ᠢᠯᠡ ᠵᠠᠰᠠᠭ   -   ᠪᠢᠴᠢᠭ ᠮᠠᠲ᠋ᠧᠷᠢᠶᠠᠯ

2024 ᠣᠨ᠎ᠤ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮ ᠡᠮᠨᠡᠯᠭᠡ ᠵᠢᠨ ᠪᠠᠲᠤᠯᠠᠭ᠎ᠠ ᠵᠢᠨ ᠠᠵᠢᠯ᠎ᠢ ᠰᠠᠶ᠋ᠢᠲᠤᠷ ᠬᠢᠬᠦ ᠲᠤᠬᠠᠶ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠤᠨ ᠨᠡᠢ᠌ᠲᠡᠯᠡᠯ

ᠨᠡᠶ᠋ᠢᠲᠡᠯᠡᠭᠰᠡᠨ ᠴᠠᠭ᠄   2023-09-06


              ᠳ᠋ᠸᠩᠺᠸᠦ ᠵᠠᠰᠠᠭ ᠠᠯᠪᠠᠨ ᠲᠠᠷᠬᠠᠭ᠋ᠠᠭᠰᠠᠨ[2023]31 ᠲᠣᠭ᠋ᠠᠲᠤ


      ᠡᠯ᠎ᠡ ᠰᠤᠮᠤ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠲᠠᠷᠢᠶᠠᠯᠠᠩ᠎ᠤᠨ ᠲᠠᠯᠠᠪᠠᠶ ᠵᠢᠨ ᠺᠣᠮᠫᠠᠨᠢ᠂ ᠰᠢᠶᠠᠨ᠎ᠤ ᠰᠢᠭᠤᠳ ᠬᠠᠷᠢᠶ᠎ᠠ ᠬᠠᠮᠢᠶ᠎ᠠ ᠪᠥᠬᠥᠶ ᠨᠢᠭᠡᠴᠡ᠂ ᠰᠢᠶᠠᠨ᠎ᠳᠤ ᠰᠠᠭᠤᠭ᠎ᠠ ᠬᠠᠮᠢᠶ᠎ᠠ ᠪᠥᠬᠥᠶ ᠨᠢᠭᠡᠴᠡ᠄
      ᠪᠠᠶᠠᠨᠨᠠᠭᠤᠷ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠵᠢᠨ ᠪᠠᠶᠠᠨᠨᠠᠭᠤᠷ ᠬᠣᠲᠠ ᠵᠢᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ ᠵᠢᠨ 《2024 ᠣᠨ᠎ᠤ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 (ᠪᠠᠶᠠᠨᠨᠠᠭᠤᠷ ᠬᠣᠲᠠ ᠵᠢᠨ ᠡᠮᠴᠢᠯᠡᠭᠡᠨ᠎ᠤ ᠳᠠᠭ᠋ᠠᠳᠬᠠᠯ ᠲᠠᠷᠬᠠᠭ᠋ᠠᠭᠰᠠᠨ [2023] 23 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠳ᠋ᠸᠩᠺᠸᠦ ᠰᠢᠶᠠᠨ᠎ᠤ 2024 ᠣᠨ᠎ᠤ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠦᠨᠡᠨᠬᠦ ᠰᠠᠶ᠋ᠢᠲᠤᠷ ᠬᠢᠬᠦ ᠲᠤᠬᠠᠶ ᠳᠣᠤᠷᠠᠬᠢ ᠮᠡᠲᠦ ᠮᠡᠳᠡᠭᠳᠡᠪᠡ᠄
      ᠨᠢᠭᠡ᠂ ᠳᠠᠭ᠋ᠠᠳᠬᠠᠯ᠎ᠳᠤ ᠣᠷᠣᠯᠴᠠᠵᠤ ᠰᠦᠢ᠍ᠳᠬᠡᠯ ᠲᠤᠰᠢᠶᠠᠬᠤ ᠴᠠᠭ
      ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠨ᠎ᠤ ᠤᠷᠢᠳᠴᠢᠯᠠᠨ ᠰᠦᠢ᠍ᠳᠬᠡᠯ ᠲᠤᠰᠢᠶᠠᠬᠤ ᠲᠦᠷᠢᠮ᠎ᠢ ᠬᠡᠷᠡᠭᠵᠢᠭᠦᠯᠵᠦ᠂ 2024 ᠣᠨ᠎ᠳᠤ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠵᠤ ᠲᠥᠪᠯᠡᠷᠡᠭᠦᠯᠦᠨ ᠰᠦᠢ᠍ᠳᠬᠡᠯ ᠲᠤᠰᠢᠶᠠᠬᠤ ᠴᠠᠭ᠎ᠨᠢ 2023 ᠣᠨ᠎ᠤ 9 ᠰᠠᠷ᠎ᠠ ᠵᠢᠨ 1᠎ᠤ ᠡᠳᠦᠷ᠎ᠠᠴᠠ 12 ᠰᠠᠷ᠎ᠠ ᠵᠢᠨ 25᠎ᠤ ᠡᠳᠦᠷ ᠪᠣᠯᠲᠠᠯ᠎ᠠ᠃
      ᠬᠣᠶᠠᠷ᠂ ᠪᠡᠯᠡ ᠴᠤᠭᠯᠠᠭᠤᠯᠬᠤ ᠪᠠ ᠵᠣᠭᠣᠰ ᠮᠥᠩᠭᠥ᠎ᠪᠠᠷ ᠲᠤᠰᠠᠯᠠᠵᠤ ᠳᠠᠭ᠋ᠠᠳᠬᠠᠯ᠎ᠳᠤ ᠣᠷᠣᠯᠴᠠᠭᠤᠯᠬᠤ ᠪᠠᠷᠢᠮᠵᠢᠶ᠎ᠠ
      ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠮ ᠡᠮᠨᠡᠯᠭᠡ ᠵᠢᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠪᠠ ᠳᠠᠭ᠋ᠠᠳᠬᠠᠯ᠎ᠳᠤ ᠣᠷᠣᠯᠴᠠᠭᠰᠠᠳ᠎ᠤᠨ ᠦᠨᠳᠦᠰᠦᠨ ᠡᠮ ᠡᠮᠨᠡᠯᠭᠡ ᠵᠢᠨ ᠪᠠᠲᠤᠯᠠᠭ᠎ᠠ ᠵᠢᠨ ᠬᠡᠷᠡᠭᠴᠡᠭᠡ᠎ᠳᠤ ᠵᠣᠬᠢᠴᠠᠭᠤᠯᠬᠤ ᠵᠢᠨ ᠲᠥᠯᠥᠭᠡ᠂ ᠳᠠᠭ᠋ᠠᠳᠬᠠᠯ᠎ᠳᠤ ᠣᠷᠣᠯᠴᠠᠭᠰᠠᠳ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠡᠷᠬᠡ 2023 ᠣᠨ᠎ᠳᠤ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮᠴᠢᠯᠡᠭᠡᠨ᠎ᠤ ᠳᠠᠭ᠋ᠠᠳᠬᠠᠯ (ᠳᠣᠷᠣᠭᠰᠢ 《ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ》 ᠭᠡᠵᠦ ᠲᠣᠪᠴᠢᠯᠠᠨ᠎ᠠ)᠎ᠤᠨ ᠪᠠᠯᠠ ᠴᠤᠭᠯᠠᠭᠤᠯᠬᠤ ᠪᠠᠷᠢᠮᠵᠢᠶ᠎ᠠ ᠵᠢ 1020 ᠲᠥᠭᠥᠷᠢᠭ᠎ᠲᠤ ᠬᠦᠷᠦᠭᠦᠯᠦᠨ᠎ᠡ᠂ ᠡᠭᠦᠨ᠎ᠳᠤ ᠬᠥᠮᠦᠨ ᠳᠤᠮᠳᠠᠴᠢ ᠵᠢᠨ ᠡᠳ᠋᠎ᠤᠨ ᠵᠠᠰᠠᠭ᠎ᠤᠨ ᠨᠥᠬᠥᠪᠥᠷᠢ ᠵᠢᠨ ᠪᠠᠷᠢᠮᠵᠢᠶ᠎ᠠ ᠵᠢ ᠰᠢᠨ᠎ᠡ᠎ᠪᠠᠷ 30 ᠲᠥᠭᠥᠷᠢᠭ ᠨᠡᠮᠡᠭᠳᠡᠭᠦᠯᠵᠦ᠂ ᠬᠥᠮᠦᠨ ᠪᠦᠷᠢ ᠵᠢᠯ᠎ᠳᠤ 640 ᠲᠥᠭᠥᠷᠢᠭ᠎ᠲᠤ ᠬᠦᠷᠦᠭᠦᠯᠦᠨ᠎ᠡ᠂ ᠡᠯ᠎ᠡ ᠱᠠᠲᠤᠨ᠎ᠤ ᠡᠳ᠋᠎ᠤᠨ ᠵᠠᠰᠠᠭ᠎ᠤᠨ ᠨᠥᠬᠥᠪᠥᠷᠢ ᠵᠢᠨ ᠪᠠᠯᠠ ᠮᠥᠩᠭᠥ ᠵᠢᠨ 80% ᠵᠢ᠎ᠨᠢ ᠲᠥᠪ᠎ᠤᠨ ᠡᠳ᠋᠎ᠤᠨ ᠵᠠᠰᠠᠭ᠎ᠠᠴᠠ ᠨᠥᠬᠥᠪᠥᠷᠢᠯᠡᠵᠦ᠂ ᠦᠯᠡᠳᠡᠭᠰᠡᠨ 20% ᠵᠢ᠎ᠨᠢ ᠥᠪᠡᠷᠲᠡᠭᠡᠨ ᠵᠠᠰᠠᠬᠤ ᠣᠷᠣᠨ᠎ᠠᠴᠠ 70%᠎ᠪᠠᠷ ᠨᠥᠬᠥᠪᠥᠷᠢᠯᠡᠵᠦ᠂ ᠦᠯᠡᠳᠡᠭᠰᠡᠨ 30% ᠵᠢ᠎ᠨᠢ ᠬᠣᠲᠠ ᠪᠠ ᠰᠢᠶᠠᠨ᠎ᠤ ᠡᠳ᠋᠎ᠤᠨ ᠵᠠᠰᠠᠭ᠎ᠠᠴᠠ 2:8 ᠵᠢᠨ ᠬᠠᠷᠢᠴᠠᠯ ᠵᠶ᠋ᠠᠷ ᠬᠤᠪᠢᠶᠠᠨ ᠡᠭᠦᠷᠭᠡᠯᠡᠨ᠎ᠡ᠃ ᠰᠢᠶᠠᠨ᠎ᠤ ᠡᠳ᠋᠎ᠤᠨ ᠵᠠᠰᠠᠭ᠎ᠨᠢ ᠲᠣᠭᠲᠠᠭ᠋ᠠᠯ ᠶᠣᠰᠣᠭ᠋ᠠᠷ ᠡᠳ᠋᠎ᠤᠨ ᠵᠠᠰᠠᠭ᠎ᠤᠨ ᠨᠥᠬᠥᠪᠥᠷᠢ ᠵᠢᠨ ᠪᠠᠯᠠ ᠮᠥᠩᠭᠥ ᠵᠢ ᠭᠦᠢ᠍ᠴᠡᠳ ᠲᠣᠭ᠎ᠠ᠎ᠪᠠᠷ ᠳᠣᠭᠢᠷᠠᠭᠤᠯᠵᠤ᠂ ᠴᠠᠭ ᠲᠤᠬᠠᠶ᠎ᠳᠤᠨᠢ ᠰᠠᠯᠭ᠋ᠠᠨ ᠥᠭᠴᠦ ᠪᠣᠳᠠᠲᠠᠶ᠋ᠢᠵᠢᠭᠤᠯᠬᠤ ᠬᠡᠷᠡᠭᠲᠡᠶ᠃ ᠬᠤᠪᠢ ᠬᠥᠮᠦᠨ᠎ᠤ ᠲᠤᠰᠢᠶᠠᠬᠤ ᠵᠠᠷᠤᠳᠠᠯ ᠪᠣᠯᠤᠨ ᠠᠳᠠᠯᠢ ᠬᠤᠭᠤᠴᠠᠭ᠋ᠠᠨ᠎ᠤ ᠡᠳ᠋᠎ᠤᠨ ᠵᠠᠰᠠᠭ᠎ᠤᠨ ᠨᠥᠬᠥᠪᠥᠷᠢ ᠵᠢ ᠵᠡᠷᠭᠡᠪᠡᠷ ᠨᠡᠮᠡᠭᠳᠡᠭᠦᠯᠬᠦ ᠱᠠᠭ᠋ᠠᠷᠳᠠᠯᠭ᠎ᠠ ᠶᠣᠰᠣᠭ᠋ᠠᠷ᠂ 2024 ᠣᠨ᠎ᠳᠤ ᠬᠤᠪᠢ ᠬᠥᠮᠦᠨ᠎ᠤ ᠪᠡᠯᠡ ᠴᠤᠭᠯᠠᠭᠤᠯᠬᠤ ᠪᠠᠷᠢᠮᠵᠢᠶ᠎ᠠ ᠵᠢ ᠬᠥᠮᠦᠨ ᠪᠦᠷᠢ ᠵᠢᠯ᠎ᠳᠤ 400 ᠲᠥᠭᠥᠷᠢᠭ ᠪᠣᠯᠲᠠᠯ᠎ᠠ ᠳᠡᠭᠡᠭᠰᠢᠯᠡᠭᠦᠯᠦᠨ᠎ᠡ᠃
