ᠳ᠋ᠧᠩᠺᠧᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ 《ᠳ᠋ᠧᠩᠺᠧᠦ ᠰᠢᠶᠠᠨ᠎ᠤ ᠠᠷᠠᠳ᠎ᠤᠨ ᠣᠷᠣᠨ ᠰᠠᠭᠤᠴᠠ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2024-11-20
ᠡᠯ᠎ᠡ ᠰᠤᠮᠤ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠲᠠᠷᠢᠶᠠᠯᠠᠩ᠎ᠤᠨ ᠲᠠᠯᠠᠪᠠᠶ ᠵᠢᠨ ᠺᠣᠮᠫᠠᠨᠢ᠂ ᠰᠢᠶᠠᠨ᠎ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠰᠢᠶᠠᠨ᠎ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ᠎ᠳᠤ᠄
《ᠳ᠋ᠧᠩᠺᠧᠦ ᠰᠢᠶᠠᠨ᠎ᠤ ᠠᠷᠠᠳ᠎ᠤᠨ ᠣᠷᠣᠨ ᠰᠠᠭᠤᠴᠠ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 (ᠶᠠᠷᠢᠯᠴᠠᠬᠤ ᠨᠣᠣᠷᠠᠭ)) ᠵᠢ ᠳ᠋ᠧᠩᠺᠸᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ 2024 ᠣᠨ᠎ᠤ ᠠᠷᠪᠠᠨ ᠬᠤᠶᠠᠳᠤᠭ᠋ᠠᠷ ᠤᠳᠠᠭ᠋ᠠᠨ᠎ᠤ ᠪᠠᠶ᠋ᠢᠩᠭᠤ ᠵᠢᠨ ᠬᠤᠷᠠᠯ ᠵᠶ᠋ᠠᠷ ᠰᠤᠳᠤᠯᠵᠤ᠂ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠵᠢ ᠬᠢᠨᠠᠮᠠᠭ᠋ᠠᠶ ᠰᠠᠶ᠋ᠢᠲᠤᠷ ᠠᠳᠬᠤᠬᠤ ᠬᠡᠷᠡᠭᠲᠡᠶ᠃
ᠳ᠋ᠧᠩᠺᠧᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ
2024 ᠣᠨ᠎ᠤ 11 ᠰᠠᠷ᠎ᠠ ᠵᠢᠨ 20᠎ᠤ ᠡᠳᠦᠷ
