ᠢᠯᠡ ᠵᠠᠰᠠᠭ   -   ᠪᠢᠴᠢᠭ ᠮᠠᠲ᠋ᠧᠷᠢᠶᠠᠯ

《ᠠᠮᠢ ᠠᠬᠤᠶ ᠵᠢᠨ ᠣᠷᠴᠢᠨ ᠲᠣᠭᠣᠷᠢᠨ᠎ᠤ ᠬᠦᠷᠢᠶᠡᠨ᠎ᠳᠠᠬᠢ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠵᠣᠬᠢᠴᠠᠭᠤᠯᠤᠨ ᠬᠠᠮᠵᠢᠯᠴᠠᠬᠤ ᠠᠵᠢᠯ᠎ᠤᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠵᠢᠨ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠬᠤ ᠲᠤᠬᠠᠶ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ᠎ᠤᠨ ᠮᠡᠳᠡᠭᠳᠡᠯ

ᠨᠡᠶ᠋ᠢᠲᠡᠯᠡᠭᠰᠡᠨ ᠴᠠᠭ᠄   2023-10-10

                       ᠳ᠋ᠸᠩᠺᠸᠦ ᠵᠠᠰᠠᠭ ᠠᠯᠪᠠᠨ ᠲᠠᠷᠬᠠᠭ᠋ᠠᠭᠰᠠᠨ[2023]41 ᠲᠣᠭ᠋ᠠᠲᠤ
ᠰᠢᠶᠠᠨ᠎ᠤ ᠰᠢᠭᠤᠳ ᠬᠠᠷᠢᠶ᠎ᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ᠄
    ᠰᠢᠶᠠᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ 《ᠠᠮᠢ ᠠᠬᠤᠶ ᠵᠢᠨ ᠣᠷᠴᠢᠨ ᠲᠣᠭᠣᠷᠢᠨ᠎ᠤ ᠬᠦᠷᠢᠶᠡᠨ᠎ᠳᠠᠬᠢ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠵᠣᠬᠢᠴᠠᠭᠤᠯᠤᠨ ᠬᠠᠮᠵᠢᠯᠴᠠᠬᠤ ᠠᠵᠢᠯ᠎ᠤᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠵᠢᠨ ᠬᠡᠷᠡᠭᠵᠢᠭᠦᠯᠬᠦ ᠲᠥᠰᠦᠯ》᠎ᠢ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ᠎ᠲᠠᠢ᠎ᠪᠠᠨ ᠤᠶᠠᠯᠳᠤᠭᠤᠯᠤᠨ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠬᠤ ᠵᠢ ᠬᠦᠰᠡᠵᠦ ᠪᠠᠶ᠋ᠢᠨ᠎ᠠ᠃   
                                          ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ
                                           2023 ᠣᠨ᠎ᠤ 10 ᠰᠠᠷ᠎ᠠ ᠵᠢᠨ 10᠎ᠤ ᠡᠳᠦᠷ


         ᠠᠮᠢ ᠠᠬᠤᠶ ᠵᠢᠨ ᠣᠷᠴᠢᠨ ᠨᠥᠬᠥᠴᠡᠯ᠎ᠤᠨ ᠬᠦᠷᠢᠶᠡᠨ᠎ᠳᠠᠬᠢ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠵᠣᠬᠢᠴᠠᠭᠤᠯᠤᠨ

                ᠬᠠᠮᠵᠢᠯᠴᠠᠬᠤ ᠠᠵᠢᠯ᠎ᠤᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠵᠢᠨ ᠬᠡᠷᠡᠭᠵᠢᠭᠦᠯᠬᠦ ᠲᠥᠰᠦᠯ
    ᠰᠢ ᠵᠢᠨ ᠫᠢᠩ ᠶᠡᠷᠦᠩᠬᠡᠶ ᠱᠦᠵᠢ ᠵᠢᠨ ᠥᠪᠥᠷ ᠮᠣᠩᠭᠣᠯ᠎ᠳᠤ ᠲᠤᠰᠢᠶᠠᠭᠰᠠᠨ 《ᠲᠠᠪᠤᠨ ᠶᠡᠬᠡ ᠡᠭᠦᠷᠭᠡ》 ᠵᠢ ᠨᠠᠶ᠋ᠢᠳᠠᠪᠤᠷᠢᠵᠢᠭᠤᠯᠬᠤ ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠵᠢᠨ ᠲᠤᠰᠠᠳᠠ᠂ ᠠᠮᠢ ᠠᠬᠤᠶ ᠵᠢᠨ ᠣᠷᠴᠢᠨ ᠲᠣᠭᠣᠷᠢᠨ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭ᠋ᠠᠨ ᠮᠡᠷᠭᠡᠵᠢᠯ᠂ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ᠂ ᠪᠠᠶ᠋ᠢᠭ᠋ᠠᠯᠢ ᠵᠢᠨ ᠡᠬᠢ ᠪᠠᠶᠠᠯᠢᠭ᠂ ᠤᠰᠤᠨ ᠠᠰᠢᠭᠯᠠᠯᠲᠠ᠂ ᠳᠣᠲᠣᠭ᠋ᠠᠳᠤ ᠵᠢ ᠬᠠᠮᠠᠭ᠋ᠠᠯᠠᠬᠤ ᠵᠡᠷᠭᠡ ᠬᠠᠤᠯᠢ ᠬᠡᠷᠡᠭᠵᠢᠭᠦᠯᠬᠦ ᠵᠢ ᠵᠣᠬᠢᠴᠠᠭᠤᠯᠤᠨ ᠬᠠᠮᠵᠢᠯᠴᠠᠬᠤ ᠠᠵᠢᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠦᠨ᠎ᠡ᠃ ᠳ᠋ᠸᠩᠺᠸᠤ ᠰᠢᠶᠠᠨ᠎ᠤ 《ᠥᠪᠡᠷᠲᠡᠭᠡᠨ ᠵᠠᠰᠠᠬᠤ ᠣᠷᠣᠨ᠎ᠤ ᠠᠷᠪᠠᠳᠤᠭ᠋ᠠᠷ ᠲᠣᠭᠣᠷᠢᠨ ᠪᠠᠶ᠋ᠢᠴᠠᠭ᠋ᠠᠬᠤ ᠳᠤᠭᠤᠶ᠋ᠢᠯᠠᠩ᠎ᠤᠨ ᠬᠠᠷᠢᠭᠤ ᠲᠤᠰᠬᠠᠭᠰᠠᠨ ᠰᠠᠨᠠᠯ᠎ᠢ ᠴᠡᠭᠴᠡᠯᠡᠨ ᠰᠠᠶ᠋ᠢᠵᠢᠷᠠᠭᠤᠯᠬᠤ ᠲᠤᠬᠠᠢ ᠲᠥᠰᠦᠯ》᠎ᠤᠨ ᠱᠠᠭ᠋ᠠᠷᠳᠠᠯᠭ᠎ᠠ ᠶᠣᠰᠣᠭ᠋ᠠᠷ᠂ ᠣᠨᠴᠠᠭ᠋ᠠᠶ᠋ᠢᠯᠠᠨ ᠲᠤᠰ ᠲᠥᠰᠦᠯ᠎ᠢ ᠲᠣᠭᠲᠠᠭ᠋ᠠᠪᠠ᠃
