ᠢᠯᠡ ᠵᠠᠰᠠᠭ   -   ᠪᠢᠴᠢᠭ ᠮᠠᠲ᠋ᠧᠷᠢᠶᠠᠯ

ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ 2024 ᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠯᠲᠡ ᠵᠢᠨ ᠴᠢᠩᠭ᠎ᠠ ᠰᠡᠷᠭᠡᠶ᠋ᠢᠯᠡᠯᠲᠡ ᠵᠢᠨ ᠵᠠᠷᠯᠢᠭ

ᠨᠡᠶ᠋ᠢᠲᠡᠯᠡᠭᠰᠡᠨ ᠴᠠᠭ᠄   2024-05-10

ᠡᠯ᠎ᠡ ᠬᠤᠰᠢᠭᠤ ᠰᠢᠶᠠᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ᠎ᠤᠨ ᠬᠠᠮᠢᠶᠠᠷᠤᠯᠲᠠ ᠵᠢᠨ ᠵᠥᠪᠯᠡᠯ᠂ ᠭᠠᠭᠴᠠᠮᠣᠳᠣ ᠪᠣᠭᠤᠮᠲᠠ ᠵᠢᠨ ᠬᠠᠮᠢᠶᠠᠷᠤᠯᠲᠠ ᠵᠢᠨ ᠵᠥᠪᠯᠡᠯ᠂ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠲᠣᠭᠤᠷᠢᠭ᠎ᠤᠨ ᠬᠠᠮᠢᠶᠠᠷᠤᠯᠲᠠ (ᠪᠡᠯᠡᠳᠬᠡᠭᠰᠡᠨ) ᠵᠢᠨ ᠵᠥᠪᠯᠡᠯ᠂ ᠬᠤᠳᠠ ᠵᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠳᠠ᠎ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ᠎ᠳᠤ᠄


        ᠣᠶ ᠰᠢᠭᠤᠢ ᠨᠤᠲᠤᠭ ᠪᠡᠯᠴᠢᠭᠡᠷ᠎ᠤᠨ ᠭᠠᠯ᠎ᠤᠨ ᠭᠠᠮᠰᠢᠭ ᠡᠭᠦᠰᠬᠦ ᠵᠢ ᠪᠦᠲᠦᠮᠵᠢᠲᠡᠶ ᠰᠡᠷᠭᠡᠶ᠋ᠢᠯᠡᠬᠦ ᠪᠠ ᠬᠢᠵᠠᠭ᠋ᠠᠷᠯᠠᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠪᠠ ᠤᠯᠤᠰ᠎ᠤᠨ ᠨᠤᠲᠤᠭ ᠳᠡᠪᠢᠰᠬᠡᠷ᠎ᠤᠨ ᠠᠮᠢ ᠠᠬᠤᠢ ᠵᠢᠨ ᠠᠮᠤᠷ ᠲᠦᠪᠰᠢᠨ᠎ᠢ ᠦᠨᠡᠨᠬᠦ ᠪᠠᠲᠤᠯᠠᠬᠤ ᠵᠢᠨ ᠲᠤᠰᠠᠳᠠ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠣᠶ ᠰᠢᠭᠤᠢ ᠵᠢᠨ ᠬᠠᠤᠯᠢ》 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠤᠨ ᠬᠠᠤᠯᠢ》 《ᠣᠶ ᠰᠢᠭᠤᠢ ᠵᠢᠨ ᠭᠠᠯ ᠰᠡᠷᠭᠡᠶ᠋ᠢᠯᠡᠬᠦ ᠳᠦᠷᠢᠮ》 《ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠳᠦᠷᠢᠮ》 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠳᠦᠷᠢᠮ》 ᠵᠡᠷᠭᠡ ᠬᠤᠯᠪᠣᠭᠳᠠᠯ ᠪᠦᠬᠦᠢ ᠬᠠᠤᠯᠢ ᠴᠠᠭ᠋ᠠᠵᠠ ᠵᠢᠨ ᠲᠣᠭᠲᠠᠭ᠋ᠠᠯ᠎ᠢ ᠦᠨᠳᠦᠰᠦᠯᠡᠨ ᠲᠣᠰ ᠴᠢᠩᠭ᠎ᠠ ᠰᠡᠷᠭᠡᠶ᠋ᠢᠯᠡᠯᠲᠡ ᠵᠢᠨ ᠵᠠᠷᠯᠢᠭ᠎ᠢ ᠣᠨᠴᠠᠭ᠋ᠠᠶ᠋ᠢᠯᠠᠨ ᠨᠡᠶ᠋ᠢᠲᠡᠯᠡᠪᠡ᠄


        ᠨᠢᠭᠡ᠂ ᠪᠥᠬᠦ ᠬᠤᠲᠠ ᠵᠢᠨ 2024 ᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠬᠤᠭᠤᠴᠠᠭ᠎ᠠ᠎ᠨᠢ 3 ᠰᠠᠷ᠎ᠠ ᠵᠢᠨ 15᠎ᠤ ᠡᠳᠦᠷ᠎ᠠᠴᠠ 6 ᠰᠠᠷ᠎ᠠ ᠵᠢᠨ 15᠎ᠤ ᠡᠳᠦᠷ ᠪᠣᠯᠣᠨ᠎ᠠ; 9 ᠰᠠᠷ᠎ᠠ ᠵᠢᠨ 15᠎ᠠᠴᠠ 11 ᠰᠠᠷ᠎ᠠ ᠵᠢᠨ 15᠎ᠤ ᠡᠳᠦᠷ᠃ ᠡᠭᠦᠨ᠎ᠳᠤ ᠣᠶ ᠰᠢᠭᠤᠢ ᠨᠤᠲᠤᠭ ᠪᠡᠯᠴᠢᠭᠡᠷ᠎ᠤᠨ ᠭᠠᠯ᠎ᠤᠨ ᠠᠶᠤᠯ ᠶᠡᠬᠡᠲᠡᠢ ᠬᠤᠭᠤᠴᠠᠭ᠎ᠠ᠎ᠨᠢ 3 ᠰᠠᠷ᠎ᠠ ᠵᠢᠨ 20᠎ᠤ ᠡᠳᠦᠷ᠎ᠠᠴᠠ 5 ᠰᠠᠷ᠎ᠠ ᠵᠢᠨ 10᠎ᠤ ᠡᠳᠦᠷ ᠪᠣᠯᠣᠨ᠎ᠠ; 10 ᠰᠠᠷ᠎ᠠ ᠵᠢᠨ 1᠎ᠤ ᠡᠳᠦᠷ᠎ᠠᠴᠠ 11 ᠰᠠᠷ᠎ᠠ ᠵᠢᠨ 10᠎ᠤ ᠡᠳᠦᠷ᠃

