ᠢᠯᠡ ᠵᠠᠰᠠᠭ   -   ᠪᠢᠴᠢᠭ ᠮᠠᠲ᠋ᠧᠷᠢᠶᠠᠯ

ᠰᠢᠶᠠᠨ᠎ᠤ ᠵᠠᠰᠠᠭ᠎ᠤᠨ ᠣᠷᠳᠣᠨ᠎ᠤ ᠤᠳᠤᠷᠢᠳᠤᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠲᠣᠬᠢᠷᠠᠭᠤᠯᠬᠤ ᠲᠤᠬᠠᠶ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠡᠢ᠌ᠲᠡᠯᠡᠯ

ᠨᠡᠶ᠋ᠢᠲᠡᠯᠡᠭᠰᠡᠨ ᠴᠠᠭ᠄   2023-08-03


                ᠳ᠋ᠸᠩᠺᠸᠦ ᠵᠠᠰᠠᠭ ᠲᠠᠷᠬᠠᠭ᠋ᠠᠭᠰᠠᠨ[2023]27 ᠲᠣᠭ᠋ᠠᠲᠤ


      ᠡᠯ᠎ᠡ ᠰᠤᠮᠤ ᠪᠠᠯᠭ᠋ᠠᠰᠤ᠂ ᠲᠠᠷᠢᠶᠠᠯᠠᠩ᠎ᠤᠨ ᠲᠠᠯᠠᠪᠠᠶ ᠵᠢᠨ ᠺᠣᠮᠫᠠᠨᠢ᠂ ᠰᠢᠶᠠᠨ᠎ᠤ ᠰᠢᠭᠤᠳ ᠬᠠᠷᠢᠶ᠎ᠠ ᠡᠯ᠎ᠡ ᠨᠢᠭᠡᠴᠡ᠂ ᠰᠢᠶᠠᠨ᠎ᠳᠤ ᠰᠠᠭᠤᠭ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ᠄
      ᠠᠵᠢᠯᠳᠠᠨ᠎ᠤ ᠶᠠᠪᠤᠳᠠᠯ᠎ᠤᠨ ᠬᠤᠪᠢᠷᠠᠯᠲᠠ ᠪᠠ ᠠᠵᠢᠯ᠎ᠤᠨ ᠬᠡᠷᠡᠭᠴᠡᠭᠡ᠎ᠠᠴᠠ ᠪᠤᠯᠵᠤ᠂ ᠤᠳᠤ ᠵᠠᠰᠠᠭ᠎ᠤᠨ ᠣᠷᠳᠣᠨ᠎ᠤ ᠤᠳᠤᠷᠢᠳᠤᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠳᠣᠣᠷᠠᠬᠢ ᠮᠡᠲᠦ ᠮᠡᠳᠡᠭᠳᠡᠶ᠎ᠡ᠄


      ᠯᠢ ᡁᠢ ᠰᠢᠶᠦ᠋ᠩ ᠨᠥᠬᠥᠷ᠄ ᠰᠢᠶᠠᠨ᠎ᠤ ᠵᠠᠰᠠᠭ᠎ᠤᠨ ᠣᠷᠳᠣᠨ᠎ᠤ ᠪᠥᠬᠥ ᠲᠠᠯ᠎ᠠ ᠵᠢᠨ ᠠᠵᠢᠯ᠎ᠢ ᠡᠷᠭᠢᠯᠡᠵᠦ᠂ ᠬᠢᠨᠠᠨ ᠪᠤᠳᠤᠬᠤ ᠠᠵᠢᠯ᠎ᠢ ᠬᠠᠷᠢᠭᠤᠴᠠᠨ᠎ᠠ᠃ ᠬᠢᠨᠠᠨ ᠪᠤᠳᠤᠬᠤ ᠲᠣᠪᠴᠢᠶ᠎ᠠ ᠵᠢ ᠬᠤᠪᠢᠳᠠᠨ ᠬᠠᠮᠢᠶᠠᠷᠤᠨ᠎ᠠ᠃


