ᠲᠣᠭᠲᠠᠭ᠋ᠠᠯ᠎ᠠᠴᠠ ᠵᠥᠷᠢᠴᠡᠨ ᠮᠠᠯ ᠬᠠᠷᠢᠭᠤᠯᠬᠤ᠂ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯ ᠬᠠᠷᠢᠭᠤᠯᠬᠤ ᠬᠠᠮᠢᠶᠠᠷᠤᠯᠲᠠ ᠵᠢ ᠴᠢᠩᠭ᠋ᠠᠳᠬᠠᠬᠤ ᠲᠤᠬᠠᠶ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2023-12-01
ᠳ᠋ᠸᠩᠺᠸᠦ ᠵᠠᠰᠠᠭ ᠠᠯᠪᠠᠨ ᠦᠰᠦᠭ[2023]63 ᠲᠣᠭ᠋ᠠᠲᠤ
ᠡᠯ᠎ᠡ ᠰᠤᠮᠤ ᠪᠠᠯᠭ᠋ᠠᠰᠤ᠂ ᠲᠠᠷᠢᠶᠠᠯᠠᠩ᠎ᠤᠨ ᠲᠠᠯᠠᠪᠠᠶ ᠵᠢᠨ ᠺᠣᠮᠫᠠᠨᠢ᠎ᠳᠤ᠄
ᠨᠤᠲᠤᠭ ᠪᠡᠯᠴᠢᠭᠡᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ᠎ᠬᠢᠨ ᠡᠳᠦᠷ ᠲᠤᠲᠤᠮ᠎ᠤᠨ ᠲᠣᠭᠣᠷᠢᠨ ᠪᠠᠶ᠋ᠢᠴᠠᠭ᠋ᠠᠬᠤ ᠶᠠᠪᠤᠴᠠ᠎ᠳᠠᠭᠠᠨ ᠣᠯᠵᠤ ᠮᠡᠳᠡᠭᠰᠡᠨ᠎ᠨᠢ᠂ ᠬᠡᠰᠡᠭ ᠰᠤᠮᠤ ᠪᠠᠯᠭ᠋ᠠᠰᠤ᠂ ᠲᠠᠷᠢᠶᠠᠯᠠᠩ᠎ᠤᠨ ᠲᠠᠯᠠᠪᠠᠶ ᠵᠢᠨ ᠺᠣᠮᠫᠠᠨᠢ ᠵᠢᠨ ᠬᠢᠯᠢ ᠳᠣᠲᠣᠷᠠᠬᠢ ᠨᠤᠲᠤᠭ ᠪᠡᠯᠴᠢᠭᠡᠷ ᠳᠡᠭᠡᠷ᠎ᠡ ᠲᠣᠭᠲᠠᠭ᠋ᠠᠯ᠎ᠠᠴᠠ ᠵᠥᠷᠢᠴᠡᠨ ᠮᠠᠯ ᠮᠠᠯᠵᠢᠭᠰᠠᠨ᠂ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯ ᠮᠠᠯᠵᠢᠭᠰᠠᠨ ᠦᠵᠡᠭᠳᠡᠯ ᠣᠷᠣᠰᠢᠵᠤ ᠪᠠᠶ᠋ᠢᠨ᠎ᠠ᠃ ᠰᠢ ᠵᠢᠨ ᠫᠢᠩ ᠶᠡᠷᠦᠩᠬᠡᠶ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠪᠣᠯᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠤᠲᠤᠭ ᠪᠡᠯᠴᠢᠭᠡᠷ᠎ᠤᠨ ᠲᠣᠭᠲᠠᠭ᠋ᠠᠯ᠎ᠠᠴᠠ ᠵᠥᠷᠢᠴᠡᠨ ᠮᠠᠯ ᠬᠠᠷᠢᠭᠤᠯᠬᠤ᠂ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯ ᠬᠠᠷᠢᠭᠤᠯᠬᠤ ᠵᠡᠷᠭᠡ ᠠᠰᠠᠭᠤᠳᠠᠯ᠎ᠢ ᠪᠦᠲᠦᠮᠵᠢᠲᠡᠶ ᠰᠢᠢ᠍ᠳᠪᠦᠷᠢᠯᠡᠨ᠂ ᠨᠤᠲᠤᠭ ᠪᠡᠯᠴᠢᠭᠡᠷ᠎ᠢ ᠠᠮᠤᠷᠵᠢᠭᠤᠯᠤᠨ ᠲᠡᠩᠬᠡᠷᠡᠭᠦᠯᠬᠦ ᠪᠠ ᠮᠠᠯ ᠠᠵᠤ ᠠᠬᠤᠶ ᠵᠢᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠭᠦᠯᠬᠦ ᠵᠢ ᠠᠬᠢᠭᠤᠯᠬᠤ ᠵᠢᠨ ᠲᠤᠰᠠᠳᠠ᠂ ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭ᠋ᠠᠬᠤ ᠪᠠ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠲᠥᠷᠢᠮ》 (ᠳᠣᠷᠣᠭᠰᠢ ᠲᠥᠷᠢᠮ ᠭᠡᠵᠦ ᠲᠣᠪᠴᠢᠯᠠᠨ᠎ᠠ)᠎ᠢ ᠲᠠᠨᠠᠷ᠎ᠲᠤ ᠤᠯᠠᠮᠵᠢᠯᠠᠨ ᠶᠠᠪᠤᠭᠤᠯᠤᠯ᠎ᠠ᠂ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠶ᠃
《ᠲᠦᠷᠢᠮ》᠎ᠤᠨ ᠵᠢᠷᠭᠤᠳᠤᠭ᠋ᠠᠷ ᠵᠦᠢ᠍ᠯ᠎ᠳᠤ᠄ ᠨᠤᠲᠤᠭ ᠪᠡᠯᠴᠢᠭᠡᠷ᠎ᠤᠨ ᠬᠡᠷᠡᠭᠯᠡᠭᠴᠢ᠂ ᠨᠤᠲᠤᠭ ᠪᠡᠯᠴᠢᠭᠡᠷ᠎ᠤᠨ ᠳᠠᠭ᠋ᠠᠭ᠋ᠠᠴᠢᠯᠠᠨ ᠡᠵᠡᠩᠨᠡᠭᠴᠢ ᠪᠣᠯ ᠨᠤᠲᠤᠭ ᠪᠡᠯᠴᠢᠭᠡᠷ᠎ᠢ ᠬᠠᠮᠠᠭ᠋ᠠᠯᠠᠬᠤ ᠭᠣᠣᠯ ᠴᠣᠭᠴᠠ ᠮᠥᠨ᠂ ᠨᠤᠲᠤᠭ ᠪᠡᠯᠴᠢᠭᠡᠷ᠎ᠢ ᠬᠠᠤᠯᠢ ᠶᠣᠰᠣᠭ᠋ᠠᠷ ᠬᠠᠮᠠᠭ᠋ᠠᠯᠠᠬᠤ ᠪᠠ ᠵᠦᠢ ᠵᠣᠬᠢᠰᠲᠠᠶ ᠠᠰᠢᠭᠯᠠᠵᠤ᠂ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭ᠋ᠠᠬᠤ ᠪᠠ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠪᠠ ᠪᠡᠯᠴᠢᠭᠡᠷᠯᠡᠭᠦᠯᠬᠦ ᠵᠢ ᠵᠣᠭᠰᠣᠭ᠋ᠠᠬᠤ ᠲᠦᠷᠢᠮ᠎ᠢ ᠵᠢᠷᠤᠮᠯᠠᠵᠤ᠂ ᠨᠤᠲᠤᠭ ᠪᠡᠯᠴᠢᠭᠡᠷ᠎ᠢ ᠬᠠᠮᠠᠭ᠋ᠠᠯᠠᠬᠤ ᠡᠭᠦᠷᠭᠡ ᠵᠢ ᠭᠦᠢ᠍ᠴᠡᠳᠬᠡᠬᠦ ᠬᠡᠷᠡᠭᠲᠡᠶ ᠭᠡᠵᠦ ᠲᠣᠳᠣᠷᠬᠠᠶ ᠲᠣᠭᠲᠠᠭ᠋ᠠᠵᠠᠶ᠃ ᠠᠷᠪᠠᠨ ᠲᠠᠪᠤᠳᠤᠭ᠋ᠠᠷ ᠵᠦᠢ᠍ᠯ᠎ᠳᠤ᠄ ᠥᠪᠡᠷᠲᠡᠭᠡᠨ ᠵᠠᠰᠠᠬᠤ ᠣᠷᠣᠨ᠎ᠠᠴᠠ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭ᠋ᠠᠬᠤ ᠪᠠ ᠪᠡᠯᠴᠢᠭᠡᠷᠯᠡᠭᠦᠯᠬᠦ ᠵᠢ ᠵᠣᠭᠰᠣᠭ᠋ᠠᠵᠤ ᠪᠡᠯᠴᠢᠭᠡᠷᠯᠡᠭᠦᠯᠬᠦ ᠵᠢ ᠵᠣᠭᠰᠣᠭ᠋ᠠᠬᠤ ᠲᠥᠷᠢᠮ᠎ᠤᠨ ᠵᠠᠰᠠᠭ᠎ᠤᠨ ᠣᠷᠳᠣᠨ᠎ᠤ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢᠨ ᠲᠣᠭᠲᠠᠴᠠ ᠵᠢ ᠪᠠᠶ᠋ᠢᠭᠤᠯᠤᠨ ᠨᠠᠶ᠋ᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠪᠥᠬᠥ ᠣᠷᠣᠨ᠎ᠤ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭ᠋ᠠᠬᠤ ᠪᠠ ᠪᠡᠯᠴᠢᠭᠡᠷᠯᠡᠭᠦᠯᠬᠦ ᠵᠢ ᠵᠣᠭᠰᠣᠭ᠋ᠠᠵᠤ ᠪᠡᠯᠴᠢᠭᠡᠷ ᠰᠡᠷᠭᠦᠭᠡᠬᠦ ᠠᠶ᠋ᠢᠮᠠᠭ᠎ᠤᠨ ᠵᠠᠬᠢᠷᠭ᠎ᠠ᠂ ᠲᠣᠭᠣᠷᠢᠭ᠎ᠲᠠᠢ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭ᠋ᠠᠬᠤ ᠪᠠ ᠪᠡᠯᠴᠢᠭᠡᠷᠯᠡᠭᠦᠯᠬᠦ ᠵᠢ ᠵᠣᠭᠰᠣᠭ᠋ᠠᠵᠤ ᠪᠡᠯᠴᠢᠭᠡᠷ ᠰᠡᠷᠭᠦᠭᠡᠬᠦ ᠠᠵᠢᠯ᠎ᠢ ᠵᠢᠯᠣᠭᠣᠳᠤᠨ ᠬᠢᠨᠠᠯᠲᠠ ᠲᠠᠯᠪᠢᠨ᠎ᠠ᠃ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠲᠣᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠪᠡᠯᠴᠢᠭᠡᠷ ᠮᠠᠯ᠎ᠢ ᠲᠡᠩᠴᠡᠭᠦᠷᠢ᠎ᠲᠠᠢ ᠪᠠᠶ᠋ᠢᠯᠭ᠋ᠠᠬᠤ ᠪᠠ ᠪᠡᠯᠴᠢᠭᠡᠷᠯᠡᠭᠦᠯᠬᠦ ᠵᠢ ᠵᠣᠭᠰᠣᠭ᠋ᠠᠵᠤ ᠪᠡᠯᠴᠢᠭᠡᠷ ᠰᠡᠷᠭᠦᠭᠡᠬᠦ ᠠᠵᠢᠯ᠎ᠢ ᠪᠣᠳᠠᠲᠠᠶ ᠬᠠᠷᠢᠭᠤᠴᠠᠨ᠎ᠠ᠃ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠨᠢ ᠲᠣᠰ ᠬᠠᠷᠢᠶ᠎ᠠ ᠣᠷᠣᠨ᠎ᠤ᠎ᠪᠠᠨ ᠳᠣᠲᠣᠷᠠᠬᠢ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭ᠋ᠠᠬᠤ ᠪᠠ ᠪᠡᠯᠴᠢᠭᠡᠷᠯᠡᠭᠦᠯᠬᠦ ᠵᠢ ᠵᠣᠭᠰᠣᠭ᠋ᠠᠵᠤ ᠪᠡᠯᠴᠢᠭᠡᠷ ᠰᠡᠷᠭᠦᠭᠡᠬᠦ ᠠᠵᠢᠯ᠎ᠢ ᠪᠣᠳᠠᠲᠠᠶ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠬᠡᠷᠡᠭᠲᠡᠶ᠃ ᠭᠤᠴᠢᠨ ᠲᠠᠪᠤᠳᠤᠭ᠋ᠠᠷ ᠵᠦᠢ᠍ᠯ᠎ᠳᠤ ᠲᠣᠳᠣᠷᠬᠠᠶ ᠲᠣᠭᠲᠠᠭ᠋ᠠᠭᠰᠠᠨ᠎ᠨᠢ᠄ ᠲᠣᠰ ᠲᠦᠷᠢᠮ᠎ᠤᠨ ᠠᠷᠪᠠᠨ ᠳᠣᠯᠣᠳᠤᠭ᠋ᠠᠷ ᠵᠦᠢ᠍ᠯ᠎ᠤᠨ ᠲᠣᠭᠲᠠᠭ᠋ᠠᠯ᠎ᠢ ᠵᠥᠷᠢᠴᠡᠵᠦ᠂ ᠬᠢᠨᠠᠨ ᠲᠣᠭᠲᠠᠭ᠋ᠠᠭᠰᠠᠨ ᠪᠡᠯᠴᠢᠭᠡᠷ᠎ᠤᠨ ᠪᠠᠭᠲᠠᠭ᠋ᠠᠮᠵᠢ ᠵᠢᠨ ᠬᠡᠮᠵᠢᠶ᠎ᠡ᠎ᠠᠴᠠ ᠬᠡᠲᠦᠷᠡᠭᠦᠯᠦᠨ ᠪᠡᠯᠴᠢᠭᠡᠷᠯᠡᠭᠦᠯᠦᠭᠰᠡᠨ ᠪᠠᠶ᠋ᠢᠪᠠᠯ᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ ᠪᠤᠶᠤ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠠᠴᠠ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠤᠭᠤᠯᠤᠨ᠎ᠠ; ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶ᠋ᠢᠪᠠᠯ᠂ ᠳᠠᠭ᠋ᠠᠭ᠋ᠠᠴᠠ᠎ᠠᠴᠠ ᠬᠡᠲᠦᠷᠡᠭᠰᠡᠨ ᠬᠣᠨᠢᠨ᠎ᠤ ᠨᠢᠭᠡᠴᠢ ᠪᠦᠷᠢ ᠵᠢ 100 ᠲᠥᠭᠥᠷᠢᠭ ᠵᠶ᠋ᠠᠷ ᠲᠣᠷᠭ᠋ᠠᠬᠤ᠎ᠪᠠᠷ ᠰᠢᠢ᠍ᠳᠬᠡᠨ᠎ᠡ᠃ ᠪᠡᠯᠴᠢᠭᠡᠷᠯᠡᠭᠦᠯᠬᠦ ᠵᠢ ᠴᠠᠭ᠋ᠠᠵᠠᠯᠠᠭᠰᠠᠨ ᠣᠷᠣᠨ ᠪᠤᠶᠤ ᠪᠡᠯᠴᠢᠭᠡᠷᠯᠡᠭᠦᠯᠬᠦ ᠵᠢ ᠵᠣᠭᠰᠣᠭ᠋ᠠᠭᠰᠠᠨ ᠬᠤᠭᠤᠴᠠᠭ᠋ᠠᠨ᠎ᠳᠤ ᠮᠠᠯ ᠬᠠᠷᠢᠭᠤᠯᠤᠭᠰᠠᠨ ᠪᠠᠶ᠋ᠢᠪᠠᠯ᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ ᠪᠤᠶᠤ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠠᠴᠠ ᠵᠠᠷᠯᠢᠭᠳᠠᠨ ᠵᠠᠯᠠᠷᠠᠭᠤᠯᠤᠭᠤᠯᠵᠤ᠂ ᠬᠠᠤᠯᠢ᠎ᠠᠴᠠ ᠵᠥᠷᠢᠴᠡᠨ ᠬᠣᠨᠢ ᠬᠠᠷᠢᠭᠤᠯᠬᠤ ᠨᠢᠭᠡᠴᠡ ᠨᠢᠭᠡᠪᠦᠷᠢ ᠵᠢᠨ 120 ᠲᠥᠭᠥᠷᠢᠭ᠎ᠤᠨ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠬᠡᠨ᠎ᠡ᠃ ᠲᠦᠷᠢᠮ᠎ᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠲᠣᠭᠲᠠᠭ᠋ᠠᠯ᠎ᠠᠴᠠ ᠵᠥᠷᠢᠴᠡᠨ ᠮᠠᠯ ᠬᠠᠷᠢᠭᠤᠯᠬᠤ᠂ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯ ᠬᠠᠷᠢᠭᠤᠯᠬᠤ ᠦᠢ᠍ᠯᠡ ᠠᠵᠢᠯᠯᠠᠭ᠎ᠠ ᠵᠢᠨ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠶ᠃
ᠣᠨᠴᠠᠭ᠋ᠠᠶ᠋ᠢᠯᠠᠨ ᠮᠡᠳᠡᠭᠳᠡᠪᠡ
ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ
2023 ᠣᠨ᠎ᠤ 11 ᠰᠠᠷ᠎ᠠ ᠵᠢᠨ 6᠎ᠤ ᠡᠳᠦᠷ
ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