    ᠨᠢᠭᠡ᠂ ᠶᠡᠷᠦᠩᠬᠡᠶ ᠬᠠᠷᠠᠯᠲᠠ
    ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ 《ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠬᠢᠭᠡᠳ ᠶᠡᠷᠦᠩᠬᠡᠶ᠋ᠢᠯᠡᠭᠰᠡᠨ ᠬᠢᠨᠠᠯᠲᠠ ᠬᠠᠮᠢᠶᠠᠷᠤᠯᠲᠠ ᠵᠢ ᠬᠠᠷᠢᠯᠴᠠᠨ ᠤᠶᠠᠯᠳᠤᠭᠤᠯᠬᠤ》 ᠵᠠᠷᠴᠢᠮ ᠶᠣᠰᠣᠭ᠋ᠠᠷ᠂ ᠠᠮᠢ ᠠᠬᠤᠶ ᠵᠢᠨ ᠣᠷᠴᠢᠨ ᠨᠥᠬᠥᠴᠡᠯ᠎ᠤᠨ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠪᠠᠲᠤᠳᠬᠠᠵᠤ᠂ ᠬᠠᠤᠯᠢ ᠬᠡᠷᠡᠭᠵᠢᠭᠦᠯᠬᠦ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠠᠮᠢ ᠠᠬᠤᠶ ᠵᠢᠨ ᠣᠷᠴᠢᠨ ᠨᠥᠬᠥᠴᠡᠯ᠎ᠤᠨ ᠬᠠᠮᠲᠤᠷᠠᠨ ᠬᠠᠤᠯᠢ ᠬᠡᠷᠡᠭᠵᠢᠭᠦᠯᠬᠦ ᠵᠢ ᠦᠨᠡᠨ ᠬᠦ᠌ ᠴᠢᠩᠭ᠋ᠠᠳᠬᠠᠵᠤ᠂ ᠬᠠᠤᠯᠢ ᠬᠡᠷᠡᠭᠵᠢᠭᠦᠯᠬᠦ ᠠᠷᠭ᠎ᠠ ᠮᠠᠶᠢᠭ᠎ᠤᠨ ᠲᠠᠯ᠎ᠠ᠎ᠪᠠᠷ ᠰᠢᠨ᠎ᠡ ᠵᠢ ᠡᠭᠦᠳᠴᠦ᠂ ᠬᠠᠤᠯᠢ ᠬᠡᠷᠡᠭᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠤᠨ᠂ ᠣᠷᠴᠢᠨ ᠠᠬᠤᠶ ᠵᠢᠨ ᠬᠠᠤᠯᠢ ᠬᠡᠷᠡᠭᠵᠢᠭᠦᠯᠬᠦ ᠨᠡᠶ᠋ᠢᠯᠡᠮᠡᠯ ᠬᠦᠴᠦᠨ᠎ᠢ ᠴᠢᠩᠭ᠋ᠠᠷᠠᠭᠤᠯᠵᠤ᠂ ᠠᠮᠢ ᠠᠬᠤᠶ ᠵᠢᠨ ᠣᠷᠴᠢᠨ ᠨᠥᠬᠥᠴᠡᠯ᠎ᠢ ᠡᠪᠳᠡᠭᠰᠡᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠣᠷᠴᠢᠨ ᠠᠬᠤᠶ ᠵᠢᠨ ᠲᠤᠪᠤᠢ᠍ᠢ᠍ᠮ᠎ᠠ ᠠᠰᠠᠭᠤᠳᠠᠯ᠎ᠢ ᠴᠠᠭ ᠲᠤᠬᠠᠶ᠎ᠳᠤᠨᠢ ᠪᠦᠲᠦᠮᠵᠢᠲᠡᠶ ᠰᠢᠢ᠍ᠳᠪᠦᠷᠢᠯᠡᠵᠦ᠂ ᠠᠮᠢ ᠠᠬᠤᠶ ᠵᠢᠨ ᠣᠷᠴᠢᠨ ᠨᠥᠬᠥᠴᠡᠯ᠎ᠤᠨ ᠶᠠᠰᠤ ᠴᠢᠨᠠᠷ᠎ᠢ ᠦᠷᠭᠦᠯᠵᠢᠯᠡᠨ ᠰᠠᠶ᠋ᠢᠵᠢᠷᠠᠭᠤᠯᠬᠤ ᠵᠢ ᠦᠨᠡᠨ ᠬᠦ᠌ ᠪᠠᠲᠤᠯᠠᠨ᠎ᠠ᠃
    ᠬᠣᠶᠠᠷ᠂ ᠠᠵᠢᠯ᠎ᠤᠨ ᠭᠣᠣᠯᠳᠠᠯᠭ᠎ᠠ
    (ᠨᠢᠭᠡ) ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠪᠠ ᠤᠤᠭᠤᠬᠤ ᠤᠰᠤᠨ᠎ᠤ ᠡᠬᠢ ᠰᠤᠷᠪᠤᠯᠵᠢ ᠵᠢᠨ ᠭᠠᠵᠠᠷ᠂ ᠣᠶ ᠰᠢᠭᠤᠶ ᠡᠪᠡᠰᠦᠲᠦ ᠭᠠᠵᠠᠷ᠂ ᠲᠠᠷᠢᠶᠠᠨ ᠭᠠᠵᠠᠷ᠎ᠢ ᠡᠪᠳᠡᠬᠦ ᠵᠡᠷᠭᠡ ᠲᠠᠯ᠎ᠠ᠎ᠪᠠᠷ ᠣᠷᠣᠰᠢᠵᠤ ᠪᠠᠶ᠋ᠢᠭ᠎ᠠ ᠡᠯ᠎ᠡ ᠲᠥᠷᠥᠯ᠎ᠤᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠪᠠ ᠣᠷᠴᠢᠨ ᠲᠣᠭᠣᠷᠢᠨ᠎ᠤ ᠠᠰᠠᠭᠤᠳᠠᠯ᠎ᠢ ᠭᠣᠤᠯᠳᠠᠯᠭ᠎ᠠ᠎ᠲᠠᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠨ᠎ᠠ᠃ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠶ ᠵᠢᠨ ᠲᠥᠯᠥᠪᠵᠢᠭᠦᠯᠭᠡ ᠪᠠ ᠬᠡᠷᠡᠭᠴᠡᠭᠡ ᠵᠢᠨ ᠵᠠᠬᠢᠷᠤᠨ ᠬᠠᠮᠢᠶᠠᠷᠤᠯᠲᠠ ᠵᠢ ᠴᠢᠩᠳᠠᠯᠠᠵᠤ᠂ ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠠᠮᠢ ᠠᠬᠤᠶ ᠵᠢᠨ ᠤᠯᠠᠭ᠋ᠠᠨ ᠱᠤᠭᠤᠮ᠎ᠤᠨ ᠳᠣᠲᠣᠷ᠎ᠠ ᠳᠤᠷ᠎ᠠ᠎ᠪᠠᠷ ᠵᠶ᠋ᠠᠨ ᠮᠠᠯᠲᠠᠬᠤ ᠵᠢ ᠴᠢᠩᠭ᠎ᠠ ᠴᠠᠭ᠋ᠠᠵᠠᠯᠠᠵᠤ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠵᠦᠢ᠍ᠯᠡᠰ᠎ᠢ ᠰᠢᠨ᠎ᠡ᠎ᠪᠠᠷ ᠪᠠᠶ᠋ᠢᠭᠤᠯᠵᠤ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠳᠣᠲᠣᠷᠠᠬᠢ ᠠᠮᠢ ᠠᠬᠤᠶ ᠵᠢᠨ ᠪᠤᠰᠤ ᠠᠵᠢᠯᠯᠠᠭ᠎ᠠ ᠵᠢ ᠴᠢᠩᠭ᠎ᠠ ᠬᠠᠮᠢᠶᠠᠷᠤᠨ ᠡᠵᠡᠮᠳᠡᠨ᠎ᠡ; ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠰᠢᠪᠠᠳᠠᠨ ᠪᠠᠶ᠋ᠢᠴᠠᠭ᠋ᠠᠯᠲᠠ ᠵᠢᠨ ᠲᠥᠪ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠰᠢᠮᠳᠠᠭᠤᠯᠤᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ᠎ᠪᠠᠷ ᠭᠣᠤᠯᠳᠠᠯᠭ᠎ᠠ ᠪᠣᠯᠭ᠋ᠠᠨ᠂ ᠨᠢᠭᠡ᠎ᠠᠴᠠ ᠵᠦᠢ᠍ᠴᠢᠯᠡᠵᠦ ᠨᠦᠬᠦᠭᠡ ᠵᠢ ᠮᠡᠳᠡᠵᠦ᠂ ᠠᠮᠢ ᠠᠬᠤᠶ ᠵᠢᠨ ᠣᠷᠴᠢᠨ ᠲᠣᠭᠣᠷᠢᠨ᠎ᠢ ᠡᠪᠳᠡᠬᠦ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠬᠢᠭᠡᠳ ᠰᠡᠷᠭᠦᠭᠡᠨ ᠵᠠᠰᠠᠬᠤ ᠵᠢ ᠠᠬᠢᠭᠤᠯᠤᠨ᠂ ᠠᠵᠤ ᠠᠬᠤᠶ ᠵᠢᠨ ᠪᠥᠲᠥᠭᠡᠨ ᠪᠠᠶ᠋ᠢᠭᠤᠯᠤᠯᠲᠠ ᠬᠢᠭᠡᠳ ᠠᠮᠢ ᠠᠬᠤᠶ ᠵᠢᠨ ᠣᠷᠴᠢᠨ ᠲᠣᠭᠣᠷᠢᠨ᠎ᠤ ᠵᠣᠬᠢᠴᠠᠩᠭᠤᠶ ᠬᠥᠭᠵᠢᠯᠲᠡ ᠵᠢ ᠪᠡᠶᠡᠯᠡᠭᠦᠯᠦᠨ᠎ᠡ᠃
    (ᠬᠣᠶᠠᠷ) ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠤ ᠠᠮᠢ ᠠᠬᠤᠶ ᠵᠢᠨ ᠣᠷᠴᠢᠨ ᠲᠣᠭᠣᠷᠢᠨ᠎ᠢ ᠬᠠᠮᠠᠭ᠋ᠠᠯᠠᠵᠤ᠂ ᠤᠤᠭᠤᠬᠤ ᠤᠰᠤᠨ᠎ᠤ ᠤᠰᠤᠨ᠎ᠤ ᠴᠢᠨᠠᠷ᠎ᠢ ᠪᠠᠲᠤᠯᠠᠬᠤ᠎ᠪᠠᠷ ᠬᠠᠷᠠᠯᠲᠠ ᠪᠣᠯᠭ᠋ᠠᠵᠤ᠂ ᠤᠰᠤᠨ᠎ᠤ ᠡᠬᠢ ᠰᠤᠷᠪᠤᠯᠵᠢ ᠵᠢᠨ ᠣᠷᠣᠨ᠎ᠤ ᠤᠰᠤᠨ᠎ᠤ ᠴᠢᠨᠠᠷ᠎ᠤᠨ ᠠᠮᠤᠷ ᠲᠦᠪᠰᠢᠨ᠎ᠢ ᠨᠥᠯᠥᠭᠡᠯᠡᠬᠦ ᠪᠣᠬᠢᠷᠲᠤᠯ ᠭᠠᠳᠠᠭᠰᠢᠯᠠᠭᠤᠯᠬᠤ ᠠᠵᠤ ᠠᠬᠤᠶ᠋ᠢᠯᠠᠯ᠎ᠢ ᠵᠢᠭᠰᠠᠭ᠋ᠠᠨ ᠪᠠᠶ᠋ᠢᠴᠠᠭ᠋ᠠᠬᠤ᠎ᠪᠠᠷ ᠭᠣᠤᠯᠳᠠᠯᠭ᠎ᠠ ᠪᠣᠯᠭ᠋ᠠᠵᠤ᠂ ᠤᠰᠤᠨ᠎ᠤ ᠡᠬᠢ ᠰᠤᠷᠪᠤᠯᠵᠢ ᠵᠢᠨ ᠣᠷᠣᠨ᠎ᠤ ᠬᠠᠮᠠᠭ᠋ᠠᠯᠠᠯᠲᠠ ᠵᠢᠨ ᠣᠷᠣᠨ᠎ᠤ ᠬᠠᠤᠯᠢ᠎ᠠᠴᠠ ᠵᠥᠷᠢᠴᠡᠭᠰᠡᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠂ ᠪᠣᠬᠢᠷᠲᠤᠯ ᠭᠠᠳᠠᠭᠰᠢᠯᠠᠭᠤᠯᠬᠤ ᠠᠮᠠᠰᠠᠷ ᠪᠠ ᠲᠠᠷᠢᠶᠠᠯᠠᠩ ᠵᠢᠴᠢ ᠠᠮᠢᠳᠤᠷᠠᠯ᠎ᠤᠨ ᠣᠯᠠᠨ ᠡᠬᠢᠳᠤ ᠪᠣᠬᠢᠷᠲᠤᠯ ᠵᠡᠷᠭᠡ ᠣᠷᠴᠢᠨ ᠲᠣᠭᠣᠷᠢᠨ᠎ᠤ ᠠᠰᠠᠭᠤᠳᠠᠯ᠎ᠢ ᠴᠢᠩᠭ᠎ᠠ ᠠᠩᠬᠠᠷᠴᠤ᠂ ᠤᠰᠤᠨ᠎ᠤ ᠡᠬᠢ ᠰᠤᠷᠪᠤᠯᠵᠢ ᠵᠢᠨ ᠣᠷᠣᠨ᠎ᠤ ᠵᠢᠷᠤᠮᠵᠢᠭᠰᠠᠨ ᠪᠥᠲᠥᠭᠡᠨ ᠪᠠᠶ᠋ᠢᠭᠤᠯᠤᠯᠲᠠ ᠵᠢᠴᠢ ᠬᠠᠮᠢᠶᠠᠷᠴᠤ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠴᠢᠩᠭ᠋ᠠᠷᠠᠭᠤᠯᠤᠨ᠂ ᠤᠤᠭᠤᠬᠤ ᠤᠰᠤᠨ᠎ᠤ ᠡᠬᠢ ᠰᠤᠷᠪᠤᠯᠵᠢ ᠵᠢᠨ ᠣᠷᠴᠢᠨ ᠲᠣᠭᠣᠷᠢᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠬᠢᠷᠢ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠤᠤᠭᠤᠬᠤ ᠤᠰᠤᠨ᠎ᠤ ᠡᠬᠢ ᠰᠤᠷᠪᠤᠯᠵᠢ ᠵᠢᠨ ᠭᠠᠵᠠᠷ᠎ᠤᠨ ᠤᠰᠤᠨ᠎ᠤ ᠴᠢᠨᠠᠷ ᠵᠢᠴᠢ ᠬᠠᠮᠠᠭ᠋ᠠᠯᠠᠯᠲᠠ ᠵᠢᠨ ᠣᠷᠣᠨ᠎ᠢ ᠵᠠᠭ᠋ᠠᠭᠯᠠᠨ ᠲᠣᠭᠲᠠᠭ᠋ᠠᠬᠤ᠂ ᠵᠠᠭ᠋ᠠᠭ ᠲᠡᠮᠳᠡᠭ᠎ᠢ ᠲᠣᠭᠲᠠᠭ᠋ᠠᠬᠤ᠂ ᠬᠠᠤᠯᠢ ᠵᠢ ᠵᠥᠷᠢᠴᠡᠨ ᠪᠣᠬᠢᠷᠲᠤᠯ ᠭᠠᠳᠠᠭᠰᠢᠯᠠᠭᠤᠯᠬᠤ᠂ ᠲᠠᠷᠢᠶᠠᠯᠠᠩ᠎ᠤᠨ ᠣᠯᠠᠨ ᠡᠬᠢᠳᠤ ᠪᠣᠬᠢᠷᠲᠤᠯ ᠵᠡᠷᠭᠡ ᠣᠷᠴᠢᠨ ᠠᠬᠤᠶ ᠵᠢᠨ ᠠᠰᠠᠭᠤᠳᠠᠯ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠠᠵᠢᠯ᠎ᠢ ᠥᠷᠨᠢᠭᠦᠯᠦᠨ᠎ᠡ; ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠭᠣᠣᠯ ᠮᠥᠷᠡᠨ ᠨᠠᠭᠤᠷ ᠴᠥᠭᠥᠷᠥᠮ᠎ᠢ ᠬᠠᠮᠢᠶᠠᠷᠴᠤ ᠬᠠᠮᠠᠭ᠋ᠠᠯᠠᠬᠤ 《ᠳᠦᠷᠪᠡᠨ ᠳᠤᠷ᠎ᠠ᠎ᠪᠠᠷ ᠵᠶ᠋ᠠᠨ᠎ᠢ ᠴᠡᠪᠡᠷᠯᠡᠬᠦ》 ᠲᠤᠰᠬᠠᠶ ᠠᠵᠢᠯᠯᠠᠭ᠎ᠠ ᠵᠢ ᠥᠷᠨᠢᠭᠦᠯᠵᠦ᠂ ᠭᠣᠣᠯ ᠮᠥᠷᠡᠨ ᠨᠠᠭᠤᠷ ᠴᠥᠭᠥᠷᠥᠮ᠎ᠢ ᠬᠠᠮᠢᠶᠠᠷᠴᠤ ᠬᠠᠮᠠᠭ᠋ᠠᠯᠠᠬᠤ ᠪᠠ ᠬᠠᠤᠯᠢ ᠬᠡᠷᠡᠭᠵᠢᠭᠦᠯᠬᠦ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠨ᠎ᠠ᠃
    (ᠭᠤᠷᠪᠠ) 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠤᠯᠢ》 ᠵᠢᠨ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠬᠣᠲᠠ ᠵᠢᠨ ᠠᠷᠠᠳ᠎ᠤᠨ ᠠᠮᠢᠳᠤᠷᠠᠯ᠎ᠤᠨ ᠣᠷᠴᠢᠨ ᠲᠣᠭᠣᠷᠢᠨ᠎ᠢ ᠬᠦᠴᠦᠯᠡᠨ ᠰᠢᠯᠢᠳᠡᠭᠵᠢᠭᠦᠯᠵᠦ᠂ ᠪᠠᠷᠢᠯᠭ᠎ᠠ ᠪᠠᠷᠢᠬᠤ ᠵᠢᠴᠢ ᠵᠠᠮ ᠳᠡᠭᠡᠷᠡᠬᠢ ᠲᠣᠭᠣᠰᠣ ᠰᠢᠷᠣᠶ ᠵᠢᠨ ᠬᠢᠨᠠᠯᠲᠠ ᠬᠠᠮᠢᠶᠠᠷᠤᠯᠲᠠ ᠵᠢ ᠴᠢᠩᠳᠠᠯᠠᠵᠤ᠂ ᠬᠣᠲᠠ ᠵᠢᠨ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠂ ᠣᠷᠣᠨ ᠪᠦᠰᠡ ᠵᠢᠨ ᠠᠭ᠋ᠠᠷ᠎ᠤᠨ ᠶᠠᠰᠤ ᠴᠢᠨᠠᠷ᠎ᠢ ᠤᠯᠠᠮ ᠨᠢᠭᠡ ᠠᠯᠬᠤᠮ ᠰᠠᠶ᠋ᠢᠵᠢᠷᠠᠭᠤᠯᠤᠨ᠎ᠠ᠂ ᠪᠥᠬᠥ ᠰᠢᠶᠠᠨ᠎ᠤ ᠪᠠᠷᠢᠯᠭ᠎ᠠ ᠵᠢᠨ ᠭᠠᠵᠠᠷ᠎ᠤᠨ ᠲᠣᠭᠣᠰᠣ ᠳᠡᠭᠳᠡᠬᠦ ᠵᠢ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠬᠠᠮᠲᠤᠷᠠᠨ ᠪᠠᠶ᠋ᠢᠴᠠᠭ᠋ᠠᠵᠤ᠂ ᠪᠠᠷᠢᠯᠭ᠎ᠠ ᠵᠢᠨ ᠭᠠᠵᠠᠷ᠎ᠤᠨ ᠡᠷᠬᠢᠨ ᠲᠣᠭᠣᠷᠢᠨ᠎ᠢ 100%᠎ᠪᠠᠷ ᠬᠦᠷᠢᠶᠡᠯᠡᠨ ᠬᠠᠰᠢᠬᠤ᠂ ᠣᠷᠣᠵᠤ ᠭᠠᠷᠬᠤ ᠲᠡᠷᠭᠡ ᠵᠢ 100%᠎ᠪᠠᠷ ᠤᠬᠢᠶᠠᠬᠤ᠂ ᠨᠤᠷᠠᠭ᠋ᠠᠵᠤ ᠨᠡᠭᠦᠯᠭᠡᠬᠦ ᠪᠠᠷᠢᠯᠭ᠎ᠠ ᠵᠢᠨ ᠭᠠᠵᠠᠷ᠎ᠢ 100%᠎ᠪᠠᠷ ᠨᠣᠷᠭ᠋ᠠᠬᠤ ᠠᠷᠭ᠎ᠠ᠎ᠪᠠᠷ ᠠᠵᠢᠯᠯᠠᠬᠤ᠂ ᠬᠣᠭ ᠰᠢᠷᠣᠶ ᠵᠢᠨ ᠲᠡᠷᠭᠡ ᠵᠢ 100%᠎ᠪᠠᠷ ᠪᠢᠲᠡᠭᠦᠮᠵᠢᠯᠡᠨ ᠲᠡᠭᠡᠭᠡᠪᠦᠷᠢᠯᠡᠬᠦ᠂ ᠪᠠᠷᠢᠯᠭ᠎ᠠ ᠵᠢᠨ ᠲᠤᠬᠠᠶ ᠵᠢᠨ ᠭᠠᠵᠠᠷ᠎ᠢ 100%᠎ᠪᠠᠷ ᠬᠠᠲᠠᠭᠤᠷᠠᠭᠤᠯᠬᠤ᠂ ᠪᠣᠳᠠᠰ᠎ᠤᠨ ᠮᠠᠲ᠋ᠧᠷᠢᠶᠠᠯ ᠣᠪᠣᠭ᠋ᠠᠯᠠᠬᠤ ᠵᠢ 100%᠎ᠪᠠᠷ ᠪᠦᠷᠬᠦᠭᠦᠯᠬᠦ ᠵᠢ ᠦᠨᠡᠨᠬᠦ ᠪᠠᠲᠤᠯᠠᠬᠤ ᠬᠡᠷᠡᠭᠲᠡᠶ᠃ 《ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ᠎ᠲᠠᠢ》 ᠠᠵᠤ ᠠᠬᠤᠶ᠋ᠢᠯᠠᠯ᠎ᠢ ᠵᠠᠰᠠᠬᠤ ᠡᠷᠴᠢᠮ᠎ᠢ ᠴᠢᠩᠭ᠋ᠠᠷᠠᠭᠤᠯᠵᠤ᠂ ᠳᠡᠭᠳᠡᠮᠡᠬᠡᠶ ᠴᠢᠨᠠᠷᠲᠠᠶ ᠣᠷᠭ᠋ᠠᠨᠢᠭ ᠪᠣᠳᠠᠰ ᠪᠠ ᠠᠽᠣᠲ᠎ᠤᠨ ᠢᠰᠦᠮᠡᠭ᠎ᠢ ᠬᠠᠮᠵᠢᠯᠴᠠᠨ ᠵᠠᠰᠠᠬᠤ ᠵᠢ ᠥᠷᠨᠢᠭᠦᠯᠵᠦ᠂ ᠵᠤᠨ ᠨᠠᠮᠤᠷ᠎ᠤᠨ ᠤᠯᠠᠷᠢᠯ᠎ᠤᠨ ᠣᠽᠣᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠠ ᠬᠠᠪᠤᠷ ᠨᠠᠮᠤᠷ᠎ᠤᠨ ᠤᠯᠠᠷᠢᠯ᠎ᠳᠤ ᠡᠰᠢ ᠰᠦᠷᠡᠯ᠎ᠢ ᠰᠢᠲᠠᠭ᠋ᠠᠬᠤ ᠵᠢ ᠴᠠᠭ᠋ᠠᠵᠠᠯᠠᠬᠤ ᠠᠵᠢᠯ᠎ᠢ ᠴᠢᠩᠭ᠋ᠠᠳᠬᠠᠵᠤ᠂ ᠣᠷᠣᠨ ᠪᠦᠰᠡ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠶ᠋ᠢᠵᠢᠷᠠᠭᠤᠯᠬᠤ ᠵᠢ ᠠᠬᠢᠭᠤᠯᠤᠨ᠎ᠠ᠃
    ᠭᠤᠷᠪᠠ᠂ ᠬᠠᠮᠲᠤᠷᠠᠨ ᠬᠠᠤᠯᠢ ᠬᠡᠷᠡᠭᠵᠢᠭᠦᠯᠬᠦ ᠵᠢ ᠵᠣᠬᠢᠴᠠᠭᠤᠯᠤᠨ ᠬᠠᠮᠵᠢᠯᠴᠠᠬᠤ ᠲᠣᠭᠲᠠᠴᠠ
    (ᠨᠢᠭᠡ) ᠬᠠᠮᠲᠤᠷᠠᠭᠰᠠᠨ ᠬᠤᠷᠠᠯᠳᠤᠭ᠋ᠠᠨ᠎ᠤ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠦᠨ᠎ᠡ
