ᠢᠯᠡ ᠵᠠᠰᠠᠭ   -   ᠪᠢᠴᠢᠭ ᠮᠠᠲ᠋ᠧᠷᠢᠶᠠᠯ

《ᠳ᠋ᠸᠩᠺᠸᠤ ᠰᠢᠶᠠᠨ᠎ᠤ ᠨᠢᠭᠲᠠ ᠬᠡᠯᠪᠡᠷᠢ ᠵᠢᠨ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢᠨ ᠬᠡᠷᠡᠭᠵᠢᠭᠦᠯᠬᠦ ᠲᠥᠰᠦᠯ (ᠲᠤᠷᠰᠢᠨ ᠬᠡᠷᠡᠭᠵᠢᠭᠦᠯᠬᠦ)》᠎ᠢ ᠳᠠᠷᠤᠮᠠᠯᠯᠠᠨ ᠲᠠᠷᠬᠠᠭ᠋ᠠᠬᠤ ᠲᠤᠬᠠᠶ ᠳ᠋ᠸᠩᠺᠸᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ᠎ᠤᠨ ᠮᠡᠳᠡᠭᠳᠡᠯ

ᠨᠡᠶ᠋ᠢᠲᠡᠯᠡᠭᠰᠡᠨ ᠴᠠᠭ᠄   2023-09-13

                    ᠳ᠋ᠸᠩᠺᠸᠦ ᠵᠠᠰᠠᠭ ᠠᠯᠪᠠᠨ ᠲᠠᠷᠬᠠᠭ᠋ᠠᠭᠰᠠᠨ[2023]35 ᠲᠣᠭ᠋ᠠᠲᠤ


ᠰᠢᠶᠠᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ ᠨᠢᠭᠡᠴᠡ᠂ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠡᠯ᠎ᠡ ᠪᠠᠶ᠋ᠢᠭᠤᠯᠤᠮᠵᠢ᠎ᠳᠤ᠄
      《ᠳ᠋ᠸᠩᠺᠸᠤ ᠰᠢᠶᠠᠨ᠎ᠤ ᠨᠢᠭᠲᠠ ᠬᠡᠯᠪᠡᠷᠢ ᠵᠢᠨ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢᠨ ᠬᠡᠷᠡᠭᠵᠢᠭᠦᠯᠬᠦ ᠲᠥᠰᠦᠯ (ᠲᠤᠷᠰᠢᠨ ᠬᠡᠷᠡᠭᠵᠢᠭᠦᠯᠬᠦ)》᠎ᠢ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠶ᠃
                               ᠳ᠋ᠸᠩᠺᠸᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ
                                  2023 ᠣᠨ᠎ᠤ 9 ᠰᠠᠷ᠎ᠠ ᠵᠢᠨ 13᠎ᠤ ᠡᠳᠦᠷ

      ᠳ᠋ᠸᠩᠺᠸᠤ ᠰᠢᠶᠠᠨ᠎ᠤ ᠨᠢᠭᠲᠠ ᠬᠡᠯᠪᠡᠷᠢ ᠵᠢᠨ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢᠨ ᠬᠡᠷᠡᠭᠵᠢᠭᠦᠯᠬᠦ ᠲᠥᠰᠦᠯ
      《ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠤᠯᠤᠰ᠎ᠤᠨ ᠬᠢᠲᠠᠳ ᠡᠮ ᠡᠮᠨᠡᠯᠭᠡ ᠵᠢᠨ ᠬᠠᠮᠢᠶᠠᠷᠤᠯᠲᠠ ᠵᠢᠨ ᠲᠣᠪᠴᠢᠶ᠎ᠠ ᠵᠢᠨ ᠨᠢᠭᠲᠠ ᠬᠡᠯᠪᠡᠷᠢ ᠵᠢᠨ ᠰᠢᠶᠠᠨ᠎ᠤ ᠬᠡᠪᠴᠢᠶᠡᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠠᠬᠢᠭᠤᠯᠬᠤ ᠲᠤᠬᠠᠶ ᠮᠡᠳᠡᠭᠳᠡᠯ》 (ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠤᠯᠤᠰ᠎ᠤᠨ ᠬᠢᠲᠠᠳ ᠡᠮ ᠡᠮᠨᠡᠯᠭᠡ ᠵᠢᠨ ᠬᠠᠮᠢᠶᠠᠷᠤᠯᠲᠠ ᠵᠢᠨ ᠲᠣᠪᠴᠢᠶ᠎ᠠ ᠵᠢᠨ ᠮᠡᠳᠡᠭᠳᠡᠯ》 (ᠤᠯᠤᠰ᠎ᠤᠨ ᠡᠷᠡᠭᠦᠯ ᠬᠠᠮᠠᠭ᠋ᠠᠯᠠᠯ᠎ᠤᠨ ᠦᠨᠳᠦᠰᠦᠨ ᠱᠠᠲᠤᠨ᠎ᠤ ᠵᠠᠬᠢᠳᠠᠯ [2019] 121 ᠳ᠋ᠦᠭᠡᠷ ᠲᠣᠭ᠋ᠠᠲᠤ)᠎ᠤᠨ 《ᠨᠢᠭᠲᠠ ᠬᠡᠯᠪᠡᠷᠢ ᠵᠢᠨ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢᠨ ᠬᠣᠯᠪᠣᠭᠳᠠᠯ ᠪᠥᠬᠥᠶ ᠠᠵᠢᠯ᠎ᠢ ᠲᠦᠷᠭᠡᠳᠬᠡᠨ ᠠᠬᠢᠭᠤᠯᠬᠤ ᠲᠤᠬᠠᠶ ᠮᠡᠳᠡᠭᠳᠡᠯ》 (ᠥᠪᠥᠷ ᠡᠮ ᠡᠮᠨᠡᠯᠭᠡ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠠᠯᠪᠠᠨ ᠥᠰᠥᠭ [2023]13 ᠳ᠋ᠤᠭ᠋ᠠᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ᠎ᠤᠨ ᠪᠠᠶ᠋ᠢᠭᠤᠯᠤᠯᠲᠠ ᠵᠢ ᠭᠦᠨᠵᠡᠭᠡᠶ ᠥᠷᠨᠢᠭᠦᠯᠵᠦ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠡᠬᠢ ᠪᠠᠶᠠᠯᠢᠭ᠎ᠤᠨ ᠪᠦᠬᠦᠯᠢ ᠴᠣᠭᠴᠠ ᠵᠢᠨ ᠦᠷ᠎ᠡ ᠠᠰᠢᠭ᠎ᠢ ᠭᠦᠢ᠍ᠴᠡᠳ ᠪᠠᠳᠠᠷᠠᠭᠤᠯᠤᠨ᠂ ᠮᠠᠨ᠎ᠤ ᠰᠢᠶᠠᠨ᠎ᠤ ᠨᠢᠭᠲᠠ ᠬᠡᠯᠪᠡᠷᠢ ᠵᠢᠨ ᠰᠢᠶᠠᠨ᠎ᠤ ᠬᠡᠪᠴᠢᠶᠡᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠬᠠᠮᠲᠤ ᠵᠢᠨ ᠴᠣᠭᠴᠠ (ᠳᠣᠷᠣᠭᠰᠢ 《ᠡᠮᠴᠢᠯᠡᠭᠡᠨ᠎ᠤ ᠬᠠᠮᠲᠤ ᠵᠢᠨ ᠴᠣᠭᠴᠠ》 ᠭᠡᠵᠦ ᠲᠣᠪᠴᠢᠯᠠᠨ᠎ᠠ) ᠵᠢᠨ ᠪᠠᠶ᠋ᠢᠭᠤᠯᠤᠯᠲᠠ ᠵᠢᠨ ᠠᠵᠢᠯ᠎ᠢ ᠪᠥᠬᠥ ᠲᠠᠯ᠎ᠠ᠎ᠪᠠᠷ ᠠᠬᠢᠭᠤᠯᠵᠤ᠂ ᠴᠢᠨᠠᠷ ᠰᠠᠶ᠋ᠢᠲᠠᠶ ᠥᠨᠳᠥᠷ ᠦᠷ᠎ᠡ ᠪᠦᠲᠦᠮᠵᠢᠲᠡᠶ ᠡᠮᠴᠢᠯᠡᠭᠡᠨ᠎ᠤ ᠦᠢ᠍ᠯᠡᠴᠢᠯᠡᠭᠡᠨ᠎ᠤ ᠰᠢᠰᠲ᠋ᠧᠮᠵᠢ ᠵᠢ ᠪᠠᠶ᠋ᠢᠭᠤᠯᠬᠤ ᠵᠢᠨ ᠲᠤᠰᠠᠳᠠ᠂ ᠮᠠᠨ᠎ᠤ ᠰᠢᠶᠠᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ᠂ ᠣᠨᠴᠣᠭᠣᠶ᠋ᠢᠯᠠᠨ ᠲᠣᠰ ᠲᠥᠰᠦᠯ᠎ᠢ ᠲᠣᠭᠲᠠᠭ᠋ᠠᠪᠠ᠃
      ᠨᠢᠭᠡ᠂ ᠶᠡᠷᠦᠩᠬᠡᠶ ᠱᠠᠭ᠋ᠠᠷᠳᠠᠯᠭ᠎ᠠ
      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠠᠷᠠᠳ ᠲᠦᠮᠡᠨ᠎ᠤ ᠡᠷᠡᠭᠦᠯ ᠮᠡᠨᠳᠦ᠎ᠪᠠᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠮᠠᠨ᠎ᠤ ᠰᠢᠶᠠᠨ᠎ᠤ ᠠᠵᠤ ᠠᠬᠤᠶ ᠨᠡᠶ᠋ᠢᠭᠡᠮ ᠪᠣᠯᠤᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠦᠢ᠍ᠯᠡᠰ᠎ᠤᠨ ᠬᠥᠭᠵᠢᠯᠲᠡ ᠵᠢᠨ ᠪᠣᠳᠠᠲᠤ ᠪᠠᠶ᠋ᠢᠳᠠᠯ᠎ᠳᠤ ᠰᠠᠭᠤᠷᠢᠯᠠᠨ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠴᠢᠳᠠᠮᠵᠢ ᠵᠢᠨ ᠪᠠᠶ᠋ᠢᠷᠢ ᠲᠣᠭᠲᠠᠭ᠋ᠠᠯᠲᠠ ᠵᠢ ᠨᠠᠶ᠋ᠢᠳᠠᠪᠤᠷᠢᠵᠢᠭᠤᠯᠬᠤ᠂ ᠦᠨᠳᠦᠰᠦᠨ ᠱᠠᠲᠤᠨ᠎ᠤ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ᠂ ᠬᠣᠣᠰ ᠴᠢᠭᠯᠡᠯ ᠵᠶ᠋ᠠᠷ ᠰᠢᠯᠵᠢᠭᠦᠯᠦᠨ ᠣᠨᠣᠰᠢᠯᠠᠬᠤ ᠶᠠᠪᠤᠴᠠ ᠵᠢ ᠰᠢᠯᠤᠭᠤᠳᠬᠠᠬᠤ᠎ᠪᠠᠷ ᠭᠣᠣᠯᠳᠠᠯᠭ᠎ᠠ ᠪᠣᠯᠭ᠋ᠠᠵᠤ᠂ ᠰᠢᠶᠠᠨ᠎ᠤ ᠬᠡᠪᠴᠢᠶᠡᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠰᠢᠰᠲ᠋ᠧᠮᠵᠢ᠂ ᠬᠠᠮᠢᠶᠠᠷᠤᠯᠲᠠ ᠵᠢᠨ ᠪᠠᠶ᠋ᠢᠭᠤᠯᠤᠯ ᠪᠠ ᠠᠵᠢᠯᠯᠠᠭ᠋ᠠᠨ᠎ᠤ ᠲᠣᠭᠲᠠᠴᠠ ᠵᠢᠨ ᠰᠢᠨ᠎ᠡ ᠵᠢ ᠡᠭᠦᠳᠴᠦ᠂ ᠰᠢᠶᠠᠨ᠎ᠤ ᠬᠡᠪᠴᠢᠶᠡᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠶᠠᠰᠤ ᠴᠢᠨᠠᠷ ᠪᠠ ᠮᠡᠷᠭᠡᠵᠢᠯ᠎ᠤᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠂ ᠱᠠᠲᠤ ᠬᠤᠪᠢᠶᠠᠨ ᠣᠨᠣᠰᠢᠯᠠᠨ ᠡᠮᠨᠡᠬᠦ᠂ ᠵᠦᠶ ᠵᠣᠬᠢᠰᠲᠠᠶ ᠣᠨᠣᠰᠢᠯᠠᠨ ᠵᠠᠰᠠᠬᠤ ᠪᠠ ᠡᠮᠬᠢ ᠵᠢᠷᠤᠮ᠎ᠲᠠᠢ ᠡᠮᠨᠡᠭᠦᠯᠬᠦ ᠰᠢᠨ᠎ᠡ ᠡᠮᠬᠢ ᠳᠢᠭᠯᠢᠮ᠎ᠢ ᠪᠠᠶ᠋ᠢᠭᠤᠯᠵᠤ᠂ ᠣᠯᠠᠨ ᠲᠦᠮᠡᠨ᠎ᠤ ᠡᠷᠡᠭᠦᠯ ᠮᠡᠨᠳᠦ ᠵᠢᠨ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ ᠪᠠ ᠠᠮᠤᠷ ᠲᠦᠪᠰᠢᠨ᠎ᠤ ᠲᠥᠷᠥᠭᠳᠡᠯ᠎ᠢ ᠬᠦᠴᠦᠯᠡᠨ ᠨᠡᠮᠡᠭᠳᠡᠭᠦᠯᠦᠨ᠎ᠡ᠃
      ᠬᠣᠶᠠᠷ᠂ ᠦᠨᠳᠦᠰᠦᠨ ᠵᠠᠷᠴᠢᠮ
      (ᠨᠢᠭᠡ) ᠵᠠᠰᠠᠭ᠎ᠤᠨ ᠣᠷᠳᠣᠨ ᠵᠶ᠋ᠠᠷ ᠭᠣᠤᠯᠯᠠᠭᠤᠯᠵᠤ᠂ ᠪᠠᠶ᠋ᠢᠷᠢ ᠲᠣᠭᠲᠠᠭ᠋ᠠᠯᠲᠠ ᠵᠢ ᠲᠣᠳᠣᠷᠬᠠᠶ᠋ᠢᠯᠠᠨ᠎ᠠ᠃ ᠵᠠᠰᠠᠭ᠎ᠤᠨ ᠣᠷᠳᠣᠨ ᠵᠶ᠋ᠠᠷ ᠭᠣᠤᠯᠯᠠᠭᠤᠯᠬᠤ ᠵᠢ ᠪᠠᠷᠢᠮᠲᠠᠯᠠᠵᠤ᠂ ᠣᠷᠣᠨ ᠪᠦᠰᠡ ᠵᠢᠨ ᠳᠣᠲᠣᠷᠠᠬᠢ ᠡᠮᠴᠢᠯᠡᠭᠡ ᠡᠷᠡᠭᠦᠯ ᠬᠠᠮᠠᠭ᠋ᠠᠯᠠᠯ᠎ᠤᠨ ᠡᠬᠢ ᠪᠠᠶᠠᠯᠢᠭ᠎ᠤᠨ ᠪᠦᠲᠦᠴᠡ ᠬᠢᠭᠡᠳ ᠪᠠᠶ᠋ᠢᠷᠢᠰᠢᠭᠤᠯᠤᠯᠲᠠ ᠵᠢ ᠦᠨᠳᠦᠰᠦᠯᠡᠨ᠂ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠡᠮᠬᠢ ᠵᠢᠷᠤᠮ᠎ᠲᠠᠢ ᠠᠬᠢᠭᠤᠯᠤᠨ᠎ᠠ; ᠵᠠᠰᠠᠭ᠎ᠤᠨ ᠣᠷᠳᠣᠨ᠎ᠤ ᠡᠮᠨᠡᠯᠭᠡ ᠡᠷᠭᠢᠯᠡᠬᠦ ᠬᠠᠷᠢᠭᠤᠴᠠᠯᠭ᠎ᠠ ᠵᠢ ᠴᠢᠩᠭ᠋ᠠᠷᠠᠭᠤᠯᠤᠨ᠂ ᠡᠳ᠋᠎ᠤᠨ ᠵᠠᠰᠠᠭ᠎ᠤᠨ ᠣᠷᠣᠭᠤᠯᠤᠯᠲᠠ ᠵᠢ ᠨᠠᠶ᠋ᠢᠳᠠᠪᠤᠷᠢᠵᠢᠭᠤᠯᠵᠤ᠂ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠨᠡᠶ᠋ᠢᠲᠡ ᠵᠢᠨ ᠠᠰᠠᠷᠠᠮᠵᠢ ᠵᠢᠨ ᠴᠢᠨᠠᠷ᠎ᠢ ᠦᠨᠡᠨᠬᠦ ᠬᠠᠮᠠᠭ᠋ᠠᠯᠠᠨ ᠪᠠᠲᠤᠯᠠᠨ᠎ᠠ᠃ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠰᠡᠷᠭᠡᠶ᠋ᠢᠯᠡᠨ ᠵᠠᠰᠠᠬᠤ ᠵᠢ ᠤᠶᠠᠯᠳᠤᠭᠤᠯᠤᠭᠰᠠᠨ ᠴᠢᠳᠠᠮᠵᠢ ᠵᠢᠨ ᠪᠠᠶ᠋ᠢᠷᠢ ᠲᠣᠭᠲᠠᠭ᠋ᠠᠯᠲᠠ ᠵᠢ ᠪᠠᠷᠢᠮᠲᠠᠯᠠᠵᠤ᠂ ᠡᠮᠴᠢᠯᠡᠭᠡᠨ᠎ᠤ ᠬᠠᠮᠲᠤ ᠵᠢᠨ ᠳᠣᠲᠣᠭ᠋ᠠᠳᠤ ᠵᠢᠨ ᠪᠦᠷᠢᠯᠳᠦᠬᠦᠨ ᠨᠢᠭᠡᠴᠡ ᠵᠢᠨ ᠡᠭᠦᠷᠭᠡ ᠬᠠᠷᠢᠭᠤᠴᠠᠯᠭ᠎ᠠ ᠡᠭᠦᠷᠭᠡ ᠵᠢ ᠵᠠᠷᠴᠢᠮ ᠳᠡᠭᠡᠷ᠎ᠡ᠎ᠪᠠᠨ ᠬᠤᠪᠢᠷᠠᠭᠤᠯᠬᠤ ᠥᠬᠡᠶ ᠪᠠᠶ᠋ᠢᠯᠭ᠋ᠠᠨ᠎ᠠ᠃
      (ᠬᠣᠶᠠᠷ) ᠡᠷᠬᠡ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠠᠵᠢᠯ ᠵᠶ᠋ᠠᠨ ᠬᠤᠪᠢᠶᠠᠷᠢᠯᠠᠨ ᠬᠠᠮᠵᠢᠯᠴᠠᠨ᠎ᠠ᠃ ᠡᠮᠴᠢᠯᠡᠭᠡᠨ᠎ᠤ ᠬᠠᠮᠲᠤ ᠵᠢᠨ ᠴᠣᠭᠴᠠ᠎ᠪᠠᠷ ᠲᠦᠷᠦᠭᠦᠯᠡᠭᠦᠯᠦᠭᠰᠡᠨ ᠡᠮᠴᠢᠯᠡᠭᠡᠨ᠎ᠤ ᠪᠠᠶ᠋ᠢᠭᠤᠯᠤᠮᠵᠢ᠎ᠨᠢ ᠪᠠᠴᠢᠮ ᠲᠦᠭᠰᠢᠭᠦᠷᠢᠲᠡᠶ ᠬᠦᠨᠳᠦ ᠡᠪᠡᠳᠴᠢᠲᠡᠨ᠎ᠢ ᠠᠪᠤᠷᠠᠨ ᠵᠠᠰᠠᠬᠤ ᠪᠠ ᠬᠦᠴᠢᠷ ᠲᠦᠪᠡᠭᠲᠡᠶ ᠪᠤᠳᠤᠯᠢᠶᠠᠨᠲᠠᠶ ᠡᠪᠡᠳᠴᠢᠨ ᠡᠮᠭᠡᠭ᠎ᠢ ᠳᠡᠭᠡᠭᠰᠢ ᠰᠢᠯᠵᠢᠭᠦᠯᠦᠨ ᠡᠮᠨᠡᠭᠦᠯᠬᠦ ᠦᠢ᠍ᠯᠡᠴᠢᠯᠡᠭᠡ ᠵᠢ ᠭᠣᠤᠯᠳᠠᠯᠭ᠎ᠠ᠎ᠲᠠᠢ ᠡᠭᠦᠷᠭᠡᠯᠡᠵᠦ᠂ ᠡᠮᠴᠢᠯᠡᠭᠡᠨ᠎ᠤ ᠬᠠᠮᠲᠤ ᠵᠢᠨ ᠪᠡᠶ᠎ᠡ ᠵᠢᠨ ᠳᠣᠲᠣᠭ᠋ᠠᠳᠤ ᠵᠢᠨ ᠡᠪᠡᠳᠴᠢᠨ ᠡᠮᠭᠡᠭ᠎ᠢ ᠰᠡᠷᠭᠡᠶ᠋ᠢᠯᠡᠨ ᠬᠢᠵᠠᠭ᠋ᠠᠷᠯᠠᠬᠤ ᠠᠵᠢᠯ᠎ᠢ ᠨᠢᠭᠡᠳᠦᠯᠲᠡᠶ ᠲᠥᠯᠥᠪᠯᠡᠨ ᠬᠠᠮᠢᠶᠠᠷᠤᠨ᠎ᠠ᠃ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠨᠢ ᠪᠠᠶ᠋ᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ᠎ᠢ ᠣᠨᠣᠰᠢᠯᠠᠨ ᠡᠮᠨᠡᠬᠦ ᠦᠢ᠍ᠯᠡᠴᠢᠯᠡᠭᠡ ᠬᠠᠩᠭ᠋ᠠᠵᠤ᠂ ᠭᠣᠤᠯᠳᠠᠭᠤ ᠣᠨᠣᠰᠢᠯᠠᠭᠰᠠᠨ᠎ᠨᠢ ᠲᠣᠳᠣᠷᠬᠠᠶ᠂ ᠡᠪᠡᠳᠴᠢᠨ᠎ᠤ ᠪᠠᠶ᠋ᠢᠳᠠᠯ᠎ᠨᠢ ᠲᠣᠭᠲᠠᠪᠤᠷᠢᠲᠠᠶ ᠤᠳᠠᠭ᠋ᠠᠨ ᠴᠢᠨᠠᠷᠲᠠᠶ ᠡᠪᠡᠳᠴᠢᠲᠡᠨ᠂ ᠡᠷᠡᠭᠦᠯᠵᠢᠯ᠎ᠤᠨ ᠬᠤᠭᠤᠴᠠᠭ᠋ᠠᠨ᠎ᠤ ᠡᠪᠡᠳᠴᠢᠲᠡᠨ᠎ᠳᠤ ᠦᠷᠭᠦᠯᠵᠢᠯᠡᠭᠰᠡᠨ ᠴᠢᠨᠠᠷᠲᠠᠶ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡ ᠬᠠᠩᠭ᠋ᠠᠬᠤ ᠵᠢᠨ ᠬᠠᠮᠲᠤ ᠱᠠᠭ᠋ᠠᠷᠳᠠᠯᠭ᠎ᠠ ᠶᠣᠰᠣᠭ᠋ᠠᠷ ᠦᠨᠳᠦᠰᠦᠨ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡ ᠪᠠ ᠴᠢᠬᠤᠯᠠ ᠶᠡᠬᠡ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡ ᠵᠢ ᠨᠠᠶ᠋ᠢᠳᠠᠪᠤᠷᠢᠵᠢᠭᠤᠯᠤᠨ᠎ᠠ᠃
