ᠢᠯᠡ ᠵᠠᠰᠠᠭ   -   ᠪᠢᠴᠢᠭ ᠮᠠᠲ᠋ᠧᠷᠢᠶᠠᠯ

ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠪᠠᠶᠠᠨᠨᠠᠭᠤᠷ ᠬᠤᠲᠠ ᠵᠢᠨ ᠳᠥᠷᠪᠡᠳᠦᠭᠡᠷ ᠤᠳᠠᠭ᠋ᠠᠨ᠎ᠤ ᠪᠥᠬᠦ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠨᠡᠢ᠌ᠳᠡᠮ ᠪᠠᠢ᠌ᠴᠠᠭ᠋ᠠᠯᠲᠠ ᠵᠢ ᠰᠠᠢ᠌ᠲᠤᠷ ᠬᠢᠬᠦ ᠲᠤᠬᠠᠢ ᠮᠡᠳᠡᠭᠳᠡᠯ

ᠨᠡᠶ᠋ᠢᠲᠡᠯᠡᠭᠰᠡᠨ ᠴᠠᠭ᠄   2024-03-29

ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠭᠠᠭᠴᠠᠮᠣᠳᠤ ᠪᠣᠭᠣᠮᠲᠠ ᠵᠢᠨ ᠬᠠᠮᠢᠶᠠᠷᠤᠯᠲᠠ ᠵᠢᠨ ᠵᠥᠪᠯᠡᠯ᠂ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠲᠣᠭᠣᠷᠢᠭ᠎ᠤᠨ ᠬᠠᠮᠢᠶᠠᠷᠤᠯᠲᠠ (ᠪᠡᠯᠡᠳᠬᠡᠭᠰᠡᠨ) ᠵᠢᠨ ᠵᠥᠪᠯᠡᠯ᠂ ᠬᠤᠳᠠ ᠵᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠳᠠ᠎ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠡ᠎ᠳᠤ᠄

 

     《ᠳᠥᠷᠪᠡᠳᠦᠭᠡᠷ ᠤᠳᠠᠭ᠋ᠠᠨ᠎ᠤ ᠪᠥᠬᠦ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠨᠡᠢ᠌ᠳᠡᠮ ᠪᠠᠢ᠌ᠴᠠᠭ᠋ᠠᠯᠲᠠ ᠵᠢ ᠥᠷᠨᠢᠭᠦᠯᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠮᠡᠳᠡᠭᠳᠡᠯ》 (ᠲᠥᠷᠥ ᠲᠠᠷᠬᠠᠭ᠋ᠠᠭᠰᠠᠨ [2023] 18 ᠳ᠋ᠤᠭ᠋ᠠᠷ ᠲᠣᠭ᠋ᠠᠲᠤ)᠂ 《ᠥᠪᠡᠷᠲᠡᠭᠡᠨ ᠵᠠᠰᠠᠬᠤ ᠣᠷᠣᠨ᠎ᠤ ᠳᠥᠷᠪᠡᠳᠦᠭᠡᠷ ᠤᠳᠠᠭ᠋ᠠᠨ᠎ᠤ ᠪᠥᠬᠦ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠨᠡᠢ᠌ᠳᠡᠮ ᠪᠠᠢ᠌ᠴᠠᠭ᠋ᠠᠯᠲᠠ ᠵᠢ ᠰᠠᠢ᠌ᠲᠤᠷ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠥᠪᠥᠷ ᠵᠠᠰᠠᠭ ᠲᠠᠷᠬᠠᠭ᠋ᠠᠭᠰᠠᠨ [2023] 26 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠤᠰᠠᠳᠠ᠂ ᠮᠠᠨ᠎ᠤ ᠬᠤᠳᠠ ᠵᠢᠨ ᠳᠥᠷᠪᠡᠳᠦᠭᠡᠷ ᠤᠳᠠᠭ᠋ᠠᠨ᠎ᠤ ᠪᠥᠬᠦ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠨᠡᠢ᠌ᠳᠡᠮ ᠪᠠᠢ᠌ᠴᠠᠭ᠋ᠠᠯᠲᠠ ᠵᠢᠨ ᠠᠵᠢᠯ᠎ᠢ ᠪᠥᠬᠦ ᠲᠠᠯ᠎ᠠ᠎ᠪᠠᠷ ᠲᠦᠯᠬᠢᠨ ᠠᠬᠢᠭᠤᠯᠵᠤ᠂ ᠡᠯ᠎ᠡ ᠵᠦᠢ᠍ᠯ᠎ᠤᠨ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠬᠦ ᠵᠢ ᠦᠨᠡᠨᠬᠦ ᠪᠠᠲᠤᠯᠠᠨ᠎ᠠ᠂ ᠡᠳᠦᠭᠡ ᠬᠣᠯᠪᠣᠭᠳᠠᠯ ᠪᠦᠬᠦᠢ ᠵᠦᠢ᠍ᠯ᠎ᠢ ᠳᠣᠣᠷᠠᠬᠢ ᠮᠡᠲᠦ ᠮᠡᠳᠡᠭᠳᠡᠶ᠎ᠡ᠄

      ᠨᠢᠭᠡ᠂ ᠵᠢᠯᠤᠭᠣᠳᠬᠤ ᠦᠵᠡᠯ ᠰᠠᠨᠠᠭ᠎ᠠ

      ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠣᠨ ᠰᠢ ᠵᠢᠨ ᠫᠢᠩ ᠰᠣᠶᠣᠯ᠎ᠤᠨ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠰᠠᠢ᠌ᠲᠤᠷ ᠪᠡᠶᠡᠯᠡᠭᠦᠯᠬᠦ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ ᠎ᠪᠠᠷ ᠪᠦᠲᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠡᠬᠢᠵᠢᠭᠦᠯᠬᠦ᠎ᠪᠠᠷ ᠭᠣᠣᠯ ᠱᠤᠭᠤᠮ ᠪᠣᠯᠭ᠋ᠠᠵᠤ᠂ ᠬᠠᠮᠠᠭ᠋ᠠᠯᠠᠬᠤ ᠵᠢ ᠲᠡᠷᠢᠭᠦᠨ᠎ᠳᠤ ᠲᠠᠯᠪᠢᠬᠤ᠂ ᠬᠠᠮᠢᠶᠠᠷᠤᠯᠲᠠ ᠵᠢ ᠴᠢᠩᠭ᠋ᠠᠳᠬᠠᠬᠤ᠂ ᠦᠨ᠎ᠡ ᠥᠷᠲᠡᠭ᠎ᠢ ᠠᠭᠤᠳᠠᠯᠬᠤ᠂ ᠪᠦᠲᠦᠮᠵᠢᠲᠡᠶ ᠠᠰᠢᠭᠯᠠᠬᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠠᠮᠢᠳᠤᠯᠢᠭ ᠪᠣᠯᠭ᠋ᠠᠬᠤ ᠠᠵᠢᠯ᠎ᠤᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠦᠨᠡᠨ᠎ᠠᠴᠠ ᠵᠥᠪ᠎ᠢ ᠡᠷᠢᠬᠦ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠂ ᠬᠠᠤᠯᠢ ᠶᠣᠰᠣᠭ᠋ᠠᠷ ᠬᠡᠷᠡᠭᠵᠢᠭᠦᠯᠬᠦ ᠵᠢ ᠪᠠᠷᠢᠮᠲᠠᠯᠠᠨ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠪᠠ ᠪᠠᠢ᠌ᠷᠢᠯᠠᠭᠤᠯᠤᠯᠲᠠ ᠲᠣᠬᠢᠷᠠᠭᠤᠯᠤᠯᠲᠠ ᠵᠢ ᠴᠢᠩᠭ᠋ᠠᠳᠬᠠᠵᠤ᠂ ᠨᠡᠢ᠌ᠳᠡᠮ ᠪᠠᠢ᠌ᠴᠠᠭ᠋ᠠᠯᠲᠠ ᠵᠢᠨ ᠦᠷ᠎ᠡ ᠳ᠋ᠦᠩ ᠵᠶ᠋ᠠᠷ ᠪᠥᠬᠦ ᠬᠤᠲᠠ ᠵᠢᠨ ᠰᠢᠯᠵᠢᠭᠦᠯᠵᠦ ᠪᠣᠯᠣᠰᠢ ᠦᠭᠡᠢ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠡᠬᠢ ᠪᠠᠶᠠᠯᠢᠭ᠎ᠤᠨ ᠦᠨᠳᠦᠰᠦᠨ ᠪᠠᠢ᠌ᠳᠠᠯ᠎ᠢ ᠪᠥᠬᠦ ᠲᠠᠯ᠎ᠠ᠎ᠪᠠᠷ ᠪᠤᠰᠤᠳᠴᠢ᠎ᠪᠠᠷ ᠲᠤᠰᠬᠠᠬᠤ ᠵᠢ ᠦᠨᠡᠨᠬᠦ ᠪᠠᠲᠤᠯᠠᠵᠤ᠂ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ᠎ᠳᠤ ᠬᠦᠴᠦᠨ ᠨᠡᠮᠡᠷᠢᠯᠡᠨ᠎ᠡ᠃