        ᠬᠤᠶᠠᠷ᠂ ᠮᠤᠨᠠ ᠠᠭᠤᠯᠠ ᠵᠢᠨ ᠬᠤᠶ᠋ᠢᠨ᠎ᠠ ᠡᠭᠦᠰᠦᠭᠰᠡᠨ ᠤᠢ ᠵᠢᠨ ᠣᠷᠣᠨ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠣᠷᠣᠨ ᠪᠦᠰᠡ᠂ ᠤᠯᠤᠰ᠎ᠤᠨ ᠡᠯᠡᠰᠦᠵᠢᠭᠰᠡᠨ ᠭᠠᠵᠠᠷ ᠰᠢᠷᠣᠢ ᠵᠢᠨ ᠪᠢᠲᠡᠭᠦᠮᠵᠢᠯᠡᠭᠰᠡᠨ ᠬᠤᠷᠢᠭ᠋ᠠᠲᠠᠢ ᠬᠠᠮᠠᠭ᠋ᠠᠯᠠᠯᠲᠠ ᠵᠢᠨ ᠣᠷᠣᠨ᠂ G6᠂ G7᠂ ᠤᠯᠤᠰ᠎ᠤᠨ ᠵᠠᠮ 110᠂ ᠤᠯᠤᠰ᠎ᠤᠨ ᠵᠠᠮ 242᠂ ᠮᠤᠵᠢ ᠵᠢᠨ ᠵᠠᠮ 212᠂ ᠮᠤᠵᠢ ᠵᠢᠨ ᠵᠠᠮ 215᠂ ᠮᠤᠵᠢ ᠵᠢᠨ ᠵᠠᠮ 315 (ᠬᠠᠲᠤᠨ ᠭᠤᠣᠯ ᠳᠠᠭ᠋ᠠᠤ ᠵᠢᠨ ᠵᠠᠰᠠᠮᠠᠯ ᠵᠠᠮ)᠂ ᠲᠡᠮᠦᠷ ᠵᠠᠮ ᠳᠠᠭ᠋ᠠᠤ ᠵᠢᠨ ᠬᠤᠶᠠᠷ ᠬᠠᠵᠠᠭᠤ ᠵᠢᠨ 200 ᠮᠧᠳ᠋ᠷ᠎ᠤᠨ ᠬᠡᠪᠴᠢᠶᠡᠨ ᠳᠣᠲᠣᠷ᠎ᠠ᠂ ᠤᠯᠤᠰ᠎ᠤᠨ ᠥᠮᠴᠢᠯᠡᠯᠲᠦ ᠲᠠᠯᠠᠪᠠᠶ ᠬᠦᠷᠢᠶᠡᠯᠡᠩ᠂ ᠬᠤᠲᠠ ᠵᠢᠨ ᠲᠡᠭᠦᠷᠭᠡ ᠵᠢᠨ ᠨᠣᠭᠤᠭ᠋ᠠᠷᠠᠭᠤᠯᠤᠯᠲᠠ ᠵᠢᠨ ᠣᠷᠣᠨ᠂ ᠤᠯᠠᠭ᠋ᠠᠨᠪᠤᠬ᠎ᠠ ᠵᠢᠨ ᠡᠯᠡᠰᠦᠨ ᠴᠥᠯ᠎ᠤᠨ ᠠᠮᠢ ᠠᠬᠤᠢ ᠵᠢᠨ ᠵᠠᠰᠠᠯᠲᠠ ᠵᠢᠨ ᠣᠷᠣᠨ᠂ ᠤᠷᠠᠳ᠎ᠤᠨ ᠨᠤᠲᠤᠭ ᠪᠡᠯᠴᠢᠭᠡᠷ ᠵᠢᠴᠢ ᠡᠯ᠎ᠡ ᠬᠤᠰᠢᠭᠤ ᠰᠢᠶᠠᠨ ᠲᠣᠭᠤᠷᠢᠭ᠎ᠤᠨ ᠵᠠᠭ᠋ᠠᠭᠯᠠᠨ ᠲᠣᠭᠲᠠᠭ᠋ᠠᠭᠰᠠᠨ ᠵᠠᠬᠢᠷᠤᠨ ᠬᠠᠮᠢᠶᠠᠷᠬᠤ ᠣᠷᠣᠨ ᠵᠡᠷᠭᠡ ᠣᠶ ᠰᠢᠭᠤᠢ ᠨᠤᠲᠤᠭ ᠪᠡᠯᠴᠢᠭᠡᠷ᠎ᠤᠨ ᠭᠠᠯ᠎ᠤᠨ ᠠᠶᠤᠯ ᠶᠡᠬᠡᠲᠡᠢ ᠣᠷᠣᠨ᠎ᠢ ᠪᠥᠬᠦ ᠬᠤᠲᠠ ᠵᠢᠨ ᠣᠶ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠴᠢᠩᠭ᠎ᠠ ᠰᠡᠷᠭᠡᠶ᠋ᠢᠯᠡᠯᠲᠡ ᠵᠢᠨ ᠣᠷᠣᠨ ᠪᠣᠯᠭ᠋ᠠᠨ᠎ᠠ᠃

        ᠭᠤᠷᠪᠠ᠂ ᠭᠠᠯ ᠰᠡᠷᠭᠡᠶ᠋ᠢᠯᠡᠬᠦ ᠴᠢᠩᠭ᠎ᠠ ᠰᠡᠷᠭᠡᠶ᠋ᠢᠯᠡᠯᠲᠡ ᠵᠢᠨ ᠬᠤᠭᠤᠴᠠᠭ᠋ᠠᠨ᠎ᠳᠤ ᠳᠣᠣᠷᠠᠬᠢ ᠲᠣᠭᠲᠠᠭ᠋ᠠᠯ᠎ᠤᠳ᠎ᠢ ᠡᠷᠬᠡᠪᠰᠢ ᠴᠢᠩᠭ᠎ᠠ ᠵᠢᠷᠤᠮᠯᠠᠬᠤ ᠬᠡᠷᠡᠭᠲᠡᠢ᠄

       (ᠨᠢᠭᠡ) ᠣᠶ ᠰᠢᠭᠤᠢ ᠨᠤᠲᠤᠭ ᠪᠡᠯᠴᠢᠭᠡᠷ᠎ᠤᠨ ᠭᠠᠯ᠎ᠤᠨ ᠠᠶᠤᠯ ᠶᠡᠬᠡᠲᠡᠢ ᠬᠤᠭᠤᠴᠠᠭ᠋ᠠᠨ᠎ᠳᠤ᠂ ᠣᠶ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠣᠷᠣᠨ᠎ᠳᠤ ᠠᠯᠢᠪᠠ ᠬᠡᠭᠡᠷ᠎ᠡ ᠭᠠᠳᠠᠨ᠎ᠠ ᠭᠠᠯ ᠬᠡᠷᠡᠭᠯᠡᠬᠦ ᠵᠢ ᠴᠠᠭ᠋ᠠᠵᠠᠯᠠᠨ᠎ᠠ᠃

       (ᠬᠤᠶᠠᠷ) ᠳᠡᠭᠡᠷ᠎ᠡ ᠳᠤᠷᠠᠳᠤᠭᠰᠠᠨ ᠣᠷᠣᠨ᠎ᠤ ᠳᠣᠲᠣᠷ᠎ᠠ ᠪᠤᠯᠠᠰᠢᠨ᠎ᠳᠤ ᠴᠠᠭ᠋ᠠᠰᠤ ᠰᠢᠲᠠᠭ᠋ᠠᠬᠤ᠂ ᠬᠦᠵᠢ ᠵᠤᠯᠠ ᠠᠰᠠᠭ᠋ᠠᠬᠤ᠂ ᠲᠠᠮᠠᠬᠢ ᠲᠠᠲᠠᠬᠤ᠂ ᠬᠤᠸᠠᠷ ᠫᠤᠤᠵᠢᠩ ᠲᠠᠯᠪᠢᠬᠤ᠂ ᠲᠠᠷᠢᠶᠠᠨ ᠲᠠᠯᠠᠩ ᠰᠢᠲᠠᠭ᠋ᠠᠬᠤ᠂ ᠪᠤᠵᠠᠷ ᠡᠪᠡᠰᠦ᠂ ᠡᠰᠢ ᠰᠦᠷᠡᠯ᠂ ᠪᠡᠯᠴᠢᠭᠡᠷ ᠰᠢᠲᠠᠭ᠋ᠠᠬᠤ᠂ ᠠᠲᠠᠷ ᠰᠢᠲᠠᠭ᠋ᠠᠵᠤ ᠨᠡᠭᠦᠷᠡᠰᠦ ᠰᠢᠲᠠᠭ᠋ᠠᠬᠤ᠂ ᠬᠤᠭ ᠨᠣᠪᠰᠢ ᠰᠢᠲᠠᠭ᠋ᠠᠬᠤ ᠵᠡᠷᠭᠡ ᠦᠢ᠍ᠯᠡᠳᠪᠦᠷᠢᠯᠡᠯ᠎ᠤᠨ ᠪᠤᠰᠤ ᠴᠢᠨᠠᠷᠲᠠᠢ ᠭᠠᠯ ᠬᠡᠷᠡᠭᠯᠡᠬᠦ ᠵᠡᠷᠭᠡ ᠥᠢ᠍ᠯᠡ ᠠᠵᠢᠯᠯᠠᠭ᠎ᠠ ᠵᠢ ᠴᠢᠩᠭ᠎ᠠ ᠴᠠᠭ᠋ᠠᠵᠠᠯᠠᠨ᠎ᠠ᠃