      (ᠭᠤᠷᠪᠠ) ᠡᠬᠢ ᠪᠠᠶᠠᠯᠢᠭ᠎ᠢ ᠳᠣᠷᠣᠭᠰᠢ ᠪᠠᠭᠤᠯᠭ᠋ᠠᠵᠤ᠂ ᠴᠢᠳᠠᠪᠤᠷᠢ ᠵᠢ᠎ᠨᠢ ᠳᠡᠭᠡᠭᠰᠢᠯᠡᠭᠦᠯᠦᠨ᠎ᠡ᠃ ᠣᠷᠣᠨ ᠪᠦᠰᠡ ᠵᠢᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠰᠢᠶᠠᠨ᠎ᠤ ᠬᠡᠪᠴᠢᠶᠡᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠵᠢ ᠲᠦᠯᠬᠢᠨ ᠠᠬᠢᠭᠤᠯᠵᠤ᠂ ᠴᠢᠨᠠᠷ ᠰᠠᠶ᠋ᠢᠲᠠᠶ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠡᠬᠢ ᠪᠠᠶᠠᠯᠢᠭ᠎ᠢ ᠦᠨᠳᠦᠰᠦᠨ ᠱᠠᠲᠤᠨ᠎ᠳᠤ ᠰᠢᠶᠠᠨ᠎ᠤ ᠬᠡᠪᠴᠢᠶᠡᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢ ᠥᠭᠡᠷᠡᠴᠢᠯᠡᠨ ᠲᠡᠭᠦᠯᠳᠡᠷᠵᠢᠭᠦᠯᠵᠦ᠂ ᠰᠢᠶᠠᠨ ᠰᠢᠶᠠᠩ᠎ᠢ ᠨᠢᠭᠡ ᠴᠤᠭᠴᠠᠵᠢᠭᠤᠯᠬᠤ᠂ ᠬᠥᠳᠡᠭᠡ ᠲᠣᠰᠬᠣᠨ᠎ᠢ ᠨᠢᠭᠡ ᠴᠤᠭᠴᠠᠵᠢᠭᠤᠯᠬᠤ ᠬᠠᠮᠢᠶᠠᠷᠤᠯᠲᠠ ᠵᠢ ᠠᠬᠢᠭᠤᠯᠤᠨ᠂ ᠰᠢᠶᠠᠨ᠎ᠤ ᠬᠡᠪᠴᠢᠶᠡᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢᠨ ᠪᠦᠬᠦᠯᠢ ᠴᠣᠭᠴᠠ ᠵᠢᠨ ᠠᠮᠵᠢᠯᠲᠠ ᠪᠦᠲᠦᠮᠵᠢ ᠪᠠ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠦᠨ᠎ᠡ᠃
      (ᠳᠥᠷᠪᠡ) ᠲᠣᠭᠲᠠᠴᠠ ᠵᠢᠨ ᠰᠢᠨ᠎ᠡ ᠵᠢ ᠡᠭᠦᠳᠴᠦ᠂ ᠣᠯᠠᠨ ᠲᠦᠮᠡᠨ᠎ᠳᠤ ᠠᠰᠢᠭ ᠬᠦᠷᠲᠡᠭᠡᠨ᠎ᠡ᠃ ᠦᠨᠳᠦᠰᠦᠨ ᠱᠠᠲᠤᠨ᠎ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠵᠢ ᠪᠠᠳᠠᠷᠠᠭᠤᠯᠤᠨ᠂ 《ᠭᠤᠷᠪᠠᠨ ᠡᠮᠨᠡᠯᠭᠡ》 ᠵᠢᠨ ᠬᠣᠯᠪᠣᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠵᠤ᠂ ᠨᠡᠶ᠋ᠢᠲᠡ ᠵᠢᠨ ᠠᠰᠠᠷᠠᠮᠵᠢ ᠵᠢᠨ ᠴᠢᠨᠠᠷ᠎ᠢ ᠬᠠᠮᠠᠭ᠋ᠠᠯᠠᠬᠤ᠂ ᠢᠳᠡᠪᠬᠢᠵᠢᠯ᠎ᠢ ᠳᠠᠶ᠋ᠢᠴᠢᠯᠠᠬᠤ ᠪᠠ ᠦᠷᠭᠦᠯᠵᠢᠯᠡᠬᠦ ᠵᠢ ᠪᠠᠲᠤᠯᠠᠬᠤ ᠠᠵᠢᠯᠯᠠᠭ᠋ᠠᠨ᠎ᠤ ᠲᠣᠭᠲᠠᠴᠠ ᠵᠢ ᠤᠯᠠᠮ ᠨᠢᠭᠡ ᠠᠯᠬᠤᠮ ᠪᠦᠷᠢᠨᠰᠢᠭᠦᠯᠦᠨ᠎ᠡ᠃ ᠠᠷᠠᠳ ᠲᠦᠮᠡᠨ᠎ᠤ ᠡᠷᠡᠭᠦᠯ ᠮᠡᠨᠳᠤ᠎ᠪᠠᠷ ᠭᠣᠣᠯ ᠪᠣᠯᠭ᠋ᠠᠬᠤ ᠵᠢ ᠪᠠᠷᠢᠮᠲᠠᠯᠠᠵᠤ᠂ ᠦᠢ᠍ᠯᠡᠴᠢᠯᠡᠭᠡᠨ᠎ᠤ ᠶᠠᠪᠤᠴᠠ ᠪᠠ ᠪᠡᠶᠡᠴᠢᠯᠡᠨ ᠣᠶ᠋ᠢᠯᠠᠭ᠋ᠠᠬᠤ ᠶᠠᠪᠤᠴᠠ ᠵᠢ ᠰᠢᠯᠢᠳᠡᠭᠵᠢᠭᠦᠯᠵᠦ᠂ ᠤᠯᠠᠨ ᠲᠦᠮᠡᠨ᠎ᠳᠤ ᠴᠢᠨᠠᠷ ᠰᠠᠶ᠋ᠢᠲᠠᠶ᠂ ᠳᠥᠭᠥᠮ ᠳᠥᠲᠡ᠂ ᠬᠢᠮᠳᠠ ᠪᠦᠬᠦᠯᠢ ᠴᠣᠭᠴᠠᠲᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡ ᠬᠠᠩᠭ᠋ᠠᠬᠤ᠎ᠪᠠᠷ ᠴᠢᠷᠮᠠᠶ᠋ᠢᠨ᠎ᠠ᠃
      ᠭᠤᠷᠪᠠ᠂ ᠠᠵᠢᠯ᠎ᠤᠨ ᠬᠠᠷᠠᠯᠲᠠ
      ᠨᠢᠭᠲᠠ ᠬᠡᠯᠪᠡᠷᠢ ᠵᠢᠨ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠪᠥᠲᠥᠭᠡᠨ ᠪᠠᠶ᠋ᠢᠭᠤᠯᠤᠯᠲᠠ᠎ᠪᠠᠷ ᠳᠡᠮᠵᠢᠨ᠂ ᠰᠢᠶᠠᠨ᠎ᠤ ᠬᠡᠪᠴᠢᠶᠡᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠴᠢᠳᠠᠪᠤᠷᠢ ᠵᠢ ᠢᠯᠡᠳᠲᠡ ᠳᠡᠭᠡᠭᠰᠢᠯᠡᠭᠦᠯᠵᠦ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢ ᠪᠦᠲᠦᠮᠵᠢᠲᠡᠶ ᠠᠰᠢᠭᠯᠠᠵᠤ᠂ ᠰᠠᠭᠤᠭ᠋ᠠᠯᠢ ᠠᠷᠠᠳ᠎ᠤᠨ ᠡᠮ ᠡᠮᠨᠡᠯᠭᠡ ᠵᠢᠨ ᠵᠠᠷᠤᠳᠠᠯ᠎ᠤᠨ ᠳᠠᠷᠤᠭ᠋ᠠᠰᠤ ᠵᠢ ᠵᠦᠶ ᠵᠣᠬᠢᠰᠲᠠᠶ ᠡᠵᠡᠮᠳᠡᠨ᠂ ᠡᠮᠬᠢ ᠵᠢᠷᠤᠮ᠎ᠲᠠᠢ᠎ᠪᠠᠷ ᠡᠮᠨᠡᠭᠦᠯᠬᠦ ᠪᠠᠶ᠋ᠢᠷᠢᠰᠢᠯ᠎ᠢ ᠦᠨᠳᠦᠰᠦᠨ᠎ᠳᠡᠭᠡᠨ ᠪᠣᠶ ᠪᠣᠯᠭ᠋ᠠᠨ᠎ᠠ᠃
      2023 ᠣᠨ᠎ᠳᠤ᠂ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠨᠢᠭᠲᠠ ᠪᠠᠶ᠋ᠢᠭᠤᠯᠤᠯᠲᠠ ᠵᠢ ᠪᠥᠬᠥ ᠲᠠᠯ᠎ᠠ᠎ᠪᠠᠷ ᠡᠬᠢᠯᠡᠭᠦᠯᠵᠦ᠂ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠰᠤᠳᠤᠯᠤᠨ ᠪᠠᠶ᠋ᠢᠷᠢᠯᠠᠭᠤᠯᠵᠤ᠂ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢᠨ ᠬᠡᠷᠡᠭᠵᠢᠭᠦᠯᠬᠦ ᠲᠥᠰᠦᠯ᠎ᠢ ᠲᠣᠭᠲᠠᠭ᠋ᠠᠨ ᠨᠡᠶ᠋ᠢᠲᠡᠯᠡᠵᠦ᠂ ᠰᠢᠶᠠᠨ᠎ᠤ ᠨᠠᠮ᠎ᠤᠨ ᠬᠣᠷᠢᠶ᠎ᠠ᠂ ᠰᠢᠶᠠᠨ᠎ᠤ ᠵᠠᠰᠠᠭ᠎ᠤᠨ ᠣᠷᠳᠣᠨ ᠵᠶ᠋ᠠᠷ ᠲᠦᠷᠦᠭᠦᠯᠡᠭᠦᠯᠦᠭᠰᠡᠨ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠨᠢᠭᠲᠠ ᠬᠠᠮᠢᠶᠠᠷᠤᠯᠲᠠ ᠵᠢᠨ ᠵᠥᠪᠯᠡᠯ᠎ᠢ ᠪᠠᠶ᠋ᠢᠭᠤᠯᠵᠤ᠂ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠵᠣᠬᠢᠶᠠᠨ ᠪᠠᠶ᠋ᠢᠭᠤᠯᠤᠯᠲᠠ ᠵᠢ ᠠᠩᠬ᠎ᠠ ᠠᠯᠬᠤᠮ ᠪᠡᠶᠡᠯᠡᠭᠦᠯᠵᠦ᠂ ᠪᠣᠶ ᠪᠥᠬᠥᠶ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢ ᠴᠥᠮ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠠᠵᠢᠯᠯᠠᠭ᠋ᠠᠨ᠎ᠤ ᠬᠠᠮᠢᠶᠠᠷᠤᠯᠲᠠ᠎ᠳᠤ ᠣᠷᠣᠭᠤᠯᠪᠠ᠃ ᠰᠢᠶᠠᠨ᠎ᠤ ᠠᠷᠠᠳ᠎ᠤᠨ ᠡᠮᠨᠡᠯᠭᠡ ᠵᠢᠨ ᠬᠣᠷᠢᠶ᠎ᠠ᠎ᠪᠠᠷ ᠲᠣᠯᠣᠭ᠋ᠠᠶ᠋ᠢᠯᠠᠬᠤ ᠨᠢᠭᠡᠴᠡ ᠪᠣᠯᠭ᠋ᠠᠭᠰᠠᠨ᠂ ᠬᠢᠲᠠᠳ ᠮᠣᠩᠭᠣᠯ ᠡᠮᠨᠡᠯᠭᠡ ᠵᠢᠨ ᠬᠣᠷᠢᠶ᠎ᠠ ᠪᠠ ᠡᠬᠡ ᠨᠢᠯᠬᠠᠰ᠎ᠤᠨ ᠡᠷᠡᠭᠦᠯᠵᠢᠯ᠎ᠤᠨ ᠬᠣᠷᠢᠶ᠎ᠠ᠎ᠪᠠᠷ ᠲᠤᠯᠭ᠋ᠠᠭᠤᠷᠢᠯᠠᠭᠰᠠᠨ ᠨᠢᠭᠲᠠ ᠬᠡᠯᠪᠡᠷᠢ ᠵᠢᠨ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠬᠠᠮᠢᠶᠠᠷᠤᠯᠲᠠ ᠵᠢᠨ ᠠᠵᠢᠯᠯᠠᠭ᠋ᠠᠨ᠎ᠤ ᠲᠣᠭᠲᠠᠴᠠ ᠵᠢ ᠲᠤᠷᠰᠢᠨ ᠬᠡᠷᠡᠭᠵᠢᠭᠦᠯᠵᠦ᠂ ᠯᠦᠩ ᠱᠧᠩ ᠾᠧ ᠪᠠᠯᠭ᠋ᠠᠰᠤᠨ᠎ᠤ ᠲᠥᠪ ᠡᠷᠡᠭᠦᠯ ᠬᠠᠮᠠᠭ᠋ᠠᠯᠠᠯ᠎ᠤᠨ ᠬᠣᠷᠢᠶ᠎ᠠ ᠵᠢ ᠨᠢᠭᠲᠠ ᠬᠡᠯᠪᠡᠷᠢ ᠵᠢᠨ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠲᠤᠷᠰᠢᠯᠲᠠ ᠵᠢᠨ ᠴᠡᠭ᠎ᠤᠨ ᠡᠷᠡᠭᠦᠯ ᠬᠠᠮᠠᠭ᠋ᠠᠯᠠᠯ᠎ᠤᠨ ᠬᠣᠷᠢᠶ᠎ᠠ᠎ᠳᠤ ᠣᠷᠣᠭᠤᠯᠵᠤ᠂ 2023 ᠣᠨ᠎ᠤ 7 ᠳ᠋ᠤᠭ᠋ᠠᠷ ᠰᠠᠷ᠎ᠠ ᠵᠢᠨ ᠰᠡᠭᠦᠯᠴᠢ᠎ᠳᠤ᠂ ᠵᠠᠰᠠᠭ ᠵᠠᠬᠢᠷᠭ᠋ᠠᠨ᠂ ᠠᠵᠢᠯᠲᠠᠨ᠂ ᠲᠤᠬᠠᠶ᠋ᠢᠯᠠᠭᠰᠠᠨ ᠠᠵᠢᠯ᠂ ᠡᠮ᠎ᠤᠨ ᠵᠦᠢ᠍ᠯ ᠪᠠᠭ᠋ᠠᠵᠢ ᠬᠡᠷᠡᠭᠰᠡᠯ᠂ ᠡᠳ᠋᠎ᠤᠨ ᠶᠠᠪᠤᠳᠠᠯ᠂ ᠠᠵᠢᠯ᠎ᠤᠨ ᠠᠮᠵᠢᠯᠲᠠ ᠪᠦᠲᠦᠮᠵᠢ ᠵᠡᠷᠭᠡ 《ᠵᠢᠷᠭᠤᠭ᠋ᠠᠨ ᠨᠢᠭᠡᠳᠦᠯᠲᠡᠶ》 ᠬᠠᠮᠢᠶᠠᠷᠤᠯᠲᠠ ᠵᠢ ᠪᠡᠶᠡᠯᠡᠭᠦᠯᠦᠨ᠎ᠡ᠃ 2025 ᠣᠨ᠎ᠳᠤ᠂ ᠪᠦᠬᠦ ᠰᠢᠶᠠᠨ᠎ᠤ ᠬᠡᠪᠴᠢᠶᠡᠨ᠎ᠤ ᠡᠪᠡᠳᠴᠢᠨ ᠦᠵᠡᠭᠦᠯᠬᠦ ᠨᠤᠷᠮ᠎ᠠ ᠵᠢ 90% ᠣᠷᠴᠢᠮ᠎ᠳᠤ ᠬᠦᠷᠭᠡᠬᠦ᠂ ᠰᠢᠶᠠᠨ᠎ᠤ ᠬᠡᠪᠴᠢᠶᠡᠨ᠎ᠳᠤ ᠦᠨᠳᠦᠰᠦᠨ ᠱᠠᠲᠤᠨ᠎ᠳᠤ ᠡᠪᠡᠳᠴᠢᠨ ᠦᠵᠡᠭᠦᠯᠬᠦ ᠨᠤᠷᠮ᠎ᠠ ᠵᠢ 65% ᠣᠷᠴᠢᠮ᠎ᠳᠤ ᠬᠦᠷᠭᠡᠬᠦ᠂ ᠰᠢᠶᠠᠨ᠎ᠤ ᠬᠡᠪᠴᠢᠶᠡᠨ᠎ᠤ ᠡᠮᠨᠡᠯᠭᠡ᠎ᠳᠤ ᠰᠠᠭᠤᠬᠤ ᠨᠤᠷᠮ᠎ᠠ ᠵᠢ 85%᠎ᠳᠤ ᠬᠦᠷᠭᠡᠬᠦ ᠵᠢ ᠠᠯᠬᠤᠮ ᠠᠯᠬᠤᠮ ᠵᠶ᠋ᠠᠷ ᠪᠡᠶᠡᠯᠡᠭᠦᠯᠦᠨ᠎ᠡ; ᠪᠣᠶ ᠪᠥᠬᠥᠶ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢ ᠴᠥᠮ ᠨᠢᠭᠲᠠ ᠬᠡᠯᠪᠡᠷᠢ ᠵᠢᠨ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠵᠢᠨ ᠴᠣᠭᠴᠠ ᠵᠢᠨ 《ᠨᠠᠢ᠍ᠮᠠᠨ ᠨᠢᠭᠡᠳᠦᠯᠲᠡᠶ》 ᠬᠠᠮᠢᠶᠠᠷᠤᠯᠲᠠ᠎ᠳᠤ ᠣᠷᠣᠭᠤᠯᠤᠨ᠎ᠠ᠃ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠴᠢᠳᠠᠮᠵᠢ ᠵᠢᠨ ᠬᠡᠯᠪᠡᠷᠢ ᠪᠠᠶ᠋ᠢᠳᠠᠯ᠎ᠢ ᠨᠠᠩ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠵᠢᠯᠯᠠᠭ᠋ᠠᠨ᠎ᠤ ᠬᠠᠮᠢᠶᠠᠷᠤᠯᠲᠠ ᠵᠢ ᠨᠠᠩ ᠴᠢᠨᠠᠷ ᠰᠠᠶ᠋ᠢᠲᠠᠶ ᠪᠥᠭᠡᠳ ᠥᠨᠳᠥᠷ ᠪᠦᠲᠦᠮᠵᠢᠲᠡᠶ ᠪᠣᠯᠭ᠋ᠠᠵᠤ᠂ ᠦᠢ᠍ᠯᠡᠴᠢᠯᠡᠭᠡᠨ᠎ᠤ ᠴᠢᠳᠠᠪᠤᠷᠢ ᠵᠢ ᠢᠯᠡᠳᠲᠡ ᠳᠡᠭᠡᠭᠰᠢᠯᠡᠭᠦᠯᠦᠨ᠂ ᠱᠠᠲᠤ ᠬᠤᠪᠢᠶᠠᠨ ᠣᠨᠣᠰᠢᠯᠠᠨ ᠡᠮᠨᠡᠬᠦ᠎ᠳᠤ ᠳᠥᠭᠥᠮ ᠳᠥᠲᠡ ᠪᠥᠭᠡᠳ ᠡᠮᠬᠢ ᠵᠢᠷᠤᠮ᠎ᠲᠠᠢ ᠪᠣᠯᠭ᠋ᠠᠵᠤ᠂ ᠡᠷᠡᠭᠦᠯ ᠮᠡᠨᠳᠦ ᠵᠢᠨ ᠬᠠᠮᠢᠶᠠᠷᠤᠯᠲᠠ ᠵᠢ ᠨᠠᠷᠢᠯᠢᠭ ᠣᠨᠣᠴᠠᠲᠠᠶ᠎ᠪᠠᠷ ᠬᠡᠷᠡᠭᠵᠢᠭᠦᠯᠵᠦ᠂ ᠡᠳ᠋᠎ᠤᠨ ᠵᠠᠰᠠᠭ᠎ᠤᠨ ᠪᠠᠲᠤᠯᠠᠭ᠎ᠠ ᠪᠠ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠦᠷᠭᠦᠯᠵᠢᠯᠡᠬᠦ ᠵᠢ ᠪᠠᠲᠤᠯᠠᠵᠤ᠂ ᠰᠢᠶᠠᠨ᠎ᠤ ᠬᠡᠪᠴᠢᠶᠡᠨ᠎ᠳᠠᠬᠢ ᠣᠯᠠᠨ ᠲᠦᠮᠡᠨ᠎ᠤ ᠡᠮ ᠡᠮᠨᠡᠯᠭᠡ ᠵᠢᠨ ᠵᠠᠷᠤᠳᠠᠯ᠎ᠤᠨ ᠡᠭᠦᠷᠭᠡᠯᠡᠯ᠎ᠢ ᠵᠦᠶ ᠵᠣᠬᠢᠰᠲᠠᠶ ᠬᠢᠵᠠᠭ᠋ᠠᠷᠯᠠᠵᠤ᠂ ᠡᠷᠡᠭᠦᠯ ᠮᠡᠨᠳᠦ ᠵᠢᠨ ᠬᠢᠷᠢ ᠬᠡᠮᠵᠢᠶ᠎ᠡ ᠵᠢ ᠢᠯᠡᠳᠲᠡ ᠳᠡᠭᠡᠭᠰᠢᠯᠡᠭᠦᠯᠦᠨ᠂ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠬᠦᠷᠲᠡᠮᠵᠢ ᠵᠢᠨ ᠲᠥᠷᠥᠭᠳᠡᠯ᠎ᠢ ᠢᠯᠡᠳᠲᠡ ᠨᠡᠮᠡᠭᠳᠡᠭᠦᠯᠦᠨ᠎ᠡ᠃
      ᠳᠥᠷᠪᠡ᠂ ᠭᠣᠤᠯ ᠪᠣᠯᠬᠤ ᠠᠷᠭ᠎ᠠ ᠬᠡᠮᠵᠢᠶ᠎ᠡ
      (ᠨᠢᠭᠡ) ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠰᠢᠨ᠎ᠡ ᠰᠢᠰᠲ᠋ᠧᠮᠵᠢ ᠵᠢ ᠪᠠᠶ᠋ᠢᠭᠤᠯᠤᠨ᠎ᠠ
      1. ᠨᠢᠭᠲᠠ ᠬᠡᠯᠪᠡᠷᠢ ᠵᠢᠨ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠵᠢᠨ ᠴᠣᠭᠴᠠ ᠵᠢ ᠵᠦᠶ ᠵᠣᠬᠢᠰᠲᠠᠶ ᠵᠣᠬᠢᠶᠠᠨ ᠪᠠᠶ᠋ᠢᠭᠤᠯᠤᠨ᠎ᠠ᠃ ᠰᠢᠶᠠᠨ᠎ᠤ ᠨᠠᠮ᠎ᠤᠨ ᠬᠣᠷᠢᠶ᠎ᠠ᠂ ᠰᠢᠶᠠᠨ᠎ᠤ ᠵᠠᠰᠠᠭ᠎ᠤᠨ ᠣᠷᠳᠣᠨ᠎ᠤ ᠤᠳᠤᠷᠢᠳᠤᠯᠭ᠎ᠠ ᠵᠢᠨ ᠳᠣᠣᠷ᠎ᠠ᠂ ᠤᠳᠤ ᠪᠠᠶ᠋ᠢᠭ᠎ᠠ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠪᠠᠶ᠋ᠢᠷᠢᠯᠠᠭᠤᠯᠤᠯᠲᠠ ᠪᠠ ᠴᠢᠳᠠᠪᠤᠷᠢ ᠵᠢᠨ ᠪᠠᠶ᠋ᠢᠳᠠᠯ᠎ᠢ ᠦᠨᠳᠦᠰᠦᠯᠡᠨ᠂ ᠰᠢᠶᠠᠨ᠎ᠤ ᠠᠷᠠᠳ᠎ᠤᠨ ᠡᠮᠨᠡᠯᠭᠡ ᠵᠢᠨ ᠬᠣᠷᠢᠶ᠎ᠠ᠎ᠪᠠᠷ ᠲᠦᠷᠦᠭᠦᠯᠡᠭᠦᠯᠦᠭᠰᠡᠨ ᠡᠮ ᠡᠮᠨᠡᠯᠭᠡ ᠵᠢᠨ ᠬᠠᠮᠲᠤ ᠵᠢᠨ ᠴᠣᠭᠴᠠ ᠵᠢ ᠪᠠᠶ᠋ᠢᠭᠤᠯᠤᠨ᠎ᠠ᠃ ᠡᠮ ᠡᠮᠨᠡᠯᠭᠡ ᠵᠢᠨ ᠬᠠᠮᠲᠤ ᠵᠢᠨ ᠴᠣᠭᠴᠠ ᠵᠢᠨ ᠡᠯ᠎ᠡ ᠪᠦᠷᠢᠯᠳᠦᠬᠦᠨ ᠨᠢᠭᠡᠴᠡ ᠵᠢᠨ ᠨᠢᠭᠡᠳᠦᠭᠡᠷ ᠨᠡᠷᠡᠶ᠋ᠢᠳᠦᠯ᠎ᠢ ᠬᠤᠪᠢᠷᠠᠭᠤᠯᠬᠤ ᠦᠭᠡᠢ᠂ 《ᠳ᠋ᠸᠩᠺᠸᠤ ᠰᠢᠶᠠᠨ᠎ᠤ ᠠᠷᠠᠳ᠎ᠤᠨ ᠡᠮᠨᠡᠯᠭᠡ ᠵᠢᠨ ᠬᠣᠷᠢᠶ᠎ᠠ + ᠬᠤᠪᠢᠶᠠᠷᠢ ᠡᠮᠨᠡᠯᠭᠡ ᠵᠢᠨ ᠬᠣᠷᠢᠶ᠎ᠠ》 ᠭᠡᠬᠦ ᠫᠠᠶ᠋ᠢᠰᠠ ᠵᠢ ᠨᠡᠮᠡᠵᠦ ᠡᠯᠭᠦᠨ᠎ᠡ᠃