      ᠬᠣᠶᠠᠷ᠂ ᠬᠠᠷᠠᠯᠲᠠ ᠵᠢᠨ ᠡᠭᠦᠷᠭᠡ

      ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠳᠤᠷᠠᠳᠤᠭᠰᠠᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠨᠡᠢ᠌ᠳᠡᠮ ᠪᠠᠢ᠌ᠴᠠᠭ᠋ᠠᠯᠲᠠ ᠵᠢᠨ ᠶᠡᠷᠦᠩᠬᠡᠢ ᠬᠠᠷᠠᠯᠲᠠ ᠵᠢᠨ ᠶᠣᠰᠣᠭ᠋ᠠᠷ᠂ ᠯᠠᠪᠳᠠᠭᠤᠨ ᠪᠥᠭᠡᠳ ᠪᠦᠲᠦᠮᠵᠢᠲᠡᠶ ᠨᠡᠢ᠌ᠳᠡᠮ ᠪᠠᠢ᠌ᠴᠠᠭ᠋ᠠᠯᠲᠠ ᠵᠢᠨ ᠠᠵᠢᠯ ᠵᠶ᠋ᠠᠷ ᠳᠠᠮᠵᠢᠭᠤᠯᠤᠨ᠂ ᠳᠣᠣᠷᠠᠬᠢ ᠮᠡᠲᠦ ᠠᠵᠢᠯ᠎ᠤᠨ ᠬᠠᠷᠠᠯᠲᠠ ᠪᠠ ᠡᠭᠦᠷᠭᠡ ᠵᠢ ᠪᠡᠶᠡᠯᠡᠭᠦᠯᠦᠨ᠎ᠡ᠄ ᠨᠢᠭᠡ᠎ᠳᠤ ᠪᠥᠬᠦ ᠬᠤᠲᠠ ᠵᠢᠨ ᠰᠢᠯᠵᠢᠭᠦᠯᠵᠦ ᠪᠣᠯᠣᠰᠢ ᠦᠭᠡᠢ ᠲᠡᠦᠬᠡ ᠵᠢᠨ ᠳᠤᠷᠠᠰᠬᠠᠯᠲᠤ ᠵᠦᠢ᠍ᠯ᠎ᠤᠨ ᠡᠬᠢ ᠪᠠᠶᠠᠯᠢᠭ᠎ᠤᠨ ᠶᠡᠷᠦᠩᠬᠡᠢ ᠭᠠᠷᠴᠠᠭ ᠪᠠ ᠳ᠋ᠠᠢ᠌ᠲ᠋ᠠ ᠬᠥᠮᠥᠷᠭᠡ ᠵᠢ ᠪᠠᠢ᠌ᠭᠤᠯᠵᠤ᠂ ᠲᠡᠦᠬᠡ ᠵᠢᠨ ᠳᠤᠷᠠᠰᠬᠠᠯᠲᠤ ᠵᠦᠢ᠍ᠯ᠎ᠤᠨ ᠡᠬᠢ ᠪᠠᠶᠠᠯᠢᠭ᠎ᠤᠨ ᠡᠳ᠋ ᠬᠥᠷᠥᠩᠭᠡ ᠵᠢᠨ ᠬᠥᠳᠡᠯᠦᠩᠭᠦᠢ ᠬᠠᠮᠢᠶᠠᠷᠤᠯᠲᠠ ᠵᠢ ᠪᠡᠶᠡᠯᠡᠭᠦᠯᠦᠨ᠎ᠡ; ᠬᠣᠶᠠᠷ᠎ᠲᠤ ᠰᠢᠯᠵᠢᠭᠦᠯᠵᠦ ᠪᠣᠯᠣᠰᠢ ᠦᠭᠡᠢ ᠲᠡᠦᠬᠡ ᠵᠢᠨ ᠳᠤᠷᠠᠰᠬᠠᠯᠲᠤ ᠵᠦᠢ᠍ᠯ᠎ᠢ ᠮᠠᠭ᠋ᠠᠳᠯᠠᠨ ᠲᠣᠭᠲᠠᠭ᠋ᠠᠵᠤ ᠨᠡᠢ᠌ᠲᠡᠯᠡᠬᠦ ᠲᠣᠭᠲᠠᠴᠠ ᠵᠢ ᠲᠡᠭᠦᠯᠳᠡᠷᠵᠢᠭᠦᠯᠵᠦ᠂ ᠨᠡᠷᠡᠰ᠎ᠤᠨ ᠵᠢᠭᠰᠠᠭ᠋ᠠᠯᠲᠠ ᠵᠢ ᠨᠡᠢ᠌ᠲᠡᠯᠡᠬᠦ ᠰᠢᠰᠲ᠋ᠧᠮ᠎ᠢ ᠪᠦᠷᠢᠨᠰᠢᠭᠦᠯᠦᠨ᠎ᠡ; ᠭᠤᠷᠪᠠ᠎ᠳᠤ ᠰᠢᠯᠵᠢᠭᠦᠯᠵᠦ ᠪᠣᠯᠣᠰᠢ ᠦᠭᠡᠢ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠬᠠᠮᠢᠶᠠᠷᠤᠯᠲᠠ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠪᠦᠬᠦ ᠲᠠᠯ᠎ᠠ᠎ᠪᠠᠷ ᠨᠡᠢ᠌ᠳᠡᠮ ᠪᠠᠢ᠌ᠴᠠᠭ᠋ᠠᠬᠤ᠂ ᠲᠤᠰᠬᠠᠢ ᠪᠠᠢ᠌ᠴᠠᠭ᠋ᠠᠯᠲᠠ ᠬᠢᠬᠦ᠂ ᠣᠷᠣᠨ ᠵᠠᠢ ᠵᠢ ᠬᠠᠮᠢᠶᠠᠷᠤᠨ ᠡᠵᠡᠮᠳᠡᠬᠦ᠂ ᠬᠥᠳᠡᠯᠦᠩᠭᠦᠢ ᠬᠢᠨᠠᠨ ᠬᠡᠮᠵᠢᠬᠦ ᠵᠢ ᠤᠶᠠᠯᠳᠤᠭᠤᠯᠤᠭᠰᠠᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠰᠢᠰᠲ᠋ᠧᠮ᠎ᠢ ᠪᠠᠢ᠌ᠭᠤᠯᠤᠨ᠎ᠠ; ᠳᠥᠷᠪᠡ᠎ᠳᠤ᠂ ᠲᠤᠰᠬᠠᠢ ᠮᠡᠷᠭᠡᠵᠢᠯ᠎ᠤᠨ ᠠᠵᠢᠯᠲᠠᠨ᠎ᠢ ᠬᠥᠮᠥᠵᠢᠭᠦᠯᠦᠨ ᠪᠣᠯᠪᠠᠰᠤᠷᠠᠭᠤᠯᠵᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠡᠩᠨᠡᠭᠡ ᠵᠢᠨ ᠪᠦᠬᠦᠯᠢ ᠴᠣᠭᠴᠠ ᠵᠢᠨ ᠬᠡᠪ ᠴᠢᠨᠠᠷ᠎ᠢ ᠳᠡᠭᠡᠭᠰᠢᠯᠡᠭᠦᠯᠵᠦ᠂ ᠪᠦᠬᠦ ᠠᠷᠠᠳ᠎ᠤᠨ ᠰᠣᠶᠣᠯ᠎ᠤᠨ ᠥᠪ᠎ᠢ ᠬᠠᠮᠠᠭ᠋ᠠᠯᠠᠬᠤ ᠤᠬᠠᠮᠰᠠᠷ᠎ᠢ ᠳᠡᠭᠡᠭᠰᠢᠯᠡᠭᠦᠯᠦᠨ᠎ᠡ᠃

      ᠭᠤᠷᠪᠠ᠂ ᠨᠡᠢ᠌ᠳᠡᠮ ᠪᠠᠢ᠌ᠴᠠᠭ᠋ᠠᠬᠤ ᠬᠡᠪᠴᠢᠶ᠎ᠡ ᠪᠣᠯᠣᠨ ᠠᠭᠤᠯᠭ᠎ᠠ

     (ᠨᠢᠭᠡ) ᠨᠡᠢ᠌ᠳᠡᠮ ᠪᠠᠢ᠌ᠴᠠᠭ᠋ᠠᠬᠤ ᠬᠡᠪᠴᠢᠶ᠎ᠡ᠃ ᠨᠢᠭᠡᠨᠲᠡ ᠮᠠᠭ᠋ᠠᠳᠯᠠᠨ ᠲᠣᠭᠲᠠᠭ᠋ᠠᠭᠰᠠᠨ᠂ ᠳᠠᠩᠰᠠᠯᠠᠭᠤᠯᠤᠭᠰᠠᠨ 528 ᠰᠢᠯᠵᠢᠭᠦᠯᠵᠦ ᠪᠣᠯᠣᠰᠢ ᠦᠭᠡᠢ ᠲᠡᠦᠬᠡ ᠵᠢᠨ ᠳᠤᠷᠠᠰᠬᠠᠯᠲᠤ ᠵᠦᠢ᠍ᠯ᠎ᠢ ᠲᠠᠬᠢᠨ ᠪᠠᠢ᠌ᠴᠠᠭ᠋ᠠᠬᠤ ᠵᠢᠨ ᠬᠠᠮᠲᠤ ᠰᠢᠨ᠎ᠡ᠎ᠪᠠᠷ ᠢᠯᠡᠷᠡᠭᠦᠯᠦᠭᠰᠡᠨ ᠰᠢᠯᠵᠢᠭᠦᠯᠵᠦ ᠪᠣᠯᠣᠰᠢ ᠦᠭᠡᠢ ᠲᠡᠦᠬᠡ ᠵᠢᠨ ᠳᠤᠷᠠᠰᠬᠠᠯᠲᠤ ᠵᠦᠢ᠍ᠯ᠎ᠢ ᠪᠠᠢ᠌ᠴᠠᠭ᠋ᠠᠵᠤ᠂ ᠮᠠᠭ᠋ᠠᠳᠯᠠᠨ ᠲᠣᠭᠲᠠᠭ᠋ᠠᠵᠤ ᠳᠠᠩᠰᠠᠯᠠᠪᠠ᠃

