2024 ᠣᠨ᠎ᠤ ᠳ᠋ᠸᠩᠺᠸᠦ ᠰᠢᠶᠠᠨ᠎ᠤ ᠨᠠᠭ᠋ᠠᠲᠤ ᠵᠠᠬ᠎ᠠ ᠵᠢᠨ ᠡᠮ ᠡᠮᠨᠡᠯᠭᠡ ᠵᠢᠨ ᠳᠠᠭ᠋ᠠᠳᠬᠠᠯ᠎ᠤᠨ ᠰᠦᠢ᠍ᠳᠬᠡᠯ᠎ᠢ ᠲᠠᠲᠠᠪᠤᠷᠢᠯᠠᠵᠤ ᠲᠤᠰᠢᠶᠠᠬᠤ ᠠᠵᠢᠯ᠎ᠢ ᠰᠠᠶ᠋ᠢᠲᠤᠷ ᠬᠢᠬᠦ ᠲᠤᠬᠠᠶ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2023-09-06
ᠳ᠋ᠸᠩᠺᠸᠦ ᠵᠠᠰᠠᠭ ᠠᠯᠪᠠᠨ ᠦᠰᠦᠭ[2023]49 ᠲᠣᠭ᠋ᠠᠲᠤ
ᠡᠯ᠎ᠡ ᠰᠤᠮᠤ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠲᠠᠷᠢᠶᠠᠯᠠᠩ᠎ᠤᠨ ᠲᠠᠯᠠᠪᠠᠶ ᠵᠢᠨ ᠺᠣᠮᠫᠠᠨᠢ᠂ ᠰᠢᠶᠠᠨ᠎ᠤ ᠰᠢᠭᠤᠳ ᠬᠠᠷᠢᠶ᠎ᠠ ᠬᠠᠮᠢᠶ᠎ᠠ ᠪᠥᠬᠥᠶ ᠨᠢᠭᠡᠴᠡ᠂ ᠰᠢᠶᠠᠨ᠎ᠳᠤ ᠰᠠᠭᠤᠭ᠎ᠠ ᠬᠠᠮᠢᠶ᠎ᠠ ᠪᠥᠬᠥᠶ ᠨᠢᠭᠡᠴᠡ᠄
《ᠣᠲᠣ ᠦᠶ᠎ᠡ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠦᠢ᠍ᠯᠡᠰ᠎ᠢ ᠲᠦᠷᠭᠡᠳᠬᠡᠨ ᠬᠥᠭᠵᠢᠭᠦᠯᠬᠦ ᠲᠤᠬᠠᠶ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠠᠨᠠᠯ᠎ᠤᠳ》 (ᠲᠥᠷᠥ ᠠᠯᠪᠠᠨ ᠲᠠᠷᠬᠠᠭ᠋ᠠᠭᠰᠠᠨ [2014] 29 ᠳ᠋ᠦᠭᠡᠷ ᠲᠣᠭ᠋ᠠᠲᠤ) ᠪᠣᠯᠤᠨ 《ᠬᠤᠳᠠᠯᠳᠤᠭ᠋ᠠᠨ᠎ᠤ ᠡᠷᠡᠭᠦᠯ ᠮᠡᠨᠳᠦ ᠵᠢᠨ ᠳᠠᠭ᠋ᠠᠳᠬᠠᠯ᠎ᠢ ᠲᠦᠷᠭᠡᠳᠬᠡᠨ ᠬᠥᠭᠵᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2015] 