ᠢᠯᠡ ᠵᠠᠰᠠᠭ   -   ᠪᠢᠴᠢᠭ ᠮᠠᠲ᠋ᠧᠷᠢᠶᠠᠯ

《ᠳ᠋ᠧᠩᠺᠧᠤ ᠰᠢᠶᠠᠨ᠎ᠤ ᠴᠠᠭ ᠠᠭᠤᠷ᠎ᠤᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠳᠥᠯᠭᠢᠨ ᠠᠬᠢᠭᠤᠯᠬᠤ ᠵᠢᠨ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠬᠤ ᠲᠤᠬᠠᠶ ᠳ᠋ᠧᠩᠺᠧᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ

ᠨᠡᠶ᠋ᠢᠲᠡᠯᠡᠭᠰᠡᠨ ᠴᠠᠭ᠄   2023-09-11

                      ᠳ᠋ᠧᠩᠺᠧᠤ ᠵᠠᠰᠠᠭ ᠲᠠᠷᠬᠠᠭ᠋ᠠᠭᠰᠠᠨ[2023]31 ᠲᠣᠭ᠋ᠠᠲᠤ


      ᠡᠯ᠎ᠡ ᠰᠤᠮᠤ ᠪᠠᠯᠭ᠋ᠠᠰᠤ᠂ ᠲᠠᠷᠢᠶᠠᠯᠠᠩ᠎ᠤᠨ ᠲᠠᠯᠠᠪᠠᠶ ᠵᠢᠨ ᠺᠣᠮᠫᠠᠨᠢ᠂ ᠰᠢᠶᠠᠨ᠎ᠤ ᠰᠢᠭᠤᠳ ᠬᠠᠷᠢᠶ᠎ᠠ ᠬᠠᠮᠢᠶ᠎ᠠ ᠪᠥᠬᠥᠶ ᠰᠠᠯᠠᠭ᠎ᠠ ᠮᠥᠴᠢᠷ᠂ ᠰᠢᠶᠠᠨ᠎ᠳᠤ ᠰᠠᠭᠤᠭ᠎ᠠ ᠬᠠᠮᠢᠶ᠎ᠠ ᠪᠥᠬᠥᠶ ᠨᠢᠭᠡᠴᠡ᠎ᠳᠤ᠄
      ᠴᠠᠭ ᠠᠭᠤᠷ᠎ᠤᠨ ᠠᠵᠢᠯ᠎ᠤᠨ ᠪᠥᠬᠥ ᠰᠢᠶᠠᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠦᠢ᠍ᠯᠡᠴᠢᠯᠡᠬᠦ ᠪᠠᠲᠤᠯᠠᠭ᠎ᠠ ᠵᠢᠨ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳ᠋ᠧᠩᠺᠧᠤ ᠰᠢᠶᠠᠨ᠎ᠤ ᠴᠠᠭ ᠠᠭᠤᠷ᠎ᠤᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ 《ᠳ᠋ᠧᠩᠺᠧᠤ ᠰᠢᠶᠠᠨ᠎ᠤ ᠴᠠᠭ ᠠᠭᠤᠷ᠎ᠤᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠳᠥᠯᠭᠢᠨ ᠠᠬᠢᠭᠤᠯᠬᠤ ᠵᠢᠨ ᠬᠡᠷᠡᠭᠵᠢᠭᠦᠯᠬᠦ ᠰᠠᠨᠠᠯ》᠎ᠢ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠶ᠃
                                       ᠳ᠋ᠧᠩᠺᠧᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ
                                         2023 ᠣᠨ᠎ᠤ 9 ᠰᠠᠷ᠎ᠠ ᠵᠢᠨ 11᠎ᠤ ᠡᠳᠦᠷ


      ᠳ᠋ᠧᠩᠺᠧᠤ ᠰᠢᠶᠠᠨ᠎ᠤ ᠴᠠᠭ ᠠᠭᠤᠷ᠎ᠤᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠳᠥᠯᠭᠢᠨ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ


      ᠰᠢᠨ᠎ᠡ ᠱᠠᠭ᠋ᠠᠷᠳᠠᠯᠭ᠎ᠠ᠎ᠳᠤ ᠵᠣᠬᠢᠴᠠᠭᠤᠯᠬᠤ ᠵᠢᠨ ᠲᠥᠯᠥᠭᠡ᠂ ᠴᠠᠭ ᠠᠭᠤᠷ᠎ᠤᠨ ᠣᠳᠣᠬᠢᠴᠢᠯᠠᠬᠤ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠳ᠋ᠧᠩᠺᠧᠤ ᠰᠢᠶᠠᠨ᠎ᠤ ᠴᠠᠭ ᠠᠭᠤᠷ᠎ᠤᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ 《ᠴᠠᠭ ᠠᠭᠤᠷ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠬᠥᠲᠥᠯᠪᠦᠷᠢ (2022 — 2035 ᠣᠨ) ᠵᠢ ᠳᠠᠷᠤᠮᠠᠯᠯᠠᠨ ᠲᠠᠷᠬᠠᠭ᠋ᠠᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠮᠡᠳᠡᠭᠳᠡᠯ》 (ᠲᠥᠷᠥ ᠲᠠᠷᠬᠠᠭ᠋ᠠᠭᠰᠠᠨ [2022] 11 ᠳ᠋ᠦᠭᠡᠷ ᠲᠣᠭ᠋ᠠᠲᠤ᠂ ᠳᠣᠷᠣᠭᠰᠢ ᠲᠣᠪᠴᠢ ᠭᠡᠵᠦ ᠲᠣᠪᠴᠢᠯᠠᠨ᠎ᠠ) 《ᠴᠠᠭ ᠠᠭᠤᠷ᠎ᠤᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠳᠥᠯᠭᠢᠨ ᠠᠬᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ》 (ᠥᠪᠥᠷ ᠵᠠᠰᠠᠭ ᠲᠠᠷᠬᠠᠭ᠋ᠠᠭᠰᠠᠨ [2021] 16 ᠳ᠋ᠤᠭ᠋ᠠᠷ ᠲᠣᠭ᠋ᠠᠲᠤ) 《ᠪᠠᠶᠠᠨᠨᠠᠭᠤᠷ ᠬᠣᠲᠠ ᠵᠢᠨ ᠴᠠᠭ ᠠᠭᠤᠷ᠎ᠤᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠳᠥᠯᠭᠢᠨ ᠠᠬᠢᠭᠤᠯᠬᠤ ᠵᠢᠨ ᠬᠡᠷᠡᠭᠵᠢᠭᠦᠯᠬᠦ ᠲᠥᠰᠦᠯ》 (ᠪᠠᠶᠠᠨᠨᠠᠭᠤᠷ ᠵᠠᠰᠠᠭ ᠲᠠᠷᠬᠠᠭ᠋ᠠᠭᠰᠠᠨ[2022] 23 ᠳ᠋ᠤᠭ᠋ᠠᠷ ᠲᠣᠭ᠋ᠠᠲᠤ) ᠵᠡᠷᠭᠡ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ᠂ ᠮᠠᠨ᠎ᠤ ᠰᠢᠶᠠᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠠᠶ᠋ᠢᠳᠠᠯ ᠪᠠ ᠪᠣᠳᠠᠲᠠᠶ ᠬᠡᠷᠡᠭᠴᠡᠭᠡ᠎ᠳᠤ ᠰᠠᠭᠤᠷᠢᠯᠠᠨ᠂ ᠴᠠᠭ ᠠᠭᠤᠷ᠎ᠤᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠣᠨᠴᠠᠭ᠋ᠠᠶ᠋ᠢᠯᠠᠨ ᠳᠣᠤᠷᠠᠬᠢ ᠮᠡᠲᠦ ᠬᠡᠷᠡᠭᠵᠢᠭᠦᠯᠬᠦ ᠰᠠᠨᠠᠯ᠎ᠢ ᠲᠣᠭᠲᠠᠭ᠋ᠠᠪᠠ᠄
      ᠨᠢᠭᠡ᠂ ᠶᠡᠷᠦᠩᠬᠡᠶ ᠱᠠᠭ᠋ᠠᠷᠳᠠᠯᠭ᠎ᠠ
      (ᠨᠢᠭᠡ) ᠵᠢᠯᠣᠭᠣᠳᠬᠤ ᠦᠵᠡᠯ ᠰᠠᠨᠠᠭ᠎ᠠ
      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠰᠢ ᠵᠢᠨ ᠫᠢᠩ ᠶᠡᠷᠦᠩᠬᠡᠶ ᠱᠦᠵᠢ ᠵᠢᠨ ᠴᠠᠭ ᠠᠭᠤᠷ᠎ᠤᠨ ᠠᠵᠢᠯ᠎ᠤᠨ ᠲᠤᠬᠠᠶ ᠴᠢᠬᠤᠯᠠ ᠵᠢᠭ᠋ᠠᠪᠤᠷᠢ ᠪᠣᠯᠤᠨ ᠥᠪᠥᠷ ᠮᠣᠩᠭᠣᠯ᠎ᠤᠨ ᠴᠢᠬᠤᠯᠠ ᠶᠠᠷᠢᠶᠠᠨ᠎ᠤ ᠲᠤᠬᠠᠶ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠢᠳᠡᠪᠬᠢᠲᠡᠢ᠎ᠪᠠᠷ ᠦᠢ᠍ᠯᠡᠴᠢᠯᠡᠬᠦ ᠪᠠ ᠠᠭᠤᠰᠤᠯᠴᠠᠵᠤ᠂ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠵᠠᠮ ᠵᠶ᠋ᠠᠷ ᠭᠤᠶ᠋ᠢᠪᠢᠰᠢ ᠦᠭᠡᠢ ᠵᠠᠮᠨᠠᠵᠤ᠂ 《ᠨᠠᠷᠢᠨ ᠨᠢᠭᠲᠠ ᠬᠢᠨᠠᠨ ᠬᠡᠮᠵᠢᠬᠦ᠂ ᠨᠠᠷᠢᠯᠢᠭ ᠣᠨᠣᠪᠴᠢᠲᠠᠢ ᠤᠷᠢᠳᠴᠢᠯᠠᠨ ᠮᠡᠳᠡᠭᠡᠯᠡᠬᠦ᠂ ᠨᠠᠷᠢᠯᠢᠭ ᠦᠢ᠍ᠯᠡᠴᠢᠯᠡᠬᠦ》᠎ᠪᠠᠷ ᠭᠣᠣᠯᠳᠠᠭᠤᠯᠵᠤ᠂ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠨᠢᠭᠡᠳᠦᠭᠡᠷ ᠰᠡᠷᠭᠡᠶ᠋ᠢᠯᠡᠯᠲᠡ ᠵᠢᠨ ᠱᠤᠭᠤᠮ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠠᠮᠢ ᠨᠠᠰᠤᠨ᠎ᠤ ᠠᠮᠤᠷ ᠲᠦᠪᠰᠢᠨ᠂ ᠦᠢ᠍ᠯᠡᠳᠪᠦᠷᠢᠯᠡᠯ ᠬᠥᠭᠵᠢᠯᠲᠡ᠂ ᠠᠮᠢᠳᠤᠷᠠᠯ ᠴᠢᠨᠡᠭᠡᠯᠢᠭ᠂ ᠠᠮᠢ ᠠᠬᠤᠢ ᠰᠠᠢ᠍ᠢ᠍ᠨ ᠰᠠᠶ᠋ᠢᠬᠠᠨ ᠪᠠᠶ᠋ᠢᠬᠤ ᠵᠢ ᠦᠨᠡᠨᠬᠦ ᠪᠠᠲᠤᠯᠠᠬᠤ ᠬᠡᠷᠡᠭᠲᠡᠢ᠃ 《ᠮᠢᠩᠭ᠋ᠠᠨ ᠵᠠᠭᠤᠨ ᠲᠦᠮᠡᠨ》᠎ᠤ ᠢᠨᠵᠧᠨᠧᠷᠢᠩ᠎ᠢ ᠬᠡᠷᠡᠭᠵᠢᠭᠦᠯᠵᠦ᠂ ᠪᠥᠬᠥ ᠤᠯᠤᠰ᠎ᠤᠨ ᠣᠷᠭ᠋ᠠᠨᠢᠭ ᠪᠦᠲᠦᠭᠡᠭᠳᠡᠬᠦᠨ᠎ᠤ ᠭᠡᠷᠡᠴᠢᠯᠡᠯ᠎ᠤᠨ ᠵᠢᠱ᠌ᠢᠶ᠎ᠡ ᠦᠵᠡᠭᠦᠯᠬᠦ ᠰᠢᠶᠠᠨ᠎ᠢ ᠡᠭᠦᠳᠦᠨ ᠪᠠᠶ᠋ᠢᠭᠤᠯᠵᠤ᠂ ᠰᠢᠨ᠎ᠡ ᠡᠨᠧᠷᠭᠢ ᠵᠢᠨ ᠰᠢᠨ᠎ᠡ ᠵᠢ ᠡᠭᠦᠳᠬᠦ ᠬᠥᠭᠵᠢᠯᠲᠡ ᠵᠢᠨ ᠥᠨᠳᠥᠷᠯᠢᠭ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠪᠠᠷᠠᠭᠤᠨ ᠣᠷᠣᠨ᠎ᠤ ᠵᠢᠭᠤᠯᠴᠢᠯᠠᠯ᠎ᠤᠨ ᠦᠵᠡᠮᠵᠢᠲᠦ ᠣᠷᠣᠨ᠎ᠢ ᠴᠣᠭᠴᠠᠯᠠᠨ ᠪᠠᠶ᠋ᠢᠭᠤᠯᠵᠤ᠂ ᠨᠡᠭᠡᠭᠡᠯᠲᠡᠲᠦ ᠳ᠋ᠸᠩᠺᠸᠦ ᠵᠢ ᠪᠥᠲᠥᠭᠡᠨ ᠪᠠᠶ᠋ᠢᠭᠤᠯᠬᠤ᠂ ᠳ᠋ᠸᠩᠺᠸᠦ ᠵᠢ ᠪᠠᠭᠲᠠᠭ᠋ᠠᠬᠤ᠂ ᠦᠨᠡᠨᠴᠢ ᠢᠲᠡᠭᠡᠮᠵᠢᠲᠡᠶ ᠳ᠋ᠸᠩᠺᠸᠦ ᠵᠢ ᠪᠥᠲᠥᠭᠡᠨ ᠪᠠᠶ᠋ᠢᠭᠤᠯᠬᠤ᠂ ᠳ᠋ᠸᠩᠺᠸᠦ ᠵᠢ ᠬᠠᠮᠲᠤ᠎ᠪᠠᠷ ᠡᠳ᠋ᠯᠡᠬᠦ᠎ᠳᠤ ᠪᠠᠲᠤ ᠴᠢᠩᠭ᠎ᠠ ᠴᠠᠭ ᠠᠭᠤᠷ᠎ᠤᠨ ᠪᠠᠲᠤᠯᠠᠭ᠎ᠠ ᠬᠠᠩᠭ᠋ᠠᠨ᠎ᠠ᠃
