《ᠳ᠋ᠸᠩᠺᠸᠤ ᠰᠢᠶᠠᠨ᠎ᠤ ᠱᠤᠤᠭᠢᠶᠠᠨ᠎ᠤ ᠪᠣᠬᠢᠷᠲᠤᠯ᠎ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠋ᠠᠨ᠎ᠤ ᠲᠥᠰᠦᠯ》᠎ᠢ ᠳᠠᠷᠤᠮᠠᠯᠯᠠᠨ ᠲᠠᠷᠬᠠᠭ᠋ᠠᠬᠤ ᠲᠤᠬᠠᠶ ᠳ᠋ᠸᠩᠺᠸᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2023-12-01
ᠳ᠋ᠸᠩᠺᠸᠤ ᠵᠠᠰᠠᠭ ᠠᠯᠪᠠᠨ ᠦᠰᠦᠭ[2023]55 ᠲᠣᠭ᠋ᠠᠲᠤ
ᠡᠯ᠎ᠡ ᠰᠤᠮᠤ ᠪᠠᠯᠭ᠋ᠠᠰᠤ᠂ ᠲᠠᠷᠢᠶᠠᠯᠠᠩ᠎ᠤᠨ ᠲᠠᠯᠠᠪᠠᠶ ᠵᠢᠨ ᠺᠣᠮᠫᠠᠨᠢ᠂ ᠰᠢᠶᠠᠨ᠎ᠤ ᠰᠢᠭᠤᠳ ᠬᠠᠷᠢᠶ᠎ᠠ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠤ᠄
《ᠳ᠋ᠸᠩᠺᠸᠤ ᠰᠢᠶᠠᠨ᠎ᠤ ᠱᠤᠤᠭᠢᠶᠠᠨ᠎ᠤ ᠪᠣᠬᠢᠷᠲᠤᠯ᠎ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠋ᠠᠨ᠎ᠤ ᠲᠥᠰᠦᠯ》᠎ᠢ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ᠎ᠲᠠᠢ᠎ᠪᠠᠨ ᠤᠶᠠᠯᠳᠤᠭᠤᠯᠤᠨ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠶ᠃
ᠳ᠋ᠸᠩᠺᠸᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ
2023 ᠣᠨ᠎ᠤ 12 ᠰᠠᠷ᠎ᠠ ᠵᠢᠨ 1᠎ᠤ ᠡᠳᠦᠷ
ᠳ᠋ᠸᠩᠺᠸᠤ ᠰᠢᠶᠠᠨ᠎ᠤ ᠱᠤᠤᠭᠢᠶᠠᠨ᠎ᠤ ᠪᠣᠬᠢᠷᠲᠤᠯ᠎ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠵᠢᠨ ᠲᠥᠰᠦᠯ
ᠱᠤᠤᠭᠢᠶᠠᠨ᠎ᠤ ᠪᠣᠬᠢᠷᠲᠤᠯ᠎ᠢ ᠴᠡᠭᠴᠡᠯᠡᠨ ᠵᠠᠰᠠᠬᠤ ᠡᠷᠴᠢᠮ᠎ᠢ ᠴᠢᠩᠭ᠋ᠠᠷᠠᠭᠤᠯᠬᠤ ᠵᠢᠨ ᠲᠥᠯᠥᠭᠡ᠂ ᠠᠵᠤ ᠦᠢ᠍ᠯᠡᠳᠪᠦᠷᠢ ᠵᠢᠨ ᠱᠤᠤᠭᠢᠶᠠᠨ᠂ ᠪᠠᠷᠢᠯᠭ᠎ᠠ ᠵᠢᠨ ᠠᠵᠢᠯ᠎ᠤᠨ ᠱᠤᠤᠭᠢᠶᠠᠨ᠂ ᠵᠠᠮ ᠬᠠᠷᠢᠯᠴᠠᠭ᠋ᠠᠨ᠎ᠤ ᠱᠤᠤᠭᠢᠶᠠᠨ᠂ ᠨᠡᠶ᠋ᠢᠭᠡᠮ᠎ᠤᠨ ᠠᠮᠢᠳᠤᠷᠠᠯ᠎ᠤᠨ ᠱᠤᠤᠭᠢᠶᠠᠨ᠎ᠤ ᠪᠣᠬᠢᠷᠲᠤᠯ᠎ᠢ ᠢᠳᠡᠪᠬᠢᠲᠡᠶ᠎ᠪᠠᠷ ᠬᠢᠵᠠᠭ᠋ᠠᠷᠯᠠᠵᠤ᠂ ᠱᠤᠤᠭᠢᠶᠠᠨ ᠵᠶ᠋ᠠᠷ ᠠᠷᠠᠳ᠎ᠢ ᠦᠢ᠍ᠮᠡᠭᠦᠯᠬᠦ ᠦᠵᠡᠭᠳᠡᠯ᠎ᠢ ᠪᠦᠲᠦᠮᠵᠢᠲᠡᠶ᠎ᠪᠠᠷ ᠰᠢᠢ᠍ᠳᠪᠦᠷᠢᠯᠡᠵᠦ᠂ ᠬᠣᠲᠠ ᠪᠠᠯᠭ᠋ᠠᠰᠤ ᠵᠢᠨ ᠳᠠᠭᠤᠨ᠎ᠤ ᠣᠷᠴᠢᠨ ᠲᠣᠭᠣᠷᠢᠨ᠎ᠤ ᠴᠢᠨᠠᠷ ᠴᠢᠨᠰᠠᠭ᠎ᠠ ᠵᠢ ᠮᠡᠳᠡᠭᠳᠡᠬᠦᠶ᠋ᠢᠴᠡ ᠰᠠᠶ᠋ᠢᠵᠢᠷᠠᠭᠤᠯᠵᠤ᠂ ᠠᠷᠠᠳ ᠣᠯᠠᠨ᠎ᠤ ᠰᠡᠳᠬᠢᠯ ᠬᠠᠨᠤᠮᠵᠢᠲᠠᠶ ᠪᠠᠶ᠋ᠢᠬᠤ ᠬᠡᠮᠵᠢᠶ᠎ᠡ ᠵᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠱᠤᠤᠭᠢᠶᠠᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠤᠯᠢ》 ᠵᠢᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠮᠠᠨ᠎ᠤ ᠰᠢᠶᠠᠨ᠎ᠤ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠵᠤ᠂ ᠲᠤᠰ ᠲᠥᠰᠦᠯ᠎ᠢ ᠣᠨᠴᠠᠭ᠋ᠠᠶ᠋ᠢᠯᠠᠨ ᠲᠣᠭᠲᠠᠭ᠋ᠠᠪᠠ᠃
ᠨᠢᠭᠡ᠂ ᠠᠵᠢᠯ᠎ᠤᠨ ᠬᠠᠷᠠᠯᠲᠠ
《ᠦᠨᠭᠭᠡᠨ ᠲᠠᠯ᠎ᠠ ᠪᠠ ᠦᠨᠳᠦᠰᠦ ᠰᠤᠷᠪᠤᠯᠵᠢ ᠵᠢ᠎ᠨᠢ ᠵᠡᠷᠭᠡ᠎ᠪᠡᠷ ᠵᠠᠰᠠᠬᠤ᠂ ᠴᠤᠭᠭ᠋ᠠᠷ ᠠᠳᠬᠤᠵᠤ ᠬᠠᠮᠲᠤ᠎ᠪᠠᠷ ᠬᠠᠮᠢᠶᠠᠷᠬᠤ》 ᠱᠤᠤᠭᠢᠶᠠᠨ᠎ᠤ ᠪᠣᠬᠢᠷᠲᠤᠯ᠎ᠢ ᠴᠡᠭᠴᠡᠯᠡᠨ ᠵᠠᠰᠠᠬᠤ ᠠᠵᠢᠯ᠎ᠤᠨ ᠤᠷᠳᠤ ᠬᠤᠭᠤᠴᠠᠭ᠋ᠠᠨ᠎ᠤ ᠦᠷ᠎ᠡ ᠪᠦᠲᠦᠮᠵᠢᠲᠡᠶ ᠲᠣᠭᠲᠠᠴᠠ ᠵᠢ ᠪᠠᠶ᠋ᠢᠭᠤᠯᠵᠤ᠂ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠱᠤᠤᠭᠢᠶᠠᠨ᠂ ᠪᠠᠷᠢᠯᠭ᠎ᠠ ᠵᠢᠨ ᠠᠵᠢᠯ᠎ᠤᠨ ᠱᠤᠤᠭᠢᠶᠠᠨ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠱᠤᠤᠭᠢᠶᠠᠨ᠂ ᠨᠡᠶ᠋ᠢᠭᠡᠮ᠎ᠤᠨ ᠠᠮᠢᠳᠤᠷᠠᠯ᠎ᠤᠨ ᠱᠤᠤᠭᠢᠶᠠᠨ᠎ᠤ ᠪᠣᠬᠢᠷᠲᠤᠯ᠎ᠢ ᠪᠦᠲᠦᠮᠵᠢᠲᠡᠶ᠎ᠪᠠᠷ ᠬᠢᠵᠠᠭ᠋ᠠᠷᠯᠠᠵᠤ᠂ ᠱᠤᠤᠭᠢᠶᠠᠨ ᠠᠷᠠᠳ᠎ᠢ ᠦᠢ᠍ᠮᠡᠭᠦᠯᠬᠦ ᠠᠰᠠᠭᠤᠳᠠᠯ᠎ᠢ ᠮᠡᠳᠡᠭᠳᠡᠬᠦᠶ᠋ᠢᠴᠡ ᠨᠠᠮᠳᠠᠭᠤᠯᠵᠤ᠂ ᠬᠤᠳᠠ ᠵᠢᠨ ᠲᠣᠭᠣᠷᠢᠭ᠎ᠤᠨ ᠳᠠᠭᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠮᠡᠳᠡᠭᠳᠡᠬᠦᠶ᠋ᠢᠴᠡ ᠰᠠᠶ᠋ᠢᠵᠢᠷᠠᠭᠤᠯᠵᠤ᠂ ᠤᠯᠠᠨ ᠲᠦᠮᠡᠨ᠎ᠤ ᠰᠡᠳᠬᠢᠯ ᠬᠠᠨᠤᠮᠵᠢᠲᠠᠶ ᠪᠠᠶ᠋ᠢᠬᠤ ᠬᠡᠮᠵᠢᠶ᠎ᠡ ᠵᠢ ᠲᠠᠰᠤᠷᠠᠯᠳᠠ ᠥᠭᠡᠢ ᠳᠡᠭᠡᠭᠰᠢᠯᠡᠭᠦᠯᠦᠨ᠎ᠡ᠃
ᠬᠣᠶᠠᠷ᠂ ᠴᠡᠭᠴᠡᠯᠡᠨ ᠵᠠᠰᠠᠬᠤ ᠬᠡᠪᠴᠢᠶ᠎ᠡ
ᠪᠦᠬᠦ ᠰᠢᠶᠠᠨ᠎ᠤ ᠬᠡᠪᠴᠢᠶᠡᠨ᠎ᠳᠤ ᠱᠤᠤᠭᠢᠶᠠᠨ᠎ᠢ ᠲᠤᠰᠬᠠᠶ᠋ᠢᠯᠠᠨ ᠴᠡᠭᠴᠡᠯᠡᠨ ᠵᠠᠰᠠᠬᠤ ᠠᠵᠢᠯᠯᠠᠭ᠎ᠠ ᠵᠢ ᠥᠷᠨᠢᠭᠦᠯᠵᠦ᠂ ᠬᠤᠳᠠ ᠵᠢᠨ ᠲᠣᠭᠣᠷᠢᠭ ᠵᠢᠴᠢ ᠡᠷᠬᠢᠨ ᠲᠣᠭᠣᠷᠢᠨ᠎ᠤ ᠠᠵᠤ ᠦᠢ᠍ᠯᠡᠳᠪᠦᠷᠢ ᠵᠢᠨ ᠱᠤᠤᠭᠢᠶᠠᠨ᠂ ᠪᠠᠷᠢᠯᠭ᠎ᠠ ᠵᠢᠨ ᠠᠵᠢᠯ᠎ᠤᠨ ᠱᠤᠤᠭᠢᠶᠠᠨ᠂ ᠵᠠᠮ ᠲᠡᠭᠡᠭᠡᠪᠦᠷᠢ ᠵᠢᠨ ᠱᠤᠤᠭᠢᠶᠠᠨ᠂ ᠨᠡᠶ᠋ᠢᠭᠡᠮ᠎ᠤᠨ ᠠᠮᠢᠳᠤᠷᠠᠯ᠎ᠤᠨ ᠱᠤᠤᠭᠢᠶᠠᠨ᠎ᠢ ᠭᠣᠣᠯᠳᠠᠯᠭ᠎ᠠ᠎ᠲᠠᠢ᠎ᠪᠠᠷ ᠥᠷᠨᠢᠭᠦᠯᠦᠨ᠎ᠡ᠃
