ᠢᠯᠡ ᠵᠠᠰᠠᠭ   -   ᠪᠢᠴᠢᠭ ᠮᠠᠲ᠋ᠧᠷᠢᠶᠠᠯ

ᠳ᠋ᠧᠩᠺᠸᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠤᠨ 《ᠣᠷᠣᠰᠢᠭᠤᠯᠭ᠎ᠠ ᠵᠢᠨ ᠬᠠᠮᠢᠶᠠᠷᠤᠯᠲᠠ ᠵᠢᠨ ᠠᠵᠢᠯ᠎ᠢ ᠭᠦᠨᠵᠡᠭᠡᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ

ᠨᠡᠶ᠋ᠢᠲᠡᠯᠡᠭᠰᠡᠨ ᠴᠠᠭ᠄   2024-10-15

      ᠡᠯ᠎ᠡ ᠰᠤᠮᠤ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠲᠠᠷᠢᠶᠠᠯᠠᠩ᠎ᠤᠨ ᠲᠠᠯᠠᠪᠠᠶ ᠵᠢᠨ ᠺᠣᠮᠫᠠᠨᠢ᠂ ᠰᠢᠶᠠᠨ᠎ᠤ ᠰᠢᠭᠤᠳ ᠬᠠᠷᠢᠶ᠎ᠠ ᠡᠯ᠎ᠡ ᠨᠢᠭᠡᠴᠡ᠂ ᠰᠢᠶᠠᠨ᠎ᠳᠤ ᠰᠠᠭᠤᠭ᠎ᠠ ᠡᠯ᠎ᠡ ᠨᠢᠭᠡᠴᠡ᠄
       ᠵᠠᠰᠠᠭ᠎ᠤᠨ ᠣᠷᠳᠣᠨ ᠰᠤᠳᠤᠯᠤᠨ ᠵᠥᠪᠰᠢᠶᠡᠷᠡᠭᠦᠯᠦᠭᠡᠳ᠂ ᠡᠳᠦᠭᠡ 《ᠣᠷᠣᠰᠢᠭᠤᠯᠭ᠎ᠠ ᠵᠢᠨ ᠬᠠᠮᠢᠶᠠᠷᠤᠯᠲᠠ ᠵᠢᠨ ᠠᠵᠢᠯ᠎ᠢ ᠭᠦᠨᠵᠡᠭᠡᠶ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ》᠎ᠢ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠶ᠃
        ᠳ᠋ᠧᠩᠺᠧᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ
        2024 ᠣᠨ᠎ᠤ 10 ᠰᠠᠷ᠎ᠠ ᠵᠢᠨ 8᠎ᠤ ᠡᠳᠦᠷ