      (ᠬᠣᠶᠠᠷ) ᠬᠥᠭᠵᠢᠯᠲᠡ ᠵᠢᠨ ᠬᠠᠷᠠᠯᠲᠠ
      2025 ᠣᠨ ᠪᠣᠯᠬᠤ᠎ᠳᠤ ᠬᠡᠷᠡᠭᠴᠡᠭᠡ ᠱᠠᠭ᠋ᠠᠷᠳᠠᠯᠭ᠎ᠠ᠎ᠳᠤ ᠵᠣᠬᠢᠴᠠᠭᠰᠠᠨ᠂ ᠪᠦᠲᠦᠴᠡ᠎ᠨᠢ ᠪᠦᠷᠢᠨ ᠲᠡᠭᠦᠯᠳᠡᠷ᠂ ᠴᠢᠳᠠᠮᠵᠢ᠎ᠨᠢ ᠲᠡᠷᠢᠭᠦᠨ᠂ ᠪᠠᠲᠤᠯᠠᠭ᠎ᠠ᠎ᠨᠢ ᠬᠦᠴᠦᠲᠡᠶ ᠣᠳᠣᠬᠢᠴᠢᠯᠠᠭᠰᠠᠨ ᠴᠠᠭ ᠠᠭᠤᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠂ ᠦᠢ᠍ᠯᠡᠴᠢᠯᠡᠭᠡ᠂ ᠲᠤᠬᠠᠶ᠋ᠢᠯᠠᠭᠰᠠᠨ ᠠᠵᠢᠯ ᠪᠠ ᠵᠠᠰᠠᠯᠲᠠ ᠵᠢᠨ ᠰᠢᠰᠲ᠋ᠧᠮᠵᠢ ᠵᠢ ᠪᠠᠶ᠋ᠢᠭᠤᠯᠵᠤ᠂ ᠴᠠᠭ ᠠᠭᠤᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠬᠤ ᠴᠢᠳᠠᠪᠤᠷᠢ ᠵᠢ ᠢᠯᠡᠳᠲᠡ ᠳᠡᠭᠡᠭᠰᠢᠯᠡᠭᠦᠯᠵᠦ᠂ ᠠᠮᠢ ᠠᠬᠤᠶ ᠵᠢᠨ ᠴᠠᠭ ᠠᠭᠤᠷ᠎ᠤᠨ  ᠦᠢ᠍ᠯᠡᠴᠢᠯᠡᠭᠡ᠂ ᠲᠠᠷᠢᠶᠠᠯᠠᠩ ᠮᠠᠯ ᠠᠵᠤ ᠠᠬᠤᠶ ᠵᠢᠨ ᠴᠠᠭ ᠠᠭᠤᠷ᠂ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠵᠦ ᠪᠠᠭ᠋ᠠᠰᠬᠠᠬᠤ ᠵᠡᠷᠭᠡ ᠬᠦᠷᠢᠶ᠎ᠡ ᠬᠡᠪᠴᠢᠶ᠎ᠡ ᠵᠢ ᠪᠥᠬᠥ ᠬᠣᠲᠠ ᠵᠢᠨ ᠲᠡᠷᠢᠭᠦᠨ᠎ᠤ ᠬᠢᠷᠢ ᠲᠦᠪᠰᠢᠨ᠎ᠳᠤ ᠬᠦᠷᠦᠭᠦᠯᠦᠨ᠎ᠡ᠃
      2035 ᠣᠨ ᠪᠣᠯᠬᠤ᠎ᠳᠤ ᠬᠡᠷᠡᠭᠴᠡᠭᠡ ᠵᠢ ᠬᠠᠩᠭ᠋ᠠᠭᠰᠠᠨ᠂ ᠣᠨᠴᠠᠯᠢᠭ ᠵᠶ᠋ᠠᠷ ᠢᠯᠡ ᠲᠣᠳᠣ᠂ ᠮᠡᠷᠭᠡᠵᠢᠯ ᠵᠶ᠋ᠠᠷ ᠳᠠᠪᠰᠢᠩᠭᠤᠢ᠂ ᠠᠮᠢᠵᠢᠷᠠᠯ᠎ᠤᠨ ᠬᠦᠴᠦᠨ ᠵᠶ᠋ᠠᠷ ᠪᠢᠯᠬᠠᠮ᠎ᠠ ᠴᠠᠭ ᠠᠭᠤᠷ᠎ᠤᠨ ᠣᠳᠣᠬᠢᠴᠢᠯᠠᠭᠰᠠᠨ ᠰᠢᠰᠲ᠋ᠧᠮ᠎ᠢ ᠪᠦᠬᠦ ᠲᠠᠯ᠎ᠠ᠎ᠪᠠᠷ ᠪᠠᠶ᠋ᠢᠭᠤᠯᠵᠤ᠂ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠵᠦ ᠪᠠᠭ᠋ᠠᠰᠬᠠᠬᠤ ᠨᠢᠭᠡᠳᠦᠭᠡᠷ ᠰᠡᠷᠭᠡᠶ᠋ᠢᠯᠡᠯᠲᠡ ᠵᠢᠨ ᠱᠤᠭᠤᠮ᠎ᠤᠨ ᠦᠢ᠍ᠯᠡᠳᠦᠯ᠎ᠢ ᠨᠡᠩ ᠭᠦᠢ᠍ᠴᠡᠳ ᠪᠠᠳᠠᠷᠠᠭᠤᠯᠵᠤ᠂ ᠴᠠᠭ ᠠᠭᠤᠷ᠎ᠤᠨ ᠡᠨᠧᠷᠭᠢ ᠣᠯᠭᠣᠬᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠦᠷ᠎ᠡ ᠪᠦᠲᠦᠮᠵᠢ ᠵᠢ ᠨᠡᠩ ᠢᠯᠡᠷᠬᠡᠢ ᠪᠣᠯᠭ᠋ᠠᠵᠤ᠂ ᠠᠮᠢ ᠨᠠᠰᠤᠨ᠎ᠤ ᠠᠮᠤᠷ ᠲᠦᠪᠰᠢᠨ᠎ᠢ ᠪᠠᠲᠤᠯᠠᠬᠤ᠂ ᠦᠢ᠍ᠯᠡᠳᠪᠦᠷᠢᠯᠡᠯ᠎ᠢ ᠬᠥᠭᠵᠢᠭᠦᠯᠬᠦ᠂ ᠠᠮᠢᠳᠤᠷᠠᠯ᠎ᠢ ᠴᠢᠨᠡᠭᠡᠯᠢᠭᠵᠢᠭᠦᠯᠬᠦ᠂ ᠠᠮᠢ ᠠᠬᠤᠢ ᠵᠢ ᠰᠠᠢ᠍ᠢ᠍ᠨ ᠰᠠᠶ᠋ᠢᠬᠠᠨ ᠪᠣᠯᠭ᠋ᠠᠬᠤ᠎ᠳᠤ ᠦᠢ᠍ᠯᠡᠴᠢᠯᠡᠬᠦ ᠴᠢᠳᠠᠪᠤᠷᠢ ᠪᠠ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ᠃
      ᠬᠣᠶᠠᠷ᠂ ᠭᠣᠣᠯ ᠡᠭᠦᠷᠭᠡ
      (ᠨᠢᠭᠡ) ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠰᠢᠰᠲ᠋ᠧᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠵᠦ ᠪᠠᠭ᠋ᠠᠰᠬᠠᠬᠤ ᠨᠢᠭᠡᠳᠦᠭᠡᠷ ᠰᠡᠷᠭᠡᠶ᠋ᠢᠯᠡᠯᠲᠡ ᠵᠢᠨ ᠱᠤᠭᠤᠮ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ
      1. ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠵᠣᠬᠢᠶᠠᠨ ᠪᠠᠶ᠋ᠢᠭᠤᠯᠤᠯᠲᠠ ᠵᠢᠨ ᠰᠢᠰᠲ᠋ᠧᠮᠵᠢ ᠵᠢ ᠲᠡᠭᠦᠯᠳᠡᠷᠵᠢᠭᠦᠯᠦᠨ᠎ᠡ᠃ ᠴᠠᠭ ᠠᠭᠤᠷ᠎ᠤᠨ ᠭᠠᠮᠰᠢᠭ᠎ᠤᠨ ᠰᠡᠷᠭᠡᠶ᠋ᠢᠯᠡᠯᠲᠡ ᠵᠢ ᠭᠠᠮᠰᠢᠭ᠎ᠢ ᠰᠡᠷᠭᠡᠢ᠌ᠯᠡᠵᠦ ᠪᠠᠭ᠋ᠠᠰᠬᠠᠬᠤ ᠶᠡᠷᠦᠩᠬᠡᠶ᠋ᠢᠯᠡᠭᠰᠡᠨ ᠰᠢᠰᠲ᠋ᠧᠮ᠎ᠳᠤ ᠣᠷᠣᠭᠤᠯᠵᠤ᠂ ᠦᠨᠳᠦᠰᠦᠨ ᠱᠠᠲᠤᠨ᠎ᠤ ᠲᠤᠤᠷᠴᠢᠯᠠᠭᠰᠠᠨ ᠨᠡᠶ᠋ᠢᠭᠡᠮ᠎ᠤᠨ ᠵᠠᠰᠠᠯᠲᠠ ᠵᠢᠨ ᠰᠢᠰᠲ᠋ᠧᠮ᠎ᠳᠤ ᠠᠭᠤᠰᠬᠠᠨ ᠣᠷᠣᠭᠤᠯᠤᠨ᠎ᠠ᠃ ᠴᠠᠭ ᠠᠭᠤᠷ᠎ᠤᠨ ᠭᠠᠮᠰᠢᠭ᠎ᠢ  ᠰᠡᠷᠭᠡᠢ᠌ᠯᠡᠵᠦ ᠪᠠᠭ᠋ᠠᠰᠬᠠᠬᠤ ᠠᠵᠢᠯ᠎ᠤᠨ ᠵᠠᠰᠠᠭ ᠵᠠᠬᠢᠷᠭ᠋ᠠᠨ᠎ᠤ ᠳᠠᠷᠤᠭ᠎ᠠ ᠵᠢᠨ ᠬᠠᠷᠢᠭᠤᠴᠠᠯᠭ᠎ᠠ ᠵᠢᠨ ᠲᠦᠷᠢᠮ᠎ᠢ ᠴᠢᠩᠭ᠋ᠠᠷᠠᠭᠤᠯᠵᠤ᠂ ᠱᠠᠳᠤ ᠬᠤᠪᠢᠶᠠᠨ ᠬᠠᠷᠢᠭᠤᠴᠠᠬᠤ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠎ᠠ᠃ ᠲᠦᠷᠭᠡᠨ ᠳᠠᠭ᠋ᠠᠬᠤ᠂ ᠥᠨᠳᠥᠷ ᠪᠦᠲᠦᠮᠵᠢᠲᠡᠶ᠎ᠪᠠᠷ ᠬᠠᠮᠲᠤᠷᠠᠨ ᠬᠥᠳᠡᠯᠦᠯᠴᠡᠭᠰᠡᠨ ᠤᠯᠠᠨ ᠰᠠᠯᠠᠭ᠎ᠠ ᠮᠥᠴᠢᠷ᠎ᠤᠨ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠨ ᠠᠷᠭ᠋ᠠᠴᠠᠬᠤ ᠲᠣᠭᠲᠠᠴᠠ ᠪᠠ ᠨᠡᠶ᠋ᠢᠭᠡᠮ ᠵᠶ᠋ᠠᠷ ᠵᠶ᠋ᠠᠨ ᠣᠷᠣᠯᠴᠠᠬᠤ ᠲᠣᠭᠲᠠᠴᠠ ᠵᠢ ᠪᠦᠷᠢᠨᠰᠢᠬᠦᠯᠵᠤ᠂ ᠬᠦᠨᠳᠦ ᠶᠡᠬᠡ ᠴᠠᠭ ᠠᠭᠤᠷ᠎ᠤᠨ ᠭᠠᠮᠰᠢᠭ᠎ᠤᠨ ᠠᠵᠢᠯ᠎ᠢ ᠵᠣᠭᠰᠣᠭ᠋ᠠᠬᠤ ᠦᠢ᠍ᠯᠡᠳᠪᠦᠷᠢᠯᠡᠯ᠎ᠢ ᠵᠣᠭᠰᠣᠭ᠋ᠠᠬᠤ ᠬᠢᠴᠢᠶᠡᠯ᠎ᠢ ᠵᠣᠭᠰᠣᠭ᠋ᠠᠬᠤ ᠲᠡᠭᠡᠭᠡᠪᠦᠷᠢᠯᠡᠬᠦ ᠵᠢ ᠵᠣᠭᠰᠣᠭ᠋ᠠᠬᠤ ᠵᠡᠷᠭᠡ ᠲᠦᠷᠢᠮ᠎ᠢ ᠨᠠᠶ᠋ᠢᠳᠠᠪᠤᠷᠢᠵᠢᠭᠤᠯᠤᠨ᠎ᠠ᠃ (ᠰᠢᠶᠠᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ᠂ ᠴᠠᠭ ᠠᠭᠤᠷ᠎ᠤᠨ ᠲᠣᠪᠴᠢᠶ᠎ᠠ᠂ ᠰᠤᠷᠭ᠋ᠠᠨ ᠬᠥᠮᠦᠵᠢᠯ᠎ᠤᠨ ᠲᠣᠪᠴᠢᠶ᠎ᠠ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠂ ᠬᠣᠲᠠ ᠵᠢᠨ ᠠᠮᠢ ᠠᠬᠤᠶ ᠵᠢᠨ ᠣᠷᠴᠢᠨ ᠲᠣᠭᠣᠷᠢᠨ᠎ᠤ ᠲᠣᠪᠴᠢᠶ᠎ᠠ ᠵᠢᠨ ᠳ᠋ᠸᠩᠺᠸᠦ ᠰᠢᠶᠠᠨ᠎ᠤ ᠬᠤᠪᠢᠶᠠᠷᠢ ᠲᠣᠪᠴᠢᠶ᠎ᠠ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ᠂ ᠵᠠᠮ ᠬᠠᠷᠢᠯᠴᠠᠭ᠋ᠠᠨ᠎ᠤ ᠲᠣᠪᠴᠢᠶ᠎ᠠ᠂ ᠤᠰᠤᠨ ᠠᠰᠢᠭᠯᠠᠯᠲᠠ ᠵᠢᠨ ᠲᠣᠪᠴᠢᠶ᠎ᠠ᠂ ᠲᠠᠷᠢᠶᠠᠯᠠᠩ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠡᠯᠡᠰᠦ ᠵᠢ ᠰᠡᠷᠭᠡᠢ᠌ᠯᠡᠨ ᠵᠠᠰᠠᠬᠤ ᠲᠣᠪᠴᠢᠶ᠎ᠠ᠂ ᠡᠯ᠎ᠡ ᠰᠤᠮᠤ ᠪᠠᠯᠭ᠋ᠠᠰᠤ᠂ ᠲᠠᠷᠢᠶᠠᠯᠠᠩ᠎ᠤᠨ ᠲᠠᠯᠠᠪᠠᠶ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ᠃ ᠨᠢᠭᠡᠳᠦᠭᠡᠷ᠎ᠲᠤ ᠵᠢᠭᠰᠠᠭ᠋ᠠᠭᠳᠠᠭᠰᠠᠳ᠎ᠢ ᠲᠦᠷᠦᠭᠦᠯᠡᠨ ᠬᠢᠬᠦ ᠨᠢᠭᠡᠴᠡ ᠪᠣᠯᠭ᠋ᠠᠨ᠎ᠠ᠂ ᠳᠣᠷᠣᠭᠰᠢ ᠠᠳᠠᠯᠢ)
