ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ 《ᠳᠣᠣᠷ᠎ᠠ ᠤᠳᠠᠭ᠋ᠠᠨ ᠪᠠᠭ᠎ᠠ 》 ᠠᠭ᠋ᠠᠷ᠎ᠤᠨ ᠨᠢᠰᠦᠭᠦᠷ᠎ᠤᠨ ᠨᠢᠰᠦᠯᠲᠡ ᠵᠢ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠬᠤ ᠲᠤᠬᠠᠢ ᠵᠠᠷᠯᠠᠯ
ᠨᠡᠶ᠋ᠢᠲᠡᠯᠡᠭᠰᠡᠨ ᠴᠠᠭ᠄ 2023-09-07
ᠪᠠᠶᠠᠨᠨᠠᠭᠤᠷ ᠣᠷᠣᠨ᠎ᠤ ᠠᠭ᠋ᠠᠷ᠎ᠤᠨ ᠠᠮᠤᠷ ᠲᠦᠪᠰᠢᠨ᠎ᠢ ᠬᠠᠮᠠᠭ᠋ᠠᠯᠠᠵᠤ᠂ ᠡᠯ᠎ᠡ ᠲᠥᠷᠥᠯ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠲᠡᠷᠭᠡᠨ ᠥᠷᠲᠡᠭᠡ ᠪᠣᠯᠣᠨ ᠬᠥᠮᠥᠨ ᠨᠢᠭᠲᠠᠷᠠᠨ ᠴᠤᠭᠯᠠᠷᠠᠭᠰᠠᠨ ᠲᠠᠯᠠᠪᠤᠷ᠎ᠤᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠨᠢᠰᠦᠯᠲᠡ ᠵᠢᠨ ᠠᠵᠢᠯᠯᠠᠭ᠎ᠠ ᠵᠢ ᠬᠣᠷᠢᠭᠯᠠᠬᠤ ᠵᠢᠨ ᠲᠤᠰᠠᠳᠠ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ᠂ ᠡᠳᠦᠭᠡ ᠪᠠᠶᠠᠨᠨᠠᠭᠤᠷ ᠬᠣᠲᠠ ᠵᠢᠨ 《ᠳᠣᠣᠷ᠎ᠠ ᠤᠳᠠᠭ᠋ᠠᠨ ᠪᠠᠭ᠎ᠠ》 ᠠᠭ᠋ᠠᠷ᠎ᠤᠨ ᠨᠢᠰᠦᠭᠦᠷ᠎ᠤᠨ ᠨᠢᠰᠦᠯᠲᠡ ᠵᠢ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠬᠤ ᠬᠠᠮᠢᠶ᠎ᠠ ᠪᠦᠬᠦᠢ ᠵᠦᠢ᠍ᠯᠡᠰ᠎ᠢ ᠳᠣᠣᠷᠠᠬᠢ ᠮᠡᠲᠦ ᠵᠠᠷᠯᠠᠶ᠎ᠠ᠄
ᠨᠢᠭᠡ᠂ ᠬᠠᠮᠢᠶᠠᠷᠤᠨ ᠡᠵᠡᠮᠳᠡᠬᠦ ᠣᠷᠣᠨ ᠪᠦᠰᠡ ᠪᠠ ᠴᠠᠭ ᠬᠤᠭᠤᠴᠠᠭ᠎ᠠ
(ᠨᠢᠭᠡ) ᠬᠠᠮᠢᠶᠠᠷᠤᠨ ᠡᠵᠡᠮᠳᠡᠬᠦ ᠣᠷᠣᠨ ᠪᠦᠰᠡ
ᠪᠠᠶᠠᠨᠨᠠᠭᠤᠷ ᠬᠣᠲᠠ ᠵᠢᠨ ᠵᠠᠰᠠᠭ ᠵᠠᠬᠢᠷᠭ᠋ᠠᠨ ᠤ ᠣᠷᠣᠨ ᠤ ᠪᠥᠬᠥ ᠴᠠᠷᠠᠭ᠎ᠠ᠂ ᠵᠢᠩᠬᠢᠨᠢ ᠥᠨᠳᠥᠷ᠎ᠨᠢ 1000 ᠮᠧᠲᠷ (1000 ᠮᠧᠲᠷ᠎ᠢ ᠪᠠᠭᠲᠠᠭ᠋ᠠᠨ᠎ᠠ)᠎ᠠᠴᠠ ᠳᠣᠷᠣᠭᠰᠢ ᠬᠡᠪᠴᠢᠶᠡᠨ ᠳᠣᠲᠣᠷ᠎ᠠ᠃
