ᠠᠩᠬᠠᠳᠤᠭ᠋ᠠᠷ ᠬᠤᠭᠤᠴᠠᠭ᠋ᠠᠨ᠎ᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠷ᠎ᠠ ᠮᠡᠷᠭᠡᠰᠢᠯ᠎ᠤᠨ ᠱᠠᠩᠨᠠᠯ》 ᠬᠦᠷᠲᠡᠭᠰᠡᠳ᠎ᠢ ᠰᠠᠶ᠋ᠢᠰᠢᠶᠠᠨ ᠬᠥᠬᠢᠭᠦᠯᠬᠦ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠡᠪᠲᠡᠷᠡᠭᠦᠯᠭᠡ
ᠨᠡᠶ᠋ᠢᠲᠡᠯᠡᠭᠰᠡᠨ ᠴᠠᠭ᠄ 2024-07-23
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ
ᠥᠪᠥᠷ ᠵᠠᠰᠠᠭ ᠦᠰᠦᠭ [2024] 8 ᠳ᠋ᠤᠭ᠋ᠠᠷ ᠲᠣᠭ᠋ᠠᠲᠤ
ᠠᠩᠬᠠᠳᠤᠭ᠋ᠠᠷ ᠬᠤᠭᠤᠴᠠᠭ᠋ᠠᠨ᠎ᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠷ᠎ᠠ ᠮᠡᠷᠭᠡᠰᠢᠯ᠎ᠤᠨ ᠱᠠᠩᠨᠠᠯ》 ᠬᠦᠷᠲᠡᠭᠰᠡᠳ᠎ᠢ
ᠰᠠᠶ᠋ᠢᠰᠢᠶᠠᠨ ᠬᠥᠬᠢᠭᠦᠯᠬᠦ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠡᠪᠲᠡᠷᠡᠭᠦᠯᠭᠡ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠤᠷ᠎ᠠ ᠮᠡᠷᠭᠡᠰᠢᠯᠳᠦ ᠴᠢᠳᠠᠪᠤᠷᠢᠲᠠᠨ ᠪᠣᠯ ᠴᠢᠳᠠᠪᠤᠷᠢᠲᠠᠨ᠎ᠤ ᠡᠩᠨᠡᠭᠡ ᠵᠢᠨ ᠴᠢᠬᠤᠯᠠ ᠪᠦᠷᠢᠯᠳᠦᠭᠦᠨ ᠬᠡᠰᠡᠭ ᠮᠥᠨ᠂ ᠳᠤᠮᠳᠠᠳᠤ ᠤᠯᠤᠰ᠎ᠤᠨ ᠦᠢ᠍ᠯᠡᠳᠬᠡᠯ᠂ ᠳᠤᠮᠳᠠᠳᠤ ᠤᠯᠤᠰ᠎ᠤᠨ ᠡᠭᠦᠳᠦᠯᠲᠡ ᠵᠢ ᠲᠤᠯᠭ᠋ᠠᠭᠤᠷᠢᠯᠠᠬᠤ ᠴᠢᠬᠤᠯᠠ ᠬᠦᠴᠦᠨ ᠪᠣᠯᠣᠨ᠎ᠠ᠃ ᠰᠢᠨ᠎ᠡ ᠴᠠᠭ ᠦᠶ᠎ᠡ ᠵᠢᠨ ᠴᠢᠳᠠᠪᠤᠷᠢᠲᠠᠨ᠎ᠤ ᠠᠵᠢᠯ᠎ᠢ ᠰᠠᠶ᠋ᠢᠲᠤᠷ ᠬᠢᠬᠦ ᠲᠤᠬᠠᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠦᠵᠡᠯ ᠰᠠᠨᠠᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠤᠨ᠂ ᠨᠢᠭᠡ ᠪᠦᠯᠦᠭ ᠳᠡᠭᠡᠳᠦ ᠤᠷ᠎ᠠ ᠮᠡᠷᠬᠡᠰᠢᠯᠲᠦ ᠴᠢᠳᠠᠪᠤᠷᠢᠲᠠᠨ᠎ᠤ ᠨᠡᠶ᠋ᠢᠲᠡᠯᠢᠭ ᠵᠢᠱ᠌ᠢᠶ᠎ᠡ ᠵᠢ ᠪᠣᠶ ᠪᠣᠯᠭ᠋ᠠᠵᠤ᠂ ᠬᠥᠳᠡᠯᠮᠦᠷᠢ ᠢᠷᠠᠭᠤ ᠠᠯᠳᠠᠷᠲᠠᠢ᠂ ᠤᠷ᠎ᠠ ᠮᠡᠷᠭᠡᠰᠢᠯ ᠡᠷᠬᠢᠮ ᠨᠠᠨᠳᠢᠨ᠂ ᠡᠭᠦᠳᠦᠯᠲᠡ ᠠᠭᠤᠤ ᠶᠡᠭᠡ ᠬᠡᠮᠡᠭᠰᠡᠨ ᠴᠠᠭ ᠦᠶ᠎ᠡ ᠵᠢᠨ ᠬᠡᠪ ᠰᠤᠷᠲᠠᠯ᠎ᠢ ᠪᠠᠳᠠᠷᠠᠭᠤᠯᠤᠨ᠂ ᠪᠥᠬᠦ ᠣᠷᠣᠨ᠎ᠤ ᠤᠷ᠎ᠠ ᠮᠡᠷᠬᠡᠰᠢᠯᠲᠦ ᠴᠢᠳᠠᠪᠤᠷᠢᠲᠠᠨ᠎ᠤ ᠡᠷᠡᠮᠡᠬᠡᠶ᠋ᠢᠯᠡᠨ ᠤᠷᠤᠭᠰᠢᠯᠠᠵᠤ᠂ ᠭᠠᠪᠢᠶ᠎ᠠ ᠪᠠᠶ᠋ᠢᠭᠤᠯᠤᠨ ᠦᠢ᠍ᠯᠡᠰ ᠴᠣᠭᠴᠠᠯᠠᠬᠤ ᠵᠢ ᠬᠥᠲᠥᠯᠥᠨ ᠵᠢᠯᠤᠭᠤᠳᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠷ᠎ᠠ ᠮᠡᠷᠭᠡᠰᠢᠯ᠎ᠤᠨ ᠱᠠᠩᠨᠠᠯ》᠎ᠢ ᠲᠣᠬᠢᠷᠠᠭᠤᠯᠵᠤ᠂ ᠲᠣᠪᠣᠶ᠋ᠢᠮ᠎ᠠ ᠬᠤᠪᠢ ᠨᠡᠮᠡᠷᠢ ᠦᠵᠡᠭᠦᠯᠦᠭᠰᠡᠨ ᠳᠡᠭᠡᠳᠦ ᠤᠷ᠎ᠠ ᠮᠡᠷᠭᠡᠰᠢᠯᠳᠦ ᠴᠢᠳᠠᠪᠤᠷᠢᠲᠠᠨ᠎ᠢ ᠰᠠᠶ᠋ᠢᠰᠢᠶᠠᠨ ᠬᠥᠬᠢᠭᠦᠯᠬᠦ᠎ᠳᠤ ᠲᠣᠬᠢᠷᠠᠭᠤᠯᠤᠨ ᠬᠡᠷᠡᠭᠯᠡᠬᠦ᠎ᠪᠠᠷ ᠪᠣᠯᠪᠠ᠃ ᠬᠢᠨᠠᠨ ᠦᠨᠡᠯᠡᠵᠦ ᠵᠠᠷᠯᠠᠨ ᠨᠡᠶ᠋ᠢᠲᠡᠯᠡᠬᠦ ᠵᠡᠷᠭᠡ ᠭᠤᠭᠴᠤᠭ᠎ᠠ᠎ᠪᠠᠷ ᠳᠠᠮᠵᠢᠭ᠋ᠠᠳ᠂ ᠵᠠᠩ ᠸᠧᠨ ᠪᠢᠨ ᠵᠡᠷᠭᠡ 10 ᠬᠥᠮᠥᠨ᠎ᠢ ᠰᠠᠶ᠋ᠢᠰᠢᠶᠠᠨ ᠬᠥᠬᠢᠭᠦᠯᠵᠦ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠷ᠎ᠠ ᠮᠡᠷᠭᠡᠰᠢᠯ᠎ᠤᠨ ᠱᠠᠩᠨᠠᠯ》᠎ᠤᠨ ᠴᠣᠯᠠ ᠣᠯᠭᠤᠬᠤ᠎ᠪᠠᠷ ᠲᠣᠭᠲᠠᠪᠠ᠃
ᠰᠠᠶ᠋ᠢᠰᠢᠶᠠᠨ ᠬᠥᠬᠢᠭᠦᠯᠦᠭᠳᠡᠭᠰᠡᠨ ᠬᠥᠮᠥᠰ ᠢᠷᠠᠭᠤ ᠠᠯᠳᠠᠷ ᠵᠶ᠋ᠠᠨ ᠨᠠᠨᠳᠢᠩᠨᠠᠵᠤ᠂ ᠴᠤᠴᠠᠯᠲᠠ ᠦᠭᠡᠢ ᠴᠢᠷᠮᠠᠶ᠋ᠢᠨ᠂ ᠤᠷᠠᠨ ᠳᠠᠷᠬᠠᠨ᠎ᠤ ᠵᠣᠷᠢᠭ ᠰᠠᠨᠠᠭ᠎ᠠ ᠵᠢ ᠦᠢ᠍ᠯᠡᠳᠦᠯᠭᠡᠵᠢᠭᠦᠯᠵᠦ᠂ ᠵᠣᠷᠢᠭᠲᠠᠢ᠎ᠪᠠᠷ ᠰᠢᠨ᠎ᠡ ᠵᠢ ᠡᠭᠦᠳᠦᠨ᠂ ᠮᠡᠷᠭᠡᠰᠢᠯ ᠤᠯᠠᠮᠵᠢᠯᠠᠨ ᠬᠥᠮᠥᠨ ᠬᠥᠮᠥᠵᠢᠭᠦᠯᠬᠦ᠎ᠳᠤ᠎ᠪᠠᠨ ᠴᠢᠳᠠᠮᠠᠭ᠋ᠠᠶ᠋ᠢᠷᠠᠨ᠂ ᠰᠢᠨ᠎ᠡ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠰᠢᠨ᠎ᠡ ᠵᠢᠳᠬᠦᠯ ᠴᠢᠷᠮᠠᠶ᠋ᠢᠯᠭ᠎ᠠ ᠭᠠᠷᠭ᠋ᠠᠨ᠂ ᠰᠢᠨ᠎ᠡ ᠦᠷ᠎ᠡ ᠪᠦᠲᠦᠮᠵᠢ ᠣᠯᠬᠤ ᠵᠢ ᠬᠦᠰᠡᠵᠦ ᠪᠠᠶ᠋ᠢᠨ᠎ᠠ᠃ ᠡᠭᠦᠨ᠎ᠤ ᠬᠠᠮᠲᠤ᠂ ᠪᠥᠬᠦ ᠣᠷᠣᠨ᠎ᠤ ᠥᠷᠭᠡᠨ ᠣᠯᠠᠨ ᠬᠥᠳᠡᠯᠮᠦᠷᠢᠴᠢᠳ᠎ᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠷ᠎ᠠ ᠮᠡᠷᠭᠡᠰᠢᠯ᠎ᠤᠨ ᠱᠠᠩᠨᠠᠯ》 ᠬᠦᠷᠲᠡᠭᠴᠢ᠎ᠪᠠᠷ ᠳᠠᠭᠤᠷᠢᠶᠠᠯ ᠪᠣᠯᠭ᠋ᠠᠵᠤ᠂ ᠠᠵᠢᠯ᠎ᠤᠨ ᠪᠠᠶ᠋ᠢᠷᠢ᠎ᠪᠠᠨ ᠬᠠᠶ᠋ᠢᠷᠠᠯᠠᠨ ᠦᠢ᠍ᠯᠡᠰ ᠵᠶ᠋ᠠᠨ ᠳᠡᠭᠡᠳᠦᠯᠡᠵᠦ᠂ ᠭᠠᠪᠰᠢᠭ᠋ᠠᠶ᠋ᠢᠯᠠᠵᠤ ᠭᠠᠷᠮᠠᠭ᠋ᠠᠶ᠋ᠢᠯᠠᠬᠤ ᠵᠢ ᠬᠥᠭᠡᠭᠡᠴᠡᠯᠳᠦᠨ᠂ ᠤᠷ᠎ᠠ ᠮᠡᠷᠭᠡᠰᠢᠯ ᠵᠶ᠋ᠠᠷ ᠵᠶ᠋ᠠᠨ ᠴᠢᠳᠠᠪᠤᠷᠢᠵᠢᠵᠤ᠂ ᠤᠷ᠎ᠠ ᠮᠡᠷᠭᠡᠰᠢᠯ ᠵᠶ᠋ᠠᠷ ᠵᠶ᠋ᠠᠨ ᠤᠯᠤᠰ᠎ᠲᠤ᠎ᠪᠠᠨ ᠵᠢᠳᠬᠦᠯ ᠭᠠᠷᠭ᠋ᠠᠬᠤ ᠵᠠᠮ ᠵᠶ᠋ᠠᠷ ᠵᠠᠮᠨᠠᠭᠤᠯᠬᠤ᠎ᠪᠠᠷ ᠤᠷᠢᠶᠠᠯᠠᠵᠤ ᠪᠠᠶ᠋ᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ᠎ᠨᠢ ᠤᠷ᠎ᠠ ᠮᠡᠷᠭᠡᠰᠢᠯᠳᠦ ᠴᠢᠳᠠᠪᠤᠷᠢᠲᠠᠨ᠎ᠢ ᠬᠥᠮᠥᠵᠢᠭᠦᠯᠬᠦ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ ᠲᠣᠭᠲᠠᠴᠠ᠎ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠡᠩ ᠤᠯᠠᠨ ᠥᠨᠳᠥᠷ ᠬᠡᠪ ᠪᠣᠯᠪᠠᠰᠤᠷᠠᠯ᠎ᠲᠠᠢ ᠮᠡᠷᠭᠡᠵᠢᠯ᠎ᠤᠨ ᠤᠷ᠎ᠠ ᠮᠡᠷᠭᠡᠰᠢᠯᠳᠦ ᠴᠢᠳᠠᠪᠤᠷᠢᠲᠠᠨ᠂ ᠬᠠᠰᠢᠷ ᠭᠠᠷ ᠤᠷᠠᠨ ᠳᠠᠷᠬᠠᠳ ᠪᠠ ᠲᠣᠮᠣ ᠤᠯᠤᠰ᠎ᠤᠨ ᠤᠷᠠᠨ ᠳᠠᠷᠬᠠᠳᠢ ᠬᠥᠮᠥᠵᠢᠭᠦᠯᠵᠦ᠂ ᠥᠪᠥᠷ ᠮᠣᠩᠭᠤᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ᠎ᠳᠤ ᠤᠷ᠎ᠠ ᠮᠡᠷᠭᠡᠰᠢᠯᠳᠦ ᠴᠢᠳᠠᠪᠤᠷᠢᠲᠠᠨ᠎ᠤ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ!
ᠳᠠᠭ᠋ᠠᠯᠳᠤᠭᠤᠯᠤᠯ᠄ ᠠᠩᠬᠠᠳᠤᠭ᠋ᠠᠷ ᠬᠤᠭᠤᠴᠠᠭ᠋ᠠᠨ᠎ᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠷ᠎ᠠ ᠮᠡᠷᠭᠡᠰᠢᠯ᠎ᠤᠨ ᠱᠠᠩᠨᠠᠯ》 ᠬᠦᠷᠲᠡᠭᠰᠡᠳ᠎ᠤᠨ ᠨᠡᠷᠡᠰ
2024 ᠣᠨ᠎ᠤ 1 ᠳ᠋ᠦ᠍ᠭᠡᠷ ᠰᠠᠷ᠎ᠠ ᠵᠢᠨ 14᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
ᠳᠠᠭ᠋ᠠᠯᠳᠤᠭᠤᠯᠤᠯ
ᠠᠩᠬᠠᠳᠤᠭ᠋ᠠᠷ ᠬᠤᠭᠤᠴᠠᠭ᠋ᠠᠨ᠎ᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠷ᠎ᠠ ᠮᠡᠷᠭᠡᠰᠢᠯ᠎ᠤᠨ ᠱᠠᠩᠨᠠᠯ》 ᠬᠦᠷᠲᠡᠭᠰᠡᠳ᠎ᠤᠨ ᠨᠡᠷᠡᠰ
ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