      2. ᠴᠠᠭ ᠠᠭᠤᠷ᠎ᠤᠨ ᠭᠠᠮᠰᠢᠭ᠎ᠤᠨ ᠲᠦᠭᠰᠢᠭᠦᠷᠢ ᠵᠢᠨ ᠬᠠᠮᠢᠶᠠᠷᠤᠯᠲᠠ ᠵᠢ ᠴᠢᠩᠭ᠋ᠠᠷᠠᠭᠤᠯᠬᠤ ᠬᠡᠷᠡᠭᠲᠡᠶ᠃ ᠪᠦᠬᠦ ᠰᠢᠶᠠᠨ᠎ᠤ ᠭᠣᠣᠯ ᠪᠣᠯᠬᠤ ᠴᠠᠭ ᠠᠭᠤᠷ᠎ᠤᠨ ᠭᠠᠮᠰᠢᠭ᠎ᠤᠨ ᠶᠡᠷᠦᠩᠬᠡᠶ᠋ᠢᠯᠡᠭᠰᠡᠨ ᠠᠶᠤᠯ ᠲᠦᠭᠰᠢᠭᠦᠷᠢ ᠵᠢ ᠨᠡᠶ᠋ᠢᠳᠡᠮ ᠪᠠᠶ᠋ᠢᠴᠠᠭ᠋ᠠᠬᠤ᠂ ᠦᠨᠡᠯᠡᠨ ᠵᠢᠱ᠌ᠢᠬᠦ ᠪᠠ ᠣᠷᠣᠨ ᠬᠤᠪᠢᠶᠠᠷᠢᠯᠠᠬᠤ ᠵᠢ ᠪᠡᠶᠡᠯᠡᠭᠦᠯᠵᠦ᠂ ᠴᠠᠭ ᠠᠭᠤᠷ᠎ᠤᠨ ᠭᠠᠮᠰᠢᠭ᠎ᠤᠨ ᠠᠶᠤᠯ ᠲᠦᠭᠰᠢᠭᠦᠷᠢ ᠵᠢ ᠨᠡᠶ᠋ᠢᠳᠡᠮ ᠪᠠᠶ᠋ᠢᠴᠠᠭ᠋ᠠᠭᠰᠠᠨ ᠦᠷ᠎ᠡ ᠪᠦᠲᠦᠭᠡᠯ᠎ᠤᠨ ᠬᠡᠷᠡᠭᠯᠡᠯᠲᠡ ᠵᠢ ᠴᠢᠩᠭ᠋ᠠᠳᠬᠠᠨ᠎ᠠ᠃ ᠴᠠᠭ ᠠᠭᠤᠷ᠎ᠤᠨ ᠭᠠᠮᠰᠢᠭ᠎ᠤᠨ ᠲᠦᠭᠰᠢᠭᠦᠷᠢ ᠵᠢ ᠤᠷᠢᠳᠴᠢᠯᠠᠨ ᠰᠡᠷᠡᠮᠵᠢᠯᠡᠭᠦᠯᠬᠦ ᠠᠵᠢᠯ᠎ᠢ ᠴᠢᠩᠭ᠋ᠠᠳᠬᠠᠵᠤ᠂ ᠡᠯ᠎ᠡ ᠱᠠᠲᠤᠨ᠎ᠤ ᠴᠠᠭ ᠠᠭᠤᠷ᠎ᠤᠨ ᠭᠠᠮᠰᠢᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠲᠡᠭᠦᠯᠳᠡᠷᠵᠢᠭᠦᠯᠵᠦ᠂ ᠭᠠᠮᠰᠢᠭ᠎ᠢ ᠶᠡᠷᠦᠩᠬᠡᠶ᠋ᠢᠯᠡᠨ ᠰᠡᠷᠭᠡᠶ᠋ᠢᠯᠡᠵᠦ ᠪᠠᠭ᠋ᠠᠰᠬᠠᠬᠤ ᠵᠢᠱ᠌ᠢᠶ᠎ᠡ ᠦᠵᠡᠭᠦᠯᠬᠦ ᠣᠷᠣᠨ᠎ᠤ ᠪᠦᠳᠦᠭᠡᠨ ᠪᠠᠶ᠋ᠢᠭᠤᠯᠤᠯᠲᠠ ᠪᠠ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠭᠣᠣᠯᠳᠠᠯᠭ᠎ᠠ᠎ᠲᠠᠢ ᠨᠢᠭᠡᠴᠡ ᠵᠢᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠲᠠᠷᠢᠶᠠᠯᠠᠩ᠎ᠤᠨ ᠳᠠᠭ᠋ᠠᠳᠬᠠᠯ᠎ᠤᠨ ᠴᠠᠭ ᠠᠭᠤᠷ᠎ᠤᠨ ᠦᠢ᠍ᠯᠡᠴᠢᠯᠡᠭᠡᠨ᠎ᠤ ᠬᠦᠷᠢᠶ᠎ᠡ ᠴᠠᠷᠠᠭ᠎ᠠ ᠵᠢ ᠥᠷᠭᠡᠳᠬᠡᠨ᠂ ᠭᠠᠮᠰᠢᠭ᠎ᠤᠨ ᠬᠣᠬᠢᠷᠠᠯ᠎ᠢ ᠦᠨᠡᠯᠡᠨ ᠵᠢᠱ᠌ᠢᠬᠦ᠂ ᠴᠠᠭ ᠠᠭᠤᠷ᠎ᠤᠨ ᠢᠯᠡᠳᠬᠡᠭᠴᠢ ᠵᠢᠨ ᠳᠠᠭ᠋ᠠᠳᠬᠠᠯ᠎ᠤᠨ ᠦᠢ᠍ᠯᠡᠳᠬᠦᠨ᠎ᠢ ᠨᠡᠭᠡᠭᠡᠨ ᠬᠥᠭᠵᠢᠭᠦᠯᠬᠦ ᠪᠠ ᠲᠥᠯᠥᠪᠦᠷᠢ ᠥᠭᠬᠦ᠎ᠳᠤ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠨ᠎ᠠ᠃ (ᠰᠢᠶᠠᠨ᠎ᠤ ᠴᠠᠭ ᠠᠭᠤᠷ᠎ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠣᠪᠴᠢᠶ᠎ᠠ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠂ ᠤᠰᠤᠨ ᠠᠰᠢᠭᠯᠠᠯᠲᠠ ᠵᠢᠨ ᠲᠣᠪᠴᠢᠶ᠎ᠠ᠂ ᠲᠠᠷᠢᠶᠠᠯᠠᠩ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ᠂ ᠡᠯᠡᠰᠦ ᠵᠢ ᠰᠡᠷᠭᠡᠢ᠌ᠯᠡᠨ ᠵᠠᠰᠠᠬᠤ ᠲᠣᠪᠴᠢᠶ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠶ᠋ᠢᠭᠡᠮᠯᠢᠭ᠂ ᠡᠯ᠎ᠡ ᠰᠤᠮᠤ ᠪᠠᠯᠭ᠋ᠠᠰᠤ᠂ ᠲᠠᠷᠢᠶᠠᠯᠠᠩ᠎ᠤᠨ ᠲᠠᠯᠠᠪᠠᠢ ᠲᠤᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
      3. ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠬᠦᠴᠦᠨ᠎ᠲᠠᠢ ᠬᠤᠭᠤᠴᠠᠭ᠎ᠠ ᠵᠢ ᠳᠡᠭᠡᠭᠰᠢᠯᠡᠭᠦᠯᠦᠨ᠎ᠡ᠃ ᠰᠢᠶᠠᠨ᠎ᠤ ᠴᠠᠭ ᠠᠭᠤᠷ᠎ᠤᠨ ᠭᠠᠮᠰᠢᠭ᠎ᠢ ᠰᠡᠷᠭᠡᠢ᠌ᠯᠡᠵᠦ ᠪᠠᠭ᠋ᠠᠰᠬᠠᠬᠤ ᠵᠢᠯᠣᠭᠣᠳᠬᠤ ᠲᠥᠪ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠵᠤ᠂ ᠪᠠᠶᠠᠨᠨᠠᠭᠤᠷ ᠬᠣᠲᠠ ᠵᠢᠨ ᠴᠠᠭ ᠠᠭᠤᠷ᠎ᠤᠨ ᠭᠠᠮᠰᠢᠭ᠎ᠢ ᠰᠡᠷᠭᠡᠢ᠌ᠯᠡᠵᠦ ᠪᠠᠭ᠋ᠠᠰᠬᠠᠬᠤ ᠪᠠᠴᠢᠮ ᠪᠠᠶ᠋ᠢᠳᠠᠯ᠎ᠢ ᠠᠷᠭ᠋ᠠᠴᠠᠬᠤ ᠵᠢᠯᠣᠭᠣᠳᠬᠤ ᠰᠢᠰᠲ᠋ᠧᠮ᠎ᠢ ᠭᠠᠮᠰᠢᠭ᠎ᠲᠤ ᠬᠣᠯᠪᠣᠭᠳᠠᠬᠤ ᠡᠯ᠎ᠡ ᠰᠠᠯᠠᠭ᠎ᠠ ᠮᠥᠴᠢᠷ᠎ᠲᠤ ᠬᠠᠮᠲᠤᠪᠠᠷ ᠪᠠᠶ᠋ᠢᠭᠤᠯᠵᠤ ᠬᠠᠮᠲᠤᠪᠠᠷ ᠡᠳ᠋ᠯᠡᠵᠦ ᠬᠠᠮᠲᠤᠪᠠᠷ ᠬᠡᠷᠡᠭᠯᠡᠬᠦ ᠵᠢ ᠠᠬᠢᠭᠤᠯᠤᠨ᠎ᠠ᠃ ᠭᠡᠨᠡᠳᠲᠡ ᠵᠢᠨ ᠬᠡᠷᠡᠭ᠎ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠰᠢᠰᠲ᠋ᠧᠮ᠎ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠪᠠ ᠤᠯᠠᠮᠵᠢᠯᠠᠨ ᠲᠠᠷᠬᠠᠭ᠋ᠠᠬᠤ ᠪᠠᠷᠢᠮᠵᠢᠶ᠎ᠠ ᠵᠢ ᠲᠣᠭᠲᠠᠭ᠋ᠠᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠴᠠᠭ ᠲᠤᠬᠠᠢ᠍ᠢ᠍ᠴᠢ ᠴᠢᠨᠠᠷ ᠪᠠ ᠨᠠᠷᠢᠯᠢᠭ ᠣᠨᠣᠴᠠ ᠵᠢᠨ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠭᠤᠷᠪᠠᠨ ᠲᠣᠮᠣ ᠡᠵᠡᠩᠨᠡᠯᠲᠡ ᠵᠢᠨ ᠬᠤᠳᠠᠯᠳᠤᠭ᠋ᠠᠴᠢᠨ᠎ᠤ ᠴᠢᠬᠤᠯᠠ ᠶᠡᠬᠡ ᠭᠡᠨᠡᠳᠲᠡ ᠵᠢᠨ ᠬᠡᠷᠡᠭ᠎ᠤᠨ ᠰᠡᠷᠡᠮᠵᠢᠯᠡᠭᠦᠯᠬᠦ ᠮᠡᠳᠡᠭᠡ ᠵᠠᠩᠭᠢ ᠵᠢᠨ 《ᠰᠠᠭ᠋ᠠᠳ ᠥᠬᠡᠶ ᠨᠡᠪᠲᠡᠷᠡᠬᠦ ᠵᠠᠮ》 ᠪᠠ ᠪᠥᠬᠥ ᠰᠦᠯᠵᠢᠶ᠎ᠡ᠎ᠪᠠᠷ ᠰᠦᠢ᠍ᠳᠬᠡᠯ ᠬᠤᠷᠢᠶᠠᠬᠤ ᠥᠬᠡᠶ᠎ᠪᠠᠷ ᠨᠡᠶ᠋ᠢᠲᠡᠯᠡᠬᠦ ᠲᠣᠭᠲᠠᠴᠠ ᠵᠢ ᠪᠦᠷᠢᠨᠰᠢᠬᠦᠯᠵᠦ᠂ ᠰᠣᠨᠢᠨ ᠮᠡᠳᠡᠭᠡᠨ᠎ᠤ ᠵᠠᠭᠤᠴᠢᠯᠠᠭᠤᠷ᠂ ᠪᠠᠴᠢᠮ ᠪᠠᠶ᠋ᠢᠳᠠᠯ᠎ᠢ ᠠᠷᠭ᠋ᠠᠴᠠᠬᠤ ᠷᠠᠳᠢᠣ᠋ ᠨᠡᠪᠲᠡᠷᠡᠭᠦᠯᠭᠡ ᠪᠠ ᠴᠢᠮᠡᠭᠡ ᠬᠣᠯᠪᠣᠭ᠎ᠠ ᠵᠢᠨ ᠡᠵᠡᠩᠨᠡᠯᠲᠡ ᠵᠢᠨ ᠠᠵᠤ ᠠᠬᠤᠶ᠋ᠢᠯᠠᠯ ᠬᠢᠭᠡᠳ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠲᠠᠪᠴᠠᠩ᠎ᠤᠨ ᠠᠭᠤᠰᠤᠯᠳᠤᠨ ᠬᠥᠳᠡᠯᠦᠯᠴᠡᠬᠦ ᠵᠢ ᠠᠬᠢᠭᠤᠯᠤᠨ᠎ᠠ᠃ ᠬᠦᠨᠳᠦ ᠶᠡᠬᠡ ᠴᠠᠭ ᠠᠭᠤᠷ᠎ᠤᠨ ᠭᠠᠮᠰᠢᠭ᠎ᠤᠨ ᠰᠡᠷᠡᠮᠵᠢᠯᠡᠭᠦᠯᠬᠦ ᠮᠡᠳᠡᠭᠡ ᠵᠠᠩᠭᠢ ᠵᠢᠨ 《ᠬᠠᠷᠢᠭᠤ ᠥᠭᠬᠦ》 ᠲᠣᠭᠲᠠᠴᠠ ᠵᠢ ᠨᠠᠶ᠋ᠢᠳᠠᠪᠤᠷᠢᠵᠢᠭᠤᠯᠵᠤ᠂ ᠰᠡᠷᠡᠮᠵᠢᠯᠡᠭᠦᠯᠬᠦ ᠮᠡᠳᠡᠭᠡ ᠵᠠᠩᠭᠢ ᠵᠢ ᠭᠠᠴᠠᠭ᠎ᠠ ᠲᠣᠰᠬᠣᠨ (ᠨᠡᠶ᠋ᠢᠭᠡᠮ ᠲᠣᠭᠣᠷᠢᠭ)᠎ᠳᠤ ᠬᠦᠷᠲᠡᠯ᠎ᠡ ᠡᠷᠦᠬᠡ ᠬᠥᠮᠦᠨ ᠪᠦᠷᠢ᠎ᠳᠤ ᠬᠦᠷᠲᠡᠯ᠎ᠡ ᠨᠡᠶ᠋ᠢᠲᠡᠯᠡᠬᠦ ᠵᠢ ᠠᠬᠢᠭᠤᠯᠤᠨ᠎ᠠ᠃ (ᠰᠢᠶᠠᠨ᠎ᠤ ᠴᠠᠭ ᠠᠭᠤᠷ᠎ᠤᠨ ᠲᠣᠪᠴᠢᠶ᠎ᠠ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠨᠡᠪᠲᠡᠷᠡᠭᠦᠯᠭᠡ ᠵᠢᠨ ᠲᠣᠪᠴᠢᠶ᠎ᠠ᠂ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠳᠤᠮᠳᠠᠳᠤ ᠤᠯᠤᠰ᠎ᠤᠨ ᠨᠢᠭᠡᠳᠦᠮᠡᠯ ᠬᠣᠯᠪᠣᠭ᠎ᠠ ᠵᠢᠨ ᠳ᠋ᠸᠩᠺᠸᠦ ᠬᠤᠪᠢᠶᠠᠷᠢ ᠺᠣᠮᠫᠠᠨᠢ᠂ ᠳᠤᠮᠳᠠᠳᠤ ᠤᠯᠤᠰ᠎ᠤᠨ ᠨᠡᠭᠦᠳᠡᠯ ᠬᠣᠯᠪᠣᠭ᠎ᠠ ᠵᠢᠨ ᠳ᠋ᠸᠩᠺᠸᠦ ᠬᠤᠪᠢᠶᠠᠷᠢ ᠺᠣᠮᠫᠠᠨᠢ᠂ ᠳᠤᠮᠳᠠᠳᠤ ᠤᠯᠤᠰ᠎ᠤᠨ ᠴᠠᠬᠢᠯᠭ᠋ᠠᠨ ᠬᠣᠯᠪᠣᠭ᠎ᠠ ᠵᠢᠨ  ᠳ᠋ᠸᠩᠺᠸᠦ ᠬᠤᠪᠢᠶᠠᠷᠢ ᠺᠣᠮᠫᠠᠨᠢ᠂ ᠡᠯ᠎ᠡ ᠰᠤᠮᠤ ᠪᠠᠯᠭ᠋ᠠᠰᠤ᠂ ᠲᠠᠷᠢᠶᠠᠯᠠᠩ᠎ᠤᠨ ᠲᠠᠯᠠᠪᠠᠶ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
      (ᠬᠣᠶᠠᠷ) ᠠᠮᠢ ᠠᠬᠤᠶ ᠵᠢᠨ ᠪᠣᠯᠪᠠᠰᠤᠨ᠎ᠤ ᠴᠠᠭ ᠠᠭᠤᠷ᠎ᠤᠨ ᠪᠠᠲᠤᠯᠠᠭ᠎ᠠ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠴᠠᠭ ᠠᠭᠤᠷ᠎ᠤᠨ ᠪᠣᠬᠢᠷᠲᠤᠯ ᠥᠬᠡᠶ ᠬᠥᠭᠵᠢᠯᠲᠡ᠎ᠳᠤ ᠦᠢ᠍ᠯᠡᠴᠢᠯᠡᠬᠦ ᠪᠠᠲᠤᠯᠠᠭ᠎ᠠ ᠵᠢᠨ ᠦᠢ᠍ᠯᠡᠳᠦᠯ᠎ᠢ ᠪᠠᠳᠠᠷᠠᠭᠤᠯᠤᠨ᠎ᠠ
      4. ᠤᠯᠠᠭ᠋ᠠᠨᠪᠤᠬ᠎ᠠ ᠡᠯᠡᠰᠦᠨ ᠴᠥᠯ᠎ᠤᠨ ᠠᠮᠢ ᠠᠬᠤᠶ ᠵᠢ ᠬᠠᠮᠠᠭ᠋ᠠᠯᠠᠵᠤ ᠰᠡᠷᠭᠦᠭᠡᠬᠦ ᠴᠠᠭ ᠠᠭᠤᠷ᠎ᠤᠨ ᠦᠢ᠍ᠯᠡᠴᠢᠯᠡᠭᠡ ᠵᠢ ᠴᠢᠩᠭ᠋ᠠᠳᠬᠠᠨ᠎ᠠ᠃ ᠠᠮᠢ ᠠᠬᠤᠶ ᠵᠢᠨ ᠴᠠᠭ ᠠᠭᠤᠷ ᠪᠠ ᠠᠯᠤᠰ ᠰᠡᠷᠡᠯ᠎ᠤᠨ ᠬᠡᠷᠡᠭᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠎ᠠ ᠵᠢ ᠬᠡᠷᠡᠭᠵᠢᠭᠦᠯᠦᠨ᠎ᠡ᠃ ᠥᠨᠳᠥᠷ ᠬᠤᠪᠢ ᠵᠢᠨ ᠳᠠᠭ᠋ᠠᠭᠤᠯᠢ ᠣᠳᠣᠨ᠎ᠤ ᠠᠯᠤᠰ ᠰᠡᠷᠡᠯ ᠵᠢᠴᠢ ᠭᠠᠵᠠᠷ ᠳᠡᠭᠡᠷᠡᠬᠢ ᠬᠢᠨᠠᠨ ᠬᠡᠮᠵᠢᠬᠦ ᠥᠷᠲᠡᠭᠡ ᠲᠣᠤᠷ᠎ᠲᠤ ᠲᠦᠰᠢᠭᠯᠡᠨ᠂ ᠠᠮᠢ ᠠᠬᠤᠶ ᠵᠢᠨ ᠶᠠᠰᠤ ᠴᠢᠨᠠᠷ ᠪᠠ ᠠᠮᠢ ᠠᠬᠤᠶ ᠵᠢᠨ ᠴᠢᠳᠠᠮᠵᠢ ᠵᠢ ᠰᠡᠷᠭᠦᠭᠡᠬᠦ ᠴᠠᠭ ᠠᠭᠤᠷ᠎ᠤᠨ ᠬᠢᠨᠠᠨ ᠬᠡᠮᠵᠢᠵᠦ ᠦᠨᠡᠯᠡᠬᠦ ᠵᠢ ᠴᠢᠩᠭ᠋ᠠᠳᠬᠠᠵᠤ᠂ ᠠᠮᠢ ᠠᠬᠤᠶ ᠵᠢᠨ ᠴᠠᠭ ᠠᠭᠤᠷ᠎ᠤᠨ ᠬᠢᠨᠠᠨ ᠬᠡᠮᠵᠢᠵᠦ ᠦᠨᠡᠯᠡᠨ ᠵᠢᠱ᠌ᠢᠬᠦ ᠦᠢ᠍ᠯᠡᠴᠢᠯᠡᠭᠡ ᠵᠢ ᠦᠷᠭᠦᠯᠵᠢᠯᠡᠨ ᠥᠷᠨᠢᠭᠦᠯᠵᠦ᠂ ᠬᠡᠲᠦ ᠠᠭᠤᠷ ᠠᠮᠢᠰᠬᠤᠯ᠎ᠤᠨ ᠬᠡᠷᠡᠭ ᠪᠠ ᠴᠠᠭ ᠠᠭᠤᠷ᠎ᠤᠨ ᠭᠠᠮᠰᠢᠭ᠎ᠤᠨ ᠠᠮᠢ ᠠᠬᠤᠶ ᠵᠢᠨ ᠠᠮᠤᠷ ᠲᠦᠪᠰᠢᠨ᠎ᠳᠤ ᠦᠵᠡᠭᠦᠯᠬᠦ ᠨᠥᠯᠥᠭᠡ ᠵᠢ ᠤᠷᠢᠳᠴᠢᠯᠠᠨ ᠰᠡᠷᠡᠮᠵᠢᠯᠡᠭᠦᠯᠬᠦ ᠦᠢ᠍ᠯᠡᠴᠢᠯᠡᠭᠡ ᠵᠢ ᠥᠷᠨᠢᠭᠦᠯᠦᠨ᠎ᠡ᠃ ᠤᠯᠠᠭ᠋ᠠᠨᠪᠤᠬ᠎ᠠ ᠡᠯᠡᠰᠦᠨ ᠴᠥᠯ᠎ᠤᠨ ᠨᠡᠷᠡᠨ ᠡᠨᠧᠷᠭᠢ ᠵᠢᠨ ᠡᠬᠢ ᠪᠠᠶᠠᠯᠢᠭ᠎ᠢ ᠨᠡᠶ᠋ᠢᠳᠡᠮ ᠪᠠᠶ᠋ᠢᠴᠠᠭ᠋ᠠᠬᠤ᠂ ᠬᠡᠷᠡᠯ ᠴᠡᠨᠡᠭ᠎ᠤᠨ ᠠᠭᠤᠷ ᠠᠮᠢᠰᠬᠤᠯ᠎ᠤᠨ ᠦᠷ᠎ᠡ ᠠᠰᠢᠭ᠎ᠢ ᠦᠨᠡᠯᠡᠨ ᠵᠢᠱ᠌ᠢᠬᠦ ᠵᠡᠷᠭᠡ ᠠᠵᠢᠯ᠎ᠢ ᠠᠬᠢᠭᠤᠯᠤᠨ᠎ᠠ᠃ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠨ ᠤᠨᠲᠠᠷᠠᠭ᠋ᠠᠬᠤ ᠴᠠᠭ ᠠᠭᠤᠷ᠎ᠤᠨ ᠦᠢ᠍ᠯᠡᠴᠢᠯᠡᠭᠡᠨ᠎ᠢ ᠥᠷᠨᠢᠭᠦᠯᠵᠦ᠂ ᠨᠢᠰᠬᠡᠯ ᠵᠶ᠋ᠠᠷ ᠳᠠᠷᠢᠵᠤ ᠣᠶ᠋ᠢᠵᠢᠭᠤᠯᠬᠤ ᠴᠠᠭ ᠠᠭᠤᠷ᠎ᠤᠨ ᠪᠠᠲᠤᠯᠠᠭ᠎ᠠ᠂ ᠦᠷ᠎ᠡ ᠪᠦᠲᠦᠮᠵᠢ ᠵᠢ ᠦᠨᠡᠯᠡᠨ ᠵᠢᠱ᠌ᠢᠬᠦ ᠵᠡᠷᠭᠡ ᠲᠤᠬᠠᠶ᠋ᠢᠯᠠᠭᠰᠠᠨ ᠠᠵᠢᠯ᠎ᠢ ᠴᠢᠩᠭ᠋ᠠᠷᠠᠭᠤᠯᠤᠨ᠎ᠠ᠃ (ᠰᠢᠶᠠᠨ᠎ᠤ ᠴᠠᠭ ᠠᠭᠤᠷ᠎ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠯᠡᠰᠦ ᠵᠢ ᠰᠡᠷᠭᠡᠶ᠋ᠢᠯᠡᠨ ᠵᠠᠰᠠᠬᠤ ᠲᠣᠪᠴᠢᠶ᠎ᠠ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠂ ᠤᠰᠤᠨ ᠠᠰᠢᠭᠯᠠᠯᠲᠠ ᠵᠢᠨ ᠲᠣᠪᠴᠢᠶ᠎ᠠ᠂ ᠡᠯ᠎ᠡ ᠰᠤᠮᠤ ᠪᠠᠯᠭ᠋ᠠᠰᠤ᠂ ᠲᠠᠷᠢᠶᠠᠯᠠᠩ᠎ᠤᠨ ᠲᠠᠯᠠᠪᠠᠢ ᠲᠤᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
      5. ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠬᠤ ᠴᠢᠳᠠᠪᠤᠷᠢ ᠵᠢ ᠴᠢᠩᠭ᠋ᠠᠷᠠᠭᠤᠯᠤᠨ᠎ᠠ᠃ ᠠᠭᠤᠷ ᠠᠮᠢᠰᠬᠤᠯ᠎ᠤᠨ ᠬᠤᠪᠢᠷᠠᠯᠲᠠ ᠪᠠ ᠲᠤᠶ᠋ᠢᠯ᠎ᠤᠨ ᠠᠭᠤᠷ ᠠᠮᠢᠰᠬᠤᠯ᠎ᠤᠨ ᠬᠡᠷᠡᠭ᠎ᠢ ᠵᠠᠳᠠᠯᠤᠨ ᠰᠤᠳᠤᠯᠵᠤ ᠮᠠᠭ᠋ᠠᠳᠯᠠᠬᠤ ᠵᠢ ᠴᠢᠩᠭ᠋ᠠᠳᠬᠠᠵᠤ᠂ ᠠᠭᠤᠷ ᠠᠮᠢᠰᠬᠤᠯ᠎ᠤᠨ ᠡᠬᠢ ᠪᠠᠶᠠᠯᠢᠭ᠎ᠤᠨ ᠳᠠᠭ᠋ᠠᠭ᠋ᠠᠴᠠ ᠵᠢ ᠦᠨᠡᠯᠡᠨ ᠵᠢᠱ᠌ᠢᠬᠦ ᠲᠤᠬᠠᠶ᠋ᠢᠯᠠᠭᠰᠠᠨ ᠠᠵᠢᠯ᠎ᠢ ᠥᠷᠭᠡᠳᠬᠡᠵᠦ᠂ ᠤᠰᠤᠨ᠎ᠤ ᠡᠬᠢ ᠪᠠᠶᠠᠯᠢᠭ᠂ ᠠᠮᠢ ᠠᠬᠤᠶ ᠵᠢᠨ ᠠᠮᠤᠷ ᠲᠦᠪᠰᠢᠨ᠂ ᠠᠮᠤ ᠪᠤᠳᠠᠭ᠋ᠠᠨ᠎ᠤ ᠠᠮᠤᠷ ᠲᠦᠪᠰᠢᠨ᠂ ᠠᠵᠤ ᠦᠢ᠍ᠯᠡᠰ᠎ᠤᠨ ᠪᠠᠶ᠋ᠢᠷᠢᠰᠢᠯ ᠵᠡᠷᠭᠡ ᠭᠣᠣᠯᠳᠠᠯᠭ᠎ᠠ᠎ᠲᠠᠢ ᠠᠵᠢᠯ ᠲᠦᠷᠦᠯ᠎ᠤᠨ ᠬᠦᠷᠢᠶᠡᠨ᠎ᠳᠤ ᠨᠥᠯᠥᠭᠡ ᠵᠢ ᠦᠨᠡᠯᠡᠨ ᠵᠢᠱ᠌ᠢᠬᠦ ᠠᠵᠢᠯ᠎ᠢ ᠠᠯᠬᠤᠮ ᠠᠯᠬᠤᠮ ᠵᠶ᠋ᠠᠷ ᠥᠷᠨᠢᠭᠦᠯᠦᠨ᠎ᠡ᠃ ᠴᠢᠬᠤᠯᠠ ᠶᠡᠬᠡ ᠢᠨᠵᠧᠨᠧᠷᠢᠩ᠎ᠤᠨ ᠲᠥᠷᠥᠯ ᠵᠦᠢ᠍ᠯ᠂ ᠠᠮᠢ ᠠᠬᠤᠶ ᠵᠢ ᠬᠠᠮᠠᠭ᠋ᠠᠯᠠᠬᠤ ᠪᠠ ᠰᠡᠷᠭᠦᠭᠡᠬᠦ᠂ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ᠂ ᠠᠭᠤᠷ ᠠᠮᠢᠰᠬᠤᠯ᠎ᠳᠤ ᠵᠣᠬᠢᠴᠠᠬᠤ ᠬᠡᠯᠪᠡᠷᠢ ᠵᠢᠨ ᠬᠣᠲᠠ ᠪᠠ ᠣᠷᠣᠨ ᠪᠦᠰᠡ ᠵᠢᠨ ᠠᠭᠤᠷ ᠠᠮᠢᠰᠬᠤᠯ᠎ᠤᠨ ᠪᠣᠯᠤᠮᠵᠢᠲᠤ ᠴᠢᠨᠠᠷ᠎ᠢ ᠨᠤᠲᠠᠯᠠᠵᠤ ᠦᠨᠡᠯᠡᠨ ᠵᠢᠱ᠌ᠢᠬᠦ ᠲᠤᠬᠠᠶ᠋ᠢᠯᠠᠭᠰᠠᠨ ᠠᠵᠢᠯ᠎ᠤᠨ ᠰᠢᠰᠲ᠋ᠧᠮᠵᠢ ᠵᠢ ᠪᠠᠶ᠋ᠢᠭᠤᠯᠵᠤ᠂ ᠪᠥᠬᠥ ᠣᠷᠣᠨ᠎ᠤ ᠬᠡᠪᠴᠢᠶᠡᠨ᠎ᠳᠠᠬᠢ ᠴᠢᠬᠤᠯᠠ ᠶᠡᠬᠡ ᠲᠥᠯᠥᠪᠵᠢᠭᠦᠯᠭᠡ᠂ ᠭᠣᠤᠯᠳᠠᠯᠭ᠎ᠠ᠎ᠲᠠᠢ ᠢᠨᠵᠧᠨᠧᠷᠢᠩ᠎ᠤᠨ ᠲᠥᠷᠥᠯ ᠵᠦᠢ᠍ᠯ ᠵᠡᠷᠭᠡ ᠠᠭᠤᠷ ᠠᠮᠢᠰᠬᠤᠯ᠎ᠤᠨ ᠪᠣᠯᠤᠮᠵᠢᠲᠤ ᠴᠢᠨᠠᠷ᠎ᠤᠨ ᠨᠤᠲᠠᠯᠠᠯᠲᠠ ᠵᠢ ᠥᠷᠨᠢᠭᠦᠯᠦᠨ᠎ᠡ᠃ (ᠰᠢᠶᠠᠨ᠎ᠤ ᠴᠠᠭ ᠠᠭᠤᠷ᠎ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠣᠪᠴᠢᠶ᠎ᠠ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠂ ᠡᠯᠡᠰᠦ ᠵᠢ  ᠰᠡᠷᠭᠡᠢ᠌ᠯᠡᠨ ᠵᠠᠰᠠᠬᠤ ᠲᠣᠪᠴᠢᠶ᠎ᠠ᠂ ᠡᠯ᠎ᠡ ᠰᠤᠮᠤ ᠪᠠᠯᠭ᠋ᠠᠰᠤ᠂ ᠲᠠᠷᠢᠶᠠᠯᠠᠩ᠎ᠤᠨ ᠲᠠᠯᠠᠪᠠᠶ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
      (ᠭᠤᠷᠪᠠ) ᠤᠳᠤ ᠦᠶ᠎ᠡ ᠵᠢᠨ ᠲᠠᠷᠢᠶᠠᠯᠠᠩ᠎ᠤᠨ ᠴᠠᠭ ᠠᠭᠤᠷ᠎ᠤᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢᠨ ᠬᠡᠷᠡᠭᠵᠢᠭᠦᠯᠦᠯᠲᠡ ᠵᠢ ᠠᠬᠢᠭᠤᠯᠤᠨ᠎ᠠ
      6. ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠴᠠᠭ ᠠᠭᠤᠷ᠎ᠤᠨ ᠪᠠᠲᠤᠯᠠᠪᠤᠷᠢ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠰᠤᠮᠤ ᠪᠠᠯᠭ᠋ᠠᠰᠤᠨ᠎ᠳᠤ ᠬᠦᠷᠲᠡᠯ᠎ᠡ ᠨᠠᠷᠢᠯᠢᠬ᠍ᠵᠢᠭᠤᠯᠤᠭᠰᠠᠨ ᠴᠠᠭ ᠠᠭᠤᠷ᠎ᠤᠨ ᠭᠠᠮᠰᠢᠭ᠎ᠤᠨ ᠲᠦᠭᠰᠢᠭᠦᠷᠢ ᠵᠢ ᠤᠷᠢᠳᠴᠢᠯᠠᠨ ᠰᠡᠷᠡᠮᠵᠢᠯᠡᠭᠦᠯᠬᠦ ᠦᠢ᠍ᠯᠡᠳᠬᠦᠨ᠎ᠤ ᠰᠢᠰᠲ᠋ᠧᠮᠵᠢ ᠵᠢ ᠪᠠᠶ᠋ᠢᠭᠤᠯᠵᠤ᠂ ᠦᠨᠳᠦᠰᠦᠨ ᠱᠠᠲᠤᠨ᠎ᠤ ᠭᠠᠮᠰᠢᠭ᠎ᠢ ᠰᠡᠷᠭᠡᠢ᠌ᠯᠡᠵᠦ ᠪᠠᠭ᠋ᠠᠰᠬᠠᠬᠤ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢ ᠠᠬᠢᠭᠤᠯᠤᠨ᠂ ᠲᠠᠷᠢᠶᠠᠯᠠᠩ᠎ᠤᠨ ᠴᠠᠭ ᠠᠭᠤᠷ᠎ᠤᠨ ᠭᠠᠮᠰᠢᠭ᠎ᠢ ᠰᠡᠷᠭᠡᠢ᠌ᠯᠡᠵᠦ ᠪᠠᠭ᠋ᠠᠰᠬᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠶ᠃ ᠴᠠᠭ ᠠᠭᠤᠷ᠎ᠤᠨ ᠨᠥᠬᠥᠴᠡᠯ᠎ᠳᠤ ᠰᠠᠭᠤᠷᠢᠯᠠᠭᠰᠠᠨ ᠤᠰᠤ ᠠᠷᠪᠢᠯᠠᠬᠤ ᠤᠰᠤᠯᠠᠯᠲᠠ ᠵᠢ ᠲᠣᠬᠢᠷᠠᠭᠤᠯᠤᠨ ᠡᠵᠡᠮᠳᠡᠬᠦ ᠮᠡᠷᠭᠡᠵᠢᠯ᠎ᠢ ᠳᠡᠯᠭᠡᠷᠡᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠵᠢᠨ ᠰᠠᠯᠠᠭ᠎ᠠ ᠮᠥᠴᠢᠷ᠎ᠲᠠᠢ ᠬᠠᠮᠲᠤᠷᠠᠨ ᠭᠠᠮᠰᠢᠭ᠎ᠤᠨ ᠲᠥᠷᠥᠯ᠎ᠢ ᠬᠤᠪᠢᠶᠠᠨ ᠨᠠᠷᠢᠯᠢᠬ᠍ᠵᠢᠭᠤᠯᠤᠭᠰᠠᠨ ᠲᠠᠷᠢᠶᠠᠯᠠᠩ᠎ᠤᠨ ᠴᠠᠭ ᠠᠭᠤᠷ᠎ᠤᠨ ᠭᠠᠮᠰᠢᠭ᠎ᠤᠨ ᠣᠷᠣᠨ᠎ᠤ ᠬᠤᠪᠢᠶᠠᠷᠢᠯᠠᠯ᠂ ᠲᠠᠷᠢᠮᠠᠯ᠎ᠤᠨ ᠵᠣᠬᠢᠴᠠᠬᠤ ᠴᠢᠨᠠᠷᠲᠠᠶ ᠣᠷᠣᠨ᠎ᠤ ᠬᠤᠪᠢᠶᠠᠷᠢᠯᠠᠯ᠎ᠢ ᠥᠷᠨᠢᠭᠦᠯᠵᠦ᠂ ᠲᠠᠷᠢᠶᠠᠯᠠᠩ᠎ᠤᠨ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ᠎ᠳᠤ ᠲᠤᠯᠭ᠋ᠠᠭᠤᠷᠢᠯᠠᠯ ᠬᠠᠩᠭ᠋ᠠᠨ᠎ᠠ᠃ ᠰᠡᠷᠡᠮᠵᠢᠯᠡᠭᠦᠯᠬᠦ ᠮᠡᠳᠡᠭᠡ ᠵᠠᠩᠭᠢ ᠵᠢ ᠮᠠᠯᠵᠢᠬᠤ ᠲᠠᠷᠢᠶᠠᠯᠠᠬᠤ ᠣᠷᠣᠨ᠎ᠳᠤ ᠨᠡᠶ᠋ᠢᠲᠡᠯᠡᠬᠦ ᠲᠣᠤᠷ ᠰᠦᠯᠵᠢᠶ᠎ᠡ ᠵᠢ ᠪᠠᠶ᠋ᠢᠭᠤᠯᠵᠤ᠂ ᠬᠥᠳᠡᠭᠡ ᠲᠣᠰᠬᠣᠨ᠎ᠤ ᠰᠡᠷᠡᠮᠵᠢᠯᠡᠭᠦᠯᠬᠦ ᠮᠡᠳᠡᠭᠡ ᠵᠠᠩᠭᠢ ᠵᠢᠨ ᠬᠠᠮᠤᠷᠬᠤ ᠬᠡᠪᠴᠢᠶ᠎ᠡ ᠪᠠ ᠴᠠᠭ ᠬᠤᠭᠤᠴᠠᠭ᠋ᠠᠲᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠶ᠃ (ᠰᠢᠶᠠᠨ᠎ᠤ ᠴᠠᠭ ᠠᠭᠤᠷ᠎ᠤᠨ ᠲᠣᠪᠴᠢᠶ᠎ᠠ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠲᠠᠷᠢᠶᠠᠯᠠᠩ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠤᠰᠤᠨ ᠠᠰᠢᠭᠯᠠᠯᠲᠠ ᠵᠢᠨ ᠲᠣᠪᠴᠢᠶ᠎ᠠ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ᠂ ᠡᠯ᠎ᠡ ᠰᠤᠮᠤ ᠪᠠᠯᠭ᠋ᠠᠰᠤ᠂ ᠲᠠᠷᠢᠶᠠᠯᠠᠩ᠎ᠤᠨ ᠲᠠᠯᠠᠪᠠᠶ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