      2. ᠬᠥᠳᠡᠭᠡ ᠲᠣᠰᠬᠣᠨ᠎ᠢ ᠨᠢᠭᠡ ᠴᠤᠭᠴᠠᠵᠢᠭᠤᠯᠤᠨ ᠬᠠᠮᠢᠶᠠᠷᠬᠤ ᠵᠢ ᠪᠥᠬᠥ ᠲᠠᠯ᠎ᠠ᠎ᠪᠠᠷ ᠠᠬᠢᠭᠤᠯᠤᠨ᠎ᠠ᠃ ᠵᠠᠰᠠᠭ᠎ᠤᠨ ᠣᠷᠳᠣᠨ᠎ᠠᠴᠠ ᠡᠷᠭᠢᠯᠡᠭᠰᠡᠨ ᠭᠠᠴᠠᠭ᠎ᠠ ᠲᠣᠰᠬᠣᠨ᠎ᠤ ᠡᠷᠡᠭᠦᠯ ᠬᠠᠮᠠᠭ᠋ᠠᠯᠠᠯ᠎ᠤᠨ ᠲᠠᠰᠤᠭ᠎ᠢ ᠶᠡᠷᠦᠩᠬᠡᠶ ᠡᠮᠨᠡᠯᠭᠡ ᠵᠢᠨ ᠬᠣᠷᠢᠶ᠎ᠠ᠎ᠳᠤ ᠣᠷᠣᠭᠤᠯᠵᠤ᠂ ᠠᠵᠢᠯᠲᠠᠨ᠂ ᠲᠤᠬᠠᠶ᠋ᠢᠯᠠᠭᠰᠠᠨ ᠠᠵᠢᠯ᠂ ᠡᠮ᠎ᠤᠨ ᠵᠦᠢ᠍ᠯ᠂ ᠡᠳ᠋᠎ᠤᠨ ᠶᠠᠪᠤᠳᠠᠯ᠂ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠦᠨᠡᠯᠡᠬᠦ ᠵᠡᠷᠭᠡ ᠵᠢ ᠰᠤᠮᠤ ᠪᠠᠯᠭ᠋ᠠᠰᠤ ᠵᠢᠨ ᠡᠷᠡᠭᠦᠯ ᠬᠠᠮᠠᠭ᠋ᠠᠯᠠᠯ᠎ᠤᠨ ᠬᠣᠷᠢᠶ᠎ᠠ᠎ᠠᠴᠠ ᠨᠢᠭᠡᠳᠦᠯᠲᠡᠶ ᠬᠠᠮᠢᠶᠠᠷᠤᠨ᠎ᠠ᠃ ᠲᠣᠰᠬᠣᠨ᠎ᠤ ᠡᠮᠴᠢ ᠥᠬᠡᠶ ᠡᠷᠡᠭᠦᠯ ᠬᠠᠮᠠᠭ᠋ᠠᠯᠠᠯ᠎ᠤᠨ ᠲᠠᠰᠤᠭ᠎ᠢ ᠡᠯ᠎ᠡ ᠰᠤᠮᠤ ᠪᠠᠯᠭ᠋ᠠᠰᠤ ᠵᠢᠨ ᠡᠷᠡᠭᠦᠯ ᠬᠠᠮᠠᠭ᠋ᠠᠯᠠᠯ᠎ᠤᠨ ᠬᠣᠷᠢᠶ᠎ᠠ᠎ᠠᠴᠠ ᠲᠣᠮᠢᠯᠠᠨ ᠰᠠᠭᠤᠯᠭ᠋ᠠᠬᠤ ᠪᠠ ᠤᠷᠲᠤᠳᠬᠠᠨ ᠡᠷᠭᠢᠯᠡᠵᠦ᠂ ᠬᠠᠷᠢᠶ᠎ᠠ ᠣᠷᠣᠨ᠎ᠤ ᠳᠣᠲᠣᠷᠠᠬᠢ ᠦᠨᠳᠦᠰᠦᠨ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡ ᠪᠠ ᠦᠨᠳᠦᠰᠦᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠵᠢᠯ᠎ᠢ ᠡᠭᠦᠷᠭᠡᠯᠡᠨ᠎ᠡ᠃
      3. ᠡᠮᠴᠢᠯᠡᠭᠡᠨ᠎ᠤ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠦᠨ᠎ᠡ᠃ 《ᠦᠨᠳᠦᠰᠦᠨ ᠵᠦᠢ᠍ᠯ᠎ᠢ ᠪᠠᠲᠤᠯᠠᠬᠤ᠂ ᠦᠨᠳᠦᠰᠦᠨ ᠱᠠᠲᠤ ᠵᠢ ᠴᠢᠩᠭ᠋ᠠᠳᠬᠠᠬᠤ᠂ ᠲᠣᠭᠲᠠᠴᠠ ᠵᠢ ᠪᠠᠶ᠋ᠢᠭᠤᠯᠬᠤ》 ᠵᠠᠷᠴᠢᠮ᠎ᠢ ᠪᠠᠷᠢᠮᠲᠠᠯᠠᠵᠤ᠂ ᠨᠢᠭᠲᠠ ᠬᠡᠯᠪᠡᠷᠢ ᠵᠢᠨ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠶ ᠠᠬᠢᠭᠤᠯᠵᠤ᠂ ᠰᠢᠶᠠᠨ᠎ᠤ ᠱᠠᠲᠤᠨ᠎ᠤ ᠡᠮᠨᠡᠯᠭᠡ ᠵᠢᠨ ᠬᠣᠷᠢᠶ᠎ᠠ ᠵᠢᠨ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢ ᠪᠠᠷᠢᠮᠵᠢᠶᠠᠵᠢᠭᠤᠯᠤᠭᠰᠠᠨ ᠪᠥᠲᠥᠭᠡᠨ ᠪᠠᠶ᠋ᠢᠭᠤᠯᠤᠯᠲᠠ᠎ᠳᠤ ᠬᠦᠷᠦᠭᠦᠯᠵᠦ᠂ ᠡᠮᠴᠢᠯᠡᠭᠡᠨ᠎ᠤ ᠬᠠᠮᠲᠤ ᠵᠢᠨ ᠴᠣᠭᠴᠠ ᠵᠢ ᠨᠢᠭᠡ ᠴᠣᠠᠠᠴᠠᠵᠢᠭᠤᠯᠥᠠᠠᠰᠠᠨ ᠬᠠᠮᠢᠶᠠᠷᠤᠯᠲᠠ ᠵᠢᠨ ᠳᠠᠪᠠᠭᠤᠯᠢᠭ᠎ᠢ ᠪᠠᠳᠠᠷᠠᠭᠤᠯᠤᠨ᠂ ᠠᠵᠢᠯ᠎ᠤᠨ ᠠᠮᠵᠢᠯᠲᠠ ᠪᠦᠲᠦᠮᠵᠢ ᠪᠠ ᠮᠡᠷᠭᠡᠵᠢᠯ᠎ᠤᠨ ᠴᠣᠯᠠ ᠳᠡᠪᠰᠢᠭᠦᠯᠬᠦ ᠵᠢᠨ  ᠲᠤᠯᠭ᠋ᠠᠭᠤᠷᠢ ᠦᠢ᠍ᠯᠡᠳᠦᠯ᠎ᠢ ᠠᠰᠢᠭᠯᠠᠨ᠂ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠵᠢᠯ ᠮᠡᠷᠭᠡᠵᠢᠯ᠎ᠤᠨ ᠲᠠᠲᠠᠬᠤ ᠬᠦᠴᠦᠨ ᠪᠠ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠵᠦ᠂ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠶᠠᠰᠤ ᠴᠢᠨᠠᠷ ᠪᠠ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠵᠢ ᠠᠬᠢᠭᠤᠯᠤᠨ᠂ 《ᠬᠣᠶᠠᠷ᠎ᠢ ᠳᠣᠷᠣᠭᠰᠢ ᠪᠠᠭᠤᠯᠭ᠋ᠠᠬᠤ᠂ ᠬᠣᠶᠠᠷ᠎ᠢ ᠳᠡᠭᠡᠭᠰᠢᠯᠡᠭᠦᠯᠬᠦ》 ᠵᠢ ᠪᠡᠶᠡᠯᠡᠭᠦᠯᠦᠨ᠎ᠡ᠃
      4. ᠡᠮᠴᠢᠯᠡᠭᠡ ᠡᠷᠡᠭᠦᠯ ᠬᠠᠮᠠᠭ᠋ᠠᠯᠠᠯ᠎ᠤᠨ ᠡᠬᠢ ᠪᠠᠶᠠᠯᠢᠭ᠎ᠢ ᠡᠷᠴᠢᠮᠵᠢᠭᠦᠯᠦᠨ ᠳᠣᠭᠢᠷᠠᠭᠤᠯᠬᠤ ᠵᠢ ᠲᠡᠭᠦᠯᠳᠡᠷᠵᠢᠭᠦᠯᠦᠨ᠎ᠡ᠃ ᠴᠣᠮᠬᠠᠳᠬᠠᠬᠤ᠂ ᠥᠨᠳᠥᠷ ᠦᠷ᠎ᠡ ᠪᠦᠲᠦᠮᠵᠢᠲᠡᠶ ᠪᠠᠶ᠋ᠢᠯᠭ᠋ᠠᠬᠤ ᠵᠠᠷᠴᠢᠮ᠎ᠤᠨ ᠶᠣᠰᠣᠭ᠋ᠠᠷ᠂ ᠨᠢᠭᠲᠠ ᠬᠡᠯᠪᠡᠷᠢ ᠵᠢᠨ ᠡᠮᠴᠢᠯᠡᠭᠡᠨ᠎ᠤ ᠬᠠᠮᠲᠤ ᠵᠢᠨ ᠪᠡᠶ᠎ᠡ ᠵᠢᠨ ᠳᠣᠲᠣᠷᠠᠬᠢ ᠵᠠᠰᠠᠭ ᠵᠠᠬᠢᠷᠭ᠋ᠠᠨ᠎ᠤ ᠬᠠᠮᠢᠶᠠᠷᠤᠯᠲᠠ᠂ ᠲᠤᠬᠠᠶ᠋ᠢᠯᠠᠭᠰᠠᠨ ᠠᠵᠢᠯ᠎ᠤᠨ ᠬᠠᠮᠢᠶᠠᠷᠤᠯᠲᠠ᠂ ᠠᠷᠤ ᠲᠠᠯ᠎ᠠ ᠵᠢᠨ ᠦᠢ᠍ᠯᠡᠴᠢᠯᠡᠭᠡ᠂ ᠮᠡᠳᠡᠭᠡ ᠵᠠᠩᠭᠢ ᠵᠢᠨ ᠰᠢᠰᠲ᠋ᠧᠮ ᠵᠡᠷᠭᠡ ᠵᠢ ᠨᠢᠭᠡᠳᠦᠯᠲᠡᠶ ᠠᠵᠢᠯᠯᠠᠭᠤᠯᠬᠤ ᠵᠢ ᠵᠣᠷᠢᠭᠵᠢᠭᠤᠯᠤᠨ ᠬᠡᠷᠡᠭᠵᠢᠭᠦᠯᠵᠦ᠂ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠠᠵᠢᠯᠯᠠᠭ᠋ᠠᠨ᠎ᠤ ᠥᠪᠡᠷ᠎ᠤᠨ ᠥᠷᠳᠡᠭ᠎ᠢ ᠪᠠᠭᠤᠷᠠᠭᠤᠯᠬᠤ ᠬᠡᠷᠡᠭᠲᠡᠶ᠃ ᠨᠡᠭᠡᠭᠡᠯᠲᠡ᠎ᠲᠠᠢ ᠪᠥᠭᠡᠳ ᠬᠠᠮᠲᠤ᠎ᠪᠠᠷ ᠡᠳ᠋ᠯᠡᠬᠦ ᠳᠦᠷᠰᠦ ᠰᠢᠩᠭᠡᠭᠡᠯᠲᠡ᠂ ᠵᠢᠷᠦᠬᠡᠨ᠎ᠤ ᠴᠠᠬᠢᠯᠭ᠋ᠠᠨ᠂ ᠡᠪᠡᠳᠴᠢᠨ᠎ᠤ ᠵᠦᠢ ᠵᠢᠨ ᠣᠨᠣᠰᠢᠯᠠᠯᠲᠠ ᠪᠠ ᠠᠨᠠᠭ᠋ᠠᠬᠤ ᠤᠬᠠᠭ᠋ᠠᠨ᠎ᠤ ᠰᠢᠯᠭ᠋ᠠᠨ ᠪᠠᠶ᠋ᠢᠴᠠᠭ᠋ᠠᠯᠲᠠ ᠵᠡᠷᠭᠡ ᠲᠥᠪ᠎ᠢ ᠪᠠᠶ᠋ᠢᠭᠤᠯᠵᠤ᠂ ᠦᠨᠳᠦᠰᠦᠨ ᠱᠠᠲᠤᠨ᠎ᠤ ᠪᠠᠶ᠋ᠢᠴᠠᠭ᠋ᠠᠯᠲᠠ᠂ ᠳᠡᠭᠡᠳᠦ ᠱᠠᠲᠤᠨ᠎ᠤ ᠣᠨᠣᠰᠢᠯᠠᠯᠲᠠ ᠪᠠ ᠣᠷᠣᠨ ᠪᠦᠰᠡ ᠵᠢᠨ ᠬᠠᠷᠢᠯᠴᠠᠨ ᠮᠡᠳᠡᠷᠡᠬᠦ ᠵᠢ ᠲᠦᠯᠬᠢᠨ ᠠᠬᠢᠭᠤᠯᠵᠤ᠂ ᠳᠠᠪᠬᠤᠷᠳᠠᠭᠤᠯᠤᠨ ᠪᠠᠶ᠋ᠢᠴᠠᠭ᠋ᠠᠬᠤ᠎ᠠᠴᠠ ᠵᠠᠶ᠋ᠢᠯᠠᠰᠬᠢᠵᠦ᠂ ᠡᠮᠴᠢᠯᠡᠭᠡᠨ᠎ᠤ ᠥᠪᠡᠷ᠎ᠤᠨ ᠦᠷᠳᠡᠭ᠎ᠢ ᠠᠷᠪᠢᠯᠠᠨ᠂ ᠤᠯᠠᠨ ᠲᠦᠮᠡᠨ᠎ᠤ ᠡᠪᠡᠳᠴᠢᠨ ᠦᠵᠡᠭᠦᠯᠬᠦ᠎ᠳᠤ ᠲᠦᠬᠦᠮ ᠦᠵᠡᠭᠦᠯᠦᠨ᠎ᠡ᠃
      5. ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠨᠢᠭᠡ᠎ᠳᠤ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠵᠢᠨ ᠪᠡᠶ᠎ᠡ ᠵᠢᠨ ᠳᠣᠲᠣᠭ᠋ᠠᠳᠤ ᠵᠢᠨ ᠮᠡᠳᠡᠭᠡ ᠵᠠᠩᠭᠢ ᠵᠢᠨ ᠰᠢᠰᠲ᠋ᠧᠮ᠎ᠢ ᠡᠮᠬᠢᠯᠡᠨ ᠨᠡᠶ᠋ᠢᠯᠡᠭᠦᠯᠵᠦ᠂ ᠶᠡᠷᠦᠩᠬᠡᠶ ᠡᠮᠨᠡᠯᠭᠡ ᠵᠢᠨ ᠬᠣᠷᠢᠶ᠎ᠠ᠎ᠳᠤ ᠲᠦᠰᠢᠭᠯᠡᠨ᠂ ᠠᠷᠢᠭᠤᠳᠬᠠᠬᠤ ᠬᠠᠩᠭ᠋ᠠᠯᠭ᠎ᠠ᠂ ᠵᠢᠷᠦᠬᠡᠨ ᠴᠠᠬᠢᠯᠭ᠋ᠠᠨ᠎ᠤ ᠣᠨᠣᠰᠢᠯᠠᠯᠲᠠ᠂ ᠡᠮᠴᠢᠯᠡᠭᠡᠨ᠎ᠤ ᠰᠢᠯᠭ᠋ᠠᠨ ᠪᠠᠶ᠋ᠢᠴᠠᠭ᠋ᠠᠯᠲᠠ᠂ ᠠᠨᠠᠭ᠋ᠠᠬᠤ ᠤᠬᠠᠭ᠋ᠠᠨ᠎ᠤ ᠳᠦᠷᠰᠦ ᠰᠢᠩᠭᠡᠭᠡᠯᠲᠡ᠂ ᠠᠯᠤᠰ᠎ᠠᠴᠠ ᠬᠠᠮᠲᠤᠷᠠᠨ ᠣᠨᠣᠰᠢᠯᠠᠬᠤ᠂ ᠶᠠᠰᠤ ᠴᠢᠨᠠᠷ᠎ᠢ ᠡᠵᠡᠮᠳᠡᠬᠦ ᠵᠡᠷᠭᠡ ᠵᠢᠷᠭᠤᠭ᠋ᠠᠨ ᠶᠡᠬᠡ ᠲᠥᠪ᠎ᠢ ᠪᠠᠶ᠋ᠢᠭᠤᠯᠤᠨ᠎ᠠ᠃ ᠦᠨᠳᠦᠰᠦᠨ ᠱᠠᠲᠤᠨ᠎ᠤ ᠪᠠᠶ᠋ᠢᠴᠠᠭ᠋ᠠᠯᠲᠠ᠂ ᠳᠡᠭᠡᠳᠦ ᠱᠠᠲᠤᠨ᠎ᠤ ᠣᠨᠣᠰᠢᠯᠠᠯᠲᠠ ᠵᠢ ᠳᠥᠯᠭᠢᠨ ᠠᠬᠢᠭᠤᠯᠵᠤ᠂ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠳᠣᠲᠣᠭ᠋ᠠᠳᠤ᠎ᠳᠤ ᠪᠠ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠬᠣᠭᠣᠷᠣᠨᠳᠣ᠎ᠪᠠᠨ ᠬᠠᠷᠢᠯᠴᠠᠨ ᠵᠣᠯᠭ᠋ᠠᠭᠤᠯᠵᠤ᠂ ᠠᠨᠠᠭ᠋ᠠᠬᠤ ᠤᠬᠠᠭ᠋ᠠᠨ᠎ᠤ ᠰᠢᠯᠭ᠋ᠠᠨ ᠪᠠᠶ᠋ᠢᠴᠠᠭ᠋ᠠᠯᠲᠠ᠂ ᠡᠮᠴᠢᠯᠡᠭᠡᠨ᠎ᠤ ᠮᠡᠷᠭᠡᠵᠢᠯ᠎ᠤᠨ ᠪᠠᠶ᠋ᠢᠴᠠᠭ᠋ᠠᠯᠲᠠ ᠵᠢᠨ ᠦᠷ᠎ᠡ ᠳ᠋ᠦᠩ᠎ᠢ ᠬᠠᠷᠢᠯᠴᠠᠨ ᠮᠡᠳᠡᠷᠡᠬᠦ ᠵᠢ ᠬᠡᠷᠡᠭᠵᠢᠭᠦᠯᠦᠨ᠂ ᠳᠠᠪᠬᠤᠷᠳᠠᠭᠤᠯᠤᠨ ᠪᠠᠶ᠋ᠢᠴᠠᠭ᠋ᠠᠬᠤ᠎ᠠᠴᠠ ᠵᠠᠶ᠋ᠢᠯᠠᠰᠬᠢᠵᠦ᠂ ᠡᠮᠴᠢᠯᠡᠭᠡᠨ᠎ᠤ ᠥᠪᠡᠷ᠎ᠤᠨ ᠥᠷᠲᠡᠭ᠎ᠢ ᠠᠷᠪᠢᠯᠠᠵᠤ᠂ ᠣᠯᠠᠨ ᠲᠦᠮᠡᠨ᠎ᠤ ᠡᠪᠡᠳᠴᠢᠨ ᠦᠵᠡᠭᠦᠯᠬᠦ᠎ᠳᠤ ᠲᠥᠬᠥᠮ ᠦᠵᠡᠭᠦᠯᠦᠨ᠎ᠡ᠃ ᠬᠣᠶᠠᠷ᠎ᠲᠤ ᠬᠣᠲᠠ ᠵᠢᠨ ᠱᠠᠲᠤᠨ᠎ᠤ ᠣᠷᠣᠨ ᠪᠦᠰᠡ ᠵᠢᠨ ᠪᠥᠬᠥ ᠠᠷᠠᠳ᠎ᠤᠨ ᠡᠷᠡᠭᠦᠯ ᠮᠡᠨᠳᠦ ᠵᠢᠨ ᠮᠡᠳᠡᠭᠡ ᠵᠠᠩᠭᠢ ᠵᠢᠨ ᠲᠠᠪᠴᠠᠩ᠎ᠳᠤ ᠲᠦᠰᠢᠭᠯᠡᠨ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠵᠢ ᠠᠬᠢᠭᠤᠯᠵᠤ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠬᠠᠮᠵᠢᠯᠴᠠᠨ ᠦᠢ᠍ᠯᠡᠴᠢᠯᠡᠬᠦ ᠬᠢᠷᠢ ᠲᠦᠪᠰᠢᠨ ᠪᠠ ᠵᠠᠰᠠᠭ᠎ᠤᠨ ᠣᠷᠳᠣᠨ᠎ᠤ ᠬᠢᠨᠠᠨ ᠬᠠᠮᠢᠶᠠᠷᠬᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠭᠤᠷᠪᠠ᠎ᠳᠤ ᠬᠡᠷ ᠪᠦᠯᠢ ᠵᠢᠨ ᠡᠮᠴᠢ ᠵᠢᠨ APP ᠰᠢᠰᠲ᠋ᠧᠮ᠎ᠢ ᠠᠯᠬᠤᠮ ᠠᠯᠬᠤᠮ ᠵᠶ᠋ᠠᠷ ᠪᠠᠶ᠋ᠢᠭᠤᠯᠤᠨ ᠲᠡᠭᠦᠯᠳᠡᠷᠵᠢᠭᠦᠯᠵᠦ᠂ ᠬᠡᠷ ᠪᠦᠯᠢ ᠵᠢᠨ ᠡᠮᠴᠢ ᠵᠢᠨ ᠭᠡᠷ᠎ᠡ ᠲᠣᠭᠲᠠᠨ ᠦᠢ᠍ᠯᠡᠴᠢᠯᠡᠬᠦ᠎ᠳᠤ ᠰᠦᠯᠵᠢᠶᠡᠨ ᠳᠡᠭᠡᠷᠡᠬᠢ  ᠦᠢ᠍ᠯᠡᠴᠢᠯᠡᠭᠡᠨ᠎ᠤ ᠲᠠᠪᠴᠠᠩ ᠬᠠᠩᠭ᠋ᠠᠵᠤ᠂ ᠤᠳᠠᠭ᠋ᠠᠨ ᠴᠢᠨᠠᠷᠲᠠᠶ ᠡᠪᠡᠳᠴᠢᠲᠡᠨ᠎ᠳᠤ ᠳᠠᠬᠢᠨ ᠡᠮᠨᠡᠬᠦ᠂ ᠣᠷᠳᠣ ᠬᠤᠭᠤᠴᠠᠭ᠎ᠠ᠎ᠪᠠᠷ ᠵᠣᠷ ᠪᠢᠴᠢᠬᠦ ᠵᠡᠷᠭᠡ ᠦᠢ᠍ᠯᠡᠴᠢᠯᠡᠭᠡ ᠬᠠᠩᠭ᠋ᠠᠨ᠎ᠠ᠃ 2023 ᠣᠨ᠎ᠤ ᠡᠴᠦᠰ᠎ᠲᠤ᠂ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠵᠢᠨ ᠪᠡᠶ᠎ᠡ ᠵᠢᠨ ᠳᠣᠲᠣᠭ᠋ᠠᠳᠤ᠎ᠳᠤ 《ᠵᠢᠷᠦᠬᠡᠨ᠎ᠤ ᠴᠠᠬᠢᠯᠭ᠋ᠠᠨ᠎ᠤ ᠣᠨᠣᠰᠢᠯᠠᠯᠲᠠ》 ᠪᠠ 《ᠠᠨᠠᠭ᠋ᠠᠬᠤ ᠤᠬᠠᠭ᠋ᠠᠨ᠎ᠤ ᠬᠡᠷᠡᠯ ᠵᠢᠷᠤᠭ》᠎ᠤᠨ ᠦᠷ᠎ᠡ ᠳ᠋ᠦᠩ᠎ᠢ ᠬᠠᠷᠢᠯᠴᠠᠨ ᠮᠡᠳᠡᠷᠡᠵᠦ ᠬᠠᠮᠲᠤ᠎ᠪᠠᠷ ᠡᠳ᠋ᠯᠡᠬᠦ ᠵᠢ ᠪᠡᠶᠡᠯᠡᠭᠦᠯᠵᠦ᠂ 《ᠦᠨᠳᠦᠰᠦᠨ ᠱᠠᠲᠤᠨ᠎ᠤ ᠪᠠᠶ᠋ᠢᠴᠠᠭ᠋ᠠᠯᠲᠠ + ᠰᠢᠶᠠᠨ᠎ᠤ ᠱᠠᠲᠤᠨ᠎ᠤ ᠣᠨᠣᠰᠢᠯᠠᠯᠲᠠ》 ᠵᠢᠨ ᠪᠠᠶ᠋ᠢᠷᠢᠰᠢᠯ᠎ᠢ ᠦᠨᠳᠦᠰᠦᠨ᠎ᠳᠡᠭᠡᠨ ᠪᠡᠶᠡᠯᠡᠭᠦᠯᠬᠦ ᠵᠢ ᠠᠬᠢᠭᠤᠯᠤᠨ᠎ᠠ᠃
      (ᠬᠣᠶᠠᠷ) ᠨᠢᠭᠲᠠ ᠬᠡᠯᠪᠡᠷᠢ ᠵᠢᠨ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠬᠠᠮᠢᠶᠠᠷᠤᠯᠲᠠ ᠪᠠ ᠠᠵᠢᠯᠯᠠᠭ᠋ᠠᠨ᠎ᠤ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠦᠨ᠎ᠠ
      6. ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠤᠳᠤᠷᠢᠳᠬᠤ ᠪᠠᠶ᠋ᠢᠭᠤᠯᠤᠮᠵᠢ ᠵᠢ ᠪᠠᠶ᠋ᠢᠭᠤᠯᠤᠨ᠎ᠠ᠃ ᠰᠢᠶᠠᠨ᠎ᠤ ᠨᠠᠮ᠎ᠤᠨ ᠬᠣᠷᠢᠶ᠎ᠠ᠂ ᠰᠢᠶᠠᠨ᠎ᠤ ᠵᠠᠰᠠᠭ᠎ᠤᠨ ᠣᠷᠳᠣᠨ ᠵᠶ᠋ᠠᠷ ᠲᠦᠷᠦᠭᠦᠯᠡᠭᠦᠯᠦᠭᠰᠡᠨ᠂ ᠣᠷᠣᠨ ᠲᠣᠭ᠎ᠠ ᠵᠢᠨ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ᠂ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ᠂ ᠡᠳ᠋᠎ᠤᠨ ᠵᠠᠰᠠᠭ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠡᠮᠴᠢᠯᠡᠭᠡᠨ᠎ᠤ ᠳᠠᠭ᠋ᠠᠳᠬᠠᠯ ᠵᠡᠷᠭᠡ ᠰᠠᠯᠠᠭ᠎ᠠ ᠮᠥᠴᠢᠷ ᠵᠢᠴᠢ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠪᠦᠷᠢᠯᠳᠦᠬᠦᠨ ᠨᠢᠭᠡᠴᠡ ᠵᠢᠨ ᠣᠷᠣᠯᠴᠠᠭᠰᠠᠨ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠬᠠᠮᠢᠶᠠᠷᠤᠯᠲᠠ ᠵᠢᠨ ᠵᠥᠪᠯᠡᠯ (ᠳᠣᠷᠣᠭᠰᠢ 《ᠡᠮᠴᠢᠯᠡᠭᠡᠨ᠎ᠤ ᠬᠠᠮᠢᠶᠠᠷᠤᠯᠲᠠ ᠵᠢᠨ ᠵᠥᠪᠯᠡᠯ》 ᠭᠡᠵᠦ ᠲᠣᠪᠴᠢᠯᠠᠨ᠎ᠠ)᠎ᠢ ᠪᠠᠶ᠋ᠢᠭᠤᠯᠤᠨ᠎ᠠ᠃ ᠡᠮ ᠡᠮᠨᠡᠯᠭᠡ ᠵᠢᠨ ᠬᠠᠮᠢᠶᠠᠷᠤᠯᠲᠠ ᠵᠢᠨ ᠵᠥᠪᠯᠡᠯ᠎ᠤᠨ ᠡᠳᠦᠷ ᠲᠤᠲᠤᠮ᠎ᠤᠨ ᠠᠵᠢᠯ᠎ᠢ ᠰᠢᠶᠠᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠢᠶᠠᠨ᠎ᠤ ᠨᠠᠮ᠎ᠤᠨ ᠬᠣᠷᠢᠶ᠎ᠠ ᠰᠢᠶᠠᠨ᠎ᠤ ᠵᠠᠰᠠᠭ᠎ᠤᠨ ᠣᠷᠳᠣᠨ ᠡᠮ ᠡᠮᠨᠡᠯᠭᠡ ᠵᠢᠨ ᠬᠠᠮᠲᠤ ᠵᠢᠨ ᠴᠣᠭᠴᠠ ᠵᠢᠨ ᠲᠥᠯᠥᠪᠵᠢᠭᠦᠯᠭᠡ ᠪᠠᠶ᠋ᠢᠭᠤᠯᠤᠯᠲᠠ᠂ ᠣᠷᠣᠭᠤᠯᠤᠯᠲᠠ ᠵᠢᠨ ᠪᠠᠲᠤᠯᠠᠭ᠎ᠠ᠂ ᠠᠵᠢᠯᠲᠠᠨ᠎ᠤ ᠶᠠᠪᠤᠳᠠᠯ᠎ᠤᠨ ᠲᠣᠬᠢᠷᠠᠭᠤᠯᠤᠯᠲᠠ ᠪᠠ ᠬᠢᠨᠠᠨ ᠰᠢᠯᠭ᠋ᠠᠵᠤ ᠬᠢᠨᠠᠨ ᠬᠠᠮᠢᠶᠠᠷᠬᠤ ᠵᠡᠷᠭᠡ ᠴᠢᠬᠤᠯᠠ ᠶᠡᠬᠡ ᠵᠦᠢ᠍ᠯᠡᠰ᠎ᠢ ᠨᠢᠭᠡᠳᠦᠯᠲᠡᠶ ᠲᠥᠯᠥᠪᠯᠡᠵᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢᠨ ᠤᠴᠢᠷ ᠶᠠᠪᠤᠳᠠᠯ᠎ᠢ ᠰᠤᠳᠤᠯᠤᠨ ᠵᠠᠳᠠᠯᠵᠤ᠂ ᠲᠦᠭᠵᠢᠷᠡᠯ᠎ᠤᠨ ᠴᠡᠭ᠎ᠤᠨ ᠲᠦᠪᠡᠭᠲᠡᠶ ᠠᠰᠠᠭᠤᠳᠠᠯ᠎ᠢ ᠰᠢᠢ᠍ᠳᠪᠦᠷᠢᠯᠡᠨ᠎ᠡ᠃
      7. ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠵᠠᠰᠠᠯᠲᠠ ᠵᠢᠨ ᠲᠣᠭᠲᠠᠴᠠ ᠵᠢ ᠪᠦᠷᠢᠨᠰᠢᠭᠦᠯᠦᠨ᠎ᠡ᠃ ᠡᠮᠴᠢᠯᠡᠭᠡᠨ᠎ᠤ ᠬᠠᠮᠲᠤ ᠵᠢᠨ ᠴᠣᠭᠴᠠ᠎ᠳᠤ ᠬᠡᠷᠡᠭ ᠡᠷᠬᠢᠯᠡᠭᠴᠢᠳ᠎ᠤᠨ ᠬᠤᠷᠠᠯ᠎ᠤᠨ ᠵᠠᠰᠠᠬᠤ ᠲᠣᠭᠲᠠᠴᠠ ᠪᠠ ᠨᠠᠮ᠎ᠤᠨ ᠬᠣᠷᠢᠶ᠎ᠠ ᠵᠢᠨ ᠤᠳᠤᠷᠢᠳᠤᠯᠭ᠎ᠠ ᠳᠣᠤᠷᠠᠬᠢ ᠡᠮᠨᠡᠯᠭᠡ ᠵᠢᠨ ᠬᠣᠷᠢᠶ᠎ᠠ ᠵᠢᠨ ᠳᠠᠷᠤᠭ᠎ᠠ ᠵᠢᠨ ᠬᠠᠷᠢᠭᠤᠴᠠᠬᠤ ᠲᠦᠷᠢᠮ᠎ᠢ ᠬᠡᠷᠡᠭᠵᠢᠭᠦᠯᠵᠦ᠂ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠲᠦᠷᠦᠭᠦᠯᠡᠨ ᠬᠢᠬᠦ ᠨᠢᠭᠡᠴᠡ ᠬᠢᠭᠡᠳ ᠡᠯ᠎ᠡ ᠪᠦᠷᠢᠯᠳᠦᠬᠦᠨ ᠨᠢᠭᠡᠴᠡ ᠬᠠᠮᠲᠤᠪᠠᠷ ᠣᠷᠣᠯᠴᠠᠭᠰᠠᠨ᠂ ᠲᠣᠭᠲᠠᠮᠠᠯ ᠬᠤᠭᠤᠴᠠᠭ᠎ᠠ᠎ᠲᠠᠢ᠎ᠪᠠᠷ ᠵᠥᠪᠳᠡᠯᠴᠡᠬᠦ ᠬᠡᠷᠡᠭ ᠵᠥᠪᠯᠡᠵᠦ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠲᠦᠷᠢᠮ ᠪᠠ ᠠᠵᠢᠯ᠎ᠤᠨ ᠲᠦᠷᠢᠮ᠎ᠢ ᠪᠠᠶ᠋ᠢᠭᠤᠯᠵᠤ᠂ ᠰᠢᠨᠵᠢᠯᠡᠬᠦ ᠤᠬᠠᠭ᠋ᠠᠨᠴᠢ᠂ ᠠᠷᠠᠳᠴᠢᠯᠠᠯ᠎ᠲᠠᠢ᠂ ᠬᠠᠤᠯᠢ ᠶᠣᠰᠣᠭ᠋ᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠢ ᠪᠠᠷᠢᠮᠲᠠᠯᠠᠨ᠎ᠠ᠃ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠨᠠᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠨᠠᠮ᠎ᠤᠨ ᠬᠣᠷᠢᠶ᠎ᠠ ᠵᠢ ᠪᠠᠶ᠋ᠢᠭᠤᠯᠤᠨ᠂ ᠴᠢᠭᠯᠡᠯ᠎ᠢ ᠡᠵᠡᠮᠳᠡᠬᠦ᠂ ᠶᠡᠬᠡ ᠲᠠᠯ᠎ᠠ ᠵᠢ ᠬᠠᠮᠢᠶᠠᠷᠬᠤ᠂ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠥᠭᠡᠷᠡᠴᠢᠯᠡᠯᠲᠡ ᠵᠢ ᠠᠬᠢᠭᠤᠯᠬᠤ᠂ ᠨᠠᠶ᠋ᠢᠳᠠᠪᠤᠷᠢᠵᠢᠭᠤᠯᠤᠯᠲᠠ ᠵᠢ ᠪᠠᠲᠤᠯᠠᠬᠤ ᠤᠳᠤᠷᠢᠳᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠡᠮᠴᠢᠯᠡᠭᠡᠨ᠎ᠤ ᠬᠠᠮᠲᠤ ᠵᠢᠨ ᠴᠣᠭᠴᠠ ᠵᠢᠨ 《ᠭᠤᠷᠪᠠᠨ ᠴᠢᠬᠤᠯᠠ ᠨᠢᠭᠡ ᠶᠡᠬᠡ》 ᠵᠡᠷᠭᠡ ᠵᠦᠢ᠍ᠯᠡᠰ᠎ᠲᠤ ᠬᠠᠮᠲᠤ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠢ ᠬᠡᠷᠡᠭᠵᠢᠭᠦᠯᠦᠨ᠎ᠡ᠃ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠤᠳᠤᠷᠢᠳᠬᠤ ᠪᠠᠭ᠎ᠢ ᠺᠠᠳ᠋ᠷ᠎ᠤᠨ ᠬᠠᠮᠢᠶᠠᠷᠤᠯᠲᠠ ᠵᠢᠨ ᠡᠷᠬᠡ ᠮᠡᠳᠡᠯ᠎ᠤᠨ ᠶᠣᠰᠣᠭ᠋ᠠᠷ ᠬᠠᠮᠢᠶᠠᠷᠴᠤ᠂ ᠲᠤᠰᠢᠶᠠᠯ᠎ᠤᠨ ᠬᠤᠭᠤᠴᠠᠭ᠋ᠠᠨ᠎ᠤ ᠬᠠᠷᠠᠯᠲᠠᠲᠤ ᠬᠠᠷᠢᠭᠤᠴᠠᠯᠭ᠎ᠠ ᠵᠢᠨ ᠳᠦᠷᠢᠮ᠎ᠢ ᠬᠡᠷᠡᠭᠵᠢᠭᠦᠯᠦᠨ᠎ᠡ᠃
      8. ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠳᠣᠲᠣᠭ᠋ᠠᠳᠤ ᠵᠢᠨ ᠨᠢᠭᠡᠳᠦᠯᠲᠡᠶ ᠬᠠᠮᠢᠶᠠᠷᠤᠯᠲᠠ ᠵᠢ ᠨᠠᠶ᠋ᠢᠳᠠᠪᠤᠷᠢᠵᠢᠭᠤᠯᠤᠨ᠎ᠠ᠃ 2025 ᠣᠨ᠎ᠳᠤ᠂ ᠨᠢᠭᠲᠠ ᠬᠡᠯᠪᠡᠷᠢ ᠵᠢᠨ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠵᠢᠨ ᠴᠣᠭᠴᠠ ᠪᠦᠬᠦᠨ ᠵᠶ᠋ᠠᠷ ᠵᠶ᠋ᠠᠨ ᠰᠢᠶᠠᠨ ᠰᠢᠶᠠᠩ ᠲᠣᠰᠬᠣᠨ᠎ᠢ ᠨᠢᠭᠡ ᠴᠤᠭᠴᠠᠵᠢᠭᠤᠯᠤᠨ ᠠᠵᠢᠯ ᠬᠤᠪᠢᠶᠠᠷᠢᠯᠠᠨ ᠬᠠᠮᠵᠢᠯᠴᠠᠬᠤ᠂ ᠱᠠᠲᠤ ᠬᠤᠪᠢᠶᠠᠨ ᠣᠨᠣᠰᠢᠯᠠᠨ ᠡᠮᠨᠡᠬᠦ ᠠᠵᠢᠯᠯᠠᠭ᠋ᠠᠨ᠎ᠤ ᠲᠣᠭᠲᠠᠴᠠ ᠵᠢ ᠪᠡᠶᠡᠯᠡᠭᠦᠯᠵᠦ᠂ ᠵᠠᠰᠠᠭ ᠵᠠᠬᠢᠷᠭ᠋ᠠᠨ᠂ ᠠᠵᠢᠯᠲᠠᠨ᠂ ᠡᠳ᠋᠎ᠤᠨ ᠶᠠᠪᠤᠳᠠᠯ᠂ ᠲᠤᠬᠠᠶ᠋ᠢᠯᠠᠭᠰᠠᠨ ᠠᠵᠢᠯ᠂ ᠡᠮ᠎ᠤᠨ ᠵᠦᠢ᠍ᠯ ᠬᠣᠷᠣᠭᠳᠠᠯ ᠮᠠᠲ᠋ᠧᠷᠢᠶᠠᠯ᠂ ᠮᠡᠳᠡᠭᠡ ᠵᠠᠩᠭᠢ᠂ ᠠᠵᠢᠯ᠎ᠤᠨ ᠠᠮᠵᠢᠯᠲᠠ ᠪᠦᠲᠦᠮᠵᠢ᠂ ᠶᠡᠷᠦᠩᠬᠡᠶ᠋ᠢᠯᠡᠭᠰᠡᠨ ᠬᠠᠮᠢᠶᠠᠷᠤᠯᠲᠠ ᠵᠡᠷᠭᠡ 《ᠨᠠᠢ᠍ᠮᠠᠨ ᠨᠢᠭᠡᠳᠦᠯᠲᠡᠶ》 ᠬᠠᠮᠢᠶᠠᠷᠤᠯᠲᠠ ᠵᠢ ᠬᠡᠷᠡᠭᠵᠢᠭᠦᠯᠵᠦ᠂ 《ᠨᠠᠢ᠍ᠮᠠᠨ ᠬᠤᠪᠢᠷᠠᠭᠤᠯᠬᠤ ᠥᠬᠡᠶ》 ᠠᠵᠢᠯᠯᠠᠭ᠋ᠠᠨ᠎ᠤ ᠲᠣᠭᠲᠠᠴᠠ ᠵᠢ ᠪᠠᠲᠤᠯᠠᠨ᠎ᠠ (ᠵᠠᠰᠠᠭ᠎ᠤᠨ ᠣᠷᠳᠣᠨ᠎ᠤ ᠡᠮᠨᠡᠯᠭᠡ ᠡᠷᠭᠢᠯᠡᠬᠦ ᠭᠣᠤᠯ ᠴᠣᠭᠴᠠ ᠵᠢᠨ ᠬᠠᠷᠢᠭᠤᠴᠠᠯᠭ᠎ᠠ ᠵᠢ ᠬᠤᠪᠢᠷᠠᠭᠤᠯᠬᠤ ᠥᠬᠡᠶ; ᠡᠳ᠋᠎ᠤᠨ ᠵᠠᠰᠠᠭ᠎ᠤᠨ ᠣᠷᠣᠭᠤᠯᠤᠯᠲᠠ ᠵᠢᠨ ᠪᠠᠲᠤᠯᠠᠭ᠎ᠠ ᠵᠢᠨ ᠲᠣᠭᠲᠠᠴᠠ ᠵᠢ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠪᠦᠷᠢᠯᠳᠦᠬᠦᠨ ᠨᠢᠭᠡᠴᠡ ᠵᠢᠨ ᠬᠠᠤᠯᠢ ᠵᠢᠨ ᠬᠥᠮᠦᠨ᠎ᠤ ᠬᠢᠷᠢ ᠬᠡᠮ᠎ᠢ ᠬᠤᠪᠢᠷᠠᠭᠤᠯᠬᠤ ᠥᠬᠡᠶ; ᠨᠢᠭᠡᠴᠡ ᠵᠢᠨ ᠰᠢᠨᠵᠢ ᠴᠢᠨᠠᠷ᠎ᠨᠢ ᠬᠤᠪᠢᠷᠠᠬᠤ ᠦᠭᠡᠢ; ᠦᠨᠳᠦᠰᠦᠨ ᠴᠢᠳᠠᠮᠵᠢ ᠵᠢᠨ ᠪᠠᠶ᠋ᠢᠷᠢ ᠲᠣᠭᠲᠠᠭ᠋ᠠᠯᠲᠠ ᠵᠢ ᠬᠤᠪᠢᠷᠠᠭᠤᠯᠬᠤ ᠥᠬᠡᠶ; ᠡᠭᠦᠷᠭᠡᠯᠡᠵᠦ ᠪᠠᠶ᠋ᠢᠭ᠎ᠠ ᠭᠣᠣᠯ ᠠᠵᠢᠯ᠎ᠤᠨ ᠡᠭᠦᠷᠭᠡ ᠵᠢ ᠬᠤᠪᠢᠷᠠᠭᠤᠯᠬᠤ ᠤᠢ᠍ᠭᠡᠢ᠂ ᠠᠵᠢᠯᠲᠠᠨ᠎ᠤ ᠪᠡᠶ᠎ᠡ ᠵᠢᠨ ᠭᠠᠷᠤᠯ᠎ᠢ ᠬᠤᠪᠢᠷᠠᠭᠤᠯᠬᠤ ᠦᠭᠡᠢ; ᠠᠵᠢᠯᠳᠠᠨ᠎ᠤ ᠶᠠᠪᠤᠳᠠᠯ᠎ᠤᠨ ᠬᠠᠷᠢᠴᠠᠭ᠎ᠠ ᠵᠢ ᠬᠤᠪᠢᠷᠠᠭᠤᠯᠬᠤ ᠦᠭᠡᠢ)᠃ ᠠᠵᠢᠯ ᠦᠢ᠍ᠯᠡᠰ᠎ᠤᠨ ᠨᠢᠭᠡᠴᠡ ᠵᠢᠨ ᠲᠥᠷᠥᠯ ᠬᠤᠪᠢᠶᠠᠨ ᠬᠠᠮᠢᠶᠠᠷᠬᠤ ᠵᠢ ᠴᠢᠩᠭ᠎ᠠ ᠵᠢᠷᠤᠮᠯᠠᠭᠰᠠᠨ ᠰᠠᠭᠤᠷᠢᠨ ᠳᠡᠭᠡᠷ᠎ᠡ᠂ ᠨᠠᠮ᠎ᠤᠨ ᠤᠳᠤᠷᠢᠳᠤᠯᠭ᠎ᠠ ᠳᠣᠤᠷᠠᠬᠢ ᠶᠡᠷᠦᠩᠬᠡᠶ ᠬᠣᠷᠢᠶᠠᠨ ᠳᠠᠷᠤᠭ᠎ᠠ ᠵᠢᠨ ᠬᠠᠷᠢᠭᠤᠴᠠᠬᠤ ᠲᠦᠷᠢᠮ᠎ᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠡᠮᠨᠡᠯᠭᠡ ᠵᠢᠨ ᠬᠠᠮᠲᠤ ᠵᠢᠨ ᠴᠣᠭᠴᠠ ᠵᠢᠨ ᠨᠠᠮ᠎ᠤᠨ ᠬᠣᠷᠢᠶ᠎ᠠ ᠵᠢ ᠪᠠᠶ᠋ᠢᠭᠤᠯᠵᠤ᠂ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠨᠠᠮ᠎ᠤᠨ ᠬᠣᠷᠢᠶ᠎ᠠ ᠵᠢᠨ ᠱᠦᠵᠢ ᠵᠢᠨ ᠲᠤᠰᠢᠶᠠᠯ᠎ᠢ ᠰᠢᠶᠠᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠭᠣᠤᠯ ᠬᠠᠷᠢᠭᠤᠴᠠᠯᠭ᠋ᠠᠲᠠᠨ ᠨᠥᠬᠥᠷ ᠡᠭᠦᠷᠭᠡᠯᠡᠵᠦ᠂ ᠨᠠᠮ᠎ᠤᠨ ᠬᠣᠷᠢᠶ᠎ᠠ ᠵᠢᠨ ᠳᠡᠳ᠋ ᠱᠦᠵᠢ ᠵᠢᠨ ᠲᠤᠰᠢᠶᠠᠯ᠎ᠢ ᠶᠡᠷᠦᠩᠬᠡᠶ ᠡᠮᠨᠡᠯᠭᠡ ᠵᠢᠨ ᠬᠣᠷᠢᠶ᠎ᠠ ᠵᠢᠨ ᠨᠠᠮ᠎ᠤᠨ ᠬᠣᠷᠢᠶ᠎ᠠ ᠵᠢᠨ ᠱᠦᠵᠢ (ᠬᠣᠷᠢᠶᠠᠨ ᠳᠠᠷᠤᠭ᠎ᠠ)᠎ᠠᠴᠠ ᠡᠭᠦᠷᠭᠡᠯᠡᠵᠦ ᠪᠣᠯᠤᠨ᠎ᠠ᠃
      9. ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠬᠢᠨᠠᠨ ᠰᠢᠯᠭ᠋ᠠᠬᠤ ᠵᠢ ᠴᠢᠩᠭ᠋ᠠᠳᠬᠠᠨ᠎ᠠ᠃ ᠡᠮᠨᠡᠯᠭᠡ ᠵᠢᠨ ᠬᠠᠮᠢᠶᠠᠷᠤᠯᠲᠠ ᠵᠢᠨ ᠵᠥᠪᠯᠡᠯ ᠵᠠᠰᠠᠭ᠎ᠤᠨ ᠣᠷᠳᠣᠨ᠎ᠢ ᠲᠥᠯᠥᠭᠡᠯᠡᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ 《ᠨᠢᠭᠲᠠ ᠬᠡᠯᠪᠡᠷᠢ ᠵᠢᠨ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢᠨ ᠦᠨᠡᠯᠡᠨ ᠮᠠᠭ᠋ᠠᠳᠯᠠᠬᠤ ᠪᠠᠷᠢᠮᠵᠢᠶ᠎ᠠ ᠪᠠ ᠬᠢᠨᠠᠨ ᠬᠡᠮᠵᠢᠬᠦ ᠭᠦᠢ᠍ᠴᠡᠳᠬᠡᠯ ᠲᠣᠭ᠎ᠠ ᠵᠢᠨ ᠰᠢᠰᠲ᠋ᠧᠮᠵᠢ》 ᠵᠢᠨ ᠱᠠᠭ᠋ᠠᠷᠳᠠᠯᠭ᠎ᠠ ᠶᠣᠰᠣᠭ᠋ᠠᠷ᠂ ᠴᠢᠨᠠᠷ᠎ᠢ ᠲᠣᠭᠲᠠᠭ᠋ᠠᠬᠤ ᠪᠠ ᠬᠡᠮᠵᠢᠶ᠎ᠡ ᠵᠢ ᠲᠣᠭᠲᠠᠭ᠋ᠠᠬᠤ ᠵᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ᠎ᠢ ᠠᠪᠴᠤ᠂ ᠨᠢᠭᠲᠠ ᠬᠡᠯᠪᠡᠷᠢ ᠵᠢᠨ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠲᠦᠷᠢᠮ᠎ᠢ ᠪᠠᠶ᠋ᠢᠭᠤᠯᠤᠨ ᠪᠦᠷᠢᠨᠰᠢᠬᠦᠯᠵᠦ᠂ ᠰᠢᠯᠭ᠋ᠠᠨ ᠬᠢᠨᠠᠭᠰᠠᠨ ᠦᠷ᠎ᠡ ᠳ᠋ᠦᠩ᠎ᠢ ᠳᠠᠷᠠᠭ᠎ᠠ ᠨᠢᠭᠡ ᠵᠢᠯ᠎ᠤᠨ ᠡᠳ᠋᠎ᠤᠨ ᠵᠠᠰᠠᠭ᠎ᠤᠨ ᠣᠷᠣᠭᠤᠯᠤᠯᠲᠠ᠂ ᠡᠮᠴᠢᠯᠡᠭᠡᠨ᠎ᠤ ᠳᠠᠭ᠋ᠠᠳᠬᠠᠯ᠎ᠤᠨ ᠣᠯᠭᠣᠬᠤ ᠪᠠᠯᠠ ᠮᠥᠩᠭᠥ ᠵᠢᠨ ᠲᠣᠭ᠎ᠠ ᠬᠡᠮᠵᠢᠶ᠎ᠡ᠂ ᠴᠠᠯᠢᠩ ᠬᠥᠯᠥᠰᠥ ᠵᠢᠨ ᠶᠡᠷᠦᠩᠬᠡᠶ ᠬᠡᠮᠵᠢᠶ᠎ᠡ᠂ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠬᠠᠷᠢᠭᠤᠴᠠᠯᠭ᠋ᠠᠲᠠᠨ᠎ᠢ ᠲᠣᠮᠢᠯᠠᠬᠤ ᠪᠠᠭᠤᠯᠭ᠋ᠠᠬᠤ ᠪᠠ ᠱᠠᠩᠨᠠᠵᠤ ᠲᠣᠷᠭ᠋ᠠᠬᠤ᠎ᠯᠤᠭ᠎ᠠ ᠬᠣᠯᠪᠣᠭᠳᠠᠭᠤᠯᠬᠤ ᠬᠡᠷᠡᠭᠲᠡᠶ᠃
      (ᠭᠤᠷᠪᠠ) ᠰᠢᠶᠠᠨ᠎ᠤ ᠬᠡᠪᠴᠢᠶᠡᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠦᠨ᠎ᠡ
      10. ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠶᠡᠷᠦᠩᠬᠡᠶ᠋ᠢᠯᠡᠭᠰᠡᠨ ᠴᠢᠳᠠᠪᠤᠷᠢ ᠵᠢᠨ ᠳᠡᠭᠡᠭᠰᠢᠯᠡᠯᠲᠡ ᠵᠢ ᠲᠦᠷᠭᠡᠳᠬᠡᠨ ᠠᠬᠢᠭᠤᠯᠤᠨ᠎ᠠ᠃ ᠶᠡᠷᠦᠩᠬᠡᠶ ᠡᠮᠨᠡᠯᠭᠡ ᠵᠢᠨ ᠬᠣᠷᠢᠶ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠠᠵᠢᠯ᠎ᠤᠨ ᠲᠥᠰᠦᠯ᠎ᠢ ᠰᠤᠳᠤᠯᠤᠨ ᠲᠣᠭᠲᠠᠭ᠋ᠠᠵᠤ᠂ ᠪᠠᠶᠠᠨᠨᠠᠭᠤᠷ ᠬᠣᠲᠠ ᠵᠢᠨ ᠬᠣᠲᠠ ᠵᠢᠨ ᠡᠮᠴᠢᠯᠡᠭᠡᠨ᠎ᠤ ᠪᠦᠯᠦᠭᠯᠡᠯ᠎ᠢ ᠭᠦᠢ᠍ᠴᠡᠳ ᠠᠰᠢᠭᠯᠠᠨ᠂ ᠮᠡᠷᠭᠡᠵᠢᠯ᠎ᠤᠨ ᠬᠦᠴᠦᠨ᠎ᠢ ᠴᠢᠩᠭ᠋ᠠᠳᠬᠠᠵᠤ᠂ ᠰᠢᠶᠠᠨ᠎ᠤ ᠠᠷᠠᠳ᠎ᠤᠨ ᠡᠮᠨᠡᠯᠭᠡ ᠵᠢᠨ ᠬᠣᠷᠢᠶ᠎ᠠ ᠪᠠ ᠬᠢᠲᠠᠳ ᠮᠣᠩᠭᠣᠯ ᠡᠮᠨᠡᠯᠭᠡ ᠵᠢᠨ ᠬᠣᠷᠢᠶ᠎ᠠ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠦᠨ᠎ᠡ; ᠡᠭᠦᠨ᠎ᠤ ᠬᠠᠮᠲᠤ ᠥᠪᠡᠷᠲᠡᠭᠡᠨ ᠵᠠᠰᠠᠬᠤ ᠣᠷᠣᠨ᠎ᠤ ᠱᠠᠳᠤ ᠵᠢᠴᠢ ᠲᠡᠭᠦᠨ᠎ᠠᠴᠠ ᠳᠡᠭᠡᠭᠰᠢᠬᠢ ᠡᠮᠴᠢᠯᠡᠭᠡᠨ᠎ᠤ ᠪᠠᠶ᠋ᠢᠭᠤᠯᠤᠮᠵᠢ᠎ᠯᠤᠭ᠎ᠠ ᠬᠠᠪᠰᠤᠷᠤᠨ ᠲᠡᠳᠬᠦᠬᠦ ᠲᠣᠭᠲᠠᠴᠠ ᠵᠢ ᠢᠳᠡᠪᠬᠢᠲᠡᠶ᠎ᠪᠠᠷ ᠪᠠᠶ᠋ᠢᠭᠤᠯᠵᠤ᠂ ᠡᠮᠴᠢᠯᠡᠭᠡᠨ᠎ᠤ ᠮᠡᠷᠭᠡᠵᠢᠯ᠎ᠤᠨ ᠬᠢᠷᠢ ᠬᠡᠮᠵᠢᠶ᠎ᠡ᠎ᠪᠠᠨ ᠳᠡᠭᠡᠭᠰᠢᠯᠡᠭᠦᠯᠬᠦ ᠬᠡᠷᠡᠭᠲᠡᠶ᠃ ᠶᠡᠷᠦᠩᠬᠡᠶ ᠡᠮᠨᠡᠯᠭᠡ ᠵᠢᠨ ᠬᠣᠷᠢᠶᠠᠨ᠎ᠤ ᠭᠣᠣᠯᠳᠠᠯᠭ᠎ᠠ᠎ᠲᠠᠢ ᠲᠤᠰᠬᠠᠶ ᠰᠠᠯᠠᠭ᠎ᠠ᠂ ᠦᠨᠳᠦᠰᠦᠨ ᠱᠠᠲᠤᠨ᠎ᠤ ᠤᠨᠴᠠᠯᠢᠭᠳᠤ ᠲᠤᠰᠬᠠᠶ ᠰᠠᠯᠠᠭ᠎ᠠ ᠪᠠ ᠲᠤᠰᠬᠠᠶ ᠡᠪᠡᠳᠴᠢᠨ᠎ᠤ ᠲᠥᠪ᠎ᠤᠨ ᠪᠠᠶ᠋ᠢᠭᠤᠯᠤᠯᠲᠠ ᠵᠢ ᠡᠬᠢᠯᠡᠭᠦᠯᠦᠨ᠎ᠡ᠃ ᠰᠢᠶᠠᠨ᠎ᠤ ᠠᠷᠠᠳ᠎ᠤᠨ ᠡᠮᠨᠡᠯᠭᠡ ᠵᠢᠨ ᠬᠣᠷᠢᠶᠠᠨ᠎ᠤ ᠬᠦᠨᠳᠦ ᠡᠪᠡᠳᠴᠢᠨ ᠪᠠ ᠬᠠᠯᠳᠠᠪᠤᠷᠢᠲᠤ ᠡᠪᠡᠳᠴᠢᠨ᠎ᠤ ᠡᠮᠴᠢᠯᠡᠭᠡᠨ᠎ᠤ ᠡᠬᠢ ᠪᠠᠶᠠᠯᠢᠭ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠦᠨᠳᠦ ᠡᠪᠡᠳᠴᠢᠲᠡᠨ᠎ᠤ ᠦᠷᠦᠭᠡ᠂ ᠲᠥᠬᠥᠭᠡᠷᠦᠮᠵᠢ᠂ ᠡᠮᠴᠢ ᠰᠤᠪᠢᠯᠠᠭᠴᠢ ᠵᠢᠨ ᠪᠡᠯᠡᠳᠬᠡᠯ᠎ᠢ ᠰᠠᠶ᠋ᠢᠲᠤᠷ ᠬᠢᠵᠦ᠂ ᠨᠠᠮᠳᠠᠭᠤᠯᠬᠤ ᠡᠪᠡᠳᠴᠢᠲᠡᠨ᠎ᠤ ᠦᠷᠦᠭᠡ ᠵᠢ ᠪᠠᠶ᠋ᠢᠭᠤᠯᠵᠤ᠂ ᠬᠠᠯᠳᠠᠪᠤᠷᠢᠯᠠᠬᠤ ᠰᠠᠯᠠᠭ᠎ᠠ ᠵᠢ ᠬᠦᠴᠦᠷᠬᠡᠭᠵᠢᠭᠦᠯᠦᠨ᠎ᠡ᠃
      11. ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠡᠮᠴᠢᠯᠡᠭᠡᠨ᠎ᠤ ᠦᠢ᠍ᠯᠡᠴᠢᠯᠡᠭᠡ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ᠃ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠵᠢᠨ ᠪᠡᠶ᠎ᠡ ᠳᠣᠲᠣᠷ᠎ᠠ᠂ ᠰᠢᠶᠠᠨ᠎ᠤ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠨᠢ ᠴᠢᠳᠠᠪᠤᠷᠢᠲᠠᠨ᠂ ᠮᠡᠷᠭᠡᠵᠢᠯ᠂ ᠡᠬᠢ ᠪᠠᠶᠠᠯᠢᠭ ᠵᠡᠷᠭᠡ ᠵᠢ ᠳᠣᠷᠣᠭᠰᠢ ᠪᠠᠭᠤᠯᠭ᠋ᠠᠬᠤ᠎ᠪᠠᠷ ᠳᠠᠮᠵᠢᠭᠤᠯᠤᠨ᠂ ᠱᠠᠲᠤ ᠳᠠᠷᠠᠭ᠋ᠠᠯᠠᠨ ᠬᠠᠪᠰᠤᠷᠤᠨ ᠲᠡᠳᠬᠦᠵᠦ ᠰᠤᠮᠤ ᠪᠠᠯᠭ᠋ᠠᠰᠤ᠂ ᠲᠣᠰᠬᠣᠨ ᠬᠣᠶᠠᠷ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠬᠥᠭᠵᠢᠯᠲᠡ ᠵᠢ ᠳᠠᠶ᠋ᠢᠴᠢᠯᠠᠵᠤ᠂ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠪᠦᠬᠦᠯᠢ ᠴᠣᠭᠴᠠ᠎ᠪᠠᠷ ᠳᠡᠭᠡᠭᠰᠢᠯᠡᠭᠦᠯᠬᠦ ᠵᠢ ᠪᠡᠶᠡᠯᠡᠭᠦᠯᠬᠦ ᠬᠡᠷᠡᠭᠲᠡᠶ᠃ ᠨᠢᠭᠡ᠎ᠳᠤ ᠰᠢᠶᠠᠨ᠎ᠤ ᠡᠮᠨᠡᠯᠭᠡ ᠵᠢᠨ ᠬᠣᠷᠢᠶ᠎ᠠ᠎ᠨᠢ ᠡᠮᠴᠢᠯᠡᠭᠡᠨ᠎ᠤ ᠲᠤᠰᠬᠠᠶ ᠰᠠᠯᠠᠭ᠎ᠠ ᠵᠢᠨ ᠪᠦᠲᠦᠭᠡᠨ ᠪᠠᠶ᠋ᠢᠭᠤᠯᠤᠯᠲᠠ᠂ ᠬᠦᠴᠢᠷ ᠲᠦᠪᠡᠭᠲᠡᠶ ᠡᠪᠡᠳᠴᠢᠨ᠎ᠤ ᠵᠢᠱ᠌ᠢᠶ᠎ᠡ ᠵᠢ ᠣᠨᠣᠰᠢᠯᠠᠨ ᠵᠠᠰᠠᠬᠤ ᠪᠠ ᠲᠦᠷᠭᠡᠨ ᠡᠮᠨᠡᠵᠦ ᠲᠦᠷᠭᠡᠨ ᠠᠪᠤᠷᠠᠬᠤ ᠠᠵᠢᠯ᠎ᠢ ᠶᠡᠷᠦᠩᠬᠡᠶ᠋ᠢᠯᠡᠭᠰᠡᠨ ᠡᠮᠨᠡᠯᠭᠡ ᠵᠢᠨ ᠬᠣᠷᠢᠶ᠎ᠠ ᠵᠢᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠤᠨ᠂ ᠳᠡᠭᠡᠳᠦ ᠱᠠᠲᠤᠨ᠎ᠤ ᠡᠮᠨᠡᠯᠭᠡ ᠵᠢᠨ ᠬᠣᠷᠢᠶ᠎ᠠ ᠵᠢᠨ ᠲᠡᠳᠬᠦᠮᠵᠢ ᠵᠢ ᠢᠳᠡᠪᠬᠢᠲᠡᠶ ᠡᠷᠢᠯᠬᠢᠯᠡᠵᠦ᠂ ᠨᠠᠷᠠᠲᠤ ᠡᠮᠨᠡᠯᠭᠡ ᠵᠢᠨ ᠬᠣᠷᠢᠶ᠎ᠠ᠎ᠯᠤᠭ᠎ᠠ ᠵᠢᠨ ᠲᠤᠬᠠᠶ᠋ᠢᠯᠠᠭᠰᠠᠨ ᠠᠵᠢᠯ᠎ᠤᠨ ᠬᠠᠮᠲᠤᠷᠠᠯᠴᠠᠭ᠎ᠠ ᠵᠢ ᠴᠢᠩᠭ᠋ᠠᠳᠬᠠᠨ᠂ ᠭᠣᠤᠯᠳᠠᠯᠭ᠎ᠠ᠎ᠲᠠᠢ ᠰᠢᠨᠵᠢᠯᠡᠭᠡᠨ᠎ᠤ ᠰᠠᠯᠠᠭ᠎ᠠ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠦᠨ᠂ ᠨᠠᠷᠠᠲᠤ ᠲᠤᠰᠬᠠᠶ ᠮᠡᠷᠭᠡᠵᠢᠯᠲᠡᠨ᠎ᠢ ᠤᠷᠢᠵᠤ᠂ ᠮᠡᠷᠭᠡᠵᠢᠯ᠎ᠤᠨ ᠨᠢᠷᠤᠭᠤᠪᠴᠢ ᠬᠦᠴᠦᠨ᠎ᠢ ᠬᠥᠮᠦᠵᠢᠭᠦᠯᠵᠦ᠂ ᠨᠠᠷᠠᠲᠤ ᠡᠮᠨᠡᠯᠭᠡ ᠵᠢᠨ ᠰᠠᠯᠠᠭ᠎ᠠ ᠨᠠᠷᠠᠲᠤ ᠲᠠᠰᠤᠭ᠎ᠢ ᠪᠣᠶ ᠪᠣᠯᠭ᠋ᠠᠵᠤ᠂ ᠪᠦᠯᠬᠦᠮ ᠨᠡᠶ᠋ᠢᠲᠡ ᠵᠢᠨ ᠬᠠᠮᠵᠢᠯᠴᠠᠭ᠎ᠠ ᠵᠢ ᠰᠢᠯᠢᠳᠡᠭᠵᠢᠭᠦᠯᠦᠨ᠂ ᠠᠯᠤᠰ ᠡᠮᠴᠢᠯᠡᠭᠡ ᠪᠠ ᠡᠮᠨᠡᠯᠭᠡ ᠵᠢᠨ ᠬᠣᠷᠢᠶ᠎ᠠ ᠵᠢᠨ ᠬᠣᠭᠣᠷᠣᠨᠳᠣ ᠬᠠᠮᠲᠤᠷᠠᠨ ᠣᠨᠣᠰᠢᠯᠠᠬᠤ ᠵᠢ ᠴᠢᠩᠭ᠋ᠠᠳᠬᠠᠵᠤ᠂ ᠡᠪᠡᠳᠴᠢᠲᠡᠨ᠎ᠤ ᠬᠦᠨᠳᠦ ᠡᠪᠡᠳᠴᠢᠨ᠎ᠢ ᠭᠠᠳᠠᠭᠰᠢ ᠰᠢᠯᠵᠢᠭᠦᠯᠦᠨ ᠡᠮᠨᠡᠭᠦᠯᠬᠦ ᠵᠢ ᠪᠠᠭ᠋ᠠᠰᠬᠠᠨ᠎ᠠ᠃ ᠬᠣᠶᠠᠷ᠎ᠲᠤ᠂ ᠬᠢᠲᠠᠳ ᠮᠣᠩᠭᠣᠯ ᠡᠮᠨᠡᠯᠭᠡ ᠵᠢᠨ ᠬᠣᠷᠢᠶ᠎ᠠ᠎ᠨᠢ ᠬᠢᠲᠠᠳ ᠡᠮᠨᠡᠯᠭᠡ᠂ ᠮᠣᠩᠭᠣᠯ ᠡᠮᠨᠡᠯᠭᠡ ᠵᠢᠨ ᠭᠣᠤᠯᠳᠠᠯᠭ᠎ᠠ᠎ᠲᠠᠢ ᠲᠤᠰᠬᠠᠶ ᠰᠠᠯᠠᠭ᠎ᠠ ᠵᠢᠨ ᠪᠥᠲᠥᠭᠡᠨ ᠪᠠᠶ᠋ᠢᠭᠤᠯᠤᠯᠲᠠ ᠵᠢ ᠪᠣᠶ ᠪᠣᠯᠭ᠋ᠠᠵᠤ᠂ ᠦᠨᠳᠦᠰᠦᠨ ᠱᠠᠲᠤᠨ᠎ᠤ ᠬᠢᠲᠠᠳ ᠮᠣᠩᠭᠣᠯ ᠡᠮ ᠡᠮᠨᠡᠯᠭᠡ ᠵᠢᠨ ᠳᠣᠭᠢᠷᠠᠬᠤ ᠮᠡᠷᠭᠡᠵᠢᠯ᠎ᠢ ᠲᠦᠭᠡᠮᠡᠯᠵᠢᠭᠦᠯᠬᠦ ᠵᠢ ᠵᠢᠯᠣᠭᠣᠳᠴᠤ᠂ 《ᠡᠪᠡᠳᠴᠢᠯᠡᠬᠦ᠎ᠠᠴᠠ ᠡᠮᠦᠨ᠎ᠡ ᠵᠠᠰᠠᠬᠤ》 ᠦᠢ᠍ᠯᠡᠴᠢᠯᠡᠭᠡ ᠵᠢ ᠥᠷᠭᠡᠨ ᠵᠶ᠋ᠠᠷ ᠥᠷᠨᠢᠭᠦᠯᠵᠦ᠂ ᠬᠢᠲᠠᠳ ᠮᠣᠩᠭᠣᠯ ᠡᠮᠨᠡᠯᠭᠡ ᠵᠢᠨ ᠤᠷᠢᠳᠴᠢᠯᠠᠨ ᠰᠡᠷᠭᠡᠶ᠋ᠢᠯᠡᠬᠦ᠂ ᠡᠷᠡᠭᠦᠯᠵᠢᠭᠦᠯᠬᠦ ᠲᠤᠰᠬᠠᠶ ᠮᠡᠷᠭᠡᠵᠢᠯ᠎ᠤᠨ ᠳᠠᠪᠠᠭᠤᠯᠢᠭ᠎ᠢ ᠪᠠᠳᠠᠷᠠᠭᠤᠯᠤᠨ᠂ ᠬᠢᠲᠠᠳ ᠮᠣᠩᠭᠣᠯ ᠡᠮ ᠡᠮᠨᠡᠯᠭᠡ ᠵᠢᠨ ᠤᠨᠴᠠᠯᠢᠭᠳᠤ ᠦᠢ᠍ᠯᠡᠴᠢᠯᠡᠭᠡ ᠵᠢ ᠬᠠᠩᠭ᠋ᠠᠨ᠎ᠠ᠃ ᠭᠤᠷᠪᠠ᠎ᠳᠤ ᠯᠦᠩ ᠱᠧᠩ ᠾᠧ ᠪᠠᠯᠭ᠋ᠠᠰᠤᠨ᠎ᠤ ᠲᠥᠪ ᠡᠷᠡᠭᠦᠯ ᠬᠠᠮᠠᠭ᠋ᠠᠯᠠᠯ᠎ᠤᠨ ᠬᠣᠷᠢᠶ᠎ᠠ᠂ ᠱᠠᠵᠢᠨᠲᠣᠬᠣᠶ ᠰᠤᠮᠤᠨ᠎ᠤ ᠲᠥᠪ ᠡᠷᠡᠭᠦᠯ ᠬᠠᠮᠠᠭ᠋ᠠᠯᠠᠯ᠎ᠤᠨ ᠬᠣᠷᠢᠶ᠎ᠠ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠠᠯᠬᠤᠮ ᠠᠯᠬᠤᠮ ᠵᠶ᠋ᠠᠷ ᠤᠯᠤᠰ᠎ᠤᠨ ᠰᠢᠯᠢᠳᠡᠭ ᠦᠢ᠍ᠯᠡᠴᠢᠯᠡᠭᠡᠨ᠎ᠤ ᠦᠨᠳᠦᠰᠦᠨ ᠱᠠᠲᠤᠨ᠎ᠤ ᠲᠠᠨᠢᠯᠴᠠᠭᠤᠯᠬᠤ ᠪᠠᠷᠢᠮᠵᠢᠶ᠎ᠠ᠎ᠳᠤ ᠬᠦᠷᠦᠭᠦᠯᠦᠨ᠎ᠡ; ᠪᠤᠰᠤᠳ ᠪᠠᠶ᠋ᠢᠭᠤᠯᠤᠮᠵᠢ᠎ᠨᠤᠭᠤᠳ ᠲᠤᠬᠠᠶ ᠵᠢᠨ ᠭᠠᠵᠠᠷ᠎ᠤᠨ ᠪᠠᠶ᠋ᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ᠎ᠢ ᠣᠨᠣᠰᠢᠯᠠᠨ ᠵᠠᠰᠠᠬᠤ ᠬᠡᠷᠡᠭᠴᠡᠭᠡ ᠵᠢ ᠬᠠᠩᠭ᠋ᠠᠬᠤ᠎ᠪᠠᠷ ᠪᠠᠷᠢᠮᠵᠢᠶ᠎ᠠ ᠪᠣᠯᠭ᠋ᠠᠵᠤ᠂ ᠶᠡᠷᠦᠩᠬᠡᠶ ᠰᠠᠯᠠᠭ᠋ᠠᠨ᠎ᠤ ᠡᠮᠴᠢᠯᠡᠭᠡ᠂ ᠡᠷᠡᠭᠦᠯᠵᠢᠯ᠂ ᠰᠤᠪᠢᠯᠠᠯᠲᠠ ᠪᠠ ᠬᠢᠲᠠᠳ ᠡᠮ ᠡᠮᠨᠡᠯᠭᠡ᠂ ᠦᠨᠳᠦᠰᠦᠨ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ ᠵᠡᠷᠭᠡ᠎ᠪᠠᠷ ᠭᠣᠤᠯᠳᠠᠯᠭ᠎ᠠ ᠪᠣᠯᠭ᠋ᠠᠨ᠂ ᠦᠢ᠍ᠯᠡᠴᠢᠯᠡᠭᠡᠨ᠎ᠤ ᠴᠢᠳᠠᠪᠤᠷᠢ ᠵᠢ ᠠᠯᠬᠤᠮ ᠠᠯᠬᠤᠮ ᠵᠶ᠋ᠠᠷ ᠤᠯᠤᠰ᠎ᠤᠨ ᠰᠢᠯᠢᠳᠡᠭ ᠦᠢ᠍ᠯᠡᠴᠢᠯᠡᠭᠡᠨ᠎ᠤ ᠦᠨᠳᠦᠰᠦᠨ ᠱᠠᠲᠤᠨ᠎ᠤ ᠠᠶᠠᠯᠠᠯ᠎ᠤᠨ ᠦᠨᠳᠦᠰᠦᠨ ᠪᠠᠷᠢᠮᠵᠢᠶ᠎ᠠ᠎ᠳᠤ ᠬᠦᠷᠦᠭᠦᠯᠦᠨ᠎ᠡ᠃
      12. ᠡᠮᠴᠢᠯᠡᠭᠡᠨ᠎ᠤ ᠶᠠᠰᠤ ᠴᠢᠨᠠᠷ᠎ᠤᠨ ᠬᠠᠮᠢᠶᠠᠷᠤᠯᠲᠠ ᠵᠢ 18 ᠵᠦᠢ᠍ᠯ᠎ᠤᠨ ᠡᠮᠴᠢᠯᠡᠭᠡᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠭᠣᠤᠯᠯᠠᠬᠤ ᠲᠦᠷᠢᠮ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠪᠠᠷ ᠰᠠᠭᠤᠷᠢ ᠪᠣᠯᠭ᠋ᠠᠵᠤ᠂ ᠣᠨ᠎ᠤ 《ᠤᠯᠤᠰ᠎ᠠᠴᠠ ᠶᠠᠰᠤ ᠴᠢᠨᠠᠷ᠎ᠤᠨ ᠠᠮᠤᠷ ᠲᠦᠪᠰᠢᠨ᠎ᠢ ᠰᠠᠶ᠋ᠢᠵᠢᠷᠠᠭᠤᠯᠬᠤ ᠬᠠᠷᠠᠯᠲᠠ᠎ᠲᠠᠢ ᠪᠣᠯᠤᠭᠰᠠᠨ》 ᠵᠶ᠋ᠠᠷ ᠵᠢᠯᠣᠭᠣᠳᠣᠯᠭ᠎ᠠ ᠪᠣᠯᠭ᠋ᠠᠵᠤ᠂ ᠬᠠᠷᠠᠯᠲᠠᠲᠤ ᠬᠠᠮᠢᠶᠠᠷᠤᠯᠲᠠ ᠵᠢ ᠠᠬᠢᠭᠤᠯᠤᠨ᠎ᠠ᠃ ᠡᠮᠴᠢᠯᠡᠭᠡᠨ᠎ᠤ ᠬᠠᠮᠲᠤ ᠵᠢᠨ ᠪᠡᠶ᠎ᠡ ᠵᠢᠨ ᠳᠣᠲᠣᠭ᠋ᠠᠳᠤ ᠵᠢᠨ ᠡᠯ᠎ᠡ ᠡᠮᠴᠢᠯᠡᠭᠡᠨ᠎ᠤ ᠪᠠᠶ᠋ᠢᠭᠤᠯᠤᠮᠵᠢ᠎ᠨᠢ ᠲᠦᠷᠢᠮ ᠲᠣᠭᠲᠠᠭ᠋ᠠᠯ᠂ ᠮᠡᠷᠭᠡᠵᠢᠯ᠎ᠤᠨ ᠵᠢᠷᠤᠮᠵᠢᠯ᠂ ᠠᠵᠢᠯᠲᠠᠨ᠎ᠤ ᠪᠣᠯᠪᠠᠰᠤᠷᠠᠭᠤᠯᠤᠯ᠂ ᠶᠠᠰᠤ ᠴᠢᠨᠠᠷ᠎ᠤᠨ ᠡᠵᠡᠮᠳᠡᠯ᠂ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠵᠡᠷᠭᠡ ᠲᠠᠯ᠎ᠠ᠎ᠪᠠᠷ ᠨᠢᠭᠡᠳᠦᠯᠲᠡᠶ ᠪᠠᠷᠢᠮᠵᠢᠶ᠎ᠠ ᠵᠢ ᠬᠡᠷᠡᠭᠵᠢᠭᠦᠯᠵᠦ᠂ ᠶᠡᠷᠦᠩᠬᠡᠶ ᠡᠮᠨᠡᠯᠭᠡ ᠵᠢᠨ ᠬᠣᠷᠢᠶ᠎ᠠ᠎ᠨᠢ ᠡᠮᠴᠢᠯᠡᠭᠡᠨ᠎ᠤ ᠬᠠᠮᠲᠤ ᠵᠢᠨ ᠪᠡᠶ᠎ᠡ ᠵᠢᠨ ᠳᠣᠲᠣᠭ᠋ᠠᠳᠤ ᠵᠢᠨ ᠪᠦᠷᠢᠯᠳᠦᠬᠦᠨ ᠨᠢᠭᠡᠴᠡ ᠵᠢᠨ ᠡᠮᠴᠢᠯᠡᠭᠡᠨ᠎ᠤ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢ ᠡᠭᠦᠷᠭᠡᠯᠡᠵᠦ᠂ ᠡᠮᠴᠢᠯᠡᠭᠡᠨ᠎ᠤ ᠬᠠᠮᠲᠤ ᠵᠢᠨ ᠪᠡᠶ᠎ᠡ ᠵᠢᠨ ᠳᠣᠲᠣᠭ᠋ᠠᠳᠤ ᠵᠢᠨ ᠡᠮᠴᠢᠯᠡᠭᠡᠨ᠎ᠤ ᠶᠠᠰᠤ ᠴᠢᠨᠠᠷ᠎ᠢ ᠢᠵᠢᠯᠰᠢᠭᠦᠯᠬᠦ ᠵᠢ ᠠᠯᠬᠤᠮ ᠠᠯᠬᠤᠮ ᠵᠶ᠋ᠠᠷ ᠪᠡᠶᠡᠯᠡᠭᠦᠯᠦᠨ᠎ᠡ᠃ ᠡᠮᠴᠢᠯᠡᠭᠡᠨ᠎ᠤ ᠪᠠᠶ᠋ᠢᠭᠤᠯᠤᠮᠵᠢ᠎ᠨᠢ ᠵᠢᠯ ᠪᠦᠷᠢ ᠨᠠᠭ᠋ᠠᠳᠤ ᠵᠠᠬ᠎ᠠ᠎ᠳᠠᠭᠠᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠮᠡᠷᠭᠡᠵᠢᠯ᠎ᠤᠨ ᠠᠵᠢᠯᠲᠠᠨ᠎ᠳᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠬᠠᠮᠢᠶᠠᠷᠤᠯᠲᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠡᠮᠨᠡᠯᠭᠡ ᠵᠢᠨ ᠬᠣᠷᠢᠶ᠎ᠠ ᠵᠢᠨ ᠬᠠᠮᠢᠶᠠᠷᠤᠯᠲᠠ ᠵᠢᠨ ᠲᠦᠷᠢᠮ᠂ ᠡᠮᠴᠢᠯᠡᠭᠡᠨ᠎ᠤ ᠶᠠᠰᠤ ᠴᠢᠨᠠᠷ᠎ᠤᠨ ᠬᠠᠮᠢᠶᠠᠷᠤᠯᠲᠠ ᠬᠢᠭᠡᠳ ᠡᠵᠡᠮᠳᠡᠬᠦ ᠠᠷᠭ᠎ᠠ᠂ ᠲᠤᠰᠬᠠᠶ ᠮᠡᠷᠭᠡᠵᠢᠯ᠎ᠤᠨ ᠵᠢᠷᠤᠮᠵᠢᠯ ᠵᠡᠷᠭᠡ ᠬᠠᠮᠢᠶ᠎ᠠ ᠪᠥᠬᠥᠶ ᠠᠭᠤᠯᠭ᠎ᠠ ᠵᠢᠨ ᠪᠣᠯᠪᠠᠰᠤᠷᠠᠭᠤᠯᠤᠯ ᠪᠠ ᠬᠢᠨᠠᠨ ᠰᠢᠯᠭ᠋ᠠᠯᠲᠠ ᠵᠢ ᠨᠢᠭᠡ ᠤᠳᠠᠭ᠎ᠠ ᠥᠷᠨᠢᠭᠦᠯᠬᠦ ᠬᠡᠷᠡᠭᠲᠡᠶ; ᠰᠠᠷ᠎ᠠ ᠪᠦᠷᠢ ᠡᠯ᠎ᠡ ᠰᠠᠯᠠᠭ᠎ᠠ ᠲᠠᠰᠤᠭ᠎ᠤᠨ ᠡᠮᠴᠢᠯᠡᠭᠡᠨ᠎ᠤ ᠶᠠᠰᠤ ᠴᠢᠨᠠᠷ᠎ᠤᠨ ᠵᠠᠩᠭᠢᠯᠠᠭ᠎ᠠ ᠵᠢᠨ ᠭᠦᠢ᠍ᠴᠡᠳᠬᠡᠯ ᠲᠣᠭ᠎ᠠ ᠵᠢ ᠪᠡᠶᠡᠯᠡᠭᠦᠯᠦᠭᠰᠡᠨ ᠪᠠᠶ᠋ᠢᠳᠠᠯ᠎ᠢ ᠳᠣᠲᠣᠭ᠋ᠠᠳᠤ᠎ᠳᠠᠭᠠᠨ ᠢᠯᠡ ᠨᠡᠶ᠋ᠢᠲᠡᠯᠡᠨ᠎ᠡ᠃ ᠡᠮᠴᠢᠯᠡᠭᠡᠨ᠎ᠤ ᠶᠠᠰᠤ ᠴᠢᠨᠠᠷ᠎ᠤᠨ ᠬᠠᠮᠢᠶᠠᠷᠤᠯᠲᠠ ᠵᠢᠨ ᠪᠠᠶ᠋ᠢᠳᠠᠯ᠎ᠢ ᠰᠠᠯᠠᠭ᠎ᠠ ᠲᠠᠰᠤᠭ᠎ᠤᠨ ᠬᠠᠷᠢᠭᠤᠴᠠᠯᠭ᠋ᠠᠲᠠᠨ᠎ᠤ ᠶᠡᠷᠦᠩᠬᠡᠶ᠋ᠢᠯᠡᠭᠰᠡᠨ ᠬᠠᠷᠠᠯᠲᠠᠲᠤ ᠬᠢᠨᠠᠨ ᠰᠢᠯᠭ᠋ᠠᠯᠲᠠ ᠵᠢᠴᠢ ᠤᠷᠢᠨ ᠲᠣᠮᠢᠯᠠᠬᠤ᠂ ᠳᠡᠪᠰᠢᠭᠦᠯᠬᠦ᠂ ᠲᠡᠷᠢᠭᠦᠨ᠎ᠤ᠎ᠬᠢ ᠵᠢ ᠰᠢᠯᠭ᠋ᠠᠷᠠᠭᠤᠯᠵᠤ ᠰᠢᠯᠢᠳᠡᠭ᠎ᠢ ᠰᠢᠯᠭ᠋ᠠᠷᠠᠭᠤᠯᠬᠤ ᠵᠢᠨ ᠴᠢᠬᠤᠯᠠ ᠭᠦᠢ᠍ᠴᠡᠳᠬᠡᠯ ᠲᠣᠭ᠎ᠠ ᠪᠣᠯᠭ᠋ᠠᠨ᠎ᠠ; ᠡᠮᠴᠢ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠨ ᠰᠢᠯᠭ᠋ᠠᠬᠤ᠂ ᠳᠡᠪᠰᠢᠭᠦᠯᠬᠦ ᠵᠢᠴᠢ ᠰᠠᠯᠠᠭ᠎ᠠ ᠲᠠᠰᠤᠭ ᠪᠠ ᠡᠮᠨᠡᠯᠭᠡ ᠵᠢᠨ ᠠᠵᠢᠯᠲᠠᠨ᠎ᠤ ᠠᠵᠢᠯ᠎ᠤᠨ ᠠᠮᠵᠢᠯᠲᠠ ᠪᠦᠲᠦᠮᠵᠢ ᠵᠢ ᠬᠢᠨᠠᠨ ᠰᠢᠯᠭ᠋ᠠᠬᠤ ᠵᠢᠨ ᠴᠢᠬᠤᠯᠠ ᠦᠨᠳᠦᠰᠦᠯᠡᠯ ᠪᠣᠯᠭ᠋ᠠᠨ᠎ᠠ᠃