72 ᠳ᠋ᠤᠭ᠋ᠠᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠦᠨᠳᠦᠰᠦᠯᠡᠨ᠂ 2024 ᠣᠨ᠎ᠤ ᠮᠠᠨ᠎ᠤ ᠰᠢᠶᠠᠨ᠎ᠤ ᠠᠵᠢᠯᠲᠠᠨ ᠠᠵᠢᠯᠴᠢᠨ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠭ᠋ᠠᠲᠤ ᠵᠠᠬ᠎ᠠ ᠵᠢᠨ ᠡᠮ ᠡᠮᠨᠡᠯᠭᠡ ᠵᠢᠨ ᠳᠠᠭ᠋ᠠᠳᠬᠠᠯ᠎ᠤᠨ ᠰᠦᠢ᠍ᠳᠬᠡᠯ᠎ᠢ ᠲᠠᠲᠠᠪᠤᠷᠢᠯᠠᠨ ᠲᠤᠰᠢᠶᠠᠬᠤ ᠠᠵᠢᠯ᠎ᠢ ᠰᠠᠶ᠋ᠢᠲᠤᠷ ᠬᠢᠬᠦ ᠵᠢᠨ ᠲᠥᠯᠥᠭᠡ᠂ ᠡᠳᠦᠭᠡ ᠬᠣᠯᠪᠣᠭᠳᠠᠯ ᠪᠥᠬᠥᠶ ᠤᠴᠢᠷ ᠶᠠᠪᠤᠳᠠᠯ᠎ᠢ ᠳᠣᠤᠷᠠᠬᠢ ᠮᠡᠲᠦ ᠮᠡᠳᠡᠭᠳᠡᠶ᠎ᠡ᠄
ᠨᠢᠭᠡ᠂ ᠳᠠᠭ᠋ᠠᠳᠬᠠᠭᠤᠯᠬᠤ ᠡᠲᠡᠭᠡᠳ
ᠳ᠋ᠸᠩᠺᠸᠦ ᠰᠢᠶᠠᠨ᠎ᠳᠤ ᠨᠢᠭᠡᠨᠲᠡ ᠬᠣᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠭᠰᠠᠨ ᠠᠵᠢᠯᠲᠠᠨ ᠠᠵᠢᠯᠴᠢᠨ (ᠠᠵᠢᠯ᠎ᠠᠴᠠ᠎ᠪᠠᠨ ᠪᠠᠭᠤᠵᠤ ᠠᠮᠠᠷᠠᠭᠰᠠᠳ ᠪᠠᠭᠲᠠᠨ᠎ᠠ) ᠪᠣᠯᠤᠨ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠭᠰᠠᠨ ᠬᠣᠲᠠ ᠬᠥᠳᠡᠭᠡ ᠵᠢᠨ ᠰᠠᠭᠤᠭ᠋ᠠᠯᠢ ᠠᠷᠠᠳ (ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢ ᠪᠣᠯᠤᠨ ᠰᠤᠷᠬᠤ ᠨᠠᠰᠤᠨ᠎ᠠᠴᠠ ᠡᠮᠦᠨᠡᠬᠢ ᠬᠡᠦᠬᠡᠳ ᠪᠠᠭᠲᠠᠨ᠎ᠠ)᠃