      ᠮᠠ ᠬᠠᠶ ᠪᠥᠸᠧ ᠨᠥᠬᠥᠷ᠄ ᠰᠢᠶᠠᠨ᠎ᠤ ᠳᠠᠷᠤᠭ᠎ᠠ ᠵᠢ ᠬᠠᠮᠵᠢᠨ ᠡᠳ᠋᠎ᠤᠨ ᠵᠠᠰᠠᠭ ᠮᠥᠩᠭᠥᠨ ᠭᠦᠢ᠍ᠯᠭᠡᠭᠡ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠡᠷᠭᠡ ᠲᠠᠯ᠎ᠠ ᠵᠢᠨ ᠠᠵᠢᠯ᠎ᠢ ᠬᠠᠷᠢᠭᠤᠴᠠᠨ᠎ᠠ᠃
      ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ᠂ ᠪᠠᠶ᠋ᠢᠭᠤᠯᠭ᠎ᠠ ᠵᠢᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠂ ᠡᠳ᠋᠎ᠤᠨ ᠵᠠᠰᠠᠭ᠎ᠤᠨ ᠲᠣᠪᠴᠢᠶ᠎ᠠ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠂ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠥᠪ᠂ ᠳ᠋ᠸᠩᠺᠸᠦ ᠰᠢᠶᠠᠨ᠎ᠤ ᠮᠸᠩ ᠱᠧᠩ ᠠᠮᠢ ᠠᠬᠤᠶ ᠵᠢᠨ ᠡᠨᠧᠷᠭᠢ ᠵᠢᠨ ᠰᠢᠨᠵᠢᠯᠡᠬᠦ ᠤᠬᠠᠭ᠋ᠠᠨ᠎ᠤ ᠬᠥᠭᠵᠢᠯᠲᠡ ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢ ᠬᠤᠪᠢᠳᠠᠨ ᠬᠠᠮᠢᠶᠠᠷᠤᠨ᠎ᠠ᠃ ᠰᠢᠶᠠᠨ᠎ᠤ ᠳᠠᠷᠤᠭ᠎ᠠ ᠵᠢ ᠬᠠᠪᠰᠤᠷᠤᠨ ᠬᠢᠨᠠᠨ ᠪᠤᠳᠤᠬᠤ ᠲᠣᠪᠴᠢᠶ᠎ᠠ ᠵᠢ ᠬᠤᠪᠢᠳᠠᠨ ᠬᠠᠮᠢᠶᠠᠷᠤᠨ᠎ᠠ᠃
      ᠰᠢᠶᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠬᠢᠨᠠᠨ ᠪᠠᠶ᠋ᠢᠴᠠᠭ᠋ᠠᠬᠤ ᠵᠥᠪᠯᠡᠯ᠂ ᠠᠷᠠᠳ᠎ᠤᠨ ᠵᠡᠪᠰᠡᠭᠲᠦ ᠬᠦᠴᠦᠨ᠎ᠤ ᠬᠡᠯᠲᠡᠰ᠂ ᠬᠣᠢ᠌ᠴᠢ ᠦᠶ᠎ᠡ ᠵᠢᠨ᠎ᠬᠢᠨ᠎ᠢ ᠬᠠᠯᠠᠮᠵᠢᠯᠠᠬᠤ ᠠᠵᠢᠯ᠎ᠤᠨ ᠵᠥᠪᠯᠡᠯ᠂ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ᠂ ᠵᠡᠮᠳᠡᠭᠴᠦᠳ᠎ᠤᠨ ᠬᠣᠯᠪᠣᠭ᠋ᠠᠲᠤ ᠬᠤᠷᠠᠯ᠂ ᠤᠳᠬ᠎ᠠ ᠤᠷᠠᠯᠢᠭ᠎ᠤᠨ᠎ᠬᠢᠨ᠎ᠤ ᠬᠣᠯᠪᠣᠭ᠎ᠠ᠂ ᠤᠯᠠᠭ᠋ᠠᠨ ᠵᠠᠭ᠋ᠠᠯᠮᠠᠢ᠌ᠲᠠᠨ᠎ᠤ ᠨᠡᠢ᠌ᠭᠡᠮᠯᠢᠭ᠂ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠵᠢᠨ ᠳ᠋ᠸᠩᠺᠸᠦ  ᠰᠢᠶᠠᠨ᠎ᠤ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ᠂ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠶᠡᠬᠡ ᠠᠩᠬᠢ᠂  ᠠᠷᠠᠳ᠎ᠤᠨ ᠪᠠᠩᠬᠢ ᠵᠢᠨ ᠳ᠋ᠸᠩᠺᠸᠦ ᠰᠠᠯᠪᠤᠷᠢ ᠪᠠᠩᠬᠢ (ᠪᠠᠩᠬᠢ ᠵᠢᠨ ᠦᠢ᠍ᠯᠡᠰ᠎ᠤᠨ ᠬᠢᠨᠠᠯᠲᠠ ᠬᠠᠮᠢᠶᠠᠷᠤᠯᠲᠠ ᠵᠢᠨ ᠠᠯᠪᠠᠨ ᠭᠡᠷ)᠂ ᠪᠥᠳᠥᠭᠡᠨ ᠪᠠᠶ᠋ᠢᠭᠤᠯᠤᠯᠲᠠ ᠵᠢᠨ ᠪᠠᠩᠬᠢ ᠵᠢᠨ ᠳ᠋ᠸᠩᠺᠸᠦ ᠰᠠᠯᠪᠤᠷᠢ ᠪᠠᠩᠬᠢ᠂ ᠠᠵᠤ ᠦᠢ᠍ᠯᠡᠳᠪᠦᠷᠢ ᠵᠢᠨ ᠪᠠᠩᠬᠢ ᠵᠢᠨ ᠳ᠋ᠸᠩᠺᠸᠦ ᠰᠠᠯᠪᠤᠷᠢ ᠪᠠᠩᠬᠢ᠂ ᠲᠠᠷᠢᠶᠠᠯᠠᠩ᠎ᠤᠨ ᠪᠠᠩᠬᠢ ᠵᠢᠨ ᠳ᠋ᠸᠩᠺᠸᠦ ᠰᠠᠯᠪᠤᠷᠢ ᠪᠠᠩᠬᠢ᠂ ᠲᠠᠷᠢᠶᠠᠯᠠᠩ᠎ᠤᠨ ᠬᠥᠭᠵᠢᠯᠲᠡ ᠵᠢᠨ ᠪᠠᠩᠬᠢ ᠵᠢᠨ ᠳ᠋ᠸᠩᠺᠸᠦ ᠰᠠᠯᠪᠤᠷᠢ ᠪᠠᠩᠬᠢ᠂ ᠢᠲᠡᠭᠡᠮᠵᠢ ᠵᠢᠨ ᠬᠣᠯᠪᠣᠭ᠋ᠠᠲᠤ ᠬᠤᠷᠰᠢᠶ᠎ᠠ᠂ ᠮᠸᠩ ᠱᠠᠩ ᠪᠠᠩᠬᠢ ᠵᠢᠨ ᠳ᠋ᠸᠩᠺᠸᠦ ᠰᠠᠯᠪᠤᠷᠢ ᠪᠠᠩᠬᠢ᠂ ᠳᠤᠮᠳᠠᠳᠤ ᠤᠯᠤᠰ᠎ᠤᠨ ᠪᠠᠩᠬᠢ ᠵᠢᠨ ᠳ᠋ᠸᠩᠺᠸᠦ ᠰᠠᠯᠪᠤᠷᠢ ᠪᠠᠩᠬᠢ᠂ ᠪᠣᠷᠣᠲᠣᠬᠣᠶ ᠲᠠᠷᠢᠶᠠᠯᠠᠩ᠎ᠤᠨ ᠬᠤᠳᠠᠯᠳᠤᠭ᠋ᠠᠨ᠎ᠤ ᠪᠠᠩᠬᠢ ᠵᠢᠨ ᠳ᠋ᠸᠩᠺᠸᠦ ᠰᠠᠯᠪᠤᠷᠢ ᠪᠠᠩᠬᠢ᠂ ᠰᠢᠦᠳᠠᠨ᠎ᠤ ᠬᠠᠳᠠᠭ᠋ᠠᠯᠠᠮᠵᠢ ᠵᠢᠨ ᠪᠠᠩᠬᠢ ᠵᠢᠨ ᠳ᠋ᠸᠩᠺᠸᠦ ᠰᠠᠯᠪᠤᠷᠢ ᠪᠠᠩᠬᠢ᠂ ᠳ᠋ᠸᠩᠺᠸᠦ ᠮᠸᠩ ᠶᠢᠨ ᠲᠣᠰᠬᠣᠨ ᠪᠠᠯᠭ᠋ᠠᠰᠤᠨ᠎ᠤ ᠪᠠᠩᠬᠢ᠎ᠲᠠᠢ ᠬᠠᠷᠢᠯᠴᠠᠨ᠎ᠠ᠃
      ᠰᠢᠶᠠᠨ᠎ᠤ ᠳᠠᠷᠤᠭ᠎ᠠ ᠵᠢᠨ ᠲᠤᠰᠢᠶᠠᠭᠰᠠᠨ ᠪᠤᠰᠤᠳ ᠠᠵᠢᠯ᠎ᠤᠳ᠎ᠢ  ᠪᠡᠶᠡᠯᠡᠭᠦᠯᠦᠨ᠎ᠡ᠃


