡᠷᠦᠬᠡ ᠵᠢ ᠢᠯᠭ᠋ᠠᠷᠠᠭᠤᠯᠤᠨ ᠪᠠᠶ᠋ᠢᠴᠠᠭ᠋ᠠᠵᠤ ᠳᠠᠩᠰᠠᠯᠠᠭᠰᠠᠨ ᠦᠭᠡᠢ᠃ 《ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠲᠥᠰᠦᠯ》᠎ᠤᠨ ᠱᠠᠭ᠋ᠠᠷᠳᠠᠯᠭ᠎ᠠ ᠶᠣᠰᠣᠭ᠋ᠠᠷ᠂ ᠢᠯᠭ᠋ᠠᠷᠠᠭᠤᠯᠤᠨ ᠳᠡᠩᠰᠡᠯᠡᠵᠦ ᠲᠡᠮᠳᠡᠭᠯᠡᠭᠡᠳᠦᠶ ᠡᠲᠡᠭᠡᠳ 10 ᠳ᠋ᠤᠭ᠋ᠠᠷ ᠰᠠᠷ᠎ᠠ ᠵᠢᠨ 20᠎ᠤ ᠡᠳᠦᠷ᠎ᠠᠴᠠ ᠡᠮᠦᠨ᠎ᠡ ᠣᠶ᠋ᠢᠷ᠎ᠠ ᠬᠠᠪᠢ ᠵᠢᠨ ᠰᠤᠮᠤ ᠪᠠᠯᠭ᠋ᠠᠰᠤ᠂ ᠭᠠᠴᠠᠭ᠎ᠠ ᠲᠣᠰᠬᠣᠨ᠂ ᠨᠡᠶ᠋ᠢᠭᠡᠮ ᠲᠣᠭᠣᠷᠢᠭ᠎ᠲᠤ ᠬᠦᠷᠴᠦ ᠢᠯᠭ᠋ᠠᠷᠠᠭᠤᠯᠤᠨ ᠪᠠᠶ᠋ᠢᠴᠠᠭ᠋ᠠᠬᠤ ᠬᠦᠰᠦᠨᠦᠭᠲᠦ ᠵᠢ ᠲᠠᠭᠯᠠᠨ ᠮᠡᠳᠡᠭᠦᠯᠦᠭᠡᠷᠡᠶ᠃ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠣᠭ᠎ᠠ ᠪᠦᠷᠢᠳᠬᠡᠯ᠎ᠤᠨ ᠬᠠᠤᠯᠢ》 ᠪᠣᠯᠤᠨ 《ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠲᠥᠷᠢᠮ》᠎ᠢ ᠦᠨᠳᠦᠰᠦᠯᠡᠨ᠂ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ ᠪᠣᠯᠤᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯᠲᠠᠳ᠎ᠤᠨ ᠬᠠᠤᠯᠢ ᠶᠣᠰᠣᠭ᠋ᠠᠷ ᠪᠠᠶ᠋ᠢᠴᠠᠭ᠋ᠠᠯᠲᠠ ᠬᠢᠬᠦ ᠵᠢ ᠲᠡᠪᠴᠢᠬᠦ ᠪᠤᠶᠤ ᠬᠠᠷᠰᠢᠯᠠᠭᠰᠠᠨ᠂ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ᠎ᠳᠤ ᠬᠤᠳᠠᠯ ᠬᠠᠭᠤᠷᠮᠠᠭ ᠪᠤᠶᠤ ᠪᠦᠷᠢᠨ ᠪᠤᠰᠤ ᠮᠠᠲ᠋ᠧᠷᠢᠶᠠᠯ ᠬᠠᠩᠭ᠋ᠠᠭᠰᠠᠨ᠂ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠬᠣᠯᠪᠣᠭᠳᠠᠯ ᠪᠥᠬᠥᠢ ᠮᠠᠲ᠋ᠧᠷᠢᠶᠠᠯ᠎ᠢ ᠴᠠᠭ ᠲᠤᠬᠠᠶ᠎ᠳᠤ᠎ᠨᠢ ᠬᠠᠩᠭ᠋ᠠᠭᠰᠠᠨ ᠥᠭᠡᠢ᠎ᠪᠠᠷ ᠱᠠᠭ᠋ᠠᠷᠳᠠᠨ ᠮᠡᠳᠡᠭᠦᠯᠦᠭᠰᠡᠨ᠎ᠤ ᠲᠠᠷᠠᠭ᠎ᠠ ᠮᠥᠨ ᠬᠦ᠌ ᠬᠠᠩᠭ᠋ᠠᠭᠰᠠᠨ ᠥᠭᠡᠢ ᠨᠡᠶ᠋ᠢᠳᠡᠮ ᠪᠠᠶ᠋ᠢᠴᠠᠭ᠋ᠠᠯᠲᠠ ᠵᠢᠨ ᠡᠲᠡᠭᠡᠳ᠎ᠢ ᠬᠠᠤᠯᠢ ᠶᠣᠰᠣᠭ᠋ᠠᠷ ᠰᠢᠳᠬᠡᠨ ᠲᠣᠷᠭ᠋ᠠᠨ᠎ᠠ᠃ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯᠲᠠᠳ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠳᠤᠮᠳᠠ ᠣᠯᠤᠭᠰᠠᠨ ᠮᠡᠳᠡᠭᠡ ᠵᠠᠩᠭᠢ ᠪᠣᠯᠤᠨ ᠮᠠᠲ᠋ᠧᠷᠢᠶᠠᠯ᠎ᠤᠨ ᠨᠢᠭᠤᠴᠠ ᠵᠢ ᠴᠢᠩᠭ᠎ᠠ ᠬᠠᠮᠠᠭ᠋ᠠᠯᠠᠬᠤ ᠵᠢᠨ ᠬᠠᠮᠲᠤ ᠨᠡᠶ᠋ᠢᠳᠡᠮ ᠪᠠᠶ᠋ᠢᠴᠠᠭ᠋ᠠᠯᠲᠠ᠎ᠳᠤ ᠬᠡᠷᠡᠭᠯᠡᠬᠦ ᠵᠣᠷᠢᠯᠭ᠎ᠠ ᠵᠢ ᠴᠢᠩᠭ᠎ᠠ ᠬᠢᠵᠠᠭ᠋ᠠᠷᠯᠠᠨ ᠲᠣᠭᠲᠠᠭ᠋ᠠᠵᠤ᠂ ᠶᠠᠮᠠᠷᠪᠠ ᠨᠢᠭᠡᠴᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠡᠲᠡᠭᠡᠳ᠎ᠢ ᠰᠢᠳᠬᠡᠨ ᠲᠣᠷᠭ᠋ᠠᠬᠤ ᠦᠨᠳᠦᠰᠦᠯᠡᠯ ᠪᠣᠯᠭ᠋ᠠᠬᠤ ᠥᠭᠡᠢ᠂ ᠲᠠᠨ᠎ᠤ ᠰᠠᠨᠠᠭ᠎ᠠ ᠵᠣᠪᠠᠯᠲᠠ ᠦᠭᠡᠢ ᠬᠠᠮᠵᠢᠯᠴᠠᠨ ᠳᠠᠩᠰᠠᠯᠠᠬᠤ ᠵᠢ ᠬᠦᠰᠡᠵᠦ ᠪᠠᠢ᠌ᠨ᠎ᠠ᠃ ᠪᠠᠶ᠋ᠢᠴᠠᠭ᠋ᠠᠨ ᠲᠡᠮᠳᠡᠭᠯᠡᠬᠦ᠎ᠳᠤ ᠶᠠᠮᠠᠷ ᠴᠤ᠌ ᠵᠠᠷᠤᠳᠠᠯ ᠬᠤᠷᠢᠶᠠᠬᠤ ᠥᠬᠡᠶ᠂ ᠬᠡᠷᠪᠡ ᠨᠡᠶ᠋ᠢᠳᠡᠮ ᠪᠠᠶ᠋ᠢᠴᠠᠭ᠋ᠠᠬᠤ ᠪᠠᠶ᠋ᠢᠭᠤᠯᠤᠮᠵᠢ ᠪᠤᠶᠤ ᠨᠡᠶ᠋ᠢᠳᠡᠮ ᠪᠠᠶ᠋ᠢᠴᠠᠭ᠋ᠠᠬᠤ ᠠᠵᠢᠯᠲᠠᠨ ᠪᠠᠶ᠋ᠢᠴᠠᠭ᠋ᠠᠨ ᠲᠣᠳᠣᠷᠬᠠᠶ᠋ᠢᠯᠠᠬᠤ᠎ᠪᠠᠷ ᠳᠡᠮᠵᠢᠨ ᠵᠦᠶ ᠶᠣᠰᠣᠨ᠎ᠤ ᠪᠤᠰᠤ ᠠᠰᠢᠭ ᠣᠯᠤᠭᠰᠠᠨ ᠪᠠᠶ᠋ᠢᠪᠠᠯ᠂ ᠳ᠋ᠧᠩᠺᠧᠤ ᠰᠢᠶᠠᠨ᠎ᠤ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠤᠳᠤᠷᠢᠳᠬᠤ ᠳᠤᠭᠤᠶ᠋ᠢᠯᠠᠩ᠎ᠤᠨ ᠠᠯᠪᠠᠨ ᠬᠡᠷ᠎ᠲᠤ ᠢᠯᠡᠴᠢᠯᠡᠨ ᠮᠡᠳᠡᠭᠦᠯᠵᠦ ᠪᠣᠯᠤᠨ᠎ᠠ (ᠢᠯᠡᠴᠢᠯᠡᠨ ᠮᠡᠳᠡᠭᠦᠯᠬᠦ ᠤᠲᠠᠰᠤ᠄ 0478 — 4405505)᠃
    ᠡᠭᠦᠨ᠎ᠤ ᠲᠤᠯᠠ ᠣᠨᠴᠠᠭ᠋ᠠᠶ᠋ᠢᠯᠠᠨ ᠵᠠᠷᠯᠠᠪᠠ᠃
               

                       ᠳ᠋ᠧᠩᠺᠧᠤ ᠰᠢᠶᠠᠨ᠎ᠤ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠶ ᠵᠢᠨ
                            ᠨᠡᠶ᠋ᠢᠳᠡᠮ ᠪᠠᠶ᠋ᠢᠴᠠᠭ᠋ᠠᠯᠲᠠ ᠵᠢᠨ ᠤᠳᠤᠷᠢᠳᠬᠤ ᠪᠠᠭ᠎ᠤᠨ ᠠᠯᠪᠠᠨ ᠭᠡᠷ
                                 2023 ᠣᠨ᠎ᠤ 10 ᠰᠠᠷ᠎ᠠ ᠵᠢᠨ 12᠎ᠤᠨ ᠡᠳᠦᠷ
   

 

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