     (ᠬᠣᠶᠠᠷ) ᠨᠡᠢ᠌ᠳᠡᠮ ᠪᠠᠢ᠌ᠴᠠᠭ᠋ᠠᠯᠲᠠ ᠵᠢᠨ ᠠᠭᠤᠯᠭ᠎ᠠ᠃ ᠡᠭᠦᠨ᠎ᠳᠤ ᠨᠡᠢ᠌ᠳᠡᠮ ᠪᠠᠢ᠌ᠴᠠᠭ᠋ᠠᠯᠲᠠ ᠵᠢᠨ ᠡᠲᠡᠭᠡᠳ᠎ᠤᠨ ᠨᠡᠷᠡᠢ᠌ᠳᠦᠯ᠂ ᠣᠷᠣᠨ ᠵᠠᠢ ᠵᠢᠨ ᠪᠠᠢ᠌ᠷᠢᠰᠢᠯ᠂ ᠬᠠᠮᠠᠭ᠋ᠠᠯᠠᠯᠲᠠ ᠵᠢᠨ ᠲᠡᠰ᠂ ᠲᠡᠦᠬᠡ ᠵᠢᠨ ᠳᠤᠷᠠᠰᠬᠠᠯᠲᠤ ᠵᠦᠢ᠍ᠯ᠎ᠤᠨ ᠳᠦᠷᠦᠯ ᠢᠯᠭ᠋ᠠᠯ᠂ ᠣᠨ ᠵᠢᠯ᠂ ᠡᠷᠬᠡ ᠵᠢᠨ ᠬᠠᠷᠢᠶᠠᠯᠠᠯ᠂ ᠬᠡᠷᠡᠭᠯᠡᠭᠰᠡᠨ ᠪᠠᠢ᠌ᠳᠠᠯ᠂ ᠬᠠᠳᠠᠭ᠋ᠠᠯᠠᠭᠰᠠᠨ ᠪᠠᠢ᠌ᠳᠠᠯ ᠵᠡᠷᠭᠡ ᠪᠠᠭᠲᠠᠨ᠎ᠠ᠃

      ᠳᠥᠷᠪᠡ᠂ ᠴᠠᠭ᠎ᠤᠨ ᠲᠣᠬᠢᠷᠠᠭᠤᠯᠤᠯᠲᠠ

      ᠲᠥᠷᠥ ᠵᠢᠨ ᠶᠠᠪᠤᠳᠠᠯ᠎ᠤᠨ ᠬᠣᠷᠢᠶᠠᠨ᠎ᠤ ᠨᠢᠭᠡᠳᠦᠯᠲᠡᠢ ᠪᠠᠢ᠌ᠷᠢᠯᠠᠭᠤᠯᠤᠯᠲᠠ ᠶᠣᠰᠣᠭ᠋ᠠᠷ᠂ ᠲᠣᠰ ᠤᠳᠠᠭ᠋ᠠᠨ᠎ᠤ ᠨᠡᠢ᠌ᠳᠡᠮ ᠪᠠᠢ᠌ᠴᠠᠭ᠋ᠠᠯᠲᠠ ᠵᠢ 2023 ᠣᠨ᠎ᠤ 11 ᠰᠠᠷ᠎ᠠ᠎ᠠᠴᠠ ᠡᠬᠢᠯᠡᠵᠦ᠂ 2026 ᠣᠨ᠎ᠤ 6 ᠰᠠᠷ᠎ᠠ᠎ᠳᠤ ᠳᠠᠭᠤᠰᠬᠠᠬᠤ ᠪᠣᠯᠲᠠᠯ᠎ᠠ ᠭᠤᠷᠪᠠᠨ ᠱᠠᠲᠤ ᠬᠤᠪᠢᠶᠠᠨ ᠶᠠᠪᠤᠭᠳᠠᠭᠤᠯᠤᠨ᠎ᠠ᠃ ᠨᠡᠢ᠌ᠳᠡᠮ ᠪᠠᠢ᠌ᠴᠠᠭ᠋ᠠᠯᠲᠠ ᠵᠢᠨ ᠪᠠᠷᠢᠮᠵᠢᠶ᠎ᠠ ᠵᠢᠨ ᠴᠠᠭ᠎ᠨᠢ 2024 ᠣᠨ᠎ᠤ 4 ᠰᠠᠷ᠎ᠠ ᠵᠢᠨ 30᠎ᠤ ᠡᠳᠦᠷ᠃

     (ᠨᠢᠭᠡ) ᠨᠢᠭᠡᠳᠦᠭᠡᠷ ᠱᠠᠲᠤ᠃ 2023 ᠣᠨ᠎ᠤ 11 ᠰᠠᠷ᠎ᠠ᠎ᠠᠴᠠ 2024 ᠣᠨ᠎ᠤ 4 ᠰᠠᠷ᠎ᠠ ᠪᠣᠯᠲᠠᠯ᠎ᠠ᠃ ᠠᠵᠢᠯ᠎ᠤᠨ ᠡᠭᠦᠷᠭᠡ᠄ ᠡᠯ᠎ᠡ ᠱᠠᠲᠤᠨ᠎ᠤ ᠨᠡᠢ᠌ᠳᠡᠮ ᠪᠠᠢ᠌ᠴᠠᠭ᠋ᠠᠯᠲᠠ ᠵᠢᠨ ᠪᠠᠢ᠌ᠭᠤᠯᠤᠮᠵᠢ ᠪᠣᠯᠣᠨ ᠨᠡᠢ᠌ᠳᠡᠮ ᠪᠠᠢ᠌ᠴᠠᠭ᠋ᠠᠯᠲᠠ ᠵᠢᠨ ᠡᠩᠨᠡᠭᠡ ᠵᠢ ᠪᠠᠢ᠌ᠭᠤᠯᠵᠤ᠂ ᠨᠡᠢ᠌ᠳᠡᠮ ᠪᠠᠢ᠌ᠴᠠᠭ᠋ᠠᠯᠲᠠ ᠵᠢᠨ ᠠᠵᠢᠯ᠎ᠤᠨ ᠲᠥᠯᠥᠪᠯᠡᠭᠡ ᠲᠣᠭᠲᠠᠭ᠋ᠠᠨ᠂ ᠨᠡᠢ᠌ᠳᠡᠮ ᠪᠠᠢ᠌ᠴᠠᠭ᠋ᠠᠯᠲᠠ ᠵᠢᠨ ᠮᠡᠷᠭᠡᠵᠢᠯ᠎ᠤᠨ ᠪᠠᠷᠢᠮᠵᠢᠶ᠎ᠠ ᠪᠣᠯᠣᠨ ᠵᠢᠷᠤᠮᠵᠢᠯ᠎ᠤᠨ ᠶᠣᠰᠣᠭ᠋ᠠᠷ᠂ ᠨᠡᠢ᠌ᠳᠡᠮ ᠪᠠᠢ᠌ᠴᠠᠭ᠋ᠠᠯᠲᠠ ᠵᠢᠨ ᠰᠢᠰᠲ᠋ᠧᠮ᠎ᠢ ᠦᠨᠳᠦᠰᠦᠯᠡᠨ ᠵᠥᠭᠡᠯᠡᠨ ᠬᠡᠷᠡᠭᠰᠡᠯ ᠴᠤᠭᠯᠠᠭᠤᠯᠵᠤ᠂ ᠪᠣᠯᠪᠠᠰᠤᠷᠠᠭᠤᠯᠤᠯ᠂ ᠲᠤᠷᠰᠢᠯᠲᠠ ᠵᠢᠨ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠦᠨ᠎ᠡ᠃

     (ᠬᠣᠶᠠᠷ) ᠬᠣᠶᠠᠳᠤᠭ᠋ᠠᠷ ᠱᠠᠲᠤ᠃ 2024 ᠣᠨ᠎ᠤ 5 ᠰᠠᠷ᠎ᠠ᠎ᠠᠴᠠ 2025 ᠣᠨ᠎ᠤ 5 ᠰᠠᠷ᠎ᠠ ᠪᠣᠯᠲᠠᠯ᠎ᠠ᠃ ᠠᠵᠢᠯ᠎ᠤᠨ ᠡᠭᠦᠷᠭᠡ᠄ ᠬᠣᠰᠢᠭᠤ ᠰᠢᠶᠠᠨ ᠲᠣᠭᠣᠷᠢᠭ᠎ᠤᠨ ᠭᠠᠵᠠᠷ ᠣᠷᠣᠨ ᠵᠶ᠋ᠠᠷ ᠦᠨᠳᠦᠰᠦᠨ ᠨᠢᠭᠡᠴᠡ ᠪᠣᠯᠭ᠋ᠠᠵᠤ᠂ ᠲᠤᠬᠠᠢ ᠵᠢᠨ ᠭᠠᠵᠠᠷ᠎ᠲᠤᠨᠢ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠪᠠᠢ᠌ᠴᠠᠭ᠋ᠠᠯᠲᠠ ᠵᠢ ᠥᠷᠨᠢᠭᠦᠯᠦᠨ᠎ᠡ᠃