      ᠵᠠᠩ ᠵᠢᠶᠦ᠋ᠨ ᠫᠢᠩ ᠨᠥᠬᠥᠷ᠄ ᠰᠢᠶᠠᠨ᠎ᠤ ᠳᠠᠷᠤᠭ᠎ᠠ ᠵᠢ ᠬᠠᠮᠵᠢᠨ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ᠂ ᠪᠠᠶ᠋ᠢᠭ᠋ᠠᠯᠢ ᠵᠢᠨ ᠡᠬᠢ ᠪᠠᠶᠠᠯᠢᠭ᠂ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠦᠯᠲᠡ ᠪᠠ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠵᠢᠨ ᠠᠵᠢᠯ᠎ᠢ ᠬᠠᠷᠢᠭᠤᠴᠠᠨ᠎ᠠ᠃
      ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ (ᠴᠡᠴᠡᠷᠯᠢᠭ᠎ᠤᠨ ᠨᠣᠭᠣᠭ᠋ᠠᠷᠠᠭᠤᠯᠤᠯᠲᠠ ᠵᠢᠨ ᠦᠢ᠍ᠯᠡᠴᠢᠯᠡᠭᠡᠨ᠎ᠤ ᠲᠥᠪ᠂ ᠬᠣᠲᠠ ᠵᠢᠨ ᠶᠠᠪᠤᠳᠠᠯ᠎ᠤᠨ ᠣᠷᠴᠢᠨ ᠲᠣᠭᠣᠷᠢᠨ᠎ᠤ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠲᠥᠪ᠂ ᠬᠡᠷ ᠪᠠᠶ᠋ᠢᠰᠢᠩ᠎ᠤᠨ ᠥᠮᠴᠢᠯᠡᠬᠦ ᠡᠷᠬᠡ ᠵᠢᠨ ᠠᠷᠠᠯᠵᠢᠶᠠᠯᠠᠬᠤ ᠲᠥᠪ ᠪᠠᠭᠲᠠᠨ᠎ᠠ)᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠂ ᠬᠣᠲᠠ ᠵᠢᠨ ᠬᠠᠮᠢᠶᠠᠷᠤᠯᠲᠠ ᠵᠢᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠳ᠋ᠸᠩᠺᠸᠦ ᠰᠢᠶᠠᠨ᠎ᠤ ᠬᠣᠲᠠ ᠪᠠᠯᠭ᠋ᠠᠰᠤ ᠵᠢᠨ ᠬᠥᠭᠵᠢᠭᠦᠯᠦᠯᠲᠡ ᠪᠠᠯᠠ ᠣᠷᠣᠭᠤᠯᠤᠯᠲᠠ ᠵᠢᠨ ᠬᠢᠵᠠᠭ᠋ᠠᠷᠲᠤ ᠺᠣᠮᠫᠠᠨᠢ ᠵᠢ ᠬᠤᠪᠢᠳᠠᠨ ᠬᠠᠮᠢᠶᠠᠷᠤᠨ᠎ᠠ᠃
      ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥ ᠵᠢᠨ ᠲᠥᠪ᠂ ᠳ᠋ᠸᠩᠺᠸᠦ ᠰᠢᠶᠠᠨ᠎ᠤ ᠵᠥᠩ ᠬᠠᠨ ᠤᠰᠤᠨ᠎ᠤ ᠶᠠᠪᠤᠳᠠᠯ᠎ᠤᠨ ᠬᠢᠵᠠᠭ᠋ᠠᠷᠲᠤ ᠺᠣᠮᠫᠠᠨᠢ᠂ ᠴᠢᠩ ᠴᠢᠤᠸᠠᠨ ᠲᠦᠭᠡᠭᠡᠯ ᠤᠰᠤᠨ᠎ᠤ ᠺᠣᠮᠫᠠᠨᠢ᠎ᠲᠠᠢ ᠬᠠᠷᠢᠯᠴᠠᠨ᠎ᠠ᠃
      ᠰᠢᠶᠠᠨ᠎ᠤ ᠳᠠᠷᠤᠭ᠎ᠠ ᠵᠢᠨ ᠲᠤᠰᠢᠶᠠᠭᠰᠠᠨ ᠪᠤᠰᠤᠳ ᠠᠵᠢᠯ᠎ᠤᠳ᠎ᠢ ᠪᠡᠶᠡᠯᠡᠭᠦᠯᠦᠨ᠎ᠡ᠃