ᠬᠣᠶᠠᠷ᠂ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠪᠠᠷᠢᠮᠵᠢᠶ᠎ᠠ
(ᠨᠢᠭᠡ) ᠬᠣᠲᠠ ᠬᠥᠳᠡᠭᠡ ᠵᠢᠨ ᠰᠠᠭᠤᠭ᠋ᠠᠯᠢ ᠠᠷᠠᠳ᠂ ᠠᠮᠢᠳᠤᠯᠢᠭ ᠵᠶ᠋ᠠᠷ ᠠᠵᠢᠯ ᠣᠯᠤᠭᠰᠠᠳ ᠬᠥᠮᠦᠨ ᠪᠦᠷᠢ 100 ᠲᠥᠭᠥᠷᠢᠭ ᠪᠠᠶ᠋ᠢᠵᠤ᠂ ᠡᠯ᠎ᠡ ᠰᠤᠮᠤ ᠪᠠᠯᠭ᠋ᠠᠰᠤ᠎ᠠᠴᠠ ᠵᠣᠬᠢᠶᠠᠨ ᠪᠠᠶ᠋ᠢᠭᠤᠯᠤᠨ ᠲᠤᠰᠢᠶᠠᠵᠤ᠂ ᠳᠠᠭ᠋ᠠᠳᠬᠠᠯ᠎ᠳᠤ ᠣᠷᠣᠯᠴᠠᠭᠰᠠᠨ ᠨᠣᠷᠮ᠎ᠠ ᠵᠢ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ ᠵᠢᠨ 55%᠎ᠠᠴᠠ ᠳᠡᠭᠡᠭᠰᠢ᠎ᠳᠤ ᠬᠦᠷᠦᠭᠦᠯᠬᠦ ᠬᠡᠷᠡᠭᠲᠡᠶ᠃
(ᠬᠣᠶᠠᠷ) ᠬᠣᠲᠠ ᠪᠠᠯᠭ᠋ᠠᠰᠤ ᠵᠢᠨ ᠠᠵᠢᠯᠲᠠᠨ ᠠᠵᠢᠯᠴᠢᠨ ᠬᠥᠮᠦᠨ ᠪᠦᠷᠢ᠎ᠳᠤ 100 ᠲᠥᠭᠥᠷᠢᠭ᠂ ᠨᠢᠭᠡᠴᠡ᠎ᠠᠴᠠ ᠺᠠᠳ᠋ᠷ ᠠᠵᠢᠯᠲᠠᠨ᠎ᠢ ᠵᠣᠬᠢᠶᠠᠨ ᠪᠠᠶ᠋ᠢᠭᠤᠯᠵᠤ 100%᠎ᠪᠠᠷ ᠲᠤᠰᠢᠶᠠᠨ᠎ᠠ᠃
(ᠭᠤᠷᠪᠠ) ᠰᠣᠷᠣᠭᠴᠢ ᠬᠥᠮᠦᠨ ᠪᠦᠷᠢ 100 ᠲᠥᠭᠥᠷᠢᠭ᠂ ᠰᠤᠷᠭ᠋ᠠᠭᠤᠯᠢ᠎ᠠᠴᠠ ᠨᠢᠭᠡᠳᠦᠯᠲᠡᠶ ᠵᠣᠬᠢᠶᠠᠨ ᠪᠠᠶ᠋ᠢᠭᠤᠯᠬᠤ ᠪᠤᠶᠤ ᠬᠡᠷ᠎ᠤᠨ ᠠᠬᠠᠮᠠᠳ᠎ᠠᠴᠠ ᠡᠷᠦᠬᠡ ᠠᠮᠠ ᠵᠢᠨ ᠲᠠᠩᠰᠠ ᠪᠠᠶ᠋ᠢᠭ᠎ᠠ ᠭᠠᠵᠠᠷ᠎ᠲᠠᠭᠠᠨ ᠲᠤᠰᠢᠶᠠᠨ᠎ᠠ᠃
ᠭᠤᠷᠪᠠ᠂ ᠳᠠᠭ᠋ᠠᠳᠬᠠᠭᠤᠯᠬᠤ ᠬᠤᠭᠤᠴᠠᠭ᠎ᠠ