    ᠡᠯ᠎ᠡ ᠰᠠᠯᠠᠭ᠎ᠠ ᠮᠥᠴᠢᠷ᠎ᠤᠳ ᠴᠥᠮ ᠬᠠᠮᠲᠤᠷᠠᠭᠰᠠᠨ ᠬᠤᠷᠠᠯ᠎ᠢ ᠡᠭᠦᠰᠭᠡᠨ ᠬᠤᠷᠠᠯᠳᠤᠭᠤᠯᠵᠤ᠂ ᠠᠵᠢᠯ᠎ᠤᠨ ᠪᠠᠶ᠋ᠢᠳᠠᠯ ᠵᠶ᠋ᠠᠨ ᠴᠠᠭ ᠲᠤᠬᠠᠶ᠎ᠳᠤ᠎ᠨᠢ ᠨᠡᠪᠲᠡᠷᠡᠯᠴᠡᠨ᠂ ᠲᠤᠷᠰᠢᠯᠭ᠎ᠠ ᠠᠷᠭ᠎ᠠ ᠬᠢᠳᠡᠯ ᠵᠶ᠋ᠠᠨ ᠳ᠋ᠦᠩᠨᠡᠵᠦ᠂ ᠠᠮᠢ ᠠᠬᠤᠶ ᠵᠢᠨ ᠣᠷᠴᠢᠨ ᠲᠣᠭᠣᠷᠢᠨ᠎ᠢ ᠪᠦᠷᠢᠨᠰᠢᠬᠦᠯᠬᠦ᠂ ᠲᠠᠷᠢᠶᠠᠯᠠᠩ ᠮᠠᠯ ᠠᠵᠤ ᠠᠬᠤᠶ᠂ ᠡᠯᠡᠰᠦᠷᠬᠡᠭᠵᠢᠬᠦ ᠵᠢ ᠰᠡᠷᠭᠡᠶ᠋ᠢᠯᠡᠨ ᠡᠯᠡᠰᠦ ᠵᠢ ᠵᠠᠰᠠᠬᠤ᠂ ᠤᠰᠤᠨ ᠠᠰᠢᠭᠯᠠᠯᠲᠠ᠂ ᠳᠣᠲᠣᠭ᠋ᠠᠳᠤ ᠵᠢ ᠬᠠᠮᠠᠭ᠋ᠠᠯᠠᠬᠤ ᠵᠡᠷᠭᠡ ᠬᠠᠤᠯᠢ ᠬᠡᠷᠡᠭᠵᠢᠭᠦᠯᠬᠦ ᠵᠢᠨ ᠵᠣᠬᠢᠴᠠᠯᠳᠤᠨ ᠬᠠᠮᠵᠢᠯᠴᠠᠭᠰᠠᠨ ᠶᠡᠷᠦᠩᠬᠡᠶ ᠪᠠᠶ᠋ᠢᠳᠠᠯ᠂ ᠵᠢᠮ᠎ᠡ ᠶᠣᠰᠣᠨ᠎ᠤ ᠣᠨᠴᠠᠯᠢᠭ ᠪᠣᠯᠤᠨ ᠬᠥᠭᠵᠢᠯᠲᠡ ᠵᠢᠨ ᠬᠠᠨᠳᠤᠰᠢ ᠵᠢ ᠵᠥᠪᠳᠡᠯᠴᠡᠵᠦ᠂ ᠬᠠᠮᠵᠢᠯᠴᠠᠬᠤ ᠠᠵᠢᠯ᠎ᠤᠨ ᠳᠤᠮᠳᠠ ᠲᠤᠯᠭ᠋ᠠᠷᠠᠭᠰᠠᠨ ᠠᠰᠠᠭᠤᠳᠠᠯ᠎ᠢ ᠰᠤᠳᠤᠯᠤᠨ ᠰᠢᠢ᠍ᠳᠪᠦᠷᠢᠯᠡᠵᠦ ᠪᠣᠯᠤᠨ᠎ᠠ᠃ ᠡᠯ᠎ᠡ ᠰᠠᠯᠠᠭ᠎ᠠ ᠮᠥᠴᠢᠷ᠎ᠤᠳ ᠬᠠᠮᠲᠤᠷᠠᠨ ᠬᠠᠤᠯᠢ ᠬᠡᠷᠡᠭᠵᠢᠭᠦᠯᠬᠦ ᠠᠵᠢᠯ᠎ᠢ ᠬᠠᠷᠢᠭᠤᠴᠠᠬᠤ ᠳᠣᠲᠣᠭ᠋ᠠᠳᠤ ᠪᠠᠶ᠋ᠢᠭᠤᠯᠤᠮᠵᠢ ᠵᠢᠴᠢ ᠬᠣᠯᠪᠣᠭ᠋ᠠᠴᠢᠨ᠎ᠢ ᠲᠣᠳᠣᠷᠬᠠᠶ᠋ᠢᠯᠠᠵᠤ᠂ ᠪᠠᠶ᠋ᠢᠩᠭᠤ ᠵᠢᠨ ᠴᠢᠨᠠᠷᠲᠠᠶ ᠮᠡᠳᠡᠭᠡ ᠵᠠᠩᠭᠢ ᠵᠢᠨ ᠨᠡᠪᠲᠡᠷᠡᠯᠴᠡᠭᠡ᠂ ᠠᠵᠢᠯ᠎ᠤᠨ ᠵᠣᠬᠢᠴᠠᠭᠤᠯᠭ᠎ᠠ ᠵᠢ ᠥᠷᠨᠢᠭᠦᠯᠬᠦ ᠬᠡᠷᠡᠭᠲᠡᠶ᠃ ᠡᠯ᠎ᠡ ᠬᠠᠮᠲᠤᠷᠠᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠳ ᠲᠣᠰ ᠰᠠᠯᠠᠭ᠎ᠠ ᠮᠥᠴᠢᠷ᠎ᠤᠨ ᠵᠶ᠋ᠠᠨ ᠡᠭᠦᠷᠭᠡ ᠴᠢᠳᠠᠪᠤᠷᠢ ᠵᠢ ᠭᠦᠢ᠍ᠴᠡᠳᠬᠡᠬᠦ᠎ᠳᠡᠭᠡᠨ ᠪᠤᠰᠤᠳ ᠰᠠᠯᠠᠭ᠎ᠠ ᠮᠥᠴᠢᠷ᠎ᠤᠨ ᠬᠠᠷᠢᠭᠤᠴᠠᠬᠤ ᠶᠣᠰᠣᠲᠠᠶ ᠬᠠᠮᠢᠶ᠎ᠠ ᠪᠥᠬᠥᠶ  ᠦᠢ᠍ᠯᠡ ᠠᠵᠢᠯᠯᠠᠭ᠎ᠠ ᠵᠢ ᠣᠯᠵᠤ ᠮᠡᠳᠡᠪᠡᠯ᠂ ᠴᠠᠭ ᠲᠤᠬᠠᠶ᠎ᠳᠤᠨᠢ ᠳᠠᠮᠵᠢᠭᠤᠯᠵᠤ᠂ ᠠᠵᠢᠯ᠎ᠤᠨ ᠦᠷ᠎ᠡ ᠪᠦᠲᠦᠮᠵᠢ᠎ᠪᠠᠨ ᠳᠡᠭᠡᠭᠰᠢᠯᠡᠭᠦᠯᠬᠦ ᠬᠡᠷᠡᠭᠲᠡᠶ᠃
    (ᠬᠣᠶᠠᠷ) ᠬᠦᠴᠢᠷ ᠲᠦᠪᠡᠭᠲᠡᠢ ᠪᠤᠳᠤᠯᠢᠶᠠᠨᠲᠠᠢ ᠠᠰᠠᠭᠤᠳᠠᠯ᠎ᠢ ᠵᠥᠪᠳᠡᠯᠴᠡᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ
    ᠡᠯ᠎ᠡ ᠬᠠᠮᠲᠤᠷᠠᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠳ ᠬᠦᠴᠢᠷ ᠲᠦᠪᠡᠭᠲᠡᠢ ᠨᠠᠷᠢᠨ ᠪᠤᠳᠤᠯᠢᠶᠠᠨᠲᠠᠢ ᠣᠷᠣᠰᠢᠵᠤ ᠪᠠᠶ᠋ᠢᠭ᠎ᠠ ᠠᠰᠠᠭᠤᠳᠠᠯ᠎ᠢ ᠵᠥᠪᠳᠡᠯᠴᠡᠵᠦ᠂ ᠲᠦᠷᠢᠮ᠂ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ ᠪᠠ ᠬᠠᠤᠯᠢ ᠴᠠᠭ᠋ᠠᠵᠠ ᠵᠢᠨ ᠬᠡᠷᠡᠭᠯᠡᠯᠲᠡ ᠵᠢ ᠨᠢᠭᠡᠳᠦᠯᠲᠡᠢ ᠵᠥᠪᠯᠡᠨ ᠲᠣᠭᠲᠠᠭ᠋ᠠᠵᠤ᠂ ᠵᠢᠷᠤᠮ᠎ᠢ ᠵᠢᠷᠤᠮᠵᠢᠭᠤᠯᠵᠤ᠂ ᠬᠠᠤᠯᠢ ᠶᠣᠰᠣᠭ᠋ᠠᠷ ᠬᠡᠷᠡᠭᠵᠢᠭᠦᠯᠬᠦ ᠵᠢ ᠪᠠᠲᠤᠯᠠᠵᠤ᠂ ᠠᠯᠢ ᠤᠯᠠᠨ ᠵᠦᠢ᠍ᠯ᠎ᠤᠨ ᠨᠠᠷᠢᠨ ᠨᠢᠮᠪᠠᠢ ᠪᠠᠶ᠋ᠢᠬᠤ ᠵᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠬᠠᠮᠲᠤᠷᠠᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠳ ᠠᠳᠠᠯᠢ ᠪᠤᠰᠤ ᠨᠢᠭᠡᠴᠡ ᠵᠢᠨ ᠲᠤᠰᠬᠠᠶ ᠮᠡᠷᠭᠡᠵᠢᠯ᠎ᠤᠨ ᠴᠢᠨᠠᠷᠲᠠᠶ ᠠᠰᠠᠭᠤᠳᠠᠯ᠎ᠢ ᠬᠠᠷᠢᠯᠴᠠᠨ ᠠᠰᠠᠭᠤᠨ ᠯᠠᠪᠯᠠᠬᠤ ᠪᠠ ᠰᠣᠯᠢᠯᠴᠠᠵᠤ᠂ ᠲᠤᠯᠭ᠋ᠠᠷᠠᠭᠰᠠᠨ ᠰᠢᠨ᠎ᠡ ᠪᠠᠶ᠋ᠢᠳᠠᠯ᠂ ᠰᠢᠨ᠎ᠡ ᠠᠰᠠᠭᠤᠳᠠᠯ᠎ᠢ ᠬᠠᠮᠲᠤᠪᠠᠷ ᠰᠤᠳᠤᠯᠤᠨ ᠰᠢᠢ᠍ᠳᠪᠦᠷᠢᠯᠡᠵᠦ ᠪᠣᠯᠤᠨ᠎ᠠ᠃