        ᠣᠷᠣᠰᠢᠭᠤᠯᠭ᠎ᠠ ᠵᠢᠨ ᠬᠠᠮᠢᠶᠠᠷᠤᠯᠲᠠ ᠵᠢᠨ ᠠᠵᠢᠯ᠎ᠢ ᠭᠦᠨᠵᠡᠭᠡᠢ ᠠᠬᠢᠭᠤᠯᠬᠤ ᠲᠤᠬᠠᠢ ᠬᠡᠷᠡᠭᠵᠢᠭᠦᠯᠬᠦ ᠲᠦᠰᠦᠯ
       ᠮᠠᠨ᠎ᠤ ᠰᠢᠶᠠᠨ᠎ᠤ ᠣᠷᠣᠰᠢᠭᠤᠯᠭ᠎ᠠ ᠵᠢᠨ ᠥᠭᠡᠷᠡᠴᠢᠯᠡᠯᠲᠡ ᠵᠢᠨ ᠠᠵᠢᠯ᠎ᠢ ᠭᠦᠨᠵᠡᠭᠡᠶ᠋ᠢᠷᠡᠭᠦᠯᠵᠦ᠂ ᠣᠷᠣᠰᠢᠭᠤᠯᠭ᠎ᠠ ᠵᠢᠨ ᠬᠠᠮᠢᠶᠠᠷᠤᠯᠲᠠ ᠵᠢ ᠴᠢᠩᠭ᠋ᠠᠳᠬᠠᠨ᠂ ᠣᠷᠣᠰᠢᠭᠤᠯᠭ᠎ᠠ ᠵᠢᠨ ᠦᠢ᠍ᠯᠡᠴᠢᠯᠡᠭᠡ ᠵᠢ ᠵᠢᠷᠤᠮᠵᠢᠭᠤᠯᠵᠤ᠂ ᠪᠥᠬᠦ ᠰᠢᠶᠠᠨ᠎ᠤ ᠣᠷᠣᠰᠢᠭᠤᠯᠭ᠎ᠠ ᠵᠢᠨ ᠦᠢ᠍ᠯᠡᠰ᠎ᠤᠨ ᠪᠣᠯᠪᠠᠰᠤᠨ᠂ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠵᠢᠨ ᠲᠥᠯᠥᠭᠡ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ 《ᠣᠷᠣᠰᠢᠭᠤᠯᠭ᠎ᠠ ᠵᠢᠨ ᠬᠠᠮᠢᠶᠠᠷᠤᠯᠲᠠ ᠵᠢᠨ ᠲᠦᠷᠢᠮ》 ᠪᠠ 《ᠤᠯᠤᠰ᠎ᠤᠨ ᠨᠠᠢ᠍ᠮᠠᠨ ᠶᠠᠮᠤᠨ ᠵᠥᠪᠯᠡᠯ (ᠲᠣᠪᠴᠢᠶ᠎ᠠ)᠎ᠤᠨ 〈ᠣᠷᠣᠰᠢᠭᠤᠯᠭ᠎ᠠ ᠵᠢᠨ ᠦᠢ᠍ᠯᠡᠰ᠎ᠤᠨ ᠦᠨ᠎ᠡ ᠬᠠᠩᠰᠢ ᠵᠢᠨ ᠡᠮᠬᠢ ᠵᠢᠷᠤᠮ᠂ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠣᠷᠣᠰᠢᠭᠤᠯᠭ᠎ᠠ ᠵᠢᠨ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢᠨ ᠡᠵᠡᠩᠨᠡᠯᠲᠡ ᠵᠢᠨ ᠲᠤᠰᠬᠠᠶ ᠴᠡᠭᠴᠡᠯᠡᠨ ᠵᠠᠰᠠᠯᠲᠠ ᠵᠢ ᠥᠷᠨᠢᠭᠦᠯᠬᠦ ᠲᠤᠬᠠᠶ ᠮᠡᠳᠡᠭᠳᠡᠯ〉》 (ᠠᠷᠠᠳ ᠲᠠᠷᠬᠠᠭ᠋ᠠᠭᠰᠠᠨ[2021] 67 ᠳ᠋ᠤᠭ᠋ᠠᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠮᠠᠨ᠎ᠤ ᠰᠢᠶᠠᠨ᠎ᠤ ᠪᠣᠳᠠᠲᠠᠶ᠎ᠲᠠᠢ᠎ᠪᠠᠨ ᠤᠶᠠᠯᠳᠤᠭᠤᠯᠵᠤ᠂ ᠲᠣᠰ ᠬᠡᠷᠡᠭᠵᠢᠭᠦᠯᠬᠦ ᠲᠥᠰᠦᠯ᠎ᠢ ᠲᠣᠭᠲᠠᠭ᠋ᠠᠪᠠ᠃
        ᠨᠢᠭᠡ᠂ ᠵᠢᠯᠣᠭᠤᠳᠬᠤ ᠦᠵᠡᠯ ᠰᠠᠨᠠᠭ᠎ᠠ
      ᠬᠥᠮᠦᠨ ᠬᠢᠭᠡᠳ ᠪᠠᠶ᠋ᠢᠭ᠋ᠠᠯᠢ ᠵᠢᠨ ᠡᠶ᠎ᠡ ᠵᠣᠬᠢᠴᠠᠯ᠎ᠲᠠᠢ ᠣᠷᠣᠰᠢᠬᠤ ᠱᠠᠭ᠋ᠠᠷᠳᠠᠯᠭ᠎ᠠ ᠵᠢ ᠠᠬᠢᠭᠤᠯᠬᠤ ᠵᠢᠨ ᠲᠤᠰᠠᠳᠠ᠂ ᠭᠣᠤᠯᠳᠠᠯᠭ᠎ᠠ᠎ᠪᠠᠨ ᠲᠣᠪᠣᠶ᠋ᠢᠯᠭ᠋ᠠᠨ᠂ ᠥᠩᠭᠡᠨ ᠲᠠᠯ᠎ᠠ ᠪᠠ ᠦᠨᠳᠦᠰᠦᠨ᠎ᠠᠴᠠ᠎ᠨᠢ ᠵᠠᠰᠠᠵᠤ᠂ ᠨᠡᠶ᠋ᠢᠲᠡ ᠵᠢᠨ ᠣᠩᠭᠣᠨ᠎ᠤ ᠪᠠᠶ᠋ᠢᠭᠤᠯᠤᠯᠲᠠ ᠬᠠᠮᠢᠶᠠᠷᠤᠯᠲᠠ ᠬᠢᠭᠡᠳ ᠣᠷᠣᠰᠢᠭᠤᠯᠭ᠎ᠠ ᠵᠢᠨ ᠬᠠᠮᠢᠶᠠᠷᠤᠯᠲᠠ ᠵᠢᠨ ᠠᠵᠢᠯ᠎ᠢ ᠦᠨᠡᠨᠬᠦ ᠵᠢᠷᠤᠮᠵᠢᠭᠤᠯᠤᠨ ᠴᠢᠩᠭ᠋ᠠᠳᠬᠠᠵᠤ᠂ ᠪᠣᠯᠪᠠᠰᠤᠨ ᠵᠶ᠋ᠠᠷ ᠠᠷᠪᠢᠲᠠᠶ ᠣᠷᠣᠰᠢᠭᠤᠯᠭ᠎ᠠ ᠵᠢᠨ ᠣᠨᠣᠯᠵᠢᠬᠤᠨ᠎ᠢ ᠪᠣᠶ ᠪᠣᠯᠭ᠋ᠠᠨ᠂ ᠡᠬᠢ ᠪᠠᠶᠠᠯᠢᠭ᠎ᠢ ᠠᠷᠪᠢᠯᠠᠬᠤ ᠬᠡᠯᠪᠡᠷᠢ ᠵᠢᠨ᠂ ᠣᠷᠴᠢᠨ ᠠᠬᠤᠶ ᠨᠥᠬᠥᠷᠰᠡᠭ ᠬᠡᠯᠪᠡᠷᠢ ᠵᠢᠨ ᠨᠡᠶ᠋ᠢᠭᠡᠮ᠎ᠤᠨ ᠪᠠᠶ᠋ᠢᠭᠤᠯᠤᠯᠲᠠ ᠵᠢ ᠠᠬᠢᠭᠤᠯᠬᠤ ᠬᠡᠷᠡᠭᠲᠡᠶ᠃