ᠨᠠᠭ᠋ᠠᠲᠤ ᠵᠠᠬ᠎ᠠ ᠵᠢᠨ ᠡᠮ ᠡᠮᠨᠡᠯᠭᠡ ᠵᠢᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠴᠠᠭ᠎ᠨᠢ 2023 ᠣᠨ᠎ᠤ 9 ᠰᠠᠷ᠎ᠠ ᠵᠢᠨ 5᠎ᠤ ᠡᠳᠦᠷ᠎ᠠᠴᠠ ᠡᠬᠢᠯᠡᠵᠦ᠂ 2024 ᠣᠨ᠎ᠤ 2 ᠰᠠᠷ᠎ᠠ ᠵᠢᠨ 28᠎ᠤ ᠡᠳᠦᠷ ᠳᠠᠭᠤᠰᠤᠨ᠎ᠠ᠃ ᠳᠠᠭ᠋ᠠᠳᠬᠠᠯ᠎ᠤᠨ ᠬᠤᠭᠤᠴᠠᠭ᠎ᠠ᠎ᠨᠢ 2024 ᠣᠨ᠎ᠤ 1 ᠰᠠᠷ᠎ᠠ ᠵᠢᠨ 1᠎ᠤ ᠡᠳᠦᠷ᠎ᠠᠴᠠ 2024 ᠣᠨ᠎ᠤ 12 ᠰᠠᠷ᠎ᠠ ᠵᠢᠨ 31᠎ᠤ ᠡᠳᠦᠷ ᠳᠠᠭᠤᠰᠤᠨ᠎ᠠ
ᠳᠥᠷᠪᠡ᠂ ᠰᠦᠢ᠍ᠳᠬᠡᠯ ᠲᠤᠰᠢᠶᠠᠬᠤ ᠬᠠᠶᠢᠭ
(ᠨᠢᠭᠡ) ᠬᠣᠲᠠ ᠬᠥᠳᠡᠭᠡ ᠵᠢᠨ ᠰᠠᠭᠤᠭ᠋ᠠᠯᠢ ᠠᠷᠠᠳ ᠰᠤᠮᠤ ᠪᠠᠯᠭ᠋ᠠᠰᠤ᠂ ᠲᠠᠷᠢᠶᠠᠯᠠᠩ᠎ᠤᠨ ᠲᠠᠯᠠᠪᠠᠶ (ᠨᠡᠶ᠋ᠢᠭᠡᠮ ᠲᠣᠭᠣᠷᠢᠭ᠂ ᠭᠠᠴᠠᠭ᠎ᠠ ᠲᠣᠰᠬᠣᠨ) ᠵᠢᠨ ᠡᠮᠴᠢᠯᠡᠭᠡᠨ᠎ᠤ ᠳᠠᠭ᠋ᠠᠳᠬᠠᠯ᠎ᠤᠨ ᠠᠯᠪᠠᠨ ᠬᠡᠷ ᠪᠠ ᠲᠣᠰᠬᠣᠨ᠎ᠤ ᠠᠷᠠᠳ᠎ᠤᠨ ᠵᠥᠪᠯᠡᠯ᠎ᠳᠤ ᠲᠤᠰᠢᠶᠠᠨ᠎ᠠ᠃
(ᠬᠣᠶᠠᠷ) ᠠᠮᠢᠳᠤᠯᠢᠭ ᠵᠶ᠋ᠠᠷ ᠠᠵᠢᠯ ᠣᠯᠤᠭᠰᠠᠳ ᠡᠯ᠎ᠡ ᠰᠤᠮᠤ ᠪᠠᠯᠭ᠋ᠠᠰᠤ ᠵᠢᠨ ᠨᠡᠶ᠋ᠢᠭᠡᠮ ᠲᠣᠭᠣᠷᠢᠭ᠂ ᠭᠠᠴᠠᠭ᠎ᠠ ᠲᠣᠰᠬᠣᠨ᠎ᠳᠤ ᠲᠤᠰᠢᠶᠠᠨ᠎ᠠ᠃
(ᠭᠤᠷᠪᠠ) ᠬᠣᠲᠠ ᠪᠠᠯᠭ᠋ᠠᠰᠤᠨ᠎ᠤ ᠠᠵᠢᠯᠲᠠᠨ ᠠᠵᠢᠯᠴᠢᠨ ᠨᠢᠭᠡᠴᠡ᠎ᠠᠴᠠ ᠨᠢᠭᠡᠳᠦᠯᠲᠡᠶ ᠬᠤᠷᠢᠶᠠᠨ ᠠᠪᠤᠭᠰᠠᠨ᠎ᠤ ᠳᠠᠷᠠᠭ᠎ᠠ ᠳᠠᠭ᠋ᠠᠳᠬᠠᠯ᠎ᠤᠨ ᠺᠣᠮᠫᠠᠨᠢ᠎ᠠᠴᠠ ᠬᠤᠷᠢᠶᠠᠨ ᠠᠪᠤᠨ᠎ᠠ᠃