(ᠬᠣᠶᠠᠷ) ᠬᠠᠮᠢᠶᠠᠷᠤᠨ ᠡᠵᠡᠮᠳᠡᠬᠦ ᠴᠠᠭ ᠬᠤᠭᠤᠴᠠᠭ᠎ᠠ
2023 ᠣᠨ᠎ᠤ 6 ᠰᠠᠷ᠎ᠠ ᠵᠢᠨ 2᠎ᠤᠨ ᠡᠳᠦᠷ᠎ᠤᠨ 0 ᠴᠠᠭ᠎ᠠᠴᠠ 6 ᠰᠠᠷ᠎ᠠ ᠵᠢᠨ 30᠎ᠤ ᠡᠳᠦᠷ᠎ᠤᠨ 24 ᠴᠠᠭ ᠪᠣᠯᠲᠠᠯ᠎ᠠ᠃
ᠬᠣᠶᠠᠷ᠂ ᠬᠠᠮᠢᠶᠠᠷᠤᠨ ᠡᠵᠡᠮᠳᠡᠬᠦ ᠡᠲᠡᠭᠡᠳ
《ᠳᠣᠣᠷ᠎ᠠ ᠤᠳᠠᠭ᠋ᠠᠨ ᠪᠠᠭ᠎ᠠ》 ᠠᠭ᠋ᠠᠷ᠎ᠤᠨ ᠨᠢᠰᠦᠭᠦᠷ ᠭᠡᠳᠡᠭ ᠪᠣᠯ ᠨᠢᠰᠦᠯᠲᠡ ᠵᠢᠨ ᠥᠨᠳᠥᠷ᠎ᠨᠢ ᠳᠣᠣᠷ᠎ᠠ᠂ ᠨᠢᠰᠬᠦ ᠬᠤᠷᠳᠤᠴᠠ᠎ᠨᠢ ᠤᠳᠠᠭ᠋ᠠᠨ᠂ ᠷᠠᠳᠠᠷ᠎ᠤᠨ ᠣᠢ᠌ᠯᠲᠠ ᠵᠢᠨ ᠲᠡᠯᠡᠪᠡᠢ᠎ᠨᠢ ᠪᠠᠭ᠎ᠠ ᠠᠭ᠋ᠠᠷ᠎ᠤᠨ ᠨᠢᠰᠦᠭᠦᠷ᠎ᠢ ᠵᠢᠭ᠋ᠠᠵᠤ ᠪᠠᠢ᠌ᠨ᠎ᠠ᠂ ᠡᠭᠦᠨ᠎ᠳᠤ ᠭᠣᠣᠯᠳᠠᠭᠤ᠄ ᠵᠢᠯᠣᠭᠣᠴᠢ ᠦᠭᠡᠢ ᠨᠢᠰᠬᠡᠯ᠂ ᠬᠥᠩᠭᠡᠨ ᠬᠡᠯᠪᠡᠷᠢ ᠪᠠ ᠭᠡᠳᠦ ᠬᠥᠩᠭᠡᠨ ᠬᠡᠯᠪᠡᠷᠢ ᠵᠢᠨ ᠨᠢᠰᠬᠡᠯ᠂ ᠬᠥᠩᠭᠡᠨ ᠬᠡᠯᠪᠡᠷᠢ ᠵᠢᠨ ᠡᠭᠴᠡ ᠨᠢᠰᠬᠡᠯ᠂ ᠬᠠᠯᠢᠬᠤ ᠨᠢᠰᠬᠡᠯ᠂ ᠭᠤᠷᠪᠠᠯᠵᠢᠨ ᠳᠠᠯᠠᠪᠴᠢᠲᠤ ᠨᠢᠰᠦᠭᠦᠷ᠂ ᠬᠠᠯᠢᠬᠤ ᠰᠢᠬᠦᠷ᠂ ᠬᠥᠳᠡᠯᠭᠡᠭᠦᠷᠲᠦ ᠰᠢᠬᠦᠷ᠂ ᠬᠠᠯᠠᠭᠤᠨ ᠬᠡᠢ᠌ᠲᠦ ᠪᠥᠮᠪᠥᠭᠡ᠂ ᠬᠡᠢ᠌ᠲᠦ ᠣᠩᠭᠣᠴᠠ᠂ ᠠᠭ᠋ᠠᠷ᠎ᠤᠨ ᠠᠶᠠᠯᠠᠯ ᠰᠠᠨᠰᠠᠷ᠎ᠤᠨ ᠠᠶᠠᠯᠠᠯ᠎ᠤᠨ ᠵᠠᠭᠪᠤᠷ᠂ ᠠᠭ᠋ᠠᠷ᠎ᠲᠤ ᠬᠥᠪᠬᠦ ᠬᠡᠢ ᠪᠥᠮᠪᠥᠭᠡ ᠵᠢᠴᠢ ᠳᠡᠭᠳᠡᠭᠦᠷ ᠳ᠋ᠧᠩᠯᠦ ᠪᠣᠯᠤᠨ ᠪᠤᠰᠤᠳ ᠠᠭ᠋ᠠᠷ᠎ᠲᠤ ᠬᠥᠪᠬᠦ ᠪᠣᠳᠠᠰ ᠪᠠᠭᠲᠠᠨ᠎ᠠ᠃
ᠭᠤᠷᠪᠠ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ
(ᠨᠢᠭᠡ) ᠳᠡᠭᠡᠷ᠎ᠡ ᠳᠤᠷᠠᠳᠤᠭᠰᠠᠨ ᠬᠠᠮᠢᠶᠠᠷᠤᠨ ᠡᠵᠡᠮᠳᠡᠬᠦ ᠣᠷᠣᠨ ᠪᠦᠰᠡ ᠪᠠ ᠴᠠᠭ᠎ᠤᠨ ᠳᠣᠲᠣᠷ᠎ᠠ᠂ ᠠᠭ᠋ᠠᠷ᠎ᠤᠨ ᠴᠡᠷᠢᠭ ᠪᠤᠶᠤ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ ᠵᠶ᠋ᠡᠷ ᠵᠥᠪᠰᠢᠶᠡᠷᠡᠭᠦᠯᠦᠭᠰᠡᠨ ᠦᠭᠡᠢ 《ᠳᠣᠣᠷ᠎ᠠ ᠤᠳᠠᠭ᠋ᠠᠨ ᠪᠠᠭ᠎ᠠ》 ᠠᠭ᠋ᠠᠷ᠎ᠤᠨ ᠨᠢᠰᠦᠭᠦᠷ᠎ᠤᠨ ᠨᠢᠰᠬᠦ᠂ ᠲᠠᠯᠪᠢᠬᠤ ᠵᠢ ᠴᠠᠭ᠋ᠠᠵᠠᠯᠠᠨ᠎ᠠ᠃
(ᠬᠣᠶᠠᠷ) ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠨᠢᠰᠦᠯᠲᠡ ᠵᠢᠨ ᠦᠢ᠍ᠯᠡ ᠠᠵᠢᠯᠯᠠᠭ᠎ᠠ ᠵᠢ ᠬᠠᠮᠢᠶ᠎ᠠ ᠪᠦᠬᠦᠢ ᠰᠠᠯᠠᠭ᠎ᠠ ᠮᠥᠴᠢᠷ᠎ᠠᠴᠠ ᠬᠠᠤᠯᠢ ᠶᠣᠰᠣᠭ᠋ᠠᠷ ᠬᠣᠷᠢᠭᠯᠠᠨ ᠵᠣᠭᠰᠤᠭ᠋ᠠᠬᠤ ᠵᠢᠨ ᠬᠠᠮᠲᠤ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ ᠰᠢᠢ᠍ᠳᠬᠡᠨ᠎ᠡ; ᠤᠢ᠍ᠢ᠍ᠯᠠ ᠪᠠᠢ᠌ᠳᠠᠯ᠎ᠨᠢ ᠬᠦᠨᠳᠦ ᠨᠣᠴᠢᠲᠠᠢ ᠪᠠᠢ᠌ᠵᠤ ᠶᠠᠯ᠎ᠠ ᠪᠣᠯᠵᠤ ᠪᠦᠷᠢᠯᠳᠦᠭᠰᠡᠨ ᠪᠠᠢ᠌ᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠡᠷᠡᠭ᠎ᠤᠨ ᠬᠠᠷᠢᠭᠤᠴᠠᠯᠭ᠎ᠠ ᠨᠡᠬᠡᠮᠵᠢᠯᠡᠨ᠎ᠡ᠃
(ᠭᠤᠷᠪᠠ) ᠣᠯᠠᠨ ᠲᠦᠮᠡᠨ ᠲᠣᠰ ᠵᠠᠷᠯᠠᠯ᠎ᠤᠨ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠣᠯᠵᠤ ᠮᠡᠳᠡᠪᠡᠯ 110 ᠴᠠᠭᠳᠠᠭ᠎ᠠ᠎ᠳᠤ ᠮᠡᠳᠡᠭᠦᠯᠬᠦ ᠤᠲᠠᠰᠤ᠎ᠪᠠᠷ ᠢᠯᠡᠴᠢᠯᠡᠨ ᠮᠡᠳᠡᠭᠦᠯᠵᠦ ᠪᠣᠯᠣᠨ᠎ᠠ᠃
ᠡᠭᠦᠨ᠎ᠤ ᠲᠤᠯᠠ ᠣᠨᠴᠠᠭ᠋ᠠᠢ᠌ᠯᠠᠨ ᠵᠠᠷᠯᠠᠪᠠ᠃
ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ
2023 ᠣᠨ᠎ᠤ 6 ᠰᠠᠷ᠎ᠠ ᠵᠢᠨ 2᠎ᠤᠨ ᠡᠳᠦᠷ
ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