        ᠬᠤᠶᠠᠷ᠂ ᠠᠵᠢᠯ᠎ᠤᠨ ᠬᠠᠷᠠᠯᠲᠠ
    ᠤᠯᠤᠰ᠎ᠤᠨ ᠣᠷᠣᠰᠢᠭᠤᠯᠭ᠎ᠠ ᠵᠢᠨ ᠥᠭᠡᠷᠡᠴᠢᠯᠡᠯᠲᠡ ᠵᠢᠨ ᠡᠯ᠎ᠡ ᠴᠢᠭᠯᠡᠯᠲᠡ ᠲᠥᠷᠥ ᠵᠢᠨ ᠪᠣᠳᠣᠯᠭ᠎ᠠ ᠵᠢ ᠬᠢᠨᠠᠮᠠᠭ᠋ᠠᠶ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠪᠡᠯᠡ ᠮᠥᠩᠭᠦ ᠵᠢᠨ ᠣᠷᠣᠭᠤᠯᠤᠯᠲᠠ᠎ᠪᠠᠨ ᠨᠡᠮᠡᠭᠳᠡᠭᠦᠯᠦᠨ᠂ ᠪᠦᠬᠦ ᠰᠢᠶᠠᠨ᠎ᠤ ᠣᠷᠣᠰᠢᠭᠤᠯᠭ᠎ᠠ ᠵᠢᠨ ᠦᠢ᠍ᠯᠡᠴᠢᠯᠡᠭᠡᠨ᠎ᠤ ᠪᠡᠯᠡᠳᠬᠡᠮᠵᠢ ᠵᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠦᠨ ᠪᠦᠲᠦᠭᠡᠨ ᠪᠠᠶ᠋ᠢᠭᠤᠯᠵᠤ᠂ ᠨᠡᠶ᠋ᠢᠲᠡ ᠵᠢᠨ ᠣᠩᠭᠤᠨ᠎ᠤ ᠪᠦᠲᠦᠭᠡᠨ ᠪᠠᠶ᠋ᠢᠭᠤᠯᠤᠯᠲᠠ ᠵᠢ ᠦᠨᠡᠨᠬᠦ ᠴᠢᠩᠭ᠋ᠠᠳᠬᠠᠬᠤ ᠪᠠ ᠣᠷᠣᠰᠢᠭᠤᠯᠭ᠎ᠠ ᠵᠢᠨ ᠬᠠᠮᠢᠶᠠᠷᠤᠯᠲᠠ ᠵᠢ ᠵᠢᠷᠤᠮᠵᠢᠭᠤᠯᠵᠤ᠂ ᠭᠠᠵᠠᠷ ᠰᠢᠷᠣᠶ ᠵᠢ ᠳᠤᠷ᠎ᠠ᠎ᠪᠠᠷ ᠵᠶ᠋ᠠᠨ ᠡᠵᠡᠯᠡᠬᠦ᠂ ᠣᠷᠴᠢᠨ ᠲᠣᠭᠤᠷᠢᠨ᠎ᠢ ᠡᠪᠳᠡᠬᠦ᠂ ᠳᠤᠷ᠎ᠠ᠎ᠪᠠᠷ ᠵᠶ᠋ᠠᠨ ᠪᠤᠯᠠᠵᠤ ᠳᠤᠷ᠎ᠠ᠎ᠪᠠᠷ ᠵᠶ᠋ᠠᠨ ᠪᠤᠯᠠᠰᠢᠯᠠᠬᠤ ᠵᠡᠷᠭᠡ ᠪᠠᠶ᠋ᠢᠳᠠᠯ᠎ᠢ ᠢᠯᠡᠳᠲᠡ ᠰᠠᠶ᠋ᠢᠵᠢᠷᠠᠭᠤᠯᠵᠤ᠂ ᠪᠦᠬᠦ ᠨᠡᠶ᠋ᠢᠭᠡᠮ᠎ᠤᠨ ᠪᠣᠯᠪᠠᠰᠤᠨ᠂ ᠠᠷᠪᠢᠴᠢ ᠭᠠᠮᠲᠠᠶ᠂ ᠰᠢᠨᠵᠢᠯᠡᠬᠦ ᠤᠬᠠᠭ᠋ᠠᠨᠴᠢ ᠣᠷᠣᠰᠢᠭᠤᠯᠭ᠎ᠠ ᠵᠢᠨ ᠦᠵᠡᠯ ᠤᠬᠠᠮᠰᠠᠷ᠎ᠢ ᠢᠯᠡᠳᠲᠡ ᠴᠢᠩᠭ᠋ᠠᠷᠠᠭᠤᠯᠵᠤ᠂ ᠬᠤᠲᠠ ᠬᠥᠳᠡᠭᠡ ᠵᠢ ᠬᠠᠮᠤᠷᠤᠭᠰᠠᠨ ᠣᠷᠣᠰᠢᠭᠤᠯᠭ᠎ᠠ ᠵᠢᠨ ᠦᠢ᠍ᠯᠡᠴᠢᠯᠡᠭᠡᠨ᠎ᠤ ᠲᠣᠤᠷ ᠰᠦᠯᠵᠢᠶ᠎ᠡ ᠵᠢ ᠪᠠᠶ᠋ᠢᠭᠤᠯᠤᠨ ᠲᠡᠭᠦᠯᠳᠡᠷᠵᠢᠭᠦᠯᠵᠦ᠂ 《ᠪᠤᠯᠠᠰᠢᠯᠠᠵᠤ ᠪᠠᠭ᠎ᠠ ᠤᠷᠤᠰᠢᠭᠤᠯᠬᠤ》 ᠦᠵᠡᠯᠲᠡ ᠵᠢ ᠬᠥᠮᠦᠰ᠎ᠤᠨ ᠰᠡᠳᠬᠢᠯ᠎ᠳᠤ ᠬᠠᠳᠠᠩᠰᠢᠭᠤᠯᠤᠨ᠎ᠠ᠃ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠭᠠᠯ᠎ᠤᠨ ᠨᠤᠷᠮ᠎ᠠ ᠵᠢ ᠪᠡᠬᠢᠵᠢᠭᠦᠯᠬᠦ ᠪᠠ ᠳᠡᠭᠡᠭᠰᠢᠯᠡᠭᠦᠯᠦᠨ᠎ᠡ᠃
       ᠭᠤᠷᠪᠠ᠂ ᠠᠵᠢᠯ᠎ᠤᠨ ᠡᠭᠦᠷᠭᠡ
      (ᠨᠢᠭᠡ᠂ ᠪᠦᠬᠦ ᠰᠢᠶᠠᠨ᠎ᠤ ᠬᠠᠶ᠋ᠢᠯᠤᠭᠤᠯᠬᠤ ᠬᠡᠪᠴᠢᠶ᠎ᠡ ᠵᠢ ᠲᠣᠭᠲᠠᠭ᠋ᠠᠨ᠎ᠠ᠃ ᠡᠯ᠎ᠡ ᠰᠤᠮᠤ ᠪᠠᠯᠭ᠋ᠠᠰᠤ᠂ ᠲᠠᠷᠢᠶᠠᠯᠠᠩ᠎ᠤᠨ ᠲᠠᠯᠠᠪᠠᠢ ᠪᠠ ᠡᠯᠡᠰᠦᠨ᠎ᠤ ᠲᠥᠪ᠎ᠨᠢ ᠴᠥᠮ ᠭᠠᠯ ᠵᠶ᠋ᠠᠷ ᠳᠡᠭᠳᠡᠭᠡᠬᠦ ᠣᠷᠣᠨ ᠪᠠᠶ᠋ᠢᠵᠤ᠂ ᠭᠠᠯ ᠵᠶ᠋ᠠᠷ ᠳᠡᠭᠳᠡᠭᠡᠬᠦ ᠣᠷᠣᠨ᠎ᠤ ᠳᠣᠲᠣᠷ᠎ᠠ ᠦᠬᠦᠪᠡᠯ ᠭᠠᠯ ᠵᠶ᠋ᠠᠷ ᠳᠡᠭᠳᠡᠭᠡᠬᠦ (ᠤᠯᠤᠰ᠎ᠤᠨ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠎ᠢ ᠭᠠᠷᠭ᠋ᠠᠪᠠᠯ ᠣᠷᠣᠰᠢᠭᠤᠯᠭ᠎ᠠ ᠵᠢᠨ ᠵᠠᠩ ᠳᠠᠳᠬᠠᠯ᠎ᠢ ᠬᠦᠨᠳᠦᠳᠬᠡᠬᠦ ᠴᠥᠭᠡᠨ ᠲᠣᠭ᠋ᠠᠲᠤ ᠦᠨᠳᠦᠰᠦᠲᠡᠨ᠎ᠠᠴᠠ ᠭᠠᠳᠠᠨ᠎ᠠ) ᠴᠢᠨᠳᠠᠷ᠎ᠢ ᠭᠠᠳᠠᠭᠰᠢ ᠲᠡᠭᠡᠭᠡᠪᠦᠷᠢᠯᠡᠬᠦ ᠵᠢ ᠴᠢᠩᠭ᠎ᠠ ᠴᠠᠭ᠋ᠠᠵᠠᠯᠠᠨ᠎ᠠ᠃ ᠴᠢᠨᠳᠠᠷ᠎ᠢ ᠳᠡᠭᠳᠡᠭᠡᠭᠰᠡᠨ ᠪᠣᠯ ᠣᠷᠣᠰᠢᠭᠤᠯᠭ᠎ᠠ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠵᠠᠷᠯᠢᠭᠳᠠᠨ ᠴᠡᠭᠴᠡᠯᠡᠨ ᠥᠭᠡᠷᠡᠴᠢᠯᠡᠭᠦᠯᠵᠦ᠂ ᠵᠠᠯᠠᠷᠠᠭᠤᠯᠬᠤ ᠦᠭᠡᠶ ᠪᠣᠯ ᠣᠷᠣᠰᠢᠭᠤᠯᠭ᠎ᠠ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ 《ᠣᠷᠣᠰᠢᠭᠤᠯᠭ᠎ᠠ ᠵᠢᠨ ᠬᠠᠮᠢᠶᠠᠷᠤᠯᠲᠠ ᠵᠢᠨ ᠳᠦᠷᠢᠮ》᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠳᠬᠡᠨ ᠲᠣᠷᠭ᠋ᠠᠬᠤ ᠬᠡᠷᠡᠭᠲᠡᠶ᠃
       (ᠬᠤᠶᠠᠷ) ᠬᠤᠲᠠ ᠲᠣᠭᠤᠷᠢᠭ᠎ᠤᠨ ᠣᠷᠣᠰᠢᠭᠤᠯᠭ᠎ᠠ ᠵᠢᠨ ᠡᠮᠬᠢ ᠲᠢᠭᠯᠢᠮ᠎ᠢ ᠴᠡᠭᠴᠡᠯᠡᠨ ᠵᠠᠰᠠᠨ᠎ᠠ᠃ ᠭᠡᠷ᠎ᠤᠨ ᠭᠠᠳᠠᠨ᠎ᠠ ᠴᠢᠩᠭᠡᠯᠢᠭ ᠰᠠᠷᠠᠪᠴᠢ ᠪᠠᠶ᠋ᠢᠭᠤᠯᠬᠤ ᠪᠠ ᠴᠠᠭ᠋ᠠᠵᠠᠯᠠᠬᠤ᠂ ᠬᠤᠲᠠ ᠵᠢᠨ ᠲᠣᠭᠤᠷᠢᠭ᠎ᠤᠨ ᠣᠷᠣᠰᠢᠭᠤᠯᠭ᠎ᠠ ᠵᠢᠨ ᠡᠮᠬᠢ ᠳᠢᠭᠯᠢᠮ᠎ᠢ ᠴᠡᠭᠴᠡᠯᠡᠨ ᠵᠠᠰᠠᠬᠤ ᠵᠢ ᠠᠵᠢᠯ᠎ᠤᠨ ᠭᠤᠤᠯᠳᠠᠯᠭ᠎ᠠ ᠪᠣᠯᠭ᠋ᠠᠵᠤ᠂ ᠬᠤᠲᠠ ᠵᠢᠨ ᠲᠣᠭᠤᠷᠢᠭ᠎ᠤᠨ ᠣᠷᠣᠰᠢᠭᠤᠯᠭ᠎ᠠ ᠵᠢ ᠵᠠᠰᠠᠬᠤ ᠦᠢ᠍ᠯᠡ ᠠᠵᠢᠯᠯᠠᠭ᠎ᠠ ᠵᠢ ᠵᠢᠷᠤᠮᠵᠢᠭᠤᠯᠵᠤ᠂ ᠬᠤᠲᠠ ᠵᠢᠨ ᠣᠯᠠᠨ ᠨᠡᠶ᠋ᠢᠲᠡ ᠵᠢᠨ ᠡᠮᠬᠢ ᠳᠢᠭᠯᠢᠮ᠎ᠢ ᠬᠠᠮᠠᠭ᠋ᠠᠯᠠᠨ᠎ᠠ᠃ ᠰᠢᠨᠵᠢᠯᠡᠬᠦ ᠤᠬᠠᠭ᠋ᠠᠨᠴᠢ᠂ ᠪᠣᠯᠪᠠᠰᠤᠨ ᠵᠶ᠋ᠠᠷ ᠣᠷᠣᠰᠢᠭᠤᠯᠭ᠎ᠠ ᠵᠢ ᠵᠠᠰᠠᠬᠤ ᠠᠷᠭ᠎ᠠ ᠮᠠᠶᠢᠭ᠎ᠢ ᠰᠠᠨᠠᠭ᠋ᠠᠴᠢᠯᠠᠵᠤ᠂ ᠬᠥᠮᠦᠰ᠎ᠤᠨ ᠣᠷᠣᠰᠢᠨ ᠰᠠᠭᠤᠬᠤ ᠣᠷᠴᠢᠨ ᠲᠣᠭᠤᠷᠢᠨ᠎ᠢ ᠰᠢᠯᠢᠳᠡᠭᠵᠢᠭᠦᠯᠦᠨ᠂ ᠬᠤᠲᠠ ᠵᠢᠨ ᠴᠢᠨᠠᠷ ᠳᠡᠰ᠎ᠢ ᠳᠡᠭᠡᠭᠰᠢᠯᠡᠭᠦᠯᠵᠦ᠂ ᠬᠤᠲᠠ ᠵᠢᠨ ᠲᠣᠭᠤᠷᠢᠭ᠎ᠤᠨ ᠬᠡᠪᠴᠢᠶᠡᠨ᠎ᠳᠤ ᠭᠡᠷ᠎ᠤᠨ ᠭᠠᠳᠠᠨ᠎ᠠ ᠬᠠᠰᠢᠶ᠎ᠠ ᠰᠠᠷᠠᠪᠴᠢ ᠪᠠᠷᠢᠵᠤ ᠣᠷᠣᠰᠢᠭᠤᠯᠭ᠎ᠠ ᠵᠢ ᠵᠠᠰᠠᠬᠤ ᠪᠠ ᠣᠷᠣᠰᠢᠭᠤᠯᠭ᠎ᠠ ᠵᠢᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠦᠨᠡᠨᠬᠦ ᠪᠠᠲᠤᠯᠠᠬᠤ ᠬᠡᠷᠡᠭᠲᠡᠶ᠃
       (ᠭᠤᠷᠪᠠ᠂ ᠳᠤᠷ᠎ᠠ᠎ᠪᠠᠷ ᠵᠶ᠋ᠠᠨ ᠪᠤᠯᠠᠵᠤ ᠳᠤᠷ᠎ᠠ᠎ᠪᠠᠷ ᠵᠶ᠋ᠠᠨ ᠪᠤᠯᠠᠬᠤ ᠵᠢ ᠲᠥᠪᠯᠡᠷᠡᠭᠦᠯᠦᠨ ᠴᠡᠭᠴᠡᠯᠡᠨ ᠵᠠᠰᠠᠨ᠎ᠠ᠃ 《ᠭᠤᠷᠪᠠᠨ ᠳᠠᠭ᠋ᠠᠤ ᠳᠣᠯᠣᠭ᠋ᠠᠨ ᠪᠦᠰᠡ》 ᠵᠢᠨ ᠳᠣᠲᠣᠷ᠎ᠠ ᠣᠩᠭᠣᠨ (ᠥᠨᠳᠥᠷ ᠬᠤᠷᠳᠤᠴᠠᠲᠤ ᠵᠠᠮ᠂ ᠤᠯᠤᠰ᠎ᠤᠨ ᠪᠠ ᠣᠵᠢ ᠵᠢᠨ ᠵᠠᠮ᠂ ᠱ᠌ᠢᠶᠠᠩ ᠱ᠌ᠢᠶᠠᠩ᠎ᠤᠨ ᠵᠠᠰᠠᠮᠠᠯ ᠵᠠᠮ᠂ ᠠᠢ᠍ᠯ ᠲᠣᠰᠭᠣᠨ᠎ᠤ ᠡᠷᠭᠢᠨ ᠲᠣᠭᠣᠷᠢᠨ᠂ ᠭᠣᠣᠯ ᠳᠠᠭ᠋ᠠᠤ᠂ ᠤᠰᠤᠨ ᠴᠥᠭᠥᠷᠥᠮ᠎ᠤᠨ ᠡᠷᠭᠢ ᠳᠠᠭ᠋ᠠᠤ᠂ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠂ ᠲᠡᠦᠬᠡ ᠵᠢᠨ ᠳᠤᠷᠠᠰᠭ᠋ᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠣᠷᠣᠨ᠂ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠲᠥᠪᠯᠡᠷᠡᠭᠰᠡᠨ ᠣᠷᠣᠨ ᠰᠠᠭᠤᠴᠠ ᠵᠢᠨ ᠲᠣᠭᠣᠷᠢᠭ᠂ ᠪᠠᠢ᠍ᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ ᠬᠣᠲᠠ ᠵᠢᠨ ᠲᠥᠯᠥᠪᠵᠢᠭᠦᠯᠭᠡ ᠵᠢᠨ ᠣᠷᠣᠨ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ) 《ᠭᠤᠷᠪᠠᠨ ᠳᠠᠭ᠋ᠠᠤ ᠲᠤᠯᠤᠭ᠋ᠠᠨ ᠲᠣᠭᠤᠷᠢᠭ》᠎ᠤᠨ ᠬᠤᠶᠠᠷ ᠬᠠᠵᠠᠭᠤ ᠵᠢᠨ ᠬᠠᠷᠠᠭ᠋ᠠᠨ᠎ᠤ ᠳᠣᠲᠣᠷᠠᠬᠢ ᠪᠣᠶ ᠪᠥᠬᠦᠶ ᠪᠤᠯᠠᠰᠢᠨ ᠪᠦᠬᠦᠨ᠎ᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠥᠷᠥ ᠵᠢᠨ ᠪᠣᠳᠣᠯᠭ᠎ᠠ ᠵᠢᠨ ᠦᠯᠡᠳᠡᠭᠡᠬᠦ ᠵᠢ ᠵᠥᠪᠰᠢᠶᠡᠷᠡᠬᠦ᠎ᠠᠴᠠ ᠭᠠᠳᠠᠨ᠎ᠠ᠂ ᠨᠡᠭᠦᠯᠭᠡᠨ ᠰᠢᠯᠵᠢᠭᠦᠯᠬᠦ ᠪᠤᠶᠤ ᠲᠡᠭᠰᠢᠯᠡᠵᠦ ᠰᠢᠢ᠍ᠳᠪᠦᠷᠢᠯᠡᠭᠦᠯᠬᠦ᠎ᠪᠠᠷ ᠱᠠᠭ᠋ᠠᠷᠳᠠᠪᠠ᠃ ᠳᠤᠷ᠎ᠠ᠎ᠪᠠᠷ ᠪᠤᠯᠠᠵᠤ ᠪᠣᠯᠠᠰᠢᠯᠠᠬᠤ ᠶᠠᠪᠤᠳᠠᠯ᠎ᠢ ᠴᠢᠩᠭ᠎ᠠ ᠴᠠᠭ᠋ᠠᠵᠠᠯᠠᠨ᠎ᠠ᠃ᠣᠷ᠊

ᠢᠷᠡᠯᠲᠡ᠄ ᠳ᠋ᠧᠩᠺᠸᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