      (ᠲᠥᠷᠪᠡ) ᠬᠥᠮᠦᠨ᠎ᠤ ᠬᠦᠴᠦ᠎ᠪᠠᠷ ᠴᠠᠭ ᠠᠭᠤᠷ᠎ᠢ ᠨᠥᠯᠥᠭᠡᠯᠡᠬᠦ ᠠᠵᠢᠯ᠎ᠤᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠂ ᠠᠰᠢᠭ᠎ᠲᠠᠢ ᠲᠠᠯ᠎ᠠ ᠥᠭᠡᠳᠡ ᠲᠥᠭᠥᠵᠦ ᠬᠣᠣᠷᠲᠠᠢ ᠲᠠᠯ᠎ᠠ᠎ᠠᠴᠠ ᠵᠠᠶ᠋ᠢᠯᠠᠬᠤ ᠳᠠᠪᠠᠭᠤᠯᠢᠭ᠎ᠢ ᠪᠠᠳᠠᠷᠠᠭᠤᠯᠤᠨ᠎ᠠ
      7. ᠠᠮᠤᠷ ᠲᠦᠪᠰᠢᠨ ᠵᠶ᠋ᠠᠷ ᠠᠵᠢᠯᠯᠠᠬᠤ ᠪᠠ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠤᠨ᠎ᠠ᠃ ᠴᠠᠬᠢᠯᠭ᠋ᠠᠨ ᠡᠵᠡᠮᠰᠢᠯᠲᠦ ᠥᠨᠳᠥᠷ ᠫᠤᠤ ᠵᠢᠨ ᠠᠵᠢᠯ᠎ᠤᠨ ᠵᠢᠯᠤᠭᠤᠳᠤᠯᠭ᠎ᠠ ᠵᠢ ᠳᠡᠯᠭᠡᠷᠡᠭᠦᠯᠦᠨ᠎ᠡ᠃ ᠭᠠᠩ ᠬᠠᠭᠰᠠᠷᠭ᠋ᠠᠨ᠂ ᠮᠥᠨᠳᠥᠷ ᠵᠡᠷᠭᠡ ᠬᠦᠨᠳᠦ ᠶᠡᠬᠡ ᠭᠠᠮᠰᠢᠭ ᠵᠢᠴᠢ ᠪᠠᠴᠢᠮ ᠪᠠᠶ᠋ᠢᠳᠠᠯ᠎ᠢ ᠠᠷᠭ᠋ᠠᠴᠠᠬᠤ ᠴᠢᠬᠤᠯᠠ ᠶᠡᠬᠡ ᠪᠠᠲᠤᠯᠠᠭ᠎ᠠ ᠵᠢᠨ ᠬᠥᠮᠦᠨ᠎ᠤ ᠬᠦᠴᠦ᠎ᠪᠠᠷ ᠴᠠᠭ ᠠᠭᠤᠷ᠎ᠢ ᠨᠥᠯᠥᠭᠡᠯᠡᠬᠦ ᠦᠢ᠍ᠯᠡᠴᠢᠯᠡᠭᠡᠨ᠎ᠤ ᠲᠣᠭᠲᠠᠴᠠ ᠵᠢ ᠲᠡᠭᠦᠯᠳᠡᠷᠵᠢᠭᠦᠯᠵᠦ᠂ ᠪᠠᠴᠢᠮ ᠪᠠᠶ᠋ᠢᠳᠠᠯ᠎ᠢ ᠲᠦᠷᠭᠡᠨ ᠠᠷᠭ᠋ᠠᠴᠠᠬᠤ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ᠃ 《ᠵᠠᠰᠠᠭ᠎ᠤᠨ ᠣᠷᠳᠣᠨ ᠵᠶ᠋ᠠᠷ ᠭᠣᠤᠯᠯᠠᠭᠤᠯᠬᠤ᠂ ᠰᠠᠯᠠᠭ᠎ᠠ ᠮᠥᠴᠢᠷ᠎ᠤᠳ ᠬᠠᠮᠲᠤᠷᠠᠨ ᠬᠥᠳᠡᠯᠦᠯᠴᠡᠬᠦ᠂ ᠴᠡᠷᠢᠭ ᠠᠩᠭᠢ ᠪᠠ ᠣᠷᠣᠨ ᠨᠤᠲᠤᠭ ᠬᠠᠮᠵᠢᠯᠴᠠᠬᠤ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ》 ᠬᠥᠮᠦᠨ᠎ᠤ ᠬᠦᠴᠦ᠎ᠪᠠᠷ ᠴᠠᠭ ᠠᠭᠤᠷ᠎ᠢ ᠨᠥᠯᠥᠭᠡᠯᠡᠬᠦ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠪᠠᠶ᠋ᠢᠭᠤᠯᠤᠯ᠎ᠢ ᠲᠡᠭᠦᠯᠳᠡᠷᠵᠢᠭᠦᠯᠦᠨ᠎ᠡ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦ᠎ᠪᠠᠷ ᠴᠠᠭ ᠠᠭᠤᠷ᠎ᠢ ᠨᠥᠯᠥᠭᠡᠯᠡᠬᠦ ᠬᠠᠮᠢᠶᠠᠷᠤᠯᠲᠠ ᠵᠢᠨ ᠲᠥᠷᠢᠮ》᠎ᠢ ᠰᠠᠶ᠋ᠢᠲᠤᠷ ᠨᠠᠶ᠋ᠢᠳᠠᠪᠤᠷᠢᠵᠢᠭᠤᠯᠤᠨ᠎ᠠ᠃ ᠠᠵᠢᠯᠯᠠᠬᠤ ᠲᠣᠨᠣᠭᠯᠠᠯ᠎ᠤᠨ ᠤᠶᠤᠨᠴᠢᠯᠠᠯᠳᠠ ᠵᠢᠨ ᠥᠭᠡᠷᠡᠴᠢᠯᠡᠯᠲᠡ ᠪᠠ ᠠᠮᠤᠷ ᠲᠦᠪᠰᠢᠨ᠎ᠤ ᠮᠡᠳᠡᠭᠡ ᠵᠠᠩᠭᠢᠵᠢᠯᠲᠠ ᠵᠢᠨ ᠴᠢᠳᠠᠪᠤᠷᠢ ᠵᠢᠨ ᠪᠠᠶ᠋ᠢᠭᠤᠯᠤᠯᠲᠠ ᠵᠢ ᠲᠦᠷᠭᠡᠳᠬᠡᠵᠦ᠂ ᠠᠮᠤᠷ ᠲᠦᠪᠰᠢᠨ ᠵᠶ᠋ᠠᠷ ᠠᠵᠢᠯᠯᠠᠬᠤ ᠴᠢᠳᠠᠪᠤᠷᠢ ᠵᠢ ᠪᠦᠲᠦᠮᠵᠢᠲᠡᠶ᠎ᠪᠠᠷ ᠳᠡᠭᠡᠭᠰᠢᠯᠡᠭᠦᠯᠦᠨ᠎ᠡ᠃ ᠳᠣᠲᠣᠭ᠋ᠠᠳᠤ ᠵᠢ ᠬᠠᠮᠠᠭ᠋ᠠᠯᠠᠬᠤ᠂ ᠪᠠᠴᠢᠮ ᠪᠠᠶ᠋ᠢᠳᠠᠯ᠎ᠢ ᠠᠷᠭ᠋ᠠᠴᠠᠬᠤ ᠵᠡᠷᠭᠡ ᠰᠠᠯᠠᠭ᠎ᠠ ᠮᠥᠴᠢᠷ᠎ᠤᠨ ᠬᠠᠮᠲᠤᠷᠠᠨ ᠬᠢᠨᠠᠨ ᠬᠠᠮᠢᠶᠠᠷᠬᠤ ᠲᠣᠭᠲᠠᠴᠠ ᠵᠢ ᠪᠠᠶ᠋ᠢᠭᠤᠯᠵᠤ᠂ ᠬᠥᠮᠦᠨ ᠰᠡᠭᠦᠳᠡᠷ ᠪᠣᠳᠠᠰ᠎ᠤᠨ ᠰᠦᠯᠵᠢᠶ᠎ᠡ ᠵᠢᠨ ᠬᠠᠮᠢᠶᠠᠷᠤᠯᠲᠠ ᠵᠢᠨ ᠰᠢᠰᠲ᠋ᠧᠮ᠎ᠢ ᠴᠢᠩᠭ᠋ᠠᠷᠠᠭᠤᠯᠤᠨ᠂ ᠬᠥᠮᠦᠨ᠎ᠤ ᠬᠦᠴᠦ᠎ᠪᠠᠷ ᠴᠠᠭ ᠠᠭᠤᠷ᠎ᠢ ᠨᠥᠯᠥᠭᠡᠯᠡᠬᠦ ᠬᠠᠮᠲᠤᠷᠠᠭᠰᠠᠨ ᠪᠠᠶ᠋ᠢᠴᠠᠭ᠋ᠠᠯᠲᠠ ᠪᠠ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠦᠨ᠎ᠡ᠃ (ᠰᠢᠶᠠᠨ᠎ᠤ ᠴᠠᠭ ᠠᠭᠤᠷ᠎ᠤᠨ ᠲᠣᠪᠴᠢᠶ᠎ᠠ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠡᠯ᠎ᠡ ᠰᠤᠮᠤ ᠪᠠᠯᠭ᠋ᠠᠰᠤ᠂ ᠲᠠᠷᠢᠶᠠᠯᠠᠩ᠎ᠤᠨ ᠲᠠᠯᠠᠪᠠᠶ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
      (ᠲᠠᠪᠤ) ᠤᠯᠠᠨ ᠨᠡᠶ᠋ᠢᠲᠡ ᠵᠢᠨ ᠴᠠᠭ ᠠᠭᠤᠷ᠎ᠤᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠪᠠ ᠠᠷᠠᠳ᠎ᠤᠨ ᠠᠮᠢᠳᠤᠷᠠᠯ᠎ᠳᠤ ᠦᠢ᠍ᠯᠡᠴᠢᠯᠡᠬᠦ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ
      8. ᠭᠣᠤᠯᠳᠠᠯᠭ᠎ᠠ᠎ᠲᠠᠢ ᠠᠵᠢᠯ ᠲᠥᠷᠥᠯ᠎ᠤᠨ ᠴᠠᠭ ᠠᠭᠤᠷ᠎ᠤᠨ ᠦᠢ᠍ᠯᠡᠴᠢᠯᠡᠭᠡ ᠵᠢ ᠠᠬᠢᠭᠤᠯᠤᠨ᠎ᠠ᠃ ᠨᠡᠷᠡᠨ᠎ᠤ ᠡᠨᠧᠷᠭᠢ᠂ ᠰᠠᠯᠬᠢᠨ᠎ᠤ ᠡᠨᠧᠷᠭᠢ ᠵᠢᠨ ᠡᠬᠢ ᠪᠠᠶᠠᠯᠢᠭ᠎ᠢ ᠦᠨᠡᠯᠡᠨ ᠵᠢᠱ᠌ᠢᠬᠦ ᠪᠠ ᠣᠷᠣᠨ ᠬᠤᠪᠢᠶᠠᠷᠢᠯᠠᠬᠤ᠂ ᠬᠡᠷᠡᠯ ᠴᠡᠨᠡᠭ ᠵᠶ᠋ᠠᠷ ᠴᠠᠬᠢᠯᠭ᠋ᠠᠨ ᠭᠠᠷᠭ᠋ᠠᠬᠤ ᠵᠡᠷᠭᠡ ᠰᠢᠨ᠎ᠡ ᠡᠨᠧᠷᠭᠢ ᠵᠢᠨ ᠰᠤᠷᠪᠤᠯᠵᠢ ᠵᠢᠨ ᠠᠵᠤ ᠦᠢ᠍ᠯᠡᠰ᠎ᠤᠨ ᠬᠥᠭᠵᠢᠯᠲᠡ᠎ᠳᠤ ᠦᠢ᠍ᠯᠡᠴᠢᠯᠡᠬᠦ ᠪᠠ ᠲᠡᠭᠦᠨ᠎ᠢ ᠪᠠᠲᠤᠯᠠᠬᠤ ᠵᠢ ᠥᠷᠨᠢᠭᠦᠯᠦᠨ᠎ᠡ᠃ ᠵᠠᠮ ᠬᠠᠷᠢᠯᠴᠠᠭ᠋ᠠᠨ᠎ᠤ ᠴᠠᠭ ᠠᠭᠤᠷ᠎ᠤᠨ ᠬᠢᠨᠠᠨ ᠬᠡᠮᠵᠢᠬᠦ ᠦᠷᠳᠡᠭᠡ ᠵᠢᠨ ᠲᠣᠣᠷ᠎ᠢ ᠲᠡᠭᠦᠯᠳᠡᠷᠵᠢᠭᠦᠯᠵᠦ᠂ ᠵᠠᠮ ᠬᠠᠷᠢᠯᠴᠠᠭ᠋ᠠᠨ᠎ᠤ ᠴᠠᠭ ᠠᠭᠤᠷ᠎ᠤᠨ ᠠᠶᠤᠯ ᠲᠦᠭᠰᠢᠭᠦᠷᠢ ᠵᠢ ᠤᠷᠢᠳᠴᠢᠯᠠᠨ ᠰᠡᠷᠡᠮᠵᠢᠯᠡᠭᠦᠯᠬᠦ ᠦᠢ᠍ᠯᠡᠴᠢᠯᠡᠭᠡ ᠵᠢ ᠭᠦᠨᠵᠡᠭᠡᠢ᠌ᠷᠡᠭᠦᠯᠦᠨ᠎ᠡ᠃ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠴᠠᠭ ᠠᠭᠤᠷ᠎ᠤᠨ ᠭᠠᠮᠰᠢᠭ ᠵᠢᠴᠢ ᠡᠭᠦᠰᠦᠮᠡᠯ ᠭᠠᠮᠰᠢᠭ᠎ᠤᠨ ᠲᠦᠭᠰᠢᠭᠦᠷᠢ ᠵᠢ ᠵᠢᠭᠰᠠᠭ᠋ᠠᠨ ᠪᠠᠶ᠋ᠢᠴᠠᠭ᠋ᠠᠬᠤ ᠵᠢ ᠥᠷᠨᠢᠭᠦᠯᠵᠦ᠂ ᠭᠣᠤᠯᠳᠠᠯᠭ᠎ᠠ᠎ᠲᠠᠢ ᠦᠵᠡᠮᠵᠢ ᠵᠢᠨ ᠣᠷᠣᠨ᠎ᠤ ᠵᠢᠭᠤᠯᠴᠢᠯᠠᠯ᠎ᠤᠨ ᠴᠠᠭ ᠠᠭᠤᠷ᠎ᠤᠨ ᠦᠢ᠍ᠯᠡᠴᠢᠯᠡᠭᠡᠨ᠎ᠤ ᠮᠡᠳᠡᠭᠡ ᠵᠠᠩᠭᠢ ᠵᠢ ᠬᠠᠮᠲᠤᠷᠠᠨ ᠨᠡᠶ᠋ᠢᠲᠡᠯᠡᠬᠦ ᠨᠡᠢ᠌ᠲᠡᠯᠡᠨ᠎ᠡ᠃ (ᠰᠢᠶᠠᠨ᠎ᠤ ᠴᠠᠭ ᠠᠭᠤᠷ᠎ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢᠨ ᠬᠣᠷᠢᠶ᠎ᠠ᠂ ᠵᠠᠮ ᠬᠠᠷᠢᠯᠴᠠᠭ᠋ᠠᠨ᠎ᠤ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠵᠢᠨ ᠲᠣᠪᠴᠢᠶ᠎ᠠ᠂ ᠡᠯ᠎ᠡ ᠰᠤᠮᠤ ᠪᠠᠯᠭ᠋ᠠᠰᠤ᠂ ᠲᠠᠷᠢᠶᠠᠯᠠᠩ᠎ᠤᠨ ᠲᠠᠯᠠᠪᠠᠶ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