       (ᠭᠤᠷᠪᠠ) ᠴᠢᠩᠭ᠎ᠠ ᠰᠡᠷᠭᠡᠶ᠋ᠢᠯᠡᠯᠲᠡ ᠵᠢᠨ ᠣᠷᠣᠨ᠎ᠤ ᠳᠣᠲᠣᠷᠠᠬᠢ ᠦᠢ᠍ᠯᠡᠳᠪᠦᠷᠢᠯᠡᠯ᠂ ᠠᠮᠢᠳᠤᠷᠠᠯ᠎ᠳᠤ ᠡᠷᠬᠡᠪᠰᠢ ᠭᠠᠯ ᠬᠡᠷᠡᠭᠯᠡᠬᠦ ᠬᠡᠷᠡᠭᠲᠡᠢ ᠨᠢᠭᠡᠴᠡ ᠪᠠ ᠰᠠᠭᠤᠭ᠋ᠠᠯᠢ ᠠᠷᠠᠳ᠎ᠲᠤ ᠲᠤᠰ ᠴᠢᠩᠭ᠎ᠠ ᠰᠡᠷᠭᠡᠶ᠋ᠢᠯᠡᠯᠲᠡ ᠵᠢᠨ ᠵᠠᠷᠯᠢᠭ᠎ᠤᠨ ᠲᠣᠭᠲᠠᠭ᠋ᠠᠯ᠎ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠢ᠃ ᠬᠡᠭᠡᠷ᠎ᠡ ᠭᠠᠳᠠᠨ᠎ᠠ ᠭᠠᠯ ᠬᠡᠷᠡᠭᠯᠡᠬᠦ ᠦᠨᠡᠨᠬᠦ ᠴᠢᠬᠤᠯᠠ᠎ᠲᠠᠢ ᠨᠢᠭᠡᠴᠡ ᠪᠤᠶᠤ ᠬᠤᠪᠢ ᠬᠥᠮᠥᠨ᠂ ᠲᠤᠬᠠᠢ ᠵᠢᠨ ᠭᠠᠵᠠᠷ᠎ᠤᠨ ᠣᠶ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠨ ᠤᠨᠲᠠᠷᠠᠭ᠋ᠠᠬᠤ ᠵᠢᠯᠤᠭᠤᠳᠬᠤ ᠭᠠᠵᠠᠷ ᠵᠶ᠋ᠠᠷ ᠵᠥᠪᠰᠢᠶᠡᠷᠡᠭᠦᠯᠬᠦ ᠬᠡᠷᠡᠭᠲᠡᠢ᠂ ᠵᠥᠪᠰᠢᠶᠡᠷᠡᠯ ᠦᠭᠡᠢ᠎ᠪᠠᠷ ᠣᠶ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠣᠷᠣᠨ᠎ᠳᠤ ᠳᠤᠷ᠎ᠠ᠎ᠪᠠᠷ ᠵᠶ᠋ᠠᠨ ᠬᠡᠭᠡᠷ᠎ᠡ ᠭᠠᠳᠠᠨ᠎ᠠ ᠭᠠᠯ ᠬᠡᠷᠡᠭᠯᠡᠵᠦ ᠪᠣᠯᠬᠤ ᠦᠭᠡᠢ᠃ ᠭᠤᠷᠪᠠᠳᠤᠭ᠋ᠠᠷ ᠳᠡᠰ᠎ᠠᠴᠠ ᠳᠡᠭᠡᠭᠰᠢᠬᠢ ᠰᠠᠯᠬᠢᠨ᠎ᠤ ᠬᠦᠴᠦᠨ᠎ᠲᠠᠢ ᠴᠠᠭ ᠠᠭᠤᠷ᠎ᠲᠤ ᠪᠣᠶ ᠪᠦᠬᠦᠢ ᠣᠶ᠋ᠢᠲᠤ ᠭᠠᠵᠠᠷ ᠵᠢᠴᠢ ᠣᠶ᠋ᠢᠲᠤ ᠭᠠᠵᠠᠷ᠎ᠠᠴᠠ 100 ᠮᠧᠳ᠋ᠷ᠎ᠤᠨ ᠵᠠᠶ᠋ᠢᠲᠠᠢ ᠪᠠᠶ᠋ᠢᠬᠤ ᠬᠡᠪᠴᠢᠶᠡᠨ᠎ᠳᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠵᠢ ᠴᠢᠩᠭ᠎ᠠ ᠴᠠᠭ᠋ᠠᠵᠠᠯᠠᠨ᠎ᠠ᠃ ᠡᠳᠦᠷ ᠲᠤᠳᠦᠮ᠎ᠤᠨ ᠬᠡᠷᠡᠭᠯᠡᠭᠡᠨ᠎ᠤ ᠭᠠᠯ᠎ᠳᠤ ᠡᠷᠬᠡᠪᠰᠢ ᠭᠠᠯ᠎ᠢ ᠰᠡᠷᠭᠡᠶ᠋ᠢᠯᠡᠬᠦ ᠲᠤᠰᠠᠭ᠋ᠠᠷᠯᠠᠬᠤ ᠪᠦᠰᠡ᠂ ᠦᠨᠡᠰᠦ ᠴᠢᠳᠬᠤᠬᠤ ᠨᠦᠬᠡ ᠵᠡᠷᠭᠡ ᠵᠢ ᠭᠠᠷᠭ᠋ᠠᠬᠤ ᠬᠡᠷᠡᠭᠲᠡᠢ᠂ ᠭᠠᠯ ᠭᠠᠷᠠᠭ᠎ᠲᠠᠢ ᠦᠯᠡᠳᠡᠭᠰᠡᠨ ᠰᠢᠲᠠᠯᠲᠠ ᠵᠢᠨ ᠪᠣᠳᠠᠰ᠎ᠢ ᠭᠠᠯ᠎ᠢ ᠰᠡᠷᠭᠡᠶ᠋ᠢᠯᠡᠬᠦ ᠲᠤᠰᠠᠭ᠋ᠠᠷᠯᠠᠬᠤ ᠣᠷᠣᠨ᠎ᠤ ᠭᠠᠳᠠᠨ᠎ᠠ ᠠᠰᠬᠠᠬᠤ ᠵᠢ ᠴᠢᠩᠭ᠎ᠠ ᠴᠠᠭ᠋ᠠᠵᠠᠯᠠᠬᠤ ᠬᠡᠷᠡᠭᠲᠡᠢ᠃