    (ᠭᠤᠷᠪᠠ) ᠠᠮᠢ ᠠᠬᠤᠢ ᠵᠢᠨ ᠣᠷᠴᠢᠨ ᠲᠣᠭᠣᠷᠢᠨ᠎ᠤ ᠵᠥᠷᠢᠴᠡᠯ ᠵᠠᠭᠤᠷᠠᠯᠳᠤᠭ᠋ᠠᠨ᠎ᠢ ᠤᠯᠠᠨ ᠡᠰᠢᠵᠢᠬᠦᠯᠦᠨ ᠰᠢᠢ᠍ᠳᠪᠦᠷᠢᠯᠡᠬᠦ ᠠᠵᠢᠯ᠎ᠤᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ
    ᠡᠯ᠎ᠡ ᠬᠠᠮᠲᠤᠷᠠᠨ ᠬᠠᠤᠯᠢ ᠬᠡᠷᠡᠭᠵᠢᠭᠦᠯᠬᠦ ᠨᠢᠭᠡᠴᠡ᠎ᠨᠦᠭᠦᠳ ᠵᠣᠬᠢᠴᠠᠭᠤᠯᠤᠨ ᠬᠠᠮᠵᠢᠯᠴᠠᠬᠤ᠎ᠪᠠᠨ ᠴᠢᠩᠭ᠋ᠠᠳᠬᠠᠵᠤ᠂ ᠡᠶᠡᠳᠡᠭᠦᠯᠬᠦ ᠵᠢ ᠵᠣᠯᠭ᠋ᠠᠭᠤᠯᠬᠤ ᠠᠵᠢᠯ᠎ᠤᠨ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠡᠶᠡᠳᠡᠭᠦᠯᠬᠦ᠎ᠳᠤ ᠳᠣᠭᠢᠷᠠᠬᠤ ᠠᠮᠢ ᠠᠬᠤᠶ ᠵᠢᠨ ᠣᠷᠴᠢᠨ ᠲᠣᠭᠣᠷᠢᠨ᠎ᠤ ᠡᠬᠢ ᠪᠠᠶᠠᠯᠢᠭ᠎ᠤᠨ ᠵᠥᠷᠢᠴᠡᠯ ᠵᠢᠭᠤᠷᠠᠯᠳᠤᠭ᠋ᠠᠨ᠎ᠳᠤ ᠠᠯᠢ ᠴᠢᠳᠠᠬᠤ᠎ᠪᠠᠷ ᠡᠶᠡᠳᠡᠭᠦᠯᠬᠦ᠂ ᠡᠶᠡᠳᠡᠬᠦ ᠪᠠ ᠵᠣᠬᠢᠴᠠᠭᠤᠯᠬᠤ ᠠᠵᠢᠯ᠎ᠢ ᠥᠷᠨᠢᠭᠦᠯᠵᠦ᠂ ᠵᠥᠷᠢᠴᠡᠯ ᠵᠢᠭᠤᠷᠠᠯᠳᠤᠭ᠋ᠠᠨ᠎ᠢ ᠴᠠᠭ ᠲᠤᠬᠠᠶ᠎ᠳᠤᠨᠢ ᠠᠷᠢᠯᠭ᠋ᠠᠬᠤ ᠬᠡᠷᠡᠭᠲᠡᠶ᠃
    (ᠳᠥᠷᠪᠡ) ᠠᠮᠢ ᠠᠬᠤᠶ ᠵᠢ ᠰᠡᠷᠭᠦᠭᠡᠬᠦ ᠠᠵᠢᠯ᠎ᠤᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ
    ᠠᠮᠢ ᠠᠬᠤᠶ ᠵᠢ ᠰᠡᠷᠭᠦᠭᠡᠬᠦ ᠣᠶ᠋ᠢᠯᠠᠭ᠋ᠠᠭᠳᠠᠬᠤᠨ᠎ᠲᠠᠢ ᠨᠢᠭᠲᠠ ᠤᠶᠠᠯᠳᠤᠭᠤᠯᠤᠨ᠂ 《ᠨᠥᠬᠥᠵᠦ ᠤᠷᠭᠤᠭᠤᠯᠵᠤ ᠨᠣᠭᠣᠭ᠋ᠠᠷᠠᠭᠤᠯᠬᠤ》 《ᠦᠷᠡᠵᠢᠭᠦᠯᠦᠨ ᠲᠠᠯᠪᠢᠵᠤ ᠶᠠᠪᠤᠭᠤᠯᠬᠤ》 《ᠬᠥᠳᠡᠯᠮᠦᠷᠢ ᠦᠢ᠍ᠯᠡᠴᠢᠯᠡᠭᠡ᠎ᠪᠠᠷ ᠣᠷᠣᠯᠠᠨ ᠳᠥᠯᠥᠬᠦ》 ᠵᠡᠷᠭᠡ ᠠᠷᠭ᠎ᠠ ᠮᠠᠶᠢᠭ᠎ᠢ ᠶᠡᠷᠦᠩᠬᠡᠶ᠋ᠢᠯᠡᠨ ᠬᠡᠷᠡᠭᠯᠡᠵᠦ᠂ ᠠᠮᠢ ᠠᠬᠤᠶ ᠵᠢᠨ ᠣᠷᠴᠢᠨ ᠲᠣᠭᠣᠷᠢᠨ᠎ᠢ ᠰᠡᠷᠭᠦᠭᠡᠬᠦ ᠪᠠ ᠨᠥᠬᠥᠪᠥᠷᠢᠯᠡᠬᠦ ᠲᠣᠭᠲᠠᠴᠠ ᠵᠢ ᠭᠦᠨᠵᠡᠭᠡᠶ ᠨᠠᠶ᠋ᠢᠳᠠᠪᠤᠷᠢᠵᠢᠭᠤᠯᠬᠤ ᠵᠢ ᠠᠬᠢᠭᠤᠯᠤᠨ᠎ᠠ᠃ ᠡᠯ᠎ᠡ ᠬᠠᠮᠲᠤᠷᠠᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠳ ᠬᠠᠮᠵᠢᠯᠴᠠᠵᠤ᠂ ᠬᠠᠮᠲᠤᠷᠠᠨ ᠬᠠᠤᠯᠢ ᠬᠡᠷᠡᠭᠵᠢᠭᠦᠯᠬᠦ ᠳᠤᠮᠳᠠ ᠠᠮᠢ ᠠᠬᠤᠶ ᠵᠢ ᠰᠡᠷᠭᠦᠭᠡᠬᠦ ᠠᠵᠢᠯ᠎ᠢ ᠢᠳᠡᠪᠬᠢᠲᠡᠶ ᠥᠷᠨᠢᠭᠦᠯᠵᠦ᠂ ᠠᠮᠢ ᠠᠬᠤᠶ ᠵᠢ ᠰᠡᠷᠭᠦᠭᠡᠭᠰᠡᠨ ᠪᠠᠶ᠋ᠢᠳᠠᠯ ᠬᠢᠭᠡᠳ ᠲᠣᠷᠭ᠋ᠠᠭᠤᠯᠢ ᠵᠢ ᠭᠥᠯᠢᠶᠡᠨ ᠠᠭᠤᠴᠢᠯᠠᠨ ᠰᠢᠳᠬᠡᠬᠦ ᠲᠦᠷᠢᠮ᠎ᠢ ᠬᠠᠷᠢᠯᠴᠠᠨ ᠤᠶᠠᠯᠳᠤᠭᠤᠯᠵᠤ᠂ ᠠᠮᠢ ᠠᠬᠤᠶ ᠵᠢ ᠰᠡᠷᠭᠦᠭᠡᠬᠦ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠵᠢ ᠴᠢᠩᠭ᠋ᠠᠷᠠᠭᠤᠯᠤᠨ᠂ ᠰᠡᠷᠭᠦᠭᠡᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠨ ᠪᠣᠳᠠᠲᠠᠶ᠋ᠢᠵᠢᠭᠤᠯᠬᠤ ᠵᠢ ᠦᠨᠡᠨᠬᠦ ᠪᠠᠲᠤᠯᠠᠵᠤ᠂ ᠬᠠᠤᠯᠢ ᠴᠠᠭ᠋ᠠᠵᠠ ᠵᠢᠨ ᠦᠷ᠎ᠡ ᠪᠦᠲᠦᠮᠵᠢ ᠬᠢᠭᠡᠳ ᠣᠷᠴᠢᠨ ᠲᠣᠭᠣᠷᠢᠨ᠎ᠤ ᠦᠷ᠎ᠡ ᠠᠰᠢᠭ᠎ᠢ ᠣᠷᠭ᠋ᠠᠨᠢᠭ ᠵᠶ᠋ᠠᠷ ᠨᠢᠭᠡᠳᠬᠡᠬᠦ ᠵᠢ ᠪᠡᠶᠡᠯᠡᠭᠦᠯᠬᠦ ᠵᠢ ᠠᠬᠢᠭᠤᠯᠤᠨ᠎ᠠ᠃
    (ᠲᠠᠪᠤ) ᠬᠠᠮᠲᠤᠷᠠᠨ ᠤᠬᠠᠭᠤᠯᠵᠤ ᠨᠡᠶ᠋ᠢᠲᠡᠯᠡᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠬᠡᠷᠡᠭᠲᠡᠶ