      ᠮᠸᠩ ᠯᠧ ᠨᠥᠬᠥᠷ᠄ ᠰᠢᠶᠠᠨ᠎ᠤ ᠳᠠᠷᠤᠭ᠎ᠠ ᠵᠢ ᠬᠠᠮᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠂ ᠰᠤᠷᠭ᠋ᠠᠨ ᠬᠥᠮᠦᠵᠢᠯ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠡᠮ ᠡᠮᠨᠡᠯᠭᠡ ᠵᠢᠨ ᠪᠠᠲᠤᠯᠠᠭ᠎ᠠ ᠵᠡᠷᠭᠡ ᠲᠠᠯ᠎ᠠ ᠵᠢᠨ ᠠᠵᠢᠯ᠎ᠢ ᠬᠠᠷᠢᠭᠤᠴᠠᠨ᠎ᠠ᠃
      ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ᠂ ᠰᠤᠷᠭ᠋ᠠᠨ ᠬᠥᠮᠦᠵᠢᠯ᠎ᠤᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠳ᠋ᠸᠡᠭᠺᠸᠤ ᠰᠢᠶᠠᠨ᠎ᠤ ᠰᠣᠶᠣᠯ ᠵᠢᠭᠤᠯᠴᠢᠯᠠᠯ᠎ᠤᠨ ᠪᠠᠯᠠ ᠣᠷᠣᠭᠤᠯᠵᠤ ᠨᠡᠭᠡᠭᠡᠨ ᠬᠥᠭᠵᠢᠭᠦᠯᠬᠦ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢ ᠬᠤᠪᠢᠳᠠᠨ ᠬᠠᠮᠢᠶᠠᠷᠤᠨ᠎ᠠ᠃
      ᠬᠠᠮ ᠵᠠᠭᠤᠴᠢᠯᠠᠭᠤᠷ᠎ᠤᠨ ᠲᠥᠪ᠂ ᠨᠠᠰᠤᠲᠠᠶ᠋ᠢᠴᠤᠳ᠎ᠤᠨ ᠶᠡᠬᠡ ᠰᠤᠷᠭ᠋ᠠᠭᠤᠯᠢ᠂ ᠨᠠᠰᠤᠲᠠᠶ᠋ᠢᠴᠤᠳ᠎ᠤᠨ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ᠎ᠲᠠᠢ ᠬᠠᠷᠢᠯᠴᠠᠨ᠎ᠠ᠃
      ᠰᠢᠶᠠᠨ᠎ᠤ ᠳᠠᠷᠤᠭ᠎ᠠ ᠵᠢᠨ ᠲᠤᠰᠢᠶᠠᠭᠰᠠᠨ ᠪᠤᠰᠤᠳ ᠠᠵᠢᠯ᠎ᠤᠳ᠎ᠢ ᠪᠡᠶᠡᠯᠡᠭᠦᠯᠦᠨ᠎ᠡ᠃