       (ᠳᠥᠷᠪᠡ) ᠭᠠᠯ ᠤᠨᠲᠠᠷᠠᠭ᠋ᠠᠬᠤ ᠵᠢ ᠰᠡᠷᠭᠡᠶ᠋ᠢᠯᠡᠬᠦ ᠴᠢᠩᠭ᠎ᠠ ᠰᠡᠷᠭᠡᠶ᠋ᠢᠯᠡᠯᠲᠡ ᠵᠢᠨ ᠬᠤᠭᠤᠴᠠᠭ᠋ᠠᠨ᠎ᠳᠤ ᠵᠢᠩᠬᠢᠨᠢ ᠰᠤᠮᠤᠨ᠎ᠤ ᠰᠣᠷᠢᠯᠲᠠ ᠬᠢᠬᠦ᠂ ᠳᠡᠯᠪᠡᠴᠢᠬᠦ ᠵᠡᠷᠭᠡ ᠠᠵᠢᠯ ᠬᠢᠬᠦ ᠴᠢᠬᠤᠯᠠ᠎ᠲᠠᠢ ᠪᠣᠯ ᠡᠷᠬᠡᠪᠰᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠢ ᠰᠢᠭᠤᠢ ᠪᠠ ᠨᠤᠲᠤᠭ ᠪᠡᠯᠴᠢᠭᠡᠷ᠎ᠤᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠬᠦ ᠬᠡᠷᠡᠭᠲᠡᠢ ᠪᠥᠭᠡᠳ ᠲᠤᠬᠠᠢ ᠵᠢᠨ ᠭᠠᠵᠠᠷ᠎ᠤᠨ ᠭᠠᠯ ᠤᠨᠲᠠᠷᠠᠭ᠋ᠠᠬᠤ ᠵᠢ ᠰᠡᠷᠭᠡᠶ᠋ᠢᠯᠡᠬᠦ ᠠᠵᠢᠯ᠎ᠤᠨ ᠵᠢᠯᠤᠭᠤᠳᠬᠤ ᠭᠠᠵᠠᠷ᠎ᠲᠠᠢ ᠬᠠᠮᠵᠢᠯᠴᠠᠨ ᠭᠠᠯ ᠤᠨᠲᠠᠷᠠᠭ᠋ᠠᠬᠤ ᠵᠢ ᠰᠡᠷᠭᠡᠶ᠋ᠢᠯᠡᠬᠦ ᠴᠢᠬᠤᠯᠠ ᠪᠦᠬᠦᠢ ᠠᠷᠭ᠎ᠠ ᠬᠡᠮᠵᠢᠶ᠎ᠡ ᠠᠪᠬᠤ ᠬᠡᠷᠡᠭᠲᠡᠢ᠃

       (ᠲᠠᠪᠤ) ᠴᠢᠩᠭ᠎ᠠ ᠰᠡᠷᠭᠡᠶ᠋ᠢᠯᠡᠯᠲᠡ ᠵᠢᠨ ᠣᠷᠣᠨ ᠵᠶ᠋ᠠᠷ ᠥᠩᠭᠡᠷᠡᠬᠦ ᠲᠡᠷᠭᠡ ᠬᠥᠰᠬᠡ᠂ ᠮᠠᠰᠢᠨ ᠮᠧᠬᠠᠨᠢᠭ ᠵᠡᠷᠭᠡ᠎ᠳᠤ ᠭᠠᠯ ᠰᠡᠷᠭᠡᠶ᠋ᠢᠯᠡᠬᠦ ᠠᠶᠤᠯᠭᠦᠢ ᠵᠢᠨ ᠪᠠᠶ᠋ᠢᠴᠠᠭ᠋ᠠᠯᠲᠠ ᠬᠢᠬᠦ ᠵᠡᠷᠭᠡ ᠴᠢᠬᠤᠯᠠ ᠪᠦᠬᠦᠢ ᠤᠷᠢᠳᠴᠢᠯᠠᠨ ᠰᠡᠷᠭᠡᠶ᠋ᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃ ᠨᠠᠰᠢ ᠴᠠᠰᠢ ᠵᠣᠷᠴᠢᠬᠤ ᠠᠶᠠᠨᠴᠢᠳ᠎ᠤᠨ ᠮᠠᠰᠢᠨ ᠲᠡᠷᠭᠡ᠂ ᠵᠢᠯᠣᠭᠤᠴᠢ ᠰᠠᠭᠤᠳᠠᠯ᠎ᠤᠨ ᠠᠵᠢᠯᠲᠠᠨ᠎ᠳᠤ ᠭᠠᠯ ᠰᠡᠷᠭᠡᠶ᠋ᠢᠯᠡᠬᠦ ᠮᠡᠳᠡᠯᠭᠡ ᠵᠢᠨ ᠤᠬᠠᠭᠤᠯᠭ᠎ᠠ ᠬᠥᠮᠦᠵᠢᠯ᠎ᠤᠨ ᠠᠵᠢᠯ᠎ᠢ ᠰᠠᠶ᠋ᠢᠲᠤᠷ ᠬᠢᠵᠦ᠂ ᠲᠠᠮᠠᠬᠢ ᠵᠡᠷᠭᠡ ᠣᠶ ᠰᠢᠭᠤᠢ ᠨᠤᠲᠤᠭ ᠪᠡᠯᠴᠢᠭᠡᠷ᠎ᠤᠨ ᠭᠠᠯ᠎ᠤᠨ ᠭᠠᠮᠰᠢᠭ᠎ᠢ ᠡᠭᠦᠰᠬᠡᠵᠦ ᠮᠡᠳᠡᠬᠦ ᠭᠠᠯ᠎ᠤᠨ ᠲᠥᠷᠥᠯ᠎ᠢ ᠭᠠᠳᠠᠭᠰᠢ ᠬᠠᠶᠠᠬᠤ ᠵᠢ ᠴᠢᠩᠭ᠎ᠠ ᠴᠠᠭ᠋ᠠᠵᠠᠯᠠᠬᠤ ᠬᠡᠷᠡᠭᠲᠡᠢ᠃

       (ᠵᠢᠷᠭᠤᠭ᠎ᠠ) ᠡᠯ᠎ᠡ ᠭᠠᠵᠠᠷ᠎ᠤᠨ᠎ᠬᠢᠨ 《ᠲᠡᠨᠡᠭ᠂ ᠲᠡᠨᠡᠭ᠂ ᠳᠦᠯᠡᠢ᠂ ᠶᠠᠪᠠ᠂ ᠰᠣᠬᠤᠷ》 ᠵᠡᠷᠭᠡ ᠣᠨᠴᠣᠭᠤᠢ ᠬᠥᠮᠥᠰ ᠵᠢᠴᠢ ᠳᠤᠮᠳᠠᠳᠤ ᠪᠠᠭ᠎ᠠ ᠰᠤᠷᠭ᠋ᠠᠭᠤᠯᠢ ᠵᠢᠨ ᠰᠣᠷᠣᠭᠴᠢ ᠵᠡᠷᠭᠡ ᠨᠠᠰᠤᠨ᠎ᠳᠤ ᠥᠯᠥ ᠭᠦᠷᠦᠭᠰᠡᠳ᠎ᠢ ᠬᠠᠷᠠᠭ᠋ᠠᠯᠵᠠᠨ ᠬᠠᠮᠠᠭ᠋ᠠᠯᠠᠬᠤ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠣᠶ ᠰᠢᠭᠤᠢ ᠨᠤᠲᠤᠭ ᠪᠡᠯᠴᠢᠭᠡᠷ᠎ᠤᠨ ᠭᠠᠯ᠎ᠤᠨ ᠭᠠᠮᠰᠢᠭ ᠡᠭᠦᠰᠬᠡᠭᠰᠡᠨ ᠪᠠᠶ᠋ᠢᠪᠠᠯ᠂ ᠬᠠᠮᠢᠶ᠎ᠠ ᠪᠦᠬᠦᠢ ᠬᠠᠷᠠᠭ᠋ᠠᠯᠵᠠᠨ ᠬᠠᠮᠠᠭ᠋ᠠᠯᠠᠭᠴᠢ ᠵᠢᠨ ᠬᠠᠷᠢᠭᠤᠴᠠᠯᠭ᠎ᠠ ᠵᠢ ᠨᠡᠬᠡᠮᠵᠢᠯᠡᠨ᠎ᠡ᠃