      13. ᠡᠷᠡᠭᠦᠯ ᠮᠡᠨᠳᠦ ᠵᠢᠨ ᠬᠠᠮᠢᠶᠠᠷᠤᠯᠲᠠ ᠬᠠᠮᠠᠭ᠋ᠠᠯᠠᠯᠲᠠ ᠵᠢ ᠴᠢᠩᠭ᠋ᠠᠳᠬᠠᠨ᠎ᠠ᠃ ᠨᠢᠭᠲᠠ ᠬᠡᠯᠪᠡᠷᠢ ᠵᠢᠨ ᠡᠮᠴᠢᠯᠡᠭᠡᠨ᠎ᠤ ᠬᠠᠮᠲᠤ ᠵᠢᠨ ᠴᠣᠭᠴᠠ᠎ᠨᠢ ᠪᠣᠳᠠᠲᠠᠢ᠎ᠳᠤ ᠰᠠᠭᠤᠷᠢᠯᠠᠨ ᠡᠪᠡᠳᠴᠢᠨ ᠵᠠᠰᠠᠬᠤ᠎ᠪᠠᠷ ᠭᠣᠣᠯ ᠪᠣᠯᠭ᠋ᠠᠬᠤ ᠵᠢ ᠡᠷᠡᠭᠦᠯ ᠮᠡᠨᠳᠤ᠎ᠪᠠᠷ ᠭᠣᠣᠯ ᠪᠣᠯᠭ᠋ᠠᠬᠤ ᠲᠡᠰᠢ ᠬᠤᠪᠢᠷᠠᠭᠤᠯᠬᠤ ᠵᠢ ᠠᠬᠢᠭᠤᠯᠵᠤ᠂ ᠡᠷᠡᠭᠦᠯ ᠮᠡᠨᠳᠤ ᠵᠢᠨ ᠳ᠋ᠸᠩᠺᠸᠦ ᠵᠢᠨ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠡᠷᠡᠭᠦᠯ ᠮᠡᠨᠳᠤ ᠵᠢᠨ ᠬᠥᠮᠦᠵᠢᠯ᠎ᠤᠨ ᠤᠬᠠᠭᠤᠯᠤᠨ ᠲᠠᠶ᠋ᠢᠯᠪᠤᠷᠢᠯᠠᠬᠤ ᠵᠢ ᠴᠢᠩᠭ᠋ᠠᠳᠬᠠᠵᠤ᠂ ᠪᠦᠬᠦ ᠠᠷᠠᠳ᠎ᠤᠨ ᠡᠷᠡᠭᠦᠯ ᠮᠡᠨᠳᠤ ᠵᠢᠨ ᠬᠡᠪ ᠪᠣᠯᠪᠠᠰᠤᠷᠠᠯ᠎ᠢ ᠳᠡᠭᠡᠭᠰᠢᠯᠡᠭᠦᠯᠦᠨ᠎ᠡ᠃ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠦᠨᠳᠦᠰᠦᠨ ᠦᠢ᠍ᠯᠡᠴᠢᠯᠡᠭᠡᠨ᠎ᠤ ᠲᠥᠷᠥᠯ  ᠵᠦᠢ᠍ᠯ᠎ᠢ ᠪᠣᠳᠠᠲᠠᠶ᠋ᠢᠵᠢᠭᠤᠯᠵᠤ᠂ ᠡᠷᠡᠭᠦᠯ ᠮᠡᠨᠳᠦ ᠵᠢᠨ ᠬᠥᠮᠦᠵᠢᠯ ᠪᠠ ᠭᠣᠤᠯᠳᠠᠯᠭ᠎ᠠ᠎ᠲᠠᠢ ᠬᠥᠮᠦᠰ᠎ᠤᠨ ᠡᠷᠡᠭᠦᠯ ᠮᠡᠨᠳᠦ ᠵᠢᠨ ᠪᠡᠶ᠎ᠡ ᠵᠢᠨ ᠪᠠᠶ᠋ᠢᠴᠠᠭ᠋ᠠᠯᠲᠠ ᠵᠢ ᠥᠷᠨᠢᠭᠦᠯᠦᠨ᠂ ᠰᠠᠭᠤᠭ᠋ᠠᠯᠢ ᠠᠷᠠᠳ᠎ᠤᠨ ᠡᠯᠧᠺᠲᠷᠣᠨ ᠡᠷᠡᠭᠦᠯ ᠮᠡᠨᠳᠦ ᠵᠢᠨ ᠲᠠᠩᠰᠠ ᠡᠪᠬᠡᠮᠡᠯ᠎ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ᠎ᠤ ᠬᠡᠤᠬᠡᠳ᠎ᠤᠨ ᠡᠷᠡᠭᠦᠯᠵᠢᠯ᠂ ᠡᠮᠡᠭᠲᠡᠶ᠋ᠢᠴᠦᠳ᠎ᠤᠨ ᠡᠷᠡᠭᠦᠯᠵᠢᠯ᠂ ᠨᠠᠰᠤᠲᠠᠶ᠋ᠢᠴᠤᠳ᠎ᠤᠨ ᠡᠷᠡᠭᠦᠯ ᠮᠡᠨᠳᠦ ᠵᠢᠨ ᠬᠠᠮᠢᠶᠠᠷᠤᠯᠲᠠ ᠪᠠ ᠲᠥᠯᠥᠪᠯᠡᠭᠡᠲᠦ ᠡᠭᠡᠯᠢᠯᠡᠭᠡ ᠵᠢᠨ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠂ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ᠂ ᠬᠦᠨᠳᠦ ᠨᠣᠴᠢᠲᠠᠶ ᠣᠶᠤᠨ ᠮᠡᠳᠡᠷᠡᠯ᠎ᠤᠨ ᠰᠠᠭ᠋ᠠᠳ᠂ ᠠᠭᠤᠰᠬᠢᠨ᠎ᠤ ᠰᠦᠷᠢᠶ᠎ᠡ ᠵᠢᠨ ᠡᠪᠡᠳᠴᠢᠲᠡᠨ ᠵᠡᠷᠭᠡ ᠵᠢᠨ ᠡᠷᠡᠭᠦᠯ ᠮᠡᠨᠳᠦ ᠵᠢᠨ ᠬᠠᠮᠢᠶᠠᠷᠤᠯᠲᠠ ᠵᠢ ᠭᠣᠤᠯᠳᠠᠯᠭ᠎ᠠ᠎ᠲᠠᠢ ᠴᠢᠩᠭ᠋ᠠᠳᠬᠠᠨ᠎ᠠ᠃ ᠡᠮᠴᠢᠯᠡᠭᠡᠨ᠎ᠤ ᠬᠠᠮᠲᠤ ᠵᠢᠨ ᠴᠣᠭᠴᠠ᠎ᠪᠠᠷ ᠲᠦᠷᠦᠭᠦᠯᠡᠭᠦᠯᠦᠭᠰᠡᠨ ᠡᠮᠨᠡᠯᠭᠡ ᠵᠢᠨ ᠬᠣᠷᠢᠶ᠎ᠠ ᠵᠢᠨ ᠳᠣᠲᠣᠷ᠎ᠠ᠎ᠪᠠᠨ ᠪᠣᠯᠵᠣᠵᠤ ᠣᠨᠣᠰᠢᠯᠠᠨ ᠡᠮᠨᠡᠬᠦ ᠪᠠ ᠬᠣᠤᠰ ᠴᠢᠭᠯᠡᠯ ᠵᠶ᠋ᠠᠷ ᠰᠢᠯᠵᠢᠭᠦᠯᠦᠨ ᠡᠮᠨᠡᠭᠦᠯᠬᠦ ᠦᠢ᠍ᠯᠡᠴᠢᠯᠡᠭᠡ ᠵᠢ ᠢᠳᠡᠪᠬᠢᠲᠡᠶ᠎ᠪᠠᠷ ᠠᠬᠢᠭᠤᠯᠵᠤ᠂ ᠡᠮᠨᠡᠬᠦ ᠪᠠ ᠰᠤᠪᠢᠯᠠᠬᠤ ᠵᠢ ᠤᠶᠠᠯᠳᠤᠭᠤᠯᠬᠤ ᠵᠢ ᠠᠬᠢᠭᠤᠯᠤᠨ᠂ ᠡᠪᠡᠳᠴᠢᠨ᠎ᠢ᠎ᠨᠢ ᠵᠠᠰᠠᠵᠤ ᠡᠳᠡᠭᠡᠷᠡᠭᠦᠯᠦᠨ ᠠᠪᠬᠤ᠎ᠪᠠᠷ ᠭᠣᠤᠯ ᠪᠣᠯᠭ᠋ᠠᠬᠤ ᠵᠢ ᠠᠷᠠᠳ ᠲᠦᠮᠡᠨ᠎ᠤ ᠡᠷᠡᠭᠦᠯ ᠮᠡᠨᠳᠦ᠎ᠪᠠᠷ ᠭᠣᠤᠯ ᠪᠣᠯᠭ᠋ᠠᠬᠤ ᠳᠠᠰᠢ ᠬᠤᠪᠢᠷᠠᠭᠤᠯᠬᠤ ᠵᠢ ᠠᠯᠬᠤᠮ ᠠᠯᠬᠤᠮ ᠵᠶ᠋ᠠᠷ ᠪᠡᠶᠡᠯᠡᠭᠦᠯᠦᠨ᠎ᠡ᠃ ᠱᠠᠭ᠋ᠠᠷᠳᠠᠯᠭ᠎ᠠ ᠶᠣᠰᠣᠭ᠋ᠠᠷ ᠤᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠴᠢᠬᠤᠯᠠ ᠶᠡᠬᠡ ᠦᠢ᠍ᠯᠡᠴᠢᠯᠡᠭᠡᠨ᠎ᠤ ᠡᠭᠦᠷᠭᠡ ᠵᠢ ᠨᠠᠶ᠋ᠢᠳᠠᠪᠤᠷᠢᠵᠢᠭᠤᠯᠤᠨ᠎ᠠ᠃ ᠡᠪᠡᠳᠴᠢᠨ ᠡᠮᠭᠡᠭ᠎ᠢ ᠰᠡᠷᠭᠡᠶ᠋ᠢᠯᠡᠨ ᠬᠢᠵᠠᠭ᠋ᠠᠷᠯᠠᠬᠤ ᠲᠥᠪ᠎ᠨᠢ ᠡᠮᠴᠢᠯᠡᠭᠡᠨ᠎ᠤ ᠬᠠᠮᠲᠤ ᠵᠢᠨ ᠴᠣᠭᠴᠠ᠎ᠯᠤᠭ᠎ᠠ ᠵᠢᠨ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠮᠡᠷᠭᠡᠵᠢᠯ᠎ᠤᠨ ᠵᠢᠯᠣᠭᠣᠳᠣᠯᠭ᠎ᠠ᠂ ᠪᠣᠯᠪᠠᠰᠤᠷᠠᠭᠤᠯᠤᠯ ᠪᠠ ᠲᠤᠬᠠᠶ᠋ᠢᠯᠠᠭᠰᠠᠨ ᠠᠵᠢᠯ᠎ᠤᠨ ᠬᠠᠮᠢᠶᠠᠷᠤᠯᠲᠠ ᠵᠢ ᠰᠠᠶ᠋ᠢᠲᠤᠷ ᠬᠢᠵᠦ᠂ ᠰᠢᠶᠠᠨ ᠰᠢᠶᠠᠩ ᠲᠣᠰᠬᠣᠨ ᠭᠤᠷᠪᠠᠨ ᠱᠠᠲᠤᠨ᠎ᠤ ᠤᠷᠢᠳᠴᠢᠯᠠᠨ ᠰᠡᠷᠭᠡᠶ᠋ᠢᠯᠡᠬᠦ ᠪᠠ ᠦᠷᠭᠦᠯᠵᠢᠯᠡᠨ ᠬᠠᠮᠢᠶᠠᠷᠬᠤ ᠵᠢ ᠠᠬᠢᠭᠤᠯᠬᠤ ᠬᠡᠷᠡᠭᠲᠡᠶ᠃
      14. ᠡᠮᠨᠡᠬᠦ ᠪᠠ ᠰᠡᠷᠭᠡᠶ᠋ᠢᠯᠡᠬᠦ ᠵᠢ ᠠᠭᠤᠰᠤᠯᠴᠠᠭᠤᠯᠬᠤ ᠦᠢ᠍ᠯᠡᠴᠢᠯᠡᠭᠡᠨ᠎ᠤ ᠰᠢᠨ᠎ᠡ ᠵᠠᠭᠪᠤᠷ᠎ᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠨᠢᠭᠲᠠ ᠬᠡᠯᠪᠡᠷᠢ ᠵᠢᠨ ᠡᠮᠴᠢᠯᠡᠭᠡᠨ᠎ᠤ ᠬᠠᠮᠲᠤ ᠵᠢᠨ ᠴᠣᠭᠴᠠ᠎ᠪᠠᠷ ᠠᠴᠢᠶᠠᠯᠠᠪᠤᠷᠢ ᠪᠣᠯᠭ᠋ᠠᠵᠤ᠂ ᠰᠢᠨ᠎ᠡ ᠬᠡᠯᠪᠡᠷᠢ ᠵᠢᠨ ᠲᠢᠲᠢᠮᠯᠢᠭ ᠸᠢᠷᠦ᠋ᠰ᠎ᠤᠨ ᠬᠠᠯᠳᠠᠪᠤᠷᠢᠯᠠᠯ᠎ᠤᠨ ᠬᠠᠮᠢᠶ᠎ᠠ ᠪᠥᠬᠥᠶ ᠡᠪᠡᠳᠴᠢᠨ᠎ᠤ ᠢᠯᠡᠷᠡᠯ᠎ᠲᠠᠢ ᠡᠪᠡᠳᠴᠢᠲᠡᠨ᠎ᠢ ᠲᠠᠰ ᠬᠤᠪᠢᠶᠠᠨ ᠣᠨᠣᠰᠢᠯᠠᠨ ᠡᠮᠨᠡᠬᠦ ᠦᠢ᠍ᠯᠡᠴᠢᠯᠡᠭᠡᠨ᠎ᠤ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠶᠡᠷᠦᠩᠬᠡᠶ ᠡᠮᠨᠡᠯᠭᠡ ᠵᠢᠨ ᠬᠣᠷᠢᠶ᠎ᠠ ᠵᠢᠨ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠬᠠᠮᠢᠶᠠᠷᠤᠯᠲᠠ ᠵᠢᠨ ᠲᠥᠪ᠎ᠢ ᠪᠠᠶ᠋ᠢᠭᠤᠯᠵᠤ᠂ ᠶᠡᠷᠦᠩᠬᠡᠶ ᠡᠮᠨᠡᠯᠭᠡ ᠵᠢᠨ ᠬᠣᠷᠢᠶ᠎ᠠ ᠵᠢᠨ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠬᠠᠷᠢᠭᠤᠴᠠᠯᠭ᠎ᠠ ᠵᠢᠨ ᠨᠠᠷᠢᠨ ᠬᠠᠭᠤᠳᠠᠰᠤ ᠵᠢ ᠲᠣᠭᠲᠠᠭ᠋ᠠᠨ᠂ ᠡᠮᠴᠢᠯᠡᠭᠡᠨ᠎ᠤ ᠬᠠᠮᠲᠤ ᠵᠢᠨ ᠪᠡᠶ᠎ᠡ᠎ᠳᠠᠬᠢ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠬᠠᠮᠢᠶᠠᠷᠤᠯᠲᠠ᠂ ᠵᠢᠯᠣᠭᠣᠳᠣᠯᠭ᠎ᠠ᠂ ᠬᠢᠨᠠᠯᠲᠠ ᠬᠠᠮᠢᠶᠠᠷᠤᠯᠲᠠ ᠪᠠ ᠰᠢᠯᠭ᠋ᠠᠨ ᠬᠢᠨᠠᠬᠤ ᠵᠢ ᠨᠢᠭᠡᠳᠦᠯᠲᠡᠶ ᠲᠥᠯᠥᠪᠯᠡᠵᠦ᠂ ᠬᠠᠮᠢᠶ᠎ᠠ ᠪᠥᠬᠥᠶ ᠡᠬᠢ ᠪᠠᠶᠠᠯᠢᠭ᠎ᠢ ᠵᠣᠬᠢᠴᠠᠭᠤᠯᠤᠨ ᠨᠢᠭᠡᠳᠦᠯᠲᠡᠶ ᠲᠥᠯᠥᠪᠯᠡᠵᠦ᠂ ᠡᠮᠴᠢᠯᠡᠭᠡᠨ᠎ᠤ ᠬᠠᠮᠲᠤ ᠵᠢᠨ ᠪᠡᠶ᠎ᠡ᠎ᠳᠠᠬᠢ ᠣᠯᠠᠨ ᠨᠡᠶ᠋ᠢᠲᠡ ᠵᠢᠨ ᠡᠷᠡᠭᠦᠯ ᠰᠢᠶᠠᠨ᠎ᠤ ᠬᠡᠪᠴᠢᠶᠡᠨ᠎ᠳᠠᠬᠢ ᠬᠠᠯᠳᠠᠪᠤᠷᠢᠲᠤ ᠡᠪᠡᠳᠴᠢᠨ᠂ ᠭᠣᠤᠯᠳᠠᠯᠭ᠎ᠠ᠎ᠲᠠᠢ ᠤᠳᠠᠭ᠋ᠠᠨ ᠴᠢᠨᠠᠷᠲᠠᠶ ᠡᠪᠡᠳᠴᠢᠨ᠂ ᠮᠡᠳᠡᠷᠡᠯ᠎ᠤᠨ ᠡᠷᠡᠭᠦᠯ ᠬᠠᠮᠠᠭ᠋ᠠᠯᠠᠯ᠂ ᠠᠵᠢᠯ᠎ᠤᠨ ᠨᠥᠯᠥᠭᠡᠨ᠎ᠤ ᠡᠪᠡᠳᠴᠢᠨ ᠵᠢᠴᠢ ᠣᠷᠣᠨ ᠨᠤᠲᠤᠭ᠎ᠤᠨ ᠡᠪᠡᠳᠴᠢᠨ ᠵᠡᠷᠭᠡ ᠲᠤᠰᠬᠠᠶ ᠡᠪᠡᠳᠴᠢᠨ᠎ᠢ ᠬᠠᠮᠲᠤᠷᠠᠨ ᠰᠡᠷᠭᠡᠶ᠋ᠢᠯᠡᠵᠦ ᠬᠠᠮᠲᠤᠷᠠᠨ ᠵᠠᠰᠠᠬᠤ ᠠᠵᠢᠯ᠎ᠤᠨ ᠲᠣᠭᠲᠠᠴᠠ ᠵᠢ ᠪᠠᠶ᠋ᠢᠭᠤᠯᠵᠤ᠂ ᠰᠢᠶᠠᠨ᠎ᠤ ᠬᠡᠪᠴᠢᠶᠡᠨ᠎ᠳᠠᠬᠢ ᠲᠤᠰᠬᠠᠶ ᠡᠪᠡᠳᠴᠢᠨ᠎ᠢ ᠡᠮᠨᠡᠬᠦ ᠪᠠ ᠰᠡᠷᠭᠡᠶ᠋ᠢᠯᠡᠬᠦ ᠵᠢᠨ ᠠᠭᠤᠰᠤᠯᠴᠠᠬᠤ ᠵᠢ ᠠᠬᠢᠭᠤᠯᠤᠨ᠎ᠠ᠃ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠤᠳᠠᠭ᠋ᠠᠨ ᠴᠢᠨᠠᠷᠲᠠᠶ ᠡᠪᠡᠳᠴᠢᠨ᠎ᠢ ᠡᠮᠨᠡᠬᠦ ᠪᠠ ᠰᠡᠷᠭᠡᠶ᠋ᠢᠯᠡᠬᠦ ᠵᠢ ᠠᠭᠤᠰᠤᠯᠴᠠᠭᠤᠯᠤᠨ ᠬᠠᠮᠢᠶᠠᠷᠬᠤ ᠲᠣᠭᠲᠠᠴᠠ ᠵᠢ ᠲᠡᠭᠦᠯᠳᠡᠷᠵᠢᠭᠦᠯᠵᠦ᠂ ᠰᠢᠶᠠᠨ ᠰᠢᠶᠠᠩ ᠲᠣᠰᠬᠣᠨ᠎ᠢ ᠨᠢᠭᠡ ᠴᠤᠭᠴᠠᠵᠢᠭᠤᠯᠤᠭᠰᠠᠨ ᠤᠳᠠᠭ᠋ᠠᠨ ᠴᠢᠨᠠᠷᠲᠠᠶ ᠡᠪᠡᠳᠴᠢᠨ᠎ᠤ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ᠃ 2024 ᠣᠨ᠎ᠤ ᠡᠴᠦᠰ᠎ᠲᠤ᠂ ᠰᠢᠶᠠᠨ᠎ᠤ ᠬᠡᠪᠴᠢᠶᠡᠨ᠎ᠤ ᠡᠮᠴᠢᠯᠡᠭᠡ ᠪᠠ ᠰᠡᠷᠭᠡᠶ᠋ᠢᠯᠡᠯᠲᠡ ᠵᠢ ᠠᠭᠤᠰᠤᠯᠴᠠᠭᠤᠯᠤᠨ ᠬᠥᠭᠵᠢᠭᠦᠯᠬᠦ ᠲᠣᠭᠲᠠᠴᠠ ᠵᠢ ᠪᠠᠶ᠋ᠢᠭᠤᠯᠵᠤ᠂ ᠰᠢᠶᠠᠨ᠎ᠤ ᠬᠡᠪᠴᠢᠶᠡᠨ᠎ᠳᠠᠬᠢ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ ᠬᠢᠭᠡᠳ ᠡᠮᠴᠢᠯᠡᠭᠡᠨ᠎ᠤ ᠠᠪᠤᠷᠠᠨ ᠵᠠᠰᠠᠬᠤ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
      15. ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡ ᠵᠢ ᠪᠣᠳᠠᠲᠠᠶ᠋ᠢᠵᠢᠭᠤᠯᠤᠨ ᠨᠠᠷᠢᠯᠢᠬ᠍ᠵᠢᠭᠤᠯᠬᠤ ᠬᠡᠷᠡᠭᠲᠡᠶ᠃ ᠬᠡᠷ ᠪᠦᠯᠢ ᠵᠢᠨ ᠡᠮᠴᠢ ᠵᠢᠨ ᠭᠡᠷ᠎ᠡ ᠲᠣᠭᠲᠠᠬᠤ ᠦᠢ᠍ᠯᠡᠴᠢᠯᠡᠭᠡ ᠵᠢ ᠦᠷᠭᠦᠯᠵᠢᠯᠡᠨ ᠥᠷᠨᠢᠭᠦᠯᠵᠦ᠂ ᠬᠡᠷ ᠪᠦᠯᠢ ᠵᠢᠨ ᠡᠮᠴᠢ ᠵᠢ ᠤᠷᠮᠠᠰᠢᠭᠤᠯᠬᠤ ᠲᠦᠷᠢᠮ᠎ᠢ ᠪᠠᠶ᠋ᠢᠭᠤᠯᠤᠨ ᠪᠦᠷᠢᠨᠰᠢᠬᠦᠯᠵᠦ᠂ ᠭᠡᠷ᠎ᠡ ᠲᠣᠭᠲᠠᠬᠤ ᠦᠢ᠍ᠯᠡᠴᠢᠯᠡᠭᠡᠨ᠎ᠤ ᠵᠠᠷᠤᠳᠠᠯ᠂ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠪᠠ ᠴᠠᠯᠢᠩ ᠬᠥᠯᠥᠰᠥ ᠵᠢ ᠬᠤᠪᠢᠶᠠᠷᠢᠯᠠᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ 《ᠢᠨᠲᠸᠷ ᠰᠦᠯᠵᠢᠶ᠎ᠡ + ᠬᠡᠷ ᠪᠦᠯᠢ ᠵᠢᠨ ᠡᠮᠴᠢ》 ᠵᠢᠨ ᠭᠡᠷ᠎ᠡ ᠲᠣᠭᠲᠠᠨ ᠦᠢ᠍ᠯᠡᠴᠢᠯᠡᠬᠦ ᠵᠢ ᠠᠬᠢᠭᠤᠯᠵᠤ᠂ ᠦᠢ᠍ᠯᠡᠴᠢᠯᠡᠭᠡᠨ᠎ᠤ ᠬᠡᠯᠪᠡᠷᠢ ᠵᠢᠨ ᠰᠢᠨ᠎ᠡ ᠵᠢ ᠡᠭᠦᠳᠴᠦ᠂ ᠦᠢ᠍ᠯᠡᠴᠢᠯᠡᠭᠡᠨ᠎ᠤ ᠦᠷᠭᠦᠯᠵᠢᠯᠡᠬᠦ ᠴᠢᠨᠠᠷ᠂ ᠬᠠᠮᠵᠢᠯᠴᠠᠬᠤ ᠴᠢᠨᠠᠷ ᠪᠠ ᠥᠨᠳᠥᠷ ᠦᠷ᠎ᠡ ᠠᠰᠢᠭᠲᠤ ᠴᠢᠨᠠᠷ᠎ᠢ ᠴᠢᠩᠭ᠋ᠠᠷᠠᠭᠤᠯᠤᠨ᠎ᠠ᠃ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠵᠢᠨ ᠦᠢ᠍ᠯᠡᠴᠢᠯᠡᠭᠡᠨ᠎ᠢ ᠦᠨᠳᠦᠰᠦᠨ ᠱᠠᠲᠤᠨ᠎ᠳᠤ ᠳᠣᠷᠣᠭᠰᠢ ᠪᠠᠭᠤᠯᠭ᠋ᠠᠬᠤ ᠵᠢ ᠠᠬᠢᠭᠤᠯᠵᠤ᠂ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠦᠨ᠎ᠡ᠃ ᠬᠥᠳᠡᠭᠡ ᠲᠣᠰᠬᠣᠨ᠎ᠤ ᠡᠮᠴᠢ ᠵᠢᠨ ᠠᠵᠢᠯ᠎ᠤᠨ ᠪᠠᠶ᠋ᠢᠷᠢ ᠵᠢᠨ ᠪᠣᠯᠪᠠᠰᠤᠷᠠᠭᠤᠯᠤᠯ᠎ᠢ ᠦᠷᠭᠦᠯᠵᠢᠯᠡᠨ ᠴᠢᠩᠭ᠋ᠠᠳᠬᠠᠵᠤ᠂ ᠦᠢ᠍ᠯᠡᠴᠢᠯᠡᠭᠡᠨ᠎ᠤ ᠴᠢᠳᠠᠪᠤᠷᠢ ᠵᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ
      (ᠲᠥᠷᠪᠡ) ᠪᠠᠶ᠋ᠢᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠤᠨ ᠪᠥᠷᠢᠨᠰᠢᠬᠥᠯᠥᠨ᠎ᠡ