ᠳ᠋ᠧᠩᠺᠧᠦ ᠰᠢᠶᠠᠨ᠎ᠤ ᠠᠷᠠᠳ᠎ᠤᠨ ᠣᠷᠣᠨ ᠰᠠᠭᠤᠴᠠ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)
ᠨᠢᠭᠡᠳᠦᠭᠡᠷ ᠵᠦᠢ᠍ᠯ ᠠᠷᠠᠳ᠎ᠤᠨ ᠣᠷᠣᠨ ᠰᠠᠭᠤᠴᠠ ᠵᠢᠨ ᠡᠵᠡᠩᠨᠡᠯᠲᠡ ᠬᠠᠮᠢᠶᠠᠷᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠷᠠᠳ᠎ᠤᠨ ᠣᠷᠣᠨ ᠰᠠᠭᠤᠴᠠ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠦᠨ᠂ ᠵᠢᠭᠤᠯᠴᠢᠯᠠᠭᠴᠢ ᠬᠢᠭᠡᠳ ᠡᠵᠡᠩᠨᠡᠭᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠵᠤ᠂ ᠠᠷᠠᠳ᠎ᠤᠨ ᠣᠷᠣᠨ ᠰᠠᠭᠤᠴᠠ ᠵᠢᠨ ᠦᠢ᠍ᠯᠡᠰ᠎ᠤᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠠᠬᠢᠭᠤᠯᠤᠨ᠂ ᠬᠤᠲᠠ ᠬᠥᠳᠡᠭᠡ ᠵᠢᠨ ᠰᠤᠯᠠ ᠪᠠᠶ᠋ᠢᠭ᠎ᠠ ᠡᠬᠢ ᠪᠠᠶᠠᠯᠢᠭ᠎ᠢ ᠠᠮᠢᠯᠠᠭᠤᠯᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠵᠢᠨ ᠲᠥᠯᠥᠭᠡ᠂ ᠰᠣᠶᠣᠯ ᠪᠠ ᠵᠢᠭᠤᠯᠴᠢᠯᠠᠯ᠎ᠤᠨ ᠶᠠᠮᠤᠨ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠵᠡᠷᠭᠡ ᠠᠷᠪᠠᠨ ᠰᠠᠯᠠᠭ᠎ᠠ ᠮᠥᠴᠢᠷ᠎ᠤᠨ ᠬᠠᠮᠲᠤᠷᠠᠨ ᠳᠠᠷᠤᠮᠠᠯᠯᠠᠨ ᠲᠠᠷᠬᠠᠭ᠋ᠠᠭᠰᠠᠨ 《ᠬᠥᠳᠡᠭᠡ ᠲᠣᠰᠬᠤᠨ᠎ᠤ ᠠᠷᠠᠳ᠎ᠤᠨ ᠣᠷᠣᠨ ᠰᠠᠭᠤᠴᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠵᠢᠯᠣᠭᠤᠳᠬᠤ ᠰᠠᠨᠠᠯ》 (ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ ᠲᠠᠷᠬᠠᠭ᠋ᠠᠭᠰᠠᠨ [2022] 77 ᠳ᠋ᠤᠭ᠋ᠠᠷ ᠲᠣᠭ᠋ᠠᠲᠤ) 《ᠠᠶᠠᠨᠴᠢᠳ᠎ᠤᠨ ᠪᠠᠭᠤᠳᠠᠯ᠎ᠤᠨ ᠦᠢ᠍ᠯᠡᠰ᠎ᠤᠨ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠠᠷᠭ᠎ᠠ》 ᠵᠡᠷᠭᠡ ᠬᠠᠮᠢᠶ᠎ᠠ ᠪᠥᠬᠦᠶ ᠬᠠᠤᠯᠢ ᠲᠣᠭᠲᠠᠭ᠋ᠠᠯ᠂ ᠲᠦᠷᠢᠮ᠎ᠢ ᠦᠨᠳᠦᠰᠦᠯᠡᠨ᠂ ᠳ᠋ᠧᠩᠺᠸᠦ ᠰᠢᠶᠠᠨ᠎ᠤ ᠪᠣᠳᠠᠲᠠᠶ᠎ᠲᠠᠢ᠎ᠪᠠᠨ ᠤᠶᠠᠯᠳᠤᠭᠤᠯᠵᠤ᠂ ᠲᠣᠰ ᠠᠷᠭ᠎ᠠ ᠵᠢ ᠲᠣᠭᠲᠠᠭ᠋ᠠᠪᠠ᠃
ᠬᠤᠶᠠᠳᠤᠭ᠋ᠠᠷ ᠵᠦᠢ᠍ᠯ ᠲᠣᠰ ᠠᠷᠭ᠎ᠠ᠎ᠳᠤ ᠬᠡᠯᠡᠵᠦ ᠪᠠᠶ᠋ᠢᠭ᠎ᠠ ᠠᠷᠠᠳ᠎ᠤᠨ ᠣᠷᠣᠨ ᠰᠠᠭᠤᠴᠠ ᠭᠡᠳᠡᠭ᠎ᠨᠢ ᠲᠤᠬᠠᠶ ᠵᠢᠨ ᠭᠠᠵᠠᠷ᠎ᠤᠨ ᠠᠷᠠᠳ᠎ᠤᠨ ᠣᠷᠣᠨ ᠰᠠᠭᠤᠴᠠ᠂ ᠨᠡᠶ᠋ᠢᠲᠡ ᠵᠢᠨ ᠪᠠᠶ᠋ᠢᠷᠢ ᠵᠡᠷᠭᠡ ᠬᠠᠮᠢᠶ᠎ᠠ ᠪᠦᠬᠦᠢ ᠡᠬᠢ ᠪᠠᠶᠠᠯᠢᠭ᠎ᠢ ᠠᠰᠢᠭᠯᠠᠨ᠂ ᠠᠶᠠᠨᠴᠢᠳ᠎ᠲᠤ ᠣᠷᠣᠨ ᠰᠠᠭᠤᠴᠠ ᠵᠢᠨ ᠪᠡᠯᠡᠳᠬᠡᠮᠵᠢ᠂ ᠲᠥᠬᠦᠭᠡᠷᠦᠮᠵᠢ᠂ ᠦᠢ᠍ᠯᠡᠴᠢᠯᠡᠭᠡ ᠬᠠᠩᠭ᠋ᠠᠬᠤ ᠪᠠ ᠲᠤᠬᠠᠶ ᠵᠢᠨ ᠭᠠᠵᠠᠷ᠎ᠤᠨ ᠪᠠᠶ᠋ᠢᠭ᠋ᠠᠯᠢ᠂ ᠰᠣᠶᠣᠯ ᠬᠢᠭᠡᠳ ᠦᠢ᠍ᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ᠎ᠢ ᠪᠡᠶᠡᠴᠢᠯᠡᠨ ᠣᠶ᠋ᠢᠯᠠᠭ᠋ᠠᠬᠤ ᠵᠢᠵᠢᠭ ᠬᠡᠯᠪᠡᠷᠢ ᠵᠢᠨ ᠬᠤᠨᠣᠵᠤ ᠰᠠᠭᠤᠬᠤ ᠪᠡᠯᠡᠳᠬᠡᠮᠵᠢ ᠵᠢ ᠵᠢᠭ᠋ᠠᠵᠤ ᠪᠣᠶ᠂ ᠡᠭᠦᠨ᠎ᠳᠤ ᠡᠳᠦᠷ ᠪᠦᠷᠢ ᠵᠢᠨ ᠲᠦᠷᠢᠶᠡᠰᠦᠨ ᠬᠡᠷ (ᠣᠬᠤᠷ ᠲᠦᠷᠢᠶᠡᠰᠦᠨ ᠬᠡᠷ)᠂ ᠰᠦᠯᠵᠢᠶ᠎ᠡ᠎ᠪᠠᠷ ᠪᠣᠯᠵᠣᠬᠤ ᠬᠡᠷ᠂ ᠠᠶᠠᠨᠴᠢᠨ᠎ᠤ ᠪᠠᠭᠤᠳᠠᠯ᠂ ᠡᠳ᠋ᠯᠡᠩ᠂ ᠣᠷᠣᠨ ᠰᠠᠭᠤᠴᠠ᠂ ᠤᠯᠠᠭ᠎ᠠ ᠥᠷᠲᠡᠭᠡ᠂ ᠲᠠᠷᠢᠶᠠᠴᠢᠨ᠎ᠤ ᠪᠠᠭᠤᠳᠠᠯ᠂ ᠲᠠᠷᠢᠶᠠᠴᠢᠨ ᠠᠶ᠋ᠢᠯ᠎ᠤᠨ ᠵᠢᠭᠤᠯᠴᠢᠯᠠᠯ ᠵᠢᠴᠢ ᠨᠡᠶ᠋ᠢᠭᠡᠮ ᠨᠡᠶ᠋ᠢᠲᠡ᠎ᠳᠤ ᠬᠤᠨᠤᠭ᠎ᠤᠨ ᠦᠢ᠍ᠯᠡᠴᠢᠯᠡᠭᠡ ᠬᠠᠩᠭ᠋ᠠᠬᠤ ᠤᠬᠢᠶᠠᠯᠭ᠎ᠠ᠂ ᠬᠥᠯ ᠵᠠᠰᠠᠯ᠂ ᠢᠯᠢᠵᠦ ᠨᠤᠬᠤᠯᠠᠬᠤ᠂ ᠴᠢᠬᠢ ᠠᠪᠬᠤ ᠵᠡᠷᠭᠡ ᠡᠵᠡᠩᠨᠡᠯᠲᠡ ᠵᠢᠨ ᠲᠠᠯᠠᠪᠤᠷ ᠭᠠᠵᠠᠷ ᠵᠶ᠋ᠠᠷ ᠬᠢᠵᠠᠭ᠋ᠠᠷᠯᠠᠭᠳᠠᠬᠤ ᠥᠬᠡᠶ᠃
ᠭᠤᠷᠪᠠᠳᠤᠭ᠋ᠠᠷ ᠵᠦᠢ᠍ᠯ ᠠᠷᠠᠳ᠎ᠤᠨ ᠣᠷᠣᠨ ᠰᠠᠭᠤᠴᠠ ᠵᠢ ᠭᠦᠢ᠍ᠴᠡᠳᠬᠡᠬᠦ ᠳᠡᠰ ᠳᠠᠷᠠᠭ᠋ᠠᠯᠠᠯ ᠠᠯᠬᠤᠮ ᠳᠠᠷᠠᠭ᠎ᠠ᠄ ᠰᠢᠨ᠎ᠡ᠎ᠪᠠᠷ ᠪᠠᠶ᠋ᠢᠭᠤᠯᠤᠭᠰᠠᠨ ᠠᠷᠠᠳ᠎ᠤᠨ ᠣᠷᠣᠨ ᠰᠠᠭᠤᠴᠠ ᠵᠢ ᠪᠠᠶ᠋ᠢᠭ᠋ᠠᠯᠢ ᠵᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠰᠠᠯᠠᠭ᠎ᠠ ᠮᠥᠴᠢᠷ᠎ᠲᠤ ᠬᠦᠷᠴᠦ ᠬᠠᠮᠢᠶ᠎ᠠ ᠪᠥᠬᠦᠶ ᠭᠠᠷᠳᠠᠮ᠎ᠢ ᠭᠦᠢ᠍ᠴᠡᠳᠬᠡᠵᠦ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠬᠦᠷᠴᠦ ᠡᠵᠡᠩᠨᠡᠯᠲᠡ ᠵᠢᠨ ᠦᠨᠡᠮᠯᠡᠯ᠎ᠢ ᠭᠦᠢ᠍ᠴᠡᠳᠬᠡᠵᠦ᠂ ᠡᠷᠡᠭᠦᠯ ᠬᠠᠮᠠᠭ᠋ᠠᠯᠠᠯ᠎ᠤᠨ ᠰᠠᠯᠠᠭ᠎ᠠ ᠮᠥᠴᠢᠷ᠎ᠲᠤ ᠠᠷᠢᠭᠤᠨ ᠴᠡᠪᠡᠷ᠎ᠤᠨ ᠵᠥᠪᠰᠢᠶᠡᠷᠡᠯ᠎ᠤᠨ ᠦᠨᠡᠮᠯᠡᠯ᠎ᠢ ᠭᠦᠢ᠍ᠴᠡᠳᠬᠡᠵᠦ᠂ ᠢᠳᠡᠭᠡᠨ ᠤᠮᠳᠠᠭ᠋ᠠᠨ᠎ᠤ ᠦᠢ᠍ᠯᠡᠴᠢᠯᠡᠭᠡ ᠬᠠᠩᠭ᠋ᠠᠬᠤ᠎ᠳᠤ ᠡᠷᠬᠡᠪᠰᠢ ᠢᠳᠡᠭᠡᠨ᠎ᠤ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ᠎ᠢ ᠭᠦᠢ᠍ᠴᠡᠳᠬᠡᠵᠦ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠣᠨᠴᠠ ᠲᠥᠷᠥᠯ᠎ᠤᠨ ᠠᠵᠢᠯ ᠲᠥᠷᠥᠯ᠎ᠤᠨ ᠵᠥᠪᠰᠢᠶᠡᠷᠡᠯ᠎ᠤᠨ ᠦᠨᠡᠮᠯᠡᠯ᠎ᠢ ᠭᠦᠢ᠍ᠴᠡᠳᠬᠡᠵᠦ᠂ ᠬᠡᠪᠴᠢᠶ᠎ᠡ ᠪᠠ ᠪᠠᠷᠢᠯᠭ᠎ᠠ ᠵᠢᠨ ᠪᠠᠶ᠋ᠢᠳᠠᠯ᠎ᠢ ᠦᠨᠳᠦᠰᠦᠯᠡᠨ ᠭᠠᠯ ᠤᠨᠲᠠᠷᠠᠭ᠋ᠠᠬᠤ ᠰᠠᠯᠠᠭ᠎ᠠ ᠮᠥᠴᠢᠷ ᠪᠤᠶᠤ ᠬᠠᠷᠢᠶ᠎ᠠ ᠣᠷᠣᠨ᠎ᠤ ᠲᠣᠮᠢᠯᠠᠭᠰᠠᠨ ᠰᠠᠯᠪᠤᠷᠢ᠎ᠳᠤ ᠭᠠᠯ ᠤᠨᠲᠠᠷᠠᠭ᠋ᠠᠬᠤ ᠪᠠᠶ᠋ᠢᠴᠠᠭ᠋ᠠᠯᠲᠠ ᠬᠢᠵᠦ᠂ ᠭᠠᠯ ᠤᠨᠲᠠᠷᠠᠭ᠋ᠠᠬᠤ ᠵᠥᠪᠰᠢᠶᠡᠷᠡᠯ᠎ᠤᠨ ᠦᠨᠡᠮᠯᠡᠯ ᠣᠯᠵᠤ᠂ ᠡᠴᠦᠰ᠎ᠲᠡᠭᠡᠨ ᠰᠣᠶᠣᠯ ᠵᠢᠭᠤᠯᠴᠢᠯᠠᠯ᠎ᠤᠨ ᠰᠠᠯᠠᠭ᠎ᠠ ᠮᠥᠴᠢᠷ᠎ᠲᠤ ᠠᠷᠠᠳ᠎ᠤᠨ ᠣᠷᠣᠨ ᠰᠠᠭᠤᠴᠠ ᠵᠢᠨ ᠦᠨᠳᠦᠰᠦᠨ ᠮᠡᠳᠡᠭᠡ ᠵᠠᠩᠭᠢ ᠵᠢ ᠪᠦᠷᠢᠳᠬᠡᠨ ᠳᠠᠩᠰᠠᠯᠠᠨ᠎ᠠ᠃
ᠳᠥᠷᠪᠡᠳᠦᠭᠡᠷ ᠵᠦᠢ᠍ᠯ ᠠᠷᠠᠳ᠎ᠤᠨ ᠣᠷᠣᠨ ᠰᠠᠭᠤᠴᠠ᠎ᠨᠢ ᠪᠠᠭᠤᠳᠠᠯ᠎ᠤᠨ ᠦᠢ᠍ᠯᠡᠰ᠎ᠤᠨ ᠣᠨᠴᠣᠭᠣᠶ ᠠᠵᠢᠯ ᠲᠥᠷᠥᠯ᠎ᠤᠨ ᠵᠥᠪᠰᠢᠶᠡᠷᠡᠯ᠎ᠤᠨ ᠦᠨᠡᠮᠯᠡᠯ᠎ᠢ ᠭᠦᠢ᠍ᠴᠡᠳᠬᠡᠬᠦ᠎ᠳᠤ ᠥᠪᠡᠰᠦᠪᠡᠨ ᠮᠡᠳᠡᠭᠳᠡᠬᠦ ᠠᠮᠠᠯᠠᠯᠲᠠ ᠪᠤᠶᠤ ᠡᠩ᠎ᠤᠨ ᠬᠢᠨᠠᠨ ᠵᠥᠪᠰᠢᠶᠡᠷᠡᠬᠦ ᠳᠡᠰ ᠳᠠᠷᠠᠭ᠋ᠠᠯᠠᠯ᠎ᠢ ᠰᠣᠩᠭᠣᠵᠤ ᠪᠣᠯᠤᠨ᠎ᠠ᠂ ᠪᠣᠳᠠᠲᠠᠶ ᠴᠤᠪᠤᠷᠠᠯ᠎ᠢ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠣᠨᠴᠣᠭᠣᠶ ᠠᠵᠢᠯ ᠲᠥᠷᠥᠯ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠤᠨ ᠶᠣᠰᠣᠭ᠋ᠠᠷ ᠵᠢᠷᠤᠮᠵᠢᠭᠤᠯᠤᠨ ᠭᠦᠢ᠍ᠴᠡᠳᠬᠡᠵᠦ ᠪᠣᠯᠤᠨ᠎ᠠ᠃