       (ᠳᠣᠯᠤᠭ᠎ᠠ) ᠨᠠᠮ᠎ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠣᠶ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠠᠵᠢᠯ᠎ᠤᠨ ᠲᠣᠭᠲᠠᠭ᠋ᠠᠯ᠎ᠢ ᠲᠦᠷᠦᠭᠦᠯᠡᠨ ᠵᠢᠷᠤᠮᠯᠠᠵᠤ᠂ ᠣᠶ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠠᠵᠢᠯ᠎ᠤᠨ ᠬᠠᠷᠢᠭᠤᠴᠠᠯᠭ᠎ᠠ ᠵᠢ ᠤᠬᠠᠮᠰᠠᠷ᠎ᠠᠴᠠ᠎ᠪᠠᠨ ᠭᠦᠢ᠍ᠴᠡᠳᠬᠡᠵᠦ᠂ ᠣᠯᠠᠨ ᠲᠦᠮᠡᠨ᠎ᠢ ᠤᠬᠠᠭᠤᠯᠤᠨ ᠬᠥᠮᠥᠵᠢᠭᠦᠯᠵᠦ ᠪᠠᠶ᠋ᠢᠭ᠋ᠠᠳ ᠣᠶ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠢ᠃ ᠶᠠᠮᠠᠷᠪᠠ ᠨᠢᠭᠡᠴᠡ ᠪᠣᠯᠣᠨ ᠬᠤᠪᠢ ᠬᠥᠮᠥᠨ ᠭᠡᠳ ᠣᠶ ᠰᠢᠭᠤᠢ ᠨᠤᠲᠤᠭ ᠪᠡᠯᠴᠢᠭᠡᠷ᠎ᠤᠨ ᠲᠦᠢ᠍ᠮᠡᠷ᠎ᠤᠨ ᠪᠠᠶ᠋ᠢᠳᠠᠯ᠎ᠢ ᠣᠯᠵᠤ ᠮᠡᠳᠡᠪᠡᠯ᠂ ᠲᠤᠬᠠᠢ ᠵᠢᠨ ᠭᠠᠵᠠᠷ᠎ᠤᠨ ᠭᠠᠯ ᠰᠡᠷᠭᠡᠶ᠋ᠢᠯᠡᠨ ᠤᠨᠲᠠᠷᠠᠭ᠋ᠠᠬᠤ ᠠᠵᠢᠯ᠎ᠤᠨ ᠵᠢᠯᠤᠭᠤᠳᠬᠤ ᠭᠠᠵᠠᠷ᠎ᠤᠨ ᠠᠯᠪᠠᠨ ᠭᠡᠷ᠎ᠲᠤ ᠴᠠᠭ ᠲᠤᠬᠠᠢ᠎ᠳᠤᠨᠢ ᠮᠡᠳᠡᠭᠦᠯᠬᠦ ᠬᠡᠷᠡᠭᠲᠡᠢ (ᠣᠶ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠯᠲᠡ ᠵᠢᠨ ᠲᠦᠭᠰᠢᠭᠦᠷᠢ ᠮᠡᠳᠡᠭᠡᠯᠡᠬᠦ ᠳ᠋ᠢᠶᠠᠩᠬᠤᠸᠠ᠄ 12119)᠂ ᠶᠠᠮᠠᠷᠪᠠ ᠨᠢᠭᠡᠴᠡ ᠪᠣᠯᠣᠨ ᠬᠤᠪᠢ ᠬᠥᠮᠥᠨ ᠭᠡᠳ ᠲᠦᠭᠰᠢᠭᠦᠷᠢ ᠮᠡᠳᠡᠭᠦᠯᠬᠦ᠎ᠳᠤ ᠨᠥᠬᠦᠴᠡᠯ ᠦᠭᠡᠢ᠎ᠪᠠᠷ ᠲᠥᠬᠦᠮ ᠦᠵᠡᠭᠦᠯᠵᠦ᠂ ᠣᠶ ᠰᠢᠭᠤᠢ ᠨᠤᠲᠤᠭ ᠪᠡᠯᠴᠢᠭᠡᠷ᠎ᠤᠨ ᠲᠦᠢ᠍ᠮᠡᠷ᠎ᠤᠨ ᠪᠠᠶ᠋ᠢᠳᠠᠯ᠎ᠢ ᠬᠤᠳᠠᠯ ᠵᠶ᠋ᠠᠷ ᠮᠡᠳᠡᠭᠦᠯᠬᠦ ᠪᠠ ᠳᠤᠷ᠎ᠠ᠎ᠪᠠᠷ ᠵᠶ᠋ᠠᠨ ᠮᠡᠳᠡᠭᠦᠯᠬᠦ ᠵᠢ ᠴᠠᠭ᠋ᠠᠵᠠᠯᠠᠬᠤ ᠬᠡᠷᠡᠭᠲᠡᠢ᠃

       (ᠨᠠᠢ᠍ᠮᠠ) ᠣᠶ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠣᠷᠣᠨ᠎ᠳᠤ ᠪᠣᠭᠤᠮᠲᠠ ᠪᠠᠶ᠋ᠢᠷᠢᠯᠠᠭᠤᠯᠬᠤ ᠬᠠᠮᠢᠶᠠᠷᠤᠯᠲᠠ ᠵᠢ ᠬᠡᠷᠡᠭᠵᠢᠭᠦᠯᠵᠦ᠂ ᠣᠷᠣᠵᠤ ᠭᠠᠷᠬᠤ ᠭᠠᠵᠠᠷ᠎ᠲᠤ ᠪᠠᠶ᠋ᠢᠴᠠᠭ᠋ᠠᠬᠤ ᠥᠷᠲᠡᠭᠡ ᠴᠢᠭ᠋ ᠪᠠ ᠭᠠᠯ ᠰᠡᠷᠭᠡᠶ᠋ᠢᠯᠡᠬᠦ ᠰᠡᠷᠡᠮᠵᠢ ᠵᠢᠨ ᠫᠠᠶ᠋ᠢᠰᠠ ᠪᠠᠶ᠋ᠢᠭᠤᠯᠵᠤ᠂ ᠭᠠᠯ᠎ᠤᠨ ᠢᠷᠡᠯᠲᠡ ᠵᠢᠨ ᠭᠠᠯ᠎ᠤᠨ ᠲᠥᠷᠥᠯ᠂ ᠨᠣᠴᠣᠮᠠᠲᠠᠭ᠋ᠠᠢ ᠳᠡᠯᠪᠡᠷᠡᠮᠡᠲᠡᠭᠡᠢ ᠪᠣᠳᠠᠰ ᠵᠡᠷᠭᠡ ᠵᠢ ᠣᠶ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠣᠷᠣᠨ᠎ᠳᠤ ᠣᠷᠣᠭᠤᠯᠬᠤ ᠵᠢ ᠴᠠᠭ᠋ᠠᠵᠠᠯᠠᠵᠤ᠂ ᠣᠷᠣᠵᠤ ᠭᠠᠷᠬᠤ ᠲᠡᠷᠭᠡ ᠬᠥᠰᠬᠡ ᠪᠠ ᠬᠥᠮᠥᠰ 《ᠭᠠᠯ ᠰᠡᠷᠭᠡᠶ᠋ᠢᠯᠡᠬᠦ ᠨᠣᠮᠧᠷ》᠎ᠢ ᠱᠦᠭᠦᠷᠳᠡᠨ ᠦᠨᠡᠨ ᠨᠡᠷ᠎ᠡ᠎ᠪᠠᠷ ᠵᠶ᠋ᠠᠨ ᠳᠡᠩᠰᠡᠯᠡᠵᠦ᠂ ᠭᠠᠯ ᠰᠡᠷᠭᠡᠶ᠋ᠢᠯᠡᠬᠦ ᠠᠮᠤᠷ ᠲᠦᠪᠰᠢᠨ᠎ᠤ ᠪᠠᠶ᠋ᠢᠴᠠᠭ᠋ᠠᠯᠲᠠ ᠵᠢ ᠬᠠᠤᠯᠢ ᠶᠣᠰᠣᠭ᠋ᠠᠷ ᠬᠦᠯᠢᠶᠡᠵᠦ᠂ ᠭᠠᠯ ᠰᠡᠷᠭᠡᠶ᠋ᠢᠯᠡᠬᠦ ᠲᠣᠭᠲᠠᠭ᠋ᠠᠯ᠎ᠢ ᠵᠢᠷᠤᠮᠯᠠᠬᠤ ᠬᠡᠷᠡᠭᠲᠡᠢ᠃ ᠶᠠᠮᠠᠷᠪᠠ ᠨᠢᠭᠡᠴᠢ ᠪᠠ ᠬᠤᠪᠢ ᠬᠥᠮᠥᠨ ᠪᠠᠶ᠋ᠢᠴᠠᠭ᠋ᠠᠬᠤ ᠵᠢ ᠬᠠᠷᠰᠢᠯᠠᠵᠤ᠂ ᠪᠠᠶ᠋ᠢᠴᠠᠭ᠋ᠠᠬᠤ ᠵᠢ ᠲᠡᠪᠴᠢᠵᠦ ᠪᠣᠯᠬᠤ ᠦᠭᠡᠢ᠃ ᠳᠡᠭᠡᠷᠡᠬᠢ ᠲᠣᠭᠲᠠᠭ᠋ᠠᠯ᠎ᠢ ᠵᠥᠷᠢᠴᠡᠭᠰᠡᠨ ᠪᠠᠶ᠋ᠢᠪᠠᠯ᠂ ᠰᠢᠶᠠᠨ᠎ᠤ ᠱᠠᠲᠤᠨ᠎ᠤ ᠣᠶ ᠰᠢᠭᠤᠢ ᠡᠪᠡᠰᠦ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠬᠤᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ ᠰᠢᠳᠬᠡᠨ ᠲᠣᠷᠭ᠋ᠠᠬᠤ ᠵᠢᠨ ᠬᠠᠮᠲᠤ ᠢᠯᠡ᠎ᠪᠠᠷ ᠵᠠᠷᠯᠠᠨ ᠨᠡᠶ᠋ᠢᠲᠡᠯᠡᠵᠦ ᠢᠯᠡ ᠨᠡᠶ᠋ᠢᠲᠡᠯᠡᠨ᠎ᠡ; ᠠᠯᠪᠠᠨ ᠲᠤᠰᠢᠶᠠᠯᠲᠠᠨ᠎ᠤ ᠳᠦᠷᠢᠮ ᠲᠣᠭᠲᠠᠭ᠋ᠠᠯ ᠰᠠᠬᠢᠯᠭ᠎ᠠ ᠪᠠᠲᠤ ᠵᠢ ᠵᠥᠷᠢᠴᠡᠭᠰᠡᠨ ᠠᠰᠠᠭᠤᠳᠠᠯ᠎ᠳᠤ ᠬᠤᠯᠪᠣᠭᠳᠠᠭᠰᠠᠨ ᠰᠦᠪᠡᠭᠴᠢ ᠵᠢ ᠳᠦᠷᠢᠮ ᠲᠣᠭᠲᠠᠭ᠋ᠠᠯ ᠰᠠᠬᠢᠯᠭ᠎ᠠ ᠪᠠᠲᠤ ᠶᠣᠰᠣᠭ᠋ᠠᠷ ᠴᠠᠭ ᠲᠤᠬᠠᠢ᠎ᠳᠤᠨᠢ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠳᠤ ᠰᠢᠯᠵᠢᠭᠦᠯᠦᠨ ᠬᠦᠷᠭᠡᠵᠦ ᠰᠢᠢ᠍ᠳᠪᠦᠷᠢᠯᠡᠭᠦᠯᠬᠦ ᠬᠡᠷᠡᠭᠲᠡᠢ᠃ ᠶᠠᠯ᠎ᠠ ᠪᠣᠯᠵᠤ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃

        ᠳᠥᠷᠪᠡ᠂ ᠭᠠᠯ ᠰᠡᠷᠭᠡᠶ᠋ᠢᠯᠡᠬᠦ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠵᠠᠰᠠᠭ ᠵᠠᠬᠢᠷᠭ᠋ᠠᠨ᠎ᠤ ᠳᠠᠷᠤᠭ᠎ᠠ ᠵᠢᠨ ᠬᠠᠷᠢᠭᠤᠴᠠᠬᠤ ᠳᠦᠷᠢᠮ᠎ᠢ ᠬᠡᠷᠡᠭᠵᠢᠭᠦᠯᠵᠦ᠂ ᠣᠶ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠨ ᠤᠨᠲᠠᠷᠠᠭ᠋ᠠᠬᠤ 《ᠲᠣᠥᠷᠵᠢᠭᠤᠯᠤᠭᠰᠠᠨ》 ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠬᠤ ᠬᠡᠷᠡᠭᠲᠡᠢ᠃ ᠬᠤᠲᠠ᠂ ᠬᠤᠰᠢᠭᠤ ᠰᠢᠶᠠᠨ ᠲᠣᠭᠤᠷᠢᠭ ᠪᠣᠯᠣᠨ ᠭᠠᠴᠠᠭ᠎ᠠ ᠲᠣᠰᠬᠤᠨ᠎ᠨᠤᠭᠤᠳ ᠡᠯ᠎ᠡ ᠱᠠᠲᠤᠨ᠎ᠤ ᠤᠳᠤᠷᠢᠳᠤᠯᠭ᠎ᠠ ᠵᠢᠨ ᠬᠠᠷᠢᠭᠤᠴᠠᠯᠭ᠎ᠠ᠎ᠪᠠᠨ ᠴᠢᠩᠭ᠋ᠠᠷᠠᠭᠤᠯᠬᠤ ᠵᠢᠨ ᠬᠠᠮᠲᠤ ᠬᠢᠨᠠᠯᠲᠠ ᠲᠠᠯᠪᠢᠵᠤ ᠬᠠᠮᠢᠶᠠᠷᠬᠤ ᠬᠠᠷᠢᠭᠤᠴᠠᠯᠭ᠎ᠠ᠎ᠪᠠᠨ ᠬᠢᠨᠠᠮᠠᠭ᠋ᠠᠢ ᠭᠦᠢ᠍ᠴᠡᠳᠬᠡᠬᠦ ᠬᠡᠷᠡᠭᠲᠡᠢ ; ᠣᠶ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠨ ᠤᠨᠲᠠᠷᠠᠭ᠋ᠠᠬᠤ ᠪᠦᠷᠢᠯᠳᠦᠭᠦᠨ ᠨᠢᠭᠡᠴᠡ᠎ᠨᠦᠭᠦᠳ ᠠᠵᠢᠯ ᠲᠥᠷᠥᠯ᠎ᠤᠨ ᠬᠠᠮᠢᠶᠠᠷᠤᠯᠲᠠ ᠵᠢᠨ ᠬᠠᠷᠢᠭᠤᠴᠠᠯᠭ᠎ᠠ᠎ᠪᠠᠨ ᠬᠢᠨᠠᠮᠠᠭ᠋ᠠᠢ ᠭᠦᠢ᠍ᠴᠡᠳᠬᠡᠬᠦ ᠬᠡᠷᠡᠭᠲᠡᠢ; ᠣᠶ ᠰᠢᠭᠤᠢ ᠨᠤᠲᠤᠭ ᠪᠡᠯᠴᠢᠭᠡᠷ᠎ᠤᠨ ᠡᠵᠡᠩᠨᠡᠯᠲᠡ ᠵᠢᠨ ᠨᠢᠭᠡᠴᠡ᠎ᠨᠢ ᠭᠠᠯ ᠰᠡᠷᠭᠡᠶ᠋ᠢᠯᠡᠬᠦ ᠭᠤᠣᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠬᠡᠷᠡᠭᠲᠡᠢ; ᠤᠢ ᠰᠢᠭᠤᠢ ᠬᠠᠮᠠᠭ᠋ᠠᠯᠠᠭᠴᠢ᠂ ᠡᠪᠡᠰᠦᠨ᠎ᠤ ᠬᠠᠮᠢᠶᠠᠷᠤᠭᠴᠢ᠂ ᠬᠠᠤᠯᠢ ᠬᠡᠷᠡᠭᠵᠢᠭᠦᠯᠬᠦ ᠠᠵᠢᠯᠲᠠᠳ ᠲᠣᠭᠤᠷᠢᠨ ᠬᠠᠮᠠᠭ᠋ᠠᠯᠠᠵᠤ ᠲᠣᠭᠤᠷᠢᠨ ᠪᠠᠶ᠋ᠢᠴᠠᠭ᠋ᠠᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠬᠤ᠂ ᠠᠵᠢᠯᠲᠠᠨ᠎ᠢ ᠪᠣᠳᠠᠲᠠᠶ᠋ᠢᠵᠢᠭᠤᠯᠬᠤ᠂ ᠠᠷᠭ᠎ᠠ ᠬᠡᠮᠵᠢᠶ᠎ᠡ ᠵᠢ ᠪᠣᠳᠠᠲᠠᠶ᠋ᠢᠵᠢᠭᠤᠯᠬᠤ᠂ ᠪᠠᠲᠤᠯᠠᠭ᠎ᠠ ᠵᠢ ᠪᠣᠳᠠᠲᠠᠶ᠋ᠢᠵᠢᠭᠤᠯᠬᠤ ᠵᠢ ᠦᠨᠡᠨᠬᠦ ᠭᠦᠢ᠍ᠴᠡᠳᠬᠡᠬᠦ ᠬᠡᠷᠡᠭᠲᠡᠢ᠃