     (ᠭᠤᠷᠪᠠ) ᠭᠤᠷᠪᠠᠳᠤᠭ᠋ᠠᠷ ᠱᠠᠲᠤ᠃ 2025 ᠣᠨ᠎ᠤ 6 ᠰᠠᠷ᠎ᠠ᠎ᠠᠴᠠ 2026 ᠣᠨ᠎ᠤ 6 ᠰᠠᠷ᠎ᠠ ᠪᠣᠯᠲᠠᠯ᠎ᠠ᠃

      ᠠᠵᠢᠯ᠎ᠤᠨ ᠡᠭᠦᠷᠭᠡ᠄ ᠰᠢᠯᠵᠢᠭᠦᠯᠵᠦ ᠪᠣᠯᠣᠰᠢ ᠦᠭᠡᠢ ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠤᠯᠢ ᠶᠣᠰᠣᠭ᠋ᠠᠷ ᠮᠠᠭ᠋ᠠᠳᠯᠠᠨ ᠲᠣᠭᠲᠠᠭ᠋ᠠᠵᠤ᠂ ᠳᠡᠩᠰᠡᠯᠡᠨ ᠲᠡᠮᠳᠡᠭᠯᠡᠬᠦ ᠵᠢᠨ ᠬᠠᠮᠲᠤ ᠨᠡᠢ᠌ᠲᠡᠯᠡᠵᠦ᠂ ᠪᠥᠬᠦ ᠬᠤᠲᠠ ᠵᠢᠨ ᠰᠢᠯᠵᠢᠭᠦᠯᠵᠦ ᠪᠣᠯᠣᠰᠢ ᠦᠭᠡᠢ ᠲᠡᠦᠬᠡ ᠵᠢᠨ ᠳᠤᠷᠠᠰᠬᠠᠯᠲᠤ ᠵᠦᠢ᠍ᠯ᠎ᠤᠨ ᠡᠬᠢ ᠪᠠᠶᠠᠯᠢᠭ᠎ᠤᠨ ᠶᠡᠷᠦᠩᠬᠡᠢ ᠭᠠᠷᠴᠠᠭ᠎ᠢ ᠪᠠᠢ᠌ᠭᠤᠯᠤᠨ᠂ ᠰᠢᠯᠭ᠋ᠠᠨ ᠠᠪᠬᠤ ᠠᠵᠢᠯ᠎ᠢ ᠪᠡᠶᠡᠯᠡᠭᠦᠯᠬᠦ ᠵᠢᠨ ᠬᠠᠮᠲᠤ ᠨᠡᠢ᠌ᠭᠡᠮ ᠨᠡᠶ᠋ᠢᠲᠡ᠎ᠳᠤ ᠨᠡᠢ᠌ᠳᠡᠮ ᠪᠠᠢ᠌ᠴᠠᠭ᠋ᠠᠯᠲᠠ ᠵᠢᠨ ᠦᠷ᠎ᠡ ᠪᠦᠲᠦᠭᠡᠯ᠎ᠢ ᠨᠡᠢ᠌ᠲᠡᠯᠡᠨ᠎ᠡ᠃

      ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠪᠣᠯᠣᠨ ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠨᠡᠢ᠌ᠳᠡᠮ ᠪᠠᠢ᠌ᠴᠠᠭ᠋ᠠᠯᠲᠠ ᠵᠢᠨ ᠦᠷ᠎ᠡ ᠳ᠋ᠦᠩ᠎ᠢ ᠦᠨᠳᠦᠰᠦᠯᠡᠨ᠂ ᠰᠢᠯᠵᠢᠭᠦᠯᠵᠦ ᠪᠣᠯᠣᠰᠢ ᠦᠭᠡᠢ ᠴᠢᠬᠤᠯᠠ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠵᠣᠬᠢᠬᠤ ᠲᠠᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠨᠢᠭᠡᠴᠡ᠎ᠪᠠᠷ ᠴᠠᠭ᠎ᠲᠤᠨᠢ ᠲᠣᠬᠢᠷᠠᠭᠤᠯᠤᠨ ᠬᠢᠨᠠᠨ ᠲᠣᠭᠲᠠᠭ᠋ᠠᠵᠤ ᠨᠡᠢ᠌ᠲᠡᠯᠡᠨ᠎ᠡ᠃

      ᠲᠠᠪᠤ᠂ ᠪᠠᠲᠤᠯᠠᠭ᠎ᠠ ᠵᠢᠨ ᠠᠷᠭ᠎ᠠ ᠬᠡᠮᠵᠢᠶ᠎ᠡ

     (ᠨᠢᠭᠡ) ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠦᠨ᠎ᠡ᠃ ᠳᠥᠷᠪᠡᠳᠦᠭᠡᠷ ᠤᠳᠠᠭ᠋ᠠᠨ᠎ᠤ ᠪᠦᠬᠦ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠨᠡᠢ᠌ᠳᠡᠮ ᠪᠠᠢ᠌ᠴᠠᠭ᠋ᠠᠯᠲᠠ ᠪᠣᠯ ᠤᠯᠤᠰ᠎ᠤᠨ ᠪᠠᠢ᠌ᠳᠠᠯ ᠤᠯᠤᠰ᠎ᠤᠨ ᠬᠦᠴᠦᠨ᠎ᠤ ᠪᠠᠢ᠌ᠴᠠᠭ᠋ᠠᠯᠲᠠ ᠵᠢᠨ ᠤᠯᠤᠰ᠎ᠤᠨ ᠲᠡᠦᠬᠡ ᠰᠣᠶᠣᠯ᠎ᠤᠨ ᠥᠪ᠎ᠤᠨ ᠠᠮᠤᠷ ᠲᠦᠪᠰᠢᠨ᠎ᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠂ ᠮᠠᠨ᠎ᠤ ᠤᠯᠤᠰ᠎ᠤᠨ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠴᠢᠬᠤᠯᠠ ᠰᠠᠭᠤᠷᠢ ᠠᠵᠢᠯ ᠮᠥᠨ᠂ ᠲᠡᠦᠬᠡ ᠵᠢᠨ ᠳᠤᠷᠠᠰᠬᠠᠯᠲᠤ ᠵᠦᠢ᠍ᠯ᠎ᠤᠨ ᠠᠵᠢᠯ᠎ᠤᠨ ᠲᠤᠬᠠᠢ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠥᠭᠦᠯᠡᠯᠲᠡ ᠪᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠰᠣᠶᠣᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠳᠤ ᠲᠤᠢ᠌ᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ᠃ ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠨᠡᠢ᠌ᠳᠡᠮ ᠪᠠᠢ᠌ᠴᠠᠭ᠋ᠠᠯᠲᠠ ᠵᠢᠨ ᠴᠢᠬᠤᠯᠠ ᠴᠢᠨᠠᠷ᠎ᠢ ᠭᠦᠢ᠍ᠴᠡᠳ ᠲᠠᠨᠢᠵᠤ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠂ ᠨᠠᠷᠢᠨ ᠨᠢᠭᠲᠠ ᠪᠠᠢ᠌ᠷᠢᠯᠠᠭᠤᠯᠵᠤ᠂ ᠤᠬᠠᠭᠤᠯᠬᠤ ᠠᠵᠢᠯ᠎ᠢ ᠰᠠᠢ᠌ᠲᠤᠷ ᠬᠢᠵᠦ᠂ ᠨᠡᠢ᠌ᠳᠡᠮ ᠪᠠᠢ᠌ᠴᠠᠭ᠋ᠠᠯᠲᠠ ᠵᠢᠨ ᠡᠭᠦᠷᠭᠡ᠎ᠪᠠᠨ ᠬᠤᠭᠤᠴᠠᠭ᠎ᠠ ᠶᠣᠰᠣᠭ᠋ᠠᠷ ᠴᠢᠨᠠᠷ᠎ᠢ ᠪᠠᠲᠤᠯᠠᠨ ᠪᠡᠶᠡᠯᠡᠭᠦᠯᠬᠦ ᠵᠢ ᠦᠨᠡᠨᠬᠦ ᠪᠠᠲᠤᠯᠠᠬᠤ ᠬᠡᠷᠡᠭᠲᠡᠢ᠃