      ᠬᠦᠴᠢᠷᠳᠡᠯ᠎ᠲᠠᠢ ᠬᠥᠮᠦᠰ᠎ᠤᠨ ᠳᠠᠭ᠋ᠠᠳᠬᠠᠯ᠎ᠳᠤ ᠣᠷᠣᠯᠴᠠᠬᠤ ᠪᠠᠷᠢᠮᠵᠢᠶ᠎ᠠ ᠵᠢ ᠲᠡᠳᠬᠦᠨ ᠲᠤᠰᠠᠯᠠᠨ᠎ᠠ᠃ ᠣᠨᠴᠠ ᠬᠦᠴᠢᠷᠳᠡᠯᠲᠡᠶ ᠬᠥᠮᠦᠰ᠂ ᠥᠨᠥᠴᠢᠨ ᠬᠡᠤᠬᠡᠳ᠎ᠢ ᠡᠮᠴᠢᠯᠡᠭᠡᠨ᠎ᠤ ᠠᠪᠤᠷᠠᠨ ᠲᠤᠰᠠᠯᠠᠬᠤ ᠪᠠᠯᠠ ᠮᠥᠩᠭᠥ᠎ᠪᠠᠷ ᠪᠥᠬᠥ ᠲᠣᠭ᠎ᠠ᠎ᠪᠠᠷ ᠲᠤᠰᠠᠯᠠᠵᠤ᠂ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠠᠵᠢᠯᠲᠠᠨ᠂ ᠳᠠᠬᠢᠨ ᠶᠠᠳᠠᠭᠤᠷᠠᠭᠰᠠᠨ᠎ᠠᠴᠠ ᠪᠣᠯᠵᠣ ᠶᠠᠳᠠᠭᠤᠷᠠᠭᠰᠠᠨ ᠬᠥᠮᠦᠰ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ᠎ᠤᠨ ᠬᠢᠨᠠᠨ ᠬᠡᠮᠵᠢᠬᠦ ᠬᠡᠪᠴᠢᠶᠡᠨ᠎ᠳᠤ ᠣᠷᠣᠭᠤᠯᠤᠭᠰᠠᠨ ᠳᠠᠬᠢᠨ ᠶᠠᠳᠠᠭᠤᠷᠠᠭᠰᠠᠨ᠎ᠠᠴᠠ ᠪᠣᠯᠵᠣ ᠶᠠᠳᠠᠭᠤᠷᠠᠭᠰᠠᠨ ᠬᠥᠮᠦᠰ᠎ᠲᠤ ᠬᠤᠪᠢ ᠬᠥᠮᠦᠨ᠎ᠤ ᠰᠦᠢ᠍ᠳᠬᠡᠯ ᠲᠤᠰᠢᠶᠠᠬᠤ ᠪᠠᠷᠢᠮᠵᠢᠶ᠎ᠠ ᠵᠢᠨ 50%᠎ᠪᠠᠷ ᠵᠣᠭᠣᠰ ᠮᠥᠩᠭᠥ᠎ᠪᠠᠷ ᠲᠤᠰᠠᠯᠠᠨ᠎ᠠ᠃ ᠶᠠᠳᠠᠭᠤ᠎ᠠᠴᠠ ᠠᠩᠭᠢᠵᠢᠷᠠᠭᠤᠯᠬᠤ ᠲᠥᠷᠥ ᠵᠢᠨ ᠪᠣᠳᠣᠯᠭ᠎ᠠ ᠵᠢ ᠭᠥᠷᠳᠡᠵᠦ ᠪᠠᠶ᠋ᠢᠭ᠎ᠠ ᠬᠥᠮᠦᠰ (ᠰᠢᠯᠵᠢᠯᠲᠡ ᠵᠢᠨ ᠬᠤᠭᠤᠴᠠᠭ᠋ᠠᠨ᠎ᠳᠤ)᠎ᠤᠨ ᠳᠣᠲᠣᠷᠠᠬᠢ ᠨᠠᠭ᠋ᠠᠳᠤ ᠵᠠᠬ᠎ᠠ ᠵᠢᠨ ᠪᠠᠲᠤᠯᠠᠭ᠎ᠠ ᠭᠥᠷᠳᠡᠬᠦ ᠡᠲᠡᠭᠡᠳ᠎ᠲᠤ ᠡᠮᠴᠢᠯᠡᠭᠡᠨ᠎ᠤ ᠠᠪᠤᠷᠠᠨ ᠲᠤᠰᠠᠯᠠᠬᠤ ᠪᠠᠯᠠ ᠮᠥᠩᠭᠥ᠎ᠪᠠᠷ 50% ᠵᠢ ᠲᠤᠰᠠᠯᠠᠵᠤ᠂ ᠦᠯᠡᠳᠡᠭᠰᠡᠨ ᠬᠡᠰᠡᠭ᠎ᠤᠨ ᠲᠤᠰᠠᠯᠠᠮᠵᠢ ᠵᠢ ᠤᠤᠯ᠎ᠤᠨ ᠠᠷᠭ᠎ᠠ ᠮᠠᠶᠢᠭ᠂ ᠤᠤᠯ᠎ᠤᠨ ᠪᠠᠯᠠ ᠮᠥᠩᠭᠥ ᠵᠢᠨ ᠠᠷᠭ᠎ᠠ ᠵᠠᠮ ᠵᠶ᠋ᠠᠷ ᠶᠠᠪᠤᠭᠳᠠᠭᠤᠯᠤᠨ᠎ᠠ᠃ ᠡᠳ᠋ ᠮᠥᠩᠭᠥ᠎ᠪᠠᠷ ᠲᠤᠰᠠᠯᠠᠬᠤ ᠳᠠᠭ᠋ᠠᠳᠬᠠᠯ᠎ᠳᠤ ᠣᠷᠣᠯᠴᠠᠭᠰᠠᠨ ᠵᠠᠷᠤᠳᠠᠯ᠎ᠢ ᠡᠳ᠋ ᠮᠥᠩᠭᠥ᠎ᠪᠠᠷ ᠲᠤᠰᠠᠯᠠᠬᠤ ᠰᠠᠯᠠᠭ᠎ᠠ ᠮᠥᠴᠢᠷ᠎ᠠᠴᠠ ᠰᠢᠭᠤᠳ ᠣᠷᠣᠯᠠᠨ ᠲᠤᠰᠢᠶᠠᠵᠤ᠂ ᠡᠳ᠋ ᠮᠥᠩᠭᠥ᠎ᠪᠠᠷ ᠲᠤᠰᠠᠯᠠᠭᠰᠠᠨ᠎ᠤ ᠳᠠᠷᠠᠭ᠋ᠠᠬᠢ ᠬᠤᠪᠢ ᠬᠥᠮᠦᠨ᠎ᠤ ᠰᠦᠢ᠍ᠳᠬᠡᠯ ᠲᠤᠰᠢᠶᠠᠬᠤ ᠬᠡᠰᠡᠭ᠎ᠢ ᠬᠢᠨᠠᠨ ᠲᠣᠭᠲᠠᠭ᠋ᠠᠭᠰᠠᠨ᠎ᠤ ᠳᠠᠷᠠᠭ᠎ᠠ ᠰᠢᠭᠤᠳ ᠲᠤᠰᠢᠶᠠᠵᠤ᠂ ᠬᠦᠴᠢᠷᠳᠡᠯᠲᠡᠶ ᠬᠥᠮᠦᠰ᠎ᠤᠨ ᠰᠦᠢ᠍ᠳᠬᠡᠯ ᠲᠤᠰᠢᠶᠠᠬᠤ ᠵᠢ ᠬᠥᠲᠥᠯᠦᠨ ᠵᠢᠯᠣᠭᠣᠳᠬᠤ ᠠᠵᠢᠯ᠎ᠢ ᠰᠠᠶ᠋ᠢᠲᠤᠷ ᠬᠢᠵᠦ᠂ ᠢᠯᠡᠭᠦᠤ ᠲᠤᠰᠢᠶᠠᠬᠤ ᠪᠠ ᠪᠤᠷᠤᠭᠤ ᠲᠤᠰᠢᠶᠠᠬᠤ᠎ᠠᠴᠠ ᠵᠠᠶ᠋ᠢᠯᠠᠰᠬᠢᠬᠦ ᠬᠡᠷᠡᠭᠲᠡᠶ᠃ ᠡᠳ᠋᠎ᠤᠨ ᠵᠠᠰᠠᠭ᠎ᠤᠨ ᠨᠥᠬᠥᠪᠥᠷᠢ ᠵᠢᠨ ᠬᠡᠰᠡᠭ᠎ᠢ ᠲᠥᠰᠦᠪ᠎ᠲᠤ ᠣᠷᠣᠭᠤᠯᠤᠨ᠎ᠠ᠂ ᠶᠠᠮᠠᠷᠪᠠ ᠨᠢᠭᠡᠴᠡ ᠪᠠ ᠬᠤᠪᠢ ᠬᠥᠮᠦᠨ ᠰᠢᠬᠠᠨ ᠡᠵᠡᠯᠡᠵᠦ ᠨᠡᠭᠦᠯᠭᠡᠨ ᠬᠡᠷᠡᠭᠯᠡᠵᠦ ᠪᠣᠯᠬᠤ ᠦᠭᠡᠢ᠃
      ᠭᠤᠷᠪᠠ᠂ ᠡᠮ ᠡᠮᠨᠡᠯᠭᠡ ᠵᠢᠨ ᠳᠠᠭ᠋ᠠᠳᠬᠠᠯ᠎ᠤᠨ ᠬᠠᠷᠠᠭ᠋ᠠᠯᠵᠠᠯ᠎ᠢ ᠪᠡᠬᠢᠵᠢᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠨ᠎ᠡ