        ᠲᠠᠪᠤ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠨᠢᠭᠡᠴᠡ᠎ᠨᠦᠭᠦᠳ 《ᠤᠷᠢᠳᠴᠢᠯᠠᠨ ᠰᠡᠷᠭᠡᠶ᠋ᠢᠯᠡᠬᠦ᠎ᠪᠠᠷ ᠭᠤᠣᠯ ᠪᠣᠯᠭ᠋ᠠᠵᠤ᠂ ᠢᠳᠡᠪᠬᠢᠲᠡᠢ᠎ᠪᠠᠷ ᠤᠰᠠᠳᠬᠠᠬᠤ᠂ ᠰᠡᠷᠭᠡᠶ᠋ᠢᠯᠡᠬᠦ ᠤᠨᠲᠠᠷᠠᠭ᠋ᠠᠬᠤ ᠵᠢ ᠤᠶᠠᠯᠳᠤᠭᠤᠯᠬᠤ》 ᠴᠢᠭᠯᠡᠯᠲᠡ ᠵᠢ ᠪᠠᠷᠢᠮᠲᠠᠯᠠᠨ᠂ ᠡᠯ᠎ᠡ ᠵᠦᠢ᠍ᠯ᠎ᠤᠨ ᠤᠬᠠᠭᠤᠯᠭ᠎ᠠ ᠵᠢᠨ ᠠᠷᠭ᠎ᠠ ᠵᠠᠮ᠎ᠢ ᠭᠦᠢ᠍ᠴᠡᠳ ᠠᠰᠢᠭᠯᠠᠨ᠂ ᠣᠶ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠨ ᠤᠨᠲᠠᠷᠠᠭ᠋ᠠᠬᠤ ᠤᠬᠠᠭᠤᠯᠭ᠎ᠠ ᠵᠢᠨ ᠡᠷᠴᠢᠮ ᠵᠶ᠋ᠠᠨ ᠲᠠᠰᠤᠷᠠᠯᠲᠠ ᠦᠭᠡᠢ ᠴᠢᠩᠭ᠋ᠠᠷᠠᠭᠤᠯᠬᠤ ᠬᠡᠷᠡᠭᠲᠡᠢ᠃ ᠬᠥᠳᠡᠭᠡ ᠲᠣᠰᠬᠤᠨ᠎ᠤ ᠬᠤᠶᠠᠷ ᠱᠠᠲᠤᠨ᠎ᠤ ᠺᠠᠳ᠋ᠷ᠂ ᠣᠶ ᠰᠢᠭᠤᠢ ᠬᠠᠮᠠᠭ᠋ᠠᠯᠠᠭᠴᠢ ᠵᠢ ᠭᠦᠢ᠍ᠴᠡᠳ ᠳᠠᠶ᠋ᠢᠴᠢᠯᠠᠨ ᠠᠶ᠋ᠢᠯ ᠲᠣᠰᠬᠤᠨ᠎ᠳᠤ ᠣᠴᠢᠭᠤᠯᠵᠤ᠂ ᠥᠷᠭᠡᠨ ᠣᠯᠠᠨ ᠲᠦᠮᠡᠨ᠎ᠳᠤ ᠬᠠᠨᠳᠤᠭᠤᠯᠤᠨ ᠤᠬᠠᠭᠤᠯᠵᠤ᠂ ᠪᠥᠬᠦ ᠲᠠᠯ᠎ᠠ᠎ᠪᠠᠷ᠂ ᠪᠦᠬᠦᠨ᠎ᠢ ᠬᠠᠮᠤᠷᠬᠤ ᠵᠢ ᠪᠡᠶᠡᠯᠡᠭᠦᠯᠦᠨ᠂ ᠣᠯᠠᠨ ᠵᠶ᠋ᠠᠷ ᠵᠶ᠋ᠠᠨ ᠰᠡᠷᠭᠡᠶ᠋ᠢᠯᠡᠵᠦ ᠣᠯᠠᠨ ᠵᠶ᠋ᠠᠷ ᠵᠶ᠋ᠠᠨ ᠵᠠᠰᠠᠬᠤ᠂ ᠬᠤᠯᠪᠤᠭ᠋ᠠᠯᠠᠨ ᠰᠡᠷᠭᠡᠶ᠋ᠢᠯᠡᠵᠦ ᠬᠤᠯᠪᠤᠭ᠋ᠠᠯᠠᠨ ᠡᠵᠡᠮᠳᠡᠬᠦ ᠠᠵᠢᠯ᠎ᠤᠨ ᠪᠠᠶ᠋ᠢᠷᠢᠰᠢᠯ᠎ᠢ ᠪᠣᠶ ᠪᠣᠯᠭ᠋ᠠᠬᠤ ᠬᠡᠷᠡᠭᠲᠡᠢ᠃