     (ᠬᠣᠶᠠᠷ) ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠮᠵᠢ ᠪᠠᠢ᠌ᠭᠤᠯᠤᠨ᠎ᠠ᠃ ᠪᠠᠶᠠᠨᠨᠠᠭᠤᠷ ᠬᠤᠳᠠ ᠵᠢᠨ ᠳᠥᠷᠪᠡᠳᠦᠭᠡᠷ ᠤᠳᠠᠭ᠋ᠠᠨ᠎ᠤ ᠪᠥᠬᠦ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠨᠡᠢ᠌ᠳᠡᠮ ᠪᠠᠢ᠌ᠴᠠᠭ᠋ᠠᠯᠲᠠ ᠵᠢᠨ ᠤᠳᠤᠷᠢᠳᠬᠤ ᠳᠤᠭᠤᠢ᠌ᠯᠠᠩ ᠎ᠢ ᠪᠠᠢ᠌ᠭᠤᠯᠵᠤ᠂ ᠨᠡᠢ᠌ᠳᠡᠮ ᠪᠠᠢ᠌ᠴᠠᠭ᠋ᠠᠯᠲᠠ ᠵᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠳᠤᠮᠳᠠᠬᠢ ᠴᠢᠬᠤᠯᠠ ᠶᠡᠬᠡ ᠠᠰᠠᠭᠤᠳᠠᠯ᠎ᠢ ᠰᠤᠳᠤᠯᠬᠤ ᠪᠠ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠢ ᠬᠠᠷᠢᠭᠤᠴᠠᠵᠤ᠂ ᠨᠡᠢ᠌ᠳᠡᠮ ᠪᠠᠢ᠌ᠴᠠᠭ᠋ᠠᠯᠲᠠ ᠵᠢᠨ ᠲᠥᠰᠥᠯ ᠬᠢᠭᠡᠳ ᠬᠣᠯᠪᠣᠭᠳᠠᠯ ᠪᠦᠬᠦᠢ ᠴᠢᠬᠤᠯᠠ ᠤᠴᠢᠷ᠎ᠢ ᠬᠢᠨᠠᠨ ᠲᠣᠭᠲᠠᠭ᠋ᠠᠵᠤ᠂ ᠪᠠᠶᠠᠨᠨᠠᠭᠤᠷ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠡᠷᠡᠭ ᠵᠥᠪᠯᠡᠵᠦ ᠵᠣᠬᠢᠴᠠᠭᠤᠯᠬᠤ ᠪᠠᠢ᠌ᠭᠤᠯᠤᠮᠵᠢ ᠪᠣᠯᠭ᠋ᠠᠬᠤ ᠦᠭᠡᠢ᠂ ᠡᠭᠦᠷᠭᠡ᠎ᠪᠠᠨ ᠪᠡᠶᠡᠯᠡᠭᠦᠯᠦᠭᠰᠡᠨ᠎ᠤ ᠲᠠᠷᠠᠭ᠎ᠠ ᠠᠶᠠᠨᠳᠠᠭ᠋ᠠᠨ ᠬᠦᠴᠦᠨ ᠦᠭᠡᠢ ᠪᠣᠯᠭ᠋ᠠᠨ᠎ᠠ᠃ ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠪᠥᠬᠦ ᠬᠤᠲᠠ ᠵᠢᠨ ᠨᠢᠭᠡᠳᠦᠯᠲᠡᠢ ᠲᠣᠬᠢᠷᠠᠭᠤᠯᠤᠯᠲᠠ ᠪᠠᠢ᠌ᠷᠢᠯᠠᠭᠤᠯᠤᠯᠲᠠ ᠶᠣᠰᠣᠭ᠋ᠠᠷ᠂ ᠵᠣᠬᠢᠬᠤ ᠨᠡᠢ᠌ᠳᠡᠮ ᠪᠠᠢ᠌ᠴᠠᠭ᠋ᠠᠯᠲᠠ ᠵᠢᠨ ᠲᠣᠭᠲᠠᠴᠠ ᠵᠢ ᠪᠠᠢ᠌ᠭᠤᠯᠵᠤ᠂ ᠲᠣᠰ ᠭᠠᠵᠠᠷ ᠣᠷᠣᠨ᠎ᠤ᠎ᠪᠠᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠨᠡᠢ᠌ᠳᠡᠮ ᠪᠠᠢ᠌ᠴᠠᠭ᠋ᠠᠯᠲᠠ ᠵᠢᠨ ᠠᠵᠢᠯ᠎ᠢ ᠬᠢᠨᠠᠮᠠᠭ᠋ᠠᠢ ᠰᠠᠢ᠌ᠲᠤᠷ ᠬᠢᠬᠦ ᠬᠡᠷᠡᠭᠲᠡᠢ; ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠭᠠᠭᠴᠠᠮᠳᠤ ᠪᠣᠭᠣᠮᠲᠠ ᠵᠢᠨ ᠬᠠᠮᠢᠶᠠᠷᠤᠯᠲᠠ ᠵᠢᠨ ᠵᠥᠪᠯᠡᠯ᠂ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠵᠡᠷᠭᠡ ᠵᠢᠨ ᠣᠷᠣᠨ᠎ᠤ ᠬᠠᠮᠢᠶᠠᠷᠤᠯᠲᠠ ᠵᠢᠨ (ᠪᠡᠯᠡᠳᠬᠡᠯ) ᠵᠢᠨ ᠵᠥᠪᠯᠡᠯ᠎ᠤᠨ ᠠᠯᠪᠠᠨ ᠭᠡᠷ᠎ᠨᠢ ᠨᠡᠢ᠌ᠳᠡᠮ᠎ᠤᠨ ᠪᠠᠢ᠌ᠴᠠᠭ᠋ᠠᠯᠲᠠ ᠵᠢᠨ ᠠᠵᠢᠯ᠎ᠢ ᠬᠠᠮᠵᠢᠯᠴᠠᠨ ᠰᠠᠢ᠌ᠲᠤᠷ ᠬᠢᠨ᠎ᠡ; ᠬᠤᠳᠠ ᠵᠢᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠤᠰ ᠲᠤᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠨ᠂ ᠲᠤᠰ ᠲᠤᠰ ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠨᠢᠭᠲᠠ ᠬᠠᠮᠵᠢᠯᠴᠠᠨ᠂ ᠲᠤᠰ ᠰᠢᠰᠲ᠋ᠧᠮ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠰᠦᠪᠡᠭᠴᠢ ᠵᠢ ᠢᠳᠡᠪᠬᠢᠲᠡᠢ᠎ᠪᠠᠷ ᠬᠠᠩᠭ᠋ᠠᠵᠤ᠂ ᠲᠤᠰ ᠰᠢᠰᠲ᠋ᠧᠮ᠎ᠤᠨ ᠬᠣᠯᠪᠣᠭᠳᠠᠯ ᠪᠦᠬᠦᠢ ᠨᠢᠭᠡᠴᠡ᠂ ᠠᠵᠢᠯᠲᠠᠨ᠎ᠢ ᠵᠣᠬᠢᠶᠠᠨ ᠪᠠᠢ᠌ᠭᠤᠯᠤᠨ ᠲᠠᠶ᠋ᠢᠴᠢᠯᠠᠵᠦ ᠲᠡᠦᠬᠡ ᠵᠢᠨ ᠳᠤᠷᠠᠰᠬᠠᠯᠲᠤ ᠵᠦᠢ᠍ᠯ ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠠᠢ ᠬᠠᠮᠵᠢᠯᠴᠠᠨ ᠨᠡᠢ᠌ᠳᠡᠮ ᠪᠠᠢ᠌ᠴᠠᠭ᠋ᠠᠯᠲᠠ ᠵᠢᠨ ᠠᠵᠢᠯ᠎ᠢ ᠰᠠᠢ᠌ᠲᠤᠷ ᠬᠢᠵᠦ᠂ ᠨᠡᠢ᠌ᠳᠡᠮ ᠪᠠᠢ᠌ᠴᠠᠭ᠋ᠠᠯᠲᠠ ᠵᠢᠨ ᠳᠤᠮᠳᠠᠬᠢ ᠲᠤᠰ ᠰᠢᠰᠲ᠋ᠧᠮ᠎ᠳᠤ ᠬᠣᠯᠪᠣᠭᠳᠠᠬᠤ ᠬᠦᠴᠢᠷᠳᠡᠯ ᠪᠣᠯᠣᠨ ᠠᠰᠠᠭᠤᠳᠠᠯ ᠎ᠢ ᠬᠠᠮᠵᠢᠯᠴᠠᠨ ᠰᠤᠳᠤᠯᠤᠨ ᠰᠢᠢ᠍ᠳᠪᠦᠷᠢᠯᠡᠬᠦ ᠬᠡᠷᠡᠭᠲᠡᠢ᠃