ᠭᠤᠷᠪᠠ᠂ ᠠᠵᠢᠯ᠎ᠤᠨ ᠲᠣᠬᠢᠷᠠᠭᠤᠯᠤᠯᠲᠠ
(ᠨᠢᠭᠡ) ᠤᠬᠠᠭᠤᠯᠤᠨ ᠪᠠᠶ᠋ᠢᠷᠢᠯᠠᠭᠤᠯᠬᠤ ᠱᠠᠲᠤ ᠦᠶ᠎ᠡ (ᠲᠣᠰ ᠡᠳᠦᠷ᠎ᠠᠴᠠ ᠡᠬᠢᠯᠡᠨ 11 ᠳ᠋ᠦᠭᠡᠷ ᠰᠠᠷ᠎ᠠ ᠵᠢᠨ 26᠎ᠤ ᠡᠳᠦᠷ ᠪᠣᠯᠲᠠᠯ᠎ᠠ)᠃ ᠡᠯ᠎ᠡ ᠬᠠᠷᠢᠭᠤᠴᠠᠯᠭ᠋ᠠᠲᠤ ᠨᠢᠭᠡᠴᠡ᠎ᠨᠦᠭᠦᠳ ᠴᠡᠭᠴᠡᠯᠡᠨ ᠵᠠᠰᠠᠬᠤ ᠲᠤᠰᠬᠠᠶ ᠲᠥᠰᠦᠯ ᠲᠣᠭᠲᠠᠭ᠋ᠠᠵᠤ᠂ ᠦᠳᠲᠡᠷ ᠲᠦᠷᠭᠡᠨ ᠲᠣᠬᠢᠷᠠᠭᠤᠯᠤᠨ ᠪᠠᠶ᠋ᠢᠷᠢᠯᠠᠭᠤᠯᠵᠤ᠂ ᠰᠣᠨᠢᠨ᠂ ᠲᠧᠯᠸᠢᠰ᠂ ᠷᠠᠳᠢᠣ᠋ ᠨᠡᠪᠲᠡᠷᠡᠭᠦᠯᠭᠡ ᠪᠣᠯᠤᠨ ᠲᠣᠣᠷ ᠰᠦᠯᠵᠢᠶ᠎ᠡ ᠵᠢ ᠭᠦᠢ᠍ᠴᠡᠳ ᠠᠰᠢᠭᠯᠠᠨ᠂ ᠤᠯᠠᠨ ᠶᠠᠩᠵᠤ ᠬᠡᠯᠪᠡᠷᠢ ᠵᠢᠨ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠬᠦ ᠬᠡᠷᠡᠭᠲᠡᠶ᠃
(ᠬᠣᠶᠠᠷ) ᠲᠥᠪᠯᠡᠷᠡᠭᠦᠯᠦᠨ ᠴᠡᠭᠴᠡᠯᠡᠨ ᠵᠠᠰᠠᠬᠤ ᠱᠠᠲᠤ ᠦᠶ᠎ᠡ (11 ᠳ᠋ᠦᠭᠡᠷ ᠰᠠᠷ᠎ᠠ ᠵᠢᠨ 30᠎ᠤ ᠡᠳᠦᠷ᠎ᠠᠴᠠ 12 ᠳ᠋ᠤᠭ᠋ᠠᠷ ᠰᠠᠷ᠎ᠠ ᠵᠢᠨ 18᠎ᠤ ᠡᠳᠦᠷ ᠪᠣᠯᠲᠠᠯ᠎ᠠ)᠃ ᠡᠯ᠎ᠡ ᠬᠠᠷᠢᠭᠤᠴᠠᠯᠭ᠋ᠠᠲᠤ ᠨᠢᠭᠡᠴᠡ᠎ᠨᠦᠭᠦᠳ ᠬᠠᠷᠠᠯᠲᠠ ᠡᠭᠦᠷᠭᠡ ᠵᠢ ᠠᠵᠢᠯ᠎ᠤᠨ ᠪᠠᠶ᠋ᠢᠷᠢ ᠪᠠ ᠬᠥᠮᠦᠨ᠎ᠳᠤ ᠬᠦᠷᠲᠡᠯ᠎ᠡ ᠨᠠᠷᠢᠯᠢᠬ᠍ᠵᠢᠭᠤᠯᠤᠨ ᠬᠤᠪᠢᠶᠠᠷᠢᠯᠠᠵᠤ᠂ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠂ ᠱᠠᠲᠤ ᠱᠠᠲᠤ᠎ᠪᠠᠷ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠵᠤ᠂ ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠴᠢᠩᠭ᠋ᠠᠳᠬᠠᠨ᠂ ᠨᠡᠶ᠋ᠢᠯᠡᠮᠡᠯ ᠬᠦᠴᠦᠨ᠎ᠢ ᠪᠦᠷᠢᠯᠳᠦᠭᠦᠯᠬᠦ ᠬᠡᠷᠡᠭᠲᠡᠶ᠃ ᠨᠢᠭᠡ᠎ᠳᠤ ᠭᠣᠤᠯᠳᠠᠯᠭ᠎ᠠ᠎ᠲᠠᠢ ᠣᠷᠣᠨ ᠪᠦᠰᠡ᠂ ᠵᠡᠭᠡᠯᠢ ᠭᠤᠳᠤᠮᠵᠢ ᠵᠢᠨ ᠬᠣᠶᠠᠷ ᠬᠠᠵᠠᠭᠤ᠂ ᠰᠥᠨᠢ ᠵᠢᠨ ᠱᠤᠤᠭᠢᠶᠠᠨ ᠵᠡᠷᠭᠡ ᠡᠯ᠎ᠡ ᠲᠥᠷᠥᠯ᠎ᠤᠨ ᠠᠷᠠᠳ᠎ᠢ ᠦᠢ᠍ᠮᠡᠭᠦᠯᠬᠦ ᠦᠢ᠍ᠯᠡ ᠠᠵᠢᠯᠯᠠᠭ᠎ᠠ ᠵᠢ ᠲᠥᠪᠯᠡᠷᠡᠭᠦᠯᠦᠨ ᠴᠡᠭᠴᠡᠯᠡᠨ ᠵᠠᠰᠠᠨ᠎ᠠ; ᠬᠣᠶᠠᠷ᠎ᠲᠤ ᠣᠯᠠᠨ ᠲᠦᠮᠡᠨ᠎ᠤ ᠳᠠᠬᠢᠨ ᠳᠠᠪᠲᠠᠨ ᠵᠠᠭ᠋ᠠᠯᠳᠤᠭᠰᠠᠨ᠂ ᠲᠤᠰᠬᠠᠯ ᠶᠡᠬᠡᠲᠡᠶ ᠳᠠᠭᠤ ᠱᠤᠤᠭᠢᠶᠠᠨ᠎ᠤ ᠪᠣᠬᠢᠷᠲᠤᠯ᠎ᠤᠨ ᠬᠠᠷᠢᠭᠤᠴᠠᠯᠭ᠎ᠠ ᠵᠢ ᠬᠥᠮᠦᠨ᠎ᠳᠤ᠎ᠨᠢ ᠳᠠᠭ᠋ᠠᠭ᠋ᠠᠯᠭ᠋ᠠᠵᠤ᠂ ᠬᠤᠭᠤᠴᠠᠭ᠎ᠠ ᠲᠣᠭᠲᠠᠭ᠋ᠠᠨ ᠰᠢᠢ᠍ᠳᠪᠦᠷᠢᠯᠡᠵᠦ ᠳᠠᠭᠤᠰᠬᠠᠬᠤ ᠬᠡᠷᠡᠭᠲᠡᠶ; ᠭᠤᠷᠪᠠ᠎ᠳᠤ ᠬᠠᠤᠯᠢ ᠪᠤᠰᠤ ᠰᠣᠶᠣᠯ ᠴᠡᠩᠭᠡᠯ᠎ᠤᠨ ᠲᠠᠯᠠᠪᠤᠷ ᠭᠠᠵᠠᠷ᠂ ᠬᠤᠳᠠᠯᠳᠤᠭ᠋ᠠᠨ᠎ᠤ ᠪᠣᠷᠣᠯᠠᠭᠤᠯᠭ᠎ᠠ ᠵᠢᠨ ᠲᠣᠣᠷ ᠴᠡᠭ᠂ ᠠᠭᠤᠳᠠᠮ ᠲᠠᠯᠠᠪᠠᠢ ᠵᠢᠨ ᠠᠵᠢᠯᠯᠠᠭ᠎ᠠ ᠵᠡᠷᠭᠡ ᠲᠠᠯᠠᠪᠤᠷ ᠭᠠᠵᠠᠷ᠎ᠢ ᠴᠠᠭ᠋ᠠᠵᠠᠯᠠᠨ᠎ᠠ; ᠳᠥᠷᠪᠡ᠎ᠳᠤ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠱᠤᠤᠭᠢᠶᠠᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠤᠯᠢ》 ᠶᠣᠰᠣᠭ᠋ᠠᠷ᠂ ᠡᠯ᠎ᠡ ᠲᠥᠷᠥᠯ᠎ᠤᠨ ᠱᠤᠤᠭᠢᠶᠠᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠰᠢᠳᠬᠡᠨ᠎ᠡ᠃
(ᠭᠤᠷᠪᠠ) ᠴᠡᠭᠴᠡᠯᠡᠨ ᠵᠠᠰᠠᠵᠤ ᠳ᠋ᠦᠩᠨᠡᠬᠦ ᠱᠠᠲᠤ ᠦᠶ᠎ᠡ (12 ᠳ᠋ᠤᠭ᠋ᠠᠷ ᠰᠠᠷ᠎ᠠ ᠵᠢᠨ 18᠎ᠤ ᠡᠳᠦᠷ᠎ᠠᠴᠠ ᠵᠢᠯ᠎ᠤᠨ ᠡᠴᠦᠰ ᠪᠣᠯᠲᠠᠯ᠎ᠠ)᠃ ᠡᠯ᠎ᠡ ᠬᠠᠷᠢᠭᠤᠴᠠᠯᠭ᠋ᠠᠲᠤ ᠨᠢᠭᠡᠴᠡ᠎ᠨᠦᠭᠦᠳ ᠲᠥᠪᠯᠡᠷᠡᠭᠦᠯᠦᠨ ᠴᠡᠭᠴᠡᠯᠡᠨ ᠵᠠᠰᠠᠬᠤ ᠱᠠᠲᠤ ᠦᠶ᠎ᠡ ᠵᠢᠨ ᠲᠤᠷᠰᠢᠯᠭ᠎ᠠ᠎ᠪᠠᠨ ᠬᠢᠨᠠᠮᠠᠭ᠋ᠠᠶ ᠳ᠋ᠦᠩᠨᠡᠵᠦ᠂ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠬᠠᠮᠢᠶᠠᠷᠤᠯᠲᠠ᠎ᠪᠠᠨ ᠵᠢᠷᠤᠮᠵᠢᠭᠤᠯᠤᠨ᠂ ᠵᠠᠰᠠᠬᠤ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠵᠤ᠂ ᠲᠤᠰᠬᠠᠶ ᠵᠠᠰᠠᠯᠲᠠ ᠵᠢᠨ ᠦᠷ᠎ᠡ ᠪᠦᠲᠦᠭᠡᠯ ᠵᠶ᠋ᠠᠨ ᠪᠡᠬᠢᠵᠢᠭᠦᠯᠵᠦ᠂ ᠣᠯᠠᠨ ᠲᠦᠮᠡᠨ᠎ᠤ ᠰᠡᠳᠬᠢᠯ ᠬᠠᠨᠤᠮᠵᠢᠲᠠᠶ ᠪᠠᠶ᠋ᠢᠬᠤ ᠬᠡᠮᠵᠢᠶ᠎ᠡ᠎ᠪᠠᠨ ᠳᠡᠭᠡᠭᠰᠢᠯᠡᠭᠦᠯᠬᠦ ᠵᠢ ᠦᠨᠡᠨᠬᠦ ᠪᠠᠲᠤᠯᠠᠬᠤ ᠬᠡᠷᠡᠭᠲᠡᠶ᠃
ᠳᠥᠷᠪᠡ᠂ ᠭᠣᠤᠯᠳᠠᠯᠭ᠎ᠠ᠎ᠲᠠᠢ ᠡᠭᠦᠷᠭᠡ
(ᠨᠢᠭᠡ) ᠠᠵᠤ ᠦᠢ᠍ᠯᠡᠳᠪᠦᠷᠢ ᠵᠢᠨ ᠱᠤᠤᠭᠢᠶᠠᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠢ ᠭᠦᠨᠵᠡᠭᠡᠶ᠋ᠢᠷᠡᠭᠦᠯᠵᠦ᠂ ᠭᠣᠣᠯᠳᠠᠯᠭ᠎ᠠ᠎ᠲᠠᠢ ᠠᠵᠤ ᠠᠬᠤᠶ᠋ᠢᠯᠠᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ
1. ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠲᠠᠭᠤ ᠱᠤᠤᠭᠢᠶᠠᠨ᠎ᠤ ᠪᠣᠬᠢᠷᠲᠤᠯ᠎ᠢ ᠵᠠᠰᠠᠬᠤ ᠵᠢ ᠠᠬᠢᠭᠤᠯᠤᠨ᠎ᠠ᠃ ᠱᠤᠤᠭᠢᠶ᠎ᠠ ᠳᠠᠭᠤ ᠭᠠᠳᠠᠭᠰᠢᠯᠠᠭᠤᠯᠬᠤ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠢ ᠱᠠᠯᠠᠪᠳᠠᠭᠤᠯᠤᠨ ᠳᠣᠷᠭᠢᠯᠲᠠ ᠵᠢ ᠪᠠᠭ᠋ᠠᠰᠬᠠᠵᠤ ᠱᠤᠤᠭᠢᠶᠠᠨ᠎ᠢ ᠪᠠᠭ᠋ᠠᠰᠬᠠᠬᠤ ᠠᠷᠭ᠎ᠠ ᠬᠡᠮᠵᠢᠶ᠎ᠡ ᠵᠢ ᠦᠨᠡᠨᠬᠦ ᠠᠪᠤᠭᠤᠯᠵᠤ᠂ ᠦᠢ᠍ᠯᠡᠳᠪᠦᠷᠢ ᠵᠢᠨ ᠲᠣᠭᠣᠷᠢᠭ᠎ᠲᠠᠬᠢ ᠲᠣᠭᠲᠠᠮᠠᠯ ᠲᠥᠬᠥᠭᠡᠷᠦᠮᠵᠢ᠂ ᠲᠡᠭᠡᠭᠡᠪᠦᠷᠢ ᠵᠢᠨ ᠪᠠᠭ᠋ᠠᠵᠢ᠂ ᠪᠠᠷᠠᠭ᠎ᠠ ᠠᠴᠢᠶᠠᠯᠠᠵᠤ ᠪᠠᠭᠤᠯᠭ᠋ᠠᠬᠤ ᠵᠡᠷᠭᠡ ᠱᠤᠤᠭᠢᠶᠠᠨ᠎ᠤ ᠡᠬᠢ ᠰᠤᠷᠪᠤᠯᠵᠢ ᠵᠢᠨ ᠬᠠᠮᠢᠶᠠᠷᠤᠯᠲᠠ ᠵᠢ ᠴᠢᠩᠭ᠋ᠠᠳᠬᠠᠬᠤ ᠵᠢᠨ ᠬᠠᠮᠲᠤ ᠭᠡᠨᠡᠳᠲᠡ ᠵᠢᠨ ᠱᠤᠤᠭᠢᠶᠠᠨ ᠵᠶ᠋ᠠᠷ ᠠᠷᠠᠳ᠎ᠢ ᠦᠢ᠍ᠮᠡᠭᠦᠯᠬᠦ᠎ᠠᠴᠠ ᠵᠠᠶ᠋ᠢᠯᠠᠰᠬᠢᠬᠦ ᠬᠡᠷᠡᠭᠲᠡᠢ; ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠲᠡᠷᠢᠭᠦᠨ᠎ᠤ ᠵᠠᠰᠠᠬᠤ ᠮᠡᠷᠭᠡᠵᠢᠯ᠎ᠢ ᠬᠡᠷᠡᠭᠯᠡᠬᠦ ᠵᠢ ᠵᠣᠷᠢᠭᠵᠢᠭᠤᠯᠵᠤ᠂ ᠠᠵᠢᠯ ᠲᠥᠷᠥᠯ᠎ᠤᠨ ᠱᠤᠤᠭᠢᠶᠠᠨ᠎ᠢ ᠵᠠᠰᠠᠬᠤ ᠨᠡᠶ᠋ᠢᠲᠡᠯᠢᠭ ᠵᠢᠱ᠌ᠢᠶ᠎ᠡ ᠦᠵᠡᠭᠦᠯᠬᠦ ᠵᠢ ᠪᠣᠶ ᠪᠣᠯᠭ᠋ᠠᠨ᠎ᠠ᠃ (ᠬᠠᠷᠢᠭᠤᠴᠠᠯᠭ᠋ᠠᠲᠤ ᠨᠢᠭᠡᠴᠡ᠄ ᠠᠮᠢ ᠠᠬᠤᠶ ᠵᠢᠨ ᠣᠷᠴᠢᠨ ᠲᠣᠭᠣᠷᠢᠨ᠎ᠤ ᠲᠣᠪᠴᠢᠶ᠎ᠠ)
2. ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠨ᠎ᠠ᠃ ᠱᠤᠤᠭᠢᠶᠠᠨ᠎ᠤ ᠪᠣᠬᠢᠷᠲᠤᠯ᠎ᠢ ᠣᠷᠣᠨ ᠬᠤᠪᠢᠶᠠᠨ ᠬᠠᠮᠢᠶᠠᠷᠤᠨ ᠡᠵᠡᠮᠳᠡᠵᠦ᠂ ᠲᠥᠬᠥᠭᠡᠷᠦᠮᠵᠢ ᠵᠢᠨ ᠪᠠᠶ᠋ᠢᠷᠢᠰᠢᠭᠤᠯᠤᠯᠲᠠ ᠪᠠ ᠪᠠᠷᠠᠭ᠋ᠠᠨ᠎ᠤ ᠭᠦᠢ᠍ᠯᠭᠡᠭᠡᠨ᠎ᠤ ᠲᠡᠭᠡᠭᠡᠪᠦᠷᠢ ᠵᠢᠨ ᠵᠠᠮ ᠱᠤᠭᠤᠮ᠎ᠢ ᠰᠢᠯᠢᠳᠡᠭᠵᠢᠭᠦᠯᠦᠨ᠂ ᠳᠣᠤᠷ᠎ᠠ ᠱᠤᠤᠭᠢᠶᠠᠨ᠎ᠤ ᠲᠥᠬᠥᠭᠡᠷᠦᠮᠵᠢ ᠪᠠ ᠲᠡᠭᠡᠭᠡᠪᠦᠷᠢ ᠵᠢᠨ ᠪᠠᠭ᠋ᠠᠵᠢ ᠵᠢ ᠬᠡᠷᠡᠭᠯᠡᠬᠦ ᠬᠡᠷᠡᠭᠲᠡᠶ᠃ ᠳᠠᠭᠤ ᠱᠤᠤᠭᠢᠶᠠᠨ᠎ᠤ ᠪᠣᠬᠢᠷᠲᠤᠯ ᠬᠦᠨᠳᠦ ᠨᠣᠴᠢᠲᠠᠶ ᠪᠤᠶᠤ ᠤᠯᠠᠨ ᠲᠦᠮᠡᠨ᠎ᠤ ᠵᠠᠭ᠋ᠠᠯᠳᠤᠭᠰᠠᠨ ᠠᠰᠠᠭᠤᠳᠠᠯ ᠨᠡᠯᠢᠶᠡᠳ ᠤᠯᠠᠨ ᠪᠠᠶ᠋ᠢᠭ᠎ᠠ ᠣᠷᠣᠨ ᠪᠦᠰᠡ᠎ᠳᠤ ᠳᠠᠭᠤ ᠱᠤᠤᠭᠢᠶᠠᠨ᠎ᠢ ᠲᠤᠰᠬᠠᠶ᠋ᠢᠯᠠᠨ ᠵᠠᠰᠠᠬᠤ ᠠᠵᠢᠯ᠎ᠤᠨ ᠲᠥᠰᠦᠯ᠎ᠢ ᠲᠣᠭᠲᠠᠭ᠋ᠠᠨ ᠬᠡᠷᠡᠭᠵᠢᠭᠦᠯᠵᠦ᠂ ᠳᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃ (ᠬᠠᠷᠢᠭᠤᠴᠠᠯᠭ᠋ᠠᠲᠤ ᠨᠢᠭᠡᠴᠡ᠄ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ)
3. ᠭᠣᠣᠯᠳᠠᠯᠭ᠎ᠠ᠎ᠲᠠᠢ ᠠᠵᠤ ᠠᠬᠤᠶ᠋ᠢᠯᠠᠯ᠎ᠤᠨ ᠱᠤᠤᠭᠢᠶᠠᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠤᠨ᠎ᠠ᠃ ᠤᠯᠤᠰ᠎ᠤᠨ ᠠᠵᠤ ᠦᠢ᠍ᠯᠡᠳᠪᠦᠷᠢ ᠵᠢᠨ ᠱᠤᠤᠭᠢᠶᠠᠨ᠎ᠤ ᠪᠣᠬᠢᠷᠲᠤᠯ᠎ᠢ ᠭᠠᠳᠠᠭᠰᠢᠯᠠᠭᠤᠯᠬᠤ ᠵᠥᠪᠰᠢᠶᠡᠷᠡᠯ᠎ᠢ ᠭᠤᠶᠤᠴᠢᠯᠠᠬᠤ ᠪᠠ ᠬᠢᠨᠠᠨ ᠣᠯᠭᠣᠬᠤ ᠮᠡᠷᠭᠡᠵᠢᠯ᠎ᠤᠨ ᠵᠢᠷᠤᠮᠵᠢᠯ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠬᠠᠤᠯᠢ ᠶᠣᠰᠣᠭ᠋ᠠᠷ ᠪᠣᠬᠢᠷᠲᠤᠯ᠎ᠢ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠢ ᠬᠢᠨᠠᠨ ᠣᠯᠭᠣᠬᠤ ᠪᠤᠶᠤ ᠪᠣᠬᠢᠷᠲᠤᠯ᠎ᠢ ᠭᠠᠳᠠᠭᠰᠢᠯᠠᠭᠤᠯᠬᠤ ᠳᠡᠩᠰᠡᠯᠡᠯᠲᠡ ᠬᠢᠬᠦ ᠵᠢᠨ ᠬᠠᠮᠲᠤ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠨ᠎ᠠ; ᠵᠠᠭ᠋ᠠᠯᠳᠤᠯᠭ᠎ᠠ᠎ᠪᠠᠷ ᠨᠡᠯᠢᠶᠡᠳ ᠣᠯᠠᠨ ᠪᠠᠶ᠋ᠢᠭ᠎ᠠ ᠱᠤᠤᠭᠢᠶᠠᠨ᠎ᠤ ᠪᠣᠬᠢᠷᠲᠤᠯ ᠭᠠᠳᠠᠭᠰᠢᠯᠠᠭᠤᠯᠬᠤ ᠨᠢᠭᠡᠴᠡ᠎ᠳᠤ ᠴᠢᠭᠯᠡᠭᠦᠯᠦᠨ᠂ ᠲᠡᠳᠡᠨ᠎ᠢ ᠰᠢᠮᠳᠠᠭᠤᠯᠵᠤ ᠪᠠᠶ᠋ᠢᠭ᠋ᠠᠳ ᠱᠤᠤᠭᠢᠶᠠᠨ᠎ᠢ ᠪᠠᠭ᠋ᠠᠰᠬᠠᠬᠤ ᠲᠥᠯᠥᠪᠯᠡᠭᠡ ᠲᠣᠭᠲᠠᠭ᠋ᠠᠯᠭ᠋ᠠᠵᠤ᠂ ᠡᠷᠬᠢᠨ ᠲᠣᠭᠣᠷᠢᠨ᠎ᠤ ᠱᠤᠤᠭᠢᠶᠠᠨ᠎ᠳᠤ ᠰᠡᠷᠭᠡᠭ ᠪᠠᠷᠢᠯᠭ᠎ᠠ ᠵᠢᠨ ᠲᠥᠪᠯᠡᠷᠡᠭᠰᠡᠨ ᠣᠷᠣᠨ᠎ᠳᠤ ᠦᠵᠡᠭᠦᠯᠬᠦ ᠨᠥᠯᠥᠭᠡ ᠵᠢ ᠪᠠᠭ᠋ᠠᠰᠬᠠᠨ᠎ᠠ᠃ (ᠬᠠᠷᠢᠭᠤᠴᠠᠯᠭ᠋ᠠᠲᠤ ᠨᠢᠭᠡᠴᠡ᠄ ᠠᠮᠢ ᠠᠬᠤᠶ ᠵᠢᠨ ᠣᠷᠴᠢᠨ ᠲᠣᠭᠣᠷᠢᠨ᠎ᠤ ᠲᠣᠪᠴᠢᠶ᠎ᠠ)
(ᠬᠣᠶᠠᠷ) ᠵᠠᠮ ᠬᠠᠷᠢᠯᠴᠠᠭ᠎ᠠ ᠲᠡᠭᠡᠭᠡᠪᠦᠷᠢ ᠵᠢᠨ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠵᠢ ᠴᠢᠩᠭ᠋ᠠᠳᠬᠠᠵᠤ᠂ ᠲᠥᠷᠥᠯ ᠬᠤᠪᠢᠶᠠᠨ ᠠᠯᠬᠤᠮ ᠬᠤᠪᠢᠶᠠᠨ ᠵᠠᠰᠠᠬᠤ ᠵᠢ ᠠᠬᠢᠭᠤᠯᠤᠨ᠎ᠠ
1. ᠮᠠᠰᠢᠨᠲᠤ ᠲᠡᠷᠭᠡᠨ᠎ᠤ ᠳᠤᠤᠭ᠋ᠠᠷᠬᠤ ᠵᠢ ᠴᠠᠭ᠋ᠠᠵᠠᠯᠠᠬᠤ ᠬᠢᠨᠠᠯᠲᠠ ᠬᠠᠮᠢᠶᠠᠷᠤᠯᠲᠠ ᠵᠢ ᠴᠢᠩᠳᠠᠯᠠᠨ᠎ᠠ᠃ ᠵᠠᠮ ᠬᠠᠷᠢᠯᠴᠠᠭ᠋ᠠᠨ᠎ᠤ ᠴᠠᠭᠳᠠᠭ᠎ᠠ ᠵᠢᠨ ᠶᠡᠬᠡ ᠠᠩᠭᠢ᠎ᠨᠢ ᠵᠠᠮ ᠬᠠᠷᠢᠯᠴᠠᠭ᠋ᠠᠨ᠎ᠤ ᠶᠠᠪᠤᠵᠤ ᠰᠠᠭᠤᠬᠤ᠂ ᠲᠠᠭᠤᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠡᠷᠭᠡ ᠵᠢᠨ ᠬᠡᠷᠡᠭᠴᠡᠭᠡ ᠵᠢ ᠶᠡᠷᠦᠩᠬᠡᠶ᠋ᠢᠯᠡᠨ ᠪᠣᠳᠣᠯᠬᠢᠯᠠᠵᠤ᠂ ᠳᠤᠤᠭ᠋ᠠᠷᠬᠤ ᠵᠢ ᠴᠠᠭ᠋ᠠᠵᠠᠯᠠᠬᠤ᠂ ᠶᠠᠪᠤᠬᠤ ᠵᠢ ᠴᠠᠭ᠋ᠠᠵᠠᠯᠠᠬᠤ᠂ ᠬᠤᠷᠳᠤᠴᠠ ᠵᠢ ᠬᠢᠵᠠᠭ᠋ᠠᠷᠯᠠᠬᠤ ᠵᠡᠷᠭᠡ ᠠᠷᠭ᠎ᠠ ᠬᠡᠮᠵᠢᠶ᠎ᠡ ᠠᠪᠴᠤ᠂ ᠲᠡᠷᠭᠡᠨ᠎ᠤ ᠬᠡᠯᠪᠡᠷᠢ᠂ ᠲᠡᠷᠭᠡᠨ᠎ᠤ ᠤᠷᠤᠰᠬᠠᠯ᠎ᠤᠨ ᠬᠡᠮᠵᠢᠶ᠎ᠡ᠂ ᠲᠡᠷᠭᠡᠨ᠎ᠤ ᠬᠤᠷᠳᠤᠴᠠ ᠵᠡᠷᠭᠡ ᠵᠢ ᠵᠦᠶ ᠵᠣᠬᠢᠰᠲᠠᠶ ᠬᠢᠵᠠᠭ᠋ᠠᠷᠯᠠᠵᠤ᠂ ᠬᠠᠮᠢᠶ᠎ᠠ ᠪᠥᠬᠥᠶ ᠲᠡᠮᠳᠡᠭ᠂ ᠵᠢᠷᠤᠭ᠋ᠠᠰᠤ ᠵᠢ ᠬᠠᠤᠯᠢ ᠶᠣᠰᠣᠭ᠋ᠠᠷ ᠪᠠᠶ᠋ᠢᠷᠢᠯᠠᠭᠤᠯᠵᠤ᠂ ᠨᠡᠶ᠋ᠢᠭᠡᠮ᠎ᠳᠤ ᠵᠠᠷᠯᠠᠬᠤ ᠬᠡᠷᠡᠭᠲᠡᠶ; ᠳᠤᠤᠭ᠋ᠠᠷᠬᠤ ᠵᠢ ᠴᠠᠭ᠋ᠠᠵᠠᠯᠠᠬᠤ ᠵᠠᠮ᠎ᠤᠨ ᠬᠡᠰᠡᠭ᠎ᠲᠤ ᠮᠠᠰᠢᠨᠲᠤ ᠲᠡᠷᠭᠡ ᠵᠢᠨ ᠬᠠᠤᠯᠢ᠎ᠠᠴᠠ ᠵᠥᠷᠢᠴᠡᠭᠰᠡᠨ ᠪᠦᠷᠢᠶ᠎ᠡ ᠵᠢᠨ ᠠᠦ᠋ᠲ᠋ᠣ᠋ ᠲᠡᠮᠳᠡᠭᠯᠡᠯ᠎ᠤᠨ ᠰᠢᠰᠲ᠋ᠧᠮ ᠳᠣᠭᠢᠷᠠᠭᠤᠯᠬᠤ ᠵᠢ ᠵᠣᠷᠢᠭᠵᠢᠭᠤᠯᠵᠤ᠂ ᠮᠠᠰᠢᠨᠲᠤ ᠲᠡᠷᠭᠡ ᠵᠢᠨ ᠬᠠᠮᠢᠶ᠎ᠠ ᠪᠥᠬᠥᠶ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠵᠠᠪᠳᠤᠨ ᠰᠡᠭᠦᠳᠡᠷᠯᠡᠬᠦ ᠬᠡᠷᠡᠭᠲᠡᠶ᠃ ᠣᠷᠣᠨ ᠰᠠᠭᠤᠴᠠ᠂ ᠰᠤᠷᠭ᠋ᠠᠭᠤᠯᠢ᠂ ᠡᠮᠴᠢᠯᠡᠭᠡ ᠵᠡᠷᠭᠡ ᠰᠡᠷᠭᠡᠭ ᠪᠠᠷᠢᠯᠭ᠎ᠠ ᠵᠢᠨ ᠲᠥᠪᠯᠡᠷᠡᠭᠰᠡᠨ ᠣᠷᠣᠨ ᠪᠦᠰᠡ᠎ᠪᠠᠷ ᠭᠣᠤᠯᠳᠠᠯᠭ᠎ᠠ ᠪᠣᠯᠭ᠋ᠠᠵᠤ᠂ ᠪᠦᠷᠢᠶ᠎ᠡ ᠳᠤᠤᠭ᠋ᠠᠷᠭ᠋ᠠᠬᠤ ᠵᠢ ᠴᠠᠭ᠋ᠠᠵᠠᠯᠠᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠵᠢ ᠭᠦᠨᠵᠡᠭᠡᠶ ᠥᠷᠨᠢᠭᠦᠯᠦᠨ᠎ᠡ᠃ (ᠬᠠᠷᠢᠭᠤᠴᠠᠯᠭ᠋ᠠᠲᠤ ᠨᠢᠭᠡᠴᠡ᠄ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠬᠡ ᠠᠩᠭᠢ)
2. ᠵᠠᠮ᠎ᠤᠨ ᠱᠤᠤᠭᠢᠶᠠᠨ᠎ᠢ ᠲᠤᠰᠬᠠᠶ᠋ᠢᠯᠠᠨ ᠴᠡᠭᠴᠡᠯᠡᠨ ᠵᠠᠰᠠᠬᠤ ᠠᠵᠢᠯᠯᠠᠭ᠎ᠠ ᠵᠢ ᠥᠷᠨᠢᠭᠦᠯᠦᠨ᠎ᠡ᠃ ᠵᠠᠮ ᠬᠠᠷᠢᠯᠴᠠᠭ᠋ᠠᠨ᠎ᠤ ᠴᠠᠭᠳᠠᠭ᠎ᠠ ᠵᠢᠨ ᠶᠡᠬᠡ ᠠᠩᠭᠢ ᠵᠢᠨ᠎ᠬᠢᠨ ᠲᠠᠭᠤ ᠱᠤᠤᠭᠢᠶᠠᠨ᠎ᠤ ᠪᠣᠬᠢᠷᠲᠤᠯ᠎ᠤᠨ ᠣᠳᠣᠬᠢ ᠪᠠᠶ᠋ᠢᠳᠠᠯ᠂ ᠣᠯᠠᠨ ᠲᠦᠮᠡᠨ᠎ᠤ ᠵᠠᠭ᠋ᠠᠯᠳᠤᠵᠤ ᠢᠯᠡᠴᠢᠯᠡᠨ ᠮᠡᠳᠡᠭᠦᠯᠦᠭᠰᠡᠨ ᠪᠠᠶ᠋ᠢᠳᠠᠯ᠎ᠢ ᠦᠨᠳᠦᠰᠦᠯᠡᠨ᠂ ᠲᠣᠮᠣ ᠳᠤᠮᠳᠠ ᠬᠡᠯᠪᠡᠷᠢ ᠵᠢᠨ ᠪᠠᠷᠠᠭ᠋ᠠᠨ᠎ᠤ ᠲᠡᠷᠭᠡ (ᠰᠢᠷ᠎ᠠ ᠫᠠᠶ᠋ᠢᠰᠠ ᠦᠨᠡᠮᠯᠡᠯ) ᠵᠢᠨ ᠬᠣᠷᠢᠭ᠋ᠠᠲᠠᠶ ᠣᠷᠣᠨ ᠪᠦᠰᠡ ᠪᠠ ᠲᠣᠭᠣᠷᠢᠨ ᠶᠠᠪᠤᠬᠤ ᠲᠥᠰᠦᠯ᠎ᠢ ᠴᠠᠭ ᠲᠤᠬᠠᠶ᠎ᠳᠤᠨᠢ ᠰᠢᠯᠢᠳᠡᠭᠵᠢᠭᠦᠯᠦᠨ ᠳᠣᠭᠢᠷᠠᠭᠤᠯᠬᠤ ᠵᠢᠨ ᠬᠠᠮᠲᠤ ᠨᠡᠶ᠋ᠢᠭᠡᠮ ᠨᠡᠶ᠋ᠢᠲᠡ᠎ᠳᠤ ᠵᠠᠷᠯᠠᠨ ᠮᠡᠳᠡᠭᠳᠡᠨ᠎ᠡ; ᠮᠠᠰᠢᠨᠲᠤ ᠲᠡᠷᠭᠡ ᠵᠢᠨ 《ᠵᠡᠭᠡᠯᠢ ᠳᠡᠯᠪᠡᠴᠢᠬᠦ》 ᠦᠢ᠍ᠯᠡ ᠠᠵᠢᠯᠯᠠᠭ᠎ᠠ ᠵᠢ ᠲᠤᠰᠬᠠᠶ ᠵᠦᠢ᠍ᠯ ᠵᠶ᠋ᠠᠷ ᠴᠡᠭᠴᠡᠯᠡᠨ ᠵᠠᠰᠠᠬᠤ ᠵᠢ ᠥᠷᠨᠢᠭᠦᠯᠵᠦ᠂ ᠳᠠᠭᠤ ᠵᠠᠮᠬᠠᠷᠠᠭᠤᠯᠤᠭᠴᠢ ᠵᠢ ᠨᠤᠷᠠᠭ᠋ᠠᠬᠤ ᠪᠤᠶᠤ ᠡᠪᠳᠡᠬᠦ᠂ ᠬᠡᠢ ᠭᠠᠳᠠᠭᠰᠢᠯᠠᠭᠤᠯᠬᠤ ᠬᠣᠭᠣᠯᠠᠶ ᠨᠡᠮᠡᠵᠦ ᠤᠭᠰᠠᠷᠠᠬᠤ ᠵᠡᠷᠭᠡ ᠮᠠᠰᠢᠨᠲᠤ ᠲᠡᠷᠭᠡ ᠵᠢ ᠳᠤᠷ᠎ᠠ᠎ᠪᠠᠷ ᠵᠶ᠋ᠠᠨ ᠥᠭᠡᠷᠡᠴᠢᠯᠡᠨ ᠤᠭᠰᠠᠷᠠᠭᠰᠠᠨ ᠦᠢ᠍ᠯᠡ ᠠᠵᠢᠯᠯᠠᠭ᠎ᠠ ᠵᠢ ᠪᠦᠬᠦ ᠲᠠᠯ᠎ᠠ᠎ᠪᠠᠷ ᠴᠡᠭᠴᠡᠯᠡᠨ ᠵᠠᠰᠠᠬᠤ ᠵᠢᠴᠢ ᠳᠡᠭᠡᠷ᠎ᠡ ᠳᠤᠷᠠᠳᠤᠭᠰᠠᠨ ᠥᠭᠡᠷᠡᠴᠢᠯᠡᠨ ᠤᠭᠰᠠᠷᠠᠭᠰᠠᠨ ᠲᠡᠷᠭᠡ ᠬᠥᠰᠬᠡ ᠵᠢ ᠵᠢᠯᠣᠭᠣᠳᠴᠤ ᠬᠦᠷᠴᠢᠭᠢᠨᠡᠬᠦ᠂ ᠲᠦᠷᠭᠡᠨ ᠳᠠᠪᠬᠢᠭᠤᠯᠬᠤ ᠵᠢ ᠴᠠᠭ᠋ᠠᠵᠠᠯᠠᠬᠤ᠎ᠪᠠᠷ ᠳᠠᠮᠵᠢᠭᠤᠯᠤᠨ᠂ ᠵᠠᠰᠠᠮᠠᠯ ᠵᠠᠮ᠎ᠤᠨ ᠱᠤᠤᠭᠢᠶᠠᠨ᠎ᠤ ᠪᠣᠬᠢᠷᠲᠤᠯ᠎ᠢ ᠪᠠᠭ᠋ᠠᠰᠬᠠᠨ᠎ᠠ᠃ (ᠬᠠᠷᠢᠭᠤᠴᠠᠯᠭ᠋ᠠᠲᠤ ᠨᠢᠭᠡᠴᠡ᠄ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠬᠡ ᠠᠩᠭᠢ)
3. ᠵᠠᠰᠠᠮᠠᠯ ᠵᠠᠮ᠎ᠤᠨ ᠠᠷᠠᠴᠢᠯᠠᠯᠲᠠ ᠪᠠ ᠪᠡᠯᠡᠳᠬᠡᠮᠵᠢ ᠵᠢᠨ ᠥᠭᠡᠷᠡᠴᠢᠯᠡᠯᠲᠡ ᠵᠢ ᠴᠢᠩᠭ᠋ᠠᠳᠬᠠᠨ᠎ᠠ᠃ ᠵᠠᠰᠠᠮᠠᠯ ᠵᠠᠮ᠂ ᠬᠥᠭᠥᠷᠭᠡ ᠵᠢᠨ ᠪᠡᠯᠡᠳᠬᠡᠮᠵᠢ ᠵᠢᠴᠢ ᠨᠢᠭᠡᠨᠲᠡ ᠪᠠᠶ᠋ᠢᠭ᠎ᠠ ᠱᠤᠤᠭᠢᠶᠠᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠡᠯᠡᠳᠬᠡᠮᠵᠢ ᠵᠢ ᠪᠠᠶ᠋ᠢᠴᠠᠭ᠋ᠠᠬᠤ᠂ ᠬᠠᠮᠠᠭ᠋ᠠᠯᠠᠬᠤ ᠪᠠ ᠠᠷᠠᠴᠢᠯᠠᠬᠤ ᠵᠢ ᠴᠢᠩᠭ᠋ᠠᠳᠬᠠᠵᠤ᠂ ᠲᠤᠬᠠᠶ ᠵᠢᠨ ᠲᠠᠯᠠᠪᠤᠷ᠎ᠲᠤ ᠲᠣᠭᠣᠷᠢᠨ ᠪᠠᠶ᠋ᠢᠴᠠᠭ᠋ᠠᠬᠤ ᠡᠷᠴᠢᠮ᠎ᠢ ᠴᠢᠩᠭ᠋ᠠᠷᠠᠭᠤᠯᠤᠨ᠂ ᠡᠪᠳᠡᠷᠡᠵᠦ ᠰᠦᠢ᠍ᠲᠦᠭᠰᠡᠨ ᠵᠠᠮ᠎ᠤᠨ ᠨᠢᠭᠤᠷ᠂ ᠬᠤᠳᠳᠤᠭ᠎ᠤᠨ ᠠᠮᠠᠰᠠᠷ᠎ᠢ ᠰᠤᠯᠠᠷᠠᠭᠤᠯᠬᠤ ᠵᠡᠷᠭᠡ ᠵᠢ ᠴᠠᠭ ᠲᠤᠬᠠᠶ᠎ᠳᠤᠨᠢ ᠰᠡᠯᠪᠢᠨ ᠵᠠᠰᠠᠵᠤ᠂ ᠳᠣᠷᠭᠢᠯᠲᠠ ᠵᠢ ᠪᠠᠭ᠋ᠠᠰᠬᠠᠨ ᠱᠤᠤᠭᠢᠶᠠᠨ᠎ᠢ ᠪᠠᠭᠤᠷᠠᠭᠤᠯᠬᠤ ᠪᠡᠯᠡᠳᠬᠡᠮᠵᠢ ᠵᠢᠨ ᠬᠡᠪ᠎ᠤᠨ ᠠᠵᠢᠯᠯᠠᠭ᠋ᠠᠨ᠎ᠢ ᠪᠠᠲᠤᠯᠠᠨ᠎ᠠ; ᠵᠠᠮ᠎ᠢ ᠥᠭᠡᠷᠡᠴᠢᠯᠡᠬᠦ᠎ᠳᠤ᠎ᠪᠠᠨ᠂ ᠳᠣᠣᠷ᠎ᠠ ᠱᠤᠤᠭᠢᠶᠠᠨ᠎ᠲᠠᠢ ᠵᠠᠮ᠎ᠤᠨ ᠨᠢᠭᠤᠷ᠎ᠤᠨ ᠮᠠᠲ᠋ᠧᠷᠢᠶᠠᠯ ᠵᠢᠴᠢ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠵᠦ᠂ ᠴᠢᠬᠤᠯᠠ ᠪᠤᠰᠤ ᠬᠤᠷᠳᠤᠴᠠ ᠪᠠᠭᠤᠷᠠᠭᠤᠯᠬᠤ ᠪᠦᠰᠡ ᠵᠢ ᠬᠠᠯᠠᠨ ᠰᠠᠶ᠋ᠢᠵᠢᠷᠠᠭᠤᠯᠬᠤ ᠪᠤᠶᠤ ᠦᠭᠡᠶ᠋ᠢᠰᠬᠡᠬᠦ᠂ ᠵᠠᠮ᠎ᠤᠨ ᠨᠢᠭᠤᠷ᠎ᠤᠨ ᠲᠡᠭᠰᠢ ᠬᠡᠮᠵᠢᠶ᠎ᠡ ᠵᠢ ᠳᠡᠭᠡᠭᠰᠢᠯᠡᠭᠦᠯᠬᠦ᠂ ᠨᠣᠭᠣᠭ᠋ᠠᠷᠠᠭᠤᠯᠤᠯᠲᠠ ᠵᠢᠨ ᠪᠦᠰᠡ ᠲᠡᠷᠢᠬᠤ ᠵᠡᠷᠭᠡ ᠶᠡᠷᠦᠩᠬᠡᠶ᠋ᠢᠯᠡᠭᠰᠡᠨ ᠠᠷᠭ᠎ᠠ ᠬᠡᠮᠵᠢᠶ᠎ᠡ ᠵᠢ ᠳᠡᠯᠭᠡᠷᠡᠭᠦᠯᠵᠦ᠂ ᠵᠠᠮ ᠬᠠᠷᠢᠯᠴᠠᠭ᠋ᠠᠨ᠎ᠤ ᠱᠤᠤᠭᠢᠶᠠᠨ᠎ᠢ ᠦᠨᠡᠨᠬᠦ ᠪᠠᠭᠤᠷᠠᠭᠤᠯᠬᠤ ᠬᠡᠷᠡᠭᠲᠡᠶ᠃ (ᠬᠠᠷᠢᠭᠤᠴᠠᠬᠤ ᠨᠢᠭᠡᠴᠡ᠄ ᠵᠠᠮ ᠬᠠᠷᠢᠯᠴᠠᠭ᠋ᠠᠨ᠎ᠤ ᠲᠣᠪᠴᠢᠶ᠎ᠠ)