        ᠵᠢᠷᠭᠤᠭ᠎ᠠ᠂ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ᠎ᠢ ᠰᠠᠶ᠋ᠢᠲᠤᠷ ᠬᠢᠵᠦ᠂ ᠵᠢᠵᠢᠭᠦᠷᠯᠡᠨ ᠰᠠᠬᠢᠬᠤ ᠵᠢ ᠴᠢᠩᠭ᠋ᠠᠳᠬᠠᠨ᠂ ᠭᠠᠯ ᠰᠡᠷᠭᠡᠶ᠋ᠢᠯᠡᠨ ᠤᠨᠲᠠᠷᠠᠭ᠋ᠠᠬᠤ ᠡᠳ᠋ ᠪᠠᠷᠠᠭ᠎ᠠ ᠵᠢ ᠤᠷᠢᠳᠴᠢᠯᠠᠨ ᠨᠥᠭᠡᠴᠡᠯᠡᠵᠦ᠂ ᠪᠠᠴᠢᠮ ᠪᠠᠶ᠋ᠢᠳᠠᠯ᠎ᠢ ᠠᠷᠭ᠋ᠠᠴᠠᠬᠤ ᠡᠩᠨᠡᠭᠡ ᠵᠢᠨ ᠡᠳᠦᠷ ᠲᠤᠲᠤᠮ᠎ᠤᠨ ᠪᠣᠯᠪᠠᠰᠤᠷᠠᠭᠤᠯᠤᠯ ᠰᠣᠷᠢᠯᠲᠠ ᠵᠢ ᠴᠢᠩᠭ᠋ᠠᠳᠬᠠᠬᠤ ᠬᠡᠷᠡᠭᠲᠡᠢ᠃ ᠲᠡᠷᠭᠡ ᠬᠥᠰᠬᠡ ᠵᠢᠨ ᠲᠣᠨᠣᠭᠯᠠᠯ ᠮᠠᠰᠢᠨ ᠪᠠᠭ᠋ᠠᠵᠢ ᠵᠢ ᠪᠥᠬᠦ ᠲᠠᠯ᠎ᠠ᠎ᠪᠠᠷ ᠪᠠᠶ᠋ᠢᠴᠠᠭ᠋ᠠᠨ ᠬᠠᠮᠠᠭ᠋ᠠᠯᠠᠵᠤ᠂ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠢ᠃ ᠭᠠᠯ ᠰᠡᠷᠭᠡᠶ᠋ᠢᠯᠡᠬᠦ ᠬᠤᠭᠤᠴᠠᠭ᠋ᠠᠨ᠎ᠳᠤ ᠡᠯ᠎ᠡ ᠱᠠᠲᠤᠨ᠎ᠤ ᠣᠶ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠨ ᠤᠨᠲᠠᠷᠠᠭ᠋ᠠᠬᠤ ᠠᠵᠢᠯ᠎ᠤᠨ ᠵᠢᠯᠤᠭᠤᠳᠬᠤ ᠪᠠᠶ᠋ᠢᠭᠤᠯᠤᠮᠵᠢ ᠪᠣᠯᠣᠨ ᠬᠠᠷᠢᠭᠤᠴᠠᠯᠭ᠋ᠠᠲᠤ ᠨᠢᠭᠡᠴᠡ᠎ᠨᠦᠭᠦᠳ 24 ᠴᠠᠭ ᠵᠶ᠋ᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭ᠋ᠠᠭᠤᠯᠤᠨ ᠵᠢᠵᠢᠭᠦᠷᠯᠡᠬᠦ ᠳᠦᠷᠢᠮ᠎ᠢ ᠬᠡᠷᠡᠭᠵᠢᠭᠦᠯᠵᠦ᠂ ᠣᠶ ᠰᠢᠭᠤᠢ ᠨᠤᠲᠤᠭ ᠪᠡᠯᠴᠢᠭᠡᠷ᠎ᠤᠨ ᠭᠠᠯ᠎ᠤᠨ ᠭᠠᠮᠰᠢᠭ᠎ᠢ ᠮᠡᠳᠡᠭᠦᠯᠬᠦ ᠳᠦᠷᠢᠮ ᠪᠣᠯᠣᠨ ᠰᠢᠰᠲ᠋ᠧᠮᠵᠢᠭᠦᠯᠦᠨ ᠬᠠᠮᠢᠶᠠᠷᠬᠤ ᠳᠦᠷᠢᠮ᠎ᠢ ᠴᠢᠩᠭ᠎ᠠ ᠬᠡᠷᠡᠭᠵᠢᠭᠦᠯᠵᠦ᠂ ᠮᠡᠳᠡᠭᠦᠯᠬᠦ ᠦᠭᠡᠢ ᠨᠢᠭᠤᠬᠤ᠂ ᠬᠤᠳᠠᠯ ᠵᠶ᠋ᠠᠷ ᠮᠡᠳᠡᠭᠦᠯᠬᠦ ᠵᠡᠷᠭᠡ ᠦᠶᠯᠡ ᠠᠵᠢᠯᠯᠠᠭ᠎ᠠ ᠵᠢ ᠡᠷᠡᠰ ᠬᠤᠷᠢᠭᠯᠠᠬᠤ ᠬᠡᠷᠡᠭᠲᠡᠢ᠃

        ᠲᠤᠯᠤᠭ᠎ᠠ᠂ ᠪᠤᠰᠤᠳ ᠭᠤᠣᠯᠳᠠᠯᠭ᠎ᠠ᠎ᠲᠠᠢ ᠬᠡᠰᠡᠭ᠎ᠤᠨ ᠴᠢᠩᠭ᠎ᠠ ᠰᠡᠷᠭᠡᠶ᠋ᠢᠯᠡᠯᠲᠡ ᠵᠢᠨ ᠵᠠᠬᠢᠷᠤᠨ ᠬᠠᠮᠢᠶᠠᠷᠤᠯᠲᠠ ᠵᠢ ᠬᠡᠷᠡᠭᠵᠢᠭᠦᠯᠬᠦ ᠪᠤᠶᠤ ᠴᠢᠩᠭ᠎ᠠ ᠰᠡᠷᠭᠡᠶ᠋ᠢᠯᠡᠯᠲᠡ ᠵᠢᠨ ᠬᠤᠭᠤᠴᠠᠭ᠎ᠠ ᠵᠢ ᠤᠷᠲᠤᠳᠬᠠᠬᠤ ᠴᠢᠬᠤᠯᠠ᠎ᠲᠠᠢ ᠪᠣᠯ ᠡᠯ᠎ᠡ ᠬᠤᠰᠢᠭᠤ ᠰᠢᠶᠠᠨ ᠲᠣᠭᠤᠷᠢᠭ᠎ᠤᠨ ᠤᠢ ᠰᠢᠭᠤᠢ ᠨᠤᠲᠤᠭ ᠪᠡᠯᠴᠢᠭᠡᠷ᠎ᠤᠨ ᠭᠠᠯ ᠤᠨᠲᠠᠷᠠᠭ᠋ᠠᠬᠤ ᠵᠢᠯᠤᠭᠤᠳᠬᠤ ᠭᠠᠵᠠᠷ᠎ᠠᠴᠠ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠠᠰ᠎ᠲᠤᠨᠢ ᠨᠡᠶ᠋ᠢᠲᠡᠯᠡᠨ᠎ᠡ᠃

               ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ

                     2024 ᠣᠨ᠎ᠤ 3 ᠰᠠᠷ᠎ᠠ ᠵᠢᠨ 14᠎ᠤ ᠡᠳᠦᠷ

                      (ᠲᠣᠰ ᠮᠠᠲ᠋ᠧᠷᠢᠶᠠᠯ᠎ᠢ ᠢᠯᠡ᠎ᠪᠠᠷ ᠨᠡᠶ᠋ᠢᠲᠡᠯᠡᠪᠡ)

ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