     (ᠭᠤᠷᠪᠠ) ᠨᠡᠢ᠌ᠳᠡᠮ ᠪᠠᠢ᠌ᠴᠠᠭ᠋ᠠᠯᠲᠠ ᠵᠢᠨ ᠡᠩᠨᠡᠭᠡ ᠵᠢ ᠲᠣᠭᠲᠠᠪᠤᠷᠢᠵᠢᠭᠤᠯᠤᠨ᠎ᠠ᠃ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ᠂ ᠮᠠᠨ᠎ᠤ ᠬᠤᠳᠠ ᠵᠢᠨ ᠨᠡᠢ᠌ᠳᠡᠮ ᠪᠠᠢ᠌ᠴᠠᠭ᠋ᠠᠯᠲᠠ ᠵᠢᠨ ᠪᠠᠢ᠌ᠭᠤᠯᠤᠮᠵᠢ᠎ᠨᠢ ᠨᠥᠬᠥᠴᠡᠯ᠎ᠳᠤ ᠨᠡᠢ᠌ᠴᠡᠬᠦ ᠬᠥᠮᠥᠰ᠎ᠢ ᠤᠷᠢᠨ ᠬᠡᠷᠡᠭᠯᠡᠬᠦ ᠪᠤᠶᠤ ᠬᠣᠯᠪᠣᠭᠳᠠᠯ ᠪᠦᠬᠦᠢ ᠨᠢᠭᠡᠴᠡ᠎ᠠᠴᠠ ᠵᠥᠪᠳᠡᠯᠴᠡᠨ ᠰᠢᠯᠵᠢᠭᠦᠯᠵᠦ ᠨᠡᠢ᠌ᠳᠡᠮ ᠪᠠᠢ᠌ᠴᠠᠭ᠋ᠠᠯᠲᠠ ᠵᠢᠨ ᠡᠩᠨᠡᠭᠡᠨ᠎ᠳᠤ ᠣᠷᠣᠭᠤᠯᠵᠤ ᠪᠣᠯᠣᠨ᠎ᠠ᠂ ᠤᠷᠢᠨ ᠬᠡᠷᠡᠭᠯᠡᠭᠰᠡᠨ ᠬᠥᠮᠥᠰ᠎ᠤᠨ ᠬᠥᠳᠡᠯᠮᠦᠷᠢ ᠦᠢ᠍ᠯᠡᠴᠢᠯᠡᠭᠡᠨ᠎ᠤ ᠵᠠᠷᠤᠳᠠᠯ᠎ᠢ ᠨᠡᠢ᠌ᠳᠡᠮ ᠪᠠᠢ᠌ᠴᠠᠭ᠋ᠠᠯᠲᠠ ᠵᠢᠨ ᠵᠠᠷᠤᠳᠠᠯ᠎ᠤᠨ ᠳᠣᠲᠣᠷ᠎ᠠ᠎ᠠᠴᠠ ᠭᠠᠷᠭ᠋ᠠᠵᠤ᠂ ᠤᠷᠢᠨ ᠬᠡᠷᠡᠭᠯᠡᠭᠰᠡᠨ ᠨᠢᠭᠡᠴᠡ᠎ᠠᠴᠠ ᠥᠭᠭᠦᠨ᠎ᠡ᠂ ᠵᠥᠪᠳᠡᠯᠴᠡᠨ ᠰᠢᠯᠵᠢᠭᠦᠯᠦᠭᠰᠡᠨ ᠬᠥᠮᠥᠰ ᠤᠤᠯ᠎ᠤᠨ ᠨᠢᠭᠡᠴᠡ ᠵᠢᠨ ᠠᠵᠢᠯ᠎ᠤᠨ ᠪᠠᠢ᠌ᠷᠢ ᠵᠢ᠎ᠨᠢ ᠦᠯᠡᠳᠡᠭᠡᠵᠦ᠂ ᠴᠠᠯᠢᠩ᠂ ᠠᠰᠠᠷᠠᠮᠵᠢ ᠵᠢᠴᠢ ᠪᠤᠰᠤᠳ ᠣᠯᠭᠣᠮᠵᠢ ᠵᠢ᠎ᠨᠢ ᠪᠠᠭᠤᠷᠠᠭᠤᠯᠬᠤ ᠦᠭᠡᠢ᠃ ᠳᠡᠭᠡᠳᠦ ᠰᠤᠷᠭ᠋ᠠᠭᠤᠯᠢ᠎ᠲᠠᠢ ᠬᠠᠮᠲᠤᠷᠠᠨ ᠬᠠᠮᠢᠶ᠎ᠠ ᠪᠦᠬᠦᠢ ᠲᠤᠰᠬᠠᠢ ᠮᠡᠷᠭᠡᠵᠢᠯ᠎ᠤᠨ ᠰᠣᠷᠣᠭᠴᠢ ᠵᠢ ᠲᠡᠦᠬᠡ ᠵᠢᠨ ᠳᠤᠷᠠᠰᠬᠠᠯᠲᠤ ᠵᠦᠢ᠍ᠯ᠎ᠤᠨ ᠨᠡᠢ᠌ᠳᠡᠮ ᠪᠠᠢ᠌ᠴᠠᠭ᠋ᠠᠯᠲᠠ᠎ᠳᠤ ᠣᠷᠣᠯᠴᠠᠭᠤᠯᠬᠤ ᠵᠢᠨ ᠬᠠᠮᠲᠤ ᠲᠡᠳᠡᠨ᠎ᠤ ᠵᠢᠭ᠋ᠠᠨ ᠰᠤᠷᠭ᠋ᠠᠯᠲᠠ ᠵᠢᠨ ᠳᠠᠳᠤᠯᠭ᠎ᠠ ᠵᠢᠨ ᠬᠢᠴᠢᠶᠡᠯ ᠪᠣᠯᠭ᠋ᠠᠵᠤ ᠪᠣᠯᠣᠨ᠎ᠠ᠃

     (ᠳᠥᠷᠪᠡ) ᠨᠡᠢ᠌ᠳᠡᠮ ᠪᠠᠢ᠌ᠴᠠᠭ᠋ᠠᠯᠲᠠ ᠵᠢᠨ ᠵᠠᠷᠤᠳᠠᠯ᠎ᠢ ᠨᠠᠢ᠌ᠳᠠᠪᠤᠷᠢᠵᠢᠭᠤᠯᠬᠤ ᠬᠡᠷᠡᠭᠲᠡᠢ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠰᠣᠶᠣᠯ᠎ᠤᠨ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠢ᠌ᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠥᠯ》᠎ᠤᠨ ᠶᠣᠰᠣᠭ᠋ᠠᠷ᠂ ᠲᠣᠰ ᠤᠳᠠᠭ᠋ᠠᠨ᠎ᠤ ᠨᠡᠢ᠌ᠳᠡᠮ ᠪᠠᠢ᠌ᠴᠠᠭ᠋ᠠᠯᠲᠠ᠎ᠳᠤ ᠬᠡᠷᠡᠭᠰᠡᠬᠦ ᠵᠠᠷᠤᠳᠠᠯ᠎ᠢ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ ᠎ᠠᠴᠠ ᠰᠢᠯᠵᠢᠭᠦᠯᠦᠨ ᠥᠭᠬᠦ᠎ᠪᠠᠷ ᠳᠠᠮᠵᠢᠭᠤᠯᠤᠨ ᠨᠥᠬᠥᠪᠦᠷᠢ ᠥᠭᠬᠦ᠎ᠠᠴᠠ ᠭᠠᠳᠠᠨ᠎ᠠ᠂ ᠣᠷᠣᠨ ᠨᠤᠲᠤᠭ᠎ᠤᠨ ᠡᠭᠦᠷᠭᠡᠯᠡᠬᠦ ᠬᠡᠰᠡᠭ᠎ᠢ ᠬᠡᠷᠡᠭᠵᠢᠭᠦᠯᠬᠦ ᠭᠣᠣᠯ ᠴᠣᠭᠴᠠ ᠵᠢᠨ ᠬᠠᠷᠢᠶᠠᠯᠠᠭᠳᠠᠬᠤ ᠬᠠᠷᠢᠴᠠᠭ᠎ᠠ ᠵᠢ ᠦᠨᠳᠦᠰᠦᠯᠡᠨ ᠠᠳᠠᠯᠢ ᠱᠠᠲᠤᠨ᠎ᠤ ᠡᠳ᠋᠎ᠤᠨ ᠵᠠᠰᠠᠭ ᠎ᠠᠴᠠ ᠡᠭᠦᠷᠭᠡᠯᠡᠨ᠎ᠡ᠃ ᠣᠷᠣᠨ ᠨᠤᠲᠤᠭ᠎ᠤᠨ ᠡᠭᠦᠷᠭᠡᠯᠡᠬᠦ ᠵᠠᠷᠤᠳᠠᠯ᠎ᠢ ᠪᠠᠶᠠᠨᠨᠠᠭᠤᠷ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ ᠪᠣᠯᠣᠨ ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠠᠴᠠ ᠵᠦᠢ ᠵᠣᠬᠢᠰᠲᠠᠢ ᠲᠥᠰᠥᠭᠡᠯᠡᠨ ᠪᠤᠳᠤᠵᠤ᠂ ᠲᠥᠪ᠂ ᠥᠪᠡᠷᠲᠡᠭᠡᠨ ᠵᠠᠰᠠᠬᠤ ᠣᠷᠣᠨ ᠪᠣᠯᠣᠨ ᠮᠠᠨ᠎ᠤ ᠬᠤᠳᠠ ᠵᠢᠨ ᠬᠣᠯᠪᠣᠭᠳᠠᠯ ᠪᠦᠬᠦᠢ ᠨᠠᠮ ᠵᠠᠰᠠᠭ᠎ᠤᠨ ᠪᠠᠢ᠌ᠭᠤᠯᠤᠯᠭ᠎ᠠ ᠵᠢᠨ ᠠᠷᠪᠢᠯᠠᠨ ᠭᠠᠮᠨᠠᠬᠤ ᠠᠯᠢ ᠤᠯᠠᠨ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠤᠳᠤ ᠪᠠᠢ᠌ᠭ᠎ᠠ ᠪᠡᠯᠡ ᠮᠥᠩᠭᠥ ᠵᠢᠨ ᠡᠬᠢ ᠪᠠᠶᠠᠯᠢᠭ᠎ᠢ ᠭᠦᠢ᠍ᠴᠡᠳ ᠠᠰᠢᠭᠯᠠᠨ᠂ 2024 ᠣᠨ᠎ᠤ ᠰᠠᠯᠠᠭ᠎ᠠ ᠮᠥᠴᠢᠷ᠎ᠤᠨ ᠲᠥᠰᠥᠪ᠎ᠤᠨ ᠲᠣᠬᠢᠷᠠᠭᠤᠯᠤᠯᠲᠠ ᠵᠢᠨ ᠪᠠᠢ᠌ᠳᠠᠯ᠎ᠲᠠᠢ ᠤᠶᠠᠯᠳᠤᠭᠤᠯᠤᠨ᠂ ᠨᠡᠢ᠌ᠳᠡᠮ ᠪᠠᠢ᠌ᠴᠠᠭ᠋ᠠᠯᠲᠠ ᠵᠢᠨ ᠠᠵᠢᠯ᠎ᠤᠨ ᠤᠷᠤᠭᠰᠢᠲᠠᠢ ᠶᠠᠪᠤᠭᠳᠠᠬᠤ ᠵᠢ ᠪᠠᠲᠤᠯᠠᠬᠤ ᠬᠡᠷᠡᠭᠲᠡᠢ᠃