      16. ᠠᠵᠢᠯᠳᠠᠨ᠎ᠤ ᠶᠠᠪᠤᠳᠠᠯ᠎ᠤᠨ ᠲᠥᠷᠢᠮ᠎ᠤᠨ ᠥᠭᠡᠷᠡᠴᠢᠯᠡᠯᠲᠡ ᠵᠢ ᠲᠥᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢᠨ ᠠᠯᠪᠠᠨ ᠬᠡᠷ ᠵᠡᠷᠭᠡ ᠲᠤᠯᠤᠭ᠋ᠠᠨ ᠰᠠᠯᠠᠭ᠎ᠠ ᠮᠥᠴᠢᠷ᠎ᠤᠨ 《ᠭᠤᠷᠪᠠᠨ ᠲᠣᠳᠣᠷᠬᠠᠶ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢᠨ ᠲᠤᠷᠰᠢᠯᠭ᠎ᠠ ᠵᠢᠨ ᠰᠢᠨ᠎ᠡ ᠵᠢ ᠡᠭᠦᠳᠦᠨ ᠵᠠᠰᠠᠬᠤ ᠲᠣᠭᠲᠠᠴᠠ ᠵᠢᠨ ᠨᠢᠭᠲᠠ ᠬᠡᠯᠪᠡᠷᠢ ᠵᠢᠨ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢᠨ ᠲᠤᠷᠰᠢᠯᠲᠠ ᠵᠢᠨ ᠴᠢᠬ᠎ᠤᠨ ᠠᠵᠢᠯ᠎ᠢ ᠴᠢᠨᠠᠷ ᠰᠠᠶ᠋ᠢᠲᠠᠶ ᠳᠥᠯᠭᠢᠨ ᠠᠬᠢᠭᠤᠯᠬᠤ ᠰᠠᠨᠠᠯ᠎ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ》 (ᠥᠪᠥᠷ ᠡᠮ ᠡᠮᠨᠡᠯᠭᠡ ᠥᠭᠡᠷᠡᠴᠢᠯᠡᠬᠦ ᠠᠯᠪᠠᠨ ᠥᠰᠥᠭ [2021] 13 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠶᠣᠰᠣᠭ᠋ᠠᠷ᠂ ᠨᠢᠭᠲᠠ ᠬᠡᠯᠪᠡᠷᠢ ᠵᠢᠨ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠠᠵᠢᠯᠲᠠᠨ᠎ᠤ ᠶᠠᠪᠤᠳᠠᠯ᠎ᠤᠨ ᠬᠥᠯᠥᠰᠥ ᠣᠯᠭᠣᠮᠵᠢ ᠵᠢᠨ ᠲᠦᠷᠢᠮ᠎ᠤᠨ ᠥᠭᠡᠷᠡᠴᠢᠯᠡᠯᠲᠡ ᠵᠢᠨ ᠡᠭᠦᠷᠭᠡ ᠵᠢ ᠲᠦᠷᠭᠡᠳᠬᠡᠨ᠎ᠡ᠃ ᠣᠷᠣᠨ ᠲᠣᠭ᠎ᠠ ᠵᠢᠨ ᠰᠠᠯᠠᠭ᠎ᠠ ᠮᠥᠴᠢᠷ᠎ᠨᠢ ᠶᠡᠷᠦᠩᠬᠡᠶ ᠬᠡᠮᠵᠢᠶ᠎ᠡ ᠵᠢ ᠨᠢᠭᠡᠳᠦᠯᠲᠡᠶ ᠲᠥᠯᠥᠪᠯᠡᠨ ᠬᠠᠮᠢᠶᠠᠷᠤᠭᠰᠠᠨ ᠰᠠᠭᠤᠷᠢᠨ ᠳᠡᠭᠡᠷ᠎ᠡ᠂ ᠶᠡᠷᠦᠩᠬᠡᠶ ᠡᠮᠨᠡᠯᠭᠡ ᠵᠢᠨ ᠬᠣᠷᠢᠶ᠎ᠠ᠎ᠳᠤ ᠣᠷᠣᠨ ᠲᠣᠭ᠎ᠠ ᠵᠢᠨ ᠡᠬᠢ ᠪᠠᠶᠠᠯᠢᠭ᠎ᠢ ᠨᠢᠭᠡᠳᠦᠯᠲᠡᠶ ᠳᠣᠭᠢᠷᠠᠭᠤᠯᠬᠤ᠂ ᠨᠢᠭᠡᠳᠦᠯᠲᠡᠶ ᠲᠥᠯᠥᠪᠯᠡᠨ ᠬᠡᠷᠡᠭᠯᠡᠬᠦ ᠡᠷᠬᠡ ᠮᠡᠳᠡᠯ᠎ᠢ ᠣᠯᠭᠣᠨ᠎ᠠ᠃ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠬᠠᠮᠲᠤᠷᠠᠨ 《ᠬᠣᠰᠢᠭᠤ ᠰᠢᠶᠠᠨ ᠰᠤᠮᠤ ᠪᠠᠯᠭ᠋ᠠᠰᠤ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢ ᠢᠯᠡ᠎ᠪᠠᠷ ᠤᠷᠢᠨ ᠬᠡᠷᠡᠭᠯᠡᠬᠦ ᠬᠣᠯᠪᠣᠭᠳᠠᠯ ᠪᠥᠬᠥᠶ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠲᠤᠬᠠᠶ ᠮᠡᠳᠡᠭᠳᠡᠯ》 (ᠥᠪᠥᠷ ᠡᠷᠡᠭᠦᠯ ᠬᠠᠮᠠᠭ᠋ᠠᠯᠠᠯ ᠬᠥᠮᠥᠨ ᠲᠠᠷᠬᠠᠭ᠋ᠠᠭᠰᠠᠨ [2020] 12 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠳᠠᠷᠤᠮᠠᠯᠯᠠᠨ ᠲᠠᠷᠬᠠᠭ᠋ᠠᠵᠤ᠂ ᠶᠡᠷᠦᠩᠬᠡᠶ ᠡᠮᠨᠡᠯᠭᠡ ᠵᠢᠨ ᠬᠣᠷᠢᠶ᠎ᠠ᠎ᠳᠤ ᠬᠥᠮᠦᠨ ᠬᠡᠷᠡᠭᠯᠡᠬᠦ ᠡᠵᠡᠨ ᠮᠡᠳᠡᠬᠦ ᠡᠷᠬᠡ ᠣᠯᠭᠣᠨ᠎ᠠ᠃ ᠶᠡᠷᠦᠩᠬᠡᠶ ᠡᠮᠨᠡᠯᠭᠡ ᠵᠢᠨ ᠬᠣᠷᠢᠶ᠎ᠠ ᠵᠢᠨ ᠳᠣᠲᠣᠭ᠋ᠠᠳᠤ ᠵᠢᠨ ᠠᠵᠢᠯᠲᠠᠨ᠎ᠢ ᠶᠡᠷᠦᠩᠬᠡᠶ ᠡᠮᠨᠡᠯᠭᠡ ᠵᠢᠨ ᠬᠣᠷᠢᠶ᠎ᠠ᠎ᠪᠠᠷ ᠨᠢᠭᠡᠴᠢ ᠪᠣᠯᠭ᠋ᠠᠬᠤ ᠵᠢ ᠶᠡᠬᠡᠪᠡᠷ ᠳᠥᠯᠭᠢᠨ ᠠᠬᠢᠭᠤᠯᠵᠤ᠂ 《ᠬᠡᠷᠡᠭᠴᠡᠭᠡ᠎ᠪᠠᠷ᠎ᠨᠢ ᠠᠵᠢᠯ᠎ᠤᠨ ᠪᠠᠶ᠋ᠢᠷᠢ ᠳᠣᠭᠢᠷᠠᠭᠤᠯᠬᠤ᠂ ᠥᠷᠢᠰᠥᠯᠳᠦᠨ ᠤᠷᠢᠵᠤ ᠠᠵᠢᠯ᠎ᠤᠨ ᠪᠠᠶ᠋ᠢᠷᠢ᠎ᠳᠤ ᠭᠠᠷᠭ᠋ᠠᠬᠤ᠂ ᠠᠵᠢᠯ᠎ᠤᠨ ᠪᠠᠶ᠋ᠢᠷᠢ᠎ᠪᠠᠷ ᠴᠠᠯᠢᠩ᠎ᠢ ᠲᠣᠭᠲᠠᠭ᠋ᠠᠬᠤ》 ᠵᠠᠷᠴᠢᠮ ᠶᠣᠰᠣᠭ᠋ᠠᠷ᠂ ᠡᠮᠨᠡᠯᠭᠡ ᠵᠢᠨ ᠬᠠᠮᠲᠤ ᠵᠢᠨ ᠴᠣᠭᠴᠠ ᠵᠢᠨ ᠨᠢᠭᠡᠳᠦᠯᠲᠡᠶ ᠤᠷᠢᠬᠤ᠂ ᠨᠢᠭᠡᠳᠦᠯᠲᠡᠶ ᠪᠣᠯᠪᠠᠰᠤᠷᠠᠭᠤᠯᠬᠤ᠂ ᠨᠢᠭᠡᠳᠦᠯᠲᠡᠶ ᠬᠠᠮᠢᠶᠠᠷᠬᠤ᠂ ᠨᠢᠭᠡᠳᠦᠯᠲᠡᠶ ᠳᠣᠭᠢᠷᠠᠭᠤᠯᠬᠤ᠂ ᠨᠢᠭᠡᠳᠦᠯᠲᠡᠶ ᠬᠢᠨᠠᠨ ᠰᠢᠯᠭ᠋ᠠᠬᠤ᠂ ᠨᠢᠭᠡᠳᠦᠯᠲᠡᠶ ᠣᠯᠭᠣᠮᠵᠢ᠎ᠲᠠᠢ ᠪᠠᠶ᠋ᠢᠯᠭ᠋ᠠᠬᠤ ᠵᠢ ᠬᠡᠷᠡᠭᠵᠢᠭᠦᠯᠵᠦ᠂ ᠥᠷᠢᠰᠥᠯᠳᠦᠨ ᠤᠷᠢᠵᠤ ᠠᠵᠢᠯ᠎ᠤᠨ ᠪᠠᠶ᠋ᠢᠷᠢ᠎ᠳᠤ ᠭᠠᠷᠬᠤ ᠪᠠ ᠭᠡᠷ᠎ᠡ᠎ᠪᠠᠷ ᠬᠠᠮᠢᠶᠠᠷᠬᠤ ᠵᠢ ᠬᠡᠷᠡᠭᠵᠢᠭᠦᠯᠦᠨ᠎ᠡ᠃
      17. ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠠᠷᠭ᠎ᠠ ᠮᠠᠶᠢᠭ᠎ᠤᠨ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠠᠷᠭ᠎ᠠ ᠮᠠᠶᠢᠭ᠎ᠤᠨ ᠥᠭᠡᠷᠡᠴᠢᠯᠡᠯᠲᠡ ᠪᠠ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠬᠥᠳᠡᠯᠦᠩᠭᠦᠶ᠎ᠪᠠᠷ ᠳᠣᠭᠢᠷᠠᠭᠤᠯᠬᠤ ᠡᠮᠴᠢᠯᠡᠭᠡᠨ᠎ᠤ ᠳᠠᠭ᠋ᠠᠳᠬᠠᠯ᠎ᠤᠨ ᠪᠠᠯᠠ ᠮᠥᠩᠭᠥ ᠵᠢᠨ ᠶᠡᠷᠦᠩᠬᠡᠶ ᠲᠣᠭ᠎ᠠ ᠵᠢᠨ ᠲᠥᠰᠦᠪ᠎ᠤᠨ ᠬᠠᠮᠢᠶᠠᠷᠤᠯᠲᠠ ᠵᠢ ᠴᠢᠩᠭ᠋ᠠᠷᠠᠭᠤᠯᠵᠤ᠂ ᠡᠮᠴᠢᠯᠡᠭᠡᠨ᠎ᠤ ᠳᠠᠭ᠋ᠠᠳᠬᠠᠯ᠎ᠤᠨ ᠲᠣᠪᠴᠢᠶ᠎ᠠ᠎ᠨᠢ ᠡᠮᠴᠢᠯᠡᠭᠡᠨ᠎ᠤ ᠳᠠᠭ᠋ᠠᠳᠬᠠᠯ᠎ᠤᠨ ᠪᠠᠯᠠ ᠮᠥᠩᠭᠥ ᠵᠢ ᠬᠢᠨᠠᠨ ᠬᠠᠮᠢᠶᠠᠷᠬᠤ ᠡᠭᠦᠷᠭᠡ ᠴᠢᠳᠠᠪᠤᠷᠢ᠎ᠪᠠᠨ ᠦᠨᠡᠨᠬᠦ ᠭᠦᠢ᠍ᠴᠡᠳᠬᠡᠵᠦ᠂ 《ᠨᠢᠭᠡᠳᠦᠯᠲᠡᠶ ᠬᠡᠷᠡᠭᠯᠡᠬᠦ᠂ ᠨᠢᠭᠡᠳᠦᠯᠲᠡᠶ ᠬᠠᠮᠢᠶᠠᠷᠬᠤ᠂ ᠶᠡᠷᠦᠩᠬᠡᠶ ᠲᠣᠭ᠎ᠠ ᠵᠢ ᠡᠵᠡᠮᠳᠡᠬᠦ᠂ ᠦᠯᠡᠳᠡᠪᠦᠷᠢ ᠵᠢ ᠦᠯᠡᠳᠡᠭᠡᠨ ᠬᠡᠷᠡᠭᠯᠡᠬᠦ》 ᠵᠠᠷᠴᠢᠮ ᠵᠶ᠋ᠠᠷ ᠪᠠᠯᠠ ᠮᠥᠩᠭᠥ ᠵᠢ ᠶᠡᠷᠦᠩᠬᠡᠶ ᠡᠮᠨᠡᠯᠭᠡ ᠵᠢᠨ ᠬᠣᠷᠢᠶ᠎ᠠ᠎ᠳᠤ ᠰᠢᠯᠵᠢᠭᠦᠯᠦᠨ ᠥᠭᠬᠦ ᠬᠡᠷᠡᠭᠲᠡᠶ᠃ ᠶᠡᠷᠦᠩᠬᠡᠶ ᠡᠮᠨᠡᠯᠭᠡ ᠵᠢᠨ ᠬᠣᠷᠢᠶ᠎ᠠ᠎ᠨᠢ ᠲᠦᠭᠰᠢᠭᠦᠷᠢ ᠵᠢ ᠬᠠᠮᠢᠶᠠᠷᠤᠨ ᠡᠵᠡᠮᠳᠡᠬᠦ᠂ ᠬᠤᠭᠤᠴᠠᠭ᠎ᠠ ᠬᠤᠪᠢᠶᠠᠨ ᠰᠠᠯᠭ᠋ᠠᠨ ᠥᠭᠬᠦ᠂ ᠬᠥᠳᠡᠯᠦᠩᠭᠦᠶ᠎ᠪᠠᠷ ᠮᠥᠷᠳᠡᠨ ᠵᠠᠳᠠᠯᠬᠤ᠂ ᠠᠷᠪᠢᠯᠠᠨ ᠭᠠᠮᠨᠠᠬᠤ ᠬᠦᠴᠦᠨ ᠵᠦᠢ᠍ᠯ᠎ᠢ ᠤᠷᠮᠠᠰᠢᠭᠤᠯᠬᠤ᠎ᠪᠠᠷ ᠳᠠᠮᠵᠢᠭᠤᠯᠤᠨ᠂ ᠡᠮ ᠡᠮᠨᠡᠯᠭᠡ ᠵᠢᠨ ᠳᠠᠭ᠋ᠠᠳᠬᠠᠯ᠎ᠤᠨ ᠪᠠᠯᠠ ᠮᠥᠩᠭᠥ ᠵᠢ ᠡᠯ᠎ᠡ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠳᠤ ᠰᠢᠨᠵᠢᠯᠡᠬᠦ ᠤᠬᠠᠭ᠋ᠠᠨᠴᠢ᠎ᠪᠠᠷ ᠨᠢᠭᠡᠳᠦᠯᠲᠡᠶ ᠲᠥᠯᠥᠪᠯᠡᠨ ᠬᠤᠪᠢᠶᠠᠷᠢᠯᠠᠬᠤ ᠵᠢᠨ ᠬᠠᠮᠲᠤ᠂ ᠣᠯᠠᠨ ᠲᠦᠮᠡᠨ᠎ᠤ ᠵᠦᠶ ᠵᠣᠬᠢᠰᠲᠠᠶ᠎ᠪᠠᠷ ᠡᠪᠡᠳᠴᠢᠨ ᠦᠵᠡᠭᠦᠯᠬᠦ ᠵᠢ ᠪᠠᠲᠤᠯᠠᠭᠰᠠᠨ ᠤᠷᠢᠲᠠᠯ ᠳᠣᠤᠷ᠎ᠠ᠂ ᠡᠮ ᠡᠮᠨᠡᠯᠭᠡ ᠵᠢᠨ ᠳᠠᠭ᠋ᠠᠳᠬᠠᠯ᠎ᠤᠨ ᠪᠠᠯᠠ ᠮᠥᠩᠭᠥ ᠵᠢ ᠥᠪᠡᠰᠦᠪᠡᠨ ᠡᠵᠡᠮᠳᠡᠬᠦ ᠬᠠᠮᠢᠶᠠᠷᠤᠯᠲᠠ ᠵᠢᠨ ᠲᠦᠷᠢᠮ᠎ᠢ ᠦᠷᠭᠦᠯᠵᠢᠯᠡᠨ ᠪᠦᠷᠢᠨᠰᠢᠬᠦᠯᠵᠦ᠂ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠬᠡᠷᠡᠭᠯᠡᠯᠲᠡ ᠵᠢᠨ ᠦᠷ᠎ᠡ ᠠᠰᠢᠭ᠎ᠢ ᠳᠡᠭᠡᠭᠰᠢᠯᠡᠭᠦᠯᠦᠨ᠎ᠡ᠃ ᠶᠡᠷᠦᠩᠬᠡᠶ ᠡᠮᠨᠡᠯᠭᠡ ᠵᠢᠨ ᠬᠣᠷᠢᠶ᠎ᠠ᠎ᠨᠢ ᠡᠮᠨᠡᠯᠭᠡ ᠵᠢᠨ ᠬᠣᠷᠢᠶ᠎ᠠ ᠪᠠ ᠰᠠᠯᠠᠭ᠋ᠠᠨ᠎ᠤ ᠬᠣᠶᠠᠷ ᠱᠠᠲᠤᠨ᠎ᠤ ᠡᠮᠴᠢᠯᠡᠭᠡᠨ᠎ᠤ ᠳᠠᠭ᠋ᠠᠳᠬᠠᠯ᠎ᠤᠨ ᠪᠠᠯᠠ ᠮᠥᠩᠭᠥ ᠵᠢᠨ 《ᠶᠡᠷᠦᠩᠬᠡᠶ ᠲᠣᠭ᠎ᠠ ᠵᠢ ᠡᠵᠡᠮᠳᠡᠬᠦ᠂ ᠦᠯᠡᠳᠡᠪᠦᠷᠢ ᠵᠢ ᠱᠠᠩᠨᠠᠬᠤ》 ᠲᠦᠷᠢᠮ᠎ᠢ ᠪᠠᠶ᠋ᠢᠭᠤᠯᠵᠤ᠂ ᠦᠯᠡᠳᠡᠪᠦᠷᠢ ᠵᠢ ᠦᠯᠡᠳᠡᠭᠡᠨ ᠬᠡᠷᠡᠭᠯᠡᠬᠦ᠂ ᠵᠦᠶ ᠵᠣᠬᠢᠰᠲᠠᠶ᠎ᠪᠠᠷ ᠬᠡᠲᠦᠷᠡᠭᠦᠯᠦᠨ ᠵᠠᠷᠤᠬᠤ ᠵᠢ ᠬᠤᠪᠢᠶᠠᠨ ᠡᠭᠦᠷᠭᠡᠯᠡᠬᠦ ᠤᠷᠮᠠᠰᠢᠭᠤᠯᠵᠤ ᠬᠢᠵᠠᠭ᠋ᠠᠷᠯᠠᠬᠤ ᠲᠣᠭᠲᠠᠴᠠ ᠵᠢ ᠪᠣᠳᠠᠲᠠᠶ᠋ᠢᠵᠢᠭᠤᠯᠤᠨ᠎ᠠ᠃ ᠲᠣᠭ᠋ᠠᠴᠠᠭ᠎ᠠ ᠬᠢᠬᠦ ᠠᠷᠭ᠎ᠠ ᠮᠠᠶᠢᠭ᠎ᠤᠨ ᠥᠭᠡᠷᠡᠴᠢᠯᠡᠯᠲᠡ ᠵᠢ ᠢᠳᠡᠪᠬᠢᠲᠡᠶ ᠠᠬᠢᠭᠤᠯᠵᠤ᠂ ᠨᠠᠷᠢᠯᠢᠬ᠍ᠵᠢᠭᠤᠯᠤᠭᠰᠠᠨ ᠬᠠᠮᠢᠶᠠᠷᠤᠯᠲᠠ ᠵᠢ ᠬᠡᠷᠡᠭᠵᠢᠭᠦᠯᠦᠨ᠂ ᠡᠭᠦᠳᠡᠨ ᠡᠮᠨᠡᠯᠭᠡ ᠵᠢᠨ ᠦᠢ᠍ᠯᠡᠴᠢᠯᠡᠭᠡᠨ᠎ᠤ ᠦᠢ᠍ᠯᠡ ᠠᠵᠢᠯᠯᠠᠭ᠎ᠠ ᠵᠢ ᠵᠢᠷᠤᠮᠵᠢᠭᠤᠯᠵᠤ᠂ ᠥᠪᠡᠷ᠎ᠤᠨ ᠥᠷᠲᠡᠭ᠎ᠢ ᠢᠳᠡᠪᠬᠢᠲᠡᠢ ᠡᠵᠡᠮᠰᠢᠨ᠎ᠡ᠃
      18. ᠦᠨᠳᠦᠰᠦᠨ ᠡᠮ᠎ᠤᠨ ᠵᠦᠢ᠍ᠯ᠎ᠤᠨ ᠲᠦᠷᠢᠮ᠎ᠤᠨ ᠪᠠᠶ᠋ᠢᠭᠤᠯᠤᠯᠲᠠ ᠵᠢ ᠪᠡᠬᠢᠵᠢᠭᠦᠯᠦᠨ ᠲᠡᠭᠦᠯᠳᠡᠷᠵᠢᠭᠦᠯᠦᠨ᠎ᠡ᠃ ᠳᠡᠭᠡᠳᠦ ᠱᠠᠲᠤᠨ᠎ᠤ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠶᠣᠰᠣᠭ᠋ᠠᠷ᠂ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠶᠡᠷᠦᠩᠬᠡᠶ ᠡᠮᠨᠡᠯᠭᠡ ᠵᠢᠨ ᠬᠣᠷᠢᠶ᠎ᠠ᠎ᠪᠠᠷ ᠨᠢᠭᠡᠴᠢ ᠪᠣᠯᠭ᠋ᠠᠭᠰᠠᠨ ᠡᠮ᠎ᠤᠨ ᠵᠦᠢ᠍ᠯ ᠬᠤᠳᠠᠯᠳᠤᠨ ᠠᠪᠬᠤ ᠠᠷᠭ᠎ᠠ ᠮᠠᠶᠢᠭ᠃ ᠲᠥᠪᠯᠡᠷᠡᠭᠦᠯᠦᠨ ᠬᠤᠳᠠᠯᠳᠤᠨ ᠠᠪᠬᠤ ᠳᠤᠮᠳᠠ᠎ᠠᠴᠠ ᠰᠣᠩᠭᠣᠭᠰᠠᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠢᠳᠡᠪᠬᠢᠲᠡᠶ ᠬᠡᠷᠡᠭᠯᠡᠨ᠂ ᠦᠨᠳᠦᠰᠦᠨ ᠱᠠᠲᠤᠨ᠎ᠤ ᠡᠮᠴᠢᠯᠡᠭᠡᠨ᠎ᠤ ᠪᠠᠶ᠋ᠢᠭᠤᠯᠤᠮᠵᠢ ᠵᠢᠨ ᠳᠠᠭ᠋ᠠᠵᠤ ᠬᠡᠷᠡᠭᠯᠡᠬᠦ ᠵᠢ ᠵᠢᠯᠣᠭᠣᠳᠴᠤ᠂ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠬᠡᠷᠡᠭᠯᠡᠯᠲᠡ ᠵᠢᠨ ᠳᠡᠭᠡᠳᠦ ᠳᠣᠤᠷᠠᠳᠤ ᠱᠠᠲᠤᠨ᠎ᠤ ᠵᠣᠬᠢᠴᠠᠯᠳᠤᠬᠤ ᠴᠢᠨᠠᠷ᠎ᠢ ᠳᠡᠭᠡᠭᠰᠢᠯᠡᠭᠦᠯᠦᠨ᠎ᠡ᠃ ᠡᠮᠴᠢᠯᠡᠭᠡᠨ᠎ᠤ ᠬᠠᠮᠲᠤ ᠵᠢᠨ ᠴᠣᠭᠴᠠ᠎ᠨᠢ ᠡᠮ᠎ᠤᠨ ᠵᠦᠢ᠍ᠯ᠎ᠤᠨ ᠨᠢᠭᠡᠳᠦᠯᠲᠡᠶ ᠭᠠᠷᠴᠠᠭ᠂ ᠨᠢᠭᠡᠳᠦᠯᠲᠡᠶ ᠬᠤᠳᠠᠯᠳᠤᠨ ᠠᠪᠬᠤ᠂ ᠨᠢᠭᠡᠳᠦᠯᠲᠡᠶ ᠦᠨ᠎ᠡ ᠬᠠᠩᠰᠢ᠂ ᠨᠢᠭᠡᠳᠦᠯᠲᠡᠶ ᠳᠣᠭᠢᠷᠠᠭᠤᠯᠤᠨ ᠬᠦᠷᠭᠡᠬᠦ ᠵᠢ ᠪᠡᠶᠡᠯᠡᠭᠦᠯᠵᠦ᠂ ᠡᠮ᠎ᠤᠨ ᠰᠤᠳᠤᠯᠤᠯ᠎ᠤᠨ ᠦᠢ᠍ᠯᠡᠴᠢᠯᠡᠭᠡᠨ᠎ᠢ ᠦᠨᠳᠦᠰᠦᠨ ᠱᠠᠲᠤᠨ᠎ᠳᠤ ᠪᠠᠭᠤᠯᠭ᠋ᠠᠬᠤ ᠵᠢ ᠲᠦᠷᠭᠡᠳᠬᠡᠨ᠎ᠡ᠃ ᠡᠪᠡᠳᠴᠢᠨ᠎ᠤ ᠪᠠᠶ᠋ᠢᠳᠠᠯ᠎ᠨᠢ ᠲᠣᠭᠲᠠᠪᠤᠷᠢᠲᠠᠶ ᠤᠳᠠᠭ᠋ᠠᠨ ᠴᠢᠨᠠᠷᠲᠠᠶ ᠡᠪᠡᠳᠴᠢᠲᠡᠨ᠎ᠤ ᠡᠮ ᠬᠡᠷᠡᠭᠯᠡᠬᠦ ᠣᠷᠳᠣ ᠵᠣᠷ᠎ᠤᠨ ᠲᠦᠷᠢᠮ᠎ᠢ ᠨᠠᠶ᠋ᠢᠳᠠᠪᠤᠷᠢᠵᠢᠭᠤᠯᠵᠤ᠂ ᠪᠠᠶ᠋ᠢᠩᠭᠤ ᠲᠣᠬᠢᠶᠠᠯᠳᠤᠳᠠᠭ ᠡᠪᠡᠳᠴᠢᠨ᠂ ᠤᠳᠠᠭ᠋ᠠᠨ ᠴᠢᠨᠠᠷᠲᠠᠶ ᠡᠪᠡᠳᠴᠢᠨ ᠵᠢᠴᠢ ᠡᠷᠡᠭᠦᠯᠵᠢᠯ᠎ᠤᠨ ᠬᠤᠭᠤᠴᠠᠭ᠋ᠠᠨ᠎ᠳᠠᠬᠢ ᠡᠪᠡᠳᠴᠢᠲᠡᠨ᠎ᠤ ᠵᠦᠶ ᠵᠣᠬᠢᠰᠲᠠᠶ ᠡᠮ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠪᠠᠲᠤᠯᠠᠨ᠎ᠠ᠃
      19. ᠡᠳ᠋᠎ᠤᠨ ᠵᠠᠰᠠᠭ᠎ᠤᠨ ᠣᠷᠣᠭᠤᠯᠤᠯᠲᠠ ᠵᠢᠨ ᠵᠠᠷᠤᠳᠠᠯ᠎ᠢ ᠨᠠᠶ᠋ᠢᠳᠠᠪᠤᠷᠢᠵᠢᠭᠤᠯᠬᠤ ᠬᠡᠷᠡᠭᠲᠡᠶ᠃ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢᠨ ᠬᠥᠭᠵᠢᠯᠲᠡ ᠵᠢᠨ ᠬᠡᠷᠡᠭᠴᠡᠭᠡ ᠵᠢ ᠦᠨᠳᠦᠰᠦᠯᠡᠨ᠂ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠣᠷᠢᠶ᠎ᠠ ᠪᠣᠯᠤᠨ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢ ᠦᠨᠳᠦᠰᠦᠯᠡᠨ᠂ ᠤᠤᠯ᠎ᠤᠨ ᠠᠷᠭ᠎ᠠ ᠵᠠᠮ ᠵᠶ᠋ᠠᠷ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠪᠦᠷᠢᠯᠳᠦᠬᠦᠨ ᠨᠢᠭᠡᠴᠡ᠎ᠳᠤ ᠨᠥᠬᠥᠪᠥᠷᠢ ᠥᠭᠬᠦ ᠪᠠᠯᠠ ᠮᠥᠩᠭᠥ ᠵᠢ ᠭᠦᠢ᠍ᠴᠡᠳ ᠲᠣᠭ᠎ᠠ᠎ᠪᠠᠷ ᠳᠣᠭᠢᠷᠠᠭᠤᠯᠤᠨ᠎ᠠ᠃ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠣᠷᠢᠶ᠎ᠠ᠎ᠳᠠᠬᠢ ᠣᠷᠣᠭᠤᠯᠤᠯᠲᠠ᠎ᠪᠠᠨ 《ᠦᠨᠳᠦᠰᠦᠨ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡ ᠵᠡᠷᠭᠡ 5 ᠵᠦᠢ᠍ᠯ᠎ᠤᠨ ᠨᠥᠬᠥᠪᠥᠷᠢ ᠪᠠᠯᠠ ᠮᠥᠩᠭᠥ ᠵᠢᠨ ᠬᠠᠮᠢᠶᠠᠷᠤᠯᠲᠠ ᠵᠢᠨ ᠠᠷᠭ᠎ᠠ᠎ᠳᠤ ᠵᠠᠰᠠᠪᠤᠷᠢ ᠣᠷᠣᠭᠤᠯᠬᠤ ᠲᠤᠬᠠᠶ ᠮᠡᠳᠡᠭᠳᠡᠯ》 (ᠡᠳ᠋᠎ᠤᠨ ᠵᠠᠰᠠᠭ ᠬᠣᠷᠰᠢᠶ᠎ᠠ [2022] 31 ᠳ᠋ᠦᠭᠡᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠦᠨᠳᠦᠰᠦᠨ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠵᠠᠷᠤᠳᠠᠯ᠎ᠢ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠪᠠᠶ᠋ᠢᠩᠭᠤ ᠰᠠᠭᠤᠭ᠎ᠠ ᠬᠥᠮᠦᠨ ᠠᠮᠠ ᠵᠢᠨ ᠶᠡᠷᠦᠩᠬᠡᠶ ᠲᠣᠭ᠋ᠠᠨ᠎ᠤ ᠲᠥᠰᠦᠪ ᠶᠣᠰᠣᠭ᠋ᠠᠷ᠂ ᠡᠮᠴᠢᠯᠡᠭᠡᠨ᠎ᠤ ᠬᠠᠮᠲᠤ ᠵᠢᠨ ᠴᠣᠭᠴᠠ᠎ᠠᠴᠠ ᠨᠢᠭᠡᠳᠦᠯᠲᠡᠶ ᠲᠥᠯᠥᠪᠯᠡᠨ ᠬᠠᠮᠢᠶᠠᠷᠬᠤ ᠪᠠ ᠬᠡᠷᠡᠭᠯᠡᠬᠦ ᠵᠢ ᠬᠡᠷᠡᠭᠵᠢᠭᠦᠯᠵᠦ᠂ ᠵᠢᠯ᠎ᠤᠨ ᠡᠬᠢᠨ᠎ᠳᠤ ᠬᠡᠰᠡᠭ ᠠᠵᠢᠯ᠎ᠤᠨ ᠵᠠᠷᠤᠳᠠᠯ᠎ᠢ ᠤᠷᠢᠳᠴᠢᠯᠠᠨ ᠰᠠᠯᠭ᠋ᠠᠨ ᠥᠭᠴᠦ᠂ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠭᠰᠠᠨ᠎ᠤ ᠳᠠᠷᠠᠭ᠎ᠠ ᠣᠯᠭᠣᠨ᠎ᠠ᠃ ᠡᠮᠴᠢᠯᠡᠭᠡᠨ᠎ᠤ ᠬᠠᠮᠲᠤ ᠵᠢᠨ ᠪᠡᠶ᠎ᠡ ᠵᠢᠨ ᠳᠣᠲᠣᠭ᠋ᠠᠳᠤ ᠵᠢᠨ ᠡᠳ᠋᠎ᠤᠨ ᠶᠠᠪᠤᠳᠠᠯ᠎ᠳᠤ ᠨᠢᠭᠡᠳᠦᠯᠲᠡᠶ ᠬᠠᠮᠢᠶᠠᠷᠬᠤ᠂ ᠲᠥᠪᠯᠡᠷᠡᠭᠦᠯᠦᠨ ᠲᠣᠭ᠋ᠠᠴᠠᠭ᠎ᠠ ᠬᠢᠬᠦ ᠵᠢ ᠬᠡᠷᠡᠭᠵᠢᠭᠦᠯᠵᠦ᠂ ᠡᠯ᠎ᠡ ᠪᠦᠷᠢᠯᠳᠦᠬᠦᠨ ᠨᠢᠭᠡᠴᠡ ᠵᠢᠨ ᠡᠳ᠋᠎ᠤᠨ ᠶᠠᠪᠤᠳᠠᠯ᠎ᠳᠤ ᠲᠤᠰᠠᠭ᠋ᠠᠷ ᠬᠤᠪᠢᠶᠠᠷᠢ ᠲᠠᠩᠰᠠᠨ ᠡᠷᠦᠬᠡ ᠪᠠᠶ᠋ᠢᠭᠤᠯᠤᠨ᠂ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠳᠣᠲᠣᠭ᠋ᠠᠳᠤ ᠵᠢᠨ ᠬᠢᠨᠠᠨ ᠪᠠᠶ᠋ᠢᠴᠠᠭ᠋ᠠᠯᠲᠠ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠬᠢᠨᠠᠨ ᠪᠤᠳᠤᠵᠤ ᠬᠢᠨᠠᠯᠲᠠ ᠲᠠᠯᠪᠢᠬᠤ ᠵᠢ ᠤᠬᠠᠮᠰᠠᠷ᠎ᠠᠴᠠ᠎ᠪᠠᠨ ᠬᠦᠯᠢᠶᠡᠬᠦ ᠬᠡᠷᠡᠭᠲᠡᠶ᠃ ᠬᠥᠳᠡᠭᠡ ᠲᠣᠰᠬᠣᠨ᠎ᠤ ᠡᠮᠴᠢ ᠵᠢ 《ᠰᠢᠶᠠᠩ᠎ᠠᠴᠠ ᠤᠷᠢᠵᠤ ᠲᠣᠰᠬᠣᠨ᠎ᠳᠤ ᠬᠡᠷᠡᠭᠯᠡᠬᠦ》 ᠬᠠᠮᠢᠶᠠᠷᠤᠯᠲᠠ ᠵᠢᠨ ᠲᠣᠭᠲᠠᠴᠠ ᠵᠢ ᠠᠯᠬᠤᠮ ᠠᠯᠬᠤᠮ ᠵᠶ᠋ᠠᠷ ᠪᠡᠶᠡᠯᠡᠭᠦᠯᠵᠦ᠂ ᠬᠥᠳᠡᠭᠡ ᠲᠣᠰᠬᠣᠨ᠎ᠤ ᠡᠮᠴᠢ ᠪᠣᠯᠤᠨ ᠰᠤᠮᠤ ᠪᠠᠯᠭ᠋ᠠᠰᠤ ᠵᠢᠨ ᠡᠷᠡᠭᠦᠯ ᠬᠠᠮᠠᠭ᠋ᠠᠯᠠᠯ᠎ᠤᠨ ᠬᠣᠷᠢᠶ᠎ᠠ᠎ᠨᠢ ᠤᠷᠢᠨ ᠬᠡᠷᠡᠭᠯᠡᠬᠦ ᠬᠥᠳᠡᠯᠮᠦᠷᠢ ᠵᠢᠨ ᠭᠡᠷ᠎ᠡ ᠲᠣᠭᠲᠠᠬᠤ ᠬᠡᠷᠡᠭᠲᠡᠶ᠃ ᠰᠤᠮᠤ ᠪᠠᠯᠭ᠋ᠠᠰᠤ ᠵᠢᠨ ᠡᠷᠡᠭᠦᠯ ᠬᠠᠮᠠᠭ᠋ᠠᠯᠠᠯ᠎ᠤᠨ ᠬᠣᠷᠢᠶ᠎ᠠ᠎ᠨᠢ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠲᠣᠭᠲᠠᠴᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠲᠣᠰᠬᠣᠨ᠎ᠤ ᠱᠠᠲᠤᠨ᠎ᠤ ᠡᠳ᠋᠎ᠤᠨ ᠵᠠᠰᠠᠭ᠎ᠤᠨ ᠨᠥᠬᠥᠪᠥᠷᠢ᠂ ᠦᠨᠳᠦᠰᠦᠨ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠨᠥᠬᠥᠪᠥᠷᠢ᠂ ᠦᠨᠳᠦᠰᠦᠨ ᠡᠮ᠎ᠤᠨ ᠵᠦᠢ᠍ᠯ᠎ᠤᠨ ᠲᠦᠷᠢᠮ᠎ᠤᠨ ᠲᠤᠰᠬᠠᠶ ᠵᠦᠢ᠍ᠯ᠎ᠤᠨ ᠨᠥᠬᠥᠪᠥᠷᠢ᠂ ᠡᠮᠴᠢᠯᠡᠭᠡᠨ᠎ᠤ ᠦᠢ᠍ᠯᠡᠴᠢᠯᠡᠭᠡᠨ᠎ᠤ ᠣᠷᠣᠯᠭ᠎ᠠ ᠵᠡᠷᠭᠡ ᠵᠠᠷᠤᠳᠠᠯ᠎ᠢ ᠰᠢᠨᠵᠢᠯᠡᠬᠦ ᠤᠬᠠᠭ᠋ᠠᠨᠴᠢ᠎ᠪᠠᠷ ᠵᠦᠶ ᠵᠣᠬᠢᠰᠲᠠᠶ ᠲᠥᠰᠦᠭᠡᠯᠡᠨ ᠪᠤᠳᠤᠵᠤ᠂ ᠬᠥᠳᠡᠭᠡ ᠲᠣᠰᠬᠣᠨ᠎ᠤ ᠡᠮᠴᠢ ᠵᠢᠨ ᠨᠥᠬᠥᠪᠥᠷᠢ ᠵᠢᠨ ᠣᠯᠭᠣᠮᠵᠢ ᠵᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃
      ᠲᠠᠪᠤ᠂ ᠠᠵᠢᠯ᠎ᠤᠨ ᠱᠠᠭ᠋ᠠᠷᠳᠠᠯᠭ᠎ᠠ
      (ᠨᠢᠭᠡ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠷᠠᠭᠤᠯᠤᠨ᠎ᠠ᠃ ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠵᠦ᠂ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢᠨ ᠭᠤᠷᠪᠠᠨ ᠢᠯᠡ ᠲᠤᠷᠰᠢᠯᠭ᠎ᠠ ᠵᠢ ᠰᠤᠷᠤᠯᠴᠠᠨ ᠳᠡᠯᠭᠡᠷᠡᠭᠦᠯᠬᠦ᠂ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠢᠨ ᠴᠢᠬᠤᠯᠠ ᠠᠭᠤᠯᠭ᠎ᠠ ᠪᠠ ᠦᠨᠳᠦᠰᠦᠨ ᠱᠠᠳᠤ ᠵᠢ ᠬᠦᠴᠦᠷᠬᠡᠭᠵᠢᠭᠦᠯᠬᠦ ᠵᠢᠨ ᠴᠢᠬᠤᠯᠠ ᠠᠷᠭ᠎ᠠ ᠬᠡᠮᠵᠢᠶ᠎ᠡ ᠪᠣᠯᠭ᠋ᠠᠵᠤ᠂ ᠡᠷᠬᠡ ᠬᠠᠷᠢᠭᠤᠴᠠᠯᠭ᠎ᠠ ᠵᠢᠨ ᠨᠠᠷᠢᠨ ᠳᠠᠨᠭ᠌ᠰᠠ ᠵᠢ ᠲᠣᠭᠲᠠᠭ᠋ᠠᠵᠤ᠂ ᠬᠠᠮᠢᠶ᠎ᠠ ᠪᠦᠬᠦᠢ ᠢᠵᠢ ᠪᠦᠷᠢᠳᠦᠭᠰᠡᠨ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ᠎ᠡ᠃
      (ᠬᠣᠶᠠᠷ) ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠵᠢ ᠴᠢᠩᠭ᠋ᠠᠷᠠᠭᠤᠯᠤᠨ᠎ᠠ᠃ ᠰᠠᠯᠠᠭ᠎ᠠ ᠮᠥᠴᠢᠷ᠎ᠤᠨ ᠬᠠᠮᠵᠢᠯᠴᠠᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠨᠢ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢᠨ ᠲᠦᠷᠦᠭᠦᠯᠡᠨ ᠬᠢᠬᠦ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠵᠢ ᠪᠠᠳᠠᠷᠠᠭᠤᠯᠵᠤ᠂ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠵᠢᠯᠣᠭᠣᠳᠣᠯᠭ᠎ᠠ᠂ ᠬᠢᠨᠠᠯᠲᠠ᠂ ᠬᠢᠨᠠᠨ ᠰᠢᠯᠭ᠋ᠠᠯᠲᠠ ᠵᠢ ᠭᠣᠤᠯᠳᠠᠯᠭ᠎ᠠ᠎ᠲᠠᠢ ᠴᠢᠩᠭ᠋ᠠᠳᠬᠠᠬᠤ ᠬᠡᠷᠡᠭᠲᠡᠶ; ᠡᠮ ᠡᠮᠨᠡᠯᠭᠡ ᠵᠢᠨ ᠳᠠᠭ᠋ᠠᠳᠬᠠᠯ᠂ ᠡᠳ᠋᠎ᠤᠨ ᠵᠠᠰᠠᠭ᠂ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ᠂ ᠣᠷᠣᠨ ᠲᠣᠭ᠎ᠠ ᠵᠢᠨ ᠠᠯᠪᠠᠨ ᠬᠡᠷ ᠵᠡᠷᠭᠡ ᠬᠠᠮᠢᠶ᠎ᠠ ᠪᠥᠬᠥᠶ ᠰᠠᠯᠠᠭ᠎ᠠ ᠮᠥᠴᠢᠷ᠎ᠤᠳ ᠲᠥᠷᠥ ᠵᠢᠨ ᠪᠣᠳᠣᠯᠭ᠎ᠠ ᠵᠢᠨ ᠳᠡᠮᠵᠢᠯᠭᠡ᠎ᠪᠠᠨ ᠴᠢᠩᠭ᠋ᠠᠷᠠᠭᠤᠯᠵᠤ᠂ ᠡᠮ ᠡᠮᠨᠡᠯᠭᠡ ᠵᠢᠨ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠠᠷᠭ᠎ᠠ ᠮᠠᠶᠢᠭ᠂ ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠪᠠ ᠡᠮ᠎ᠤᠨ ᠵᠦᠢ᠍ᠯ᠎ᠤᠨ ᠬᠠᠩᠭ᠋ᠠᠯᠭ᠎ᠠ ᠵᠢᠨ ᠪᠠᠲᠤᠯᠠᠭ᠎ᠠ ᠵᠡᠷᠭᠡ ᠬᠠᠮᠵᠢᠯᠴᠠᠭᠰᠠᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ ᠠᠵᠢᠯᠲᠠᠨ᠎ᠤ ᠶᠠᠪᠤᠳᠠᠯ᠂ ᠣᠷᠣᠨ ᠲᠣᠭ᠎ᠠ᠂ ᠮᠡᠷᠭᠡᠵᠢᠯ᠎ᠤᠨ ᠴᠣᠯᠠ᠂ ᠴᠠᠯᠢᠩ ᠬᠥᠯᠥᠰᠥ ᠵᠡᠷᠭᠡ ᠬᠠᠮᠢᠶᠠᠷᠤᠯᠲᠠ ᠵᠢᠨ ᠠᠷᠭ᠎ᠠ ᠮᠠᠶᠢᠭ᠎ᠤᠨ ᠰᠢᠨ᠎ᠡ ᠵᠢ ᠡᠭᠦᠳᠴᠦ᠂ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠠᠵᠢᠯᠯᠠᠭ᠋ᠠᠨ᠎ᠤ ᠲᠣᠭᠲᠠᠴᠠ ᠪᠠ ᠬᠥᠭᠵᠢᠯᠲᠡ ᠵᠢᠨ ᠵᠠᠭᠪᠤᠷ᠎ᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠬᠡᠷᠡᠭᠲᠡᠶ᠃
      (ᠭᠤᠷᠪᠠ) ᠵᠢᠯᠣᠭᠣᠳᠴᠤ ᠰᠢᠮᠳᠠᠭᠤᠯᠤᠨ ᠪᠠᠶ᠋ᠢᠴᠠᠭ᠋ᠠᠬᠤ ᠵᠢ ᠴᠢᠩᠭ᠋ᠠᠷᠠᠭᠤᠯᠤᠨ᠎ᠠ᠃ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢᠨ ᠤᠳᠤᠷᠢᠳᠬᠤ ᠳᠤᠭᠤᠶ᠋ᠢᠯᠠᠩ᠎ᠨᠢ ᠤᠳᠤᠷᠢᠳᠬᠤ ᠬᠠᠷᠢᠭᠤᠴᠠᠯᠭ᠎ᠠ ᠪᠠ ᠬᠢᠨᠠᠨ ᠬᠠᠮᠢᠶᠠᠷᠬᠤ ᠬᠠᠷᠢᠭᠤᠴᠠᠯᠭ᠎ᠠ᠎ᠪᠠᠨ ᠪᠠᠳᠠᠷᠠᠭᠤᠯᠵᠤ᠂ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢᠨ ᠰᠢᠮᠳᠠᠭᠤᠯᠤᠨ ᠪᠠᠶ᠋ᠢᠴᠠᠭ᠋ᠠᠵᠤ ᠦᠨᠡᠯᠡᠨ ᠵᠢᠱ᠌ᠢᠬᠦ ᠵᠢ ᠴᠢᠩᠭ᠋ᠠᠷᠠᠭᠤᠯᠤᠨ᠂ ᠨᠢᠭᠲᠠ ᠬᠡᠯᠪᠡᠷᠢ ᠵᠢᠨ ᠰᠢᠶᠠᠨ᠎ᠤ ᠬᠡᠪᠴᠢᠶᠡᠨ᠎ᠤ ᠡᠮᠨᠡᠯᠭᠡ ᠵᠢᠨ ᠬᠠᠮᠲᠤ ᠵᠢᠨ ᠴᠣᠭᠴᠠ ᠵᠢᠨ ᠳᠠᠭ᠋ᠠᠭᠤᠯᠤᠭᠰᠠᠨ ᠡᠮᠨᠡᠯᠭᠡ ᠵᠢᠨ ᠬᠣᠷᠢᠶ᠎ᠠ ᠵᠢᠨ ᠠᠵᠢᠯᠯᠠᠭ᠋ᠠᠨ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠰᠢᠯᠭ᠋ᠠᠨ ᠬᠢᠨᠠᠵᠤ ᠦᠨᠡᠯᠡᠯᠲᠡ ᠬᠢᠵᠦ᠂ ᠰᠢᠯᠭ᠋ᠠᠨ ᠬᠢᠨᠠᠵᠤ ᠦᠨᠡᠯᠡᠭᠰᠡᠨ ᠦᠷ᠎ᠡ ᠳ᠋ᠦᠩ᠎ᠢ ᠠᠵᠢᠯᠲᠠᠨ᠎ᠤ ᠶᠠᠪᠤᠳᠠᠯ᠎ᠤᠨ ᠲᠣᠮᠢᠯᠠᠵᠤ ᠪᠠᠭᠤᠯᠭ᠋ᠠᠬᠤ᠂ ᠰᠢᠯᠢᠳᠡᠭ᠎ᠢ ᠰᠢᠯᠭ᠋ᠠᠷᠠᠭᠤᠯᠵᠤ ᠲᠡᠷᠢᠭᠦᠨ᠎ᠢ ᠰᠢᠯᠭ᠋ᠠᠷᠠᠭᠤᠯᠬᠤ᠂ ᠡᠮᠴᠢᠯᠡᠭᠡᠨ᠎ᠤ ᠳᠠᠭ᠋ᠠᠳᠬᠠᠯ᠎ᠤᠨ ᠪᠠᠯᠠ ᠮᠥᠩᠭᠥ ᠵᠢ ᠰᠠᠯᠭ᠋ᠠᠨ ᠥᠭᠬᠦ᠂ ᠡᠳ᠋᠎ᠤᠨ ᠵᠠᠰᠠᠭ᠎ᠤᠨ ᠨᠥᠬᠥᠪᠥᠷᠢ ᠵᠢᠨ ᠴᠢᠬᠤᠯᠠ ᠦᠨᠳᠦᠰᠦᠯᠡᠯ ᠪᠣᠯᠭ᠋ᠠᠬᠤ ᠵᠢᠨ ᠬᠠᠮᠲᠤ᠂ ᠡᠮᠨᠡᠯᠭᠡ ᠵᠢᠨ ᠠᠵᠢᠯᠲᠠᠨ᠎ᠤ ᠠᠵᠢᠯ᠎ᠤᠨ ᠠᠮᠵᠢᠯᠲᠠ ᠪᠦᠲᠦᠮᠵᠢ ᠵᠢᠨ ᠴᠠᠯᠢᠩ᠂ ᠳᠠᠪᠲᠠᠨ ᠪᠣᠯᠪᠠᠰᠤᠷᠠᠬᠤ᠂ ᠲᠠᠰ ᠳᠡᠪᠰᠢᠬᠦ ᠵᠡᠷᠭᠡ᠎ᠯᠦᠭᠡ ᠬᠣᠯᠪᠣᠭᠳᠠᠭᠤᠯᠬᠤ ᠬᠡᠷᠡᠭᠲᠡᠶ᠃
      (ᠳᠥᠷᠪᠡ) ᠤᠬᠠᠭᠤᠯᠭ᠎ᠠ ᠪᠣᠯᠪᠠᠰᠤᠷᠠᠭᠤᠯᠤᠯ᠎ᠢ ᠴᠢᠩᠭ᠋ᠠᠷᠠᠭᠤᠯᠤᠨ᠎ᠠ᠃ ᠨᠢᠭᠲᠠ ᠬᠡᠯᠪᠡᠷᠢ ᠵᠢᠨ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠠᠵᠢᠯᠲᠠᠨ ᠪᠠ ᠡᠮᠨᠡᠯᠭᠡ ᠵᠢᠨ ᠠᠵᠢᠯᠲᠠᠨ᠎ᠤ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠭᠤᠯᠤᠯ᠎ᠢ ᠥᠷᠨᠢᠭᠦᠯᠵᠦ᠂ ᠦᠵᠡᠯ ᠰᠠᠨᠠᠭ᠎ᠠ᠎ᠪᠠᠨ ᠤᠯᠠᠮ ᠨᠢᠭᠡ ᠠᠯᠬᠤᠮ ᠨᠢᠭᠡᠳᠬᠡᠨ᠂ ᠬᠠᠮᠲᠤ ᠵᠢᠨ ᠲᠠᠨᠢᠯᠲᠠ᠎ᠪᠠᠨ ᠨᠢᠭᠲᠠᠷᠠᠭᠤᠯᠬᠤ ᠬᠡᠷᠡᠭᠲᠡᠶ᠃ ᠤᠬᠠᠭᠤᠯᠭ᠎ᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠨᠢᠭᠲᠠ ᠬᠡᠯᠪᠡᠷᠢ ᠵᠢᠨ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠳᠥᠯᠭᠢᠨ ᠠᠬᠢᠭᠤᠯᠬᠤ ᠶᠠᠪᠤᠴᠠ᠎ᠳᠠᠬᠢ ᠰᠠᠶ᠋ᠢᠨ ᠲᠤᠷᠰᠢᠯᠭ᠎ᠠ ᠠᠷᠭ᠎ᠠ ᠬᠢᠳᠡᠯ᠎ᠢ ᠴᠠᠭ ᠲᠤᠬᠠᠶ᠎ᠳᠤᠨᠢ ᠳ᠋ᠦᠩᠨᠡᠵᠦ᠂ ᠨᠡᠶ᠋ᠢᠲᠡᠯᠢᠭ ᠵᠢᠱ᠌ᠢᠶ᠎ᠡ ᠵᠢ ᠭᠦᠨᠵᠡᠭᠡᠶ ᠠᠭᠤᠳᠠᠯᠤᠨ ᠪᠣᠶ᠋ᠢᠵᠢᠭᠤᠯᠵᠤ᠂ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ᠎ᠳᠤ ᠰᠠᠶ᠋ᠢᠨ ᠰᠠᠶ᠋ᠢᠬᠠᠨ ᠶᠠᠷᠢᠶ᠎ᠠ ᠬᠡᠯᠡᠯᠴᠡᠭᠡᠨ᠎ᠤ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠶ᠃
   

 

ᠢᠷᠡᠯᠲᠡ᠄ ᠲᠤᠰ ᠰᠦᠯᠵᠢᠶ᠎ᠡ