ᠲᠠᠪᠤᠳᠤᠭ᠋ᠠᠷ ᠵᠦᠢ᠍ᠯ ᠠᠷᠠᠳ᠎ᠤᠨ ᠣᠷᠣᠨ ᠰᠠᠭᠤᠴᠠ ᠬᠤᠪᠢᠷᠠᠭ᠋ᠠᠬᠤ ᠦᠨᠳᠦᠰᠦᠨ ᠮᠡᠳᠡᠭᠡ ᠵᠠᠩᠭᠢ ᠵᠢ ᠬᠤᠪᠢᠷᠠᠭᠤᠯᠬᠤ᠎ᠳᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠤᠪᠢᠷᠠᠭᠤᠯᠬᠤ ᠳᠠᠩᠰᠠᠯᠠᠯᠲᠠ ᠵᠢᠨ ᠭᠠᠷ ᠭᠦᠢ᠍ᠴᠡᠳᠬᠡᠯ᠎ᠢ ᠪᠡᠶᠡᠯᠡᠭᠦᠯᠦᠭᠰᠡᠨ ᠡᠳᠦᠷ᠎ᠠᠴᠠ ᠡᠬᠢᠯᠡᠨ 3 ᠡᠳᠦᠷ᠎ᠤᠨ ᠳᠣᠲᠣᠷ᠎ᠠ᠂ ᠦᠨᠡᠮᠯᠡᠯ ᠣᠯᠭᠤᠭᠰᠠᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠵᠡᠷᠭᠡ᠎ᠪᠠᠷ ᠬᠤᠪᠢᠷᠠᠭᠤᠯᠬᠤ ᠮᠡᠳᠡᠭᠡ ᠵᠠᠩᠭᠢ ᠵᠢ ᠬᠠᠩᠭ᠋ᠠᠬᠤ ᠬᠡᠷᠡᠭᠲᠡᠢ᠃ ᠠᠷᠠᠳ᠎ᠤᠨ ᠣᠷᠣᠨ ᠰᠠᠭᠤᠴᠠ ᠵᠢᠨ ᠡᠵᠡᠩᠨᠡᠯᠲᠡ ᠵᠢᠨ ᠪᠠᠶ᠋ᠢᠳᠠᠯ ᠬᠤᠪᠢᠷᠠᠯᠲᠠ ᠭᠠᠷᠪᠠᠯ᠂ 3 ᠡᠳᠦᠷ᠎ᠤᠨ ᠳᠣᠲᠣᠷ᠎ᠠ ᠦᠨᠡᠮᠯᠡᠯ ᠣᠯᠭᠣᠭᠰᠠᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠤᠯᠭ᠎ᠠ᠎ᠳᠤ ᠮᠡᠳᠡᠭᠳᠡᠬᠦ ᠬᠡᠷᠡᠭᠲᠡᠶ᠃
ᠵᠢᠷᠭᠤᠳᠤᠭ᠋ᠠᠷ ᠵᠦᠢ᠍ᠯ ᠠᠷᠠᠳ᠎ᠤᠨ ᠣᠷᠣᠨ ᠰᠠᠭᠤᠴᠠ᠎ᠨᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠣᠨ ᠤᠯᠤᠰ᠂ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠳᠣᠣᠷᠠᠬᠢ ᠬᠠᠷᠢᠭᠤᠴᠠᠯᠭ᠎ᠠ ᠵᠢ ᠭᠦᠢ᠍ᠴᠡᠳᠬᠡᠬᠦ ᠬᠡᠷᠡᠭᠲᠡᠢ᠄ (ᠨᠢᠭᠡ) ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠣᠯᠭᠤᠭᠰᠠᠨ ᠡᠵᠡᠩᠨᠡᠯᠲᠡ ᠵᠢᠨ ᠦᠨᠡᠮᠯᠡᠯ᠎ᠢ ᠣᠯᠣᠭᠰᠠᠨ᠎ᠤ ᠳᠠᠷᠠᠭ᠎ᠠ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠪᠠᠭᠤᠳᠠᠯ᠎ᠤᠨ ᠦᠢ᠍ᠯᠡᠰ᠎ᠤᠨ ᠣᠨᠴᠠ ᠲᠥᠷᠥᠯ᠎ᠤᠨ ᠠᠵᠢᠯ ᠲᠥᠷᠥᠯ᠎ᠤᠨ ᠵᠥᠪᠰᠢᠶᠡᠷᠡᠯ᠎ᠤᠨ ᠦᠨᠡᠮᠯᠡᠯ᠎ᠢ ᠭᠤᠶᠤᠴᠢᠯᠠᠬᠤ ᠬᠡᠷᠡᠭᠲᠡᠢ; (ᠬᠤᠶᠠᠷ) ᠬᠠᠤᠯᠢ ᠶᠣᠰᠣᠨ᠎ᠤ ᠡᠵᠡᠩᠨᠡᠯᠲᠡ ᠵᠢᠨ ᠭᠠᠵᠠᠷ᠎ᠲᠠᠢ ᠪᠠᠶ᠋ᠢᠬᠤ; (ᠭᠤᠷᠪᠠ) ᠡᠯ᠎ᠡ ᠵᠦᠢ᠍ᠯ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠳᠦᠷᠢᠮ᠎ᠢ ᠲᠣᠭᠲᠠᠭ᠋ᠠᠵᠤ᠂ ᠠᠮᠤᠷ᠎ᠢ ᠬᠠᠮᠠᠭ᠋ᠠᠯᠠᠬᠤ ᠵᠣᠬᠢᠶᠠᠨ ᠪᠠᠶ᠋ᠢᠭᠤᠯᠤᠯᠲᠠ ᠲᠣᠬᠢᠷᠠᠭᠤᠯᠬᠤ ᠪᠤᠶᠤ ᠠᠮᠤᠷ ᠲᠦᠪᠰᠢᠨ᠎ᠢ ᠬᠠᠮᠠᠭ᠋ᠠᠯᠠᠬᠤ ᠠᠵᠢᠯᠲᠠᠨ᠎ᠢ ᠵᠢᠭ᠋ᠠᠨ ᠲᠣᠭᠲᠠᠭ᠋ᠠᠨ᠎ᠠ; (ᠳᠥᠷᠪᠡ) ᠭᠠᠯ ᠰᠡᠷᠭᠡᠶ᠋ᠢᠯᠡᠬᠦ ᠪᠠ ᠬᠤᠯᠠᠭ᠋ᠠᠶ᠋ᠢᠯᠠᠬᠤ ᠵᠢ ᠰᠡᠷᠭᠡᠶ᠋ᠢᠯᠡᠬᠦ ᠴᠢᠬᠤᠯᠠ ᠪᠦᠬᠦᠢ (《ᠬᠥᠮᠥᠨ ᠵᠶ᠋ᠠᠷ ᠰᠡᠷᠭᠡᠶ᠋ᠢᠯᠡᠬᠦ᠂ ᠪᠣᠳᠠᠰ ᠵᠶ᠋ᠠᠷ ᠰᠡᠷᠭᠡᠶ᠋ᠢᠯᠡᠬᠦ᠂ ᠮᠡᠷᠭᠡᠵᠢᠯ ᠵᠶ᠋ᠠᠷ ᠰᠡᠷᠭᠡᠶ᠋ᠢᠯᠡᠬᠦ》 (ᠤᠯᠤᠰ᠎ᠤᠨ ᠲᠣᠭᠲᠠᠭ᠋ᠠᠯ᠎ᠳᠤ ᠨᠡᠶ᠋ᠢᠴᠡᠬᠦ) ᠵᠡᠷᠭᠡ ᠠᠮᠤᠷ ᠲᠦᠪᠰᠢᠨ᠎ᠤ ᠪᠡᠯᠡᠳᠬᠡᠮᠵᠢ ᠵᠢᠨ ᠠᠮᠤᠷ ᠲᠦᠪᠰᠢᠨ᠎ᠢ ᠬᠠᠮᠠᠭ᠋ᠠᠯᠠᠨ᠎ᠠ᠃
ᠢᠷᠡᠯᠲᠡ᠄ ᠳ᠋ᠧᠩᠺᠧᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