     (ᠲᠠᠪᠤ) ᠨᠡᠢ᠌ᠳᠡᠮ ᠪᠠᠢ᠌ᠴᠠᠭ᠋ᠠᠯᠲᠠ ᠵᠢᠨ ᠬᠠᠮᠢᠶᠠᠷᠤᠯᠲᠠ ᠵᠢ ᠰᠠᠢ᠌ᠲᠤᠷ ᠬᠢᠬᠦ ᠬᠡᠷᠡᠭᠲᠡᠢ᠃ ᠲᠡᠦᠬᠡ ᠵᠢᠨ ᠳᠤᠷᠠᠰᠬᠠᠯᠲᠤ ᠵᠦᠢ᠍ᠯ᠎ᠤᠨ ᠨᠡᠢ᠌ᠳᠡᠮ ᠪᠠᠢ᠌ᠴᠠᠭ᠋ᠠᠯᠲᠠ ᠵᠢᠨ ᠬᠠᠷᠢᠭᠤᠴᠠᠯᠭ᠎ᠠ ᠵᠢᠨ ᠰᠢᠰᠲ᠋ᠧᠮ᠎ᠢ ᠪᠠᠢ᠌ᠭᠤᠯᠤᠨ ᠪᠦᠷᠢᠨᠰᠢᠭᠦᠯᠵᠦ᠂ ᠪᠠᠶᠠᠨᠨᠠᠭᠤᠷ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ ᠪᠣᠯᠣᠨ ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠬᠤᠳᠠ ᠵᠢᠨ ᠱᠠᠲᠤ ᠪᠣᠯᠣᠨ ᠡᠯ᠎ᠡ ᠬᠣᠰᠢᠭᠤ ᠰᠢᠶᠠᠨ ᠲᠣᠭᠣᠷᠢᠭ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠬᠢᠨᠠᠨ ᠬᠠᠮᠢᠶᠠᠷᠬᠤ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠬᠤᠳᠠ ᠵᠢᠨ ᠱᠠᠲᠤ ᠪᠣᠯᠣᠨ ᠬᠣᠰᠢᠭᠤ ᠰᠢᠶᠠᠨ ᠲᠣᠭᠣᠷᠢᠭ᠎ᠤᠨ ᠱᠠᠲᠤᠨ᠎ᠤ ᠨᠡᠢ᠌ᠳᠡᠮ ᠪᠠᠢ᠌ᠴᠠᠭ᠋ᠠᠯᠲᠠ ᠵᠢᠨ ᠪᠠᠢ᠌ᠭᠤᠯᠤᠮᠵᠢ᠎ᠨᠤᠭᠤᠳ ᠰᠢᠭᠤᠳ ᠬᠠᠷᠢᠭᠤᠴᠠᠯᠭ᠎ᠠ ᠵᠢ ᠡᠭᠦᠷᠭᠡᠯᠡᠨ᠎ᠡ᠃ ᠨᠡᠢ᠌ᠳᠡᠮ ᠪᠠᠢ᠌ᠴᠠᠭ᠋ᠠᠯᠲᠠ ᠵᠢᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠮᠥᠷᠳᠡᠬᠦ ᠲᠣᠭᠲᠠᠴᠠ ᠵᠢ ᠪᠠᠢ᠌ᠭᠤᠯᠵᠤ᠂ ᠪᠠᠶᠠᠨᠨᠠᠭᠤᠷ ᠬᠤᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ (ᠲᠡᠦᠬᠡ ᠰᠣᠶᠣᠯ᠎ᠤᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ)᠎ᠠᠴᠠ ᠨᠡᠢ᠌ᠳᠡᠮ ᠪᠠᠢ᠌ᠴᠠᠭ᠋ᠠᠯᠲᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠠᠵᠢᠯ᠎ᠢ ᠨᠢᠭᠡᠳᠦᠯᠲᠡᠢ ᠬᠠᠷᠢᠭᠤᠴᠠᠵᠤ᠂ ᠡᠯ᠎ᠡ ᠬᠣᠰᠢᠭᠤ ᠰᠢᠶᠠᠨ ᠲᠣᠭᠣᠷᠢᠭ᠎ᠤᠨ ᠨᠡᠢ᠌ᠳᠡᠮ ᠪᠠᠢ᠌ᠴᠠᠭ᠋ᠠᠯᠲᠠ ᠵᠢᠨ ᠪᠠᠢ᠌ᠭᠤᠯᠤᠮᠵᠢ ᠵᠢ ᠵᠢᠯᠣᠭᠣᠳᠤᠨ ᠳᠡᠩᠰᠡᠯᠡᠨ ᠲᠡᠮᠳᠡᠭᠯᠡᠭᠰᠡᠨ ᠮᠡᠳᠡᠭᠡ ᠵᠠᠩᠭᠢ ᠵᠢ ᠦᠨᠡᠨ ᠪᠣᠳᠠᠲᠠᠢ᠎ᠪᠠᠷ ᠲᠠᠭᠯᠠᠨ ᠮᠡᠳᠡᠭᠦᠯᠵᠦ᠂ ᠨᠡᠢ᠌ᠳᠡᠮ ᠪᠠᠢ᠌ᠴᠠᠭ᠋ᠠᠯᠲᠠ ᠵᠢᠨ ᠶᠠᠰᠤ ᠴᠢᠨᠠᠷ᠎ᠤᠨ ᠡᠵᠡᠮᠳᠡᠯ᠎ᠢ ᠴᠢᠩᠭ᠋ᠠᠳᠬᠠᠨ᠂ ᠨᠡᠢ᠌ᠳᠡᠮ ᠪᠠᠢ᠌ᠴᠠᠭ᠋ᠠᠯᠲᠠ ᠵᠢᠨ ᠲᠥᠰᠥᠯ᠎ᠢ ᠴᠢᠩᠭ᠎ᠠ ᠬᠡᠷᠡᠭᠵᠢᠭᠦᠯᠵᠦ᠂ ᠨᠡᠢ᠌ᠳᠡᠮ ᠪᠠᠢ᠌ᠴᠠᠭ᠋ᠠᠯᠲᠠ ᠵᠢᠨ ᠠᠵᠢᠯ᠎ᠤᠨ ᠴᠤᠪᠤᠷᠠᠯ᠎ᠢ ᠵᠢᠷᠤᠮᠵᠢᠭᠤᠯᠤᠨ᠂ ᠬᠡᠷᠡᠭ᠎ᠤᠨ ᠡᠮᠦᠨ᠎ᠡ ᠪᠠ ᠬᠡᠷᠡᠭ᠎ᠤᠨ ᠳᠤᠮᠳᠠ ᠪᠠ ᠬᠡᠷᠡᠭ᠎ᠤᠨ ᠳᠠᠷᠠᠭ᠋ᠠᠬᠢ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠵᠢ ᠴᠢᠩᠭ᠋ᠠᠷᠠᠭᠤᠯᠵᠤ᠂ ᠨᠡᠢ᠌ᠳᠡᠮ ᠪᠠᠢ᠌ᠴᠠᠭ᠋ᠠᠯᠲᠠ ᠵᠢᠨ ᠲᠣᠭ᠎ᠠ ᠪᠠᠷᠢᠮᠲᠠ ᠵᠢᠨ ᠦᠨᠡᠨ ᠪᠣᠳᠠᠲᠠᠢ ᠣᠨᠣᠪᠴᠢᠲᠠᠶ᠂ ᠪᠦᠷᠢᠨ ᠪᠦᠲᠦᠨ ᠢᠲᠡᠭᠡᠮᠵᠢᠲᠡᠢ ᠪᠠᠢ᠌ᠬᠤ ᠵᠢ ᠦᠨᠡᠨᠬᠦ ᠪᠠᠲᠤᠯᠠᠵᠤ᠂ ᠨᠡᠢ᠌ᠳᠡᠮ ᠪᠠᠢ᠌ᠴᠠᠭ᠋ᠠᠯᠲᠠ ᠵᠢᠨ ᠲᠣᠭ᠎ᠠ ᠪᠠᠷᠢᠮᠲᠠ ᠵᠢ ᠴᠤᠭᠯᠠᠭᠤᠯᠬᠤ᠂ ᠳᠠᠮᠵᠢᠭᠤᠯᠬᠤ᠂ ᠬᠠᠳᠠᠭ᠋ᠠᠯᠠᠬᠤ ᠪᠠ ᠬᠡᠷᠡᠭᠯᠡᠬᠦ ᠵᠢᠨ ᠠᠮᠤᠷ ᠲᠦᠪᠰᠢᠨ᠎ᠢ ᠦᠨᠡᠨᠬᠦ ᠪᠠᠲᠤᠯᠠᠬᠤ ᠬᠡᠷᠡᠭᠲᠡᠢ᠃ ᠨᠡᠢ᠌ᠳᠡᠮ ᠪᠠᠢ᠌ᠴᠠᠭ᠋ᠠᠯᠲᠠ ᠵᠢᠨ ᠲᠣᠭ᠎ᠠ ᠪᠠᠷᠢᠮᠲᠠ᠎ᠳᠤ ᠵᠣᠷᠢᠭᠤᠳᠠ ᠭᠠᠷ ᠲᠦᠷᠦᠭᠦ ᠡᠯ᠎ᠡ ᠵᠦᠢ᠍ᠯ᠎ᠤᠨ ᠥᠢ᠍ᠯᠡ ᠠᠵᠢᠯᠯᠠᠭ᠎ᠠ ᠵᠢ ᠡᠷᠡᠰ ᠬᠣᠷᠢᠭᠯᠠᠬᠤ ᠬᠡᠷᠡᠭᠲᠡᠢ᠃