(ᠭᠤᠷᠪᠠ) ᠪᠠᠷᠢᠯᠭ᠎ᠠ ᠵᠢᠨ ᠠᠵᠢᠯ᠎ᠤᠨ ᠱᠤᠤᠭᠢᠶᠠᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠵᠢ ᠴᠢᠩᠭ᠋ᠠᠷᠠᠭᠤᠯᠵᠤ᠂ ᠪᠣᠯᠪᠠᠰᠤᠨ ᠵᠶ᠋ᠠᠷ ᠪᠠᠷᠢᠯᠭ᠎ᠠ ᠪᠠᠷᠢᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠶ
1. ᠪᠥᠲᠥᠭᠡᠨ ᠪᠠᠶ᠋ᠢᠭᠤᠯᠬᠤ ᠨᠢᠭᠡᠴᠡ᠂ ᠪᠠᠷᠢᠯᠭ᠎ᠠ ᠪᠠᠷᠢᠬᠤ ᠨᠢᠭᠡᠴᠡ ᠪᠠ ᠬᠢᠨᠠᠨ ᠬᠠᠮᠢᠶᠠᠷᠬᠤ ᠰᠠᠯᠠᠭ᠎ᠠ ᠮᠥᠴᠢᠷ᠎ᠤᠨ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠷᠢᠭᠤᠴᠠᠯᠭ᠎ᠠ ᠪᠠ ᠡᠭᠦᠷᠭᠡ ᠠᠷᠭ᠎ᠠ ᠬᠡᠮᠵᠢᠶ᠎ᠡ ᠵᠢᠨ ᠱᠠᠭ᠋ᠠᠷᠳᠠᠯᠭ᠎ᠠ ᠵᠢ ᠲᠣᠳᠣᠷᠬᠠᠶ᠋ᠢᠯᠠᠬᠤ ᠬᠡᠷᠡᠭᠲᠡᠶ᠃ ᠪᠠᠷᠢᠯᠭ᠎ᠠ ᠪᠠᠷᠢᠬᠤ ᠨᠢᠭᠡᠴᠡ᠎ᠨᠢ ᠪᠠᠷᠢᠯᠭ᠎ᠠ ᠪᠠᠷᠢᠬᠤ ᠭᠡᠷ᠎ᠡ᠎ᠳᠡᠭᠡᠨ ᠪᠠᠷᠢᠯᠭ᠎ᠠ ᠪᠠᠷᠢᠬᠤ ᠨᠢᠭᠡᠴᠡ ᠵᠢᠨ ᠲᠠᠭᠣ ᠱᠤᠤᠭᠢᠶᠠᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠷᠢᠭᠤᠴᠠᠯᠭ᠎ᠠ ᠵᠢ ᠲᠣᠳᠣᠷᠬᠠᠶ᠋ᠢᠯᠠᠨ᠎ᠠ; ᠱᠤᠤᠭᠢᠶᠠᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠵᠠᠷᠤᠳᠠᠯ᠎ᠢ ᠪᠠᠷᠢᠯᠭ᠎ᠠ ᠵᠢᠨ ᠪᠠᠶ᠋ᠢᠭᠤᠯᠤᠭᠰᠠᠨ ᠦᠨᠡᠳᠤ ᠣᠷᠣᠭᠤᠯᠤᠨ᠎ᠠ; ᠪᠠᠷᠢᠯᠭ᠎ᠠ ᠪᠠᠷᠢᠬᠤ ᠨᠢᠭᠡᠴᠡ ᠵᠢᠨ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠤᠨ ᠲᠥᠰᠦᠯ᠎ᠢ ᠨᠠᠶ᠋ᠢᠷᠠᠭᠤᠯᠤᠨ ᠲᠣᠭᠲᠠᠭ᠋ᠠᠵᠤ ᠨᠠᠶ᠋ᠢᠳᠠᠪᠤᠷᠢᠵᠢᠭᠤᠯᠬᠤ᠎ᠳᠤ ᠬᠢᠨᠠᠯᠲᠠ ᠲᠠᠯᠪᠢᠨ᠎ᠠ; ᠤᠯᠤᠰ᠎ᠠᠴᠠ ᠲᠣᠭᠲᠠᠭ᠋ᠠᠭᠰᠠᠨ ᠬᠡᠷ ᠪᠠᠶ᠋ᠢᠰᠢᠩ᠎ᠤᠨ ᠪᠠᠷᠢᠯᠭ᠎ᠠ ᠪᠠ ᠬᠣᠲᠠ ᠵᠢᠨ ᠶᠠᠪᠤᠳᠠᠯ᠎ᠤᠨ ᠰᠠᠭᠤᠷᠢ ᠪᠡᠯᠡᠳᠬᠡᠮᠵᠢ ᠵᠢᠨ ᠪᠠᠷᠢᠯᠭ᠎ᠠ ᠵᠢᠨ ᠬᠡᠷᠡᠭᠯᠡᠬᠦ ᠵᠢ ᠴᠠᠭ᠋ᠠᠵᠠᠯᠠᠬᠤ ᠪᠠ ᠬᠢᠵᠠᠭ᠋ᠠᠷᠯᠠᠬᠤ ᠮᠡᠷᠭᠡᠵᠢᠯ᠎ᠤᠨ ᠭᠠᠷᠴᠠᠭ᠎ᠢ ᠴᠢᠩᠭ᠎ᠠ ᠵᠢᠷᠤᠮᠯᠠᠨ᠂ ᠲᠠᠭᠤ ᠱᠤᠤᠭᠢᠶᠠᠨ᠎ᠤ ᠪᠣᠬᠢᠷᠲᠤᠯ ᠠᠮᠠᠷᠬᠠᠨ ᠡᠭᠦᠰᠬᠦ ᠬᠣᠴᠣᠷᠤᠩᠭᠤᠶ ᠪᠠᠷᠢᠯᠭ᠎ᠠ ᠵᠢᠨ ᠤᠷᠠᠯᠠᠯ ᠪᠠ ᠲᠥᠬᠥᠭᠡᠷᠦᠮᠵᠢ ᠵᠢ ᠬᠢᠵᠠᠭ᠋ᠠᠷᠯᠠᠬᠤ ᠪᠤᠶᠤ ᠬᠡᠷᠡᠭᠯᠡᠬᠦ ᠵᠢ ᠴᠠᠭ᠋ᠠᠵᠠᠯᠠᠨ᠎ᠠ; ᠡᠳᠦᠷ ᠲᠤᠲᠤᠮ᠎ᠤᠨ ᠲᠣᠭᠣᠷᠢᠨ ᠪᠠᠶ᠋ᠢᠴᠠᠭ᠋ᠠᠯᠲᠠ ᠵᠢ ᠥᠷᠨᠢᠭᠦᠯᠵᠦ᠂ ᠭᠣᠤᠯᠳᠠᠯᠭ᠎ᠠ᠎ᠲᠠᠢ ᠢᠨᠵᠧᠨᠧᠷᠢᠩ᠎ᠤᠨ ᠪᠠᠷᠢᠯᠭ᠎ᠠ ᠵᠢᠨ ᠠᠵᠢᠯ᠎ᠤᠨ ᠱᠤᠤᠭᠢᠶᠠᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ᠂ ᠬᠢᠨᠠᠨ ᠡᠵᠡᠮᠳᠡᠬᠦ ᠬᠢᠨᠠᠨ ᠬᠡᠮᠵᠢᠬᠦ ᠲᠥᠬᠥᠭᠡᠷᠦᠮᠵᠢ ᠤᠭᠰᠠᠷᠠᠬᠤ᠂ ᠠᠵᠢᠯᠯᠠᠭᠤᠯᠬᠤ ᠵᠢᠴᠢ ᠥᠨᠳᠥᠷ ᠱᠤᠤᠭᠢᠶᠠᠨ᠎ᠲᠠᠢ ᠪᠠᠷᠢᠯᠭ᠎ᠠ ᠵᠢᠨ ᠠᠵᠢᠯ᠎ᠤᠨ ᠮᠠᠰᠢᠨ ᠮᠧᠬᠠᠨᠢᠭ᠎ᠤᠨ ᠳᠡᠩᠰᠡᠯᠡᠨ ᠬᠠᠮᠢᠶᠠᠷᠤᠯᠲᠠ ᠵᠢᠨ ᠪᠠᠶ᠋ᠢᠳᠠᠯ᠎ᠢ ᠬᠢᠨᠠᠨ ᠬᠠᠷᠭᠤᠭᠤᠯᠵᠤ᠂ ᠪᠠᠷᠢᠯᠭ᠎ᠠ ᠵᠢᠨ ᠠᠵᠢᠯ᠎ᠤᠨ ᠱᠤᠤᠭᠢᠶᠠᠨ᠎ᠤ ᠬᠢᠨᠠᠨ ᠬᠠᠮᠢᠶᠠᠷᠬᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ; ᠪᠠᠷᠢᠯᠭ᠎ᠠ ᠵᠢᠨ ᠨᠢᠭᠡᠴᠡ ᠵᠢ ᠰᠢᠮᠳᠠᠭᠤᠯᠵᠤ ᠪᠠᠶ᠋ᠢᠭ᠋ᠠᠳ ᠱᠤᠤᠭᠢᠶᠠᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠲᠥᠷᠥᠯ ᠵᠦᠢ᠍ᠯ᠎ᠤᠨ ᠱᠤᠤᠭᠢᠶᠠᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠥᠰᠦᠯ᠎ᠢ ᠲᠣᠭᠲᠠᠭ᠋ᠠᠬᠤ ᠵᠢᠨ ᠬᠠᠮᠲᠤ ᠬᠡᠷᠡᠭᠵᠢᠭᠦᠯᠦᠨ᠎ᠡ; ᠭᠠᠵᠠᠷ ᠬᠥᠳᠡᠯᠦᠯᠲᠡ ᠵᠢ ᠪᠠᠭ᠋ᠠᠰᠬᠠᠵᠤ ᠱᠤᠤᠭᠢᠶᠠᠨ᠎ᠢ ᠪᠠᠭ᠋ᠠᠰᠬᠠᠬᠤ ᠪᠡᠯᠡ ᠮᠥᠩᠭᠥ ᠵᠢᠨ ᠣᠷᠣᠭᠤᠯᠤᠯᠲᠠ ᠵᠢ ᠨᠡᠮᠡᠭᠳᠡᠭᠦᠯᠦᠨ᠂ ᠤᠯᠤᠰ᠎ᠠᠴᠠ ᠨᠡᠶ᠋ᠢᠲᠡᠯᠡᠭᠰᠡᠨ ᠭᠠᠵᠠᠷ᠎ᠤᠨ ᠱᠤᠤᠭᠢᠶᠠᠨ᠎ᠤ ᠪᠠᠷᠢᠯᠭ᠎ᠠ ᠵᠢᠨ ᠲᠥᠬᠥᠭᠡᠷᠦᠮᠵᠢ ᠵᠢᠨ ᠵᠢᠯᠣᠭᠣᠳᠬᠤ ᠨᠡᠷᠡᠰ᠎ᠤᠨ ᠵᠢᠭᠰᠠᠭ᠋ᠠᠯᠲᠠ ᠵᠢ ᠦᠨᠳᠦᠰᠦᠯᠡᠨ᠂ ᠳᠣᠣᠷ᠎ᠠ ᠱᠤᠤᠭᠢᠶᠠᠨ᠎ᠤ ᠪᠠᠷᠢᠯᠭ᠎ᠠ ᠵᠢᠨ ᠲᠥᠬᠥᠭᠡᠷᠦᠮᠵᠢ ᠵᠢ ᠡᠩ ᠲᠡᠷᠢᠭᠦᠨ᠎ᠳᠤ ᠬᠡᠷᠡᠭᠯᠡᠨ᠎ᠡ᠃ (ᠬᠠᠷᠢᠭᠤᠴᠠᠬᠤ ᠨᠢᠭᠡᠴᠡ᠄ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ)