ᠲᠠᠪᠤ᠂ ᠳᠠᠭ᠋ᠠᠳᠬᠠᠯ᠎ᠤᠨ ᠺᠣᠮᠫᠠᠨᠢ ᠵᠢᠨ ᠳᠠᠭ᠋ᠠᠳᠬᠠᠬᠤ ᠬᠦᠷᠢᠶ᠎ᠡ ᠬᠡᠪᠴᠢᠶ᠎ᠡ
2024 ᠣᠨ᠎ᠤ ᠨᠠᠭ᠋ᠠᠲᠤ ᠵᠠᠬ᠎ᠠ ᠵᠢᠨ ᠡᠮ ᠡᠮᠨᠡᠯᠭᠡ ᠵᠢᠨ ᠳᠠᠭ᠋ᠠᠳᠬᠠᠯ᠎ᠢ ᠰᠢᠨᠬᠤᠸᠠ ᠠᠮᠢ ᠨᠠᠰᠤᠨ᠎ᠤ ᠳᠠᠭ᠋ᠠᠳᠬᠠᠯ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢᠨ ᠪᠠᠶᠠᠨᠨᠠᠭᠤᠷ᠎ᠤᠨ ᠲᠥᠪ ᠰᠠᠯᠪᠤᠷᠢ ᠺᠣᠮᠫᠠᠨᠢ ᠵᠢᠨ ᠳ᠋ᠸᠩᠺᠸᠦ ᠰᠢᠶᠠᠨ᠎ᠤ ᠰᠠᠯᠪᠤᠷᠢ ᠺᠣᠮᠫᠠᠨᠢ᠎ᠠᠴᠠ ᠳᠠᠭ᠋ᠠᠭ᠋ᠠᠴᠢᠯᠠᠨ ᠡᠵᠡᠩᠨᠡᠨ᠎ᠡ᠃
ᠪᠦᠬᠦ ᠰᠢᠶᠠᠨ᠎ᠤ ᠨᠠᠭ᠋ᠠᠲᠤ ᠵᠠᠬ᠎ᠠ ᠵᠢᠨ ᠡᠮ ᠡᠮᠨᠡᠯᠭᠡ ᠵᠢᠨ ᠳᠠᠭ᠋ᠠᠳᠬᠠᠯ᠎ᠤᠨ ᠠᠵᠢᠯ᠎ᠢ ᠡᠮ ᠡᠮᠨᠡᠯᠭᠡ ᠵᠢᠨ ᠪᠠᠲᠤᠯᠠᠭ᠎ᠠ ᠵᠢᠨ ᠲᠣᠪᠴᠢᠶ᠎ᠠ ᠲᠦᠷᠦᠭᠦᠯᠡᠨ ᠬᠢᠵᠦ᠂ ᠡᠯ᠎ᠡ ᠰᠤᠮᠤ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠲᠠᠷᠢᠶᠠᠯᠠᠩ᠎ᠤᠨ ᠲᠠᠯᠠᠪᠠᠶ ᠵᠢᠨ ᠺᠣᠮᠫᠠᠨᠢ᠂ ᠰᠢᠶᠠᠨ᠎ᠤ ᠰᠢᠭᠤᠳ ᠬᠠᠷᠢᠶ᠎ᠠ ᠬᠣᠯᠪᠣᠭᠳᠠᠯ ᠪᠦᠬᠦᠢ ᠨᠢᠭᠡᠴᠡ᠂ ᠰᠢᠶᠠᠨ᠎ᠳᠤ ᠰᠠᠭᠤᠭ᠎ᠠ ᠬᠣᠯᠪᠣᠭᠳᠠᠯ ᠪᠦᠬᠦᠢ ᠨᠢᠭᠡᠴᠡ ᠲᠤᠰ ᠲᠤᠰ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠲᠣᠭᠲᠠᠭᠰᠠᠨ ᠴᠠᠭ᠎ᠤᠨ ᠳᠣᠲᠣᠷ᠎ᠠ ᠲᠣᠰ ᠬᠠᠷᠢᠶ᠎ᠠ ᠣᠷᠣᠨ᠂ ᠲᠣᠰ ᠰᠠᠯᠠᠭ᠎ᠠ ᠮᠥᠴᠢᠷ᠎ᠤᠨ ᠵᠶ᠋ᠠᠨ ᠦᠨᠳᠦᠰᠦᠨ ᠵᠦᠢ᠍ᠯ᠎ᠢ ᠪᠠᠲᠤᠯᠠᠬᠤ ᠡᠮ ᠡᠮᠨᠡᠯᠭᠡ ᠵᠢᠨ ᠳᠠᠭ᠋ᠠᠳᠬᠠᠯ᠎ᠤᠨ ᠲᠠᠲᠠᠪᠤᠷᠢᠯᠠᠨ ᠲᠤᠰᠢᠶᠠᠬᠤ ᠠᠵᠢᠯ᠎ᠢ ᠰᠠᠶ᠋ᠢᠲᠤᠷ ᠬᠢᠵᠦ᠂ ᠵᠠᠰᠠᠭ᠎ᠤᠨ ᠣᠷᠳᠣᠨ᠎ᠤ ᠰᠢᠮᠳᠠᠭᠤᠯᠤᠨ ᠪᠠᠶ᠋ᠢᠴᠠᠭ᠋ᠠᠬᠤ ᠲᠠᠰᠤᠭ᠎ᠠᠴᠠ ᠡᠯ᠎ᠡ ᠨᠢᠭᠡᠴᠡ ᠵᠢᠨ ᠳᠠᠭ᠋ᠠᠳᠬᠠᠯ᠎ᠳᠤ ᠣᠷᠣᠯᠴᠠᠭᠰᠠᠨ ᠠᠬᠢᠴᠠ ᠵᠢ ᠴᠠᠭᠲᠤᠨᠢ ᠳᠣᠭᠢᠷᠠᠭᠤᠯᠤᠨ ᠰᠢᠮᠳᠠᠭᠤᠯᠤᠨ ᠪᠠᠶ᠋ᠢᠴᠠᠭ᠋ᠠᠵᠤ᠂ ᠮᠠᠨ᠎ᠤ ᠰᠢᠶᠠᠨ᠎ᠤ ᠨᠠᠭ᠋ᠠᠲᠤ ᠵᠠᠬ᠎ᠠ ᠵᠢᠨ ᠡᠮ ᠡᠮᠨᠡᠯᠭᠡ ᠵᠢᠨ ᠳᠠᠭ᠋ᠠᠳᠬᠠᠯ ᠪᠠ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ᠂ ᠡᠮ ᠡᠮᠨᠡᠯᠭᠡ ᠵᠢᠨ ᠠᠪᠤᠷᠠᠨ ᠲᠤᠰᠠᠯᠠᠯᠲᠠ ᠵᠢ ᠪᠦᠲᠦᠮᠵᠢᠲᠡᠶ ᠤᠶᠠᠯᠳᠤᠭᠤᠯᠬᠤ ᠵᠢ ᠦᠨᠡᠨ ᠬᠦ᠌ ᠪᠠᠲᠤᠯᠠᠵᠤ᠂ ᠬᠣᠲᠠ ᠬᠥᠳᠡᠭᠡ ᠵᠢᠨ ᠰᠠᠭᠤᠭ᠋ᠠᠯᠢ ᠠᠷᠠᠳ ᠪᠠ ᠠᠵᠢᠯᠲᠠᠨ ᠠᠵᠢᠯᠴᠢᠨ᠎ᠤ ᠡᠪᠡᠳᠴᠢᠨ᠎ᠠᠴᠠ ᠪᠣᠯᠵᠣ ᠶᠠᠳᠠᠭᠤᠷᠠᠬᠤ ᠪᠠ ᠳᠠᠬᠢᠨ ᠶᠠᠳᠠᠭᠤᠷᠠᠬᠤ ᠬᠦᠴᠢᠷ ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠨ᠎ᠡ᠃
ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ
2023 ᠣᠨ᠎ᠤ 9 ᠰᠠᠷ᠎ᠠ ᠵᠢᠨ 6᠎ᠤ ᠡᠳᠦᠷ
ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