     (ᠵᠢᠷᠭᠤᠭ᠎ᠠ) ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠨᠡᠬᠡᠮᠵᠢᠯᠡᠬᠦ ᠵᠢ ᠴᠢᠩᠳᠠᠯᠠᠨ᠎ᠠ᠃ ᠬᠤᠲᠠ ᠬᠣᠰᠢᠭᠤ (ᠰᠢᠶᠠᠨ᠂ ᠲᠣᠭᠣᠷᠢᠭ) ᠬᠣᠶᠠᠷ ᠱᠠᠲᠤᠨ᠎ᠤ ᠡᠯ᠎ᠡ ᠰᠠᠯᠠᠭ᠎ᠠ ᠮᠥᠴᠢᠷ ᠪᠣᠯᠣᠨ ᠨᠢᠭᠡᠴᠡ ᠵᠢᠴᠢ ᠬᠤᠪᠢ ᠬᠥᠮᠥᠨ ᠳᠡᠩᠰᠡᠯᠡᠨ ᠲᠡᠮᠳᠡᠭᠯᠡᠭᠰᠡᠨ ᠮᠡᠳᠡᠭᠡ ᠵᠠᠩᠭᠢ᠎ᠪᠠᠨ ᠦᠨᠡᠨ ᠮᠥᠨ ᠵᠶ᠋ᠠᠷ ᠲᠠᠭᠯᠠᠨ ᠮᠡᠳᠡᠭᠦᠯᠬᠦ ᠬᠡᠷᠡᠭᠲᠡᠢ᠂ ᠬᠤᠳᠠᠯ ᠵᠶ᠋ᠠᠷ ᠮᠡᠳᠡᠭᠦᠯᠬᠦ᠂ ᠮᠡᠳᠡᠭᠦᠯᠬᠦ ᠦᠭᠡᠢ ᠨᠢᠭᠤᠬᠤ᠂ ᠮᠡᠳᠡᠭᠦᠯᠬᠦ ᠵᠢ ᠲᠡᠪᠴᠢᠬᠦ᠂ ᠤᠳᠠᠭ᠋ᠠᠰᠢᠷᠠᠭᠤᠯᠤᠨ ᠮᠡᠳᠡᠭᠦᠯᠵᠦ ᠪᠣᠯᠬᠤ ᠦᠭᠡᠢ᠂ ᠨᠡᠢ᠌ᠳᠡᠮ ᠪᠠᠢ᠌ᠴᠠᠭ᠋ᠠᠯᠲᠠ ᠵᠢᠨ ᠮᠠᠲ᠋ᠧᠷᠢᠶᠠᠯ ᠪᠣᠯᠣᠨ ᠲᠣᠭ᠎ᠠ ᠪᠠᠷᠢᠮᠲᠠ ᠵᠢ ᠬᠠᠭᠤᠷᠮᠠᠭᠯᠠᠨ ᠵᠣᠬᠢᠶᠠᠬᠤ ᠪᠠ ᠥᠭᠡᠷᠡᠲᠦᠭᠦᠯᠵᠦ ᠪᠣᠯᠬᠤ ᠦᠭᠡᠢ᠂ ᠬᠡᠷᠪᠡ ᠳᠡᠭᠡᠷ᠎ᠡ ᠳᠤᠷᠠᠳᠤᠭᠰᠠᠨ ᠪᠠᠢ᠌ᠳᠠᠯ ᠭᠠᠷᠪᠠᠯ᠂ ᠬᠠᠤᠯᠢ ᠰᠠᠬᠢᠯᠭ᠎ᠠ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠢ᠃ ᠬᠤᠳᠠ ᠵᠢᠨ ᠱᠠᠲᠤᠨ᠎ᠤ ᠪᠠ ᠬᠣᠰᠢᠭᠤ ᠰᠢᠶᠠᠨ ᠲᠣᠭᠣᠷᠢᠭ᠎ᠤᠨ ᠱᠠᠲᠤᠨ᠎ᠤ ᠨᠡᠢ᠌ᠳᠡᠮ ᠪᠠᠢ᠌ᠴᠠᠭ᠋ᠠᠯᠲᠠ ᠵᠢᠨ ᠪᠠᠢ᠌ᠭᠤᠯᠤᠮᠵᠢ ᠬᠢᠭᠡᠳ ᠲᠡᠭᠦᠨ᠎ᠤ ᠠᠵᠢᠯᠲᠠᠳ ᠨᠡᠢ᠌ᠳᠡᠮ ᠪᠠᠢ᠌ᠴᠠᠭ᠋ᠠᠯᠲᠠ ᠵᠢᠨ ᠲᠣᠭ᠎ᠠ ᠪᠠᠷᠢᠮᠲᠠ ᠪᠣᠯᠣᠨ ᠮᠠᠲ᠋ᠧᠷᠢᠶᠠᠯ᠎ᠢ ᠲᠣᠬᠢᠲᠠᠢ ᠬᠠᠳᠠᠭ᠋ᠠᠯᠠᠵᠤ᠂ ᠨᠡᠢ᠌ᠳᠡᠮ ᠪᠠᠢ᠌ᠴᠠᠭ᠋ᠠᠯᠲᠠ ᠎ᠳᠤ ᠬᠣᠯᠪᠣᠭᠳᠠᠬᠤ ᠤᠯᠤᠰ᠎ᠤᠨ ᠨᠢᠭᠤᠴᠠ ᠵᠢ ᠬᠠᠮᠠᠭ᠋ᠠᠯᠠᠬᠤ ᠡᠭᠦᠷᠭᠡ ᠵᠢ ᠭᠦᠢ᠍ᠴᠡᠳᠬᠡᠬᠦ ᠬᠡᠷᠡᠭᠲᠡᠢ᠂ ᠬᠡᠷᠪᠡ ᠨᠢᠭᠤᠴᠠ ᠵᠢ ᠵᠠᠳᠠᠷᠠᠭᠤᠯᠤᠭᠰᠠᠨ ᠬᠡᠷᠡᠭ ᠭᠠᠷᠪᠠᠯ᠂ 《ᠪᠥᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠢᠭᠤᠴᠠ ᠵᠢ ᠬᠠᠮᠠᠭ᠋ᠠᠯᠠᠬᠤ ᠬᠠᠤᠯᠢ》 ᠵᠢᠨ ᠲᠣᠭᠲᠠᠭ᠋ᠠᠯ ᠶᠣᠰᠣᠭ᠋ᠠᠷ ᠰᠢᠢ᠍ᠳᠬᠡᠨ ᠲᠣᠷᠭ᠋ᠠᠬᠤ ᠬᠡᠷᠡᠭᠲᠡᠢ᠃ ᠲᠡᠦᠬᠡ ᠵᠢᠨ ᠳᠤᠷᠠᠰᠬᠠᠯᠲᠤ ᠵᠦᠢ᠍ᠯ᠎ᠢ ᠨᠡᠢ᠌ᠳᠡᠮ ᠪᠠᠢ᠌ᠴᠠᠭ᠋ᠠᠬᠤ ᠶᠠᠪᠤᠴᠠ᠎ᠳᠤ᠂ ᠬᠡᠷᠪᠡ ᠵᠣᠷᠢᠭᠤᠳᠠ ᠡᠪᠳᠡᠯᠡᠭᠰᠡᠨ᠂ ᠬᠢᠨᠠᠨ ᠬᠠᠮᠢᠶᠠᠷᠤᠭᠰᠠᠨ᠎ᠨᠢ ᠰᠤᠯᠠ ᠵᠡᠷᠭᠡ ᠰᠢᠯᠲᠠᠭ᠋ᠠᠨ᠎ᠠᠴᠠ ᠪᠣᠯᠵᠤ ᠨᠢᠭᠡᠨᠲᠡ ᠳᠠᠩᠰᠠᠯᠠᠭᠤᠯᠤᠭᠰᠠᠨ ᠲᠡᠦᠬᠡ ᠵᠢᠨ ᠳᠤᠷᠠᠰᠬᠠᠯᠲᠤ ᠵᠦᠢ᠍ᠯ᠎ᠢ ᠡᠪᠳᠡᠯᠡᠭᠡ᠎ᠳᠤ ᠤᠴᠠᠷᠠᠭᠤᠯᠤᠭᠰᠠᠨ᠂ ᠬᠦᠴᠦᠨ ᠦᠭᠡᠢ ᠪᠣᠯᠭ᠋ᠠᠭᠰᠠᠨ᠂ ᠤᠰᠠᠳᠬᠠᠵᠤ ᠭᠡᠭᠡᠭᠳᠡᠭᠦᠯᠦᠭᠰᠡᠨ ᠪᠠᠢ᠌ᠳᠠᠯ᠎ᠢ ᠣᠯᠵᠤ ᠮᠡᠳᠡᠪᠡᠯ᠂ ᠬᠠᠤᠯᠢ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠬᠦ ᠵᠢᠨ ᠬᠠᠮᠲᠤ ᠬᠠᠤᠯᠢ ᠰᠠᠬᠢᠯᠭ᠎ᠠ᠎ᠠᠴᠠ ᠵᠥᠷᠢᠴᠡᠭᠰᠡᠨ ᠰᠦᠪᠡᠭᠴᠢ ᠵᠢ ᠴᠠᠭ ᠲᠤᠬᠠᠢ᠎ᠳᠤᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠰᠢᠯᠵᠢᠭᠦᠯᠦᠨ ᠬᠦᠷᠭᠡᠬᠦ ᠬᠡᠷᠡᠭᠲᠡᠢ᠃


                ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ

                        2024 ᠣᠨ᠎ᠤ 3 ᠰᠠᠷ᠎ᠠ ᠵᠢᠨ 11᠎ᠤ ᠡᠳᠦᠷ


               (ᠲᠤᠰ ᠮᠠᠲ᠋ᠧᠷᠢᠶᠠᠯ᠎ᠨᠢ ᠬᠡᠰᠡᠭ ᠠᠭᠤᠯᠭ᠎ᠠ ᠵᠢ ᠬᠠᠰᠤᠪᠠ)


ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