2. ᠰᠡᠷᠭᠡᠭ ᠪᠠᠷᠢᠯᠭ᠎ᠠ ᠵᠢᠨ ᠲᠥᠪᠯᠡᠷᠡᠭᠰᠡᠨ ᠣᠷᠣᠨ ᠪᠦᠰᠡ ᠪᠠ ᠰᠥᠨᠢ ᠵᠢᠨ ᠴᠠᠭ᠎ᠤᠨ ᠪᠠᠷᠢᠯᠭ᠎ᠠ ᠵᠢᠨ ᠠᠵᠢᠯ᠎ᠤᠨ ᠱᠤᠤᠭᠢᠶᠠᠨ᠎ᠤ ᠬᠠᠮᠢᠶᠠᠷᠤᠯᠲᠠ ᠵᠢ ᠴᠢᠩᠭ᠋ᠠᠳᠬᠠᠨ᠎ᠠ᠃ ᠱᠤᠤᠭᠢᠶᠠᠨ᠎ᠳᠤ ᠰᠡᠷᠭᠡᠭ ᠪᠠᠷᠢᠯᠭ᠎ᠠ ᠵᠢᠨ ᠲᠥᠪᠯᠡᠷᠡᠭᠰᠡᠨ ᠣᠷᠣᠨ ᠪᠠ ᠰᠥᠨᠢ ᠵᠢᠨ ᠴᠠᠭ᠎ᠤᠨ ᠪᠠᠷᠢᠯᠭ᠎ᠠ ᠵᠢᠨ ᠲᠠᠯᠠᠪᠤᠷ᠎ᠨᠢ ᠡᠩ ᠲᠡᠷᠢᠭᠦᠨ᠎ᠳᠤ ᠳᠣᠤᠷ᠎ᠠ ᠱᠤᠤᠭᠢᠶᠠᠨ᠎ᠲᠠᠢ ᠪᠠᠷᠢᠯᠭ᠎ᠠ ᠵᠢᠨ ᠤᠷᠠᠨ ᠳᠠᠷᠬ᠎ᠠ ᠪᠠ ᠲᠥᠬᠥᠭᠡᠷᠦᠮᠵᠢ ᠵᠢ ᠬᠡᠷᠡᠭᠯᠡᠵᠦ᠂ ᠳᠣᠷᠭᠢᠯᠲᠠ ᠵᠢ ᠪᠠᠭ᠋ᠠᠰᠬᠠᠨ ᠱᠤᠤᠭᠢᠶᠠᠨ᠎ᠢ ᠪᠠᠭᠤᠷᠠᠭᠤᠯᠬᠤ ᠠᠷᠭ᠎ᠠ ᠬᠡᠮᠵᠢᠶ᠎ᠡ ᠠᠪᠴᠤ᠂ ᠲᠠᠯᠠᠪᠤᠷ ᠵᠶ᠋ᠠᠷ ᠣᠷᠣᠵᠤ ᠭᠠᠷᠬᠤ ᠲᠡᠭᠡᠭᠡᠪᠦᠷᠢ ᠵᠢᠨ ᠲᠡᠷᠭᠡ ᠬᠥᠰᠬᠡ ᠵᠢᠨ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠶ; ᠰᠥᠨᠢ᠎ᠪᠠᠷ ᠪᠠᠷᠢᠯᠭ᠎ᠠ ᠪᠠᠷᠢᠬᠤ ᠬᠠᠮᠢᠶᠠᠷᠤᠯᠲᠠ ᠵᠢ ᠴᠢᠩᠳᠠᠯᠠᠵᠤ᠂ ᠰᠥᠨᠢ᠎ᠪᠠᠷ ᠪᠠᠷᠢᠯᠭ᠎ᠠ ᠪᠠᠷᠢᠭᠰᠠᠨ ᠭᠡᠷᠡᠴᠢ ᠵᠢ ᠮᠡᠳᠡᠭᠦᠯᠬᠦ ᠲᠦᠷᠢᠮ᠎ᠢ ᠲᠡᠭᠦᠯᠳᠡᠷᠵᠢᠭᠦᠯᠦᠨ᠂ ᠰᠥᠨᠢ᠎ᠪᠠᠷ ᠪᠠᠷᠢᠯᠭ᠎ᠠ ᠪᠠᠷᠢᠬᠤ ᠨᠢᠭᠡᠴᠡ᠎ᠨᠢ ᠬᠠᠤᠯᠢ ᠶᠣᠰᠣᠭ᠋ᠠᠷ ᠵᠠᠷᠯᠠᠨ ᠨᠡᠶ᠋ᠢᠲᠡᠯᠡᠬᠦ ᠬᠡᠷᠡᠭᠲᠡᠶ; ᠰᠥᠨᠢ᠎ᠪᠠᠷ ᠪᠠᠷᠢᠯᠭ᠎ᠠ ᠪᠠᠷᠢᠬᠤ᠎ᠪᠠᠷ ᠵᠥᠪᠰᠢᠶᠡᠷᠡᠭᠳᠡᠭᠰᠡᠨ ᠵᠦᠢ᠍ᠯᠡᠰ᠎ᠲᠤ ᠱᠤᠤᠭᠢᠶᠠᠨ᠎ᠢ ᠪᠠᠭᠤᠷᠠᠭᠤᠯᠬᠤ ᠠᠷᠭ᠎ᠠ ᠬᠡᠮᠵᠢᠶ᠎ᠡ ᠠᠪᠬᠤ ᠬᠡᠷᠡᠭᠲᠡᠶ; ᠲᠣᠭᠲᠠᠭ᠋ᠠᠯ᠎ᠠᠴᠠ ᠵᠥᠷᠢᠴᠡᠨ ᠰᠥᠨᠢ᠎ᠪᠠᠷ ᠪᠠᠷᠢᠯᠭ᠎ᠠ ᠪᠠᠷᠢᠬᠤ ᠵᠢ ᠪᠥᠲᠥᠭᠡᠨ ᠪᠠᠶ᠋ᠢᠭᠤᠯᠤᠯᠲᠠ᠂ ᠪᠠᠷᠢᠯᠭ᠎ᠠ ᠪᠠᠷᠢᠬᠤ ᠠᠵᠤ ᠠᠬᠤᠶ᠋ᠢᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ᠎ᠳᠤ ᠣᠷᠣᠭᠤᠯᠵᠤ᠂ ᠬᠦᠨᠳᠦ ᠨᠣᠴᠢᠲᠠᠶ ᠢᠲᠡᠭᠡᠯ ᠠᠯᠳᠠᠭᠰᠠᠨ ᠠᠵᠤ ᠠᠬᠤᠶ᠋ᠢᠯᠠᠯ᠎ᠢ ᠬᠠᠤᠯᠢ ᠶᠣᠰᠣᠭ᠋ᠠᠷ ᠵᠠᠯᠬᠠᠭ᠋ᠠᠨ ᠴᠡᠭᠡᠷᠯᠡᠭᠦᠯᠵᠦ᠂ ᠬᠠᠷᠢᠭᠤᠴᠠᠯᠭ᠎ᠠ ᠨᠡᠬᠡᠮᠵᠢᠯᠡᠬᠦ᠂ ᠢᠯᠡᠴᠢᠯᠡᠬᠦ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠭᠰᠠᠨ ᠥᠬᠡᠶ᠂ ᠠᠷᠭ᠎ᠠ ᠬᠡᠮᠵᠢᠶ᠎ᠡ ᠵᠢ ᠪᠣᠳᠠᠲᠠᠶ᠋ᠢᠵᠢᠭᠤᠯᠤᠭᠰᠠᠨ ᠥᠬᠡᠶ ᠨᠢᠭᠡᠴᠡ ᠪᠠ ᠬᠤᠪᠢ ᠬᠥᠮᠦᠨ᠎ᠢ ᠬᠠᠤᠯᠢ ᠶᠣᠰᠣᠭ᠋ᠠᠷ ᠵᠠᠯᠬᠠᠭ᠋ᠠᠨ ᠴᠡᠭᠡᠷᠯᠡᠭᠦᠯᠦᠨ᠎ᠡ᠃ (ᠬᠠᠷᠢᠭᠤᠴᠠᠬᠤ ᠨᠢᠭᠡᠴᠡ᠄ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ)
(ᠲᠥᠷᠪᠡ) ᠨᠡᠶ᠋ᠢᠭᠡᠮ᠎ᠤᠨ ᠠᠮᠢᠳᠤᠷᠠᠯ᠎ᠤᠨ ᠱᠤᠤᠭᠢᠶᠠᠨ᠎ᠢ ᠬᠠᠮᠢᠶᠠᠷᠤᠨ ᠡᠵᠡᠮᠳᠡᠬᠦ ᠵᠢ ᠲᠥᠯᠬᠢᠨ ᠠᠬᠢᠭᠤᠯᠵᠤ᠂ ᠡᠶ᠎ᠡ ᠵᠣᠬᠢᠴᠠᠯ᠎ᠲᠠᠢ ᠠᠮᠢᠳᠤᠷᠠᠯ᠎ᠤᠨ ᠣᠷᠴᠢᠨ ᠲᠣᠭᠣᠷᠢᠨ᠎ᠢ ᠪᠤᠢ ᠪᠣᠯᠭ᠋ᠠᠨ᠎ᠠ
1. ᠣᠯᠠᠨ ᠨᠡᠶ᠋ᠢᠲᠡ ᠵᠢᠨ ᠲᠠᠯᠠᠪᠤᠷ᠎ᠤᠨ ᠱᠤᠤᠭᠢᠶᠠᠨ᠎ᠤ ᠬᠠᠮᠢᠶᠠᠷᠤᠯᠲᠠ ᠵᠢ ᠢᠳᠡᠭᠡᠨ ᠤᠮᠳᠠᠭ᠋ᠠᠨ᠎ᠤ ᠲᠠᠯᠠᠪᠤᠷ ᠭᠠᠵᠠᠷ᠎ᠲᠤ ᠨᠡᠶ᠋ᠢᠭᠡᠮ᠎ᠤᠨ ᠠᠮᠢᠳᠤᠷᠠᠯ᠎ᠤᠨ ᠱᠤᠤᠭᠢᠶᠠᠨ ᠡᠭᠦᠰᠭᠡᠬᠦ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ (ᠬᠠᠷᠢᠭᠤᠴᠠᠯᠭ᠋ᠠᠲᠤ ᠨᠢᠭᠡᠴᠡ᠄ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)᠃ ᠨᠡᠶ᠋ᠢᠭᠡᠮ ᠲᠣᠭᠣᠷᠢᠭ᠂ ᠵᠤᠭ᠎ᠠ ᠴᠡᠩᠭᠡᠯ᠎ᠤᠨ ᠭᠠᠵᠠᠷ ᠲᠠᠯᠠᠪᠤᠷ᠎ᠲᠤ ᠬᠡᠷᠡᠭ ᠡᠳᠦᠬᠦ᠂ ᠵᠠᠬ᠎ᠠ ᠳᠡᠯᠭᠡᠭᠦᠷ᠎ᠤᠨ ᠦᠢ᠍ᠮᠡᠯᠳᠦᠨ ᠱᠤᠤᠭᠢᠯᠳᠤᠬᠤ ᠦᠢ᠍ᠯᠡ ᠠᠵᠢᠯᠯᠠᠭ᠎ᠠ ᠵᠢ ᠴᠡᠭᠴᠡᠯᠡᠨ ᠵᠠᠰᠠᠬᠤ ᠡᠷᠴᠢᠮ᠎ᠢ ᠴᠢᠩᠭ᠋ᠠᠷᠠᠭᠤᠯᠵᠤ᠂ ᠬᠣᠷᠢᠭ᠋ᠠᠲᠠᠶ ᠣᠷᠣᠨ᠎ᠤ ᠬᠡᠪᠴᠢᠶᠡᠨ᠎ᠳᠤ ᠬᠤᠸᠠᠷ ᠫᠤᠤᠵᠢᠩ ᠲᠠᠯᠪᠢᠬᠤ ᠦᠢ᠍ᠯᠡ ᠠᠵᠢᠯᠯᠠᠭ᠎ᠠ ᠵᠢᠨ ᠬᠠᠮᠢᠶᠠᠷᠤᠯᠲᠠ ᠵᠢ ᠴᠢᠩᠳᠠᠯᠠᠨ᠎ᠠ (ᠬᠠᠷᠢᠭᠤᠴᠠᠯᠭ᠋ᠠᠲᠤ ᠨᠢᠭᠡᠴᠡ᠄ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ)᠃ ᠲᠠᠯᠠᠪᠠᠶ᠂ ᠴᠡᠴᠡᠷᠯᠢᠭ ᠵᠡᠷᠭᠡ ᠣᠯᠠᠨ ᠨᠡᠶ᠋ᠢᠲᠡ ᠵᠢᠨ ᠲᠠᠯᠠᠪᠤᠷ᠎ᠲᠤ ᠲᠠᠯᠠᠪᠠᠶ ᠵᠢᠨ ᠪᠥᠵᠢᠭ᠂ ᠪᠡᠶ᠎ᠡ ᠵᠢᠨ ᠲᠠᠮᠢᠷ᠎ᠤᠨ ᠪᠣᠯᠪᠠᠰᠤᠷᠠᠯ ᠵᠡᠷᠭᠡ ᠲᠠᠭᠤ ᠱᠤᠤᠭᠢᠶᠠᠨ᠎ᠤ ᠪᠣᠬᠢᠷᠲᠤᠯ ᠡᠭᠦᠰᠭᠡᠬᠦ ᠠᠵᠢᠯᠯᠠᠭ᠎ᠠ ᠵᠢᠨ ᠬᠠᠮᠢᠶᠠᠷᠤᠯᠲᠠ ᠵᠢ ᠴᠢᠩᠭ᠋ᠠᠳᠬᠠᠨ᠎ᠠ (ᠬᠠᠷᠢᠭᠤᠴᠠᠯᠭ᠋ᠠᠲᠤ ᠨᠢᠭᠡᠴᠡ᠄ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ); ᠬᠤᠳᠠᠯᠳᠤᠭ᠋ᠠᠨ᠎ᠤ ᠡᠵᠡᠩᠨᠡᠯᠲᠡ ᠵᠢᠨ ᠠᠵᠢᠯᠯᠠᠭ᠎ᠠ ᠳᠤᠮᠳᠠ ᠥᠨᠳᠥᠷ ᠳᠠᠭᠤᠲᠤ ᠷᠠᠳᠢᠣ᠋ ᠨᠡᠪᠲᠡᠷᠡᠭᠦᠯᠭᠡ ᠵᠢᠨ ᠪᠦᠷᠢᠶ᠎ᠡ ᠵᠢ ᠬᠡᠷᠡᠭᠯᠡᠬᠦ ᠪᠤᠶᠤ ᠥᠨᠳᠥᠷ ᠱᠤᠤᠭᠢᠶᠠᠨ᠎ᠢ ᠦᠷᠭᠦᠯᠵᠢᠯᠡᠨ ᠳᠠᠬᠢᠨ ᠳᠠᠪᠲᠠᠨ ᠭᠠᠷᠭ᠋ᠠᠬᠤ ᠪᠤᠰᠤᠳ ᠠᠷᠭ᠎ᠠ᠎ᠪᠠᠷ ᠵᠠᠷ ᠰᠤᠷᠲᠠᠯᠴᠢᠯᠠᠭ᠎ᠠ ᠬᠢᠬᠦ ᠵᠢ ᠴᠠᠭ᠋ᠠᠵᠠᠯᠠᠨ᠎ᠠ (ᠬᠠᠷᠢᠭᠤᠴᠠᠯᠭ᠋ᠠᠲᠤ ᠨᠢᠭᠡᠴᠢ᠄ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ)᠃