      ᠰᠢᠤᠸᠠᠢ ᠶᠤᠸᠠᠨ ᠨᠥᠬᠥᠷ᠄ ᠰᠢᠶᠠᠨ᠎ᠤ ᠳᠠᠷᠤᠭ᠎ᠠ ᠵᠢ ᠬᠠᠮᠵᠢᠨ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢ᠍ᠯᠡᠳᠪᠦᠷᠢ ᠠᠵᠤ ᠠᠬᠤᠢ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠠᠮᠢ ᠠᠬᠤᠢ ᠵᠢᠨ ᠣᠷᠴᠢᠨ ᠲᠣᠭᠣᠷᠢᠨ᠂ ᠲᠣᠭ᠎ᠠ ᠪᠦᠷᠢᠳᠬᠡᠯ ᠵᠡᠷᠭᠡ ᠲᠠᠯ᠎ᠠ ᠵᠢᠨ ᠠᠵᠢᠯ᠎ᠢ ᠬᠠᠷᠢᠭᠤᠴᠠᠨ᠎ᠠ᠃
      ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠪᠠᠯᠠ ᠣᠷᠣᠭᠤᠯᠤᠯᠲᠠ ᠵᠢ ᠠᠬᠢᠭᠤᠯᠬᠤ ᠲᠥᠪ᠂ ᠠᠮᠢ ᠠᠬᠤᠶ ᠵᠢᠨ ᠣᠷᠴᠢᠨ ᠲᠣᠭᠣᠷᠢᠨ᠎ᠤ ᠲᠣᠪᠴᠢᠶ᠎ᠠ᠂ ᠲᠣᠭ᠎ᠠ ᠪᠦᠷᠢᠳᠬᠡᠯ᠎ᠤᠨ ᠲᠣᠪᠴᠢᠶ᠎ᠠ᠂ ᠥᠪᠥᠷ ᠮᠣᠩᠭᠣᠯ᠎ᠤᠨ ᠪᠠᠶᠠᠨᠨᠠᠭᠤᠷ᠎ᠤᠨ ᠪᠣᠷᠣᠲᠣᠬᠣᠶ ᠵᠢᠨ ᠲᠠᠷᠢᠶᠠᠯᠠᠩ ᠮᠠᠯ ᠠᠵᠤ ᠠᠬᠤᠶ ᠵᠢᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ᠎ᠤᠨ ᠳ᠋ᠸᠡᠭᠺᠸᠤ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ᠂ ᠳ᠋ᠸᠡᠭᠺᠸᠤ ᠰᠢᠶᠠᠨ᠎ᠤ ᠯᠸ ᠰᠢᠶᠠᠩ ᠪᠠᠶ ᠬᠤ᠌ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢ ᠬᠤᠪᠢᠳᠠᠨ ᠬᠠᠮᠢᠶᠠᠷᠤᠨ᠎ᠠ᠃
      ᠠᠵᠤ ᠦᠢ᠍ᠯᠡᠳᠪᠦᠷᠢ ᠬᠤᠳᠠᠯᠳᠤᠭ᠎ᠠ ᠵᠢᠨ ᠬᠣᠯᠪᠣᠭ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠶ᠋ᠢᠭᠡᠮᠯᠢᠭ᠂ ᠥᠪᠥᠷ ᠮᠣᠩᠭᠣᠯ᠎ᠤᠨ ᠴᠠᠬᠢᠯᠭ᠋ᠠᠨ ᠬᠦᠴᠦᠨ (ᠪᠦᠯᠦᠭᠯᠡᠯ)᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠪᠠᠶᠠᠨᠨᠠᠭᠤᠷ ᠬᠣᠲᠠ ᠵᠢᠨ ᠳ᠋ᠸᠩᠺᠸᠦ ᠵᠢᠨ ᠴᠠᠬᠢᠯᠭ᠋ᠠᠨ ᠬᠠᠩᠭ᠋ᠠᠬᠤ ᠬᠤᠪᠢᠶᠠᠷᠢ ᠺᠣᠮᠫᠠᠨᠢ᠂ ᠴᠢᠯᠠᠭᠤᠨ ᠲᠣᠰᠣᠨ᠎ᠤ ᠺᠣᠮᠫᠠᠨᠢ᠂ ᠳᠠᠪᠤᠰᠤᠨ᠎ᠤ ᠦᠢ᠍ᠯᠡᠰ᠎ᠤᠨ ᠺᠣᠮᠫᠠᠨᠢ᠂ ᠨᠠᠪᠴᠢᠨ ᠲᠠᠮᠠᠬᠢ ᠵᠢᠨ ᠺᠣᠮᠫᠠᠨᠢ᠂ ᠰᠢᠯᠵᠢᠮᠡᠯ ᠬᠣᠯᠪᠣᠭ᠎ᠠ ᠵᠢᠨ ᠺᠣᠮᠫᠠᠨᠢ᠂ ᠨᠢᠭᠡᠳᠦᠮᠡᠯ ᠬᠣᠯᠪᠣᠭ᠎ᠠ ᠵᠢᠨ ᠺᠣᠮᠫᠠᠨᠢ᠂ ᠴᠠᠬᠢᠯᠭ᠋ᠠᠨ ᠬᠣᠯᠪᠣᠭ᠋ᠠᠨ᠎ᠤ ᠺᠣᠮᠫᠠᠨᠢ᠂ ᠷᠠᠳᠢᠣ᠋ ᠲᠧᠯᠸᠢᠰ᠎ᠤᠨ ᠲᠣᠤᠷ ᠰᠦᠯᠵᠢᠶ᠎ᠡ᠂ ᠰᠢᠤᠳᠠᠨ᠎ᠤ ᠺᠣᠮᠫᠠᠨᠢ᠎ᠲᠠᠢ ᠬᠠᠷᠢᠯᠴᠠᠨ᠎ᠠ᠃
      ᠰᠢᠶᠠᠨ᠎ᠤ ᠳᠠᠷᠤᠭ᠎ᠠ ᠵᠢᠨ ᠲᠤᠰᠢᠶᠠᠭᠰᠠᠨ ᠪᠤᠰᠤᠳ ᠠᠵᠢᠯ᠎ᠤᠳ᠎ᠢ ᠪᠡᠶᠡᠯᠡᠭᠦᠯᠦᠨ᠎ᠡ᠃