      9. ᠬᠣᠲᠠ ᠵᠢᠨ ᠴᠠᠭ ᠠᠭᠤᠷ᠎ᠤᠨ ᠪᠠᠲᠤᠯᠠᠭ᠎ᠠ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠲᠣᠭ᠋ᠠᠴᠢᠯᠠᠭᠰᠠᠨ ᠴᠠᠭ ᠠᠭᠤᠷ᠎ᠢ ᠬᠤᠳᠠ ᠪᠠᠯᠭ᠋ᠠᠰᠤᠨ᠎ᠤ ᠪᠦᠳᠦᠭᠡᠨ ᠪᠠᠶ᠋ᠢᠭᠤᠯᠤᠯᠲᠠ᠎ᠳᠤ ᠠᠭᠤᠰᠤᠯᠴᠠᠭᠤᠯᠬᠤ ᠵᠢ ᠲᠦᠯᠬᠢᠨ ᠠᠬᠢᠭᠤᠯᠤᠨ᠎ᠠ᠃ ᠬᠣᠲᠠ ᠵᠢᠨ ᠶᠡᠷᠦᠩᠬᠡᠶ᠋ᠢᠯᠡᠭᠰᠡᠨ ᠵᠠᠮ ᠬᠠᠷᠢᠯᠴᠠᠭ᠎ᠠ᠂ ᠵᠢᠭᠤᠯᠴᠢᠯᠠᠯ᠂ ᠢᠯᠴᠢ ᠬᠠᠩᠭ᠋ᠠᠬᠤ᠂ ᠴᠠᠰᠤ ᠠᠷᠢᠯᠭ᠋ᠠᠬᠤ ᠵᠡᠷᠭᠡ ᠲᠤᠰᠬᠠᠶ ᠵᠦᠢ᠍ᠯ᠎ᠤᠨ ᠴᠠᠭ ᠠᠭᠤᠷ᠎ᠤᠨ ᠦᠢ᠍ᠯᠡᠴᠢᠯᠡᠭᠡᠨ᠎ᠢ ᠰᠠᠶ᠋ᠢᠲᠤᠷ ᠬᠢᠨ᠎ᠠ᠃ ᠬᠤᠳᠠ ᠵᠢᠨ ᠤᠰᠤᠲᠤᠯ᠎ᠢ ᠬᠢᠨᠠᠨ ᠬᠡᠮᠵᠢᠬᠦ ᠰᠢᠰᠲ᠋ᠧᠮ᠎ᠢ ᠲᠡᠭᠦᠯᠳᠡᠷᠵᠢᠭᠦᠯᠵᠦ᠂ ᠤᠯᠠᠨ ᠰᠠᠯᠠᠭ᠎ᠠ ᠮᠥᠴᠢᠷ᠎ᠤᠨ ᠤᠰᠤᠲᠤᠯ᠎ᠤᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠲᠣᠭᠲᠠᠴᠠ ᠵᠢ ᠪᠠᠶ᠋ᠢᠭᠤᠯᠵᠤ᠂ ᠬᠤᠳᠠ ᠵᠢᠨ ᠤᠰᠤᠲᠤᠯ᠎ᠤᠨ ᠴᠠᠭ ᠠᠭᠤᠷ᠎ᠤᠨ ᠠᠶᠤᠯ ᠲᠦᠭᠰᠢᠭᠦᠷᠢ ᠵᠢ ᠤᠷᠢᠳᠴᠢᠯᠠᠨ ᠰᠡᠷᠡᠮᠵᠢᠯᠡᠭᠦᠯᠬᠦ ᠦᠢ᠍ᠯᠡᠴᠢᠯᠡᠭᠡ ᠵᠢ ᠥᠷᠨᠢᠭᠦᠯᠦᠨ᠎ᠡ᠃ (ᠰᠢᠶᠠᠨ᠎ᠤ ᠴᠠᠭ ᠠᠭᠤᠷ᠎ᠤᠨ ᠲᠣᠪᠴᠢᠶ᠎ᠠ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ᠂ ᠡᠯ᠎ᠡ ᠰᠤᠮᠤ ᠪᠠᠯᠭ᠋ᠠᠰᠤ᠂ ᠲᠠᠷᠢᠶᠠᠯᠠᠩ᠎ᠤᠨ ᠲᠠᠯᠠᠪᠠᠶ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
      10. ᠠᠷᠠᠳ᠎ᠤᠨ ᠠᠮᠢᠳᠤᠷᠠᠯ᠎ᠤᠨ ᠴᠠᠭ ᠠᠭᠤᠷ᠎ᠤᠨ ᠦᠢ᠍ᠯᠡᠴᠢᠯᠡᠭᠡ ᠵᠢ ᠰᠠᠶ᠋ᠢᠲᠤᠷ ᠬᠢᠨ᠎ᠠ᠃ ᠤᠯᠠᠨ ᠨᠡᠶ᠋ᠢᠲᠡ ᠵᠢᠨ ᠴᠠᠭ ᠠᠭᠤᠷ᠎ᠤᠨ ᠦᠢ᠍ᠯᠡᠴᠢᠯᠡᠭᠡ ᠵᠢ ᠬᠤᠳᠠ ᠬᠥᠳᠡᠭᠡ ᠵᠢᠨ ᠵᠠᠰᠠᠭ᠎ᠤᠨ ᠣᠷᠳᠣᠨ᠎ᠤ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠶ᠋ᠢᠭᠤᠯᠤᠯᠲᠠ᠎ᠳᠤ ᠣᠷᠣᠭᠤᠯᠵᠤ᠂ ᠤᠯᠠᠨ ᠨᠡᠶ᠋ᠢᠲᠡ ᠵᠢᠨ ᠴᠠᠭ ᠠᠭᠤᠷ᠎ᠤᠨ ᠦᠢ᠍ᠯᠡᠴᠢᠯᠡᠭᠡᠨ᠎ᠤ ᠠᠷᠠᠳ ᠣᠯᠠᠨ᠎ᠤ ᠠᠮᠢᠳᠤᠷᠠᠯ᠂ ᠡᠷᠡᠭᠦᠯ ᠮᠡᠨᠳᠦ ᠰᠤᠪᠢᠯᠠᠯᠲᠠ᠂ ᠰᠡᠯᠡᠭᠦᠴᠡᠯ᠂ ᠵᠢᠭᠤᠯᠴᠢᠯᠠᠯ ᠵᠡᠷᠭᠡ ᠵᠢᠨ ᠣᠯᠠᠨ ᠡᠰᠢᠵᠢᠭᠰᠡᠨ᠂ ᠥᠪᠡᠷᠮᠢᠴᠡ ᠪᠠ ᠨᠠᠷᠢᠯᠢᠬ᠍ᠵᠢᠭᠤᠯᠤᠭᠰᠠᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠭᠰᠠᠨ ᠣᠯᠠᠨ ᠨᠡᠶ᠋ᠢᠲᠡ ᠵᠢᠨ ᠴᠠᠭ ᠠᠭᠤᠷ᠎ᠤᠨ ᠦᠢ᠍ᠯᠡᠴᠢᠯᠡᠭᠡᠨ᠎ᠢ ᠬᠥᠭᠵᠢᠭᠦᠯᠦᠨ᠎ᠡ᠃ ᠨᠡᠶ᠋ᠢᠭᠡᠮ ᠨᠡᠶ᠋ᠢᠲᠡ᠎ᠳᠤ ᠬᠠᠨᠳᠤᠭᠤᠯᠤᠭᠰᠠᠨ ᠴᠠᠭ ᠠᠭᠤᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠰᠠᠭᠤᠷᠢᠨ ᠭᠠᠵᠠᠷ᠎ᠢ ᠪᠥᠲᠥᠭᠡᠨ ᠪᠠᠶ᠋ᠢᠭᠤᠯᠵᠤ᠂ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠮᠡᠳᠡᠯᠭᠡ ᠵᠢᠨ ᠤᠬᠠᠭᠤᠯᠭ᠎ᠠ ᠬᠥᠮᠦᠵᠢᠯ᠎ᠢ ᠴᠢᠩᠭ᠋ᠠᠳᠬᠠᠨ᠂ ᠣᠯᠠᠨ ᠨᠡᠶ᠋ᠢᠲᠡ ᠵᠢᠨ ᠭᠠᠮᠰᠢᠭ᠎ᠢ ᠰᠡᠷᠭᠡᠶ᠋ᠢᠯᠡᠵᠦ ᠪᠠᠭ᠋ᠠᠰᠬᠠᠬᠤ ᠦᠵᠡᠯ ᠤᠬᠠᠮᠰᠠᠷ ᠪᠠ ᠰᠢᠢ᠍ᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ (ᠰᠢᠶᠠᠨ᠎ᠤ ᠴᠠᠭ ᠠᠭᠤᠷ᠎ᠤᠨ ᠲᠣᠪᠴᠢᠶ᠎ᠠ᠂ ᠰᠤᠷᠭ᠋ᠠᠨ ᠬᠥᠮᠦᠵᠢᠯ᠎ᠤᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠶ᠋ᠢᠭᠡᠮᠯᠢᠭ᠂ ᠡᠯ᠎ᠡ ᠰᠤᠮᠤ ᠪᠠᠯᠭ᠋ᠠᠰᠤ᠂ ᠲᠠᠷᠢᠶᠠᠯᠠᠩ᠎ᠤᠨ ᠲᠠᠯᠠᠪᠠᠶ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
      (ᠵᠢᠷᠭᠤᠭ᠎ᠠ) ᠴᠠᠭ ᠠᠭᠤᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠰᠢᠰᠲ᠋ᠧᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠴᠠᠭ ᠠᠭᠤᠷ᠎ᠤᠨ ᠦᠢ᠍ᠯᠡᠰ᠎ᠤᠨ ᠬᠥᠭᠵᠢᠯᠲᠡ ᠵᠢᠨ ᠰᠠᠭᠤᠷᠢ ᠵᠢ ᠪᠡᠬᠢᠵᠢᠭᠦᠯᠦᠨ᠎ᠡ
      11. ᠴᠠᠭ ᠠᠭᠤᠷ᠎ᠤᠨ ᠵᠠᠩᠭᠢᠯᠠᠭ᠎ᠠ ᠵᠢᠨ ᠮᠡᠷᠭᠡᠵᠢᠯ᠎ᠤᠨ ᠬᠡᠷᠡᠭᠯᠡᠭᠡᠨ᠎ᠤ ᠴᠢᠳᠠᠪᠤᠷᠢ ᠵᠢ ᠴᠢᠩᠭ᠋ᠠᠷᠠᠭᠤᠯᠤᠨ᠎ᠠ᠃ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠠᠩᠭᠢᠯᠠᠭ᠎ᠠ ᠵᠢᠨ ᠮᠡᠷᠭᠡᠵᠢᠯ᠎ᠤᠨ ᠲᠤᠰ ᠣᠷᠣᠨᠴᠢᠯᠠᠬᠤ ᠰᠤᠳᠤᠯᠭ᠋ᠠᠨ᠎ᠢ ᠲᠦᠯᠬᠢᠨ ᠠᠬᠢᠭᠤᠯᠵᠤ᠂ ᠥᠨᠳᠥᠷ ᠢᠯᠭ᠋ᠠᠮᠵᠢᠳᠤ ᠤᠶᠤᠨᠲᠤ ᠲᠣᠣᠷ᠎ᠤᠨ ᠦᠢ᠍ᠯᠡᠳᠬᠦᠨ᠂ ᠴᠠᠭ ᠠᠭᠤᠷ᠎ᠤᠨ ᠳᠠᠭ᠋ᠠᠭᠤᠯᠢ ᠤᠳᠤ ᠪᠠ ᠷᠠᠳᠠᠷ᠎ᠤᠨ ᠲᠣᠭ᠎ᠠ ᠪᠠᠷᠢᠮᠲᠠ ᠵᠢᠨ ᠬᠡᠷᠡᠭᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠰᠢᠨ᠎ᠡ ᠨᠢᠭᠡ ᠦᠶ᠎ᠡ ᠵᠢᠨ ᠴᠠᠭ ᠠᠭᠤᠷ᠎ᠤᠨ ᠷᠠᠳᠠᠷ᠎ᠤᠨ ᠪᠦᠲᠦᠭᠡᠭᠳᠡᠬᠦᠨ᠎ᠢ ᠲᠣᠰ ᠭᠠᠵᠠᠷ᠎ᠲᠤᠨᠢ ᠬᠡᠷᠡᠭᠯᠡᠬᠦ ᠵᠢ ᠴᠢᠩᠭ᠋ᠠᠳᠬᠠᠨ᠎ᠠ᠃ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠶ᠋ᠢᠭᠤᠯᠤᠮᠵᠢ ᠪᠣᠯᠤᠨ ᠪᠤᠰᠤᠳ ᠨᠡᠶ᠋ᠢᠭᠡᠮ᠎ᠤᠨ ᠬᠦᠴᠦᠨ᠎ᠯᠦᠭᠡ ᠵᠢᠨ ᠬᠤᠷᠰᠢᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠬᠤᠳᠠ ᠵᠢᠨ ᠳᠣᠲᠣᠭ᠋ᠠᠳᠤ ᠤᠰᠤᠲᠤᠯ᠂ ᠠᠭᠤᠯᠠᠨ ᠦᠶᠡᠷ᠂ ᠴᠢᠩᠭ᠎ᠠ ᠰᠣᠯᠢᠭ ᠤᠷᠤᠰᠬᠠᠯ᠎ᠤᠨ ᠴᠠᠭ ᠠᠭᠤᠷ ᠵᠡᠷᠭᠡ ᠴᠠᠭ ᠠᠭᠤᠷ᠎ᠤᠨ ᠭᠠᠮᠰᠢᠭ᠎ᠢ ᠤᠷᠢᠳᠴᠢᠯᠠᠨ ᠮᠡᠳᠡᠭᠡᠯᠡᠬᠦ ᠮᠡᠷᠭᠡᠵᠢᠯ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠣᠭᠣᠮᠲᠠ ᠰᠢᠪᠲᠤᠯᠬᠤ ᠵᠢ ᠴᠢᠩᠭ᠋ᠠᠷᠠᠭᠤᠯᠤᠨ᠎ᠠ᠃ ᠴᠠᠭ ᠠᠭᠤᠷ᠎ᠤᠨ ᠳᠡᠭᠡᠳᠦ ᠲᠡᠰ ᠳᠠᠪᠬᠤᠷᠭ᠎ᠠ ᠵᠢᠨ ᠴᠢᠳᠠᠪᠤᠷᠢᠲᠠᠨ᠎ᠢ ᠪᠦᠬᠦ ᠰᠢᠶᠠᠨ᠎ᠤ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠲᠥᠯᠥᠪᠯᠡᠭᠡ᠎ᠳᠤ ᠣᠷᠣᠭᠤᠯᠵᠤ᠂ ᠴᠠᠭ ᠠᠭᠤᠷ᠎ᠤᠨ ᠰᠢᠰᠲ᠋ᠧᠮ᠎ᠤᠨ ᠺᠠᠳ᠋ᠷ ᠠᠵᠢᠯᠳᠠᠨ᠎ᠢ ᠬᠥᠮᠦᠵᠢᠭᠦᠯᠦᠨ ᠪᠣᠯᠪᠠᠰᠤᠷᠠᠭᠤᠯᠬᠤ ᠠᠵᠢᠯ᠎ᠢ ᠲᠡᠮᠵᠢᠵᠤ᠂ ᠴᠠᠭ ᠠᠭᠤᠷ᠎ᠤᠨ ᠬᠥᠭᠵᠢᠯᠲᠡ᠎ᠳᠤ ᠴᠢᠳᠠᠪᠤᠷᠢᠲᠠᠨ᠎ᠤ ᠪᠠᠲᠤᠯᠠᠭ᠎ᠠ ᠬᠠᠩᠭ᠋ᠠᠨ᠎ᠠ᠃ (ᠰᠢᠶᠠᠨ᠎ᠤ ᠴᠠᠭ ᠠᠭᠤᠷ᠎ᠤᠨ ᠲᠣᠪᠴᠢᠶ᠎ᠠ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ᠂ ᠰᠤᠷᠭ᠋ᠠᠨ ᠬᠥᠮᠦᠵᠢᠯ᠎ᠤᠨ ᠲᠣᠪᠴᠢᠶ᠎ᠠ)
      (ᠳᠣᠯᠣᠭ᠎ᠠ) ᠣᠲᠣ ᠦᠶ᠎ᠡ ᠵᠢᠨ ᠴᠠᠭ ᠠᠭᠤᠷ᠎ᠤᠨ ᠲᠤᠬᠠᠶ᠋ᠢᠯᠠᠭᠰᠠᠨ ᠠᠵᠢᠯ᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠴᠠᠭ ᠠᠭᠤᠷ᠎ᠤᠨ ᠬᠢᠨᠠᠨ ᠬᠡᠮᠵᠢᠯᠲᠡ ᠵᠢᠨ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃
      12. ᠨᠠᠷᠢᠯᠢᠭ ᠠᠵᠢᠭᠯᠠᠨ ᠬᠡᠮᠵᠢᠬᠦ ᠵᠢ ᠬᠥᠭᠵᠢᠭᠦᠯᠦᠨ᠎ᠡ᠃ ᠣᠷᠣᠨ ᠪᠦᠰᠡ ᠵᠢᠨ ᠠᠦ᠋ᠲ᠋ᠣ᠋ ᠴᠠᠭ ᠠᠭᠤᠷ᠎ᠤᠨ ᠠᠵᠢᠭᠯᠠᠯᠲᠠ ᠵᠢᠨ ᠥᠷᠲᠡᠭᠡ ᠵᠢᠨ ᠪᠠᠷᠢᠮᠵᠢᠶᠠᠵᠢᠭᠤᠯᠤᠨ ᠲᠠᠰ ᠳᠡᠪᠰᠢᠭᠦᠯᠬᠦ ᠥᠭᠡᠷᠡᠴᠢᠯᠡᠯᠲᠡ ᠵᠢ ᠬᠡᠷᠡᠭᠵᠢᠭᠦᠯᠦᠨ᠎ᠡ᠃ ᠠᠮᠢ ᠠᠬᠤᠶ᠂ ᠲᠠᠷᠢᠶᠠᠯᠠᠩ᠂ ᠵᠠᠮ ᠬᠠᠷᠢᠯᠴᠠᠭ᠎ᠠ᠂ ᠡᠨᠧᠷᠭᠢ ᠵᠢᠨ ᠰᠤᠷᠪᠤᠯᠵᠢ᠂ ᠵᠢᠭᠤᠯᠴᠢᠯᠠᠯ᠂ ᠤᠢ ᠰᠢᠭᠤᠶ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠠᠬᠢ ᠲᠤᠰᠬᠠᠶ ᠮᠡᠷᠭᠡᠵᠢᠯ᠎ᠤᠨ ᠴᠠᠭ ᠠᠭᠤᠷ᠎ᠢ ᠠᠵᠢᠭᠯᠠᠨ ᠬᠡᠮᠵᠢᠬᠦ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢᠨ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ ᠵᠢᠨ ᠲᠣᠭᠣᠷᠢᠨ᠎ᠳᠤ᠂ ᠠᠭᠤᠯᠠᠨ ᠦᠶᠡᠷ ᠭᠠᠵᠠᠷ᠎ᠤᠨ ᠭᠠᠮᠰᠢᠭ ᠠᠮᠠᠷᠬᠠᠨ ᠡᠭᠦᠰᠳᠡᠭ ᠣᠷᠣᠨ᠂ ᠤᠯᠠᠭ᠋ᠠᠨᠪᠤᠬ᠎ᠠ ᠡᠯᠡᠰᠦᠨ ᠴᠥᠯ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠵᠡᠷᠭᠡ ᠭᠣᠤᠯᠳᠠᠯᠭ᠎ᠠ᠎ᠲᠠᠢ ᠣᠷᠣᠨ ᠪᠦᠰᠡ᠎ᠳᠤ ᠠᠦ᠋ᠲ᠋ᠣ᠋ ᠴᠠᠭ ᠠᠭᠤᠷ᠎ᠤᠨ ᠥᠷᠲᠡᠭᠡ ᠵᠢ ᠰᠢᠨ᠎ᠡ᠎ᠪᠠᠷ ᠪᠠᠶ᠋ᠢᠭᠤᠯᠤᠨ᠎ᠠ᠃ ᠴᠠᠭ ᠠᠭᠤᠷ᠎ᠤᠨ ᠲᠥᠬᠥᠭᠡᠷᠦᠮᠵᠢ ᠪᠠ ᠴᠠᠭ ᠠᠭᠤᠷ᠎ᠤᠨ ᠬᠠᠶ᠋ᠢᠨ ᠬᠡᠮᠵᠢᠯᠲᠡ ᠵᠢᠨ ᠣᠷᠴᠢᠨ ᠠᠬᠤᠶ ᠵᠢ ᠬᠠᠮᠠᠭ᠋ᠠᠯᠠᠬᠤ ᠠᠵᠢᠯ᠎ᠢ ᠴᠢᠩᠭ᠋ᠠᠳᠬᠠᠨ᠎ᠠ᠃ (ᠰᠢᠶᠠᠨ᠎ᠤ ᠴᠠᠭ ᠠᠭᠤᠷ᠎ᠤᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠂ ᠡᠯ᠎ᠡ ᠰᠤᠮᠤ ᠪᠠᠯᠭ᠋ᠠᠰᠤ᠂ ᠲᠠᠷᠢᠶᠠᠯᠠᠩ᠎ᠤᠨ ᠲᠠᠯᠠᠪᠠᠶ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
      13. ᠨᠠᠷᠢᠯᠢᠭ ᠣᠨᠣᠴᠠᠲᠠᠶ᠎ᠪᠠᠷ ᠤᠷᠢᠳᠴᠢᠯᠠᠨ ᠮᠡᠳᠡᠭᠡᠯᠡᠬᠦ ᠵᠢ ᠬᠥᠭᠵᠢᠭᠦᠯᠦᠨ᠎ᠡ᠃ ᠲᠣᠭ᠋ᠠᠴᠢᠯᠠᠭᠰᠠᠨ ᠤᠶᠤᠨᠲᠤ᠂ ᠵᠠᠶ ᠵᠠᠪᠰᠠᠷ ᠥᠬᠡᠶ᠎ᠪᠠᠷ ᠪᠦᠬᠦᠨ᠎ᠢ ᠬᠠᠮᠤᠷᠤᠭᠰᠠᠨ ᠨᠠᠷᠢᠯᠢᠭ ᠣᠨᠣᠴᠠᠲᠠᠶ᠎ᠪᠠᠷ ᠤᠷᠢᠳᠴᠢᠯᠠᠨ ᠮᠡᠳᠡᠭᠡᠯᠡᠬᠦ ᠲᠤᠬᠠᠶ᠋ᠢᠯᠠᠭᠰᠠᠨ ᠠᠵᠢᠯ᠎ᠢ ᠶᠡᠬᠡᠪᠡᠷ ᠬᠥᠭᠵᠢᠭᠦᠯᠦᠨ᠎ᠡ᠃ ᠤᠯᠠᠨ ᠬᠡᠮᠵᠢᠶᠡᠲᠦ ᠭᠠᠮᠰᠢᠭᠲᠤ ᠴᠢᠨᠠᠷ᠂ ᠬᠡᠲᠦᠷᠡᠮᠡᠬᠡᠢ ᠴᠢᠨᠠᠷ᠂ ᠴᠠᠭ ᠠᠭᠤᠷ᠎ᠤᠨ ᠤᠷᠢᠳᠴᠢᠯᠠᠭᠰᠠᠨ ᠮᠡᠳᠡᠭᠡ ᠵᠢᠨ ᠤᠷᠢᠳᠴᠢᠯᠠᠨ ᠰᠡᠷᠡᠮᠵᠢᠯᠡᠭᠦᠯᠬᠦ ᠵᠢ ᠴᠢᠩᠭ᠋ᠠᠳᠬᠠᠵᠤ᠂ ᠨᠥᠯᠥᠭᠡ᠎ᠳᠤ ᠰᠠᠭᠤᠷᠢᠯᠠᠭᠰᠠᠨ ᠤᠷᠢᠳᠴᠢᠯᠠᠨ ᠮᠡᠳᠡᠭᠡᠯᠡᠬᠦ ᠪᠠ ᠠᠶᠤᠯ ᠲᠦᠭᠰᠢᠭᠦᠷᠢ᠎ᠳᠤ ᠰᠠᠭᠤᠷᠢᠯᠠᠭᠰᠠᠨ ᠤᠷᠢᠳᠴᠢᠯᠠᠨ ᠰᠡᠷᠡᠮᠵᠢᠯᠡᠭᠦᠯᠬᠦ ᠲᠤᠬᠠᠶ᠋ᠢᠯᠠᠭᠰᠠᠨ ᠠᠵᠢᠯ᠎ᠢ ᠬᠥᠭᠵᠢᠭᠦᠯᠦᠨ᠎ᠡ᠃ ᠣᠬᠣᠷ ᠴᠠᠭ᠎ᠤᠨ ᠣᠶ᠋ᠢᠷ᠎ᠠ ᠬᠠᠪᠢ ᠵᠢᠨ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠲᠤᠬᠠᠶ᠋ᠢᠯᠠᠭᠰᠠᠨ ᠠᠵᠢᠯ᠎ᠢ ᠴᠢᠩᠭ᠋ᠠᠳᠬᠠᠵᠤ᠂ ᠰᠢᠷᠦᠭᠦᠨ ᠪᠣᠷᠣᠭ᠋ᠠᠨ (ᠴᠠᠰᠤ)᠂ ᠠᠶᠤᠩᠭ᠋ᠠᠲᠤ ᠪᠣᠷᠣᠭ᠋ᠠᠨ᠂ ᠶᠡᠬᠡ ᠰᠠᠯᠬᠢ᠂ ᠣᠬᠣᠷ ᠴᠠᠭ᠎ᠤᠨ ᠰᠢᠷᠦᠭᠦᠨ ᠪᠣᠷᠣᠭ᠋ᠠᠨ ᠵᠡᠷᠭᠡ ᠭᠠᠮᠰᠢᠭᠲᠤ ᠴᠠᠭ ᠠᠭᠤᠷ᠎ᠤᠨ ᠤᠷᠢᠳᠴᠢᠯᠠᠨ ᠰᠡᠷᠡᠮᠵᠢᠯᠡᠭᠦᠯᠬᠦ ᠣᠨᠣᠪᠴᠢ ᠵᠢᠨ ᠨᠣᠷᠮ᠎ᠠ ᠵᠢ ᠳᠡᠭᠡᠭᠰᠢᠯᠡᠭᠦᠯᠦᠨ᠎ᠡ᠃ (ᠰᠢᠶᠠᠨ᠎ᠤ ᠴᠠᠭ ᠠᠭᠤᠷ᠎ᠤᠨ ᠲᠣᠪᠴᠢᠶ᠎ᠠ)
      14. ᠨᠠᠷᠢᠯᠢᠭ ᠦᠢ᠍ᠯᠡᠴᠢᠯᠡᠭᠡ ᠵᠢ ᠬᠥᠭᠵᠢᠭᠦᠯᠦᠨ᠎ᠡ᠃ ᠨᠥᠯᠥᠭᠡᠯᠡᠯ᠎ᠳᠤ ᠰᠠᠭᠤᠷᠢᠯᠠᠭᠰᠠᠨ ᠰᠢᠢ᠍ᠳᠪᠦᠷᠢᠲᠦ ᠪᠤᠳᠤᠯᠭ᠎ᠠ ᠵᠢᠨ ᠴᠠᠭ ᠠᠭᠤᠷ᠎ᠤᠨ ᠦᠢ᠍ᠯᠡᠴᠢᠯᠡᠭᠡ ᠵᠢ ᠬᠥᠭᠵᠢᠭᠦᠯᠵᠦ᠂ ᠭᠠᠮᠰᠢᠭ᠎ᠤᠨ ᠲᠦᠷᠦᠯ ᠵᠦᠢ᠍ᠯ ᠪᠠ ᠬᠡᠷᠡᠭᠯᠡᠭᠴᠢᠳ᠎ᠤᠨ ᠲᠦᠷᠦᠯ ᠵᠦᠢ᠍ᠯ ᠬᠤᠪᠢᠶᠠᠭᠰᠠᠨ ᠰᠢᠢ᠍ᠳᠪᠦᠷᠢᠲᠦ ᠪᠤᠳᠤᠯᠭ᠎ᠠ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠦᠢ᠍ᠯᠡᠴᠢᠯᠡᠭᠡᠨ᠎ᠤ ᠦᠢ᠍ᠯᠡᠳᠬᠦᠨ᠎ᠤ ᠶᠠᠰᠤ ᠴᠢᠨᠠᠷ ᠪᠠ ᠦᠷ᠎ᠡ ᠠᠰᠢᠭ᠎ᠢ ᠳᠡᠭᠡᠭᠰᠢᠯᠡᠭᠦᠯᠵᠦ᠂ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠦᠢ᠍ᠯᠡᠴᠢᠯᠡᠭᠡᠨ᠎ᠤ ᠦᠢ᠍ᠯᠡᠳᠬᠦᠨ᠎ᠢ ᠨᠡᠶ᠋ᠢᠲᠡᠯᠡᠬᠦ ᠠᠷᠭ᠎ᠠ ᠵᠠᠮ᠎ᠢ ᠲᠡᠭᠦᠯᠳᠡᠷᠵᠢᠭᠦᠯᠦᠨ᠎ᠡ᠃ ᠣᠯᠠᠨ ᠨᠡᠶ᠋ᠢᠲᠡ ᠵᠢᠨ ᠴᠠᠭ ᠠᠭᠤᠷ᠎ᠤᠨ ᠦᠢ᠍ᠯᠡᠴᠢᠯᠡᠭᠡᠨ᠎ᠤ ᠦᠢ᠍ᠯᠡᠳᠬᠦᠨ ᠪᠠ ᠦᠢ᠍ᠯᠡᠴᠢᠯᠡᠭᠡ ᠬᠠᠩᠭ᠋ᠠᠬᠤ ᠠᠷᠭ᠎ᠠ ᠮᠠᠶᠢᠭ᠎ᠤᠨ ᠣᠯᠠᠨ ᠡᠰᠢᠵᠢᠬᠦ ᠵᠢ ᠠᠬᠢᠭᠤᠯᠵᠤ᠂ ᠣᠶᠤᠨᠴᠢᠯᠠᠭᠰᠠᠨ᠂ ᠬᠡᠷᠡᠭᠴᠡᠭᠡ ᠶᠣᠰᠣᠭ᠋ᠠᠷ ᠬᠦᠷᠭᠡᠭᠰᠡᠨ ᠣᠯᠠᠨ ᠨᠡᠶ᠋ᠢᠲᠡ ᠵᠢᠨ ᠴᠠᠭ ᠠᠭᠤᠷ᠎ᠤᠨ ᠦᠢ᠍ᠯᠡᠴᠢᠯᠡᠭᠡᠨ᠎ᠤ ᠰᠢᠨ᠎ᠡ ᠵᠠᠭᠪᠤᠷ᠎ᠢ ᠪᠣᠶ ᠪᠣᠯᠭ᠋ᠠᠨ᠎ᠠ᠃ ᠵᠢᠷᠤᠮᠵᠢᠭᠰᠠᠨ ᠥᠨᠳᠥᠷ ᠪᠦᠲᠦᠮᠵᠢᠲᠡᠶ ᠲᠤᠰᠬᠠᠶ ᠴᠠᠭ ᠠᠭᠤᠷ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠠᠵᠢᠯᠯᠠᠭ᠋ᠠᠨ᠎ᠤ ᠲᠣᠭᠲᠠᠴᠠ ᠵᠢ ᠪᠠᠶ᠋ᠢᠭᠤᠯᠵᠤ᠂ ᠲᠤᠰᠬᠠᠶ ᠴᠠᠭ ᠠᠭᠤᠷ᠎ᠤᠨ ᠦᠢ᠍ᠯᠡᠴᠢᠯᠡᠭᠡᠨ᠎ᠤ ᠵᠢᠷᠤᠮᠵᠢᠭᠤᠯᠬᠤ᠂ ᠴᠤᠪᠤᠷᠠᠭᠤᠯᠬᠤ᠂ ᠲᠤᠬᠠᠢ᠌ᠯᠠᠬᠤ ᠵᠢ ᠠᠬᠢᠭᠤᠯᠤᠨ᠎ᠠ᠃ (ᠰᠢᠶᠠᠨ᠎ᠤ ᠴᠠᠭ ᠠᠭᠤᠷ᠎ᠤᠨ ᠲᠣᠪᠴᠢᠶ᠎ᠠ)
      15. ᠴᠠᠭ ᠠᠭᠤᠷ᠎ᠤᠨ ᠮᠡᠳᠡᠭᠡ ᠵᠠᠩᠭᠢᠵᠢᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠲᠣᠭ᠋ᠠᠴᠢᠯᠠᠭᠰᠠᠨ ᠠᠵᠤ ᠠᠬᠤᠶ ᠵᠢᠨ ᠰᠠᠭᠤᠷᠢ ᠪᠡᠯᠡᠳᠬᠡᠮᠵᠢ ᠵᠢᠨ ᠡᠬᠢ ᠪᠠᠶᠠᠯᠢᠭ᠎ᠢ ᠠᠰᠢᠭᠯᠠᠨ᠂ ᠴᠠᠭ ᠠᠭᠤᠷ᠎ᠤᠨ ᠴᠢᠮᠡᠭᠡ ᠬᠣᠯᠪᠣᠭ᠎ᠠ ᠵᠢᠨ ᠲᠣᠤᠷ ᠰᠦᠯᠵᠢᠶ᠎ᠡ ᠵᠢᠨ ᠳᠠᠮᠵᠢᠭᠤᠯᠬᠤ ᠬᠤᠷᠳᠤᠴᠠ ᠵᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ᠃ ᠰᠢᠯᠵᠢᠮᠡᠯ ᠮᠡᠳᠡᠭᠡ ᠬᠣᠯᠪᠣᠭ᠎ᠠ᠂ ᠢᠨᠲᠸᠷ ᠰᠦᠯᠵᠢᠶ᠎ᠡ ᠪᠠ ᠳᠠᠭ᠋ᠠᠭᠤᠯᠢ ᠤᠳᠤᠨ᠎ᠤ ᠮᠡᠳᠡᠭᠡ ᠬᠣᠯᠪᠣᠭ᠋ᠠᠨ᠎ᠤ ᠰᠦᠯᠵᠢᠶ᠎ᠡ ᠵᠢ ᠶᠡᠷᠦᠩᠬᠡᠶ᠋ᠢᠯᠡᠨ ᠠᠰᠢᠭᠯᠠᠬᠤ ᠶᠠᠪᠤᠳᠠᠯ᠎ᠢ ᠴᠢᠩᠭ᠋ᠠᠳᠬᠠᠨ᠎ᠠ᠃ ᠮᠡᠳᠡᠭᠡ ᠵᠠᠩᠭᠢ ᠵᠢᠨ ᠠᠮᠤᠷ ᠲᠦᠪᠰᠢᠨ᠎ᠤ ᠰᠡᠷᠭᠡᠶ᠋ᠢᠯᠡᠨ ᠡᠵᠡᠮᠳᠡᠬᠦ ᠴᠢᠳᠠᠪᠤᠷᠢ ᠵᠢ ᠳᠡᠭᠡᠭᠰᠢᠯᠡᠭᠦᠯᠵᠦ᠂ ᠴᠠᠭ ᠠᠭᠤᠷ᠎ᠤᠨ ᠮᠡᠳᠡᠭᠡ ᠵᠠᠩᠭᠢ ᠵᠢᠨ ᠰᠢᠰᠲ᠋ᠧᠮ᠎ᠤᠨ ᠰᠦᠯᠵᠢᠶᠡᠨ᠎ᠤ ᠠᠮᠤᠷ ᠲᠦᠪᠰᠢᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠦᠯᠵᠢᠶᠡᠨ᠎ᠤ ᠠᠮᠤᠷ ᠲᠦᠪᠰᠢᠨ᠎ᠤ ᠰᠠᠯᠠᠭ᠎ᠠ ᠮᠥᠴᠢᠷ᠎ᠤᠨ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠲᠣᠭ᠎ᠠ ᠪᠠᠷᠢᠮᠲᠠ ᠵᠢ ᠬᠤᠷᠢᠶᠠᠩᠭᠤᠶ᠋ᠢᠯᠠᠨ ᠲᠤᠰᠢᠶᠠᠬᠤ ᠲᠣᠭᠲᠠᠴᠠ ᠵᠢ ᠪᠦᠷᠢᠨᠰᠢᠬᠦᠯᠵᠦ᠂ ᠴᠠᠭ ᠠᠭᠤᠷ᠎ᠤᠨ ᠬᠠᠶ᠋ᠢᠨ ᠬᠡᠮᠵᠢᠯᠲᠡ ᠵᠢᠨ ᠮᠠᠲ᠋ᠧᠷᠢᠶᠠᠯ᠎ᠢ ᠬᠤᠷᠢᠶᠠᠩᠭᠤᠶ᠋ᠢᠯᠠᠨ ᠲᠤᠰᠢᠶᠠᠬᠤ ᠪᠠ ᠬᠠᠮᠢᠶᠠᠷᠬᠤ ᠵᠢ ᠴᠢᠩᠭ᠋ᠠᠳᠬᠠᠵᠤ᠂ ᠰᠠᠯᠠᠭ᠎ᠠ ᠮᠥᠴᠢᠷ᠎ᠤᠨ ᠬᠣᠭᠣᠷᠣᠨᠳᠣ᠎ᠪᠠᠨ ᠲᠣᠭ᠎ᠠ ᠪᠠᠷᠢᠮᠲᠠ ᠵᠢ ᠬᠠᠮᠲᠤᠪᠠᠷ ᠭᠥᠷᠳᠡᠵᠦ ᠰᠣᠯᠢᠯᠴᠠᠬᠤ ᠵᠢ ᠠᠬᠢᠭᠤᠯᠤᠨ᠎ᠠ᠃ (ᠰᠢᠶᠠᠨ᠎ᠤ ᠴᠠᠭ ᠠᠭᠤᠷ᠎ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢᠨ ᠬᠣᠷᠢᠶ᠎ᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠳᠤᠮᠳᠠᠳᠤ ᠤᠯᠤᠰ᠎ᠤᠨ ᠨᠢᠭᠡᠳᠦᠮᠡᠯ ᠬᠣᠯᠪᠣᠭ᠎ᠠ ᠵᠢᠨ ᠳ᠋ᠸᠩᠺᠸᠦ ᠵᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ᠎ᠤᠨ ᠨᠡᠭᠦᠳᠡᠯ ᠬᠣᠯᠪᠣᠭ᠎ᠠ ᠵᠢᠨ ᠳ᠋ᠸᠩᠺᠸᠦ ᠵᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ᠎ᠤᠨ ᠴᠠᠬᠢᠯᠭ᠋ᠠᠨ ᠬᠣᠯᠪᠣᠭ᠎ᠠ ᠵᠢᠨ ᠳ᠋ᠸᠩᠺᠸᠦ ᠵᠢᠨ ᠬᠤᠪᠢᠶᠠᠷᠢ ᠺᠣᠮᠫᠠᠨᠢ᠂ ᠡᠯ᠎ᠡ ᠰᠤᠮᠤ ᠪᠠᠯᠭ᠋ᠠᠰᠤ᠂ ᠲᠠᠷᠢᠶᠠᠯᠠᠩ᠎ᠤᠨ ᠲᠠᠯᠠᠪᠠᠶ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
      ᠭᠤᠷᠪᠠ᠂ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ
      (ᠨᠢᠭᠡ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠎ᠠ᠃ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠪᠠ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠰᠠᠯᠠᠭ᠎ᠠ ᠮᠥᠴᠢᠷ᠎ᠤᠳ ᠬᠠᠮᠵᠢᠯᠴᠠᠭᠰᠠᠨ᠂ ᠳᠡᠭᠡᠳᠦ ᠳᠣᠤᠷᠠᠳᠤ ᠱᠠᠲᠤ ᠬᠣᠯᠪᠣᠭ᠋ᠠᠯᠠᠨ ᠬᠥᠳᠡᠯᠦᠯᠴᠡᠭᠰᠡᠨ ᠴᠢᠨᠠᠷ ᠰᠠᠶ᠋ᠢᠲᠠᠶ ᠬᠥᠭᠵᠢᠯᠲᠡ ᠵᠢᠨ ᠠᠵᠢᠯ᠎ᠤᠨ ᠲᠣᠭᠲᠠᠴᠠ ᠵᠢ ᠤᠯᠠᠮ ᠨᠢᠭᠡ ᠠᠯᠬᠤᠮ ᠪᠦᠷᠢᠨᠰᠢᠬᠦᠯᠵᠦ᠂ ᠲᠥᠷᠥ ᠵᠢᠨ ᠪᠣᠳᠣᠯᠭ᠎ᠠ ᠵᠢᠨ ᠪᠠᠯᠠ ᠮᠥᠩᠭᠥ ᠵᠢᠨ ᠳᠡᠮᠵᠢᠯᠭᠡ ᠵᠢ ᠴᠢᠩᠭ᠋ᠠᠳᠬᠠᠨ᠂ ᠴᠠᠭ ᠠᠭᠤᠷ᠎ᠤᠨ ᠰᠠᠯᠠᠭ᠎ᠠ ᠮᠥᠴᠢᠷ ᠵᠶ᠋ᠠᠷ ᠲᠦᠷᠦᠭᠦᠯᠡᠭᠦᠯᠦᠭᠰᠡᠨ᠂ ᠬᠠᠮᠢᠶ᠎ᠠ ᠪᠥᠬᠥᠶ ᠰᠠᠯᠠᠭ᠎ᠠ ᠮᠥᠴᠢᠷ᠎ᠤᠳ ᠬᠠᠮᠵᠢᠯᠴᠠᠭᠰᠠᠨ ᠬᠡᠷᠡᠭᠵᠢᠭᠦᠯᠬᠦ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠵᠤ᠂ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠶ᠋ᠢᠯᠠᠨ᠂ ᠴᠠᠭ ᠠᠭᠤᠷ᠎ᠤᠨ ᠦᠢ᠍ᠯᠡᠰ᠎ᠤᠨ ᠬᠥᠭᠵᠢᠯᠲᠡ ᠵᠢ ᠲᠦᠷᠭᠡᠳᠬᠡᠬᠦ ᠨᠡᠶ᠋ᠢᠯᠡᠮᠡᠯ ᠬᠦᠴᠦᠨ᠎ᠢ ᠪᠦᠷᠢᠯᠳᠦᠭᠦᠯᠵᠦ᠂ ᠳ᠋ᠸᠩᠺᠸᠦ ᠰᠢᠶᠠᠨ᠎ᠤ ᠴᠠᠭ ᠠᠭᠤᠷ᠎ᠤᠨ ᠴᠢᠨᠠᠷ ᠰᠠᠶ᠋ᠢᠲᠠᠶ ᠬᠥᠭᠵᠢᠯᠲᠡ ᠵᠢ ᠲᠦᠷᠭᠡᠳᠬᠡᠨ ᠠᠬᠢᠭᠤᠯᠬᠤ᠎ᠳᠤ ᠪᠠᠲᠤ ᠴᠢᠩᠭ᠎ᠠ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠬᠠᠩᠭ᠋ᠠᠨ᠎ᠠ᠃
      (ᠬᠣᠶᠠᠷ) ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠴᠢᠩᠭ᠋ᠠᠳᠬᠠᠨ᠎ᠠ᠃ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠣᠷᠣᠭᠤᠯᠤᠯᠲᠠ ᠵᠢᠨ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠴᠠᠭ ᠠᠭᠤᠷ᠎ᠤᠨ ᠠᠵᠢᠯ ᠡᠷᠭᠢᠯᠡᠭᠰᠡᠳ᠎ᠤᠨ ᠨᠡᠶ᠋ᠢᠲᠡ ᠵᠢᠨ ᠬᠡᠷᠡᠭᠯᠡᠭᠡᠨ᠂ ᠡᠮᠴᠢᠯᠡᠭᠡ᠂ ᠨᠠᠰᠤᠵᠢᠯ᠎ᠤᠨ ᠠᠰᠠᠷᠠᠮᠵᠢ ᠵᠡᠷᠭᠡ ᠵᠢᠨ ᠬᠠᠷᠢᠶ᠎ᠠ ᠣᠷᠣᠨᠴᠢᠯᠠᠭᠰᠠᠨ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ᠂ ᠴᠠᠭ ᠠᠭᠤᠷ᠎ᠤᠨ ᠦᠢ᠍ᠯᠡᠰ᠎ᠤᠨ ᠠᠵᠢᠯᠯᠠᠭ᠎ᠠ ᠪᠠ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠬᠡᠷᠡᠭᠰᠡᠬᠦ ᠵᠠᠷᠤᠳᠠᠯ᠎ᠢ ᠲᠣᠰ ᠱᠠᠲᠤᠨ᠎ᠤ ᠡᠳ᠋᠎ᠤᠨ ᠵᠠᠰᠠᠭ᠎ᠤᠨ ᠲᠥᠰᠦᠪ᠎ᠲᠤ ᠣᠷᠣᠭᠤᠯᠤᠨ᠎ᠠ᠃
      (ᠭᠤᠷᠪᠠ) ᠬᠠᠤᠯᠢ᠎ᠪᠠᠷ ᠵᠠᠰᠠᠬᠤ ᠪᠠᠲᠤᠯᠠᠭ᠎ᠠ ᠵᠢ ᠴᠢᠩᠭ᠋ᠠᠳᠬᠠᠨ᠎ᠠ᠃ ᠣᠷᠣᠨ ᠨᠤᠲᠤᠭ᠎ᠤᠨ ᠴᠠᠭ ᠠᠭᠤᠷ᠎ᠤᠨ ᠬᠠᠤᠯᠢ ᠲᠣᠭᠲᠠᠭ᠋ᠠᠯ᠎ᠤᠨ ᠰᠢᠰᠲ᠋ᠧᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠴᠠᠭ ᠠᠭᠤᠷ᠎ᠤᠨ ᠭᠠᠮᠰᠢᠭ᠎ᠢ ᠰᠡᠷᠭᠡᠢ᠌ᠯᠡᠵᠦ ᠪᠠᠭ᠋ᠠᠰᠬᠠᠬᠤ᠂ ᠬᠥᠮᠦᠨ᠎ᠤ ᠬᠦᠴᠦ᠎ᠪᠠᠷ ᠴᠠᠭ ᠠᠭᠤᠷ᠎ᠢ ᠨᠥᠯᠥᠭᠡᠯᠡᠬᠦ᠂ ᠴᠠᠭ ᠠᠭᠤᠷ᠎ᠤᠨ ᠲᠥᠬᠥᠭᠡᠷᠦᠮᠵᠢ ᠪᠠ ᠴᠠᠭ ᠠᠭᠤᠷ᠎ᠤᠨ ᠬᠠᠶ᠋ᠢᠨ ᠬᠡᠮᠵᠢᠯᠲᠡ ᠵᠢᠨ ᠣᠷᠴᠢᠨ ᠠᠬᠤᠶ ᠵᠢᠨ ᠬᠠᠮᠠᠭ᠋ᠠᠯᠠᠯᠲᠠ᠂ ᠠᠶᠤᠩᠭ᠎ᠠ ᠴᠠᠬᠢᠯᠭ᠋ᠠᠨ᠎ᠤ ᠭᠠᠮᠰᠢᠭ᠎ᠢ ᠰᠡᠷᠭᠡᠶ᠋ᠢᠯᠡᠬᠦ ᠵᠡᠷᠭᠡ ᠲᠠᠯ᠎ᠠ ᠵᠢᠨ ᠲᠦᠷᠢᠮ ᠲᠣᠭᠲᠠᠭ᠋ᠠᠯ ᠪᠤᠶᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠣᠭᠲᠠᠭ᠋ᠠᠬᠤ ᠵᠢᠴᠢ ᠲᠤᠭᠤᠰᠢᠯᠠᠭᠤᠯᠤᠨ ᠬᠡᠷᠡᠭᠵᠢᠭᠦᠯᠬᠦ ᠠᠵᠢᠯ᠎ᠢ ᠲᠦᠯᠬᠢᠨ ᠠᠬᠢᠭᠤᠯᠤᠨ᠎ᠠ᠃ ᠴᠠᠭ ᠠᠭᠤᠷ᠎ᠤᠨ ᠪᠠᠷᠢᠮᠵᠢᠶᠠᠵᠢᠭᠤᠯᠤᠯᠲᠠ ᠵᠢᠨ ᠪᠠᠶ᠋ᠢᠭᠤᠯᠤᠯᠲᠠ ᠪᠠ ᠨᠠᠶ᠋ᠢᠳᠠᠪᠤᠷᠢᠵᠢᠭᠤᠯᠤᠨ ᠬᠡᠷᠡᠭᠯᠡᠬᠦ ᠠᠵᠢᠯ᠎ᠢ ᠴᠢᠩᠭ᠋ᠠᠳᠬᠠᠨ᠎ᠠ᠃
      (ᠳᠥᠷᠪᠡ) ᠴᠢᠳᠠᠪᠤᠷᠢᠲᠠᠨ᠎ᠤ ᠪᠠᠲᠤᠯᠠᠭ᠎ᠠ ᠵᠢ ᠴᠢᠩᠭ᠋ᠠᠳᠬᠠᠨ᠎ᠠ᠃ ᠴᠠᠭ ᠠᠭᠤᠷ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠲᠤᠰᠬᠠᠶ ᠮᠡᠷᠭᠡᠵᠢᠯᠲᠡᠨ᠎ᠤ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠷᠠᠭᠤᠯᠤᠨ᠂ ᠴᠠᠭ ᠠᠭᠤᠷ᠎ᠤᠨ ᠭᠠᠮᠰᠢᠭ᠎ᠢ ᠰᠡᠷᠭᠡᠢ᠌ᠯᠡᠵᠦ ᠪᠠᠭ᠋ᠠᠰᠬᠠᠬᠤ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠵᠢ ᠴᠢᠳᠠᠪᠤᠷᠢᠲᠠᠨ᠎ᠤ ᠢᠨᠵᠧᠨᠧᠷᠢᠩ (ᠲᠥᠯᠥᠪᠯᠡᠭᠡ)᠂ ᠰᠢᠨ᠎ᠡ ᠵᠢ ᠡᠭᠦᠳᠬᠦ ᠪᠦᠯᠬᠦᠮ ᠨᠡᠶ᠋ᠢᠲᠡ᠂ ᠲᠤᠰᠬᠠᠶ ᠮᠡᠷᠭᠡᠵᠢᠯᠲᠡᠨ᠎ᠤ ᠬᠥᠮᠥᠷᠭᠡ ᠵᠢᠨ ᠰᠢᠯᠢᠨ ᠰᠣᠩᠭᠣᠬᠤ ᠬᠡᠪᠴᠢᠶᠡᠨ᠎ᠳᠤ ᠣᠷᠣᠭᠤᠯᠤᠨ᠎ᠠ᠃ ᠴᠠᠭ ᠠᠭᠤᠷ ᠬᠢᠭᠡᠳ ᠠᠵᠢᠯ ᠲᠥᠷᠥᠯ᠎ᠤᠨ ᠰᠠᠯᠠᠭ᠎ᠠ ᠮᠥᠴᠢᠷ᠎ᠤᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠣᠯᠠᠨ ᠬᠦᠷᠢᠶ᠎ᠡ ᠴᠠᠷᠠᠭ᠎ᠠ ᠵᠢᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠬᠠᠮ ᠬᠡᠯᠪᠡᠷᠢ ᠵᠢᠨ ᠴᠠᠭ ᠠᠭᠤᠷ᠎ᠤᠨ ᠴᠢᠳᠠᠪᠤᠷᠢᠲᠠᠨ᠎ᠢ ᠬᠥᠮᠦᠵᠢᠭᠦᠯᠦᠨ᠎ᠡ᠃
      (ᠲᠠᠪᠤ) ᠠᠵᠢᠯ᠎ᠤᠨ ᠦᠨᠡᠯᠡᠯᠲᠡ ᠵᠢ ᠴᠢᠩᠭ᠋ᠠᠳᠬᠠᠨ᠎ᠠ᠃ ᠡᠯ᠎ᠡ ᠬᠠᠮᠢᠶ᠎ᠠ ᠪᠥᠬᠥᠶ ᠨᠢᠭᠡᠴᠡ᠎ᠨᠦᠭᠦᠳ ᠴᠠᠭ ᠠᠭᠤᠷ᠎ᠤᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠳᠥᠯᠭᠢᠨ ᠠᠬᠢᠭᠤᠯᠬᠤ ᠬᠠᠮᠢᠶ᠎ᠠ ᠪᠥᠬᠥᠶ ᠠᠵᠢᠯ᠎ᠤᠨ ᠡᠭᠦᠷᠭᠡ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠮᠥᠷᠳᠡᠨ ᠦᠷ᠎ᠡ ᠪᠦᠲᠦᠮᠵᠢ ᠵᠢ᠎ᠨᠢ ᠠᠰᠠᠭᠤᠵᠤ᠂ ᠠᠵᠢᠯ᠎ᠤᠨ ᠦᠨᠡᠯᠡᠯᠲᠡ ᠵᠢ ᠴᠢᠩᠭ᠋ᠠᠷᠠᠭᠤᠯᠤᠨ᠂ ᠴᠠᠭ᠎ᠲᠤᠨᠢ ᠳᠣᠭᠢᠷᠠᠭᠤᠯᠤᠨ ᠦᠨᠡᠯᠡᠨ ᠵᠢᠱ᠌ᠢᠬᠦ ᠵᠢ ᠥᠷᠨᠢᠭᠦᠯᠵᠦ᠂ ᠡᠯ᠎ᠡ ᠵᠦᠢ᠍ᠯ᠎ᠤᠨ ᠡᠭᠦᠷᠭᠡ ᠵᠢ ᠰᠢᠨᠵᠢᠯᠡᠬᠦ ᠤᠬᠠᠭ᠋ᠠᠨᠴᠢ᠎ᠪᠠᠷ ᠪᠦᠲᠦᠮᠵᠢᠲᠡᠶ ᠬᠡᠷᠡᠭᠵᠢᠭᠦᠯᠬᠦ ᠵᠢ ᠦᠨᠡᠨᠬᠦ ᠪᠠᠲᠤᠯᠠᠬᠤ ᠬᠡᠷᠡᠭᠲᠡᠶ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