2. ᠰᠢᠨ᠎ᠡ᠎ᠪᠠᠷ ᠪᠠᠶ᠋ᠢᠭᠤᠯᠤᠭᠰᠠᠨ ᠰᠠᠭᠤᠭ᠋ᠠᠯᠢ ᠠᠷᠠᠳ᠎ᠤᠨ ᠣᠷᠣᠨ ᠰᠠᠭᠤᠴᠠ ᠵᠢᠨ ᠱᠤᠤᠭᠢᠶᠠᠨ᠎ᠤ ᠬᠠᠮᠢᠶ᠎ᠠ ᠪᠥᠬᠥᠢ ᠪᠠᠶ᠋ᠢᠳᠠᠯ᠎ᠢ ᠢᠯᠡ ᠪᠣᠯᠭ᠋ᠠᠬᠤ ᠵᠢ ᠲᠥᠯᠬᠢᠨ ᠠᠬᠢᠭᠤᠯᠤᠨ᠎ᠠ᠃ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠲᠠᠸᠠᠷ᠎ᠤᠨ ᠭᠡᠷ ᠪᠠᠶ᠋ᠢᠰᠢᠩ ᠬᠤᠳᠠᠯᠳᠤᠭ᠋ᠠᠯᠠᠬᠤ ᠭᠡᠷ᠎ᠡ ᠵᠢᠨ ᠵᠢᠱ᠌ᠢᠶ᠎ᠡ ᠦᠵᠡᠭᠦᠯᠬᠦ ᠪᠢᠴᠢᠭ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠣᠷᠣᠨ ᠰᠠᠭᠤᠴᠠ᠎ᠨᠢ ᠡᠷᠬᠢᠨ ᠲᠣᠭᠣᠷᠢᠨ᠎ᠤ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠂ ᠵᠠᠮ ᠬᠠᠷᠢᠯᠴᠠᠭ᠎ᠠ ᠵᠢᠴᠢ ᠣᠷᠣᠨ ᠰᠠᠭᠤᠴᠠ ᠵᠢᠨ ᠵᠢᠵᠢᠭ ᠲᠣᠭᠣᠷᠢᠭ ᠵᠡᠷᠭᠡ ᠵᠢᠨ ᠱᠤᠤᠭᠢᠶᠠᠨ᠎ᠳᠤ ᠨᠥᠯᠥᠭᠡᠯᠡᠭᠳᠡᠵᠦ ᠮᠡᠳᠡᠬᠦ ᠪᠠᠶ᠋ᠢᠳᠠᠯ᠂ ᠠᠪᠬᠤ ᠪᠤᠶᠤ ᠠᠪᠬᠤ᠎ᠪᠠᠷ ᠲᠥᠯᠥᠪᠯᠡᠵᠦ ᠪᠠᠶ᠋ᠢᠭ᠎ᠠ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ ᠵᠢᠴᠢ ᠣᠷᠣᠨ ᠰᠠᠭᠤᠴᠠ ᠵᠢᠨ ᠬᠠᠮᠲᠤ᠎ᠪᠠᠷ ᠬᠡᠷᠡᠭᠯᠡᠬᠦ ᠲᠥᠬᠥᠭᠡᠷᠦᠮᠵᠢ᠂ ᠲᠥᠬᠥᠭᠡᠷᠦᠮᠵᠢ ᠵᠢᠨ ᠣᠷᠣᠨ ᠪᠠᠶ᠋ᠢᠷᠢ ᠵᠡᠷᠭᠡ ᠠᠭᠤᠯᠭ᠎ᠠ ᠵᠢ ᠨᠡᠮᠡᠬᠦ ᠬᠡᠷᠡᠭᠲᠡᠶ᠃ ᠬᠡᠷ ᠪᠠᠶ᠋ᠢᠰᠢᠩ ᠭᠠᠵᠠᠷ ᠬᠥᠷᠥᠩᠭᠡ ᠵᠢᠨ ᠨᠡᠭᠡᠭᠡᠨ ᠡᠵᠡᠩᠨᠡᠭᠴᠢ ᠪᠣᠷᠣᠯᠠᠭᠤᠯᠭ᠎ᠠ ᠵᠢᠨ ᠲᠠᠯᠠᠪᠤᠷ᠎ᠲᠤ ᠣᠷᠣᠨ ᠰᠠᠭᠤᠴᠠ ᠵᠢᠨ ᠤᠴᠠᠷᠠᠵᠤ ᠮᠡᠳᠡᠬᠦ ᠱᠤᠤᠭᠢᠶᠠᠨ᠎ᠤ ᠨᠥᠯᠥᠭᠡ ᠵᠢᠴᠢ ᠵᠣᠬᠢᠴᠠᠩᠭᠤᠶ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ ᠵᠢ ᠵᠠᠷᠯᠠᠨ ᠨᠡᠶ᠋ᠢᠲᠡᠯᠡᠬᠦ ᠬᠡᠷᠡᠭᠲᠡᠶ᠃ (ᠬᠠᠷᠢᠭᠤᠴᠠᠬᠤ ᠨᠢᠭᠡᠴᠡ᠄ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ)
3. ᠰᠠᠭᠤᠭ᠋ᠠᠯᠢ ᠠᠷᠠᠳ᠎ᠤᠨ ᠣᠷᠣᠨ ᠰᠠᠭᠤᠴᠠ ᠵᠢᠨ ᠲᠣᠭᠣᠷᠢᠭ᠎ᠤᠨ ᠱᠤᠤᠭᠢᠶᠠᠨ᠎ᠢ ᠬᠠᠮᠢᠶᠠᠷᠤᠨ ᠡᠵᠡᠮᠳᠡᠬᠦ ᠵᠢ ᠨᠠᠷᠢᠯᠢᠬ᠍ᠵᠢᠭᠤᠯᠤᠨ᠎ᠠ᠃ ᠰᠢᠨ᠎ᠡ᠎ᠪᠠᠷ ᠪᠠᠶ᠋ᠢᠭᠤᠯᠤᠭᠰᠠᠨ ᠰᠠᠭᠤᠭ᠋ᠠᠯᠢ ᠠᠷᠠᠳ᠎ᠤᠨ ᠣᠷᠣᠨ ᠰᠠᠭᠤᠴᠠ ᠵᠢᠨ ᠲᠣᠭᠣᠷᠢᠭ᠎ᠲᠤ ᠤᠭᠰᠠᠷᠠᠭᠰᠠᠨ ᠴᠠᠬᠢᠯᠭ᠋ᠠᠨ ᠱᠠᠲᠤ᠂ ᠤᠰᠤᠨ ᠬᠥᠭᠡᠷᠭᠡ᠂ ᠬᠦᠴᠦᠳᠡᠯ ᠥᠭᠡᠷᠡᠴᠢᠯᠡᠭᠴᠢ ᠵᠡᠷᠭᠡ ᠬᠠᠮᠲᠤ᠎ᠪᠠᠷ ᠬᠡᠷᠡᠭᠯᠡᠬᠦ ᠪᠡᠯᠡᠳᠬᠡᠮᠵᠢ ᠲᠥᠬᠥᠭᠡᠷᠦᠮᠵᠢ᠎ᠨᠢ ᠠᠷᠠᠳ᠎ᠤᠨ ᠬᠡᠷᠡᠭᠯᠡᠭᠡᠨ᠎ᠤ ᠪᠠᠷᠢᠯᠭ᠎ᠠ ᠵᠢᠨ ᠲᠠᠭᠤ ᠬᠥᠨᠳᠡᠶ᠋ᠢᠷᠡᠭᠦᠯᠬᠦ ᠵᠢᠷᠤᠭ ᠲᠥᠯᠥᠪᠯᠡᠭᠡ ᠵᠢᠨ ᠬᠠᠮᠢᠶ᠎ᠠ ᠪᠥᠬᠥᠶ ᠪᠠᠷᠢᠮᠵᠢᠶ᠎ᠠ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃ ᠨᠢᠭᠡᠨᠲᠡ ᠪᠠᠶ᠋ᠢᠭᠤᠯᠵᠤ ᠬᠡᠷᠡᠭᠯᠡᠭᠰᠡᠨ ᠰᠠᠭᠤᠭ᠋ᠠᠯᠢ ᠠᠷᠠᠳ᠎ᠤᠨ ᠣᠷᠣᠨ ᠰᠠᠭᠤᠴᠠ ᠵᠢᠨ ᠠᠰᠠᠷ᠎ᠤᠨ ᠳᠣᠲᠣᠷᠠᠬᠢ ᠴᠠᠬᠢᠯᠭ᠋ᠠᠨ ᠱᠠᠳᠤ᠂ ᠤᠰᠤᠨ ᠬᠥᠭᠡᠷᠭᠡ᠂ ᠬᠦᠴᠦᠳᠡᠯ ᠥᠭᠡᠷᠡᠴᠢᠯᠡᠭᠴᠢ ᠵᠡᠷᠭᠡ ᠬᠠᠮᠲᠤ᠎ᠪᠠᠷ ᠬᠡᠷᠡᠭᠯᠡᠬᠦ ᠪᠡᠯᠡᠳᠬᠡᠮᠵᠢ ᠲᠥᠬᠥᠭᠡᠷᠦᠮᠵᠢ ᠵᠢ ᠥᠮᠴᠢᠯᠡᠭᠴᠢ᠂ ᠬᠠᠮᠢᠶᠠᠷᠤᠭᠴᠢ᠎ᠠᠴᠠ ᠬᠠᠮᠠᠭ᠋ᠠᠯᠠᠨ ᠬᠠᠮᠢᠶᠠᠷᠬᠤ ᠵᠢ ᠬᠠᠷᠢᠭᠤᠴᠠᠨ᠎ᠠ᠂ ᠪᠡᠯᠡᠳᠬᠡᠮᠵᠢ ᠲᠥᠬᠥᠭᠡᠷᠦᠮᠵᠢ᠎ᠠᠴᠠ ᠡᠭᠦᠰᠦᠭᠰᠡᠨ ᠣᠷᠴᠢᠨ ᠲᠣᠭᠣᠷᠢᠨ᠎ᠤ ᠱᠤᠤᠭᠢᠶᠠᠨ᠎ᠨᠢ ᠰᠠᠭᠤᠭ᠋ᠠᠯᠢ ᠠᠷᠠᠳ᠎ᠤᠨ ᠠᠮᠢᠳᠤᠷᠠᠯ᠎ᠢ ᠨᠥᠯᠥᠭᠡᠯᠡᠵᠦ ᠪᠣᠯᠬᠤ ᠦᠭᠡᠢ᠃ ᠭᠡᠷ ᠳᠣᠲᠣᠷᠠᠬᠢ ᠵᠠᠰᠠᠯ ᠴᠢᠮᠡᠭᠯᠡᠯ᠎ᠤᠨ ᠠᠵᠢᠯᠯᠠᠭ᠎ᠠ᠎ᠨᠢ ᠪᠦᠲᠦᠮᠵᠢᠲᠡᠶ ᠠᠷᠭ᠎ᠠ ᠬᠡᠮᠵᠢᠶ᠎ᠡ ᠠᠪᠬᠤ ᠵᠢᠨ ᠬᠠᠮᠲᠤ ᠠᠵᠢᠯᠯᠠᠬᠤ ᠴᠠᠭ᠎ᠤᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠂ ᠠᠳᠠᠯ ᠠᠬᠤᠶ ᠵᠢᠨ ᠬᠠᠮᠢᠶᠠᠷᠤᠯᠲᠠ ᠵᠢᠨ ᠨᠢᠭᠡᠴᠡ᠎ᠨᠢ ᠵᠠᠰᠠᠨ ᠴᠢᠮᠡᠭᠯᠡᠭᠴᠢ ᠪᠠ ᠵᠠᠰᠠᠨ ᠴᠢᠮᠡᠭᠯᠡᠭᠴᠢ ᠵᠢᠨ ᠨᠠᠶ᠋ᠢᠳᠠᠭᠰᠠᠨ ᠵᠠᠰᠠᠯ ᠴᠢᠮᠡᠭᠯᠡᠯ᠎ᠤᠨ ᠠᠵᠤ ᠠᠬᠤᠶ᠋ᠢᠯᠠᠯ᠎ᠤᠨ ᠬᠣᠯᠪᠣᠭᠳᠠᠯ ᠪᠦᠬᠦᠢ ᠴᠠᠭ᠋ᠠᠵᠠᠯᠠᠬᠤ ᠠᠵᠢᠯᠯᠠᠭ᠎ᠠ ᠪᠠ ᠠᠩᠬᠠᠷᠬᠤ ᠵᠦᠢ᠍ᠯᠡᠰ᠎ᠢ ᠬᠡᠯᠡᠵᠦ ᠥᠭᠬᠦ ᠵᠢᠨ ᠬᠠᠮᠲᠤ ᠲᠣᠭᠣᠷᠢᠨ ᠪᠠᠶ᠋ᠢᠴᠠᠭ᠋ᠠᠬᠤ ᠠᠵᠢᠯ᠎ᠢ ᠰᠠᠶ᠋ᠢᠲᠤᠷ ᠬᠢᠵᠦ᠂ ᠠᠰᠠᠭᠤᠳᠠᠯ᠎ᠢ ᠣᠯᠵᠤ ᠮᠡᠳᠡᠪᠡᠯ ᠴᠠᠭ ᠲᠤᠬᠠᠶ᠎ᠳᠤᠨᠢ ᠮᠡᠳᠡᠭᠦᠯᠬᠦ ᠬᠡᠷᠡᠭᠲᠡᠶ᠃ (ᠬᠠᠷᠢᠭᠤᠴᠠᠬᠤ ᠨᠢᠭᠡᠴᠡ᠄ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ)
ᠲᠠᠪᠤ᠂ ᠪᠠᠲᠤᠯᠠᠭ᠎ᠠ ᠵᠢᠨ ᠠᠷᠭ᠎ᠠ ᠬᠡᠮᠵᠢᠶ᠎ᠡ
(ᠨᠢᠭᠡ) ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ᠎ᠠ᠃ ᠡᠯ᠎ᠡ ᠬᠠᠷᠢᠭᠤᠴᠠᠯᠭ᠋ᠠᠲᠤ ᠨᠢᠭᠡᠴᠡ᠎ᠨᠦᠭᠦᠳ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠂ ᠠᠵᠢᠯ᠎ᠤᠨ ᠠᠷᠭ᠎ᠠ ᠬᠡᠮᠵᠢᠶ᠎ᠡ᠎ᠪᠠᠨ ᠴᠢᠩᠭ᠋ᠠᠷᠠᠭᠤᠯᠵᠤ᠂ ᠲᠤᠰᠬᠠᠶ ᠵᠦᠢ᠍ᠯ ᠵᠶ᠋ᠠᠷ ᠴᠡᠭᠴᠡᠯᠡᠨ ᠵᠠᠰᠠᠬᠤ ᠠᠵᠢᠯ᠎ᠢ ᠠᠷᠠᠳ᠎ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠪᠣᠯᠭ᠋ᠠᠨ ᠭᠣᠤᠯᠳᠠᠯᠭ᠎ᠠ᠎ᠲᠠᠢ ᠠᠵᠢᠯ᠎ᠳᠠᠭᠠᠨ ᠣᠷᠣᠭᠤᠯᠤᠨ᠂ ᠴᠥᠬᠥᠷᠡᠰᠢ ᠥᠬᠡᠶ ᠪᠠᠶ᠋ᠢᠩᠭᠤ ᠠᠳᠬᠤᠵᠤ᠂ ᠭᠣᠤᠯ ᠤᠳᠤᠷᠢᠳᠤᠯᠭ᠎ᠠ ᠪᠡᠶ᠎ᠡ᠎ᠪᠠᠷ ᠵᠶ᠋ᠠᠨ ᠪᠠᠶ᠋ᠢᠷᠢᠯᠠᠭᠤᠯᠵᠤ᠂ ᠪᠡᠶ᠎ᠡ᠎ᠪᠠᠷ ᠵᠶ᠋ᠠᠨ ᠰᠢᠮᠳᠠᠭᠤᠯᠤᠨ ᠪᠠᠶ᠋ᠢᠴᠠᠭ᠋ᠠᠵᠤ᠂ ᠬᠤᠪᠢᠳᠠᠨ ᠬᠠᠮᠢᠶᠠᠷᠴᠤ ᠪᠥᠬᠥᠶ ᠤᠳᠤᠷᠢᠳᠤᠯᠭ᠎ᠠ ᠰᠢᠭᠤᠳ ᠠᠳᠬᠤᠵᠤ᠂ ᠪᠠᠶ᠋ᠢᠩᠭᠤ ᠠᠳᠬᠤᠵᠤ᠂ ᠦᠷ᠎ᠡ ᠪᠦᠲᠦᠮᠵᠢ ᠤᠯᠬᠤ ᠬᠡᠷᠡᠭᠲᠡᠶ᠃