      ᠡᠮ ᠡᠮᠨᠡᠯᠭᠡ ᠵᠢᠨ ᠪᠠᠲᠤᠯᠠᠪᠤᠷᠢ ᠵᠢᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠠᠵᠢᠯ᠎ᠢ ᠰᠠᠶ᠋ᠢᠲᠤᠷ ᠬᠢᠵᠦ᠂ ᠬᠥᠳᠡᠭᠡ ᠲᠣᠰᠬᠣᠨ᠎ᠤ ᠳᠣᠣᠷ᠎ᠠ ᠣᠷᠣᠯᠭ᠎ᠠ᠎ᠲᠠᠢ ᠬᠥᠮᠦᠨ ᠠᠮᠠ ᠪᠣᠯᠤᠨ ᠶᠠᠳᠠᠭᠤ᠎ᠠᠴᠠ ᠠᠩᠭᠢᠵᠢᠷᠠᠭᠤᠯᠤᠭᠰᠠᠨ ᠬᠥᠮᠦᠨ ᠠᠮᠠ ᠵᠢᠨ ᠳᠠᠭ᠋ᠠᠳᠬᠠᠯ᠎ᠳᠤ ᠣᠷᠣᠯᠴᠠᠬᠤ ᠨᠤᠷᠮ᠎ᠠ ᠵᠢ 100%᠎ᠳᠤ ᠬᠦᠷᠭᠡᠵᠦ᠂ ᠭᠤᠷᠪᠠᠨ ᠵᠦᠢ᠍ᠯ᠎ᠤᠨ ᠲᠦᠷᠢᠮ᠎ᠤᠨ ᠶᠡᠷᠦᠩᠬᠡᠶ᠋ᠢᠯᠡᠭᠰᠡᠨ ᠪᠠᠲᠤᠯᠠᠪᠤᠷᠢ ᠵᠢᠨ ᠴᠢᠳᠠᠪᠬᠢ ᠵᠢ ᠴᠢᠩᠭ᠋ᠠᠳᠬᠠᠵᠤ᠂ ᠡᠪᠡᠳᠴᠢᠨ᠎ᠠᠴᠠ ᠪᠤᠯᠵᠤ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠬᠡᠢ ᠪᠠᠶ᠋ᠢᠬᠤ ᠬᠣᠷᠢᠭ᠎ᠠ ᠱᠤᠭᠤᠮ᠎ᠢ ᠡᠷᠡᠰ ᠰᠠᠬᠢᠬᠤ ᠬᠡᠷᠡᠭᠲᠡᠢ᠃ ᠡᠪᠡᠳᠴᠢᠨ᠎ᠠᠴᠠ ᠪᠣᠯᠵᠤ ᠶᠠᠳᠠᠭᠤᠷᠠᠬᠤ ᠪᠠ ᠳᠠᠬᠢᠨ ᠶᠠᠳᠠᠭᠤᠷᠠᠬᠤ ᠵᠢ ᠰᠡᠷᠭᠡᠶ᠋ᠢᠯᠡᠨ ᠠᠷᠢᠯᠭ᠋ᠠᠬᠤ ᠤᠷᠲᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠶᠡᠬᠡ ᠬᠡᠮᠵᠢᠶᠡᠨ᠎ᠤ ᠡᠮᠴᠢᠯᠡᠭᠡᠨ᠎ᠤ ᠵᠠᠷᠤᠳᠠᠯ᠎ᠤᠨ ᠡᠭᠦᠷᠭᠡᠯᠡᠯ᠎ᠲᠠᠢ ᠡᠪᠡᠳᠴᠢᠲᠡᠨ᠎ᠤ ᠮᠡᠳᠡᠭᠡ ᠵᠠᠩᠭᠢ ᠵᠢ ᠴᠠᠭ ᠲᠤᠬᠠᠶ᠎ᠳᠤᠨᠢ ᠡᠵᠡᠮᠰᠢᠵᠦ᠂ ᠰᠠᠯᠠᠭ᠎ᠠ ᠮᠥᠴᠢᠷ᠎ᠤᠨ ᠬᠣᠭᠣᠷᠣᠨᠳᠣᠬᠢ ᠬᠠᠮᠵᠢᠯᠴᠠᠭ᠎ᠠ ᠵᠢ ᠴᠢᠩᠭ᠋ᠠᠳᠬᠠᠨ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯᠲᠠᠨ᠎ᠢ ᠶᠡᠷᠦᠩᠬᠡᠶ᠋ᠢᠯᠡᠨ ᠬᠠᠪᠰᠤᠷᠤᠨ ᠲᠡᠳᠬᠦᠬᠦ ᠠᠵᠢᠯ᠎ᠢ ᠪᠠᠶ᠋ᠢᠩᠭᠤᠵᠢᠭᠤᠯᠤᠨ ᠰᠠᠶ᠋ᠢᠲᠤᠷ ᠬᠢᠵᠦ᠂ ᠨᠢᠭᠦᠯᠡᠰᠦᠩᠭᠦᠶ ᠵᠢᠨ ᠵᠣᠬᠢᠶᠠᠨ ᠪᠠᠶ᠋ᠢᠭᠤᠯᠤᠯᠲᠠ᠂ ᠬᠤᠳᠠᠯᠳᠤᠭ᠋ᠠᠨ᠎ᠤ ᠨᠥᠬᠥᠪᠥᠷᠢ ᠳᠠᠭ᠋ᠠᠳᠬᠠᠯ᠂ ᠡᠮᠴᠢᠯᠡᠭᠡᠨ᠎ᠤ ᠬᠠᠷᠢᠯᠴᠠᠨ ᠬᠠᠪᠰᠤᠷᠤᠯᠴᠠᠬᠤ ᠵᠡᠷᠭᠡ ᠨᠡᠶ᠋ᠢᠭᠡᠮ᠎ᠤᠨ ᠬᠦᠴᠦᠨ᠎ᠢ ᠢᠳᠡᠪᠬᠢᠲᠡᠶ᠎ᠪᠠᠷ ᠬᠥᠲᠥᠯᠦᠨ ᠵᠢᠯᠣᠭᠣᠳᠴᠤ ᠪᠠᠶ᠋ᠢᠭ᠋ᠠᠳ ᠬᠦᠴᠢᠷᠳᠡᠯᠲᠡᠶ ᠬᠦᠨᠳᠦ ᠡᠪᠡᠳᠴᠢᠲᠡᠨ᠎ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ᠎ᠳᠤ ᠣᠷᠣᠯᠴᠠᠭᠤᠯᠵᠤ᠂ ᠣᠯᠠᠨ ᠡᠰᠢᠲᠦ ᠠᠪᠤᠷᠠᠨ ᠲᠤᠰᠠᠯᠠᠬᠤ ᠪᠠᠶ᠋ᠢᠷᠢᠰᠢᠯ᠎ᠢ ᠪᠣᠶ ᠪᠣᠯᠭ᠋ᠠᠵᠤ᠂ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃
      ᠳᠥᠷᠪᠡ᠂ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ
      ᠬᠡᠯᠡᠯᠴᠡᠭᠡ ᠬᠢᠭᠰᠡᠨ ᠡᠮ᠎ᠤᠨ ᠵᠦᠢ᠍ᠯ᠎ᠤᠨ 《ᠬᠣᠣᠰ ᠨᠡᠪᠲᠡᠷᠬᠡᠢ ᠵᠠᠮ》᠎ᠤᠨ ᠬᠠᠮᠢᠶᠠᠷᠤᠯᠲᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠵᠢᠷᠤᠮᠵᠢᠭᠤᠯᠵᠤ᠂ ᠡᠮ ᠡᠮᠨᠡᠯᠭᠡ ᠵᠢᠨ ᠳᠠᠭ᠋ᠠᠳᠬᠠᠯ᠎ᠤᠨ ᠡᠯᠧᠺᠲᠷᠣᠨ ᠵᠣᠷ᠎ᠤᠨ ᠲᠥᠪ᠎ᠤᠨ ᠬᠡᠷᠡᠭᠯᠡᠯᠲᠡ ᠵᠢᠨ ᠠᠵᠢᠯ᠎ᠢ ᠪᠦᠬᠦ ᠲᠠᠯ᠎ᠠ᠎ᠪᠠᠷ ᠨᠡᠭᠡᠭᠡᠨ᠎ᠡ᠂ ᠡᠨᠡ ᠵᠢᠯ᠎ᠤᠨ 9 ᠰᠠᠷ᠎ᠠ ᠵᠢᠨ ᠰᠡᠭᠦᠯᠴᠢ᠎ᠠᠴᠠ ᠡᠮᠦᠨ᠎ᠡ᠂ ᠡᠯᠧᠺᠲᠷᠣᠨ ᠵᠣᠷ᠎ᠤᠨ ᠡᠷᠭᠢᠯᠲᠡ᠎ᠳᠤ ᠭᠤᠷᠪᠠᠳᠤᠭ᠋ᠠᠷ ᠳᠡᠰ᠎ᠠᠴᠠ ᠳᠡᠭᠡᠭᠰᠢᠬᠢ ᠠᠯᠪᠠᠨ᠎ᠠᠴᠠ ᠪᠠᠶ᠋ᠢᠭᠤᠯᠤᠭᠰᠠᠨ ᠶᠡᠷᠦᠩᠬᠡᠶ᠋ᠢᠯᠡᠭᠰᠡᠨ ᠡᠮᠨᠡᠯᠭᠡ ᠵᠢᠨ ᠬᠣᠷᠢᠶ᠎ᠠ ᠵᠢᠴᠢ ᠪᠣᠶ ᠪᠥᠬᠥᠶ 《ᠬᠣᠤᠰ ᠨᠡᠪᠲᠡᠷᠬᠡᠢ ᠵᠠᠮ》᠎ᠤᠨ ᠲᠣᠭᠲᠠᠮᠠᠯ ᠴᠡᠭ᠎ᠤᠨ ᠡᠮ᠎ᠤᠨ ᠳᠡᠯᠭᠡᠭᠦᠷ᠎ᠢ ᠬᠠᠮᠤᠷᠤᠭᠤᠯᠵᠤ᠂ ᠵᠢᠯ᠎ᠤᠨ ᠡᠴᠦᠰ᠎ᠠᠴᠠ ᠡᠮᠦᠨ᠎ᠡ ᠬᠣᠶᠠᠳᠤᠭ᠋ᠠᠷ ᠳᠡᠰ᠎ᠠᠴᠠ ᠳᠡᠭᠡᠭᠰᠢᠬᠢ ᠲᠣᠭᠲᠠᠮᠠᠯ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠨ ᠲᠣᠭᠲᠠᠮᠠᠯ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠢ ᠵᠠᠯᠭ᠋ᠠᠨ ᠬᠡᠷᠡᠭᠯᠡᠵᠦ᠂ ᠲᠣᠭᠲᠠᠮᠠᠯ ᠴᠡᠭ᠎ᠤᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠬᠠᠮᠤᠷᠬᠤ ᠬᠡᠪᠴᠢᠶ᠎ᠡ ᠵᠢ ᠲᠠᠰᠤᠷᠠᠯᠲᠠ ᠥᠬᠡᠶ ᠥᠷᠭᠡᠳᠬᠡᠨ᠂ ᠬᠡᠯᠡᠯᠴᠡᠭᠡ ᠬᠢᠭᠰᠡᠨ ᠡᠮ᠎ᠤᠨ ᠵᠦᠢ᠍ᠯ᠎ᠤᠨ ᠬᠠᠩᠭ᠋ᠠᠯᠭ᠎ᠠ ᠵᠢᠨ ᠪᠠᠲᠤᠯᠠᠭ᠎ᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠡᠭᠦᠳᠡᠨ ᠡᠮᠨᠡᠯᠭᠡ ᠵᠢᠨ ᠬᠠᠷᠢᠯᠴᠠᠨ ᠬᠠᠷᠠᠭ᠋ᠠᠯᠵᠠᠬᠤ ᠪᠠᠲᠤᠯᠠᠭ᠎ᠠ ᠵᠢ ᠲᠣᠬᠢᠷᠠᠭᠤᠯᠤᠨ ᠰᠢᠯᠢᠳᠡᠭᠵᠢᠭᠦᠯᠵᠦ᠂ ᠤᠯᠤᠰ᠎ᠤᠨ ᠣᠷᠣᠨ ᠪᠦᠰᠡ ᠵᠢᠨ ᠡᠮᠴᠢᠯᠡᠭᠡᠨ᠎ᠤ ᠲᠥᠪ᠎ᠤᠨ ᠪᠦᠲᠦᠭᠡᠨ ᠪᠠᠶ᠋ᠢᠭᠤᠯᠤᠯᠲᠠ ᠵᠢ ᠳᠡᠮᠵᠢᠵᠦ᠂ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢᠨ ᠬᠣᠯᠪᠣᠭᠳᠠᠯ ᠪᠦᠬᠦᠢ ᠡᠭᠦᠷᠭᠡ ᠬᠠᠷᠠᠯᠲᠠ ᠵᠢ ᠴᠠᠭ ᠲᠤᠬᠠᠶ᠎ᠳᠤᠨᠢ ᠪᠡᠶᠡᠯᠡᠭᠦᠯᠦᠨ᠎ᠡ᠃
      ᠲᠠᠪᠤ᠂ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ᠎ᠳᠤ ᠬᠢᠨᠠᠯᠲᠠ ᠲᠠᠯᠪᠢᠵᠤ ᠬᠠᠮᠢᠶᠠᠷᠬᠤ ᠵᠢ  ᠴᠢᠩᠭ᠋ᠠᠳᠬᠠᠨ᠎ᠠ
      ᠡᠮᠴᠢᠯᠡᠭᠡᠨ᠎ᠤ ᠳᠠᠭ᠋ᠠᠳᠬᠠᠯ᠎ᠤᠨ ᠣᠶᠤᠨᠴᠢ ᠬᠢᠨᠠᠯᠲᠠ ᠬᠠᠮᠢᠶᠠᠷᠤᠯᠲᠠ ᠵᠢ ᠪᠥᠬᠥ ᠲᠠᠯ᠎ᠠ᠎ᠪᠠᠷ ᠠᠬᠢᠭᠤᠯᠵᠤ᠂ ᠰᠠᠯᠠᠭ᠎ᠠ ᠮᠥᠴᠢᠷ᠎ᠤᠨ ᠮᠡᠳᠡᠭᠡ ᠵᠠᠩᠭᠢ ᠵᠢᠨ ᠲᠣᠭ᠎ᠠ ᠪᠠᠷᠢᠮᠲᠠ ᠵᠢ ᠬᠠᠮᠲᠤᠪᠠᠷ ᠭᠥᠷᠳᠡᠬᠦ ᠪᠠ ᠬᠠᠮᠲᠤᠷᠠᠨ ᠬᠠᠤᠯᠢ ᠬᠡᠷᠡᠭᠵᠢᠭᠦᠯᠬᠦ ᠵᠢ ᠴᠢᠩᠭ᠋ᠠᠳᠬᠠᠨ᠂ ᠢᠯᠡᠴᠢᠯᠡᠨ ᠮᠡᠳᠡᠭᠦᠯᠵᠦ ᠵᠠᠭ᠋ᠠᠯᠳᠤᠬᠤ ᠬᠠᠮᠢᠶᠠᠷᠤᠯᠲᠠ᠂ ᠵᠠᠰᠠᠭ ᠵᠠᠬᠢᠷᠭ᠋ᠠᠨ᠎ᠤ ᠬᠢᠨᠠᠯᠲᠠ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠬᠦ᠂ ᠠᠬᠤᠶ ᠲᠠᠯᠠᠪᠠᠶ ᠵᠢᠨ ᠬᠢᠨᠠᠨ ᠡᠵᠡᠮᠳᠡᠬᠦ ᠰᠢᠰᠲ᠋ᠧᠮ ᠵᠡᠷᠭᠡ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠪᠦᠲᠦᠮᠵᠢᠲᠡᠶ ᠬᠡᠷᠡᠭᠯᠡᠵᠦ᠂ ᠮᠡᠬᠡᠯᠡᠨ ᠬᠢᠬᠠᠬᠤ ᠳᠠᠭ᠋ᠠᠳᠬᠠᠯ᠎ᠳᠤ ᠴᠣᠬᠢᠯᠲᠠ ᠥᠭᠬᠦ ᠲᠤᠰᠬᠠᠶ ᠴᠡᠭᠴᠡᠯᠡᠨ ᠵᠠᠰᠠᠯᠲᠠ ᠵᠢ ᠭᠦᠨᠵᠡᠭᠡᠶ ᠥᠷᠨᠢᠭᠦᠯᠦᠨ᠎ᠡ᠃ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠢᠯᠡ᠎ᠪᠠᠷ ᠢᠯᠡᠴᠢᠯᠡᠬᠦ ᠡᠷᠴᠢᠮ᠎ᠢ ᠦᠷᠭᠦᠯᠵᠢᠯᠡᠨ ᠴᠢᠩᠭ᠋ᠠᠷᠠᠭᠤᠯᠵᠤ᠂ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢ ᠬᠢᠨᠠᠨ ᠬᠠᠮᠢᠶᠠᠷᠬᠤ ᠬᠦᠷᠢᠶᠡᠨ᠎ᠳᠠᠬᠢ ᠠᠷᠢᠭᠤᠨ ᠴᠢᠬᠡᠴᠢ ᠰᠣᠶᠣᠯ᠎ᠤᠨ ᠪᠠᠶ᠋ᠢᠭᠤᠯᠤᠯᠲᠠ ᠵᠢᠨ ᠭᠤᠷᠪᠠᠨ ᠵᠢᠯ᠎ᠤᠨ ᠠᠵᠢᠯᠯᠠᠭ᠎ᠠ ᠵᠢ ᠥᠷᠨᠢᠭᠦᠯᠦᠨ᠂ ᠬᠡᠷᠡᠭᠯᠡᠯᠲᠡ ᠵᠢᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢᠨ ᠠᠵᠢᠯᠯᠠᠭ᠋ᠠᠨ᠎ᠤ ᠵᠠᠳᠠᠯᠤᠯᠲᠠ ᠵᠢ ᠤᠯᠠᠷᠢᠯ ᠵᠶ᠋ᠠᠷ ᠥᠷᠨᠢᠭᠦᠯᠵᠦ᠂ ᠰᠠᠭᠤᠷᠢ ᠮᠥᠩᠭᠥ ᠵᠢᠨ ᠠᠵᠢᠯᠯᠠᠭ᠋ᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢᠨ ᠲᠥᠰᠦᠪ᠎ᠤᠨ ᠠᠵᠢᠯ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠠᠵᠢᠯ᠎ᠤᠨ ᠠᠮᠵᠢᠯᠲᠠ ᠪᠦᠲᠦᠮᠵᠢ ᠵᠢᠨ ᠠᠵᠢᠯᠯᠠᠭ᠋ᠠᠨ᠎ᠳᠤ ᠬᠢᠨᠠᠯᠲᠠ ᠲᠠᠯᠪᠢᠬᠤ ᠵᠢ ᠰᠠᠶ᠋ᠢᠲᠤᠷ ᠬᠢᠵᠦ᠂ ᠠᠵᠢᠯ᠎ᠤᠨ ᠠᠮᠵᠢᠯᠲᠠ ᠪᠦᠲᠦᠮᠵᠢ ᠵᠢᠨ ᠦᠨᠡᠯᠡᠯᠲᠡ ᠵᠢ ᠰᠢᠨᠵᠢᠯᠡᠬᠦ ᠤᠬᠠᠭ᠋ᠠᠨᠴᠢ᠎ᠪᠠᠷ ᠥᠷᠨᠢᠭᠦᠯᠦᠨ᠂ ᠦᠷ᠎ᠡ ᠳ᠋ᠦᠩ᠎ᠤᠨ ᠬᠡᠷᠡᠭᠯᠡᠯᠲᠡ ᠵᠢ ᠦᠨᠡᠨᠬᠦ ᠴᠢᠩᠭ᠋ᠠᠷᠠᠭᠤᠯᠵᠤ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢᠨ ᠬᠠᠮᠢᠶᠠᠷᠤᠯᠲᠠ ᠵᠢᠨ ᠲᠦᠪᠰᠢᠨ ᠪᠠ ᠬᠡᠷᠡᠭᠯᠡᠯᠲᠡ ᠵᠢᠨ ᠦᠷ᠎ᠡ ᠠᠰᠢᠭ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
      ᠵᠢᠷᠭᠤᠭ᠎ᠠ᠂ ᠳᠠᠭ᠋ᠠᠳᠬᠠᠯ᠎ᠳᠤ ᠣᠷᠣᠯᠴᠠᠬᠤ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ
      ᠡᠮ ᠡᠮᠨᠡᠯᠭᠡ ᠵᠢᠨ ᠳᠠᠭ᠋ᠠᠳᠬᠠᠯ᠎ᠤᠨ ᠭᠠᠷᠳᠠᠨ ᠭᠦᠢ᠍ᠴᠡᠳᠬᠡᠬᠦ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠵᠦ᠂ ᠡᠮ ᠡᠮᠨᠡᠯᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠥᠷᠲᠡᠭᠡ (ᠴᠡᠭ) ᠵᠢᠨ ᠭᠦᠢ᠍ᠴᠡᠳᠬᠡᠬᠦ ᠦᠢ᠍ᠯᠡᠴᠢᠯᠡᠭᠡᠨ᠎ᠤ ᠴᠢᠳᠠᠪᠤᠷᠢ ᠵᠢ ᠲᠠᠰᠤᠷᠠᠯᠲᠠ ᠦᠭᠡᠶ ᠳᠡᠭᠡᠭᠰᠢᠯᠡᠭᠦᠯᠵᠦ᠂ ᠦᠨᠳᠦᠰᠦᠨ ᠱᠠᠲᠤᠨ᠎ᠤ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠥᠷᠲᠡᠭᠡ (ᠴᠡᠭ) ᠵᠢᠨ ᠠᠵᠢᠯᠲᠠᠨ᠎ᠤ ᠪᠣᠯᠪᠠᠰᠤᠷᠠᠭᠤᠯᠤᠯ᠎ᠤᠨ ᠡᠷᠴᠢᠮ᠎ᠢ ᠴᠢᠩᠭ᠋ᠠᠷᠠᠭᠤᠯᠵᠤ᠂ ᠦᠨᠳᠦᠰᠦᠨ ᠱᠠᠲᠤᠨ᠎ᠤ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠂ ᠦᠨᠳᠦᠰᠦᠨ ᠱᠠᠲᠤᠨ᠎ᠤ ᠦᠢ᠍ᠯᠡᠴᠢᠯᠡᠭᠡᠨ᠎ᠤ ᠥᠷᠲᠡᠭᠡ ᠴᠡᠭ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠰᠠᠭᠤᠭ᠋ᠠᠯᠢ ᠠᠷᠠᠳ᠎ᠤᠨ ᠳᠠᠭ᠋ᠠᠳᠬᠠᠯ᠎ᠳᠤ ᠣᠷᠣᠯᠴᠠᠵᠤ ᠵᠢᠭᠰᠠᠭ᠋ᠠᠨ ᠪᠠᠶ᠋ᠢᠴᠠᠭ᠋ᠠᠬᠤ᠂ ᠳᠡᠩᠰᠡᠯᠡᠨ ᠲᠡᠮᠳᠡᠭᠯᠡᠬᠦ᠂ ᠬᠢᠨᠠᠨ ᠲᠣᠭᠲᠠᠭ᠋ᠠᠬᠤ ᠵᠢ ᠰᠠᠶ᠋ᠢᠲᠤᠷ ᠬᠢᠵᠦ᠂ ᠰᠦᠢ᠍ᠳᠬᠡᠯ ᠲᠤᠰᠢᠶᠠᠬᠤ ᠠᠷᠭ᠎ᠠ ᠵᠠᠮ᠎ᠢ ᠰᠠᠭ᠋ᠠᠳ ᠥᠬᠡᠶ ᠨᠡᠪᠲᠡᠷᠡᠭᠦᠯᠦᠨ᠂ ᠳᠠᠭ᠋ᠠᠳᠬᠠᠯ᠎ᠳᠤ ᠣᠷᠣᠯᠴᠠᠵᠤ ᠰᠦᠢ᠍ᠳᠬᠡᠯ ᠲᠤᠰᠢᠶᠠᠬᠤ ᠠᠷᠭ᠎ᠠ ᠮᠠᠶᠢᠭ᠎ᠲᠤ ᠰᠢᠨ᠎ᠡ ᠵᠢ ᠡᠭᠦᠳᠴᠦ᠂ ᠰᠦᠯᠵᠢᠶᠡᠨ ᠳᠡᠭᠡᠷ᠎ᠡ 《ᠨᠢᠭᠡ ᠰᠦᠯᠵᠢᠶ᠎ᠡ᠎ᠪᠠᠷ ᠪᠦᠬᠦᠨ᠎ᠢ ᠭᠦᠢ᠍ᠴᠡᠳᠬᠡᠬᠦ》᠂ ᠰᠦᠯᠵᠢᠶᠡᠨ ᠭᠠᠳᠠᠨ᠎ᠠ 《ᠨᠢᠭᠡ ᠲᠢᠩᠬᠢᠮ ᠬᠠᠮᠲᠤᠷᠠᠨ ᠭᠦᠢ᠍ᠴᠡᠳᠬᠡᠬᠦ》 《ᠨᠢᠭᠡ ᠥᠷᠲᠡᠭᠡ ᠮᠠᠶᠢᠭ》᠎ᠤᠨ ᠦᠢ᠍ᠯᠡᠴᠢᠯᠡᠭᠡᠨ᠎ᠢ ᠢᠳᠡᠪᠬᠢᠲᠡᠶ᠎ᠪᠠᠷ ᠠᠬᠢᠭᠤᠯᠤᠨ᠎ᠠ᠃
      ᠳᠣᠯᠣᠭ᠎ᠠ᠂ ᠠᠵᠢᠯ᠎ᠤᠨ ᠱᠠᠭ᠋ᠠᠷᠳᠠᠯᠭ᠎ᠠ
      ᠨᠢᠭᠡ᠎ᠳᠤ᠂ ᠵᠠᠰᠠᠭ᠎ᠤᠨ ᠣᠷᠳᠣᠨ ᠵᠶ᠋ᠠᠷ ᠤᠳᠤᠷᠢᠳᠤᠮᠵᠢ ᠪᠣᠯᠭ᠋ᠠᠨ ᠡᠯ᠎ᠡ ᠰᠠᠯᠠᠭ᠎ᠠ ᠮᠥᠴᠢᠷ᠎ᠤᠨ᠎ᠬᠢᠨ ᠬᠠᠮᠵᠢᠯᠴᠠᠵᠤ᠂ ᠡᠭᠦᠷᠭᠡ ᠬᠠᠷᠠᠯᠲᠠ ᠠᠵᠢᠯ᠎ᠤᠨ ᠠᠷᠭ᠎ᠠ ᠬᠡᠮᠵᠢᠶ᠎ᠡ ᠪᠣᠯᠤᠨ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠶ᠋ᠢᠯᠠᠵᠤ᠂ 《〈ᠪᠠᠶᠠᠨᠨᠠᠭᠤᠷ ᠬᠣᠲᠠ ᠵᠢᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠪᠥᠬᠥ ᠠᠷᠠᠳ ᠵᠶ᠋ᠠᠷ ᠵᠶ᠋ᠠᠨ ᠳᠠᠭ᠋ᠠᠳᠬᠠᠯ᠎ᠳᠤ ᠣᠷᠣᠯᠴᠠᠬᠤ ᠣᠷᠳᠣ ᠬᠤᠭᠤᠴᠠᠭ᠋ᠠᠨ᠎ᠤ ᠪᠦᠲᠦᠮᠵᠢᠲᠡᠶ ᠠᠵᠢᠯ᠎ᠤᠨ ᠲᠣᠭᠲᠠᠴᠠ ᠵᠢ ᠪᠠᠶ᠋ᠢᠭᠤᠯᠬᠤ ᠵᠢᠨ ᠬᠡᠷᠡᠭᠵᠢᠭᠦᠯᠬᠦ ᠲᠥᠰᠦᠯ〉᠎ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ》 (ᠪᠠᠶᠠᠨᠨᠠᠭᠤᠷ ᠬᠣᠲᠠ ᠵᠢᠨ ᠡᠮᠴᠢᠯᠡᠭᠡᠨ᠎ᠤ ᠳᠠᠭ᠋ᠠᠳᠬᠠᠯ ᠲᠠᠷᠬᠠᠭ᠋ᠠᠭᠰᠠᠨ [2023] 8 ᠳ᠋ᠤᠭ᠋ᠠᠷ ᠲᠣᠭ᠋ᠠᠲᠤ)᠎ᠤᠨ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ᠂ ᠬᠠᠮᠵᠢᠯᠴᠠᠬᠤ᠎ᠪᠠᠨ ᠴᠢᠩᠭ᠋ᠠᠳᠬᠠᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠲᠣᠭ᠎ᠠ ᠪᠠᠷᠢᠮᠲᠠ ᠵᠢ ᠬᠠᠮᠲᠤᠪᠠᠷ ᠭᠥᠷᠳᠡᠵᠦ ᠰᠣᠯᠢᠯᠴᠠᠬᠤ ᠲᠣᠭᠲᠠᠴᠠ ᠵᠢ ᠪᠠᠶ᠋ᠢᠭᠤᠯᠤᠨ᠂ ᠬᠠᠷᠭᠤᠭᠤᠯᠤᠨ ᠪᠠᠶ᠋ᠢᠴᠠᠭ᠋ᠠᠬᠤ᠎ᠪᠠᠷ ᠳᠡᠮᠵᠢᠨ ᠡᠯ᠎ᠡ ᠲᠥᠷᠥᠯ᠎ᠤᠨ ᠬᠥᠮᠦᠨ ᠠᠮᠠ ᠵᠢᠨ ᠰᠠᠭᠤᠷᠢ ᠲᠣᠭ᠎ᠠ ᠵᠢ ᠣᠨᠣᠪᠴᠢᠲᠠᠶ ᠡᠵᠡᠮᠰᠢᠵᠦ᠂ ᠬᠡᠪᠴᠢᠶ᠎ᠡ ᠵᠢ ᠥᠷᠭᠡᠳᠬᠡᠬᠦ ᠳᠠᠯᠳᠠ ᠬᠦᠴᠦᠨ᠎ᠢ ᠭᠦᠨᠵᠡᠭᠡᠶ ᠠᠭᠤᠳᠠᠯᠵᠤ᠂ ᠳᠠᠭ᠋ᠠᠳᠬᠠᠯ᠎ᠳᠤ ᠣᠷᠣᠯᠴᠠᠬᠤ ᠳᠠᠶ᠋ᠢᠴᠢᠯᠠᠯᠲᠠ ᠵᠢᠨ ᠠᠵᠢᠯ᠎ᠢ ᠰᠠᠶ᠋ᠢᠲᠤᠷ ᠬᠢᠨ᠎ᠠ᠃
      ᠬᠣᠶᠠᠷ᠎ᠲᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠭᠰᠠᠨ ᠣᠯᠠᠨ ᠰᠠᠯᠠᠭ᠎ᠠ ᠮᠥᠴᠢᠷ᠎ᠤᠨ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠭᠦᠢ᠍ᠴᠡᠳ ᠠᠰᠢᠭᠯᠠᠵᠤ᠂ ᠰᠤᠮᠤ ᠪᠠᠯᠭ᠋ᠠᠰᠤ᠂ ᠲᠠᠷᠢᠶᠠᠯᠠᠩ᠎ᠤᠨ ᠲᠠᠯᠠᠪᠠᠶ ᠵᠢᠨ ᠲᠥᠪᠯᠡᠷᠡᠭᠦᠯᠦᠨ ᠣᠷᠣᠯᠠᠨ ᠬᠤᠷᠢᠶᠠᠵᠤ ᠣᠷᠣᠯᠠᠨ ᠭᠦᠢ᠍ᠴᠡᠳᠬᠡᠬᠦ ᠨᠢᠭᠡᠴᠡ ᠵᠢᠨ ᠦᠢ᠍ᠯᠡᠳᠦᠯ᠎ᠢ ᠪᠠᠳᠠᠷᠠᠭᠤᠯᠵᠤ᠂ ᠳᠠᠭ᠋ᠠᠳᠬᠠᠯ᠎ᠳᠤ ᠣᠷᠣᠯᠴᠠᠵᠤ ᠰᠦᠢ᠍ᠳᠬᠡᠯ ᠲᠤᠰᠢᠶᠠᠬᠤ ᠠᠵᠢᠯ᠎ᠢ ᠬᠠᠪᠰᠤᠷᠤᠨ ᠰᠠᠶ᠋ᠢᠲᠤᠷ ᠬᠢᠵᠦ᠂ ᠪᠠᠯᠠ ᠴᠤᠭᠯᠠᠭᠤᠯᠬᠤ ᠪᠠ ᠣᠯᠭᠣᠮᠵᠢ ᠵᠢᠨ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠶ᠋ᠢᠯᠪᠤᠷᠢᠯᠠᠬᠤ ᠵᠢ ᠭᠣᠤᠯᠳᠠᠯᠭ᠎ᠠ᠎ᠲᠠᠢ ᠰᠠᠶ᠋ᠢᠲᠤᠷ ᠬᠢᠵᠦ᠂ ᠡᠮᠴᠢᠯᠡᠭᠡᠨ᠎ᠤ ᠳᠠᠭ᠋ᠠᠳᠬᠠᠯ᠎ᠤᠨ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠡᠳᠬᠦᠬᠦ᠂ ᠬᠠᠷᠢᠭᠤᠴᠠᠯᠭ᠎ᠠ ᠵᠢ ᠬᠠᠮᠲᠤᠪᠠᠷ ᠡᠭᠦᠷᠭᠡᠯᠡᠬᠦ᠂ ᠬᠠᠮᠲᠤᠪᠠᠷ ᠪᠠᠶ᠋ᠢᠭᠤᠯᠵᠤ ᠬᠠᠮᠲᠤᠪᠠᠷ ᠭᠥᠷᠳᠡᠬᠦ ᠣᠨᠣᠯᠵᠢᠬᠤᠨ᠎ᠢ ᠲᠦᠭᠡᠮᠡᠯᠵᠢᠭᠦᠯᠦᠨ᠂ ᠣᠯᠠᠨ ᠲᠦᠮᠡᠨ᠎ᠤ ᠳᠠᠭ᠋ᠠᠳᠬᠠᠯ᠎ᠳᠤ ᠣᠷᠣᠯᠴᠠᠵᠤ ᠰᠦᠢ᠍ᠳᠬᠡᠯ ᠲᠤᠰᠢᠶᠠᠬᠤ ᠦᠵᠡᠯ ᠤᠬᠠᠮᠰᠠᠷ᠎ᠢ ᠴᠢᠩᠭ᠋ᠠᠷᠠᠭᠤᠯᠵᠤ᠂ ᠵᠢᠱ᠌ᠢᠯᠲᠡ ᠵᠢ ᠵᠦᠶ ᠵᠣᠬᠢᠰᠲᠠᠶ ᠬᠥᠲᠥᠯᠦᠨ ᠵᠢᠯᠣᠭᠣᠳᠤᠨ᠎ᠠ᠃ ᠶᠠᠷᠢᠶ᠎ᠠ ᠬᠡᠯᠡᠯᠴᠡᠭᠡᠨ᠎ᠤ ᠠᠶᠤᠯ ᠲᠦᠭᠰᠢᠭᠦᠷᠢ ᠵᠢ ᠠᠷᠭ᠋ᠠᠴᠠᠬᠤ ᠵᠢ ᠰᠠᠶ᠋ᠢᠲᠤᠷ ᠬᠢᠵᠦ᠂ ᠴᠢᠬᠤᠯᠠ ᠶᠡᠬᠡ ᠪᠠᠶ᠋ᠢᠳᠠᠯ ᠲᠣᠬᠢᠶᠠᠯᠳᠤᠪᠠᠯ ᠴᠠᠭ ᠲᠤᠬᠠᠶ᠎ᠳᠤᠨᠢ ᠮᠡᠳᠡᠭᠦᠯᠬᠦ ᠬᠡᠷᠡᠭᠲᠡᠶ᠃
          

                               ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ
                                     2023 ᠣᠨ᠎ᠤ 9 ᠰᠠᠷ᠎ᠠ ᠵᠢᠨ 5᠎ᠤ ᠡᠳᠦᠷ

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