    ᠤᠬᠠᠭᠤᠯᠭ᠎ᠠ ᠵᠢᠨ ᠠᠴᠢᠶᠠᠯᠠᠪᠤᠷᠢ ᠪᠠ ᠢᠯᠡᠷᠡᠬᠦ ᠬᠡᠯᠪᠡᠷᠢ ᠵᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠲᠧᠯᠸᠢᠰ᠂ ᠰᠣᠨᠢᠨ ᠵᠢᠴᠢ ᠰᠢᠨ᠎ᠡ ᠵᠠᠭᠤᠴᠢᠯᠠᠭᠤᠷ ᠵᠡᠷᠭᠡ ᠣᠯᠠᠨ ᠵᠦᠢ᠍ᠯ᠎ᠤᠨ ᠬᠡᠯᠪᠡᠷᠢ ᠵᠢ ᠠᠰᠢᠭᠯᠠᠨ᠂ ᠬᠠᠮᠲᠤᠷᠠᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠠᠵᠢᠯ᠎ᠤᠨ ᠠᠬᠢᠴᠠ ᠪᠠ ᠦᠷ᠎ᠡ ᠪᠦᠲᠦᠮᠵᠢ ᠵᠢ ᠨᠡᠶ᠋ᠢᠭᠡᠮ ᠨᠡᠶ᠋ᠢᠲᠡ᠎ᠳᠤ ᠴᠠᠭ ᠲᠤᠬᠠᠶ᠎ᠳᠤᠨᠢ ᠮᠡᠳᠡᠭᠳᠡᠬᠦ ᠬᠡᠷᠡᠭᠲᠡᠶ᠃ ᠬᠠᠮᠢᠶ᠎ᠠ ᠪᠥᠬᠥᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠵᠢ ᠴᠢᠩᠭ᠋ᠠᠳᠬᠠᠵᠤ᠂ ᠨᠡᠶ᠋ᠢᠭᠡᠮ᠎ᠤᠨ ᠣᠯᠠᠨ ᠨᠡᠶ᠋ᠢᠲᠡ ᠪᠠ ᠠᠵᠤ ᠠᠬᠤᠶ᠋ᠢᠯᠠᠯ᠎ᠢ ᠬᠥᠲᠥᠯᠦᠨ ᠵᠢᠯᠣᠭᠣᠳᠴᠤ ᠪᠠᠶ᠋ᠢᠭ᠋ᠠᠳ ᠠᠮᠢ ᠠᠬᠤᠶ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠦᠵᠡᠯ ᠤᠬᠠᠮᠰᠠᠷ᠎ᠢ᠎ᠨᠢ ᠴᠢᠩᠭ᠋ᠠᠷᠠᠭᠤᠯᠵᠤ᠂ ᠪᠠᠶ᠋ᠢᠭ᠋ᠠᠯᠢ ᠵᠢ ᠬᠦᠨᠳᠦᠳᠬᠡᠬᠦ᠂ ᠪᠠᠶ᠋ᠢᠭ᠋ᠠᠯᠢ᠎ᠳᠤ ᠵᠣᠬᠢᠴᠠᠬᠤ᠂ ᠪᠠᠶ᠋ᠢᠭ᠋ᠠᠯᠢ ᠵᠢ ᠬᠠᠮᠠᠭ᠋ᠠᠯᠠᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠨ᠎ᠠ᠃
    (ᠵᠢᠷᠭᠤᠭ᠎ᠠ) ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠬᠠᠤᠯᠢ ᠴᠠᠭ᠋ᠠᠵᠠ ᠵᠢᠨ ᠬᠣᠯᠪᠣᠭ᠋ᠠᠯᠠᠨ ᠬᠥᠳᠡᠯᠦᠯᠴᠡᠬᠦ ᠲᠤᠰᠬᠠᠶ᠋ᠢᠵᠢᠭᠰᠠᠨ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠎ᠠ
    ᠬᠠᠮᠲᠤᠷᠠᠭᠰᠠᠨ ᠪᠣᠯᠪᠠᠰᠤᠷᠠᠭᠤᠯᠤᠯ᠎ᠢ ᠴᠠᠭ᠎ᠲᠤᠨᠢ ᠲᠣᠬᠢᠷᠠᠭᠤᠯᠤᠨ ᠥᠷᠨᠢᠭᠦᠯᠵᠦ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠬᠡᠷᠡᠭᠯᠡᠬᠦ᠂ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ ᠵᠡᠷᠭᠡ ᠬᠠᠤᠯᠢ ᠬᠡᠷᠡᠭᠵᠢᠭᠦᠯᠬᠦ᠎ᠳᠤ ᠪᠡᠷᠬᠡᠲᠡᠶ ᠪᠥᠭᠡᠳ ᠭᠣᠣᠯᠳᠠᠯᠭ᠎ᠠ᠎ᠲᠠᠢ ᠠᠰᠠᠭᠤᠳᠠᠯ᠎ᠳᠤ ᠴᠢᠭᠯᠡᠭᠦᠯᠦᠨ ᠰᠤᠷᠤᠯᠴᠠᠵᠤ ᠰᠤᠳᠤᠯᠤᠨ ᠶᠠᠷᠢᠯᠴᠠᠵᠤ᠂ ᠬᠠᠤᠯᠢ ᠬᠡᠷᠡᠭᠵᠢᠭᠦᠯᠬᠦ ᠪᠠᠷᠢᠮᠵᠢᠶ᠎ᠠ ᠪᠠ ᠬᠠᠤᠯᠢ ᠴᠠᠭ᠋ᠠᠵᠠ ᠵᠢᠨ ᠬᠡᠷᠡᠭᠯᠡᠯᠲᠡ ᠵᠢ ᠨᠢᠭᠡᠳᠦᠯᠲᠡᠶ ᠪᠣᠯᠭ᠋ᠠᠵᠤ᠂ ᠬᠠᠤᠯᠢ ᠬᠡᠷᠡᠭᠵᠢᠭᠦᠯᠬᠦ ᠶᠠᠰᠤ ᠴᠢᠨᠠᠷ᠎ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠤᠰᠬᠠᠶ ᠮᠡᠷᠭᠡᠵᠢᠯᠲᠡᠨ᠎ᠤ ᠬᠥᠮᠥᠷᠭᠡ ᠵᠢᠨ ᠪᠥᠲᠥᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠣᠯᠪᠣᠭ᠋ᠠᠯᠠᠨ ᠬᠥᠳᠡᠯᠦᠯᠴᠡᠬᠦ ᠨᠢᠭᠡᠴᠡ ᠵᠢᠨ ᠲᠤᠰᠬᠠᠶ ᠮᠡᠷᠭᠡᠵᠢᠯᠲᠡᠨ᠎ᠢ ᠤᠷᠢᠵᠤ ᠵᠥᠪᠯᠡᠭᠴᠢ ᠪᠣᠯᠭ᠋ᠠᠵᠤ᠂ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠦᠯᠲᠡ᠎ᠳᠤ ᠲᠤᠰᠬᠠᠶ
    ᠭᠤᠷᠪᠠ᠂ ᠠᠵᠢᠯ᠎ᠤᠨ ᠱᠠᠭ᠋ᠠᠷᠳᠠᠯᠭ᠎ᠠ
    (ᠨᠢᠭᠡ) ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠦᠨ᠎ᠡ᠃ ᠪᠥᠬᠥ ᠰᠢᠶᠠᠨ᠎ᠤ ᠠᠮᠢ ᠠᠬᠤᠶ ᠵᠢᠨ ᠣᠷᠴᠢᠨ ᠨᠥᠬᠥᠴᠡᠯ᠎ᠤᠨ ᠬᠠᠮᠠᠭ᠋ᠠᠯᠠᠯᠲᠠ ᠵᠢᠨ ᠬᠠᠮᠲᠤᠷᠠᠨ ᠬᠠᠤᠯᠢ ᠬᠡᠷᠡᠭᠵᠢᠭᠦᠯᠬᠦ ᠪᠣᠯ ᠣᠷᠴᠢᠨ ᠠᠬᠤᠶ ᠵᠢᠨ ᠬᠠᠮᠠᠭ᠋ᠠᠯᠠᠯᠲᠠ ᠵᠢᠨ 《ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ》 《ᠨᠢᠭᠡ ᠠᠵᠢᠯ᠎ᠤᠨ ᠪᠠᠶ᠋ᠢᠷᠢ᠎ᠳᠤ ᠬᠣᠶᠠᠷ ᠬᠠᠷᠢᠭᠤᠴᠠᠯᠭ᠎ᠠ ᠡᠭᠦᠷᠭᠡᠯᠡᠬᠦ》 ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠬᠤ ᠵᠢ ᠳᠥᠯᠭᠢᠨ ᠠᠬᠢᠭᠤᠯᠬᠤ ᠵᠢᠨ ᠱᠠᠭ᠋ᠠᠷᠳᠠᠯᠭ᠎ᠠ ᠮᠥᠨ᠂ ᠡᠯ᠎ᠡ ᠪᠠᠯᠭ᠋ᠠᠰᠤ᠂ ᠡᠯ᠎ᠡ ᠰᠠᠯᠠᠭ᠎ᠠ ᠮᠥᠴᠢᠷ᠎ᠤᠨ᠎ᠬᠢᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠲᠣᠰ ᠤᠳᠠᠭ᠋ᠠᠨ᠎ᠤ ᠲᠤᠰᠬᠠᠶ ᠬᠠᠤᠯᠢ ᠬᠡᠷᠡᠭᠵᠢᠭᠦᠯᠦᠯᠲᠡ ᠵᠢᠨ ᠴᠡᠭᠴᠡᠯᠡᠨ ᠵᠠᠰᠠᠬᠤ ᠠᠵᠢᠯᠯᠠᠭ᠎ᠠ ᠵᠢ ᠬᠠᠷᠢᠶᠠᠲᠤ ᠣᠷᠣᠨ᠎ᠤ ᠣᠷᠴᠢᠨ ᠠᠬᠤᠶ ᠵᠢᠨ ᠲᠣᠪᠣᠶ᠋ᠢᠮ᠎ᠠ ᠠᠰᠠᠭᠤᠳᠠᠯ᠎ᠢ ᠰᠢᠢ᠍ᠳᠪᠦᠷᠢᠯᠡᠬᠦ ᠴᠢᠬᠤᠯᠠ ᠠᠷᠭ᠎ᠠ ᠬᠡᠮᠵᠢᠶ᠎ᠡ ᠪᠣᠯᠭ᠋ᠠᠵᠤ᠂ ᠬᠢᠨᠠᠮᠠᠭ᠋ᠠᠶ ᠵᠣᠬᠢᠶᠠᠨ ᠪᠠᠶ᠋ᠢᠭᠤᠯᠤᠨ᠂ ᠪᠣᠳᠠᠲᠤ ᠦᠷ᠎ᠡ ᠪᠦᠲᠦᠮᠵᠢ ᠵᠢ ᠦᠨᠡᠨ ᠬᠦ᠌ ᠪᠠᠲᠤᠯᠠᠵᠤ᠂ ᠬᠠᠰᠢ ᠶᠠᠰᠢ᠎ᠪᠠᠷ ᠥᠩᠭᠡᠷᠡᠭᠦᠯᠬᠦ ᠥᠬᠡᠶ᠂ ᠪᠥᠬᠥ ᠲᠠᠯ᠎ᠠ ᠵᠢ ᠬᠠᠮᠤᠷᠬᠤ ᠬᠡᠷᠡᠭᠲᠡᠶ᠃
    (ᠬᠣᠶᠠᠷ) ᠬᠠᠤᠯᠢ ᠵᠢ ᠴᠢᠩᠭ᠎ᠠ ᠬᠡᠷᠡᠭᠵᠢᠭᠦᠯᠵᠦ ᠬᠡᠷᠡᠭ ᠰᠢᠢ᠍ᠳᠪᠦᠷᠢᠯᠡᠬᠦ ᠬᠡᠷᠡᠭᠲᠡᠶ᠃ ᠡᠯ᠎ᠡ ᠰᠠᠯᠠᠭ᠎ᠠ ᠮᠥᠴᠢᠷ᠎ᠤᠳ ᠬᠠᠤᠯᠢ ᠴᠠᠭ᠋ᠠᠵᠠ ᠵᠢᠨ ᠲᠣᠭᠲᠠᠭ᠋ᠠᠯ ᠪᠠ ᠭᠡᠷᠡᠴᠢ ᠪᠠᠷᠢᠮᠲᠠ ᠵᠢᠨ ᠪᠠᠶ᠋ᠢᠳᠠᠯ᠎ᠲᠠᠢ ᠤᠶᠠᠯᠳᠤᠭᠤᠯᠤᠨ᠂ ᠪᠠᠶ᠋ᠢᠴᠠᠭ᠋ᠠᠵᠤ ᠢᠯᠡᠷᠡᠭᠦᠯᠦᠭᠰᠡᠨ ᠣᠷᠴᠢᠨ ᠲᠣᠭᠣᠷᠢᠨ᠎ᠤ ᠠᠰᠠᠭᠤᠳᠠᠯ᠎ᠢ ᠴᠠᠭ ᠲᠤᠬᠠᠶ᠎ᠳᠤᠨᠢ ᠠᠮᠢ ᠠᠬᠤᠶ ᠵᠢᠨ ᠣᠷᠴᠢᠨ ᠲᠣᠭᠣᠷᠢᠨ᠎ᠤ ᠬᠤᠪᠢᠶᠠᠷᠢ ᠲᠣᠪᠴᠢᠶ᠎ᠠ᠎ᠳᠤ ᠬᠤᠷᠢᠶᠠᠩᠭᠤᠶ᠋ᠢᠯᠠᠨ ᠮᠡᠳᠡᠭᠦᠯᠦᠨ ᠬᠦᠷᠭᠡᠬᠦ ᠬᠡᠷᠡᠭᠲᠡᠶ᠃ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠰᠢᠪᠠᠳᠠᠨ ᠪᠠᠶ᠋ᠢᠴᠠᠭ᠋ᠠᠯᠲᠠ ᠵᠢᠨ ᠲᠤᠰᠢᠶᠠᠨ ᠰᠢᠢ᠍ᠳᠪᠦᠷᠢᠯᠡᠭᠦᠯᠦᠭᠰᠡᠨ ᠠᠰᠠᠭᠤᠳᠠᠯ᠎ᠢ ᠡᠯ᠎ᠡ ᠰᠠᠯᠠᠭ᠎ᠠ ᠮᠥᠴᠢᠷ᠎ᠤᠨ᠎ᠬᠢᠨ ᠬᠠᠤᠯᠢ᠎ᠪᠠᠷ ᠲᠣᠭᠲᠠᠭ᠋ᠠᠭᠰᠠᠨ ᠵᠢᠷᠤᠮ ᠶᠣᠰᠣᠭ᠋ᠠᠷ᠂ ᠬᠠᠤᠯᠢ ᠶᠣᠰᠣᠭ᠋ᠠᠷ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠵᠦ᠂ ᠬᠠᠤᠯᠢ ᠪᠠᠶ᠋ᠢᠲᠠᠯ᠎ᠠ ᠵᠢᠷᠤᠮᠯᠠᠬᠤ ᠥᠬᠡᠶ᠂ ᠬᠠᠤᠯᠢ ᠵᠢ ᠴᠢᠩᠭ᠎ᠠ ᠬᠡᠷᠡᠭᠵᠢᠭᠦᠯᠬᠦ ᠥᠬᠡᠶ ᠪᠠᠶ᠋ᠢᠬᠤ ᠠᠰᠠᠭᠤᠳᠠᠯ᠎ᠢ ᠡᠷᠡᠰ ᠬᠣᠷᠢᠭᠯᠠᠬᠤ ᠬᠡᠷᠡᠭᠲᠡᠶ᠃ ᠠᠵᠢᠯ᠎ᠳᠠᠭᠠᠨ ᠬᠦᠴᠦᠨ ᠦᠭᠡᠢ᠂ ᠬᠠᠤᠯᠢ ᠵᠢ ᠬᠡᠷᠡᠭᠵᠢᠭᠦᠯᠬᠦ᠎ᠳᠡᠭᠡᠨ ᠴᠢᠩᠭ᠎ᠠ ᠪᠢᠰᠢ᠂ ᠬᠡᠷᠡᠭ ᠪᠠᠶ᠋ᠢᠲᠠᠯ᠎ᠠ ᠰᠢᠢ᠍ᠳᠪᠦᠷᠢᠯᠡᠬᠦ ᠦᠭᠡᠢ ᠨᠢᠭᠡᠴᠡ ᠪᠠ ᠬᠤᠪᠢ ᠬᠥᠮᠦᠨ᠎ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃
    (ᠭᠤᠷᠪᠠ) ᠠᠵᠢᠯ᠎ᠤᠨ ᠲᠣᠬᠢᠷᠠᠭᠤᠯᠤᠯᠲᠠ ᠵᠢ ᠴᠢᠩᠭ᠋ᠠᠷᠠᠭᠤᠯᠤᠨ᠎ᠠ᠃ ᠠᠮᠢ ᠠᠬᠤᠢ ᠵᠢᠨ ᠣᠷᠴᠢᠨ ᠲᠣᠭᠣᠷᠢᠨ᠎ᠤ ᠬᠦᠷᠢᠶᠡᠨ᠎ᠤ ᠬᠠᠮᠲᠤᠷᠠᠨ ᠬᠠᠤᠯᠢ ᠬᠡᠷᠡᠭᠵᠢᠭᠦᠯᠬᠦ ᠠᠵᠢᠯ᠎ᠢ ᠪᠠᠶ᠋ᠢᠩᠭᠤᠵᠢᠭᠤᠯᠤᠨ ᠥᠷᠨᠢᠭᠦᠯᠵᠦ᠂ ᠡᠯ᠎ᠡ ᠨᠢᠭᠡᠴᠡ ᠵᠢᠨ᠎ᠬᠢᠨ ᠬᠠᠷᠢᠯᠴᠠᠬᠤ ᠬᠥᠮᠦᠰ ᠵᠶ᠋ᠠᠨ ᠲᠣᠭᠲᠠᠭ᠋ᠠᠵᠤ᠂ ᠰᠠᠷ᠎ᠠ ᠪᠦᠷᠢ ᠵᠢᠨ 22᠎ᠤᠨ ᠡᠳᠦᠷ᠎ᠠᠴᠠ ᠡᠮᠦᠨ᠎ᠡ ᠠᠮᠢ ᠠᠬᠤᠢ ᠵᠢᠨ ᠣᠷᠴᠢᠨ ᠲᠣᠭᠣᠷᠢᠨ᠎ᠤ ᠬᠤᠪᠢᠶᠠᠷᠢ ᠲᠣᠪᠴᠢᠶ᠎ᠠ᠎ᠳᠤ ᠠᠵᠢᠯ ᠥᠷᠨᠢᠭᠦᠯᠦᠭᠰᠡᠨ ᠪᠠᠶ᠋ᠢᠳᠠᠯ᠂ ᠴᠢᠬᠤᠯᠠ ᠶᠡᠬᠡ ᠪᠠᠶ᠋ᠢᠳᠠᠯ᠂ ᠴᠢᠬᠤᠯᠠ ᠮᠡᠳᠡᠭᠡ ᠵᠠᠩᠭᠢ᠎ᠪᠠᠨ ᠴᠠᠭ ᠲᠤᠬᠠᠢ᠎ᠳᠤᠨᠢ ᠮᠡᠳᠡᠭᠦᠯᠦᠨ ᠬᠦᠷᠭᠡᠬᠦ ᠬᠡᠷᠡᠭᠲᠡᠢ᠃ ᠠᠮᠢ ᠠᠬᠤᠶ ᠵᠢᠨ ᠣᠷᠴᠢᠨ ᠨᠥᠬᠥᠴᠡᠯ᠎ᠤᠨ ᠬᠤᠪᠢᠶᠠᠷᠢ ᠲᠣᠪᠴᠢᠶ᠎ᠠ ᠰᠠᠷ᠎ᠠ ᠪᠦᠷᠢ ᠵᠢᠨ 25᠎ᠤ ᠡᠳᠦᠷ᠎ᠠᠴᠠ ᠡᠮᠦᠨ᠎ᠡ ᠵᠠᠰᠠᠭ᠎ᠤᠨ ᠣᠷᠳᠣᠨ᠎ᠳᠤ ᠬᠤᠷᠢᠶᠠᠩᠭᠤᠶ᠋ᠢᠯᠠᠭᠰᠠᠨ ᠪᠠᠶ᠋ᠢᠳᠠᠯ ᠵᠶ᠋ᠠᠨ ᠮᠡᠳᠡᠭᠦᠯᠬᠦ ᠬᠡᠷᠡᠭᠲᠡᠶ᠃
   

 

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