(ᠬᠣᠶᠠᠷ) ᠬᠠᠤᠯᠢ ᠬᠡᠷᠡᠭᠵᠢᠭᠦᠯᠬᠦ ᠵᠢ ᠴᠢᠩᠭ᠋ᠠᠷᠠᠭᠤᠯᠤᠨ᠎ᠠ᠃ ᠡᠯ᠎ᠡ ᠬᠠᠷᠢᠭᠤᠴᠠᠯᠭ᠋ᠠᠲᠤ ᠨᠢᠭᠡᠴᠡ᠎ᠨᠦᠭᠦᠳ ᠱᠤᠤᠭᠢᠶᠠᠨ᠎ᠤ ᠲᠤᠰᠬᠠᠶ ᠵᠦᠢ᠍ᠯ ᠵᠶ᠋ᠠᠷ ᠴᠡᠭᠴᠡᠯᠡᠨ ᠵᠠᠰᠠᠬᠤ ᠠᠰᠠᠭᠤᠳᠠᠯ᠎ᠤᠨ ᠡᠬᠡ ᠲᠠᠩᠰᠠ ᠪᠠᠶ᠋ᠢᠭᠤᠯᠵᠤ᠂ ᠬᠠᠷᠢᠭᠤᠴᠠᠯᠭ᠋ᠠᠲᠤ ᠨᠢᠭᠡᠴᠡ᠂ ᠴᠡᠭᠴᠡᠯᠡᠨ ᠵᠠᠰᠠᠬᠤ ᠠᠭᠤᠯᠭ᠎ᠠ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠵᠢᠴᠢ ᠪᠡᠶᠡᠯᠡᠭᠦᠯᠬᠦ ᠴᠠᠭ᠎ᠤᠨ ᠬᠢᠵᠠᠭ᠋ᠠᠷ᠎ᠢ ᠲᠣᠳᠣᠷᠬᠠᠶ᠋ᠢᠯᠠᠬᠤ ᠬᠡᠷᠡᠭᠲᠡᠶ᠃ ᠬᠠᠤᠯᠢ ᠬᠡᠷᠡᠭᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠡᠳᠦᠷ ᠲᠤᠲᠤᠮ᠎ᠤᠨ ᠪᠠᠶ᠋ᠢᠴᠠᠭ᠋ᠠᠬᠤ᠂ ᠲᠣᠭᠣᠷᠢᠨ ᠪᠠᠶ᠋ᠢᠴᠠᠭ᠋ᠠᠬᠤ ᠪᠠ ᠰᠢᠮᠳᠠᠭᠤᠯᠤᠨ ᠪᠠᠶ᠋ᠢᠴᠠᠭ᠋ᠠᠬᠤ ᠤᠳᠠᠭ᠎ᠠ ᠳᠠᠷᠠᠭ᠎ᠠ ᠵᠢ ᠴᠢᠩᠭ᠋ᠠᠷᠠᠭᠤᠯᠤᠨ᠂ ᠲᠠᠭᠤ ᠱᠤᠤᠭᠢᠶᠠᠨ ᠠᠷᠠᠳ᠎ᠢ ᠦᠢ᠍ᠮᠡᠭᠦᠯᠬᠦ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠬᠡᠷᠡᠭᠲᠡᠶ; ᠭᠣᠣᠯ ᠤᠳᠤᠷᠢᠳᠤᠯᠭ᠎ᠠ ᠵᠢᠨ ᠣᠷᠣᠯᠴᠠᠭᠰᠠᠨ ᠬᠠᠮᠲᠤᠷᠠᠨ ᠬᠠᠤᠯᠢ ᠬᠡᠷᠡᠭᠵᠢᠭᠦᠯᠬᠦ ᠶᠠᠪᠤᠳᠠᠯ᠎ᠢ ᠭᠠᠷᠠᠭ ᠪᠦᠷᠢ ᠠᠳᠠᠭ᠎ᠲᠠᠭᠠᠨ ᠨᠢᠭᠡ ᠤᠳᠠᠭ᠎ᠠ ᠵᠣᠬᠢᠶᠠᠨ ᠪᠠᠶ᠋ᠢᠭᠤᠯᠬᠤ ᠬᠡᠷᠡᠭᠲᠡᠶ᠃
(ᠭᠤᠷᠪᠠ) ᠵᠠᠭ᠋ᠠᠯᠳᠤᠬᠤ ᠠᠷᠭ᠎ᠠ ᠵᠠᠮ᠎ᠢ ᠰᠠᠭ᠋ᠠᠳ ᠥᠬᠡᠶ ᠨᠡᠪᠲᠡᠷᠡᠭᠦᠯᠦᠨ᠎ᠡ᠃ ᠡᠯ᠎ᠡ ᠬᠠᠷᠢᠭᠤᠴᠠᠯᠭ᠋ᠠᠲᠤ ᠨᠢᠭᠡᠴᠡ᠎ᠨᠦᠭᠦᠳ ᠵᠠᠭ᠋ᠠᠯᠳᠤᠬᠤ ᠳ᠋ᠢᠶᠠᠩᠬᠤᠸᠠ᠎ᠪᠠᠨ ᠨᠡᠶ᠋ᠢᠭᠡᠮ ᠨᠡᠶ᠋ᠢᠲᠡ᠎ᠳᠤ ᠢᠯᠡ ᠨᠡᠶ᠋ᠢᠲᠡᠯᠡᠵᠦ᠂ ᠣᠯᠠᠨ ᠨᠡᠶ᠋ᠢᠲᠡ᠎ᠪᠠᠷ ᠵᠶ᠋ᠠᠨ ᠣᠷᠴᠢᠨ ᠲᠣᠭᠣᠷᠢᠨ᠎ᠤ ᠪᠣᠬᠢᠷᠲᠤᠯ᠎ᠢ ᠢᠯᠡᠴᠢᠯᠡᠨ ᠮᠡᠳᠡᠭᠦᠯᠬᠦ ᠬᠠᠯᠠᠮᠰᠢᠯ ᠤᠲᠠᠰᠤ 12369᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠯᠠᠮᠰᠢᠯ ᠤᠲᠠᠰᠤ 12345 ᠵᠡᠷᠭᠡ ᠣᠯᠠᠨ ᠵᠦᠢ᠍ᠯ᠎ᠤᠨ ᠠᠷᠭ᠎ᠠ ᠵᠠᠮ ᠵᠶ᠋ᠠᠷ ᠵᠠᠭ᠋ᠠᠯᠳᠤᠵᠤ ᠪᠣᠯᠤᠨ᠎ᠠ; ᠵᠢᠵᠢᠭᠦᠷᠯᠡᠨ ᠰᠠᠬᠢᠬᠤ ᠠᠵᠢᠯ᠎ᠢ ᠴᠢᠩᠭ᠋ᠠᠳᠬᠠᠵᠤ᠂ ᠵᠠᠭ᠋ᠠᠯᠳᠤᠬᠤ ᠳ᠋ᠢᠶᠠᠩᠬᠤᠸᠠ ᠵᠢᠨ 24 ᠴᠠᠭ᠎ᠤᠨ ᠰᠠᠭ᠋ᠠᠳ ᠥᠬᠡᠶ ᠨᠡᠪᠲᠡᠷᠡᠬᠦ ᠵᠢ ᠪᠠᠲᠤᠯᠠᠵᠤ᠂ ᠨᠠᠷᠢᠨ ᠬᠢᠨᠠᠮᠠᠭ᠋ᠠᠶ ᠭᠥᠯᠢᠶᠡᠨ ᠠᠪᠴᠤ᠂ ᠣᠯᠠᠨ ᠲᠦᠮᠡᠨ᠎ᠤ ᠵᠠᠭ᠋ᠠᠯᠳᠤᠯᠭ᠎ᠠ ᠵᠢ ᠴᠠᠭ ᠲᠤᠬᠠᠶ᠎ᠳᠤᠨᠢ ᠰᠢᠢ᠍ᠳᠪᠦᠷᠢᠯᠡᠬᠦ ᠬᠡᠷᠡᠭᠲᠡᠶ᠃
(ᠳᠥᠷᠪᠡ) ᠬᠠᠷᠢᠭᠤᠴᠠᠯᠭ᠎ᠠ ᠨᠡᠬᠡᠮᠵᠢᠯᠡᠬᠦ ᠵᠢ ᠴᠢᠩᠭ᠋ᠠᠷᠠᠭᠤᠯᠤᠨ᠎ᠠ᠃ ᠡᠯ᠎ᠡ ᠬᠠᠷᠢᠭᠤᠴᠠᠯᠭ᠋ᠠᠲᠤ ᠨᠢᠭᠡᠴᠡ᠎ᠨᠦᠭᠦᠳ ᠴᠡᠭᠴᠡᠯᠡᠨ ᠵᠠᠰᠠᠬᠤ ᠲᠥᠰᠦᠯ ᠵᠶ᠋ᠠᠨ ᠴᠠᠭ ᠲᠤᠬᠠᠶ᠎ᠳᠤᠨᠢ ᠮᠡᠳᠡᠭᠦᠯᠦᠨ ᠬᠦᠷᠭᠡᠬᠦ ᠵᠢᠨ ᠬᠠᠮᠲᠤ ᠨᠢᠭᠡ ᠬᠠᠷᠢᠭᠤᠴᠠᠯᠭ᠋ᠠᠲᠤ ᠤᠳᠤᠷᠢᠳᠤᠯᠭ᠎ᠠ᠂ ᠨᠢᠭᠡ ᠬᠣᠯᠪᠣᠭ᠋ᠠᠴᠢᠨ ᠲᠣᠭᠲᠠᠭ᠋ᠠᠬᠤ ᠵᠢᠨ ᠬᠠᠮᠲᠤ 12 ᠳ᠋ᠤᠭ᠋ᠠᠷ ᠰᠠᠷ᠎ᠠ ᠵᠢᠨ 1᠎ᠤ ᠡᠳᠦᠷ᠂ 12 ᠳ᠋ᠤᠭ᠋ᠠᠷ ᠰᠠᠷ᠎ᠠ ᠵᠢᠨ 8᠎ᠤ ᠡᠳᠦᠷ᠂ 12 ᠳ᠋ᠤᠭ᠋ᠠᠷ ᠰᠠᠷ᠎ᠠ ᠵᠢᠨ 15᠎ᠤ ᠡᠳᠦᠷ ᠲᠤᠰᠬᠠᠶ ᠴᠡᠭᠴᠡᠯᠡᠨ ᠵᠠᠰᠠᠬᠤ ᠠᠵᠢᠯ᠎ᠢ ᠥᠷᠨᠢᠭᠦᠯᠦᠭᠰᠡᠨ ᠪᠠᠶ᠋ᠢᠳᠠᠯ ᠵᠶ᠋ᠠᠨ 12 ᠳ᠋ᠤᠭ᠋ᠠᠷ ᠰᠠᠷ᠎ᠠ ᠵᠢᠨ 19᠎ᠤ ᠡᠳᠦᠷ ᠲᠤᠰᠬᠠᠶ ᠴᠡᠭᠴᠡᠯᠡᠨ ᠵᠠᠰᠠᠬᠤ ᠠᠵᠢᠯ᠎ᠤᠨ ᠳ᠋ᠦᠩᠨᠡᠯᠲᠡ᠎ᠪᠠᠨ ᠵᠢᠩᠬᠢᠨᠢ ᠪᠢᠴᠢᠭ ᠮᠠᠲ᠋ᠧᠷᠢᠶᠠᠯ ᠵᠶ᠋ᠠᠷ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠥᠪᠯᠡᠯ (ᠠᠮᠢ ᠠᠬᠤᠶ ᠵᠢᠨ ᠣᠷᠴᠢᠨ ᠲᠣᠭᠣᠷᠢᠨ᠎ᠤ ᠬᠤᠪᠢᠶᠠᠷᠢ ᠲᠣᠪᠴᠢᠶ᠎ᠠ)᠎ᠳᠤ ᠮᠡᠳᠡᠭᠦᠯᠦᠨ ᠬᠦᠷᠭᠡᠬᠦ ᠬᠡᠷᠡᠭᠲᠡᠶ᠃ ᠲᠤᠰᠬᠠᠶ ᠴᠡᠭᠴᠡᠯᠡᠨ ᠵᠠᠰᠠᠬᠤ ᠶᠠᠪᠤᠴᠠ᠎ᠳᠤ᠂ ᠬᠠᠯᠠᠭᠤᠨ ᠤᠲᠠᠰᠤ ᠵᠢ ᠲᠤᠰᠴᠤ ᠰᠣᠨᠣᠰᠬᠤ ᠬᠥᠮᠦᠨ ᠥᠬᠡᠶ᠂ ᠵᠠᠭ᠋ᠠᠯᠳᠤᠯᠭ᠎ᠠ ᠵᠢ ᠭᠥᠯᠢᠶᠡᠨ ᠠᠪᠴᠤ ᠰᠢᠢ᠍ᠳᠪᠦᠷᠢᠯᠡᠬᠦ ᠬᠥᠮᠦᠨ ᠥᠬᠡᠶ᠂ ᠰᠢᠯᠲᠠᠭᠯᠠᠨ ᠲᠦᠯᠬᠢᠯᠴᠡᠬᠦ᠂ ᠪᠠᠶ᠋ᠢᠴᠠᠭ᠋ᠠᠨ ᠰᠢᠢ᠍ᠳᠪᠦᠷᠢᠯᠡᠭᠰᠡᠨ᠎ᠨᠢ ᠬᠦᠴᠦᠨ ᠥᠬᠡᠶ ᠪᠤᠶᠤ ᠨᠠᠵᠠᠭ᠋ᠠᠶ ᠨᠥᠯᠥᠭᠡ ᠭᠠᠷᠭ᠋ᠠᠭᠰᠠᠨ ᠪᠠᠶ᠋ᠢᠪᠠᠯ᠂ ᠬᠠᠷᠢᠭᠤᠴᠠᠯᠭ᠎ᠠ ᠨᠡᠬᠡᠮᠵᠢᠯᠡᠨ᠎ᠡ᠃
ᠬᠠᠷᠢᠯᠴᠠᠬᠤ ᠬᠥᠮᠦᠨ᠄ ᠸᠠᠩ ᠰᠢᠤᠸᠠᠢ
ᠬᠠᠷᠢᠯᠴᠠᠬᠤ ᠤᠲᠠᠰᠤ᠄ 0478-4260766 15047053082
ᠰᠢᠦᠳᠠᠨ᠎ᠤ ᠬᠠᠶ᠋ᠢᠷᠴᠠᠭ᠎ᠢ ᠮᠡᠳᠡᠭᠦᠯᠦᠨ ᠬᠦᠷᠭᠡᠬᠦ᠄ 645281702@qq.com
ᠢᠷᠡᠯᠲᠡ᠄