      ᠾᠧ ᠷᠦᠩ ᠨᠥᠬᠥᠷ᠄ ᠰᠢᠶᠠᠨ᠎ᠤ ᠳᠠᠷᠤᠭ᠎ᠠ ᠵᠢ ᠬᠠᠮᠵᠢᠨ ᠵᠠᠬᠢᠳᠠᠯ ᠰᠤᠷᠪᠤᠯᠵᠢᠯᠠᠭ᠎ᠠ᠂ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠂ ᠬᠠᠤᠯᠢ ᠴᠠᠭ᠋ᠠᠵᠠ ᠵᠡᠷᠭᠡ ᠲᠠᠯ᠎ᠠ ᠵᠢᠨ ᠠᠵᠢᠯ᠎ᠢ ᠬᠠᠷᠢᠭᠤᠴᠠᠵᠤ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠠᠵᠢᠯ᠎ᠢ ᠡᠷᠬᠢᠯᠡᠨ᠎ᠡ᠃
      ᠵᠠᠬᠢᠳᠠᠯ ᠰᠤᠷᠪᠤᠯᠵᠢᠯᠠᠭ᠎ᠠ ᠵᠢᠨ ᠵᠥᠷᠢᠴᠡᠯ ᠵᠠᠭᠤᠷᠠᠯᠳᠤᠭ᠋ᠠᠨ᠎ᠢ ᠡᠶᠡᠳᠡᠭᠦᠯᠬᠦ ᠦᠢ᠍ᠯᠡᠴᠢᠯᠡᠭᠡᠨ᠎ᠤ ᠲᠥᠪ᠂ ᠬᠠᠤᠯᠢ ᠴᠠᠭ᠋ᠠᠵᠠ ᠵᠢᠨ ᠲᠣᠪᠴᠢᠶ᠎ᠠ ᠵᠢ ᠬᠤᠪᠢᠳᠠᠨ ᠬᠠᠮᠢᠶᠠᠷᠤᠨ᠎ᠠ᠃
      ᠰᠢᠭᠦᠬᠦ ᠬᠣᠷᠢᠶ᠎ᠠ᠂ ᠪᠠᠶ᠋ᠢᠴᠠᠭ᠋ᠠᠬᠤ ᠬᠣᠷᠢᠶ᠎ᠠ᠂ ᠵᠡᠪᠰᠡᠭᠲᠦ ᠴᠠᠭᠳᠠᠭ᠎ᠠ ᠵᠢᠨ ᠳᠤᠮᠳᠠ ᠠᠩᠭᠢ᠂ ᠵᠠᠮ ᠬᠠᠷᠢᠯᠴᠠᠭ᠋ᠠᠨ᠎ᠤ ᠴᠠᠭᠳᠠᠭ᠎ᠠ ᠵᠢᠨ ᠶᠡᠬᠡ ᠠᠩᠭᠢ᠂ ᠷᠠᠳᠠᠷ᠎ᠤᠨ ᠴᠡᠷᠢᠭ ᠠᠩᠭᠢ᠂  ᠵᠠᠮᠴᠢᠯᠠᠭ᠎ᠠ ᠵᠢᠨ ᠥᠷᠲᠡᠭᠡ᠎ᠲᠠᠢ ᠬᠠᠷᠢᠯᠴᠠᠨ᠎ᠠ᠃
      ᠰᠢᠶᠠᠨ᠎ᠤ ᠳᠠᠷᠤᠭ᠎ᠠ ᠵᠢᠨ ᠲᠤᠰᠢᠶᠠᠭᠰᠠᠨ ᠪᠤᠰᠤᠳ ᠠᠵᠢᠯ᠎ᠤᠳ᠎ᠢ ᠪᠡᠶᠡᠯᠡᠭᠦᠯᠦᠨ᠎ᠡ᠃


      ᠬᠠᠨ ᠷᠦᠢ ᠨᠥᠬᠥᠷ᠄ ᠰᠢᠶᠠᠨ᠎ᠤ ᠳᠠᠷᠤᠭ᠎ᠠ ᠵᠢ ᠬᠠᠮᠵᠢᠨ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭ᠋ᠠᠨ ᠮᠡᠷᠭᠡᠵᠢᠯ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠡᠯᠡᠰᠦ ᠵᠢ ᠰᠡᠷᠭᠡᠶ᠋ᠢᠯᠡᠨ ᠵᠠᠰᠠᠬᠤ (ᠤᠢ ᠰᠢᠭᠤᠢ ᠪᠠ ᠨᠤᠲᠤᠭ ᠪᠡᠯᠴᠢᠭᠡᠷ)᠂ ᠤᠰᠤᠨ ᠠᠰᠢᠭᠯᠠᠯᠲᠠ ᠵᠡᠷᠭᠡ ᠲᠠᠯ᠎ᠠ ᠵᠢᠨ ᠠᠵᠢᠯ᠎ᠢ ᠬᠠᠷᠢᠭᠤᠴᠠᠨ᠎ᠠ᠃
      ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠯᠡᠰᠦ ᠵᠢ ᠰᠡᠷᠭᠡᠶ᠋ᠢᠯᠡᠨ ᠵᠠᠰᠠᠬᠤ ᠲᠣᠪᠴᠢᠶ᠎ᠠ (ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ)᠂ ᠤᠰᠤᠨ ᠠᠰᠢᠭᠯᠠᠯᠲᠠ ᠵᠢᠨ ᠲᠣᠪᠴᠢᠶ᠎ᠠ᠂ ᠬᠠᠩᠭ᠋ᠠᠨ ᠪᠣᠷᠣᠯᠠᠭᠤᠯᠬᠤ ᠬᠣᠷᠰᠢᠶ᠎ᠠ᠂ ᠤᠯᠠᠭ᠋ᠠᠨᠪᠤᠬ᠎ᠠ ᠲᠠᠷᠢᠶᠠᠯᠠᠩ᠎ᠤᠨ ᠲᠠᠯᠠᠪᠠᠶ ᠵᠢᠨ ᠺᠣᠮᠫᠠᠨᠢ᠂ ᠪᠠᠶᠠᠨᠲᠣᠬᠣᠶ ᠲᠠᠷᠢᠶᠠᠯᠠᠩ᠎ᠤᠨ ᠲᠠᠯᠠᠪᠠᠶ ᠵᠢᠨ ᠺᠣᠮᠫᠠᠨᠢ᠂ ᠬᠠᠲᠤᠨᠲᠤᠬᠤᠢ ᠲᠠᠷᠢᠶᠠᠯᠠᠩ᠎ᠤᠨ ᠲᠠᠯᠠᠪᠠᠶ ᠵᠢᠨ ᠺᠣᠮᠫᠠᠨᠢ᠂ ᠪᠣᠷᠣ ᠪᠣᠷᠣᠲᠣᠯᠣᠭ᠋ᠠᠢ ᠲᠠᠷᠢᠶᠠᠯᠠᠩ᠎ᠤᠨ ᠲᠠᠯᠠᠪᠠᠶ ᠵᠢᠨ ᠺᠣᠮᠫᠠᠨᠢ᠂ ᠨᠠᠷᠢᠨᠲᠤᠬᠤᠢ ᠲᠠᠷᠢᠶᠠᠯᠠᠩ᠎ᠤᠨ ᠲᠠᠯᠠᠪᠠᠶ ᠵᠢᠨ ᠺᠣᠮᠫᠠᠨᠢ ᠵᠢ ᠬᠤᠪᠢᠳᠠᠨ ᠬᠠᠮᠢᠶᠠᠷᠤᠨ᠎ᠠ᠃
      ᠳᠤᠮᠳᠠᠳᠤ ᠤᠯᠤᠰ᠎ᠤᠨ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠡᠯᠡᠰᠦᠨ ᠴᠥᠯ ᠣᠶ ᠰᠢᠭᠤᠶ ᠵᠢᠨ ᠲᠤᠷᠰᠢᠯᠲᠠ ᠵᠢᠨ ᠲᠥᠪ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠤᠯ᠎ᠤᠨ ᠰᠠᠨ ᠱᠧᠩ ᠬᠥᠩ ᠤᠰᠤᠨ ᠠᠰᠢᠭᠯᠠᠯᠲᠠ ᠵᠢᠨ ᠵᠠᠩᠭᠢᠯᠠᠭ᠎ᠠ ᠵᠢᠨ ᠬᠠᠮᠢᠶᠠᠷᠤᠯᠲᠠ ᠵᠢᠨ ᠲᠥᠪ᠂ ᠥᠪᠥᠷ ᠮᠣᠩᠭᠣᠯ᠎ᠤᠨ ᠪᠣᠷᠣᠲᠣᠬᠣᠶ ᠵᠢᠨ ᠤᠰᠤᠯᠠᠯᠲᠠ ᠵᠢᠨ ᠣᠷᠣᠨ᠎ᠤ ᠤᠰᠤᠨ ᠠᠰᠢᠭᠯᠠᠯᠲᠠ ᠵᠢᠨ ᠬᠥᠭᠵᠢᠯᠲᠡ ᠵᠢᠨ ᠲᠥᠪ᠎ᠤᠨ ᠤᠯᠠᠭ᠋ᠠᠨᠪᠤᠬ᠎ᠠ ᠬᠤᠪᠢᠶᠠᠷᠢ ᠲᠥᠪ᠂ ᠴᠠᠭ ᠠᠭᠤᠷ᠎ᠤᠨ ᠲᠣᠪᠴᠢᠶ᠎ᠠ᠎ᠲᠠᠢ ᠬᠠᠷᠢᠯᠴᠠᠨ᠎ᠠ᠃
      ᠰᠢᠶᠠᠨ᠎ᠤ ᠳᠠᠷᠤᠭ᠎ᠠ ᠵᠢᠨ ᠲᠤᠰᠢᠶᠠᠭᠰᠠᠨ ᠪᠤᠰᠤᠳ ᠠᠵᠢᠯ᠎ᠤᠳ᠎ᠢ ᠪᠡᠶᠡᠯᠡᠭᠦᠯᠦᠨ᠎ᠡ᠃


      ᠯᠢ ᠸᠸᠨ ᠹᠠᠩ ᠨᠥᠬᠥᠷ᠄ ᠰᠢᠶᠠᠨ᠎ᠤ ᠳᠠᠷᠤᠭ᠎ᠠ ᠵᠢ ᠬᠠᠪᠰᠤᠷᠤᠨ ᠵᠠᠮ ᠲᠡᠭᠡᠭᠡᠪᠦᠷᠢ᠂ ᠠᠷᠠᠳ᠎ᠤᠨ ᠶᠠᠪᠤᠳᠠᠯ᠂ ᠴᠡᠷᠢᠭ᠎ᠠᠴᠠ ᠬᠠᠯᠠᠭᠳᠠᠭᠰᠠᠳ᠎ᠤᠨ ᠬᠡᠷᠡᠭ ᠶᠠᠪᠤᠳᠠᠯ᠂ ᠦᠨᠳᠦᠰᠦᠲᠡᠨ᠎ᠤ ᠬᠡᠷᠡᠭ ᠶᠠᠪᠤᠳᠠᠯ ᠵᠡᠷᠭᠡ ᠲᠠᠯ᠎ᠠ ᠵᠢᠨ ᠠᠵᠢᠯ᠎ᠢ ᠬᠠᠷᠢᠭᠤᠴᠠᠨ᠎ᠠ᠃
      ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ᠂ ᠠᠷᠠᠳ᠎ᠤᠨ ᠶᠠᠪᠤᠳᠠᠯ᠎ᠤᠨ ᠲᠣᠪᠴᠢᠶ᠎ᠠ᠂ ᠴᠡᠷᠢᠭ᠎ᠠᠴᠠ ᠬᠠᠯᠠᠭᠳᠠᠭᠰᠠᠳ᠎ᠤᠨ ᠬᠡᠷᠡᠭ ᠶᠠᠪᠤᠳᠠᠯ᠎ᠤᠨ ᠲᠣᠪᠴᠢᠶ᠎ᠠ᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠥᠪᠯᠡᠯ᠎ᠢ ᠬᠤᠪᠢᠳᠠᠨ ᠬᠠᠮᠢᠶᠠᠷᠤᠨ᠎ᠠ᠃
      ᠬᠣᠲᠠ ᠵᠢᠨ ᠵᠠᠮ ᠲᠡᠭᠡᠭᠡᠪᠦᠷᠢ ᠵᠢᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠵᠢᠨ ᠳ᠋ᠧᠩᠺᠧᠦ ᠵᠢᠨ ᠶᠡᠬᠡ ᠠᠩᠭᠢ᠂ ᠬᠣᠲᠠ ᠵᠢᠨ ᠵᠠᠮ ᠲᠡᠭᠡᠭᠡᠪᠦᠷᠢ ᠵᠢᠨ ᠦᠢ᠍ᠯᠡᠰ᠎ᠤᠨ ᠬᠥᠭᠵᠢᠯᠲᠡ ᠵᠢᠨ ᠲᠥᠪ᠎ᠤᠨ ᠳ᠋ᠧᠩᠺᠧᠦ ᠵᠢᠨ ᠲᠠᠰᠤᠭ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠲᠡᠭᠡᠭᠡᠪᠦᠷᠢ ᠵᠢᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ ᠵᠢᠨ ᠠᠷᠪᠠᠳᠤᠭ᠋ᠠᠷ ᠰᠠᠯᠪᠤᠷᠢ ᠠᠩᠭᠢ ᠵᠢᠨ ᠵᠢᠷᠭᠤᠳᠤᠭ᠋ᠠᠷ ᠶᠡᠬᠡ ᠠᠩᠭᠢ᠂ ᠭᠠᠯᠲᠤ ᠲᠡᠷᠭᠡᠨ᠎ᠤ ᠥᠷᠲᠡᠭᠡ᠂  ᠪᠠᠶᠠᠨᠨᠠᠭᠤᠷ ᠲᠡᠭᠡᠭᠡᠪᠦᠷᠢ ᠵᠢᠨ ᠺᠣᠮᠫᠠᠨᠢ᠎ᠲᠠᠢ ᠬᠠᠷᠢᠯᠴᠠᠨ᠎ᠠ᠃
      ᠰᠢᠶᠠᠨ᠎ᠤ ᠳᠠᠷᠤᠭ᠎ᠠ ᠵᠢᠨ ᠲᠤᠰᠢᠶᠠᠭᠰᠠᠨ ᠪᠤᠰᠤᠳ ᠠᠵᠢᠯ᠎ᠤᠳ᠎ᠢ ᠪᠡᠶᠡᠯᠡᠭᠦᠯᠦᠨ᠎ᠡ᠃


      ᠵᠠᠩ ᠱᠦ᠋ ᠯᠢᠨ ᠨᠥᠬᠥᠷ᠄ ᠰᠢᠤᠸᠠᠢ ᠶᠤᠸᠠᠨ ᠨᠥᠬᠥᠷ᠎ᠢ ᠬᠠᠪᠰᠤᠷᠴᠤ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠠᠵᠢᠯ᠎ᠢ ᠬᠠᠷᠢᠭᠤᠴᠠᠨ᠎ᠠ᠃
      ᠰᠢᠶᠠᠨ᠎ᠤ ᠳᠠᠷᠤᠭ᠎ᠠ ᠵᠢᠨ ᠲᠤᠰᠢᠶᠠᠭᠰᠠᠨ ᠪᠤᠰᠤᠳ ᠠᠵᠢᠯ᠎ᠤᠳ᠎ᠢ ᠪᠡᠶᠡᠯᠡᠭᠦᠯᠦᠨ᠎ᠡ᠃


                                                 ᠳ᠋ᠧᠩᠺᠧᠤ ᠰᠢᠶᠠᠨ᠎ᠤ ᠠᠷᠠᠳ᠎ᠤᠨ ᠣᠷᠳᠣᠨ
                                               2023 ᠣᠨ᠎ᠤ 8 ᠰᠠᠷ᠎ᠠ ᠵᠢᠨ 3᠎ᠤ ᠡᠳᠦᠷ
   

 

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